ᠰᠢᠯᠤᠭᠤᠨ ᠬᠥᠬᠡ ᠬᠤᠰᠢᠭᠤᠨ ᠤ  ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠡᠭᠦᠷ ︵ᠥᠷᠭᠡᠳᠬᠡᠭᠰᠡᠨ︶ ᠬᠤᠷᠠᠯ ᠬᠢᠵᠦ ᠬᠤᠰᠢᠭᠤ ᠨᠠᠮ ᠤᠨ ᠬᠤᠷᠢᠶᠠᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2021/9/13
             9 ᠰᠠᠷ᠎ᠠ ᠶᠢᠨ 9 ᠤ ᠡᠳᠦᠷ᠂ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠡᠭᠦᠷ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠬᠤᠰᠢᠭᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠪᠠ ᠪᠥᠬᠦ ᠬᠤᠰᠢᠭᠤᠨ ᠤ ᠠᠵᠢᠯ ᠤᠨ ᠰᠤᠷᠲᠠᠯ ᠢᠶᠠᠨ ᠬᠤᠪᠢᠷᠠᠭᠤᠯᠵᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ ᠯᠢᠦ ᠰᠢᠶᠣᠤ ᠮᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ᠂ ᠬᠤᠰᠢᠭᠤ ᠳᠡᠳ᠋ ᠳᠠᠷᠤᠭ᠎ᠠ ᠲᠡᠮᠦᠷ᠂ ᠠᠮᠵᠢᠯᠲᠤ᠂ ᠯᠢᠦᠶ ᠾᠦᠢ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠷᠠᠯ ᠳᠤ ᠣᠷᠣᠯᠴᠠᠪᠠ᠃          ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠪᠠ ᠪᠥᠬᠦ ᠬᠤᠰᠢᠭᠤᠨ ᠤ ᠠᠵᠢᠯ ᠤᠨ ᠰᠤᠷᠲᠠᠯ  ᠢᠶᠠᠨ ᠬᠤᠪᠢᠷᠠᠭᠤᠯᠵᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠳᠠᠶᠢᠴᠢᠯᠠᠯᠲᠠ ᠶᠢᠨ ᠶᠡᠭᠡ ᠬᠤᠷᠠᠯ  ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠳᠡᠭᠡᠷ᠎ᠡ᠂ ᠯᠢᠦ ᠰᠢᠶᠤᠤ ᠮᠢᠨ ᠰᠤᠷᠤᠯᠴᠠᠯᠭ᠎ᠠ ᠪᠠᠷ ᠦᠢᠯᠡᠳᠦᠯᠭᠡ ᠶᠢ ᠠᠬᠢᠭᠤᠯᠬᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ ᠵᠥᠪᠯᠡᠭᠴᠢ ᠲᠤᠰᠠᠯᠠᠭᠴᠢ ᠶᠢᠨ ᠦᠢᠯᠡᠳᠦᠯ ᠢᠶᠠᠨ ᠪᠠᠳᠠᠷᠠᠭᠤᠯᠬᠤ᠂ ᠺᠠᠳ᠋ᠷᠴᠤᠳ ᠤᠨ ᠦᠢᠯᠡᠰ ᠪᠤᠰᠬᠠᠬᠤ ᠠᠵᠢᠯ ᠬᠢᠬᠦ ᠪᠠ ᠲᠡᠷᠢᠭᠦᠨ ᠤ ᠬᠢ ᠪᠣᠯᠬᠤ  ᠪᠠᠷ ᠴᠢᠷᠮᠠᠶᠢᠬᠤ ᠵᠣᠷᠢᠭ ᠰᠠᠨᠠᠭ᠎ᠠ ᠶᠢ ᠬᠥᠭᠵᠢᠭᠡᠬᠦ ᠵᠡᠷᠭᠡ ᠲᠠᠯ᠎ᠠ ᠲᠠᠢ ᠤᠶᠠᠯᠳᠤᠭᠤᠯᠵᠤ᠂ ᠵᠠᠰᠠᠭ ᠤᠨ ᠣᠷᠳᠣᠨ ᠤ ᠳᠠᠷᠠᠭᠠᠴᠢ ᠶᠢᠨ ᠱᠠᠳᠤᠨ ᠤ ᠠᠵᠢᠯ ᠳᠤ ᠲᠣᠳᠣᠷᠬᠠᠢ ᠱᠠᠭᠠᠷᠳᠠᠯᠭ᠎ᠠ ᠪᠠ ᠰᠠᠨᠠᠯ ᠰᠠᠨᠠᠭᠤᠯᠭ᠎ᠠ ᠳᠤᠷᠠᠳᠪᠠ᠃          ᠬᠤᠷᠠᠯ ᠠᠴᠠ ᠱᠠᠭᠠᠷᠳᠠᠭᠰᠠᠨ ᠨᠢ᠂ ᠦᠵᠡᠯᠲᠡ ᠲᠠᠨᠢᠯᠲᠠ ᠪᠠᠨ ᠨᠢᠭᠡᠳᠬᠡᠵᠦ᠂ ᠬᠤᠰᠢᠭᠤ ᠨᠠᠮ ᠤᠨ ᠬᠤᠷᠢᠶᠠᠨ ᠤ ᠬᠤᠶᠠᠷ ᠤᠳᠠᠭᠠᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠰᠢᠵᠦ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠶᠯᠡᠴᠢᠯᠡᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ ᠶᠢᠨ ᠴᠢᠬᠤᠯᠠ ᠴᠢᠨᠠᠷ  ᠢ ᠭᠦᠶᠴᠡᠳ ᠲᠠᠨᠢᠵᠤ᠂ ᠳᠠᠶᠢᠴᠢᠯᠠᠨ ᠳᠠᠭᠠᠭᠤᠯᠬᠤ ᠦᠶᠯᠡᠳᠦᠯ ᠢᠶᠠᠨ ᠪᠠᠳᠠᠷᠠᠭᠤᠯᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ ᠬᠡᠷᠡᠭᠲᠡᠶ᠃ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠰᠠᠨᠠᠭᠠᠴᠢᠯᠠᠭ᠎ᠠ ᠠᠴᠠ  ᠪᠠᠨ ᠬᠠᠷᠢᠭᠤᠴᠠᠯᠭ᠎ᠠ ᠡᠭᠦᠷᠭᠡᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠷᠢᠭᠤᠴᠠᠯᠭᠠᠲᠤ ᠣᠪᠣᠷ ᠢᠶᠠᠷ ᠡᠯ᠎ᠡ ᠵᠦᠢᠯ ᠤᠨ ᠠᠵᠢᠯ ᠢᠶᠠᠨ ᠴᠢᠩᠭ᠎ᠠ ᠨᠢᠮᠪᠠᠢ ᠥᠷᠨᠢᠭᠦᠯᠬᠦ ᠬᠡᠷᠡᠭᠲᠡᠢ᠃ ᠤᠨᠤᠯ ᠪᠠ ᠲᠦᠷᠦ ᠶᠢᠨ ᠪᠤᠳᠤᠯᠭ᠎ᠠ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠠᠵᠢᠯᠯᠠᠬᠤ ᠪᠠᠷ ᠦᠢᠯᠡᠳᠦᠯᠭᠡᠵᠢᠭᠦᠯᠬᠦ ᠶᠢ ᠠᠬᠢᠭᠤᠯᠤᠨ᠂ ᠣᠷᠣᠰᠢᠵᠤ ᠪᠠᠶᠢᠭ᠎ᠠ ᠳᠤᠲᠠᠭᠳᠠᠯ᠂ ᠬᠦᠷᠦᠯᠴᠡᠬᠦ ᠦᠭᠡᠢ ᠲᠠᠯ᠎ᠠ ᠪᠠᠨ ᠴᠠᠭ ᠲᠤᠬᠠᠢ ᠳᠤᠨᠢ ᠵᠠᠰᠠᠨ ᠵᠠᠯᠠᠷᠠᠭᠤᠯᠵᠤ᠂ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃          ᠵᠠᠰᠠᠭ ᠤᠨ ᠣᠷᠳᠣᠨ ᠤ ᠠᠯᠪᠠᠨ ᠬᠡᠷ ᠤᠨ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号