ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠠᠴᠠ ᠪᠥᠬᠦ ᠬᠤᠰᠢᠭᠤᠨ ᠤ ᠠᠷᠠᠳ ᠲᠦᠮᠡᠨ ᠳᠤ ᠢᠯᠡᠭᠡᠬᠦ ᠨᠢᠭᠡᠨ ᠬᠤᠪᠢ ᠵᠠᠬᠢᠳᠠᠯ
ᠨᠡᠶᠢᠲᠡᠯᠡᠭᠰᠡᠨ ᠴᠠᠭ᠄
2021/8/3
ᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠲᠤ᠄       ᠣᠶᠢᠷ᠎ᠠ ᠶᠢᠨ ᠬᠤᠭᠤᠴᠠᠭᠠᠨ ᠳᠤ᠂ ᠪᠤᠰᠤᠳ ᠭᠠᠵᠠᠷ ᠠᠴᠠ ᠣᠷᠣᠵᠤ ᠢᠷᠡᠭᠰᠡᠨ ᠬᠠᠯᠳᠠᠪᠤᠷᠢᠯᠠᠭᠰᠠᠳ ᠠᠴᠠ ᠡᠭᠦᠰᠦᠯᠲᠡᠢ ᠲᠤᠰ ᠣᠷᠣᠨ ᠨᠤᠲᠤᠭ ᠤᠨ ᠴᠤᠭᠯᠠᠷᠠᠯ ᠤᠨ ᠴᠢᠨᠠᠷᠲᠠᠶ ᠬᠢᠵᠢᠭ ᠮᠠᠨ ᠤ ᠤᠯᠤᠰ ᠤᠨ ᠣᠯᠠᠨ ᠭᠠᠵᠠᠷ ᠲᠤ ᠳᠠᠷᠠᠭᠠᠯᠠᠨ ᠭᠠᠷᠴᠤ᠂ ᠣᠯᠠᠨ ᠮᠤᠵᠢ ︵ᠬᠤᠲᠠ︶ ᠳᠤ ᠲᠠᠷᠬᠠᠭᠰᠠᠨ ᠠᠴᠠ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠮᠠᠰᠢ ᠴᠢᠬᠤᠯᠠ ᠪᠣᠯᠵᠤ ᠪᠠᠶᠢᠨ᠎ᠠ᠃ ᠡᠭᠦᠨ ᠤ ᠳᠡᠭᠡᠷ᠎ᠡ ᠶᠠᠭ ᠰᠠᠶᠢᠬᠠᠨ ᠵᠣᠨ ᠤ ᠠᠮᠠᠷᠠᠯᠲᠠ ᠪᠠ ᠠᠶᠠᠯᠠᠯ ᠵᠢᠭᠤᠯᠴᠢᠯᠠᠯ ᠤᠨ ᠣᠷᠭᠢᠯ ᠤᠨ ᠬᠤᠭᠤᠴᠠᠭᠠᠨ ᠳᠤ ᠪᠠᠶᠢᠭ᠎ᠠ ᠪᠣᠯᠬᠤᠷ᠂ ᠬᠥᠮᠦᠨ ᠬᠠᠷ᠎ᠠ ᠶᠢᠨ ᠬᠦᠳᠡᠯᠭᠡᠭᠡᠨ ᠶᠡᠬᠡᠲᠡᠢ᠂ ᠶᠠᠪᠤᠵᠤ ᠰᠠᠭᠤᠬᠤ ᠬᠥᠮᠦᠨ ᠠᠷᠪᠢᠨ ᠪᠠᠶᠢᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠬᠤ ᠵᠠᠮ ᠢ ᠲᠠᠰᠤᠯᠬᠤ ᠨᠢ ᠮᠠᠰᠢ ᠴᠢᠬᠤᠯᠠ ᠶᠠᠪᠤᠳᠠᠯ ᠪᠣᠯᠣᠭᠠᠳ ᠪᠠᠶᠢᠨ᠎ᠠ᠃ ᠥᠷᠭᠡᠨ ᠣᠯᠠᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ᠂ ᠬᠢᠵᠢᠭ ᠲᠠᠷᠬᠠᠬᠤ ᠲᠦᠭᠰᠢᠭᠦᠷᠢ ᠶᠢ ᠪᠠᠭᠤᠷᠠᠭᠤᠯᠬᠤ ᠶᠢᠨ ᠲᠤᠯᠠᠳᠠ᠂ ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠠᠴᠠ ᠲᠠ ᠪᠦᠬᠦᠨ ᠳᠡᠭᠡᠨ ᠲᠣᠣᠷᠠᠬᠢ ᠵᠦᠢᠯᠡᠰ ᠢ ᠰᠠᠨᠠᠭᠤᠯᠵᠤ ᠪᠠᠶᠢᠨ᠎ᠠ᠄  ᠨᠢᠭᠡ᠂ ᠤᠷᠢᠳᠴᠢᠯᠠᠨ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠴᠠᠭ ᠲᠤᠬᠠᠶ ᠳᠤᠨᠢ ᠮᠡᠳᠡᠭᠦᠯᠦᠨ ᠳᠠᠩᠰᠠᠯᠠᠭᠤᠯᠤᠭᠠᠷᠠᠢ᠃ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠤ ᠬᠢᠵᠢᠭ ᠤᠨ ᠪᠠᠶᠢᠳᠠᠯ ᠳᠤ ᠠᠩᠬᠠᠷᠤᠯ ᠢᠶᠠᠨ ᠬᠠᠨᠳᠤᠭᠤᠯᠵᠤ᠂ ᠤᠯᠤᠰ ᠤᠨ ᠳᠣᠲᠣᠭᠠᠳᠤ ᠶᠢᠨ ᠣᠨᠣᠰᠢᠯᠠᠭᠰᠠᠨ ᠡᠪᠡᠳᠴᠢᠲᠡᠨ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠤᠨ ᠬᠦᠳᠡᠯᠭᠡᠭᠡᠨ ᠤ ᠵᠠᠮ ᠢ ᠴᠠᠭ ᠲᠤᠬᠠᠶ ᠳᠤᠨᠢ ᠣᠶᠢᠯᠠᠭᠠᠬᠤ ᠬᠡᠷᠡᠭᠲᠡᠶ᠃ ᠥᠩᠭᠡᠷᠡᠭᠰᠡᠨ 14 ᠬᠤᠨᠤᠭ ᠤᠨ ᠬᠤᠭᠤᠴᠠᠭᠠᠨ ᠳᠤ ᠬᠢᠯᠢ ᠶᠢᠨ ᠭᠠᠳᠠᠨ᠎ᠠ ᠠᠴᠠ ᠤᠯᠤᠰ ᠲᠠᠭᠠᠨ ᠪᠤᠴᠠᠵᠤ ᠢᠷᠡᠭᠰᠡᠨ ᠬᠦᠮᠦᠰ᠂ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠳᠡᠰ ᠤᠨ ᠬᠢᠵᠢᠭ ᠤᠨ ᠳᠥᠭᠰᠢᠭᠦᠷᠢᠲᠦ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠵᠢᠴᠢ ᠣᠨᠣᠰᠢᠯᠠᠭᠳᠠᠭᠰᠠᠨ ᠡᠪᠡᠳᠴᠢᠲᠡᠨ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠲᠠᠢ ᠵᠠᠮ ᠨᠡᠶᠢᠯᠡᠭᠰᠡᠨ ᠬᠥᠮᠦᠰ ᠪᠠᠶᠢᠪᠠᠯ᠂ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠠ ᠪᠠᠶᠢᠭᠤᠯᠭ᠎ᠠ ᠨᠢᠭᠡᠴᠡ  ᠳᠡᠭᠡᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠵᠤ᠂ ᠬᠠᠷᠢᠶ᠎ᠠ ᠭᠠᠵᠠᠷ ᠤᠨ ᠲᠤᠰᠠᠭᠠᠷᠯᠠᠨ ᠬᠠᠮᠢᠶᠠᠷᠤᠯᠲᠠ᠂ ᠪᠥᠭᠡᠮ ᠬᠦᠴᠢᠯ ᠤᠨ ᠪᠠᠶᠢᠴᠠᠭᠠᠯᠲᠠ᠂ ᠡᠷᠡᠭᠦᠯ ᠮᠡᠨᠳᠦ ᠶᠢᠨ ᠪᠠᠶᠢᠴᠠᠭᠠᠯᠲᠠ ᠵᠡᠷᠭᠡ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ ᠮᠡᠳᠡᠭᠦᠯᠬᠦ ᠶᠢ ᠲᠡᠪᠴᠢᠬᠦ᠂ ᠬᠠᠮᠵᠢᠯᠴᠠᠬᠤ ᠥᠬᠡᠶ ᠪᠣᠶᠣ ᠬᠢᠵᠢᠭ ᠢ ᠰᠡᠷᠭᠡᠶᠢᠯᠡᠬᠦ ᠠᠵᠢᠯ ᠲᠤ ᠰᠠᠭᠠᠳ ᠪᠣᠯᠣᠭᠰᠠᠨ ᠬᠦᠮᠦᠰ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠪᠣᠯᠤᠨ᠎ᠠ᠃  ᠬᠤᠶᠠᠷ᠂ ᠰᠠᠶᠢᠨ ᠰᠠᠶᠢᠬᠠᠨ ᠵᠣᠷᠰᠢᠯ ᠳᠠᠳᠬᠠᠯ ᠲᠠᠢ ᠪᠣᠯᠵᠤ᠂ ᠬᠤᠪᠢ ᠶᠢᠨ ᠬᠠᠮᠠᠭᠠᠯᠠᠯᠲᠠ ᠪᠠᠨ ᠰᠠᠶᠢᠨ ᠬᠢᠭᠡᠷᠡᠢ᠃ ᠠᠮᠠᠪᠴᠢ ᠵᠡᠭᠦᠬᠦ ᠨᠢ ᠮᠥᠨ ᠯᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠬᠠᠮᠤᠭ ᠤᠨ ᠲᠥᠬᠦᠮ ᠪᠥᠭᠡᠳ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠪᠣᠯᠤᠨ᠎ᠠ᠃ ᠥᠷᠭᠡᠨ ᠣᠯᠠᠨ ᠰᠠᠭᠤᠭᠠᠯᠢ ᠠᠷᠠᠳ ᠠᠮᠠᠪᠴᠢ ᠵᠡᠭᠦᠬᠦ᠂ ᠭᠠᠷ ᠢᠶᠠᠨ ᠪᠠᠶᠢᠩᠭᠤ ᠤᠬᠢᠶᠠᠬᠤ᠂ ᠴᠣᠩᠬᠤ ᠪᠠᠨ ᠣᠩᠭᠤᠶᠢᠯᠭᠠᠬᠤ᠂ ᠬᠤᠭᠤᠷᠤᠨᠳᠤᠬᠢ ᠵᠠᠢ ᠪᠠᠨ ᠪᠠᠲᠤᠯᠠᠬᠤ ᠂ ᠣᠯᠠᠭᠤᠯᠠ ᠴᠤᠭᠯᠠᠷᠠᠬᠤ ᠥᠬᠡᠶ ᠪᠠᠶᠢᠬᠤ᠂ ᠨᠡᠶᠢᠲᠡ ᠶᠢᠨ ᠰᠠᠪᠬ᠎ᠠ ᠬᠡᠷᠡᠭᠯᠡᠬᠦ ᠵᠡᠷᠭᠡ ᠡᠷᠡᠭᠦᠯ ᠰᠠᠶᠢᠬᠠᠨ ᠵᠣᠷᠰᠢᠯ ᠳᠠᠳᠬᠠᠯ ᠪᠠ ᠠᠮᠢᠳᠤᠷᠠᠯ ᠤᠨ ᠬᠡᠪ ᠮᠠᠶ᠋ᠢᠭ ᠢ ᠦᠷᠭᠦᠯᠵᠢᠯᠡᠨ ᠰᠠᠬᠢᠬᠤ ᠶᠢ ᠪᠠᠲᠤᠯᠠᠭᠠᠷᠠᠶ᠃ ᠲᠦᠷᠢᠶᠡᠰᠦᠨ ᠮᠠᠰᠢᠨ ᠤ ᠵᠢᠯᠣᠭᠤᠴᠢ ᠨᠠᠷ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠤᠬᠤᠴᠠᠲᠠᠢ ᠬᠡᠷᠡᠭᠵᠢᠭᠦᠯᠵᠦ᠂ ᠪᠡᠶ᠎ᠡ ᠶᠢᠨ ᠳᠤᠯᠠᠭᠠᠨ ᠤ ᠬᠡᠮᠵᠢᠯᠲᠡ᠂ ᠲᠡᠷᠭᠡ ᠬᠦᠰᠭᠡᠨ ᠤ ᠠᠷᠢᠭᠤᠳᠬᠠᠯ᠂ ᠰᠠᠯᠬᠢ ᠠᠭᠠᠷ ᠤᠨ ᠨᠡᠪᠲᠡᠷᠡᠯᠲᠡ ᠶᠢ ᠪᠠᠲᠤᠯᠠᠵᠤ᠂ ᠪᠦᠬᠦ ᠠᠶᠠᠯᠠᠯ ᠤᠨ ᠶᠠᠪᠤᠴᠠ ᠳᠤ ᠪᠠᠨ ᠠᠮᠠᠪᠴᠢ ᠵᠡᠭᠦᠬᠦ ᠶᠢᠨ ᠬᠠᠮᠲᠤ ᠠᠶᠠᠨᠴᠢᠳ ᠤᠨ ᠠᠮᠠᠪᠴᠢ ᠵᠡᠬᠦᠬᠦ ᠶᠢ ᠱᠠᠭᠠᠷᠳᠠᠬᠤ ᠬᠡᠷᠡᠭᠳᠡᠢ᠃ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠴᠡᠪᠡᠷᠯᠡᠯᠲᠡ ᠠᠷᠢᠭᠤᠳᠬᠠᠯ ᠢ ᠢᠳᠡᠪᠬᠢᠲᠡᠶ ᠬᠢᠵᠦ᠂ ᠥᠨᠴᠥᠭ ᠪᠤᠯᠤᠩ ᠢ ᠴᠡᠪᠡᠷᠯᠡᠬᠦ᠂ ᠬᠢᠵᠢᠭ ᠡᠭᠦᠰᠭᠡᠬᠦ ᠠᠮᠢᠲᠠᠨ ᠢ ᠤᠰᠠᠳᠬᠠᠬᠤ᠂ ᠬᠤᠭ ᠨᠣᠪᠰᠢ ᠶᠢ ᠠᠩᠭᠢᠵᠢᠭᠤᠯᠬᠤ᠂ ᠬᠦᠷᠢᠶ᠎ᠡ ᠬᠠᠰᠢᠶ᠎ᠠ ᠶᠢ ᠨᠣᠭᠤᠭᠠᠷᠠᠭᠤᠯᠤᠨ ᠭᠤᠶᠣᠵᠢᠭᠤᠯᠬᠤ ᠭᠡᠬᠦ ᠮᠡᠲᠦ ᠪᠠᠷ ᠠᠮᠢᠳᠤᠷᠠᠯ ᠤᠨ ᠣᠷᠴᠢᠨ ᠲᠣᠭᠤᠷᠢᠨ ᠤ ᠪᠠᠨ ᠠᠷᠢᠭᠤᠨ ᠴᠡᠪᠡᠷ ᠢ ᠪᠠᠲᠤᠯᠠᠵᠤ ᠪᠠᠶᠢᠭᠠᠭᠠᠷᠠᠢ᠃ᠭᠤᠷᠪᠠ᠂ ᠠᠶᠠᠯᠠᠯ ᠢᠶᠠᠨ ᠵᠦᠢ ᠵᠣᠬᠢᠰᠲᠠᠶ ᠲᠣᠬᠢᠷᠠᠭᠤᠯᠵᠤ᠂ ᠬᠢᠵᠢᠭ ᠲᠤ ᠬᠠᠯᠳᠠᠪᠤᠷᠢᠯᠠᠭᠳᠠᠬᠤ ᠠᠴᠠ ᠬᠢᠴᠢᠶᠡᠭᠡᠷᠡᠢ᠃ ᠱᠠᠭᠠᠷᠳᠠᠯᠭ᠎ᠠ ᠦᠭᠡᠢ ᠪᠣᠯ ᠬᠢᠯᠢ ᠠᠴᠠ ᠭᠠᠷᠬᠤ ᠥᠬᠡᠶ ᠪᠠᠶᠢᠬᠤ᠂ ᠭᠠᠳᠠᠭᠰᠢ ᠭᠠᠷᠬᠤ ᠦᠭᠡᠢ ᠪᠠᠶᠢᠬᠤ᠂ ᠠᠶᠠᠯᠠᠨ ᠵᠢᠭᠤᠯᠴᠢᠯᠠᠬᠤ ᠥᠬᠡᠶ ᠪᠠᠶᠢᠬᠤ ᠶᠢ ᠪᠠᠷᠢᠮᠲᠠᠯᠠᠵᠤ᠂ ᠢᠯᠠᠩᠭᠤᠶ᠎ᠠ ᠳᠤᠮᠳᠠ ᠥᠨᠳᠥᠷ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠳᠤ ᠣᠴᠢᠵᠤ ᠪᠣᠯᠬᠤ ᠦᠭᠡᠢ᠂ ᠲᠣᠰ ᠭᠠᠵᠠᠷ ᠣᠷᠣᠨ ᠠᠴᠠ ᠮᠠᠨ ᠤ ᠬᠤᠰᠢᠭᠤᠨ  ᠳᠤ ᠪᠤᠴᠠᠵᠤ ᠢᠷᠡᠬᠦ ᠪᠠᠷ ᠪᠠᠶᠢᠭ᠎ᠠ ᠬᠦᠮᠦᠰ ᠴᠤ ᠠᠶᠠᠯᠠᠯ ᠢᠶᠠᠨ ᠲᠦᠷ ᠬᠤᠶᠢᠰᠢᠯᠠᠭᠤᠯᠬᠤ ᠶᠢ ᠢᠳᠬᠠᠨ ᠰᠠᠨᠠᠭᠤᠯᠵᠤ ᠪᠠᠶᠢᠨ᠎ᠠ᠃ ᠬᠡᠷᠪᠡ ᠣᠨᠴᠠᠭᠠᠢ ᠰᠢᠯᠲᠠᠭᠠᠨ ᠢᠶᠠᠷ ᠲᠡᠳᠡᠭᠡᠷ ᠭᠠᠵᠠᠷ ᠤᠳ ᠲᠤ ᠣᠴᠢᠬᠤ ᠱᠠᠭᠠᠷᠳᠠᠯᠭ᠎ᠠ ᠲᠠᠢ ᠪᠣᠯ᠂ ᠬᠤᠪᠢ ᠶᠢᠨ ᠬᠠᠮᠠᠭᠠᠯᠠᠯᠲᠠ ᠪᠠᠨ ᠰᠠᠶᠢᠲᠤᠷ ᠬᠢᠵᠦ᠂ ᠮᠣᠷᠳᠠᠬᠤ ᠠᠴᠠ ᠪᠠᠨ ᠡᠮᠦᠨ᠎ᠡ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠪᠠᠨ ᠳᠠᠩᠰᠠᠯᠠᠭᠤᠯᠵᠤ᠂ ᠪᠠᠶᠢᠭᠤᠯᠭ᠎ᠠ ᠨᠢᠭᠡᠴᠡ ᠳᠡᠭᠡᠨ ᠮᠡᠳᠡᠭᠦᠯᠦᠨ᠂ ᠵᠣᠷᠢᠬᠤ ᠭᠠᠵᠠᠷ  ᠤᠨ ᠢᠶᠠᠨ ᠬᠢᠵᠢᠭ ᠤᠨ ᠪᠠᠶᠢᠳᠠᠯ ᠢ ᠤᠷᠢᠳᠴᠢᠯᠠᠨ ᠪᠠᠶᠢᠴᠠᠭᠠᠨ ᠯᠠᠪᠯᠠᠵᠤ᠂ ᠲᠤᠬᠠᠶ ᠶᠢᠨ ᠭᠠᠵᠠᠷ ᠤᠨ ᠬᠢᠵᠢᠭ ᠤᠨ ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠵᠢᠷᠤᠮᠯᠠᠨ᠂ ᠪᠦᠬᠦ ᠠᠶᠠᠯᠠᠯ ᠤᠨ ᠲᠤᠷᠰᠢᠳᠠ ᠬᠤᠪᠢ ᠶᠢᠨ ᠬᠠᠮᠠᠭᠠᠯᠠᠯᠲᠠ ᠪᠠᠨ ᠰᠠᠶᠢᠳᠤᠷ ᠬᠢᠬᠦ ᠶᠢᠨ ᠬᠠᠮᠲᠤ ᠪᠤᠴᠠᠵᠤ ᠢᠷᠡᠭᠰᠡᠨ ᠤ ᠳᠠᠷᠠᠭ᠎ᠠ ᠳᠠᠷᠤᠶᠢᠬᠠᠨ ᠳᠡᠭᠡᠭᠰᠢ ᠮᠡᠳᠡᠭᠦᠯᠬᠦ ᠬᠡᠷᠡᠭᠲᠡᠶ᠃ᠳᠥᠷᠪᠡ᠂ ᠰᠡᠷᠭᠡᠶᠢᠯᠡᠯᠲᠡ ᠶᠢᠨ ᠳᠥᠷᠢᠮ ᠲᠣᠭᠲᠠᠭᠠᠯ ᠢ ᠳᠠᠭᠠᠵᠤ᠂ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠭᠦᠢᠴᠡᠳᠭᠡᠬᠦ ᠬᠡᠷᠡᠭᠲᠡᠶ᠃ ᠮᠠᠰᠢᠨ ᠲᠡᠷᠭᠡᠨ ᠤ ᠥᠷᠲᠡᠭᠡ᠂ ᠳᠡᠯᠭᠡᠭᠦᠷ ᠬᠤᠷᠰᠢᠶ᠎ᠠ᠂ ᠵᠣᠴᠢᠳ ᠤᠨ ᠪᠠᠭᠤᠳᠠᠯ᠂ ᠲᠠᠷᠢᠶᠠᠯᠠᠩ ᠤᠨ ᠪᠦᠳᠦᠭᠡᠭᠳᠡᠭᠦᠨ ᠤ ᠵᠠᠬ᠎ᠠ ᠳᠡᠯᠭᠡᠭᠦᠷ᠂ ᠡᠮᠴᠢᠯᠡᠭᠡᠨ ᠤ ᠪᠠᠶᠢᠭᠤᠯᠤᠮᠵᠢ᠂ ᠺᠢᠨᠣ᠋ ᠲᠢᠶᠠᠲᠷ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠪᠠ ᠵᠢᠭᠤᠯᠴᠢᠯᠠᠯ ᠤᠨ ᠭᠠᠵᠠᠷ ᠵᠢᠴᠢ ᠵᠢᠭᠤᠯᠴᠢᠯᠠᠯ ᠤᠨ ᠦᠶᠯᠡᠴᠢᠯᠡᠭᠡᠨ ᠤ ᠲᠠᠯᠠᠪᠤᠷ  ᠲᠤ ᠣᠷᠣᠬᠤ ᠳᠤ ᠪᠠᠨ ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠭᠠᠷ ᠢᠶᠠᠨ ᠠᠷᠢᠭᠤᠳᠬᠠᠬᠤ᠂ ᠠᠮᠠᠪᠴᠢ ᠵᠡᠭᠦᠬᠦ ᠵᠡᠷᠭᠡ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠳᠤ ᠢᠳᠡᠪᠬᠢᠲᠠᠢ ᠬᠠᠮᠵᠢᠯᠴᠠᠬᠤ ᠬᠡᠷᠡᠭᠲᠡᠶ᠃ᠲᠠᠪᠤ᠂ ᠤᠬᠠᠭᠤᠯᠭ᠎ᠠ ᠰᠤᠷᠲᠠᠯᠴᠢᠯᠠᠭ᠎ᠠ ᠶᠢ ᠰᠠᠶᠢᠨ ᠬᠢᠵᠦ᠂ ᠬᠤᠷᠠᠵᠤ ᠴᠤᠭᠯᠠᠷᠠᠬᠤ ᠶᠢ ᠪᠠᠭᠠᠰᠬᠠᠭᠠᠷᠠᠢ᠃ ᠲᠦᠷᠦ ᠶᠢᠨ ᠠᠯᠪᠠ ᠬᠠᠭᠠᠭᠴᠢᠳ᠂ ᠨᠠᠮ ᠤᠨ ᠭᠡᠰᠢᠭᠦᠨ ᠺᠠᠳ᠋ᠷ ᠳᠠᠶᠢᠯᠠᠯᠭ᠎ᠠ᠂ ᠨᠠᠶᠢᠷ ᠴᠤᠭᠯᠠᠭᠠᠨ ᠭᠡᠬᠦ ᠮᠡᠲᠦ ᠶᠢᠨ ᠠᠵᠢᠯᠯᠠᠭ᠎ᠠ ᠳᠤ ᠣᠷᠣᠯᠴᠠᠬᠤ ᠥᠬᠡᠶ ᠪᠠᠶᠢᠵᠤ᠂ ᠬᠢᠵᠢᠭ ᠢ ᠰᠡᠷᠭᠡᠶᠢᠯᠡᠬᠦ ᠤᠬᠠᠭᠤᠯᠭ᠎ᠠ ᠰᠤᠷᠲᠠᠯᠴᠢᠯᠠᠭ᠎ᠠ ᠶᠢ ᠳᠠᠶᠢᠴᠢᠯᠠᠨ ᠬᠢᠬᠦ ᠶᠣᠰᠤᠲᠠᠢ᠃ ᠥᠷᠭᠡᠨ ᠣᠯᠠᠨ ᠰᠠᠭᠤᠭᠠᠯᠢ ᠠᠷᠠᠳ ᠬᠤᠷᠠᠵᠤ ᠴᠤᠭᠯᠠᠷᠠᠬᠤ ᠪᠠᠨ ᠠᠯᠢ ᠪᠣᠯᠬᠤ ᠪᠠᠷ ᠪᠠᠭᠠᠰᠬᠠᠵᠤ᠂ ᠬᠥᠮᠦᠨ ᠶᠡᠬᠡᠲᠡᠢ᠂ ᠰᠠᠯᠬᠢ ᠨᠡᠪᠲᠡᠷᠡᠬᠦ ᠦᠭᠡᠢ ᠣᠯᠠᠨ ᠨᠡᠶᠢᠲᠡ ᠶᠢᠨ ᠭᠠᠵᠠᠷ ᠢᠶᠠᠷ ᠶᠠᠪᠤᠬᠤ ᠠᠴᠠ ᠵᠠᠶᠢᠯᠠᠰᠬᠢᠵᠦ᠂ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠳᠡᠰ ᠤᠨ ᠬᠢᠵᠢᠭ ᠳᠦᠭᠰᠢᠭᠦᠷᠢᠲᠦ ᠭᠠᠵᠠᠷ ᠣᠷᠣᠨ ᠠᠴᠠ ᠬᠦᠮᠦᠨ ᠤᠷᠢᠬᠤ ᠦᠭᠡᠢ ᠪᠠᠶᠢᠵᠤ᠂ ᠭᠡᠷ ᠪᠦᠯᠢ ᠶᠢᠨ ᠴᠤᠭᠯᠠᠭᠠᠨ ᠢ 10 ᠬᠦᠷᠬᠦ ᠦᠭᠡᠢ ᠬᠦᠮᠦᠨ ᠢᠶᠠᠷ ᠬᠢᠵᠠᠭᠠᠷᠯᠠᠬᠤ ᠬᠡᠷᠡᠭᠲᠡᠶ᠃ᠵᠢᠷᠭᠤᠭ᠎ᠠ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠴᠠᠭ ᠲᠤᠬᠠᠶ ᠳᠤᠨᠢ ᠰᠣᠳᠣᠯᠬᠤ᠂ ᠣᠨᠤᠰᠢᠯᠠᠬᠤ᠂ ᠡᠮᠴᠢᠯᠡᠬᠦ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠯᠭᠠᠬᠤ᠂ ᠬᠤᠭᠤᠯᠠᠶ ᠡᠪᠡᠳᠬᠦ᠂ ᠦᠨᠦᠷᠯᠡᠬᠦ ︵ᠠᠮᠲᠠᠯᠠᠬᠤ︶ ᠰᠡᠷᠡᠯ ᠮᠠᠭᠤᠳᠠᠬᠤ᠂ ᠭᠦᠶᠦᠯᠭᠡᠬᠦ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠥᠪᠡᠷ ᠢᠶᠠᠨ ᠡᠮ ᠬᠤᠳᠠᠯᠳᠤᠨ ᠠᠪᠴᠤ ᠤᠤᠭᠤᠵᠤ ᠪᠣᠯᠬᠤ ᠥᠬᠡᠶ᠂ ᠬᠤᠪᠢ ᠶᠢᠨ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠣᠤᠷ᠎ᠠ ᠣᠶᠢᠷ᠎ᠠ ᠬᠠᠪᠢ ᠶᠢᠨ ᠬᠠᠯᠠᠭᠤᠷᠠᠭᠰᠠᠨ ᠡᠪᠡᠳᠴᠢᠲᠡᠨ ᠢ ᠡᠮᠴᠢᠯᠡᠨ ᠣᠨᠣᠰᠢᠯᠠᠬᠤ ᠡᠭᠦᠳᠡᠨ ᠡᠮᠨᠡᠯᠭᠡ ᠳᠤ ᠬᠦᠷᠴᠦ ᠣᠨᠤᠰᠢᠯᠭ᠎ᠠ ᠡᠮᠴᠢᠯᠡᠭᠡ ᠬᠢᠯᠭᠡᠭᠡᠷᠡᠢ᠂ ᠮᠥᠨ ᠡᠮᠴᠢ ᠳᠤ ᠣᠴᠢᠬᠤ ᠵᠠᠮ ᠳᠠᠭᠠᠨ ᠨᠡᠶᠢᠲᠡ ᠶᠢᠨ ᠮᠠᠰᠢᠨ ᠳᠤ ᠰᠠᠭᠤᠬᠤ ᠠᠴᠠ ᠵᠠᠶᠢᠯᠠᠰᠬᠢᠬᠦ ᠬᠡᠷᠡᠭᠳᠡᠢ᠃ᠳᠣᠯᠤᠭ᠎ᠠ᠂ ᠬᠡᠦᠬᠡᠳ ᠤᠨ ᠡᠷᠡᠭᠦᠯ ᠮᠡᠨᠳᠦ ᠳᠤ ᠠᠩᠬᠠᠷᠴᠤ᠂ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠠᠶᠢᠪᠤᠩ ᠢ ᠨᠢ ᠪᠠᠲᠤᠯᠠᠭᠠᠷᠠᠢ᠃ ᠵᠣᠨ ᠤ ᠠᠮᠠᠷᠠᠯᠲᠠ ᠶᠢᠨ ᠬᠤᠭᠤᠴᠠᠭᠠᠨ ᠳᠤ᠂ ᠬᠡᠷ ᠤᠨ ᠠᠬᠠᠮᠠᠳ ᠨᠠᠷ ᠬᠡᠦᠬᠡᠳ  ᠤᠨ ᠢᠶᠠᠨ ᠡᠷᠡᠭᠦᠯ ᠮᠡᠨᠳᠦ ᠳᠤ ᠠᠩᠬᠠᠷᠴᠤ᠂ ᠢᠳᠡᠭᠡᠨ ᠤᠮᠳᠠᠭᠠᠨ ᠤ ᠡᠷᠡᠭᠦᠯ ᠬᠠᠮᠠᠭᠠᠯᠠᠯ ᠢ ᠠᠩᠬᠠᠷᠤᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠠᠴᠠ ᠰᠡᠷᠭᠡᠶᠢᠯᠡᠬᠦ ᠶᠢᠨ ᠬᠠᠮᠲᠤ ᠬᠠᠨᠢᠶᠠᠳᠤ ᠲᠠᠭᠰᠢᠭᠤᠷ᠂ ᠨᠣᠷᠧ ᠸᠢᠷᠦ᠋ᠰ᠂ ᠭᠠᠷ᠂ ᠬᠥᠯ᠂ ᠠᠮᠠᠨ ᠬᠥᠨᠳᠡᠶ ᠶᠢᠨ ᠡᠪᠡᠳᠴᠢᠨ ᠭᠡᠬᠦ ᠮᠡᠲᠦ ᠶᠢᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠠᠳᠡᠯ ᠣᠰᠣᠯ ᠠᠴᠠ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠨ ᠬᠢᠭᠡᠷᠡᠶ᠃ᠨᠠᠶᠮᠠ᠂ ᠰᠠᠨᠠᠭᠠᠴᠢᠯᠠᠭ᠎ᠠ ᠠᠴᠠ ᠪᠠᠨ ᠰᠢᠨᠵᠢᠯᠡᠬᠦ ᠤᠬᠠᠭᠠᠨ ᠤ ᠮᠡᠳᠡᠯᠭᠡ ᠶᠢ ᠰᠤᠷᠤᠯᠴᠠᠵᠤ᠂ ᠬᠢᠵᠢᠭ ᠢ ᠰᠡᠷᠭᠡᠶᠢᠯᠡᠬᠦ ᠶᠡᠷᠦ ᠶᠢᠨ ᠮᠡᠳᠡᠯᠭᠡ ᠶᠢ ᠡᠵᠡᠮᠰᠢᠬᠦ ᠬᠡᠷᠡᠭᠲᠡᠶ᠃ ᠬᠢᠵᠢᠭ ᠢ ᠤᠷᠢᠳᠴᠢᠯᠠᠨ ᠰᠡᠷᠭᠡᠶᠢᠯᠡᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ ᠡᠷᠡᠭᠦᠯ ᠮᠡᠨᠳᠦ ᠶᠢᠨ ᠮᠡᠳᠡᠯᠭᠡ ᠪᠠ ᠬᠢᠵᠢᠭ ᠢ ᠰᠡᠷᠭᠡᠶᠢᠯᠡᠬᠦ ᠶᠡᠷᠦ ᠶᠢᠨ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠤᠬᠠᠭᠤᠯᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ᠃ᠶᠢᠰᠦ᠂ ᠸᠠᠺᠼᠢᠨ ᠢ ᠢᠳᠡᠪᠬᠢᠲᠡᠶ ᠲᠠᠷᠢᠭᠤᠯᠵᠤ᠂ ᠨᠡᠶᠢᠲᠡ ᠶᠢ ᠳᠠᠷᠬᠠᠯᠠᠭ᠎ᠠ ᠶᠢ ᠪᠠᠶᠢᠭᠤᠯᠤᠶ᠎ᠠ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠪᠣᠯ ᠬᠢᠵᠢᠭ ᠢ ᠰᠡᠷᠭᠡᠶᠢᠯᠡᠨ ᠬᠤᠷᠢᠭᠯᠠᠬᠤ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠠᠷᠠᠳ ᠢᠷᠭᠡᠳ ᠤᠨ ᠭᠦᠶᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠮᠥᠨ᠂ ᠲᠠᠷᠢᠯᠭ᠎ᠠ ᠬᠢᠬᠦ ᠨᠥᠬᠦᠴᠡᠯ ᠳᠤ ᠨᠡᠶᠢᠴᠡᠭᠰᠡᠨ ᠰᠠᠭᠤᠭᠠᠯᠢ ᠠᠷᠠᠳ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠶᠢᠷ᠎ᠠ ᠬᠠᠪᠢ  ᠶᠢᠨ ᠸᠠᠺᠼᠢᠨ ᠤ ᠲᠠᠷᠢᠯᠭ᠎ᠠ ᠬᠢᠬᠦ ᠭᠠᠵᠠᠷ ᠲᠤ ᠬᠦᠷᠴᠦ ᠲᠠᠷᠢᠯᠭ᠎ᠠ ᠬᠢᠯᠭᠡᠵᠦ᠂ ︽ᠲᠠᠷᠢᠭᠤᠯᠬᠤ ᠵᠣᠬᠢᠰᠲᠠᠢ ᠨᠢ ᠪᠦᠬᠦᠨ ᠢᠶᠠᠷ ᠢᠶᠠᠨ ᠲᠠᠷᠢᠭᠤᠯᠬᠤ︾ ᠶᠢ ᠪᠡᠶᠡᠯᠡᠭᠦᠯᠵᠦ᠂ ᠨᠡᠶᠢᠲᠡ ᠶᠢᠨ ᠲᠠᠷᠬᠠᠯᠠᠭ᠎ᠠ ᠶᠢ ᠬᠠᠮᠲᠤ ᠪᠠᠷ ᠴᠣᠭᠴᠠᠯᠠᠶ᠎ᠠ᠃ᠠᠷᠪᠠ᠂ ᠡᠷᠡᠭᠦᠯ ᠰᠡᠳᠬᠢᠴᠡ ᠲᠠᠢ ᠪᠠᠶᠢᠵᠤ᠂ ᠬᠢᠵᠢᠭ ᠲᠠᠢ ᠲᠡᠮᠡᠴᠡᠬᠦ ᠢᠲᠡᠭᠡᠯ ᠵᠣᠷᠢᠭ ᠢᠶᠠᠨ ᠪᠠᠬᠢᠵᠢᠭᠦᠯᠦᠶ᠎ᠡ᠃ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠮᠡᠳᠡᠭᠡᠯᠡᠯ᠂ ᠤᠷᠢᠳᠴᠢᠯᠠᠨ ᠰᠡᠷᠭᠡᠶᠢᠯᠡᠬᠦ ᠮᠡᠳᠡᠭᠳᠡᠯ ᠤᠨ ᠲᠠᠯ᠎ᠠ ᠪᠠᠷ ᠠᠯᠪᠠᠨ ᠶᠣᠰᠣᠨ ᠤ ᠡᠷᠬᠡ ᠰᠦᠷᠲᠦ ᠨᠡᠶᠢᠲᠡᠯᠡᠯ᠂ ᠠᠯᠪᠠᠨ ᠤ ᠵᠠᠭᠤᠴᠢᠯᠠᠭᠤᠷ ᠰᠤᠪᠠᠭ ᠤᠳ ᠠᠴᠠ ᠣᠶᠢᠯᠠᠭᠠᠨ᠂ ᠡᠯ᠎ᠡ ᠱᠠᠲᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠠᠯᠬᠤ ᠠᠵᠢᠯ ᠤᠨ ᠵᠢᠯᠣᠭᠤᠳᠬᠤ ᠬᠡᠯᠲᠡᠰ ᠠᠴᠠ ᠨᠡᠶᠢᠲᠡᠯᠡᠭᠰᠡᠨ ᠠᠯᠪᠠᠨ ᠵᠠᠷᠯᠠᠯ ᠳᠤ ᠠᠩᠬᠠᠷᠤᠯ ᠢᠶᠠᠨ ᠬᠠᠨᠳᠤᠭᠤᠯᠵᠤ᠂ ᠴᠤᠤᠷᠬᠠᠯ ᠲᠠᠷᠬᠠᠭᠠᠬᠤ ᠥᠬᠡᠶ᠂ ᠴᠤᠤᠷᠬᠠᠯ ᠢ ᠢᠲᠡᠭᠡᠬᠦ ᠥᠬᠡᠶ ᠪᠠᠶᠢᠵᠤ᠂ ᠨᠡᠶᠢᠭᠡᠮ ᠤᠨ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠵᠤ᠂ ᠬᠢᠵᠢᠭ ᠢ ᠰᠡᠷᠭᠡᠶᠢᠯᠡᠨ ᠬᠤᠷᠢᠭᠯᠠᠬᠤ ᠲᠣᠭᠲᠠᠭᠠᠯ ᠢ ᠵᠢᠷᠤᠮᠯᠠᠨ ᠳᠠᠭᠠᠬᠤ ᠬᠡᠷᠡᠭᠲᠡᠶ᠃ ᠬᠢᠵᠢᠭ ᠤᠨ ᠡᠮᠦᠨ᠎ᠡ᠂ ᠪᠢᠳᠡ ᠪᠦᠭᠦᠳᠡᠭᠡᠷ ᠢᠶᠠᠨ ᠳᠤᠤᠭᠠᠷᠪᠠᠯ ᠲᠠᠭᠤ ᠨᠢᠭᠡᠲᠡᠢ ᠳᠤᠭᠲᠤᠷᠪᠠᠯ ᠬᠦᠴᠦ ᠨᠢᠭᠡᠲᠡᠢ ᠪᠠᠶᠢᠵᠤ᠂ ᠬᠠᠮᠲᠤ ᠪᠠᠷ ᠢᠶᠠᠨ ᠬᠠᠲᠠᠭᠤ ᠬᠠᠯᠠᠬᠠᠪᠴᠢ ᠪᠠᠶᠢᠭᠤᠯᠤᠨ᠂ ᠬᠢᠵᠢᠭ ᠢ ᠢᠯᠠᠨ ᠳᠠᠪᠠᠭ᠋ᠤ ᠢᠲᠡᠭᠡᠯ ᠵᠣᠷᠢᠭ ᠢᠶᠠᠨ ᠪᠠᠲᠤᠳᠬᠠᠶ᠎ᠠ᠃                              ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ  ᠠᠴᠠ ᠬᠠᠯᠳᠠᠪᠤᠷᠢᠯᠠᠭᠰᠠᠨ                              ᠠᠭᠤᠰᠬᠢᠨ ᠦᠷᠪᠢᠰᠦᠯ ᠢ ᠰᠡᠷᠭᠡᠶᠢᠯᠡᠨ‌ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ                                                    2021 ᠣᠨ ᠤ 8 ᠰᠠᠷ᠎ᠠ ᠶᠢᠨ 1  ᠤ ᠡᠳᠦᠷᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号