| ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ | ᠯᠢ ᠺᠧ ᠴᠢᠶᠠᠩ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠦ ᠸᠠᠩ ᠶᠠᠩ ᠸᠠᠩ ᠬᠤ᠋ ᠨᠢᠩ ᠬᠠᠨ ᠵᠧᠩ | ᠣᠷᠣᠯᠴᠠᠪᠠ | ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 30 ᠤ ᠴᠠᠬᠢᠯᠭᠠᠨ ᠮᠡᠳᠡᠭᠡ 7 ᠰᠠᠷ᠎ᠠ ᠶᠢᠨ 28 ᠤ | ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠵᠦᠩ ᠨᠠᠨ ᠬᠠᠢ ᠳᠤ ᠨᠠᠮ ᠤᠨ ᠭᠠᠳᠠᠨᠠᠬᠢ | ᠬᠥᠮᠦᠰ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠤᠨ ᠳᠣᠣᠷ᠎ᠠ | ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ | ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ ᠤᠨ | ᠪᠤᠰᠤ ᠬᠥᠮᠦᠰ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠣᠨᠣᠰᠪᠠ᠃ ᠳᠤᠮᠳᠠᠳᠤ ᠤᠯᠤᠰ ᠤᠨ ᠡᠪ ᠬᠠᠮᠳᠤ | ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠶᠠᠷᠢᠯᠴᠠᠬᠤ ᠬᠤᠷᠠᠯ ᠢ ᠡᠷᠭᠢᠯᠡᠨ ᠴᠢᠬᠤᠯᠠ ᠶᠠᠷᠢᠶ᠎ᠠ | ᠲᠠᠯᠪᠢᠬᠤ ᠳᠠᠭᠠᠨ᠂ ᠣᠳᠣᠬᠠᠨ ᠤ ᠠᠵᠤ ᠠᠬᠤᠶ ᠶᠢᠨ ᠪᠠᠶᠢᠳᠠᠯ ᠢ ᠵᠥᠪ ᠢᠶᠠᠷ ᠲᠠᠨᠢᠵᠤ᠂ ᠦᠵᠡᠯ ᠰᠠᠨᠠᠭ᠎ᠠ ᠪᠣᠯᠤᠨ | ᠦᠢᠯᠡ ᠠᠵᠢᠯᠯᠠᠭ᠎ᠠ ᠪᠠᠨ ᠣᠳᠣᠬᠠᠨ ᠤ ᠠᠵᠤ ᠠᠬᠤᠶ ᠶᠢᠨ ᠪᠠᠶᠢᠳᠠᠯ ᠤᠨ ᠲᠤᠬᠠᠶ ᠳᠤᠮᠳᠠᠳᠤ ᠤᠯᠤᠰ ᠤᠨ ᠡᠪ ᠬᠠᠮᠳᠤ | ᠨᠠᠮ ᠤᠨ ᠲᠥᠪ ᠬᠤᠷᠢᠶᠠᠨ ᠤ ᠵᠠᠳᠠᠯᠤᠯᠲᠠ ᠮᠠᠭᠠᠳᠯᠠᠯᠲᠠ ᠪᠣᠯᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ | ᠨᠢᠭᠡᠳᠬᠡᠵᠦ᠂ ᠦᠨᠳᠦᠰᠦᠨ ᠱᠠᠲᠤᠨ ᠳᠤ ᠢᠯᠡᠭᠦᠬᠡᠨ ᠭᠦᠨᠵᠡᠭᠡᠶᠢᠷᠡᠵᠦ ᠠᠷᠭ᠎ᠠ ᠪᠣᠳᠣᠯᠭ᠎ᠠ ᠠᠰᠠᠭᠤᠨ ᠯᠠᠪᠯᠠᠵᠤ᠂ | ᠵᠢᠵᠢᠭ ᠰᠠᠵᠢᠭ ᠶᠠᠪᠤᠳᠠᠯ ᠠᠴᠠ ᠶᠡᠭᠡ ᠶᠤᠰᠤ ᠶᠢ ᠡᠷᠢᠵᠤ᠂ ᠢᠯᠡᠬᠦᠭᠡᠨ ᠰᠡᠳᠬᠢᠯ ᠰᠢᠮᠳᠡᠨ ᠭᠦᠨᠵᠡᠭᠡᠶ ᠰᠤᠳᠤᠯᠵᠤ᠂ | ᠥᠷᠭᠡᠨ ᠣᠯᠠᠨ ᠭᠡᠰᠢᠬᠦᠨ ᠪᠣᠯᠤᠨ ᠬᠠᠷᠢᠯᠴᠠᠵᠤ ᠪᠠᠶᠢᠭ᠎ᠠ ᠣᠯᠠᠨ ᠲᠦᠮᠡᠨ ᠢᠶᠠᠨ ᠬᠥᠲᠥᠯᠥᠨ ᠵᠢᠯᠣᠭᠤᠳᠴᠤ | ᠪᠠᠶᠢᠭᠠᠳ ᠠᠬᠠᠮᠠᠳ ᠨᠢᠭᠡ ᠦᠶ᠎ᠡ ᠶᠢᠨ ᠨᠠᠮ ᠤᠨ ᠭᠠᠳᠠᠨᠠᠬᠢ ᠬᠥᠮᠦᠰ ᠤᠨ ᠳᠤᠮᠳᠠᠳᠤ ᠤᠯᠤᠰ ᠤᠨ ᠡᠪ ᠬᠠᠮᠳᠤ | ᠨᠠᠮ ᠯᠤᠭ᠎ᠠ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠳᠣᠲᠣᠨᠣ ᠪᠠᠷ ᠬᠠᠮᠲᠤᠷᠠᠨ ᠠᠵᠢᠯᠯᠠᠭᠰᠠᠨ ᠰᠢᠯᠢᠳᠡᠭ | ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠬᠠᠮᠲᠤ ᠪᠠᠷ ᠲᠡᠮᠡᠴᠡᠬᠦ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ | ᠨᠢᠭᠲᠠᠷᠠᠭᠤᠯᠬᠤ ᠬᠡᠷᠡᠭᠲᠡᠶ ᠭᠡᠵᠤ ᠴᠢᠬᠤᠯᠠᠴᠢᠯᠠᠵᠠᠢ᠃ | ᠳᠤᠮᠳᠠᠳᠤ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠬᠠᠨ ᠵᠧᠩ ᠶᠠᠷᠢᠯᠴᠠᠬᠤ ᠬᠤᠷᠠᠯ ᠳᠤ | ᠣᠷᠣᠯᠴᠠᠪᠠ᠃ ᠯᠢ ᠺᠧ ᠴᠢᠶᠠᠩ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠨᠠᠶᠢᠳᠠᠯᠭ᠎ᠠ ᠪᠠᠷ | ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠦ᠂ ᠳᠣᠣᠷ᠎ᠠ ᠬᠠᠭᠠᠰ | ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠬᠤᠯᠪᠣᠭᠳᠠᠯ ᠪᠦᠬᠦᠢ ᠪᠣᠳᠣᠯᠬᠢᠯᠠᠯ ᠢ ᠲᠠᠨᠢᠯᠴᠠᠭᠤᠯᠪᠠ᠃ | ᠶᠠᠷᠢᠯᠴᠠᠬᠤ ᠬᠤᠷᠠᠯ ᠳᠡᠭᠡᠷ᠎ᠡ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶᠠᠨ ᠤ | ᠲᠡᠷᠢᠭᠦᠯᠡᠭᠴᠢ ᠸᠠᠨ ᠧ ᠰᠢᠶᠠᠩ᠂ ᠠᠷᠠᠳᠴᠢᠯᠠᠭᠰᠠᠨ ᠬᠤᠯᠪᠣᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠳ᠋ᠢᠩ | ᠵᠦᠩ ᠯᠢ᠂ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠬᠤᠤ | ᠮᠢᠩ ᠶᠢᠨ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠼᠠᠢ ᠳ᠋ᠠ ᠹᠧᠩ᠂ | ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠴᠧᠨ ᠵᠦ᠂ ᡁᠢᠬᠦ᠋ᠩᠳᠠᠩ | ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠸᠠᠨ ᠭᠠᠩ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ | ᠲᠥᠪ ᠬᠤᠷᠢᠶᠠᠨ ᠤ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ | ᠬᠤᠯᠪᠣᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠰᠦ᠋ ᠬᠤᠢ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠲᠡᠷᠢᠭᠦᠯᠡᠭᠴᠢ ᠭᠤᠤ ᠶᠦᠨ ᠯᠦᠩ᠂ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ ᠯᠢᠦ | ᠢ ᠤᠷᠢᠳ ᠬᠤᠵᠢᠳ ᠦᠭᠡ ᠬᠡᠯᠡᠪᠡ᠃ ᠲᠡᠳᠡ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ | ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ | ᠶᠠᠷᠢᠶ᠎ᠠ ᠨᠢ ᠬᠥᠮᠦᠰ ᠢ ᠤᠷᠮᠠᠰᠢᠭᠤᠯᠵᠤ᠂ ᠤᠷᠤᠬᠰᠢ ᠲᠠᠪᠰᠢᠬᠤ ᠶᠢ ᠵᠣᠷᠢᠭᠵᠢᠭᠤᠯᠤᠨ᠎ᠠ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠶᠢᠨ ᠵᠥᠪᠯᠡᠭᠴᠢ᠂ | ᠰᠠᠶᠢᠨ ᠬᠠᠪᠰᠤᠷᠤᠭᠴᠢ᠂ ᠰᠠᠶᠢᠨ ᠬᠠᠮᠲᠤ ᠠᠵᠢᠯᠯᠠᠭᠴᠢ ᠪᠤᠯᠵᠤ᠂ ᠨᠡᠶᠢᠭᠡᠮ ᠵᠢᠷᠤᠮᠳᠦ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ ᠭᠡᠵᠦ ᠢᠯᠡᠳᠬᠡᠵᠡᠭᠡᠪᠡ᠃ | ᠲᠡᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠣᠳᠣᠬᠠᠨ ᠤ ᠮᠠᠨ ᠤ ᠤᠯᠤᠰ ᠤᠨ ᠠᠵᠤ | ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠲᠠ ᠪᠠ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠤᠨ | ᠲᠤᠬᠠᠢ ᠪᠣᠳᠣᠯᠬᠢᠯᠠᠯ ᠢ ᠵᠥᠪᠰᠢᠶᠡᠷᠡᠵᠦ ᠪᠠᠶᠢᠨ᠎ᠠ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠭᠠᠳ ᠣᠯᠤᠭᠰᠠᠨ ᠯᠤᠲᠤ ᠶᠡᠭᠡ | ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠤ ᠬᠠᠮᠲᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ | ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ᠬᠤᠲᠠ ᠪᠠᠯᠭᠠᠰᠤᠨ ᠤ ᠬᠦᠴᠢᠷᠳᠡᠯᠲᠡᠶ ᠣᠯᠠᠨ ᠲᠦᠮᠡᠨ ᠢ | ᠬᠠᠪᠰᠤᠷᠤᠨ ᠬᠦᠴᠢᠷᠳᠡᠯ ᠠᠴᠠ ᠮᠤᠯᠳᠤᠷᠠᠭᠤᠯᠬᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠤᠨᠢᠨ ᠳᠡᠭᠡᠷ᠎ᠡ ᠨᠢ | ᠬᠠᠪᠰᠤᠷᠤᠨ ᠲᠡᠳᠬᠦᠬᠦ᠂ ᠪᠤᠬᠢᠷᠳᠤᠯ ᠦᠭᠡᠢ ᠮᠥᠩᠭᠦᠨ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠬᠤ᠂ ᠤᠯᠤᠰ ᠤᠨ ᠢᠷᠡᠭᠡᠳᠦᠢ ᠶᠢᠨ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ | ᠲᠡᠭᠦᠯᠳᠡᠷᠵᠢᠭᠦᠯᠬᠦ᠂ ᠪᠦᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠬᠤ᠂ ᠨᠡᠭᠦᠷᠡᠰᠦᠲᠥ᠋ᠷᠥᠭᠴᠢ ᠶᠢ | ᠪᠠᠭᠠᠰᠬᠠᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠨᠢᠭᠡ ᠴᠤᠬᠴᠠᠵᠢᠭᠤᠯᠤᠨ ᠲᠦᠯᠦᠪᠵᠢᠬᠦᠯᠬᠦ᠂ | ᠤᠯᠤᠰ ᠤᠨ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠨᠢᠭᠡᠳᠦᠯᠲᠡᠶ ᠲᠥᠯᠥᠪᠵᠢᠭᠦᠯᠦᠨ | ᠪᠠᠶᠢᠷᠢᠰᠢᠭᠤᠯᠬᠤ ᠶᠢ ᠴᠢᠩᠭᠠᠳᠬᠠᠬᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠲᠥᠷᠥ ᠶᠢᠨ ᠪᠣᠳᠣᠯᠭ᠎ᠠ ᠶᠢᠨ ᠦᠢᠯᠡᠳᠦᠯ ᠴᠢᠳᠠᠪᠬᠢ ᠶᠢ ᠳᠡᠭᠡᠭᠰᠢᠯᠡᠭᠦᠯᠬᠦ᠂ ᠬᠠᠶᠢᠨᠠᠨ ᠤ ᠴᠢᠯᠥᠭᠡᠲᠦ | ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ | ᠳᠤᠷᠠᠳᠪᠠ᠃ | ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ | ᠲᠠᠯᠪᠢᠪᠠ᠃ ᠲᠡᠷᠡ᠂ ᠵᠢᠯ ᠤᠨ ᠡᠬᠢᠨ ᠠᠴᠠ ᠨᠠᠭᠠᠰᠢ ᠪᠢᠳᠡ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ | ᠶᠡᠭᠡ ᠲᠠᠯ᠎ᠠ ᠶᠢ ᠨᠢᠭᠡᠳᠦᠯᠲᠡᠶ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠤᠷᠸ᠎ᠠ ᠲᠥᠷᠥ ᠶᠢᠨ ᠪᠣᠳᠣᠯᠭ᠎ᠠ ᠶᠢ ᠪᠦᠲᠦᠮᠵᠢᠲᠡᠶ | ᠬᠡᠷᠡᠭᠵᠢᠭᠦᠯᠵᠦ᠂ ᠠᠵᠤ ᠠᠬᠤᠶ ᠲᠣᠭᠲᠠᠭᠤᠨ ᠤ ᠳᠤᠮᠳᠠ ᠰᠠᠶᠢᠵᠢᠷᠠᠵᠤ᠂ ᠴᠢᠨᠠᠷ ᠰᠠᠶᠢᠲᠠᠶ ᠬᠥᠭᠵᠢᠯᠲᠡ ᠰᠢᠨ᠎ᠡ | ᠦᠷ᠎ᠡ ᠪᠦᠲᠦᠮᠵᠢ ᠣᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠠᠮ ᠪᠠᠶᠢᠭᠤᠯᠤᠭᠳᠠᠭᠰᠠᠨ | 100 ᠵᠢᠯ ᠤᠨ ᠣᠶ ᠶᠢ ᠪᠡᠯᠭᠡᠯᠡᠬᠦ ᠳᠤ ᠰᠠᠶᠢᠨ ᠰᠠᠶᠢᠬᠠᠨ ᠣᠷᠴᠢᠨ ᠨᠦᠬᠦᠴᠡᠯ ᠢ ᠪᠤᠢ ᠪᠤᠯᠭᠠᠨ ᠦᠭᠴᠦ᠂ ᠪᠥᠬᠦ | ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ ᠳᠡᠭᠡᠷ᠎ᠡ ᠬᠠᠭᠠᠰ ᠵᠢᠯ ᠳᠤ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ | ᠬᠥᠮᠦᠰ ᠨᠠᠮ ᠪᠣᠯᠤᠨ ᠤᠯᠤᠰ ᠤᠨ ᠭᠤᠣᠯ ᠠᠵᠢᠯ ᠤᠨ ᠲᠣᠭᠤᠷᠢᠨ ᠳᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ᠂ | ᠬᠥᠭᠵᠢᠯᠲᠡ ᠶᠢ ᠠᠬᠢᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠰᠢᠨ᠎ᠡ ᠦᠷ᠎ᠡ ᠪᠦᠲᠦᠮᠵᠢ | ᠣᠯᠪᠠ᠃ ᠨᠥᠬᠦᠳ ᠨᠡᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠭᠦᠨᠵᠡᠭᠡᠢ ᠥᠷᠨᠢᠭᠦᠯᠵᠦ᠂ ᠱᠠᠩᠬᠠᠢ᠂ ᠵᠧᠵᠢᠶᠠᠩ ᠤᠨ ᠵᠢᠶᠠ ᠰᠢᠩ ᠳᠤ ᠬᠦᠷᠴᠦ ᠬᠤᠪᠢᠰᠬᠠᠯ ᠤᠨ ᠤᠯᠠ ᠮᠥᠷ ᠢ | ᠡᠷᠢᠯᠬᠢᠯᠡᠵᠦ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ | ᠴᠢᠩᠭᠠᠳᠬᠠᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠵᠡᠷᠭᠡ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ 10 ᠭᠠᠷᠤᠢ | ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ | ᠬᠢᠵᠦ᠂ ᠠᠯᠢ ᠤᠯᠠᠨ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠪᠦᠷᠢᠯᠳᠦᠭᠦᠯᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ | ᠪᠤᠳᠤᠯᠭ᠎ᠠ ᠲᠣᠭᠲᠠᠭᠠᠬᠤ᠂ ᠪᠦᠲᠦᠮᠵᠢᠲᠡᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠳᠤ ᠴᠢᠬᠤᠯᠠ ᠯᠠᠪᠯᠠᠯᠲᠠ ᠬᠠᠩᠭᠠᠪᠠ | ︔ ᠰᠢᠨ᠎ᠡ ᠨᠢᠭᠡ ᠡᠭᠡᠯᠵᠢ ᠶᠢᠨ ᠲᠤᠰᠬᠠᠶ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠪᠠᠶᠢᠷᠢᠯᠠᠭᠤᠯᠤᠨ | ᠡᠬᠢᠯᠡᠭᠦᠯᠵᠦ᠂ ᠬᠥᠬᠡᠮᠥ᠋ᠷᠡᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠭᠤᠷᠢᠨ ᠳᠤ ᠬᠢᠨᠠᠯᠲᠠ | ᠲᠠᠯᠪᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ︔ ︽ᠲᠦᠮᠡᠨ ᠠᠵᠤ ᠠᠬᠤᠶᠢᠯᠠᠯ | ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢ ᠡᠬᠢᠯᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠬᠠᠷᠢᠶ᠎ᠠ | ᠬᠤᠳᠠᠯᠳᠤᠭᠠᠴᠢᠳ ᠤᠨ ᠡᠪᠯᠡᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠠᠢ ᠭᠡᠵᠦ ᠢᠯᠡᠳᠭᠡᠪᠡ᠃ ᠰᠢ ᠶᠢᠨ | ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ ᠤᠯᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠤᠯᠠᠨ ᠢᠶᠠᠷ ᠢᠶᠠᠨ ᠶᠠᠷᠢᠶᠠᠨ ᠳᠠᠭᠠᠨ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ | ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠪᠥᠭᠡᠳ ᠣᠳᠣᠬᠠᠨ ᠤ ᠠᠵᠤ ᠠᠬᠤᠢ ᠶᠢᠨ | ᠪᠠᠶᠢᠳᠠᠯ ᠢ ᠵᠥᠪ ᠲᠠᠨᠢᠬᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ | ᠬᠠᠨᠳᠤᠯᠭᠠᠲᠤ ᠴᠢᠨᠠᠷᠲᠠᠢ᠂ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠂ ᠪᠢᠳᠡ ᠨᠠᠷᠢᠨ ᠬᠢᠨᠠᠮᠠᠭᠠᠢ | ᠰᠤᠳᠤᠯᠵᠤ ᠢᠳᠡᠪᠬᠢᠲᠡᠢ ᠰᠢᠩᠭᠡᠭᠡᠨ ᠠᠪᠤᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠭᠵᠢᠯᠲᠡ ᠶᠢᠨ ᠣᠷᠴᠢᠨ ᠲᠣᠭᠤᠷᠢᠨ ᠤ ᠰᠢᠨ᠎ᠡ ᠬᠤᠪᠢᠷᠠᠯᠲᠠ ᠰᠢᠨ᠎ᠡ ᠥᠷᠢᠰᠥᠯᠳᠦᠭᠡᠨ ᠢ | ᠣᠨᠣᠪᠴᠢᠲᠠᠢ ᠡᠵᠡᠮᠳᠡᠬᠦ ᠭᠡᠷᠡᠭᠲᠡᠢ᠂ ᠮᠠᠨ ᠤ ᠤᠯᠤᠰ ᠤᠨ ᠠᠵᠤ ᠠᠬᠤᠢ ᠰᠡᠷᠭᠦᠨ ᠬᠥᠭᠵᠢᠬᠦ ᠳᠤᠮᠳᠠ ᠪᠠᠭ᠎ᠠ ᠪᠤᠰᠤ | ᠬᠦᠴᠢᠷᠳᠡᠯ ᠪᠣᠯᠤᠨ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠂ ᠭᠡᠪᠡᠴᠦ ᠳᠠᠯᠳᠠ ᠬᠦᠴᠦᠨ ᠨᠡᠩ ᠶᠡᠭᠡ᠂ | ᠳᠠᠪᠠᠭᠤᠯᠢᠭ ᠨᠡᠩ ᠤᠯᠠᠨ ᠪᠠᠶᠢᠵᠤ᠂ ᠳᠡᠭᠡᠷ᠎ᠡ ᠬᠠᠭᠠᠰ ᠵᠢᠯ ᠤᠨ ᠰᠠᠶᠢᠨ ᠰᠠᠶᠢᠬᠠᠨ ᠬᠠᠨᠳᠤᠰᠢ ᠶᠢᠨ ᠰᠠᠭᠤᠷᠢᠨ ᠳᠡᠭᠡᠷ᠎ᠡ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠨᠦᠭᠦᠴᠡᠯ ᠲᠠᠢ ᠪᠠᠶᠢᠨ᠎ᠠ᠃ ᠳᠣᠣᠷ᠎ᠠ ᠬᠠᠭᠠᠰ | ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠷᠸ᠎ᠠ ᠲᠦᠷᠦ ᠶᠢᠨ ᠪᠤᠳᠤᠯᠭ᠎ᠠ ᠶᠢᠨ | ᠦᠶᠡᠯᠡᠯ ᠠᠯᠤᠰᠯᠠᠭᠰᠠᠨ ᠲᠤᠬᠢᠷᠠᠭᠤᠯᠤᠯᠳᠠ ᠶᠢ ᠰᠠᠶᠢᠲᠤᠷ ᠬᠢᠵᠦ᠂ ᠤᠯᠤᠰ ᠤᠨ ᠳᠣᠲᠣᠭᠠᠳᠤ ᠶᠢᠨ ᠵᠠᠬ᠎ᠠ | ᠳᠡᠯᠭᠡᠭᠦᠷ ᠤᠨ ᠲᠠᠯᠳᠠ ᠬᠦᠴᠦᠨ ᠢ ᠠᠭᠤᠳᠠᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠴᠢᠩᠭᠠᠳᠬᠠᠵᠤ᠂ | ᠥᠨᠳᠥᠷ ᠲᠦᠪᠰᠢᠨ ᠪᠦᠬᠦᠢ ᠨᠡᠭᠡᠭᠡᠯᠳᠠ ᠬᠢᠬᠦ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠡᠮᠬᠢ ᠴᠡᠭᠴᠡ ᠲᠠᠢ | ᠰᠠᠶᠢᠲᠤᠷ ᠬᠢᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂ ᠭᠠᠮᠰᠢᠭ ᠤᠨ ᠳᠠᠷᠠᠭᠠᠬᠢ | ᠰᠡᠷᠭᠦᠭᠡᠵᠦ ᠲᠠᠬᠢᠨ ᠪᠠᠶᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠰᠤᠯᠠᠷᠠᠭᠤᠯᠵᠤ ᠪᠣᠯᠬᠤ ᠦᠭᠡᠢ᠂ ᠢᠯᠠᠩᠭᠤᠶ᠎ᠠ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ ᠬᠡᠵᠤ ᠴᠢᠬᠤᠯᠠᠴᠢᠯᠠᠪᠠ᠃ | ᠰᠢ ᠶᠢᠨ ᠫᠢᠩ ᠣᠯᠠᠨ ᠳᠤ 3 ᠲᠠᠯ᠎ᠠ ᠶᠢᠨ ᠬᠦᠰᠡᠯ ᠨᠠᠶᠢᠳᠠᠯᠭ᠎ᠠ ᠳᠤᠷᠠᠳᠪᠠ᠃ ᠨᠢᠭᠡ ᠳᠤ ᠣᠳᠣᠬᠠᠨ ᠤ ᠠᠵᠤ | ᠠᠬᠤᠢ ᠶᠢᠨ ᠪᠠᠶᠢᠳᠠᠯ ᠢ ᠵᠥᠪ ᠢᠶᠠᠷ ᠲᠠᠨᠢᠵᠤ᠂ ᠣᠳᠣᠬᠠᠨ ᠤ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ | ᠪᠠᠶᠢᠳᠠᠯ ᠤᠨ ᠨᠠᠷᠢᠨ ᠪᠤᠳᠤᠯᠢᠶᠠᠨᠲᠠᠢ ᠪᠠᠶᠢᠳᠠᠯ ᠳᠣᠣᠷᠠᠬᠢ ᠮᠥᠨ ᠴᠢᠨᠠᠷ ᠢ ᠲᠣᠳᠣᠷᠬᠠᠢ ᠲᠠᠨᠢᠵᠤ᠂ ᠲᠤᠰ ᠪᠡᠶ᠎ᠡ ᠶᠢᠨ | ᠳᠠᠪᠠᠭᠤᠯᠢᠭ ᠪᠠ ᠪᠦᠬᠦ ᠲᠠᠯ᠎ᠠ ᠶᠢᠨ ᠠᠵᠢᠯ ᠤᠨ ᠤᠶᠠᠯᠳᠤᠯ ᠴᠡᠭ ᠢ ᠣᠨᠣᠪᠴᠢᠲᠠᠢ ᠡᠷᠢᠵᠦ ᠤᠯᠬᠤ ᠬᠡᠷᠡᠭᠲᠡᠢ᠃ | ᠬᠤᠶᠠᠷ ᠲᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠲᠤᠰ ᠲᠤᠰ ᠤᠨ ᠣᠨᠴᠠᠯᠢᠭ ᠳᠠᠪᠠᠭᠤᠯᠢᠭ ᠢᠶᠠᠨ ᠪᠠᠳᠠᠷᠠᠭᠤᠯᠤᠨ᠂ ᠪᠠᠶᠢᠴᠠᠭᠠᠨ ᠰᠤᠳᠤᠯᠤᠯᠲᠠ | ᠬᠢᠵᠦ᠂ ᠪᠠᠷᠠᠯᠠᠯᠳᠦ ᠴᠢᠨᠠᠷᠲᠠᠢ ᠰᠠᠨᠠᠭᠤᠯᠭ᠎ᠠ ᠳᠤᠷᠠᠳᠬᠤ ᠬᠡᠷᠡᠭᠲᠡᠢ᠃ ᠭᠤᠷᠪᠠ ᠳᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠲᠤᠰ ᠲᠤᠰ ᠤᠨ ᠭᠡᠰᠢᠬᠦᠨ ᠪᠠ | ᠬᠠᠷᠢᠯᠴᠠᠵᠤ ᠪᠠᠶᠢᠭ᠎ᠠ ᠤᠯᠠᠨ ᠲᠦᠮᠡᠨ ᠤ ᠪᠠᠨ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠳᠤᠮᠳᠠᠳᠤ | ᠤᠯᠤᠰ ᠤᠨ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠤᠨ ᠬᠦᠴᠦᠨ ᠢ ᠨᠡᠩ ᠭᠦᠢᠴᠡᠳ ᠢᠯᠡᠷᠡᠭᠦᠯᠬᠦ | ᠬᠡᠷᠡᠭᠲᠡᠢ ᠭᠡᠪᠡ᠃ | ᠳ᠋ᠢᠩ ᠰᠢᠤᠸᠠᠢ ᠰᠢᠶᠠᠩ᠂ ᠯᠢᠦ ᠾᠧ᠂ ᠰᠦᠨ ᠴᠦᠨ ᠯᠠᠨ᠂ ᠬᠤ᠋ ᠴᠦᠨ ᠬᠤᠸᠠ᠂ ᠶᠢᠦ ᠴᠢᠤᠸᠠᠨ᠂ ᠸᠠᠩ | ᠶᠦᠩ᠂ ᠰᠢᠶᠤᠤ ᠵᠢᠶᠧ᠂ ᠾᠧ ᠯᠢ ᠹᠧᠩ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠤ ᠣᠷᠣᠯᠴᠠᠭᠰᠠᠨ ᠨᠠᠮ ᠤᠨ ᠭᠠᠳᠠᠨᠠᠬᠢ ᠬᠥᠮᠦᠰ ᠲᠤ ᠪᠠᠰᠠ ᠴᠧᠨ ᠰᠢᠶᠤᠤ ᠭᠤᠸᠠᠩ᠂ | ᠭᠦ᠋ ᠱᠧᠩ ᠽᠦ᠂ ᠯᠢᠦ ᠰᠢᠨ ᠴᠧᠩ᠂ ᠾᠧ ᠸᠧᠢ᠂ ᠱᠤᠤ ᠬᠤᠩ ᠪᠣᠯᠤᠨ ᠵᠢᠶᠠᠩ ᠽᠦᠸᠧ ᠵᠢᠶᠦ᠋ᠨ᠂ ᠯᠢ ᠶᠤᠸᠠᠢ | ᠹᠧᠩ᠂ ᠬᠤᠸᠠᠩ ᠷᠦᠩ᠂ ᠵᠤᠸᠠᠩ ᠢᠦᠢ ᠮᠢᠨ ᠨᠡᠷ ᠪᠤᠢ᠃ |