ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠᠷᠯᠠᠯ  ︵11ᠳ᠋ᠦ᠋ᠭᠡᠷ ᠲᠣᠭᠠᠲᠤ︶
ᠨᠡᠶᠢᠲᠡᠯᠡᠭᠰᠡᠨ ᠴᠠᠭ᠄
2021/8/3
ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠᠷᠯᠠᠯ ︵11ᠳ᠋ᠦ᠋ᠭᠡᠷ ᠲᠣᠭᠠᠲᠤ︶           2021 ᠣᠨ ᠤ 7 ᠰᠠᠷ᠎ᠠ ᠶᠢᠨ 20 ᠤ ᠡᠳᠦᠷ ᠠᠴᠠ ᠨᠠᠰᠢ᠂ ᠨᠠᠨᠵᠢᠩ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠰᠠᠳ ᠵᠠᠯᠭᠠᠭ᠎ᠠ ᠪᠠᠷ ᠨᠡᠮᠡᠭᠳᠡᠵᠦ᠂ ᠨᠢᠭᠡᠨᠲᠡ ᠣᠯᠠᠨ ᠮᠤᠵᠢ ᠬᠤᠲᠠ ᠳᠤ ᠳᠡᠯᠭᠡᠷᠡᠭᠰᠡᠨ ᠪᠠᠶᠢᠨ᠎ᠠ᠃ ᠣᠳᠣ ᠶᠢᠨ ᠲᠠᠷᠬᠠᠵᠤ ᠪᠠᠶᠢᠭ᠎ᠠ ᠬᠤᠤᠷᠲᠤ ᠸᠢᠷᠦ᠋ᠰ ᠨᠢ ᠭᠤᠣᠯᠳᠠᠭᠤ ᠳ᠋ᠧᠯᠲ᠋ᠠ ᠶᠢᠨ ᠣᠨᠳᠣᠤᠰᠢᠭᠰᠠᠨ ᠸᠢᠷᠦ᠋ᠰ ᠪᠠᠶᠢᠵᠤ᠂ ᠲᠠᠷᠬᠠᠬᠤ ᠨᠢ ᠬᠤᠷᠳᠤᠨ᠂ ᠪᠡᠶ᠎ᠡ ᠳᠣᠲᠣᠷ᠎ᠠ ᠦᠷᠡᠵᠢᠬᠦ ᠨᠢ ᠲᠦᠷᠭᠡᠨ ᠵᠡᠷᠭᠡ ᠣᠨᠴᠠᠯᠢᠭ ᠲᠠᠢ᠃ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠤᠯᠠᠮ ᠴᠢᠩᠭᠠᠳᠬᠠᠬᠤ ᠶᠢᠨ ᠲᠤᠯᠠᠳᠠ᠂ ᠡᠳᠦᠭᠡ ᠬᠠᠮᠢᠶ᠎ᠠ ᠪᠦᠬᠦᠢ ᠵᠦᠢᠯᠡᠰ ᠢ ᠵᠠᠷᠯᠠᠶ᠎ᠠ᠄           ᠨᠢᠭᠡ᠂ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠳᠤ ᠠᠩᠬᠠᠷᠤᠯ ᠢᠶᠠᠨ ᠬᠠᠨᠳᠤᠭᠤᠯᠵᠤ᠂ 14 ᠬᠤᠨᠤᠭ ᠤᠨ ᠳᠣᠲᠤᠷ᠎ᠠ᠂ ᠬᠢᠵᠢᠭ ᠤᠨ ᠳᠦᠭᠰᠢᠭᠦᠷᠢ ᠶᠡᠬᠡᠲᠡᠢ ᠭᠠᠵᠠᠷ ᠣᠷᠣᠨ ᠳᠤ ᠣᠴᠢᠵᠤ ᠦᠩᠭᠡᠷᠡᠭᠰᠡᠨ ᠪᠤᠶᠤ ᠬᠢᠵᠢᠭ ᠬᠠᠯᠳᠠᠪᠤᠷᠢᠯᠠᠬᠤ ᠪᠣᠯᠣᠮᠵᠢ ᠦᠨᠳᠦᠷ ᠲᠠᠯᠠᠪᠤᠷ ᠤᠳ ᠢᠶᠠᠷ ᠣᠷᠣᠵᠤ ᠭᠠᠷᠤᠭᠰᠠᠨ᠂ ᠣᠨᠣᠰᠢᠯᠠᠭᠳᠠᠭᠰᠠᠨ ᠡᠪᠡᠳᠴᠢᠲᠡᠨ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠲᠠᠢ ᠵᠠᠮ ᠨᠡᠶᠢᠯᠡᠭᠰᠡᠨ ᠬᠥᠮᠦᠰ ᠬᠤᠰᠢᠭᠤᠨ ᠳᠤ ᠬᠦᠷᠦᠭᠰᠡᠨ ᠤ ᠳᠠᠷᠠᠭ᠎ᠠ ᠳᠠᠷᠤᠶᠢᠬᠠᠨ ᠥᠪᠡᠷ ᠤᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠣᠯᠤᠨ ᠪᠠᠶᠢᠭᠤᠯᠭ᠎ᠠ ᠨᠢᠭᠡᠴᠡ ︵ᠪᠤᠶᠤ ᠰᠠᠭᠤᠭ᠎ᠠ ᠵᠣᠴᠢᠳ ᠤᠨ ᠪᠠᠭᠤᠳᠠᠯ︶ ᠳᠤ ᠮᠡᠳᠡᠭᠦᠯᠬᠦ ᠬᠡᠷᠡᠭᠲᠡᠶ᠃ ᠬᠢᠵᠢᠭ ᠤᠨ ᠳᠦᠭᠰᠢᠭᠦᠷᠢ ᠶᠡᠬᠡᠲᠡᠶ ᠭᠠᠵᠠᠷ ᠣᠷᠣᠨ ᠠᠴᠠ ᠰᠢᠯᠤᠭᠤᠨ ᠬᠥᠬᠡ ᠬᠤᠰᠢᠭᠤᠨ ᠳᠤ ᠪᠤᠴᠠᠬᠤ ᠬᠥᠮᠦᠰ ᠲᠤ ᠴᠥᠮ ︽14 ᠬᠤᠨᠤᠭ ᠨᠢᠭᠡᠳᠦᠯᠲᠡᠢ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠳᠤᠮᠳᠠ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠠᠴᠠ ᠰᠢᠯᠤᠭᠤᠨ ᠬᠥᠬᠡ ᠬᠤᠰᠢᠭᠤᠨ ᠳᠤ ᠪᠤᠴᠠᠬᠤ ᠬᠥᠮᠦᠰ ᠲᠤ ᠴᠥᠮ ︽14 ᠬᠤᠨᠤᠭ ᠬᠡᠷ  ᠲᠡᠭᠡᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠲᠤᠰᠠᠭᠠᠷᠯᠠᠨ ᠠᠵᠢᠭᠯᠠᠬᠤ 1᠂ 4᠂ 7᠂ 10᠂ 14 ᠳ᠋ᠦ᠋ᠭᠡᠷ ᠡᠳᠦᠷ ᠲᠤ ᠲᠣᠰ ᠪᠦᠷᠢ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃          ᠬᠤᠶᠠᠷ᠂ ᠥᠨᠥᠳᠥᠷ ᠠᠴᠠ ᠡᠬᠢᠯᠡᠨ᠂ ᠡᠮᠴᠢᠯᠡᠭᠡᠨ ᠤ ᠪᠠᠶᠢᠭᠤᠯᠤᠮᠵᠢ᠂ ᠨᠠᠰᠤᠲᠠᠶᠢᠴᠤᠳ ᠤᠨ ᠠᠰᠠᠷᠠᠮᠵᠢ ᠶᠢᠨ ᠭᠠᠵᠠᠷ᠂ ᠵᠣᠴᠢᠳ ᠤᠨ ᠪᠠᠭᠤᠳᠠᠯ᠂ ᠵᠤᠭ᠎ᠠ ᠴᠡᠩᠭᠡᠯ ᠤᠨ ᠭᠠᠵᠠᠷ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ ᠪᠢᠳᠡᠭᠦᠮᠵᠢᠯᠡᠵᠦ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠭᠠᠯᠲᠤ ᠲᠡᠷᠭᠡᠨ ᠥᠷᠲᠡᠭᠡ ᠵᠢᠴᠢ ᠬᠥᠮᠦᠨ ᠣᠯᠠᠨ ᠴᠤᠭᠯᠠᠷᠠᠳᠠᠭ ᠣᠯᠠᠨ ᠨᠡᠶᠢᠲᠡ ᠶᠢᠨ ᠲᠠᠯᠠᠪᠤᠷ᠂ ᠨᠡᠶᠢᠲᠡ ᠶᠢᠨ ᠲᠡᠭᠡᠭᠡᠪᠦᠷᠢ ᠶᠢᠨ ᠮᠠᠰᠢᠨ᠂ ᠵᠢᠭᠤᠯᠴᠢᠯᠠᠯ ᠤᠨ ᠭᠠᠵᠠᠷ ︵ᠬᠦᠷᠢᠶᠡᠯᠡᠩ︶ ᠵᠡᠷᠭᠡ ᠬᠦᠮᠦᠨ ᠬᠠᠷ᠎ᠠ ᠣᠯᠠᠨᠲᠠᠢ ᠭᠠᠵᠠᠷ ᠣᠷᠣᠨ ᠪᠠ ᠪᠠᠶᠢᠭᠤᠯᠤᠮᠵᠢ ᠨᠢ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ A ᠲᠠᠰ ᠠᠴᠠ ᠳᠡᠭᠡᠭᠰᠢᠬᠢ ᠵᠢᠭᠤᠯᠴᠢᠯᠠᠯ ᠤᠨ ᠭᠠᠵᠠᠷ ᠨᠢ ︽ᠲᠤᠭ᠎ᠠ ᠶᠢ ᠬᠢᠵᠠᠭᠠᠷᠯᠠᠬᠤ᠂ ᠪᠣᠯᠵᠣᠬᠤ᠂ ᠡᠭᠡᠯᠵᠢᠯᠡᠭᠦᠯᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠭᠤᠯᠴᠢᠯᠠᠭᠴᠢᠳ ᠢ ᠭᠥᠯᠢᠶᠡᠨ ᠠᠪᠬᠤ ᠲᠤᠭ᠎ᠠ ᠶᠢ ᠬᠢᠵᠠᠭᠠᠷᠯᠠᠨ᠎ᠠ᠃ ᠣᠯᠠᠨ ᠨᠡᠶᠢᠲᠡ ᠶᠢᠨ ᠲᠡᠭᠡᠭᠡᠪᠦᠷᠢ ᠶᠢᠨ ᠠᠵᠢᠯᠲᠠᠨ ᠨᠢ  ᠸᠠᠺᠼᠢᠨ ᠤ ᠲᠠᠷᠢᠯᠭ᠎ᠠ ᠬᠢᠬᠦ᠂ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠ ᠡᠷᠡᠭᠦᠯ ᠮᠡᠨᠳᠦ  ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ᠃          ᠭᠤᠷᠪᠠ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠣᠷᠣᠨ ᠳᠤ ᠣᠷᠣᠨ ᠨᠤᠲᠤᠭ ᠤᠨ ᠡᠪᠡᠳᠴᠢᠨ ᠤ ᠵᠢᠱᠢᠶ᠎ᠡ ᠢᠯᠡᠷᠡᠭᠰᠡᠨ ᠪᠣᠯᠬᠤᠷ᠂ ᠣᠶᠢᠷ᠎ᠠ ᠶᠢᠨ ᠬᠤᠭᠤᠴᠠᠭᠠᠨ ᠳᠤ ᠣᠷᠣᠨ ᠨᠤᠲᠤᠭ ᠤᠨ ᠬᠢᠵᠢᠭ ᠢᠯᠡᠷᠡᠭᠰᠡᠨ ᠬᠤᠲᠠ᠂ ᠭᠠᠵᠠᠷ ᠣᠷᠣᠨ ᠳᠤ ᠵᠢᠭᠤᠯᠴᠢᠯᠠᠬᠤ ᠪᠣᠶᠣ ᠲᠣᠮᠢᠯᠠᠯᠲᠠ ᠪᠠᠷ ᠣᠴᠢᠬᠤ᠂ ᠡᠷᠭᠢᠵᠦ ᠲᠣᠭᠤᠷᠢᠵᠤ ᠪᠣᠯᠬᠤ ᠦᠭᠡᠢ᠃ ᠬᠡᠷᠪᠡ ᠡᠷᠬᠡᠪᠰᠢ ᠣᠴᠢᠬᠤ ᠱᠠᠭᠠᠷᠳᠠᠯᠭ᠎ᠠ ᠲᠠᠢ ᠪᠣᠯ ᠬᠤᠪᠢ ᠶᠢᠨ ᠬᠠᠮᠠᠭᠠᠯᠠᠯᠲᠠ ᠪᠠᠨ ᠰᠠᠶᠢᠨ ᠬᠢᠵᠦ᠂ ᠬᠤᠰᠢᠭᠤᠨ ᠳᠤ ᠪᠤᠴᠠᠬᠤ ᠠᠴᠠ ᠪᠠᠨ ᠡᠮᠦᠨ᠎ᠡ᠂ ᠪᠠᠶᠢᠭᠤᠯᠭ᠎ᠠ ᠨᠢᠭᠡᠴᠡ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠪᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠳᠡᠢ᠃ ᠥᠨᠥᠳᠦᠷ ᠠᠴᠠ ᠡᠬᠢᠯᠡᠨ ᠂ ᠡᠯ᠎ᠡ ᠱᠠᠲᠤᠨ ᠤ ᠪᠠᠶᠢᠭᠤᠯᠭ᠎ᠠ ᠨᠢᠭᠡᠴᠡ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠠᠶᠢᠮᠠᠭ ᠤᠨ ᠭᠠᠳᠠᠨᠠᠬᠢ ᠪᠦᠯᠬᠦᠮ ᠨᠡᠶᠢᠲᠡ ᠶᠢᠨ ᠴᠢᠨᠠᠷᠲᠠᠶ ᠠᠵᠢᠯᠯᠠᠭ᠎ᠠ ᠶᠢ ᠵᠣᠬᠢᠶᠠᠨ ᠪᠠᠶᠢᠭᠤᠯᠬᠤ ᠶᠢ ᠲᠦᠷ ᠵᠣᠭᠰᠣᠭᠠᠬᠤ ᠶᠢᠨ ᠬᠠᠮᠲᠤ ᠲᠣᠰ ᠨᠢᠭᠡᠴᠡ ᠶᠢᠨ ᠢᠶᠠᠨ ᠺᠠᠳ᠋ᠷ ᠠᠵᠢᠯᠲᠠᠨ ᠵᠢᠴᠢ ᠬᠡᠷ ᠪᠦᠯᠢ ᠶᠢᠨ ᠬᠥᠮᠦᠰ ᠢ ᠠᠶᠢᠮᠠᠭ ᠠᠴᠠ ᠭᠠᠷᠴᠤ ᠵᠢᠭᠤᠯᠴᠢᠯᠠᠨ ᠵᠣᠭᠠᠴᠠᠬᠤ ᠪᠠᠨ ᠬᠤᠶᠢᠰᠢᠯᠠᠭᠤᠯᠬᠤ ᠶᠢ ᠰᠠᠨᠠᠭᠤᠯᠬᠤ ᠬᠡᠷᠡᠭᠳᠡᠢ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠨᠢ ᠥᠷᠭᠡᠨ ᠣᠯᠠᠨ ᠪᠠᠭᠰᠢ ᠰᠤᠷᠤᠭᠴᠢᠳ ᠤᠨ ᠵᠣᠨ ᠤ ᠠᠮᠠᠷᠠᠯᠲᠠ ᠳᠤ ᠪᠠᠨ ᠠᠯᠢ ᠪᠣᠯᠬᠤ ᠪᠠᠷ ᠠᠶᠢᠮᠠᠭ ᠤᠨ ᠳᠣᠲᠣᠷ᠎ᠠ  ᠪᠠᠨ ᠵᠢᠭᠤᠯᠴᠢᠯᠠᠬᠤ ᠶᠢ ᠰᠠᠨᠠᠭᠤᠯᠤᠨ ᠵᠢᠯᠣᠭᠤᠳᠴᠤ᠂ ᠠᠶᠢᠮᠠᠭ ᠠᠴᠠ ᠭᠠᠷᠴᠤ ᠵᠢᠭᠤᠯᠴᠢᠯᠠᠬᠤ ᠶᠢ ᠲᠦᠷ ᠬᠤᠶᠢᠰᠢᠯᠠᠭᠤᠯᠬᠤ ᠬᠡᠷᠡᠭᠲᠡᠶ᠂ ᠬᠡᠷᠪᠡ ᠡᠷᠬᠡᠪᠰᠢ ᠣᠴᠢᠬᠤ ᠴᠢᠬᠤᠯᠠᠲᠠᠶ ᠪᠣᠯ᠂ ᠰᠤᠷᠭᠠᠭᠤᠯᠢ ᠡᠬᠢᠯᠡᠬᠦ ᠠᠴᠠ 14 ᠡᠳᠦᠷ ᠤᠨ ᠡᠮᠦᠨ᠎ᠡ ᠪᠤᠴᠠᠵᠤ ᠢᠷᠡᠬᠦ ᠬᠡᠷᠡᠭᠲᠡᠶ᠃          ᠳᠥᠷᠪᠡ᠂ ᠣᠶᠢᠷ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ  ᠨᠢ ᠱᠠᠭᠠᠷᠳᠠᠯᠭ᠎ᠠ ᠦᠭᠡᠢ ᠪᠣᠯ ᠲᠣᠮᠣ ᠬᠡᠯᠪᠡᠷᠢ ᠶᠢᠨ ᠠᠵᠢᠯᠯᠠᠭ᠎ᠠ ᠡᠷᠬᠢᠯᠡᠵᠦ ᠪᠣᠯᠬᠤ ᠦᠭᠡᠢ᠂ ᠬᠡᠷᠪᠡ ᠵᠠᠪᠠᠯ ᠡᠷᠬᠢᠯᠡᠬᠦ ᠱᠠᠭᠠᠷᠳᠠᠯᠭ᠎ᠠ ᠲᠠᠢ ᠪᠣᠯ ᠰᠡᠷᠭᠡᠶᠢᠯᠡᠨ ᠬᠤᠷᠢᠭᠯᠠᠬᠤ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠵᠤ᠂ ᠬᠠᠷᠢᠶ᠎ᠠ ᠭᠠᠵᠠᠷ᠂ ᠭᠤᠤᠯᠯᠠᠨ ᠡᠷᠭᠢᠯᠡᠭᠰᠡᠨ ᠨᠢᠭᠡᠴᠡ ᠵᠡᠷᠭᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠵᠦᠶᠯ ᠤᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠲᠣᠮᠣ ᠬᠡᠯᠪᠡᠷᠢ ᠶᠢᠨ ᠬᠤᠷᠠᠯ᠂ ᠦᠵᠡᠰᠬᠦᠯᠡᠩ᠂ ᠰᠢᠯᠭᠠᠯᠲᠠ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠡᠵᠡᠮᠳᠡᠵᠦ᠂ ᠴᠢᠬᠤᠯᠠ ᠪᠤᠰᠤ ᠴᠤᠭᠯᠠᠷᠠᠯ ᠢ ᠪᠠᠭᠠᠰᠬᠠᠨ᠂ ᠠᠯᠢ ᠪᠣᠯᠬᠤ ᠪᠠᠷ ᠰᠦᠯᠵᠢᠶᠡᠨ ᠳᠡᠭᠡᠷ᠎ᠡ ᠶᠠᠪᠤᠭᠳᠠᠭᠤᠯᠤᠨ᠎ᠠ᠃ ᠭᠠᠳᠠᠷ ᠣᠷᠣᠨ ᠠᠴᠠ ᠰᠢᠯᠤᠭᠤᠨ ᠬᠥᠬᠡ ᠬᠤᠰᠢᠭᠤᠨ ᠳᠤ ᠬᠤᠷᠠᠯ᠂ ᠤᠷᠤᠯᠳᠤᠭᠠᠨ ᠵᠡᠷᠭᠡ ᠬᠠᠮᠲᠤ ᠶᠢᠨ ᠠᠵᠢᠯᠯᠠᠭ᠎ᠠ ᠳᠤ ᠣᠷᠣᠯᠴᠠᠬᠤ ᠬᠥᠮᠦᠰ ᠡᠷᠬᠡᠪᠰᠢ 72 ᠴᠠᠭ ᠤᠨ ᠲᠣᠳᠤᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠵᠤ᠂ ᠬᠢᠵᠢᠭ ᠤᠨ ᠰᠡᠷᠭᠡᠶᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠥᠬᠦᠶ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ ᠴᠠᠭ ᠲᠤᠬᠠᠶ ᠳᠤᠨᠢ ᠬᠤᠷᠠᠯ᠂ ᠠᠵᠢᠯᠯᠠᠭ᠎ᠠ ᠡᠷᠭᠢᠯᠡᠬᠦ ᠲᠠᠯ᠎ᠠ ᠳᠤ ᠮᠡᠳᠡᠭᠦᠯᠬᠦ ᠬᠡᠷᠡᠭᠲᠡᠶ᠃          ᠲᠠᠪᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠠᠷᠠᠳ ᠢᠷᠭᠡᠨ ᠨᠢᠭᠡᠪᠦᠷᠢ ᠶᠢᠨ ᠭᠦᠶᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠮᠥᠨ᠂ ᠨᠥᠬᠦᠴᠡᠯ ᠳᠤ ᠨᠡᠶᠢᠴᠡᠬᠦ ᠲᠠᠷᠢᠯᠭ᠎ᠠ ᠬᠢᠭᠡᠳᠦᠶ ᠰᠠᠭᠤᠭᠠᠯᠢ ᠠᠷᠠᠳ ᠳᠠᠷᠤᠶ ᠲᠦᠷᠭᠡᠨ ᠲᠠᠷᠢᠯᠭ᠎ᠠ ᠬᠢᠯᠭᠡᠵᠦ᠂ ᠰᠢᠨ᠎ᠡ ᠲᠢᠲᠢᠮᠯᠢᠭ ᠸᠢᠷᠦ᠋ᠰ ᠤᠨ ᠲᠠᠷᠬᠠᠯᠠᠭᠠᠨ ᠤ ᠬᠠᠯᠬᠠᠪᠴᠢ ᠶᠢ ᠬᠠᠮᠲᠤ ᠪᠠᠷ ᠴᠣᠭᠴᠠᠯᠠᠶ᠎ᠠ᠃          ᠵᠢᠷᠭᠤᠭ᠎ᠠ᠂ ᠬᠤᠪᠢ ᠶᠢᠨ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠂ ᠢᠯᠠᠩᠭᠤᠶ᠎ᠠ ᠣᠯᠠᠨ ᠨᠡᠶᠢᠲᠡ ᠶᠢᠨ ᠮᠠᠰᠢᠨ ᠳᠤ ᠰᠠᠭᠤᠬᠤ ᠵᠢᠴᠢ ᠬᠥᠮᠦᠨ ᠣᠯᠠᠨᠲᠠᠢ ᠭᠠᠵᠠᠷ ᠣᠴᠢᠬᠤ ᠳᠠᠭᠠᠨ ᠠᠮᠠᠪᠴᠢ ᠵᠡᠭᠦᠬᠦ ᠬᠡᠷᠡᠭᠲᠡᠶ᠃ ᠨᠢᠰᠬᠡᠯ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠳᠠᠭᠠᠨ ᠣᠯᠠᠨ ᠨᠡᠶᠢᠲᠡ ᠶᠢᠨ ᠬᠡᠷᠡᠭᠰᠡᠯ ᠲᠠᠢ ᠠᠯᠢ ᠪᠣᠯᠬᠤ ᠪᠠᠷ ᠦᠢᠷᠠᠳᠤᠬᠤ ᠦᠭᠡᠢ ᠪᠠᠶᠢᠵᠤ᠂ ᠢᠳᠡᠵᠦ ᠤᠤᠭᠤᠬᠤ ᠪᠠᠨ ᠪᠠᠭᠠᠰᠬᠠᠬᠤ ᠬᠡᠷᠡᠭᠲᠡᠶ᠃ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠬᠤᠭᠤᠷᠤᠨᠳᠤᠬᠢ ᠵᠠᠢ ᠪᠠᠨ ᠪᠠᠲᠤᠯᠠᠨ᠂ ᠣᠯᠠᠭᠤᠯᠠ ᠴᠤᠭᠯᠠᠷᠠᠬᠤ ᠥᠬᠡᠶ ᠪᠠᠶᠢᠵᠤ᠂ ᠭᠠᠷ ᠢᠶᠠᠨ ᠦᠷᠭᠦᠯᠵᠢ ᠤᠬᠢᠶᠠᠨ᠂ ᠴᠣᠩᠬᠤ ᠪᠠᠨ ᠣᠩᠭᠤᠶᠢᠯᠠᠭᠵᠤ᠂ ᠬᠠᠮᠲᠤ ᠪᠠᠷ ᠬᠤᠭᠤᠯᠠᠯᠠᠬᠤ ᠪᠠᠨ ᠪᠠᠭᠠᠰᠬᠠᠨ᠂ ᠲᠤᠰᠠᠭᠠᠷ ᠬᠤᠭᠤᠯᠠᠯᠠᠬᠤ ᠲᠦᠷᠢᠮ ᠢ ᠵᠢᠷᠤᠮᠯᠠᠵᠤ᠂ ᠨᠡᠶᠢᠲᠡ ᠶᠢᠨ ᠰᠠᠪᠬ᠎ᠠ ᠬᠡᠷᠡᠭᠯᠡᠨ᠂ ᠬᠠᠨᠢᠶᠠᠬᠤ᠂ ᠨᠠᠶᠢᠲᠠᠭᠠᠬᠤ ᠦᠶ᠎ᠡ ᠳᠤ ᠴᠠᠭᠠᠰᠤ᠂ ᠠᠯᠴᠢᠭᠤᠷ ᠪᠤᠶᠤ ᠲᠣᠬᠤᠶ ᠬᠠᠨᠴᠤᠶ ᠪᠠᠷ  ᠢᠶᠠᠨ ᠬᠠᠯᠬᠠᠯᠠᠬᠤ ᠵᠡᠷᠭᠡ ᠡᠷᠡᠭᠦᠯ ᠬᠠᠮᠠᠭᠠᠯᠠᠯ ᠤᠨ ᠳᠠᠳᠬᠠᠯ ᠪᠠ ᠠᠮᠢᠳᠤᠷᠠᠯ ᠤᠨ ᠠᠷᠭ᠎ᠠ ᠮᠠᠶ᠋ᠢᠭ ᠢ ᠪᠠᠷᠢᠮᠲᠠᠯᠠᠬᠤ ᠬᠡᠷᠡᠭᠲᠡᠶ᠃ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠣᠤᠷ᠎ᠠ᠂ ᠳᠠᠷᠤᠢ ᠲᠦᠷᠭᠡᠨ ᠣᠶᠢᠷ᠎ᠠ ᠬᠠᠪᠢ ᠶᠢᠨ ᠬᠠᠯᠠᠭᠤᠷᠠᠭᠰᠠᠨ ᠡᠪᠡᠳᠴᠢᠲᠡᠨ ᠢ ᠡᠮᠨᠡᠬᠦ ᠡᠭᠦᠳᠡᠨ ᠡᠮᠨᠡᠯᠭᠡ ᠳᠤ ᠬᠦᠷᠴᠦ ᠣᠨᠣᠰᠢᠯᠠᠭᠤᠯᠤᠨ ᠡᠮᠴᠢᠯᠡᠭᠦᠯᠦᠭᠡᠷᠡᠢ᠃ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ‌ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ2021 ᠣᠨ ᠤ 8 ᠰᠠᠷ᠎ᠠ ᠶᠢᠨ 2   ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号