ᠯᠢ ᠺᠧ ᠴᠢᠶᠠᠩ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠳᠤ ᠴᠢᠬᠤᠯᠠ ᠴᠣᠬᠤᠯᠠᠪᠤᠷᠢ ᠥᠭᠪᠡ
ᠨᠡᠶᠢᠲᠡᠯᠡᠭᠰᠡᠨ ᠴᠠᠭ᠄
2021/8/3
    ᠯᠢ ᠺᠧ ᠴᠢᠶᠠᠩ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠳᠤ ᠴᠢᠬᠤᠯᠠ ᠴᠣᠬᠤᠯᠠᠪᠤᠷᠢ ᠥᠭᠴᠦ ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠣᠯᠭᠤᠯᠲᠠ ᠶᠢ ᠥᠷᠭᠡᠳᠬᠡᠬᠦ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠬᠦ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ      ᠬᠤ᠋ ᠴᠦᠨ ᠬᠤᠸᠠ ᠸᠢᠳᠢᠣ᠋ ᠪᠠᠷ ᠶᠠᠷᠢᠶ᠎ᠠ ᠲᠠᠯᠪᠢᠪᠠ      ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ 7 ᠳ᠋ᠤᠭᠠᠷ ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ ᠴᠦᠩᠴᠢᠩ ᠬᠤᠲᠠ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠢᠬᠤᠯᠠ ᠴᠣᠬᠤᠯᠠᠪᠤᠷᠢ ᠥᠭᠪᠡ᠃ ᠴᠣᠬᠤᠯᠠᠪᠤᠷᠢ ᠳᠤ ᠪᠠᠨ᠄ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠨᠢ ᠨᠡᠶᠢᠭᠡᠮᠴᠢᠯᠡᠭᠰᠡᠨ ᠠᠵᠢᠯ ᠣᠯᠭᠤᠯᠲᠠ ᠶᠢ ᠠᠬᠢᠭᠤᠯᠬᠤ᠂ ᠮᠠᠨ ᠤ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠵᠤ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠᠷ ᠵᠢᠯᠤᠭᠤᠳᠤᠯᠭ᠎ᠠ ᠪᠣᠯᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ᠂ ᠴᠢᠳᠠᠪᠤᠷᠢᠲᠠᠨ ᠤ ᠵᠠᠬ᠎ᠠ ᠳᠡᠯᠭᠡᠭᠦᠷ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠳᠡᠮᠵᠢᠵᠦ᠂ ᠠᠵᠢᠯ ᠣᠯᠭᠤᠯᠲᠠ ᠶᠢ ᠥᠷᠭᠡᠳᠬᠡᠬᠦ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢ ᠨᠠᠩ ᠰᠠᠶᠢᠲᠤᠷ ᠠᠬᠢᠭᠤᠯᠵᠤ ᠂ ᠲᠦᠭ ᠲᠦᠮᠡᠨ ᠬᠥᠳᠡᠯᠮᠦᠷᠢᠴᠢᠨ ᠪᠠ ᠡᠯ᠎ᠡ ᠲᠥᠷᠥᠯ ᠤᠨ ᠴᠢᠳᠠᠪᠤᠷᠢᠲᠠᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠠᠩ ᠶᠡᠭᠡ ᠪᠠᠷ ᠬᠥᠭᠵᠢᠭᠡᠨ᠂ ᠰᠢᠨ᠎ᠡ ᠬᠥᠳᠡᠯᠭᠡᠭᠴᠢ ᠬᠦᠴᠦᠨ ᠤ ᠪᠤᠶᠢᠵᠢᠯᠲᠠ ᠶᠢ ᠳᠠᠶᠢᠴᠢᠯᠠᠵᠤ᠂ ᠮᠠᠨ ᠤ ᠤᠯᠤᠰ ᠤᠨ ᠠᠵᠤ ᠠᠬᠤᠶ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠬᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠤ᠋ ᠴᠦᠨ ᠬᠤᠸᠠ ᠸᠢᠳᠢᠣ᠋ ᠪᠠᠷ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠬᠤ ᠳᠤ ᠪᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠢᠯ ᠣᠯᠭᠤᠯᠲᠠ ᠶᠢᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃      ᠬᠤ᠋ ᠴᠦᠨ ᠬᠤᠸᠠ ᠵᠢᠭᠠᠬᠤ ᠳᠤ ᠪᠠᠨ᠂ ᠣᠶᠢᠷ᠎ᠠ ᠶᠢᠨ ᠵᠢᠯ ᠤᠳ ᠠᠴᠠ ᠨᠠᠭᠠᠰᠢ ᠮᠠᠨ ᠤ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠠᠵᠢᠯ ᠣᠯᠭᠤᠯᠲᠠ ᠶᠢᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠬᠦᠴᠦᠲᠡᠶ ᠠᠬᠢᠭᠤᠯᠵᠤ᠂ ᠦᠢᠯᠡᠴᠢᠯᠡᠭᠡᠨ ᠤ ᠠᠭᠤᠯᠭ᠎ᠠ ᠪᠠ ᠵᠠᠭᠪᠤᠷ ᠨᠢ ᠤᠯᠠᠮ ᠠᠴᠠ ᠤᠯᠠᠮ ᠪᠠᠶᠠᠯᠢᠭᠵᠢᠵᠤ᠂ ᠠᠵᠢᠯ ᠲᠥᠷᠥᠯ ᠤᠨ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠠᠯᠬᠤᠮ ᠠᠯᠬᠤᠮ ᠢᠶᠠᠷ ᠲᠡᠭᠦᠯᠳᠡᠷᠵᠢᠵᠦ ᠪᠤᠢ᠃ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠣᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠴᠢᠨᠠᠷᠯᠢᠭ ᠬᠥᠭᠵᠢᠯᠲᠡ ᠶᠢ ᠠᠬᠢᠭᠤᠯᠬᠤ ᠨᠢ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠲᠤ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠥᠭᠡᠳ ᠨᠡᠩ ᠥᠷᠭᠡᠨ ᠠᠭᠤᠳᠠᠮ ᠲᠠᠪᠴᠠᠩ ᠬᠠᠩᠭᠠᠭᠰᠠᠨ ᠪᠠᠶᠢᠨ᠎ᠠ᠃ ᠠᠵᠢᠯ ᠣᠯᠭᠤᠯᠲᠠ ᠶᠢ ᠠᠬᠢᠭᠤᠯᠬᠤ ᠭᠡᠬᠦ ᠡᠨᠡ ᠬᠦ ᠦᠨᠳᠦᠰᠦᠨ ᠠᠵᠢᠯ ᠤᠨ ᠲᠣᠭᠤᠷᠢᠨ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠤᠬᠠᠭᠠᠯᠠᠨ ᠲᠥᠯᠥᠪᠯᠡᠵᠦ᠂ ᠠᠵᠢᠯ ᠣᠯᠭᠤᠯᠲᠠ ᠳᠤ ᠦᠢᠯᠡᠴᠢᠯᠡᠬᠦ ᠬᠡᠪᠴᠢᠶ᠎ᠡ ᠪᠠ ᠶᠠᠰᠤ ᠴᠢᠨᠠᠷ ᠢᠶᠠᠷ ᠠᠵᠢᠯ ᠲᠦᠷᠦᠯ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠬᠡᠮᠵᠢᠬᠦ ᠲᠡᠷᠢᠭᠦᠨ ᠴᠢᠬᠤᠯᠠ ᠪᠠᠷᠢᠮᠵᠢᠶ᠎ᠠ ᠪᠣᠯᠭᠠᠬᠤ ᠬᠡᠷᠡᠭᠲᠡᠶ᠃ ᠠᠵᠢᠯ ᠣᠯᠭᠤᠯᠲᠠ ᠶᠢᠨ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠦᠷᠭᠡᠳᠬᠡᠵᠦ᠂ ᠬᠥᠳᠡᠯᠮᠦᠷᠢᠴᠢᠳ ᠤᠨ ᠤᠷ᠎ᠠ ᠴᠢᠳᠠᠪᠤᠷᠢ ᠪᠠ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠥᠳᠡᠯᠮᠦᠷᠢ ᠬᠦᠴᠦᠨ ᠤ ᠰᠠᠭᠠᠳ ᠦᠭᠡᠢ ᠰᠢᠯᠵᠢᠯᠲᠡ ᠶᠢ ᠠᠬᠢᠭᠤᠯᠤᠨ᠂ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠪᠦᠲᠦᠮᠵᠢᠲᠡᠶ ᠨᠠᠮᠳᠠᠭᠤᠯᠬᠤ ᠬᠡᠷᠡᠭᠲᠡᠶ᠃ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠦᠴᠦᠨ ᠢ ᠢᠳᠡᠪᠬᠢᠲᠡᠶ ᠪᠤᠶᠢᠵᠢᠭᠤᠯᠤᠨ ᠪᠤᠵᠠᠭᠠᠶᠢᠷᠠᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠡᠯ᠎ᠡ ᠲᠥᠷᠥᠯ ᠤᠨ ᠪᠠᠶᠢᠭᠤᠯᠤᠮᠵᠢ ᠶᠢᠨ ᠵᠣᠬᠢᠴᠠᠩᠭᠤᠶ ᠪᠠᠷ ᠬᠥᠭᠵᠢᠬᠦ ᠶᠢ ᠳᠡᠮᠵᠢᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠥᠨᠳᠥᠷ ᠪᠠᠷᠢᠮᠵᠢᠶᠠᠲᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠬᠦᠴᠦᠯᠡᠨ ᠪᠠᠶᠢᠭᠤᠯᠵᠤ᠂ ᠤᠯᠠᠨ ᠲᠡᠰ ᠳᠠᠪᠬᠤᠷᠭ᠎ᠠ ᠪᠠ ᠤᠯᠠᠨ ᠡᠰᠢᠵᠢᠭᠰᠡᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠪᠠᠶᠢᠷᠢᠰᠢᠯ ᠢ ᠲᠦᠷᠭᠡᠪᠴᠢᠯᠡᠨ ᠪᠤᠢ ᠪᠣᠯᠭᠠᠵᠤ᠂ ᠵᠠᠬ᠎ᠠ ᠳᠡᠯᠭᠡᠭᠦᠷ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠬᠥᠳᠡᠯᠮᠦᠷᠢᠴᠢᠳ ᠤᠨ ᠨᠡᠶᠢᠭᠡᠮ ᠤᠨ ᠪᠠᠲᠤᠯᠠᠭ᠎ᠠ ᠶᠢ ᠦᠨᠡᠨ ᠬᠦ ᠴᠢᠩᠭᠠᠳᠬᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠵᠤ᠂ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号