| | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠤᠯᠬᠤ ᠬᠥᠮᠦᠨ ᠤ ᠲᠤᠭ᠎ᠠ | ᠲᠠᠰᠤᠷᠠᠯᠲᠠ ᠥᠬᠡᠶ ᠨᠡᠮᠡᠭᠳᠡᠬᠦ ᠶᠢ ᠳᠠᠭᠠᠯᠳᠤᠨ ᠤᠯᠠᠨ ᠨᠡᠶᠢᠲᠡ ᠳᠤ ᠪᠠᠰᠠ ᠡᠳᠦᠢ ᠲᠡᠳᠦᠢ ᠰᠢᠨ᠎ᠡ ᠠᠰᠠᠭᠤᠳᠠᠯ | ᠲᠤᠯᠭᠠᠷᠠᠭᠰᠠᠨ ᠪᠠᠶᠢᠨ᠎ᠠ᠃ | ︽ᠡᠶᠢᠮᠦᠷᠬᠦᠦ ᠪᠠᠶᠢᠳᠠᠯ ᠳᠣᠣᠷ᠎ᠠ ᠲᠠᠷᠢᠭᠤᠯᠵᠤ ᠪᠣᠯᠳᠠᠭ ᠪᠣᠯ ᠤᠤ︖︾ | ᠵᠠᠷᠢᠮ ᠵᠦᠢᠯ ᠢ ᠲᠠᠷᠢᠯᠭ᠎ᠠ ᠲᠠᠷᠢᠭᠴᠢ ᠪᠠᠰᠠ ᠲᠣᠭᠲᠠᠭᠠᠬᠤ ᠳᠤ ᠬᠦᠴᠢᠷᠳᠡᠢ ᠪᠠᠶᠢᠳᠠᠭ᠃ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠤᠯᠠᠮ ᠰᠠᠶᠢᠲᠤᠷ | ᠨᠠᠶᠢᠳᠠᠪᠤᠷᠢᠵᠢᠭᠤᠯᠵᠤ᠂ ᠣᠯᠠᠨ ᠨᠡᠶᠢᠲᠡ ᠪᠠ ᠲᠠᠷᠢᠯᠭ᠎ᠠ ᠲᠠᠷᠢᠭᠴᠢ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠶᠢᠨ ᠴᠡᠭᠡᠷ ᠵᠢᠴᠢ ᠠᠩᠬᠠᠷᠬᠤ ᠵᠦᠢᠯ ᠢ ᠰᠢᠨᠵᠢᠯᠡᠬᠦ ᠤᠬᠠᠭᠠᠨᠴᠢ ᠪᠠᠷ ᠢᠯᠭᠠᠨ ᠲᠠᠨᠢᠬᠤ ᠪᠠ ᠠᠷᠭᠠᠴᠠᠬᠤ | ᠠᠷᠭ᠎ᠠ ᠶᠢ ᠬᠠᠩᠭᠠᠬᠤ ᠶᠢᠨ ᠳᠣᠯᠠᠳᠠ᠂ ᠬᠠᠷᠠᠮᠥ᠋ᠷᠡᠨ ᠮᠤᠵᠢ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ ᠠᠴᠠ | ︽ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠴᠡᠭᠡᠷ ᠪᠣᠯᠤᠨ ᠠᠩᠬᠠᠷᠬᠤ ᠵᠦᠢᠯ ᠤᠨ | ᠵᠢᠯᠣᠭᠤᠳᠤᠮᠵᠢ ︵ᠬᠤᠶᠠᠳᠤᠭᠠᠷ ᠬᠡᠪᠯᠡᠯ︶︾ ᠶᠢ ᠳᠣᠭᠳᠠᠭᠠᠵᠤ᠂ ᠲᠠᠷᠢᠯᠭ᠎ᠠ ᠲᠠᠷᠢᠵᠤ ᠪᠣᠯᠬᠤ 31 ᠵᠦᠢᠯ ᠤᠨ | ᠪᠠᠶᠢᠳᠠᠯ᠂ ᠲᠠᠷᠢᠯᠭ᠎ᠠ ᠶᠢ ᠲᠦᠷ ᠬᠤᠶᠢᠰᠢᠯᠠᠭᠤᠯᠬᠤ 6 ᠵᠦᠢᠯ ᠤᠨ ᠪᠠᠶᠢᠳᠠᠯ᠂ ᠲᠠᠷᠢᠵᠤ ᠦᠯᠦ ᠪᠣᠯᠬᠤ 6 ᠵᠦᠢᠯ ᠤᠨ | ᠪᠠᠶᠢᠳᠠᠯ ᠵᠢᠴᠢ ᠪᠤᠰᠤᠳ 15 ᠵᠦᠢᠯ ᠤᠨ ᠪᠠᠶᠢᠳᠠᠯ ᠢ ᠳᠣᠳᠣᠷᠬᠠᠶᠢᠯᠠᠵᠤ᠂ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠤ ᠲᠠᠷᠢᠯᠭ᠎ᠠ ᠲᠠᠯᠪᠢᠬᠤ ᠳᠤ ᠪᠠᠶᠢᠩᠭᠤ ᠲᠣᠬᠢᠶᠠᠯᠳᠤᠳᠠᠭ ᠠᠰᠠᠭᠤᠳᠠᠯ ᠳᠤ ᠨᠠᠷᠢᠨ ᠲᠣᠳᠣᠷᠬᠠᠶ ᠰᠠᠨᠠᠭᠤᠯᠭ᠎ᠠ | ᠳᠤᠷᠠᠳᠪᠠ᠃ | ᠲᠠᠷᠢᠯᠭ᠎ᠠ ᠲᠠᠷᠢᠵᠤ ᠪᠣᠯᠬᠤ ᠨᠢ᠄ | 1. ᠲᠣᠭᠤᠰᠣ᠂ ᠢᠳᠡᠭᠡᠨ ᠤ ᠵᠦᠢᠯ ︵ᠥᠨᠳᠡᠭᠡ᠂ ᠯᠤᠬᠠᠱᠧᠩ᠂ ᠳᠠᠯᠠᠢ ᠶᠢᠨ ᠢᠳᠡᠭᠡᠨ᠂ ᠠᠪᠠᠷᠠᠢ︶᠂ ᠴᠡᠴᠡᠭ ᠤᠨ | ᠲᠤᠭᠤᠰᠤ᠂ ᠰᠫᠢᠷᠲ᠂ ᠬᠦᠬᠡ ᠬᠦᠬᠡᠴᠦ ᠪᠤᠶᠤ ᠡᠮ ᠤᠨ ᠵᠦᠢᠯ ᠠᠴᠠ ᠬᠠᠷᠰᠢᠳᠠᠭ ᠬᠦᠮᠦᠰ ᠲᠠᠷᠢᠯᠭ᠎ᠠ ᠲᠠᠷᠢᠵᠤ | ᠪᠤᠯᠤᠨ᠎ᠠ᠃ | 2. ᠵᠢᠷᠦᠬᠡᠨ ᠡᠪᠡᠳᠴᠢᠨ᠂ ᠵᠢᠷᠦᠬᠡᠨ ᠲᠢᠲᠢᠮ ᠤᠨ ᠡᠪᠡᠳᠴᠢᠨ᠂ ᠲᠢᠲᠢᠮᠯᠢᠭ ᠯᠤᠭᠰᠢᠭᠤᠨ ᠰᠤᠳᠠᠯ ᠤᠨ ᠬᠠᠲᠠᠭᠤᠷᠠᠯ | ᠵᠡᠷᠭᠡ ᠡᠪᠡᠳᠴᠢᠨ ᠡᠮᠭᠡᠭ ᠲᠠᠢ ᠴᠦ ᠲᠦᠷᠭᠡᠨ ᠴᠢᠨᠠᠷᠲᠠᠶ ᠡᠪᠡᠳᠴᠢᠨ ᠬᠥᠳᠡᠯᠬᠦ ᠬᠤᠭᠤᠴᠠᠭ᠎ᠠ ᠪᠢᠰᠢ ᠪᠣᠯ ᠲᠠᠷᠢᠯᠭ᠎ᠠ | ᠲᠠᠷᠢᠵᠤ ᠪᠣᠯᠤᠨ᠎ᠠ᠃ | 3. ᠡᠷᠡᠭᠦᠯ ᠮᠡᠨᠳᠦ ᠪᠠ ᠡᠪᠡᠳᠴᠢᠨ ᠤ ᠪᠠᠶᠢᠳᠠᠯ ᠨᠢ ᠨᠡᠯᠢᠶᠡᠳ ᠳᠣᠭᠳᠠᠭᠤᠨ ᠪᠠᠶᠢᠭ᠎ᠠ ᠤᠳᠠᠭᠠᠨ ᠴᠢᠨᠠᠷᠲᠠᠶ | ᠡᠪᠡᠳᠴᠢᠨ ᠲᠠᠢ ᠬᠦᠮᠦᠰ ᠢ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠵᠤ ᠦᠯᠦ ᠪᠣᠯᠬᠤ | ᠬᠥᠮᠦᠰ ᠤᠨ ᠬᠡᠪᠴᠢᠶᠡᠨ ᠳᠤ ᠪᠠᠭᠳᠠᠭᠠᠬᠤ ᠥᠬᠡᠶ᠂ ᠡᠶᠢᠮᠦ ᠠᠴᠠ ᠲᠠᠷᠢᠯᠭ᠎ᠠ ᠲᠠᠷᠢᠬᠤ ᠶᠢ ᠰᠠᠨᠠᠭᠤᠯᠤᠶ᠎ᠠ᠃ | 4. ᠴᠢᠰᠤᠨ ᠳᠠᠷᠤᠯᠲᠠ ᠦᠨᠳᠦᠷ ᠪᠠᠶᠢᠳᠠᠯ ᠢᠶᠠᠨ ᠡᠮ ᠢᠶᠠᠷ ᠲᠣᠭᠳᠠᠪᠣᠷᠢᠵᠢᠭᠤᠯᠤᠭᠰᠠᠨ ᠪᠦᠭᠡᠳ ᠴᠢᠰᠤᠨ ᠳᠠᠷᠤᠯᠲᠠ | ᠨᠢ 160 / 100 mmHg ᠠᠴᠠ ᠳᠣᠣᠷ᠎ᠠ ᠪᠠᠶᠢᠪᠠᠯ ᠲᠠᠷᠢᠯᠭ᠎ᠠ ᠲᠠᠷᠢᠵᠤ ᠪᠣᠯᠤᠨ᠎ᠠ᠃ | 5. ᠰᠢᠬᠢᠷ ᠰᠢᠵᠢᠩ ᠡᠪᠡᠳᠴᠢᠨ ᠢᠶᠠᠨ ᠡᠮ ᠢᠶᠠᠷ ᠲᠣᠭᠳᠠᠪᠣᠷᠢᠵᠢᠭᠤᠯᠵᠣ ᠥᠯᠥᠨ ᠦᠶ᠎ᠡ ᠶᠢᠨ ᠴᠢᠰᠤᠨ ᠰᠢᠬᠢᠷ 13 . | 9 mmol / L ᠠᠴᠠ ᠪᠠᠭ᠎ᠠ ᠪᠣᠶᠣ ᠲᠡᠩᠴᠡᠭᠦᠦ ᠪᠠᠶᠢᠭ᠎ᠠ ᠮᠦᠷᠳᠡᠭᠡᠨ ᠲᠦᠷᠭᠡᠨ ᠴᠢᠨᠠᠷᠲᠠᠢ ᠡᠪᠡᠳᠴᠢᠨ | ᠳᠠᠪᠬᠤᠴᠠᠭᠰᠠᠨ ᠦᠭᠡᠢ ᠪᠠᠶᠢᠳᠠᠯ ᠳᠣᠣᠷ᠎ᠠ ︵ᠺᠧᠲ᠋ᠤᠨᠲᠤ ᠬᠦᠴᠢᠯ ᠤᠨ ᠬᠤᠣᠷᠳᠠᠭᠳᠠᠯ᠂ ᠥᠨᠳᠥᠷ ᠨᠡᠪᠴᠢᠯᠲᠡ ᠶᠢᠨ | ᠪᠠᠶᠢᠳᠠᠯ᠂ ᠰᠦᠨ ᠬᠦᠴᠢᠯ ᠤᠨ ᠬᠤᠣᠷᠳᠠᠭᠳᠠᠯ︶ ᠲᠠᠷᠢᠯᠭ᠎ᠠ ᠲᠠᠷᠢᠵᠤ ᠪᠣᠯᠤᠨ᠎ᠠ᠃ | 6. ᠪᠠᠭᠤᠷᠠᠢ ᠪᠠᠭ᠋ᠠᠤᠤ ᠶᠢᠨ ᠡᠪᠡᠳᠴᠢᠳᠠᠨ ᠨᠢ ᠡᠮ ᠬᠡᠷᠡᠭᠯᠡᠭᠰᠡᠨ ᠤ ᠳᠠᠷᠠᠭ᠎ᠠ ᠪᠠᠮᠪᠠᠢ ᠪᠤᠯᠴᠢᠷᠬᠠᠢ ᠶᠢᠨ ᠠᠵᠢᠯᠯᠠᠭ᠎ᠠ | ᠨᠢ ᠬᠡᠪ ᠤᠨ ᠪᠠᠶᠢᠪᠠᠯ ᠲᠠᠷᠢᠯᠭ᠎ᠠ ᠲᠠᠷᠢᠵᠤ ᠪᠤᠯᠤᠨ᠎ᠠ᠃ | 7. ᠤᠳᠠᠭᠠᠨ ᠴᠢᠨᠠᠷᠲᠠᠶ ᠲᠤᠯᠪᠤᠨ ᠢᠯᠳᠦ ᠶᠢᠨ ᠡᠪᠡᠳᠴᠢᠨ ᠤ ᠪᠠᠶᠢᠳᠠᠯ ᠳᠣᠭᠳᠠᠭᠤᠨ ᠪᠠᠶᠢᠭ᠎ᠠ ᠮᠥᠷᠲᠡᠭᠡᠨ | ᠡᠮᠴᠢᠯᠡᠭᠡᠨ ᠤ ᠪᠤᠰᠤ ᠱᠠᠲᠤᠨ ᠳᠤ ᠪᠠᠶᠢᠪᠠᠯ ᠲᠠᠷᠢᠯᠭ᠎ᠠ ᠲᠠᠷᠢᠵᠤ ᠪᠣᠯᠤᠨ᠎ᠠ᠃ | 8 .ᠤᠳᠠᠭᠠᠨ ᠴᠢᠨᠠᠷᠲᠠᠶ ᠴᠢᠨ᠋ᠸ᠎ᠠ ᠶᠢᠨ ᠬᠦᠷᠪᠡᠰᠢ ᠶᠢᠨ ᠪᠠᠶᠢᠳᠠᠯ ᠳᠣᠭᠳᠠᠭᠤᠨ ᠪᠠᠶᠢᠭ᠎ᠠ ᠪᠥᠭᠡᠳ ᠡᠮᠴᠢᠯᠡᠭᠡᠨ ᠤ ᠪᠤᠰᠤ | ᠱᠠᠲᠤᠨ ᠳᠤ ᠪᠠᠶᠢᠪᠠᠯ ᠲᠠᠷᠢᠯᠭ᠎ᠠ ᠲᠠᠷᠢᠵᠤ ᠪᠣᠯᠤᠨ᠎ᠠ᠃ | 9 . ᠬᠠᠮᠠᠷ ᠤᠨ ᠦᠷᠪᠢᠰᠦᠯ᠂ ᠵᠠᠯᠭᠢᠭᠤᠷ ᠤᠨ ᠦᠷᠪᠢᠰᠦᠯ ᠤᠨ ᠪᠠᠶᠢᠳᠠᠯ ᠳᠣᠭᠳᠠᠭᠤᠨ ᠪᠠᠶᠢᠪᠠᠯ ᠲᠠᠷᠢᠯᠭ᠎ᠠ ᠲᠠᠷᠢᠵᠤ | ᠪᠣᠯᠤᠨ᠎ᠠ᠃ | 10᠂ ᠡᠯᠢᠭᠡᠨ ᠤ ᠠᠷᠬᠠᠭ ᠦᠷᠪᠢᠰᠦᠯ ᠨᠢ ᠡᠮᠴᠢᠯᠡᠭᠡᠨ ᠤ ᠪᠤᠰᠣ ᠱᠠᠳᠣᠨ ᠳᠤ ᠪᠠᠶᠢᠵᠤ᠂ ᠡᠯᠢᠭᠡᠨ ᠤ ᠠᠵᠢᠯᠯᠠᠭ᠎ᠠ | ᠬᠡᠪ ᠤᠨ ᠪᠠᠶᠢᠳᠠᠯ ᠳᠤ ᠪᠠᠶᠢᠪᠠᠯ ᠲᠠᠷᠢᠯᠭ᠎ᠠ ᠲᠠᠷᠢᠵᠤ ᠪᠣᠯᠤᠨ᠎ᠠ᠃ | 11 . ᠠᠭᠤᠰᠬᠢᠨ ᠰᠦᠷᠢᠶ᠎ᠡ ᠡᠪᠡᠳᠴᠢᠨ ᠨᠢ ᠡᠳᠡᠭᠡᠷᠡᠭᠰᠡᠨ ᠪᠣᠯ ᠲᠠᠷᠢᠯᠭ᠎ᠠ ᠲᠠᠷᠢᠵᠤ ᠪᠣᠯᠤᠨ᠎ᠠ᠃ | 12 .ᠢᠳᠡᠭᠡᠲᠦ ᠴᠥᠪᠥᠷᠢᠭᠦᠲᠦ ᠬᠡᠯᠪᠡᠷᠢ ᠶᠢᠨ ᠲᠦᠷᠭᠡᠨ ᠴᠢᠨᠠᠷᠲᠠᠶ ᠮᠥᠩᠭᠦᠨ ᠦᠷᠦᠪᠳᠡᠰᠦ ᠡᠪᠡᠳᠴᠢᠨ ᠪᠢᠰᠢ | ᠮᠦᠷᠳᠡᠭᠡᠨ ᠡᠮᠴᠢᠯᠡᠭᠡᠨ ᠤ ᠪᠤᠰᠤ ᠱᠠᠲᠤᠨ ᠳᠤ ᠪᠠᠶᠢᠪᠠᠯ ᠲᠠᠷᠢᠯᠭ᠎ᠠ ᠲᠠᠷᠢᠵᠤ ᠪᠣᠯᠤᠨ᠎ᠠ᠃ | 13 . ᠠᠯᠠᠭ ᠮᠠᠷᠢᠶ᠎ᠠ ᠡᠪᠡᠳᠴᠢᠨ ᠤ ᠡᠮᠴᠢᠯᠡᠭᠡᠨ ᠤ ᠪᠤᠰᠤ ᠱᠠᠲᠤᠨ ᠳᠤ ᠪᠠᠶᠢᠪᠠᠯ ᠲᠠᠷᠢᠯᠭ᠎ᠠ ᠲᠠᠷᠢᠵᠤ ᠪᠣᠯᠤᠨ᠎ᠠ᠃ | 14 . ᠤᠳᠠᠭᠠᠨ ᠲᠦᠭᠵᠢᠷᠡᠬᠦ ᠴᠢᠨᠠᠷᠲᠠᠶ ᠠᠭᠤᠰᠬᠢᠨ ᠡᠪᠡᠳᠴᠢᠨ ᠤ ᠲᠦᠷᠭᠡᠨ ᠴᠢᠨᠠᠷᠲᠠᠶ ᠬᠥᠳᠡᠯᠬᠦ ᠬᠤᠭᠤᠴᠠᠭ᠎ᠠ | ᠪᠢᠰᠢ᠂ ᠬᠠᠨᠢᠶᠠᠬᠤ ᠥᠬᠡᠶ ᠪᠠᠶᠢᠳᠠᠯ ᠳᠣᠣᠷ᠎ᠠ ᠲᠠᠷᠢᠯᠭ᠎ᠠ ᠲᠠᠷᠢᠵᠤ ᠪᠣᠯᠤᠨ᠎ᠠ᠃ | 15. ᠬᠥᠰᠢᠬᠦ ᠴᠢᠨᠠᠷᠲᠠᠶ ᠨᠢᠷᠤᠭᠤᠨ ᠤ ᠦᠷᠪᠢᠰᠦᠯ ᠨᠢ ᠲᠦᠷᠭᠡᠨ ᠴᠢᠨᠠᠷᠲᠠᠶ ᠡᠪᠡᠳᠬᠦ ᠢᠯᠡᠷᠡᠯ ᠦᠭᠡᠢ ᠮᠥᠷᠲᠡᠭᠡᠨ | ᠦᠷᠪᠢᠰᠦᠯ ᠢ ᠲᠣᠭᠳᠠᠭᠤᠨ ᠲᠠᠷᠣᠭᠰᠠᠨ ᠪᠤᠯ ᠲᠠᠷᠢᠵᠤ ᠪᠣᠯᠤᠨ᠎ᠠ᠃ | 16 . ᠭᠠᠩᠰᠠᠷᠠᠬᠤ ᠬᠡᠮ ᠤᠨ ᠪᠠᠶᠢᠳᠠᠯ ᠢ ᠡᠮ ᠢᠶᠠᠷ ᠲᠣᠭᠳᠠᠪᠣᠷᠢᠵᠢᠭᠤᠯᠵᠣ᠂ ᠠᠵᠢᠯ ᠠᠮᠢᠳᠣᠷᠠᠯ ᠨᠢ ᠬᠡᠪ ᠤᠨ | ᠪᠠᠶᠢᠳᠠᠯ ᠳᠤ ᠪᠠᠶᠢᠪᠠᠯ ᠲᠠᠷᠢᠯᠭ᠎ᠠ ᠲᠠᠷᠢᠵᠤ ᠪᠣᠯᠤᠨ᠎ᠠ᠃ | 17 . ᠮᠡᠳᠡᠷᠡᠯ ᠤᠨ ᠡᠪᠡᠳᠴᠢᠲᠡᠨ ᠤ ᠡᠪᠡᠳᠴᠢᠨ ᠤ ᠪᠠᠶᠢᠳᠠᠯ ᠨᠢ ᠲᠣᠭᠲᠠᠭᠤᠨ ᠪᠠᠶᠢᠪᠠᠯ ᠲᠠᠷᠢᠯᠭ᠎ᠠ ᠲᠠᠷᠢᠵᠤ | ᠪᠣᠯᠤᠨ᠎ᠠ᠃ | 18 . ᠰᠢᠬᠢᠷ ᠰᠢᠵᠢᠩ ᠡᠪᠡᠳᠴᠢᠨ ᠳᠤ ᠬᠡᠷᠡᠭᠯᠡᠬᠦ ᠡᠯ᠎ᠡ ᠵᠦᠢᠯ ᠤᠨ ᠡᠮ ︵ᠨᠣᠶᠢᠷ ᠤᠨ ᠠᠷᠠᠯ ᠤᠨ ᠡᠳ᠋ ᠢ | ᠲᠠᠷᠢᠬᠤ ᠶᠢ ᠪᠠᠭᠲᠠᠭᠠᠨ᠎ᠠ︶ ᠢ ᠴᠥᠮ ᠸᠠᠺᠼᠢᠨ ᠤ ᠲᠠᠷᠢᠯᠭ᠎ᠠ ᠳᠤ ᠴᠡᠭᠡᠷᠯᠡᠬᠦ ᠦᠭᠡᠢ᠃ | 19 . ᠳᠠᠷᠬᠠᠯᠠᠭ᠎ᠠ ᠶᠢᠨ ᠰᠢᠰᠲ᠋ᠧᠮ ᠤᠨ ᠡᠪᠡᠳᠴᠢᠨ ︵ᠰᠢᠰᠲ᠋ᠧᠮᠲᠦ ᠴᠢᠨᠠᠷ ᠲᠠᠢ ᠤᠯᠠᠭᠠᠨ ᠲᠣᠯᠪᠣᠲᠤ ᠴᠢᠨ᠋ᠸ᠎ᠠ ᠶᠢᠨ | ᠶᠠᠷ᠎ᠠ᠂ ᠲᠤᠯᠠᠢ ᠶᠢᠨ ᠴᠢᠨᠠᠷ ᠲᠠᠢ ᠦᠶ᠎ᠡ ᠭᠡᠰᠢᠭᠦᠦ ᠶᠢᠨ ᠦᠷᠪᠢᠰᠦᠯ᠂ ᠬᠠᠭᠤᠷᠠᠢ ᠬᠤᠷᠠᠮᠠᠯ ᠭᠡᠮ ᠵᠡᠷᠭᠡ︶ ᠲᠠᠢ ᠪᠣᠯ | ᠲᠠᠷᠢᠯᠭ᠎ᠠ ᠲᠠᠯᠪᠢᠬᠤ ᠠᠴᠠ ᠬᠢᠴᠢᠶᠡᠬᠦ ᠬᠡᠷᠡᠭᠳᠡᠢ᠃ ᠶᠡᠷᠦ ᠶᠢᠨ ᠪᠠᠶᠢᠳᠠᠯ ᠳᠣᠤᠷ᠎ᠠ᠂ ᠡᠪᠡᠳᠴᠢᠨ ᠤ ᠪᠠᠶᠢᠳᠠᠯ | ᠲᠣᠭᠲᠠᠭᠤᠨ ᠪᠠᠶᠢᠬᠤ ᠦᠶ᠎ᠡ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠢᠳᠡᠪᠬᠢ ᠥᠬᠡᠶᠢᠳᠡᠭᠦᠯᠦᠭᠰᠡᠨ | ᠸᠠᠺᠼᠢᠨ ᠪᠠ ᠳᠠᠬᠢᠨ ᠪᠠᠶᠢᠭᠤᠯᠤᠭᠰᠠᠨ ᠳᠡᠳ᠋ ᠨᠢᠭᠡᠴᠢ ᠶᠢᠨ ᠸᠠᠺᠼᠢᠨ ᠢ ᠳᠠᠷᠢᠵᠤ ᠪᠣᠯᠤᠨ᠎ᠠ᠃ | 20 . ᠬᠤᠤᠷᠲᠤ ᠬᠠᠪᠤᠳᠠᠷ ᠤᠨ ᠮᠡᠰᠡ ᠵᠠᠰᠠᠯ ᠬᠢᠯᠭᠡᠵᠦ ᠭᠤᠷᠪᠠᠨ ᠵᠢᠯ ᠪᠤᠯᠤᠭᠰᠠᠨ ᠤ ᠰᠡᠭᠦᠯᠡᠷ ᠰᠠᠴᠤᠷᠠᠭ ᠬᠢᠮᠢ | ᠶᠢᠨ ᠵᠠᠰᠠᠯ ᠬᠢᠬᠦ ᠥᠬᠡᠶ ᠬᠦᠮᠦᠰ᠃ ᠪᠥᠭᠡᠷᠡᠨ ᠡᠪᠡᠳᠴᠢᠨ ᠤ ᠬᠠᠮ ᠰᠢᠨᠵᠢ ᠲᠠᠢ ᠬᠦᠮᠦᠰ᠂ ᠪᠥᠭᠡᠷ᠎ᠡ ᠰᠢᠯᠵᠢᠭᠦᠯᠬᠦ | ᠵᠠᠰᠠᠯ ᠬᠢᠯᠭᠡᠭᠰᠡᠨ ᠤ ᠳᠠᠷᠠᠭ᠎ᠠ ᠳᠠᠷᠬᠠᠯᠠᠭᠠᠨ ᠤ ᠡᠮ ᠤᠤᠭᠤᠵᠤ ᠪᠠᠶᠢᠭ᠎ᠠ ᠬᠦᠮᠦᠰ ᠂ ᠠᠶᠢᠽ ᠡᠪᠡᠳᠴᠢᠨ ᠤ | ᠡᠪᠡᠳᠴᠢᠲᠡᠨ᠂ HIV ᠬᠠᠯᠳᠠᠪᠤᠷᠢᠯᠠᠭᠰᠠᠳ ᠲᠤ ᠢᠳᠡᠪᠬᠢ ᠦᠭᠡᠶᠢᠳᠡᠬᠦᠯᠦᠭᠰᠡᠨ ᠸᠠᠺᠼᠢᠨ ᠪᠤᠶᠤ ᠳᠠᠬᠢᠨ ᠵᠣᠬᠢᠶᠠᠨ | ᠪᠠᠶᠢᠭᠤᠯᠤᠭᠰᠠᠨ ᠳᠡᠳ᠋ ᠨᠢᠭᠡᠴᠢ ᠶᠢᠨ ᠸᠠᠺᠼᠢᠨ ᠳᠠᠷᠢᠬᠤ ᠶᠢ ᠰᠠᠨᠠᠭᠤᠯᠤᠶ᠎ᠠ᠃ | 21 . ᠤᠮᠠᠢ ᠶᠢᠨ ᠦᠷᠪᠢᠰᠦᠯ᠂ ᠰᠢᠭᠡᠰᠦᠨ ᠵᠠᠮ ᠤᠨ ᠦᠷᠪᠢᠰᠦᠯ ᠵᠡᠷᠭᠡ ᠰᠢᠭᠡᠰᠦ ᠰᠢᠭᠦᠷᠡᠭᠦᠯᠬᠦ ᠰᠢᠰᠲ᠋ᠧᠮ ᠤᠨ | ᠡᠪᠡᠳᠴᠢᠨ ᠲᠠᠢ ᠬᠦᠮᠦᠰ ᠬᠠᠯᠠᠭᠤᠷᠠᠬᠤ ᠪᠠᠶᠢᠳᠠᠯ ᠦᠭᠡᠢ ᠮᠦᠷᠳᠡᠭᠡᠨ ᠡᠮᠴᠢᠯᠡᠭᠡᠨ ᠤ ᠪᠤᠰᠤ ᠱᠠᠲᠤᠨ ᠳᠤ ᠪᠠᠶᠢᠪᠠᠯ | ᠲᠠᠷᠢᠯᠭ᠎ᠠ ᠲᠠᠷᠢᠵᠤ ᠪᠣᠯᠤᠨ᠎ᠠ᠃ | 22 . ᠰᠠᠭᠤᠯᠭᠠᠵᠤ ᠪᠠᠶᠢᠭ᠎ᠠ ᠪᠣᠯᠪᠠᠴᠣ ᠬᠠᠯᠠᠭᠤᠷᠠᠬᠤ ᠥᠬᠡᠶ ᠪᠦᠭᠡᠳ ᠡᠳᠦᠷ ᠲᠤ ᠭᠤᠷᠪᠠ ᠤᠳᠠᠭ᠎ᠠ ᠠᠴᠠ | ᠬᠡᠲᠦᠷᠡᠬᠦ ᠥᠬᠡᠶ ᠪᠠᠶᠢᠪᠠᠯ ᠲᠠᠷᠢᠯᠭ᠎ᠠ ᠲᠠᠷᠢᠵᠤ ᠪᠣᠯᠤᠨ᠎ᠠ᠃ | 23 . ᠵᠢᠷᠦᠬᠡᠨ ᠡᠪᠡᠳᠴᠢᠨ᠂ ᠵᠢᠷᠦᠬᠡᠨ ᠬᠥᠭᠦᠷᠭᠡ᠂ ᠯᠤᠭᠰᠢᠭᠤᠯᠤᠭᠤᠷ ᠤᠭᠰᠠᠷᠠᠭᠰᠠᠨ ᠡᠪᠡᠳᠴᠢᠳᠠᠨ ᠮᠡᠰᠡ ᠵᠠᠰᠠᠯ | ᠤᠨ ᠳᠠᠷᠠᠭ᠎ᠠ ᠡᠷᠡᠭᠦᠯᠵᠢᠭᠰᠡᠨ ᠪᠠᠶᠢᠪᠠᠯ ᠲᠠᠷᠢᠯᠭ᠎ᠠ ᠲᠠᠷᠢᠵᠤ ᠪᠣᠯᠤᠨ᠎ᠠ᠃ | 24 . ᠡᠷᠬᠡᠲᠡᠨ ᠰᠢᠯᠵᠢᠭᠦᠯᠬᠦ ᠮᠡᠰᠡ ᠵᠠᠰᠠᠯ ᠤᠨ ᠳᠠᠷᠠᠭ᠎ᠠ᠂ ᠨᠡᠯᠢᠶᠡᠳ ᠰᠠᠶᠢᠨ ᠡᠷᠡᠭᠦᠯᠵᠢᠵᠦ᠂ ᠡᠪᠡᠳᠴᠢᠨ ᠤ | ᠪᠠᠶᠢᠳᠠᠯ ᠲᠣᠭᠲᠠᠭᠤᠨ ᠪᠠᠶᠢᠪᠠᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠢᠳᠡᠪᠬᠢ ᠥᠬᠡᠶᠢᠳᠡᠭᠦᠯᠦᠭᠰᠡᠨ | ᠸᠠᠺᠼᠢᠨ ᠢ ᠲᠠᠷᠢᠵᠤ ᠪᠤᠯᠤᠨ᠎ᠠ᠃ | 25 . ᠲᠠᠷᠢᠬᠢᠨ ᠪᠥᠭᠯᠡᠷᠡᠯ ᠤᠨ ᠡᠪᠡᠳᠴᠢᠨ ᠢᠶᠠᠨ ᠡᠳᠡᠭᠡᠷᠡᠭᠦᠯᠦᠭᠰᠡᠳ᠂ ᠡᠰᠡᠬᠦᠯ᠎ᠡ ᠠᠷᠬᠠᠭ ᠭᠡᠮ ︵ᠡᠪᠡᠳᠴᠢᠨ ᠤ | ᠪᠠᠶᠢᠳᠠᠯ ᠪᠤᠯᠤᠨ ᠴᠢᠰᠤᠨ ᠳᠠᠷᠤᠯᠲᠠ ᠲᠣᠭᠲᠠᠭᠤᠨ︶ ᠲᠠᠢ ᠬᠥᠮᠦᠰ ᠲᠤ ᠲᠠᠷᠢᠯᠭ᠎ᠠ ᠲᠠᠷᠢᠵᠤ ᠪᠣᠯᠤᠨ᠎ᠠ᠃ | 26 . ᠮᠤᠬᠤᠷ ᠣᠯᠣᠭᠠᠶ ᠶᠢᠨ ᠦᠷᠪᠢᠰᠦᠯ ᠤᠨ ᠮᠡᠰᠡ ᠵᠠᠰᠠᠯ ᠪᠤᠯᠤᠨ ᠤᠷᠤᠭ ᠤᠨᠠᠭᠠᠯᠭᠠᠬᠤ ᠮᠡᠰᠡ ᠵᠠᠰᠠᠯ ᠤᠨ | ᠳᠠᠷᠠᠭ᠎ᠠ᠂ ᠪᠡᠶ᠎ᠡ ᠶᠢᠨ ᠪᠠᠶᠢᠳᠠᠯ ᠡᠷᠡᠭᠦᠯᠵᠢᠵᠦ᠂ ᠪᠤᠰᠤᠳ ᠡᠪ ᠦᠭᠡᠢ ᠪᠠᠶᠢᠳᠠᠯ ᠦᠭᠡᠢ ᠪᠣᠯ ᠲᠠᠷᠢᠯᠭ᠎ᠠ ᠲᠠᠷᠢᠵᠤ | ᠪᠣᠯᠤᠨ᠎ᠠ᠃ | 27 . ᠶᠠᠰᠤ ᠪᠡᠷᠲᠡᠬᠦ ᠪᠤᠶᠤ ᠭᠠᠳᠠᠷ ᠰᠢᠷᠬ᠎ᠠ ᠠᠴᠠ ᠪᠣᠯᠵᠤ ᠬᠠᠯᠳᠠᠪᠤᠷᠢᠯᠠᠯ ᠦᠭᠡᠢ ᠪᠠᠷ ᠬᠠᠯᠠᠭᠤᠷᠠᠭᠰᠠᠨ ᠴᠤ | ᠲᠠᠷᠢᠯᠭ᠎ᠠ ᠲᠠᠷᠢᠵᠤ ᠪᠣᠯᠤᠨ᠎ᠠ᠃ | 28 . ᠵᠢᠷᠮᠤᠰᠤᠯᠡᠬᠦ ᠪᠠᠷ ᠪᠡᠯᠡᠳᠬᠡᠵᠦ ᠪᠠᠶᠢᠭ᠎ᠠ ᠪᠣᠶᠣ ᠭᠦᠬᠦᠭᠦᠯ ᠬᠤᠭᠤᠴᠠᠭᠠᠨ ᠳᠤ ᠪᠠᠶᠢᠭ᠎ᠠ ᠡᠮᠡᠭᠲᠡᠶᠢᠴᠦᠳ | ᠲᠠᠷᠢᠯᠭ᠎ᠠ ᠲᠠᠷᠢᠵᠤ ᠪᠣᠯᠤᠨ᠎ᠠ᠂ ᠭᠦᠬᠦᠭᠦᠯ ᠬᠤᠭᠤᠴᠠᠭᠠᠨ ᠳᠤ ᠦᠷᠭᠦᠯᠵᠢᠯᠡᠨ ᠬᠥᠬᠦᠭᠦᠯᠵᠦ ᠪᠣᠯᠤᠨ᠎ᠠ᠃ | 29 . ᠬᠡᠣᠬᠡᠳ ᠠᠪᠬᠤ ᠪᠡᠯᠡᠳᠬᠡᠯ ᠬᠢᠵᠤ ᠪᠠᠶᠢᠭ᠎ᠠ ᠡᠷᠡᠭᠲᠡᠶᠢᠴᠦᠳ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ | ᠳᠠᠷᠢᠭᠤᠯᠵᠤ ᠪᠤᠯᠤᠨ᠎ᠠ᠃ | 30 . ᠰᠠᠷ᠎ᠠ ᠶᠢᠨ ᠭᠬᠢᠷ ᠤᠨ ᠬᠤᠭᠤᠴᠠᠭᠠᠨ ᠳᠤ ᠲᠠᠷᠢᠯᠭ᠎ᠠ ᠲᠠᠷᠢᠵᠤ ᠪᠣᠯᠤᠨ᠎ᠠ᠃ | 31 . ᠣᠳᠣᠶ ᠡᠪᠡᠳᠴᠢᠲᠡᠨ ᠳᠤ ᠲᠠᠷᠢᠯᠭ᠎ᠠ ᠲᠠᠷᠢᠭᠤᠯᠵᠤ ᠪᠣᠯᠤᠨ᠎ᠠ᠃ | ᠲᠠᠷᠢᠯᠭ᠎ᠠ ᠶᠢ ᠲᠦᠷ ᠬᠤᠶᠢᠰᠢᠯᠠᠭᠤᠯᠬᠤ ᠪᠠᠶᠢᠳᠠᠯ ᠄ | 1. ᠶᠠᠮᠠᠷᠪᠠ ᠰᠢᠯᠲᠠᠭᠠᠨ ︵ᠬᠠᠨᠢᠶᠠᠳᠤ ᠬᠢᠮᠤᠷᠠᠭ᠎ᠠ᠂ ᠰᠢᠷᠬᠠᠨ ᠤ ᠬᠠᠯᠳᠠᠪᠤᠷᠢᠯᠠᠯ᠂ ᠦᠷᠪᠢᠰᠦᠯ︶ ᠠᠴᠠ ᠪᠣᠯᠵᠤ | ᠬᠠᠯᠠᠭᠤᠷᠠᠪᠠᠯ ︵ᠪᠡᠶ᠎ᠡ ᠶᠢᠨ ᠳᠤᠯᠠᠭᠠᠨ 37. 3℃ ᠪᠣᠶᠣ ᠳᠡᠭᠡᠭᠰᠢ︶᠂ ᠲᠠᠷᠢᠯᠭ᠎ᠠ ᠶᠢ ᠲᠦᠷ ᠬᠤᠶᠢᠰᠢᠯᠠᠭᠤᠯᠬᠤ | ᠬᠡᠷᠡᠭᠳᠡᠢ᠃ | 2. ᠲᠤᠯᠠᠢ ᠡᠪᠡᠳᠴᠢᠨ ᠬᠥᠳᠡᠯᠬᠦ᠂ ᠬᠦᠨᠳᠦ ᠬᠠᠨᠢᠶᠠᠳᠤ ᠬᠦᠷᠬᠦ᠂ ᠵᠢᠷᠦᠬᠡᠨ ᠲᠦᠭᠵᠢᠷᠡᠯ᠂ ᠲᠠᠷᠢᠬᠢᠨ ᠤ ᠲᠦᠭᠵᠢᠷᠡᠯ | ᠵᠡᠷᠭᠡ ᠡᠪᠡᠳᠴᠢᠨ ᠤ ᠴᠣᠴᠢᠮᠠᠭ ᠬᠥᠳᠡᠯᠬᠦ ᠬᠤᠭᠤᠴᠠᠭᠠᠨ ᠳᠤ ᠲᠠᠷᠢᠯᠭ᠎ᠠ ᠶᠢ ᠲᠦᠷ ᠬᠤᠶᠢᠰᠢᠯᠠᠭᠤᠯᠬᠤ ᠬᠡᠷᠡᠭᠳᠡᠢ᠃ | 3. ᠬᠤᠤᠷᠲᠤ ᠬᠠᠪᠤᠳᠠᠷ ᠤᠨ ᠮᠡᠰᠡ ᠵᠠᠰᠠᠯ ᠤᠨ ᠡᠮᠦᠨ᠎ᠡ ᠬᠤᠶᠢᠨ᠎ᠠ᠂ ᠬᠢᠮᠢ ᠶᠢᠨ ᠵᠠᠰᠠᠯ᠂ ᠰᠠᠴᠤᠷᠠᠭ ᠵᠠᠰᠠᠯ ᠬᠢᠵᠦ | ᠪᠠᠶᠢᠭ᠎ᠠ ᠬᠤᠭᠤᠴᠠᠭᠠᠨ ᠳᠤ ᠲᠠᠷᠢᠯᠭ᠎ᠠ ᠶᠢ ᠲᠦᠷ ᠬᠤᠶᠢᠰᠢᠯᠠᠭᠤᠯᠬᠤ ᠬᠡᠷᠡᠭᠳᠡᠢ᠃ | 4. ᠲᠣᠯᠣᠭᠠᠢ ᠡᠪᠡᠳᠬᠦ᠂ ᠲᠣᠯᠣᠭᠠᠢ ᠡᠷᠭᠢᠬᠦ᠂ ᠳᠤᠷ᠎ᠠ ᠪᠤᠯᠭᠢᠬᠤ᠂ ᠪᠥᠭᠡᠯᠵᠢᠬᠦ᠂ ᠴᠡᠭᠡᠵᠢ ᠪᠢᠲᠡᠭᠦᠷᠡᠬᠦ᠂ | ᠬᠤᠳᠣᠭᠤᠳᠣ ᠡᠪ ᠦᠭᠡᠶᠢᠷᠡᠬᠦ ᠵᠡᠷᠭᠡ ᠪᠠᠶᠢᠳᠠᠯ ᠲᠠᠢ ᠪᠣᠯ ᠲᠠᠷᠢᠯᠭ᠎ᠠ ᠶᠢ ᠲᠦᠷ ᠬᠤᠶᠢᠰᠢᠯᠠᠭᠤᠯᠬᠤ ᠬᠡᠷᠡᠭᠳᠡᠢ᠂ | ᠰᠢᠯᠲᠠᠭᠠᠨ ᠢ ᠨᠢ ᠲᠣᠳᠣᠯᠠᠭᠰᠠᠨ ᠤ ᠳᠠᠷᠠᠭ᠎ᠠ ᠲᠠᠷᠢᠯᠭ᠎ᠠ ᠬᠢᠬᠦ ᠡᠰᠡᠬᠦ ᠶᠢ ᠪᠣᠳᠣᠯᠬᠢᠯᠠᠨ᠎ᠠ᠃ | 5. ᠴᠢᠨ᠋ᠸ᠎ᠠ ᠶᠢᠨ ᠬᠦᠷᠪᠡᠰᠢ ᠬᠥᠳᠡᠯᠬᠦ ᠬᠤᠭᠤᠴᠠᠭᠠᠨ ᠳᠤ ᠵᠠᠭᠠᠲᠤᠨᠠᠬᠤ ᠢᠯᠡᠷᠡᠯ ᠲᠠᠢ ᠪᠣᠯ ᠲᠠᠷᠢᠯᠭ᠎ᠠ ᠶᠢ ᠲᠦᠷ | ᠬᠤᠶᠢᠰᠢᠯᠠᠭᠤᠯᠬᠤ ᠬᠡᠷᠡᠭᠳᠡᠢ᠃ | 6. ᠨᠤᠷᠧ ᠸᠢᠷᠦ᠋ᠰ ᠪᠤᠶᠤ ᠪᠤᠰᠤᠳ ᠸᠢᠷᠦ᠋ᠰ ᠠᠴᠠ ᠪᠣᠯᠵᠤ ᠭᠦᠶᠦᠯᠭᠡᠪᠡᠯ ᠲᠠᠷᠢᠯᠭ᠎ᠠ ᠶᠢ ᠲᠦᠷ ᠬᠤᠶᠢᠰᠢᠯᠠᠭᠤᠯᠬᠤ | ᠬᠡᠷᠡᠭᠳᠡᠢ᠃ | ᠲᠠᠷᠢᠵᠤ ᠪᠣᠯᠬᠤ ᠦᠭᠡᠢ ᠪᠠᠶᠢᠳᠠᠯ᠄ | 1. ᠡᠵᠡᠮᠳᠡᠭᠳᠡᠭᠡ ᠦᠭᠡᠢ ᠤᠨᠠᠳᠠᠭ ᠡᠪᠡᠳᠴᠢᠨ ᠪᠠ ᠪᠤᠰᠤᠳ ᠬᠦᠨᠳᠦ ᠨᠣᠴᠢᠲᠠᠢ ᠮᠡᠳᠡᠷᠡᠯ ᠤᠨ ᠰᠢᠰᠲ᠋ᠧᠮ ᠤᠨ | ᠡᠪᠡᠳᠴᠢᠲᠡᠨ ︵ ᠲᠤᠬᠠᠶᠢᠯᠠᠪᠠᠯ ᠬᠥᠨᠳᠡᠯᠡᠨ ᠬᠤᠯᠪᠣᠭᠠᠰᠤ ᠶᠢᠨ ᠴᠢᠨᠠᠷᠲᠠᠢ ᠨᠤᠭᠤᠰᠤᠨ ᠤ ᠦᠷᠪᠢᠰᠦᠯ᠂ ᠭᠷᠢᠨᠪᠠᠷᠢ | ᠶᠢᠨ ᠨᠡᠶᠢᠯᠡᠭ ᠭᠡᠮ᠂ ᠴᠢᠮᠥᠭᠡᠨ ᠳᠤᠭᠲᠤᠢ ᠮᠤᠯᠲᠤᠷᠠᠬᠤ ᠡᠪᠡᠳᠴᠢᠨ ᠵᠡᠷᠭᠡ︶ ᠲᠠᠷᠢᠯᠭ᠎ᠠ ᠬᠢᠯᠭᠡᠵᠦ ᠪᠣᠯᠬᠤ ᠦᠭᠡᠢ᠃ | 2. ᠲᠠᠷᠢᠯᠭ᠎ᠠ ᠶᠢᠨ ᠸᠠᠺᠼᠢᠨ ᠳᠤ ᠬᠦᠨᠳᠦ ᠨᠣᠴᠢᠲᠠᠶ ᠬᠠᠷᠰᠢᠮᠠᠲᠠᠭᠠᠶ ᠤᠷᠪᠠᠯ ᠭᠠᠷᠴᠤ ᠦᠩᠭᠡᠷᠡᠭᠰᠡᠳ ︵ | ᠲᠤᠬᠠᠶᠢᠯᠠᠪᠠᠯ ᠴᠣᠴᠢᠮᠠᠭ ᠴᠢᠨᠠᠷ ᠤᠨ ᠬᠠᠷᠰᠢᠮᠠᠲᠠᠭᠠᠶ ᠤᠷᠪᠠᠯ᠂ ᠴᠢᠰᠤᠨ ᠰᠤᠳᠠᠯ ᠤᠨ ᠮᠡᠳᠡᠷᠡᠯ ᠤᠨ ᠴᠢᠨᠠᠷᠲᠠᠶ | ᠤᠰᠤᠨ ᠬᠠᠪᠤᠩ᠂ ᠠᠮᠢᠰᠬᠤᠯ ᠴᠢᠬᠤᠯᠳᠠᠬᠤ ᠵᠡᠷᠭᠡ︶ ᠲᠠᠷᠢᠯᠭ᠎ᠠ ᠬᠢᠯᠭᠡᠵᠦ ᠪᠣᠯᠬᠤ ᠥᠬᠡᠶ᠃ | 3. ᠸᠠᠺᠼᠢᠨ ᠤ ᠨᠠᠶᠢᠷᠠᠯᠭ᠎ᠠ ᠵᠢᠴᠢ ᠲᠤᠰᠠᠯᠠᠬᠤ ᠪᠤᠳᠠᠰ ᠲᠤ ᠬᠠᠷᠰᠢᠮᠠᠲᠠᠭᠠᠶ ᠬᠥᠮᠦᠰ ᠲᠠᠷᠢᠯᠭ᠎ᠠ ᠬᠢᠯᠭᠡᠵᠦ ᠪᠣᠯᠬᠤ | ᠥᠬᠡᠶ᠂ ᠰᠢᠨ᠎ᠡ ᠲᠢᠲᠢᠮᠯᠢᠭ ᠸᠢᠷᠦ᠋ᠰ ᠤᠨ ᠢᠳᠡᠪᠬᠢ ᠥᠬᠡᠶᠢᠳᠡᠭᠦᠯᠦᠭᠰᠡᠨ ᠸᠠᠺᠼᠢᠨ ᠤ ᠲᠤᠰᠠᠯᠠᠬᠤ ᠪᠤᠳᠠᠰ ᠲᠤ | ᠭᠤᠤᠯᠳᠠᠭᠤ᠄ ᠹᠣᠰᠹᠣᠷ ᠬᠦᠴᠢᠯ ᠤᠨ ᠤᠰᠤᠲᠥ᠋ᠷᠥᠭᠴᠢ ᠬᠤᠶᠠᠷ ᠨᠠᠲᠷᠢ᠂ ᠾᠯᠣᠷᠲᠤ ᠨᠠᠲᠷᠢ᠂ ᠹᠣᠰᠹᠣᠷ ᠬᠦᠴᠢᠯ ᠤᠨ | ᠬᠤᠶᠠᠷ ᠤᠰᠤᠲᠥ᠋ᠷᠥᠭᠴᠢᠲᠦ ᠨᠠᠲᠷᠢ᠂ ᠤᠰᠤᠮᠠᠭᠲᠤ ᠬᠥᠩᠭᠡᠨ ᠴᠠᠭᠠᠨ ᠪᠠᠭᠲᠠᠨ᠎ᠠ᠃ | 4. ᠶᠠᠭ ᠬᠠᠯᠠᠭᠤᠷᠠᠵᠤ ᠪᠠᠶᠢᠭ᠎ᠠ ᠪᠣᠶᠣ ᠴᠣᠴᠢᠮᠠᠭ ᠡᠪᠡᠳᠴᠢᠨ᠂ ᠡᠰᠡᠬᠦᠯ᠎ᠡ ᠠᠷᠬᠠᠭ ᠡᠪᠡᠳᠴᠢᠨ ᠤ ᠴᠣᠴᠢᠮᠠᠭ | ᠬᠥᠳᠡᠯᠬᠦ ᠬᠤᠭᠤᠴᠠᠭ᠎ᠠ᠂ ᠡᠵᠡᠮᠳᠡᠭᠳᠡᠭᠡ ᠦᠭᠡᠢ ᠬᠦᠨᠳᠦ ᠬᠡᠯᠪᠡᠷᠢ ᠶᠢᠨ ᠠᠷᠬᠠᠭ ᠡᠪᠡᠳᠴᠢᠨ ᠲᠠᠢ ᠬᠦᠮᠦᠰ ᠲᠠᠷᠢᠯᠭ᠎ᠠ | ᠬᠢᠯᠭᠡᠵᠦ ᠪᠣᠯᠬᠤ ᠦᠭᠡᠢ᠃ | 5. ᠵᠢᠷᠮᠦᠰᠦᠨ ᠪᠦᠰᠡᠭᠦᠢ ᠲᠠᠷᠢᠯᠭ᠎ᠠ ᠬᠢᠯᠭᠡᠵᠦ ᠪᠣᠯᠬᠤ ᠦᠭᠡᠢ᠃ | 6. ᠴᠢᠰᠤᠨ ᠢᠯᠲᠠᠰᠤ ᠪᠠᠭᠠᠰᠤᠭᠰᠠᠨ ᠪᠤᠶᠤ ᠴᠢᠰᠤ ᠠᠯᠳᠠᠬᠤ ᠡᠪᠡᠳᠴᠢᠨ ᠲᠠᠢ ᠬᠦᠮᠦᠰ ᠲᠠᠷᠢᠯᠭ᠎ᠠ ᠬᠢᠯᠭᠡᠵᠦ ᠪᠣᠯᠬᠤ | ᠥᠬᠡᠶ᠃ | ᠪᠤᠰᠤᠳ ᠪᠠᠶᠢᠳᠠᠯ᠄ | 1. ᠲᠠᠷᠢᠯᠭ᠎ᠠ ᠬᠢᠯᠭᠡᠭᠰᠡᠨ ᠤ ᠳᠠᠷᠠᠭ᠎ᠠ ᠵᠢᠷᠮᠦᠰᠦᠯᠡᠭᠰᠡᠨ ᠢᠶᠠᠨ ᠮᠡᠳᠡᠪᠡᠯ᠂ ᠵᠢᠷᠮᠦᠰᠦᠯᠡᠬᠦ ᠶᠢ ᠵᠣᠭᠰᠣᠭᠠᠬᠤ ᠴᠢᠬᠤᠯᠠ | ᠦᠭᠡᠢ᠂ ᠵᠢᠷᠮᠦᠰᠦᠨ ᠤ ᠪᠠᠶᠢᠴᠠᠭᠠᠯᠲᠠ ᠶᠢ ᠰᠠᠶᠢᠲᠤᠷ ᠬᠢᠬᠦ ᠶᠢ ᠰᠠᠨᠠᠭᠤᠯᠵᠤ ᠪᠠᠶᠢᠨ᠎ᠠ᠃ | 2. ᠵᠢᠷᠮᠦᠰᠦᠯᠡᠬᠦ ᠪᠠᠷ ᠲᠥᠯᠦᠪᠯᠡᠵᠦ ᠪᠠᠶᠢᠭ᠎ᠠ ᠡᠮᠡᠭᠲᠡᠶᠢᠴᠦᠳ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠳᠠᠷᠢᠭᠰᠠᠨ | ᠠᠴᠠ ᠪᠣᠯᠵᠣ ᠵᠢᠷᠮᠦᠰᠦᠯᠡᠬᠦ ᠲᠥᠯᠥᠪᠯᠡᠭᠡ ᠪᠠᠨ ᠬᠤᠶᠢᠰᠢᠯᠠᠭᠤᠯᠬᠤ ᠬᠡᠷᠡᠭ ᠥᠬᠡᠶ᠃ | 3. ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠤᠰᠤᠳ ᠸᠠᠺᠼᠢᠨ ᠲᠠᠢ ᠬᠠᠮᠲᠤ ᠳᠠᠷᠢᠭᠤᠯᠬᠤ ᠥᠬᠡᠶ ᠪᠠᠶᠢᠬᠤ ᠶᠢ | ᠰᠠᠨᠠᠭᠤᠯᠣᠶ᠎ᠠ᠃ ᠪᠤᠰᠤᠳ ᠸᠠᠺᠼᠢᠨ ᠪᠣᠯᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠯᠭᠡᠬᠦ ᠳᠡᠭᠡᠨ | 14 ᠬᠤᠨᠤᠭ ᠠᠯᠤᠰᠯᠠᠬᠤ ᠬᠡᠷᠡᠭᠳᠡᠢ᠃ | 4. ᠶᠠᠮᠠᠷᠪᠠ ᠪᠠᠶᠢᠳᠠᠯ ᠳᠣᠤᠷ᠎ᠠ᠂ ᠠᠮᠢᠲᠠᠨ ᠠᠴᠠ ᠪᠣᠯᠤᠭᠰᠠᠨ ᠰᠢᠷᠬ᠎ᠠ ᠪᠣᠶᠣ ᠪᠤᠰᠤᠳ ᠭᠠᠳᠠᠷ ᠰᠢᠷᠬ᠎ᠠ ᠠᠴᠠ ᠪᠣᠯᠵᠣ | ᠭᠠᠯᠵᠠᠭᠤ ᠡᠪᠡᠳᠴᠢᠨ ᠤ ᠸᠠᠺᠼᠢᠨ᠂ ᠲᠠᠲᠠᠷᠠᠩ ᠡᠪᠡᠳᠴᠢᠨ ᠤ ᠸᠠᠺᠼᠢᠨ᠂ ᠭᠠᠯᠵᠠᠭᠤ ᠡᠪᠡᠳᠴᠢᠨ ᠤ | ᠲᠠᠷᠬᠠᠯᠠᠭ᠎ᠠ ᠶᠢᠨ ᠪᠥᠮᠪᠥᠭᠡᠨ ᠤᠭᠤᠷᠠᠭ᠂ ᠲᠠᠲᠠᠷᠠᠩ ᠡᠪᠡᠳᠴᠢᠨ ᠤ ᠲᠠᠷᠬᠠᠯᠠᠭ᠎ᠠ ᠶᠢᠨ ᠪᠥᠮᠪᠥᠭᠡᠨ ᠤᠭᠤᠷᠠᠭ ᠢ | ᠳᠠᠷᠢᠬᠤ ᠴᠢᠬᠤᠯᠠᠲᠠᠶ ᠦᠶ᠎ᠡ ᠳᠤ᠂ ᠠᠯᠤᠰᠯᠠᠬᠤ ᠬᠤᠭᠤᠴᠠᠭ᠎ᠠ ᠶᠢ ᠪᠣᠳᠣᠯᠬᠢᠯᠠᠬᠤ ᠥᠬᠡᠶ ᠪᠠᠷ ᠳᠡᠭᠡᠷ᠎ᠡ ᠳᠤᠷᠠᠳᠤᠭᠰᠠᠨ | ᠸᠠᠺᠼᠢᠨ ᠪᠠ ᠲᠠᠷᠬᠠᠯᠠᠭ᠎ᠠ ᠶᠢᠨ ᠪᠥᠮᠪᠥᠭᠡᠨ ᠤᠭᠤᠷᠠᠭ ᠢ ᠤᠷᠢᠳᠠᠪᠠᠷ ᠲᠠᠷᠢᠭᠤᠯᠬᠤ ᠬᠡᠷᠡᠭᠳᠡᠢ᠃ | 5. ᠬᠡᠷᠪᠡ ᠤᠷᠢᠳ ᠢᠶᠠᠷ ᠭᠠᠯᠵᠠᠭᠤ ᠡᠪᠡᠳᠴᠢᠨ ᠤ ᠸᠠᠺᠼᠢᠨ᠂ ᠲᠠᠲᠠᠷᠠᠩ ᠡᠪᠡᠳᠴᠢᠨ ᠤ ᠸᠠᠺᠼᠢᠨ᠂ ᠭᠠᠯᠵᠠᠭᠤ | ᠡᠪᠡᠳᠴᠢᠨ ᠤ ᠲᠠᠷᠬᠠᠯᠠᠭ᠎ᠠ ᠶᠢᠨ ᠪᠥᠮᠪᠥᠭᠡᠨ ᠤᠭᠤᠷᠠᠭ᠂ ᠲᠠᠲᠠᠷᠠᠩ ᠡᠪᠡᠳᠴᠢᠨ ᠤ ᠲᠠᠷᠬᠠᠯᠠᠭ᠎ᠠ ᠶᠢᠨ ᠪᠥᠮᠪᠥᠭᠡᠨ | ᠤᠭᠤᠷᠠᠭ ᠵᠡᠷᠭᠡ ᠶᠢ ᠲᠠᠷᠢᠭᠤᠯᠤᠭᠰᠠᠨ ᠪᠠᠶᠢᠪᠠᠯ᠂ ᠡᠳᠡᠭᠡᠷ ᠸᠠᠺᠼᠢᠨ ᠤ ᠡᠴᠦᠰ ᠤᠨ ᠨᠢᠭᠡ ᠣᠳᠠᠭᠠᠨ ᠤ ᠲᠠᠷᠢᠯᠭ᠎ᠠ | ᠶᠢ ᠬᠢᠯᠭᠡᠭᠰᠡᠨ ᠤ 14 ᠬᠤᠨᠤᠭ ᠤᠨ ᠳᠠᠷᠠᠭ᠎ᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠲᠠᠷᠢᠭᠤᠯᠵᠤ ᠪᠣᠯᠤᠨ᠎ᠠ᠃ | | 6. ᠢᠮᠦᠨ ︵ᠬᠥᠮᠦᠨ ᠤ ᠥᠯᠥ ᠬᠠᠯᠳᠠᠭᠠᠬᠤ︶ ᠤ ᠪᠥᠮᠪᠥᠭᠡᠨ ᠤᠭᠤᠷᠠᠭ ᠢ ᠳᠠᠷᠢᠭᠰᠠᠳ ᠸᠠᠺᠼᠢᠨ ᠤ | ᠲᠠᠷᠬᠠᠯᠠᠭ᠎ᠠ ᠶᠢᠨ ᠦᠷ᠎ᠡ ᠪᠦᠲᠦᠮᠵᠢ ᠶᠢ ᠨᠥᠯᠥᠭᠡᠯᠡᠬᠦ ᠠᠴᠠ ᠵᠠᠶᠢᠯᠠᠰᠬᠢᠬᠦ ᠶᠢᠨ ᠲᠤᠯᠠᠳᠠ ᠨᠠᠭᠠᠳᠤ ᠵᠠᠬ᠎ᠠ ᠳᠠᠭᠠᠨ 1 | ᠰᠠᠷ᠎ᠠ ᠠᠴᠠ ᠲᠡᠭᠡᠭᠰᠢᠬᠢ ᠬᠤᠭᠤᠴᠠᠭ᠎ᠠ ᠠᠯᠤᠰᠯᠠᠭᠤᠯᠵᠤ᠂ ᠲᠣᠰ ᠸᠠᠺᠼᠢᠨ ᠢ ᠳᠠᠷᠢᠭᠤᠯᠬᠤ ᠬᠡᠷᠡᠭᠲᠡᠶ᠃ | 7. ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠲᠤ ᠬᠠᠯᠳᠠᠪᠤᠷᠢᠯᠠᠭᠰᠠᠳ ︵ᠡᠪᠡᠳᠴᠢᠲᠡᠨ ᠪᠤᠶᠤ | ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ︶ ᠪᠠᠶᠢᠳᠠᠯ ᠢᠶᠠᠨ ᠭᠦᠶᠴᠡᠳ ᠮᠡᠳᠡᠭᠳᠡᠭᠰᠡᠨ ᠰᠠᠭᠤᠷᠢᠨ ᠳᠡᠭᠡᠷ᠎ᠡ᠂ | 6 ᠰᠠᠷ᠎ᠠ ᠶᠢᠨ ᠳᠠᠷᠠᠭ᠎ᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ 1 ᠤᠳᠠᠭ᠎ᠠ ᠲᠠᠷᠢᠭᠤᠯᠵᠤ ᠪᠣᠯᠤᠨ᠎ᠠ᠃ | 8. ᠸᠠᠺᠼᠢᠨ ᠢ ᠳᠠᠷᠢᠬᠤ ᠠᠴᠠ ᠡᠮᠦᠨ᠎ᠡ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠵᠢᠴᠢ | ᠡᠰᠡᠷᠭᠦᠴᠡᠭᠴᠢ ᠶᠢ ᠰᠢᠯᠭᠠᠨ ᠪᠠᠶᠢᠴᠠᠭᠠᠬᠤ ᠴᠢᠬᠤᠯᠠ ᠥᠬᠡᠶ᠃ | 9. ᠲᠠᠷᠢᠯᠭ᠎ᠠ ᠬᠢᠯᠭᠡᠭᠰᠡᠨ ᠤ ᠳᠠᠷᠠᠭ᠎ᠠ ᠰᠢᠯᠭᠠᠨ ᠪᠠᠶᠢᠴᠠᠭᠠᠯᠲᠠ ᠪᠠᠷ ᠸᠠᠺᠼᠢᠨ ᠤ ᠦᠷ᠎ᠡ ᠪᠦᠲᠦᠮᠵᠢ ᠲᠠᠢ ᠡᠰᠡᠬᠦ ᠶᠢ | ᠰᠢᠯᠭᠠᠬᠤ ᠦᠨᠳᠦᠰᠦᠯᠡᠯ ᠪᠣᠯᠭᠠᠵᠤ ᠪᠣᠯᠬᠤ ᠥᠬᠡᠶ᠃ | 10. ᠣᠳᠣᠬᠢ ᠱᠠᠲᠤᠨ ᠳᠤ ᠠᠳᠠᠯᠢ ᠨᠢᠭᠡᠨ ᠸᠠᠺᠼᠢᠨ ᠤ ᠦᠶᠯᠡᠳᠬᠦᠨ ᠢᠶᠠᠷ ᠲᠠᠷᠢᠯᠭ᠎ᠠ ᠬᠢᠯᠭᠡᠬᠦ ᠶᠢ ᠰᠠᠨᠠᠭᠤᠯᠵᠤ | ᠪᠠᠶᠢᠨ᠎ᠠ᠃ ᠬᠡᠷᠪᠡ ᠲᠤᠬᠠᠶ ᠶᠢᠨ ᠭᠠᠵᠠᠷ ᠤᠨ ᠸᠠᠺᠼᠢᠨ ᠢ ᠦᠷᠭᠦᠯᠵᠢᠯᠡᠨ ᠬᠠᠩᠭᠠᠵᠤ ᠳᠡᠶᠢᠯᠬᠦ ᠥᠬᠡᠶ ᠪᠤᠶᠤ ᠣᠨᠳᠣᠤ | ᠭᠠᠵᠠᠷ ᠲᠤ ᠳᠠᠷᠢᠬᠤ ᠵᠡᠷᠭᠡ ᠣᠨᠴᠠᠭᠠᠶ ᠪᠠᠶᠢᠳᠠᠯ ᠲᠣᠬᠢᠶᠠᠯᠳᠤᠵᠤ᠂ ᠠᠳᠠᠯᠢ ᠨᠢᠭᠡ ᠸᠠᠺᠼᠢᠨ ᠤ ᠦᠶᠯᠡᠳᠬᠦᠨ ᠢᠶᠠᠷ | ᠳᠠᠷᠢᠬᠤ ᠶᠢ ᠪᠡᠶᠡᠯᠡᠭᠦᠯᠬᠦ ᠶᠢᠨ ᠠᠷᠭ᠎ᠠ ᠥᠬᠡᠶ ᠪᠣᠯ ᠠᠳᠠᠯᠢ ᠲᠥᠷᠥᠯ ᠤᠨ ᠪᠤᠰᠤᠳ ᠦᠶᠯᠡᠳᠪᠦᠷᠢᠯᠡᠯ ᠤᠨ ᠠᠵᠤ | ᠠᠬᠤᠶᠢᠯᠠᠯ ᠤᠨ ᠸᠠᠺᠼᠢᠨ ᠤ ᠦᠶᠯᠡᠳᠬᠦᠨ ᠢ ᠲᠠᠷᠢᠭᠤᠯᠵᠤ ᠪᠣᠯᠤᠨ᠎ᠠ᠃ | 11. ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠢᠳᠡᠪᠬᠢ ᠦᠭᠡᠶᠢᠳᠡᠬᠦᠯᠦᠭᠰᠡᠨ ᠸᠠᠺᠼᠢᠨ ᠢ 2 ᠤᠳᠠᠭ᠎ᠠ | ᠳᠠᠷᠢᠬᠤ ᠴᠢᠬᠤᠯᠠᠲᠠᠶ᠂ ᠬᠡᠷᠪᠡ 2 ᠤᠳᠠᠭᠠᠨ ᠤ ᠲᠠᠷᠢᠯᠭ᠎ᠠ ᠶᠢ ᠵᠢᠷᠤᠮ ᠶᠣᠰᠤᠭᠠᠷ ᠲᠠᠷᠢᠭᠤᠯᠤᠭᠰᠠᠨ ᠥᠬᠡᠶ ᠪᠣᠯ | ᠡᠷᠲᠡᠬᠡᠨ ᠨᠥᠬᠦᠵᠦ ᠲᠠᠷᠢᠭᠤᠯᠬᠤ ᠶᠢ ᠰᠠᠨᠠᠭᠤᠯᠵᠤ ᠪᠠᠶᠢᠨ᠎ᠠ᠃ ᠳᠠᠬᠢᠵᠤ ᠡᠬᠢᠯᠡᠭᠦᠯᠦᠨ ᠲᠠᠷᠢᠭᠤᠯᠬᠤ ᠴᠢᠬᠤᠯᠠ ᠦᠭᠡᠢ | ᠂ ᠵᠣᠬᠢᠬᠤ ᠤᠳᠠᠭ᠎ᠠ ᠪᠠᠨ ᠨᠥᠬᠦᠵᠦ ᠲᠠᠷᠢᠭᠤᠯᠪᠠᠯ ᠪᠣᠯᠴᠢᠬᠠᠨ᠎ᠠ᠃ | 12. ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠢᠳᠡᠪᠬᠢ ᠥᠬᠡᠶᠢᠳᠡᠭᠦᠯᠦᠭᠰᠡᠨ ᠸᠠᠺᠼᠢᠨ ᠢ 14—21 | ᠡᠳᠦᠷ ᠲᠤ 2 ᠤᠳᠠᠭ᠎ᠠ ᠳᠠᠷᠢᠭᠤᠯᠤᠭᠰᠠᠨ ᠪᠣᠯ ᠨᠥᠬᠦᠵᠦ ᠳᠠᠷᠢᠭᠤᠯᠬᠤ ᠴᠢᠬᠤᠯᠠ ᠥᠬᠡᠶ᠃ | 13. ᠣᠳᠣᠬᠢ ᠱᠠᠲᠤᠨ ᠳᠤ ᠲᠠᠷᠬᠠᠯᠠᠭ᠎ᠠ ᠶᠢ ᠰᠠᠶᠢᠵᠢᠷᠠᠭᠤᠯᠬᠤ ᠪᠣᠰᠣᠳ ᠵᠦᠢᠯ ᠢ ᠬᠢᠭᠰᠡᠨ ᠤ ᠴᠢᠬᠤᠯᠠ ᠦᠭᠡᠢ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠢᠳᠡᠪᠬᠢ ᠥᠬᠡᠶᠢᠳᠡᠭᠦᠯᠦᠭᠰᠡᠨ ᠸᠠᠺᠼᠢᠨ ᠢ ᠲᠠᠰ ᠳᠠᠷᠠᠭᠠᠯᠠᠯ | ᠶᠣᠰᠣᠭᠠᠷ ᠬᠤᠶᠠᠷ ᠤᠳᠠᠭ᠎ᠠ ᠲᠠᠷᠢᠭᠤᠯᠪᠠᠯ ᠪᠣᠯᠴᠢᠬᠠᠨ᠎ᠠ᠃ | 14. ᠪᠤᠰᠤᠳ ᠪᠠᠶᠢᠳᠠᠯ ᠢ ᠲᠠᠷᠢᠯᠭ᠎ᠠ ᠶᠢᠨ ᠡᠮᠴᠢ ᠠᠴᠠ ᠠᠰᠠᠭᠤᠨ ᠯᠠᠪᠯᠠᠭᠠᠷᠠᠶ᠃ | 15. ᠳᠠᠬᠢᠷ ᠬᠦᠮᠦᠰ ᠪᠦᠳᠦᠭᠦᠨ ᠭᠤᠶ᠎ᠠ ᠶᠢᠨ ᠤᠷᠢᠳᠦ ᠲᠠᠯ᠎ᠠ ᠶᠢᠨ ᠳᠤᠮᠳᠠ ᠬᠡᠰᠡᠭ ᠤᠨ ᠪᠤᠯᠴᠢᠩ ᠳᠤ ᠲᠠᠷᠢᠭᠤᠯᠵᠤ | ᠪᠣᠯᠤᠨ᠎ᠠ᠃ |