ᠰᠢ ᠶᠢᠨ ᠫᠢᠩ ᠳᠤᠮᠳᠠᠳᠤ ᠤᠯᠤᠰ — ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ᠂ 2021 ᠳᠤᠮᠳᠠᠳᠤ ᠤᠯᠤᠰ ᠤᠨ  ᠤᠯᠠᠨ ᠤᠯᠤᠰ ᠤᠨ ᠤᠶᠤᠨᠲᠤ ᠠᠵᠤ ᠦᠢᠯᠡᠰ ᠤᠨ ᠦᠵᠡᠰᠬᠦᠯᠡᠩ ᠤᠨ ᠴᠤᠬᠯᠠᠭᠠᠨ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2021/8/26
     8 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ — ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ᠂ 2021 ᠳᠤᠮᠳᠠᠳᠤ ᠤᠯᠤᠰ ᠤᠨ ᠤᠯᠠᠨ ᠤᠯᠤᠰ ᠤᠨ ᠤᠶᠤᠨᠲᠤ ᠠᠵᠤ ᠦᠢᠯᠡᠰ ᠤᠨ ᠦᠵᠡᠰᠬᠦᠯᠡᠩ ᠤᠨ ᠴᠤᠬᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠳᠡᠯᠡᠬᠡᠶ ᠨᠡᠶᠢᠬᠡᠮ ᠶᠠᠭ ᠲᠣᠭᠠᠴᠢᠯᠠᠭᠰᠠᠨ ᠠᠵᠤ ᠠᠬᠤᠶ ᠶᠢᠨ ᠲᠦᠷᠭᠡᠨ ᠬᠥᠭᠵᠢᠯᠲᠡ ᠶᠢᠨ ᠴᠠᠭ ᠦᠶ᠎ᠡ ᠳᠤ ᠣᠷᠣᠵᠤ ᠪᠠᠶᠢᠨ᠎ᠠ᠂ 5G᠂ ᠵᠣᠬᠢᠶᠠᠮᠠᠯ ᠣᠶᠤᠨ᠂ ᠤᠶᠤᠨᠲᠤ ᠬᠤᠲᠠ ᠵᠡᠷᠭᠡ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠲᠠᠪᠴᠠᠩ ᠥᠷᠨᠢᠨ ᠬᠥᠭᠵᠢᠵᠦ᠂ ᠪᠥᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠭᠦᠨᠵᠡᠭᠡᠶ ᠨᠥᠯᠥᠭᠡᠯᠡᠵᠦ ᠪᠠᠶᠢᠨ᠎ᠠ᠃ ᠤᠢᠢᠷ᠎ᠠ ᠶᠢᠨ ᠵᠢᠯ ᠠᠴᠠ᠂ ᠳᠤᠮᠳᠠᠳᠤ ᠤᠯᠤᠰ ᠲᠣᠭᠠᠴᠢᠯᠠᠯᠲᠠ ᠶᠢ ᠠᠵᠤ ᠦᠢᠯᠡᠰᠵᠢᠬᠦᠯᠬᠦ᠂ ᠠᠵᠤ ᠦᠢᠯᠡᠰ ᠢ ᠲᠣᠭᠠᠴᠢᠯᠠᠬᠤ ᠶᠢ ᠢᠳᠡᠪᠬᠢᠲᠡᠢ ᠠᠬᠢᠭᠤᠯᠵᠤ᠂ ᠲᠣᠭᠠᠴᠢᠯᠠᠭᠰᠠᠨ ᠮᠡᠷᠭᠡᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠪᠠ ᠬᠡᠵᠦ ᠵᠢᠭᠠᠵᠤ ᠭᠠᠷᠭᠠᠪᠠ᠃      ᠰᠢ ᠶᠢᠨ ᠫᠢᠩ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ 20 ᠵᠢᠯ ᠤᠨ ᠤᠢ ᠬᠦᠷᠴᠦ ᠢᠷᠡᠬᠦ ᠲᠠᠰᠢᠷᠠᠮ ᠳᠤ᠂ ᠳᠤᠮᠳᠠᠳᠤ ᠤᠯᠤᠰ ᠳᠤᠷᠠᠲᠠᠶ᠎ᠠ ᠡᠯ᠎ᠡ ᠭᠡᠰᠢᠭᠦᠨ ᠤᠯᠤᠰ ᠲᠠᠢ ᠬᠠᠮᠲᠤ ︽ᠱᠠᠩᠬᠠᠢ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠲᠣᠭᠠᠴᠢᠯᠠᠭᠰᠠᠨ ᠠᠵᠤ ᠠᠬᠤᠢ ᠶᠢᠨ ᠤᠯᠠᠨ ᠤᠯᠤᠰ ᠤᠨ ᠬᠠᠮᠲᠤᠷᠠᠯᠴᠠᠭ᠎ᠠ ᠳᠤ ᠭᠦᠨᠵᠡᠭᠡᠢ ᠣᠷᠣᠯᠴᠠᠵᠤ᠂ ᠲᠣᠭᠠᠴᠢᠯᠠᠯᠳᠠ᠂ ᠰᠦᠯᠵᠢᠶᠡᠵᠢᠯᠲᠡ᠂ ᠤᠶᠤᠨᠴᠢᠯᠠᠯᠳᠠ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠵᠦ᠂ ᠲᠣᠭᠠᠴᠢᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠡᠭᠦᠳᠦᠨ᠎ᠡ ᠭᠡᠵᠦ ᠴᠢᠬᠤᠯᠠᠴᠢᠯᠠᠪᠠ᠃      ᠳᠤᠮᠳᠠᠳᠤ ᠤᠯᠤᠰ — ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ᠂ 2021 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠤᠶᠤᠨᠲᠤ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠠᠳᠠᠯᠢ ᠬᠤᠭᠤᠴᠠᠭᠠᠨ ᠳᠤ ᠶᠠᠪᠤᠭᠳᠠᠵᠤ᠂ ᠲᠤᠰ ᠡᠳᠦᠷ ᠴᠦᠩᠴᠢᠩ ᠬᠤᠳᠠ ᠳᠤ ᠡᠬᠢᠯᠡᠪᠡ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号