| ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 8 ᠳ᠋ᠤᠭᠠᠷ ᠰᠠᠷ᠎ᠠ ᠶᠢᠨ 23 ᠤ | ᠡᠳᠦᠷ ᠢᠰᠮᠠᠶᠢᠯ · ᠰᠠᠪᠷᠢ ᠳᠤ ᠴᠠᠬᠢᠯᠭᠠᠨ ᠮᠡᠳᠡᠭᠡ ᠢᠯᠡᠭᠡᠵᠦ᠂ ᠮᠠᠯᠠᠶᠢᠰᠢᠶ᠎ᠠ ᠶᠢᠨ ᠶᠡᠷᠦᠩᠬᠡᠶ ᠰᠠᠶᠢᠳ | ᠪᠣᠯᠤᠭᠰᠠᠨ ᠳᠤ ᠪᠠᠶᠠᠷ ᠬᠦᠷᠭᠡᠪᠡ᠃ | ᠯᠢ ᠺᠧ ᠴᠢᠶᠠᠩ ᠪᠠᠶᠠᠷ ᠤᠨ ᠴᠠᠬᠢᠯᠭᠠᠨ ᠮᠡᠳᠡᠭᠡ ᠳᠤ ᠪᠠᠨ᠂ ᠳᠤᠮᠳᠠᠳᠤ ᠤᠯᠤᠰ ᠪᠣᠯᠤᠨ ᠮᠠᠯᠠᠶᠢᠰᠢᠶ᠎ᠠ ᠪᠣᠯ | ᠲᠠᠯᠠᠢ ᠠᠯᠤᠰᠯᠠᠨ ᠬᠠᠷᠢᠯᠴᠠᠨ ᠨᠢᠭᠤᠷᠯᠠᠵᠤ ᠪᠠᠶᠢᠭ᠎ᠠ ᠤᠯᠠᠮᠵᠢᠯᠠᠯᠲᠤ ᠨᠥᠬᠦᠷᠰᠡᠭ ᠬᠥᠷᠰᠢ ᠤᠯᠤᠰ ᠪᠣᠯᠤᠨ᠎ᠠ᠂ ᠬᠤᠶᠠᠷ | ᠲᠠᠯ᠎ᠠ ᠶᠢᠨ ᠬᠠᠷᠢᠴᠠᠭ᠎ᠠ ᠤᠷᠳᠤ ᠬᠤᠭᠤᠴᠠᠭ᠎ᠠ ᠪᠠᠷ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠵᠤ᠂ | ᠡᠯ᠎ᠡ ᠬᠦᠷᠢᠶᠡᠨ ᠤ ᠬᠠᠮᠲᠤᠷᠠᠯᠴᠠᠭ᠎ᠠ ᠨᠢᠭᠲᠠ ᠭᠦᠨᠵᠡᠭᠡᠶᠢᠷᠡᠵᠦ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ | ᠪᠣᠳᠠᠲᠠᠢ ᠠᠰᠢᠭ ᠬᠦᠷᠲᠡᠭᠡᠵᠦ᠂ ᠭᠠᠵᠠᠷ ᠣᠷᠣᠨ ᠤ ᠠᠮᠤᠷ ᠲᠣᠭᠲᠠᠭᠤᠨ ᠪᠠ ᠬᠥᠭᠵᠢᠯᠲᠡ ᠳᠤ ᠢᠳᠡᠪᠬᠢᠲᠡᠢ ᠬᠤᠪᠢ | ᠨᠡᠮᠡᠷᠢ ᠦᠵᠡᠭᠦᠯᠪᠡ᠃ ᠪᠢ ᠶᠡᠷᠦᠩᠬᠡᠢ ᠰᠠᠶᠢᠳ ᠢᠰᠮᠠᠶᠢᠯ · ᠰᠠᠪᠷᠢ ᠲᠠᠢ ᠬᠠᠮᠲᠤ ᠪᠠᠷ ᠴᠢᠷᠮᠠᠶᠢᠵᠤ ᠪᠠᠶᠢᠭᠠᠳ | ᠬᠤᠶᠠᠷ ᠤᠯᠤᠰ ᠤᠨ ᠬᠢᠵᠢᠭ ᠢ ᠡᠰᠡᠷᠭᠦᠴᠡᠬᠦ ᠪᠠ ᠬᠥᠭᠵᠢᠯᠲᠡ ᠶᠢ ᠠᠬᠢᠭᠤᠯᠬᠤ ᠬᠠᠮᠲᠤᠷᠠᠯᠴᠠᠭ᠎ᠠ ᠪᠠᠨ ᠴᠢᠨᠠᠭᠰᠢᠳᠠ | ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠨᠡᠩ | ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠵᠤ᠂ ᠳᠤᠮᠳᠠᠳᠤ ᠮᠠᠯᠠᠶᠢᠰᠢᠶ᠎ᠠ ᠶᠢᠨ ᠪᠦᠬᠦ ᠲᠠᠯ᠎ᠠ ᠶᠢᠨ ᠪᠠᠶᠢᠯᠳᠤᠬᠤ | ᠪᠤᠳᠤᠯᠭ᠎ᠠ ᠶᠢᠨ ᠬᠠᠨᠢᠲᠠᠨ ᠤ ᠬᠠᠷᠢᠴᠠᠭ᠎ᠠ ᠶᠢᠨ ᠲᠠᠰᠤᠷᠠᠯᠳᠡ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ | ᠬᠦᠰᠡᠵᠦ ᠪᠠᠶᠢᠨ᠎ᠠ ᠭᠡᠵᠡᠢ᠃ |