ᠯᠢ ᠪᠥᠸᠧ ᠹᠧᠩ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/8/18
              8 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠰᠢᠯᠤᠭᠤᠨ ᠬᠥᠬᠡ ᠬᠤᠰᠢᠭᠤᠨ ᠤ ᠮᠣᠩᠭᠤᠯ ᠳᠤᠮᠳᠠᠳᠤ ᠰᠤᠷᠭᠠᠭᠤᠯᠢ᠂ ᠮᠣᠩᠭᠤᠯ ᠪᠠᠭ᠎ᠠ ᠰᠤᠷᠭᠠᠭᠤᠯᠢ᠂ ᠮᠣᠩᠭᠤᠯ ᠬᠡᠦᠬᠡᠳ ᠤᠨ ᠴᠡᠴᠡᠷᠯᠢᠭ᠂ ᠥᠭᠡᠯᠦᠨ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠂ ᠬᠢᠵᠢᠭ ᠢ ᠰᠡᠷᠭᠡᠶᠢᠯᠡᠨ ᠬᠤᠷᠢᠭᠯᠠᠬᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠭᠤᠤᠯᠳᠠᠯᠭ᠎ᠠ ᠲᠠᠢ ᠠᠵᠢᠯ ᠤᠨ ᠲᠤᠬᠠᠶ ᠪᠠᠶᠢᠴᠠᠭᠠᠨ ᠵᠢᠯᠣᠭᠤᠳᠪᠠ᠃               ᠯᠢ ᠪᠥᠸᠧ ᠹᠧᠩ ᠡᠯ᠎ᠡ ᠰᠤᠷᠭᠠᠭᠤᠯᠢ ᠶᠢᠨ ᠬᠦᠷᠢᠶᠡᠨ ᠤ ᠵᠢᠭᠠᠨ ᠰᠤᠷᠭᠠᠯᠲᠠ ᠶᠢᠨ ᠠᠰᠠᠷ᠂ ᠬᠤᠭᠤᠯᠠᠨ ᠭᠡᠷ᠂ ᠪᠠᠶᠢᠷᠢ ᠶᠢᠨ ᠭᠡᠷ᠂ ᠲᠠᠮᠢᠷ ᠤᠨ ᠲᠠᠯᠠᠪᠠᠢ ᠪᠠᠷ ᠲᠣᠭᠤᠷᠢᠨ᠂ ᠰᠤᠷᠭᠠᠭᠤᠯᠢ ᠡᠬᠢᠯᠡᠬᠦ ᠪᠡᠯᠡᠳᠬᠡᠯ ᠠᠵᠢᠯ ᠢ ᠪᠠᠶᠢᠴᠠᠭᠠᠨ ᠦᠵᠡᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠠᠲᠤᠯᠠᠭ᠎ᠠ ᠵᠡᠷᠭᠡ ᠠᠵᠢᠯ ᠢ ᠨᠠᠷᠢᠨ ᠣᠶᠢᠯᠠᠭᠠᠪᠠ᠃               ᠯᠢ ᠪᠥᠸᠧ ᠹᠧᠩ ᠵᠢᠭᠠᠬᠤ ᠳᠠᠭᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠲᠥᠭᠡᠮᠡᠯᠵᠢᠭᠦᠯᠬᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠣᠯ ᠨᠠᠮ ᠤᠨ ᠲᠥᠪ ᠬᠤᠷᠢᠶᠠᠨ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠂ ᠦᠨᠳᠦᠰᠦᠲᠡᠨ ᠤ ᠭᠠᠵᠠᠷ ᠣᠷᠣᠨ ᠤ ᠡᠯ᠎ᠡ ᠦᠨᠳᠦᠰᠦᠲᠡᠨ ᠤ ᠤᠯᠠᠨ ᠲᠦᠮᠡᠨ ᠳᠤ ᠨᠡᠩ ᠡᠷᠬᠡ ᠲᠡᠭᠰᠢ᠂ ᠨᠡᠩ ᠰᠠᠶᠢᠨ ᠰᠤᠷᠭᠠᠨ ᠬᠥᠮᠦᠵᠢᠯ ᠬᠦᠷᠲᠡᠭᠡᠬᠦ ᠳᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠲᠠᠢ ᠶᠤᠮ᠃ ᠡᠯ᠎ᠡ ᠰᠤᠷᠭᠠᠭᠤᠯᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠡᠯ᠎ᠡ ᠵᠦᠶᠯ ᠤᠨ ᠡᠭᠦᠷᠭᠡ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠪᠠᠭᠰᠢ ᠶᠢᠨ ᠵᠢᠭᠠᠨ ᠰᠤᠷᠭᠠᠯᠲᠠ ᠰᠠᠶᠢᠨ᠂ ᠰᠤᠷᠤᠭᠴᠢᠳ ᠤᠨ ᠰᠤᠷᠤᠯᠭ᠎ᠠ ᠰᠠᠶᠢᠨ᠂ ᠬᠡᠷ ᠤᠨ ᠠᠬᠠᠮᠠᠳ ᠬᠠᠨᠤᠮᠵᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠡᠯ᠎ᠡ ᠵᠦᠶᠯ ᠤᠨ ᠪᠡᠯᠡᠳᠬᠡᠯ ᠠᠵᠢᠯ ᠢ ᠨᠠᠷᠢᠯᠢᠭ ᠬᠢᠵᠦ᠂ ᠲᠤᠭ᠎ᠠ ᠲᠣᠳᠣᠷᠬᠠᠶ᠂ ᠪᠠᠶᠢᠳᠠᠯ ᠲᠣᠳᠣᠷᠬᠠᠶ ᠪᠠᠶᠢᠬᠤ ᠬᠡᠷᠡᠭᠲᠡᠶ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠴᠠᠭ ᠤᠨ ᠭᠤᠭᠴᠤᠭ᠎ᠠ ᠶᠢ ᠴᠢᠩᠭ᠎ᠠ ᠡᠵᠡᠮᠳᠡᠵᠦ᠂ ᠡᠯ᠎ᠡ ᠰᠤᠷᠤᠯᠭ᠎ᠠ ᠶᠢᠨ ᠱᠠᠲᠤᠨ ᠤ ᠵᠢᠭᠠᠨ ᠰᠤᠷᠭᠠᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠰᠤᠷᠭᠠᠭᠤᠯᠢ ᠡᠬᠢᠯᠡᠬᠦ ᠭᠠᠷᠳᠠᠮ ᠭᠦᠢᠴᠡᠳᠭᠡᠯ ᠢ ᠴᠣᠮᠬᠠᠳᠬᠠᠨ᠂ ᠨᠠᠮᠤᠷ ᠤᠨ ᠤᠯᠠᠷᠢᠯ  ᠤᠨ ᠰᠤᠷᠤᠯᠭ᠎ᠠ ᠶᠢᠨ ᠬᠤᠭᠤᠴᠠᠭ᠎ᠠ ᠲᠣᠭᠲᠠᠭᠰᠠᠨ ᠡᠳᠦᠷ ᠲᠡᠭᠡᠨ ᠤᠷᠤᠭᠰᠢᠲᠠᠶ ᠡᠬᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠰᠡᠨ ᠪᠠᠶᠢᠨ᠎ᠠ᠃               ᠯᠢ ᠪᠥᠸᠧ ᠹᠧᠩ ᠪᠠᠰᠠ ᠴᠢᠬᠤᠯᠠᠴᠢᠯᠠᠬᠤ ᠳᠠᠭᠠᠨ᠂ ᠡᠯ᠎ᠡ ᠰᠤᠷᠭᠠᠭᠤᠯᠢ ᠶᠢᠨ ᠬᠢᠨ ᠬᠢᠵᠢᠭ ᠢ ᠰᠡᠷᠭᠡᠶᠢᠯᠡᠨ ᠬᠤᠷᠢᠭᠯᠠᠬᠤ ᠤᠬᠠᠮᠰᠠᠷ ᠢᠶᠠᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠬᠢᠵᠢᠭ ᠢ ᠰᠡᠷᠭᠡᠶᠢᠯᠡᠨ ᠬᠤᠷᠢᠭᠯᠠᠬᠤ ᠡᠯ᠎ᠡ ᠵᠦᠶᠯ ᠤᠨ ᠱᠠᠭᠠᠷᠳᠠᠯᠭ᠎ᠠ ᠪᠣᠯᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠳᠤ ᠪᠠᠨ ᠪᠤᠴᠠᠭᠰᠠᠨ ᠪᠠᠭᠰᠢ ᠰᠤᠷᠤᠭᠴᠢᠳ ᠤᠨ ᠪᠠᠶᠢᠳᠠᠯ ᠢ ᠦᠢᠯᠠᠭᠠᠨ ᠴᠢᠩᠭ᠎ᠠ ᠬᠠᠮᠢᠶᠠᠷᠴᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠶ᠃ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠤᠳ ᠨᠢ ᠬᠢᠨᠠᠯᠲᠠ ᠪᠠᠶᠢᠴᠠᠭᠠᠯᠲᠠ ᠪᠠᠨ ᠴᠢᠩᠭᠠᠷᠠᠭᠤᠯᠵᠤ᠂ ᠰᠤᠷᠭᠠᠭᠤᠯᠢ  ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠬᠢᠵᠢᠭ ᠤᠨ ᠰᠡᠷᠭᠡᠶᠢᠯᠡᠯᠲᠡ ᠵᠡᠷᠭᠡ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ  ᠤ ᠰᠠᠶᠢᠨ ᠰᠠᠶᠢᠬᠠᠨ᠂ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃                ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠢᠦᠢ ᠯᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃  ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号