ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠡᠴᠡ‌ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/9/13
                                  ︵13 ᠳ᠋ᠣᠭᠠᠷ ᠲᠤᠭᠠᠳᠣ︶                2021 ᠣᠨ ᠤ 9 ᠰᠠᠷ᠎ᠠ ᠶᠢᠨ 11 ᠤ ᠡᠳᠦᠷ ᠤᠨ 18 ᠴᠠᠭ ᠪᠣᠯᠲᠠᠯ᠎ᠠ᠂ ᠪᠥᠬᠦ ᠤᠯᠤᠰ  ᠤᠨ ᠬᠢᠵᠢᠭ ᠤᠨ ᠥᠨᠳᠥᠷ ᠲᠡᠰ ᠤᠨ ᠲᠦᠭᠰᠢᠭᠦᠷᠢᠲᠡᠶ ᠭᠠᠵᠠᠷ ᠣᠷᠣᠨ ᠢ 2᠂ ᠳᠤᠮᠳᠠ ᠲᠡᠰ ᠤᠨ ᠲᠦᠭᠰᠢᠭᠦᠷᠢᠲᠡᠶ ᠭᠠᠵᠠᠷ ᠣᠷᠣᠨ ᠢ 6 ᠪᠣᠯᠭᠠᠨ ᠲᠣᠭᠲᠠᠭᠠᠪᠠ᠃ 2 ᠦᠨᠳᠦᠷ ᠲᠡᠰ ᠤᠨ ᠳᠦᠭᠰᠢᠭᠦᠷᠢᠲᠡᠢ ᠭᠠᠵᠠᠷ ᠣᠷᠣᠨ ᠨᠢ᠄ ᠹᠦᠵᠢᠶᠠᠨ ᠮᠤᠵᠢ ᠶᠢᠨ ᠫᠦ᠋ ᠲᠢᠶᠠᠨ ᠬᠤᠲᠠ ᠶᠢᠨ ᠰᠢᠶᠠᠨ ᠶᠢᠤ ᠰᠢᠶᠠᠨ ᠤ ᠹᠧᠩ ᠲᠢᠩ ᠪᠠᠯᠭᠠᠰᠤᠨ ᠤ ᠫᠦ᠋ ᠲᠧᠦ ᠨᠡᠶᠢᠭᠡᠮ ᠲᠣᠭᠤᠷᠢᠭ᠂ ᠯᠢᠨ ᠱᠠᠨ ᠲᠣᠰᠬᠤᠨ ᠪᠤᠯᠤᠨ᠎ᠠ᠃ 6 ᠳᠤᠮᠳᠠ ᠲᠡᠰ ᠤᠨ ᠳᠦᠭᠰᠢᠭᠦᠷᠢᠲᠡᠢ ᠭᠠᠵᠠᠷ ᠣᠷᠣᠨ  ᠨᠢ᠄ ᠹᠦᠵᠢᠶᠠᠨ ᠮᠤᠵᠢ ᠶᠢᠨ ᠫᠦ᠋ ᠲᠢᠶᠠᠨ ᠬᠤᠲᠠ ᠶᠢᠨ ᠰᠢᠶᠠᠨ ᠶᠢᠦ ᠰᠢᠶᠠᠨ ᠤ ᠹᠧᠩ ᠲᠢᠩ ᠪᠠᠯᠭᠠᠰᠤᠨ ᠤ ᠰᠢᠦ ᠹᠧᠩ ᠲᠣᠰᠬᠤᠨ᠂ ᠭᠧᠩ ᠹᠧᠩ ᠲᠣᠰᠬᠤᠨ᠂ ᠵᠢᠦ ᠱᠧ ᠲᠣᠰᠬᠤᠨ᠂ ᠯᠠᠨ ᠶᠧᠦ ᠨᠡᠶᠢᠭᠡᠮ ᠲᠣᠭᠤᠷᠢᠭ᠂ ᠰᠢᠶᠠ ᠵᠢᠶᠧ ᠨᠡᠶᠢᠭᠡᠮ ᠲᠣᠭᠤᠷᠢᠭ᠂ ᠶᠦᠨᠨᠠᠨ ᠮᠤᠵᠢ ᠶᠢᠨ ᠷᠦᠢ ᠯᠢ ᠬᠤᠲᠠ ᠶᠢᠨ ᠮᠧᠩ ᠶᠣᠣ ᠪᠠᠯᠭᠠᠰᠤᠨ ᠤ ᠵᠢᠶᠧ ᠳ᠋ᠦᠩ ᠲᠣᠰᠬᠤᠨ ᠤ ᠠᠷᠠᠳ ᠤᠨ ᠵᠥᠪᠯᠡᠯ ᠤᠨ ᠳ᠋ᠠ ᠳ᠋ᠧᠩ ᠾᠧ ᠲᠣᠰᠬᠤᠨ ᠤ ᠠᠷᠠᠳ ᠤᠨ ᠳᠤᠭᠤᠶᠢᠯᠠᠩ ᠪᠤᠯᠤᠨ᠎ᠠ᠃ ᠮᠠᠨ ᠤ ᠬᠤᠰᠢᠭᠤᠨ ᠤ ︽ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠨ᠂ ᠳᠣᠲᠣᠭᠠᠳᠤ  ᠳᠠᠭᠠᠨ ᠬᠢᠵᠢᠭ ᠳᠡᠯᠭᠡᠷᠡᠬᠦ ᠶᠢ ᠰᠡᠷᠭᠡᠶᠢᠯᠡᠬᠦ︾ ᠠᠵᠢᠯ ᠢ ᠪᠠᠶᠢᠩᠭᠤ ᠶᠢᠨ ᠴᠢᠨᠠᠷᠳᠠᠢ ᠰᠠᠶᠢᠲᠤᠷ ᠬᠢᠵᠦ᠂ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠦᠷ᠎ᠡ ᠪᠦᠳᠦᠮᠵᠢ ᠶᠢ ᠪᠠᠬᠢᠵᠢᠭᠦᠯᠵᠦ᠂ ᠡᠪᠡᠳᠴᠢᠨ ᠤ ᠵᠢᠱᠢᠶ᠎ᠡ ᠬᠠᠯᠳᠠᠪᠤᠷᠢᠯᠠᠨ ᠣᠷᠣᠵᠤ ᠢᠷᠡᠬᠦ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠤᠷᠠᠭᠤᠯᠬᠤ ᠶᠢᠨ ᠲᠥᠯᠥᠭᠡ᠂ ᠪᠦᠬᠦ ᠬᠤᠰᠢᠭᠤᠨ ᠤ ᠥᠷᠭᠡᠨ ᠤᠯᠠᠨ ᠠᠷᠠᠳ ᠲᠦᠮᠡᠨ ᠳᠤ ᠬᠢᠵᠢᠭ ᠢ ᠰᠡᠷᠭᠡᠶᠢᠯᠡᠨ ᠬᠤᠷᠢᠭᠯᠠᠬᠤ ᠳᠣᠬᠠᠢ ᠳᠣᠣᠷᠠᠬᠢ ᠮᠡᠲᠦ ᠵᠦᠢᠯᠡᠰ ᠢ ᠰᠠᠨᠠᠭᠤᠯᠤᠶ᠎ᠠ᠄                ᠨᠢᠭᠡ᠂ ᠥᠷᠭᠡᠨ ᠣᠯᠠᠨ ᠰᠠᠭᠤᠭᠠᠯᠢ ᠠᠷᠠᠳ ᠳᠣᠮᠳᠠ᠂ ᠦᠨᠳᠦᠷ ᠲᠡᠰ ᠤᠨ ᠳᠦᠭᠰᠢᠭᠦᠷᠢᠲᠡᠢ ᠭᠠᠵᠠᠷ ᠣᠷᠣᠨ ᠠᠴᠠ ᠰᠢᠯᠤᠭᠤᠨ ᠬᠦᠬᠡ ᠬᠤᠰᠢᠭᠤᠨ ᠳᠤ ᠢᠷᠡᠭᠰᠡᠨ ︵ᠪᠤᠴᠠᠭᠰᠠᠨ︶ ᠪᠣᠯ ᠳᠠᠷᠤᠶᠢᠬᠠᠨ ᠰᠠᠭᠤᠭ᠎ᠠ ᠰᠣᠮᠣ ᠪᠠᠯᠭᠠᠰᠣ ᠲᠠᠯᠠᠪᠠᠢ᠂ ᠭᠠᠴᠠᠭ᠎ᠠ ᠳᠣᠰᠬᠤᠨ ︵ᠨᠡᠶᠢᠭᠡᠮ ᠲᠤᠭᠤᠷᠢᠭ/ ᠰᠠᠭᠤᠭᠠᠯᠢ ᠠᠷᠠᠳ ᠤᠨ ᠵᠥᠪᠯᠡᠯ/ ᠬᠤᠪᠢᠶᠠᠷᠢ ᠲᠠᠯᠠᠪᠠᠢ  ︶᠂ ᠪᠠᠭᠤᠳᠠᠯ ᠪᠤᠶᠤ ᠬᠤᠰᠢᠭᠤ ᠬᠢᠵᠢᠭ ᠢ ᠰᠡᠷᠬᠡᠶᠢᠯᠡᠨ ᠬᠤᠷᠢᠭᠯᠠᠬᠤ ᠲᠥᠪ ᠲᠤ ᠳᠠᠩᠰᠠᠯᠠᠨ ᠲᠡᠮᠳᠡᠭᠯᠡᠭᠦᠯᠵᠦ᠂ ᠰᠡᠷᠭᠡᠶᠢᠯᠡᠨ ᠬᠤᠷᠢᠭᠯᠠᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠳᠡᠢ᠃ ᠥᠷᠭᠡᠨ ᠣᠯᠠᠨ ᠲᠦᠮᠡᠨ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠡᠷᠪᠡ ᠴᠢᠬᠤᠯᠠ ᠦᠭᠡᠢ ᠪᠣᠯ᠂ ᠠᠯᠢ ᠴᠢᠳᠠᠬᠤ  ᠪᠠᠷ ᠳᠤᠮᠳᠠ ᠥᠨᠳᠥᠷ ᠲᠡᠰ ᠤᠨ ᠲᠦᠭᠰᠢᠭᠦᠷᠢᠲᠡᠶ ᠭᠠᠵᠠᠷ ᠣᠷᠣᠨ ᠳᠤ ᠣᠴᠢᠬᠤ ᠥᠬᠡᠶ ᠪᠠᠶᠢᠵᠤ᠂ ᠦᠨᠡᠨᠬᠦ ᠣᠨᠴᠠᠭᠠᠶ ᠪᠠᠶᠢᠳᠠᠯ ᠠᠴᠠ ᠪᠣᠯᠵᠣ ᠡᠷᠬᠡᠪᠰᠢ ᠣᠴᠢᠬᠤ ᠴᠢᠬᠤᠯᠠᠲᠠᠶ ᠪᠣᠯ ᠴᠠᠭ ᠲᠤᠬᠠᠶ ᠳᠤᠨᠢ ᠰᠤᠮᠤ ᠪᠠᠯᠭᠠᠰᠤ ᠲᠠᠯᠠᠪᠠᠶ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ/ ᠰᠠᠭᠤᠭᠠᠯᠢ ᠠᠷᠠᠳ ᠤᠨ ᠵᠥᠪᠯᠡᠯ/ᠬᠤᠪᠢᠶᠠᠷᠢ ᠲᠠᠯᠠᠪᠠᠶ ︶᠂  ᠪᠠᠶᠢᠭᠤᠯᠭ᠎ᠠ ᠨᠢᠭᠡᠴᠡ ᠳᠡᠭᠡᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃                ᠬᠤᠶᠠᠷ᠂ ᠥᠷᠭᠡᠨ ᠤᠯᠠᠨ ᠰᠠᠭᠤᠭᠠᠯᠢ ᠠᠷᠠᠳ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠪᠠᠨ ᠴᠢᠩᠭᠠᠳᠬᠠᠬᠤ ᠤᠬᠠᠮᠰᠠᠷ ᠢ ᠪᠤᠢ ᠪᠣᠯᠭᠠᠬᠤ ᠬᠡᠷᠡᠭᠲᠡᠢ᠃ ᠠᠮᠠᠪᠴᠢ ᠵᠡᠭᠦᠬᠦ ︵ᠢᠯᠠᠩᠭᠤᠶ᠎ᠠ ᠣᠯᠠᠨ ᠨᠡᠶᠢᠲᠡ ᠶᠢᠨ ᠲᠠᠯᠠᠪᠤᠷ ᠲᠤ ᠣᠷᠣᠵᠤ ᠭᠠᠷᠬᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠦᠭᠦᠭᠡᠷᠦᠮᠵᠢ ᠳᠤ ᠰᠠᠭᠤᠬᠤ ᠦᠶᠡᠰ︶᠂ ᠭᠠᠷ ᠢᠶᠠᠨ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠬᠤᠷᠠᠵᠤ ᠴᠤᠭᠯᠠᠷᠠᠬᠤ ᠪᠠᠨ ᠪᠠᠭᠠᠰᠬᠠᠬᠤ᠂ ᠨᠢᠭᠡ ᠮᠧᠲᠷ ᠤᠨ ᠵᠠᠶ ᠶᠢ ᠪᠠᠲᠤᠯᠠᠬᠤ᠂ ᠨᠡᠶᠢᠲᠡ ᠶᠢᠨ ᠰᠠᠪᠬ᠎ᠠ ᠰᠢᠨᠠᠭ᠎ᠠ ᠬᠡᠷᠡᠭᠯᠡᠬᠦ ᠵᠡᠷᠭᠡ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠤᠢ ᠪᠤᠯᠭᠠᠬᠤ ᠬᠡᠷᠡᠭᠳᠡᠢ᠃ ᠬᠢᠵᠢᠭ ᠤᠨ ᠬᠤᠯᠪᠣᠭᠳᠠᠯ ᠪᠦᠬᠦᠢ ᠠᠯᠪᠠᠨ ᠤ ᠲᠠᠯ᠎ᠠ ᠶᠢᠨ ᠮᠡᠳᠡᠭᠡ ᠵᠠᠩᠭᠢ ᠶᠢ ᠠᠩᠬᠠᠷᠴᠤ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠵᠤ᠂ ᠨᠡᠶᠢᠲᠡ ᠶᠢᠨ ᠰᠠᠪᠬ᠎ᠠ ᠬᠠᠯᠪᠠᠭ᠎ᠠ ᠬᠡᠷᠡᠭᠯᠡᠬᠦ᠂ ᠲᠤᠰᠠᠭᠠᠷ ᠢᠳᠡᠬᠦ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠡᠷᠬᠢᠮᠯᠡᠬᠦ ᠬᠡᠷᠡᠭᠳᠡᠢ᠃ ᠪᠠᠷᠢᠮᠵᠢᠶᠠᠨ ᠳᠤ ᠨᠡᠶᠢᠴᠡᠭᠰᠡᠨ ᠬᠡᠲᠦ ᠳᠡᠯᠭᠡᠭᠦᠷ ᠪᠤᠶᠤ ᠬᠤᠳᠠᠯᠳᠤᠭᠠᠨ ᠤ ᠲᠠᠯᠠᠪᠤᠷ ᠲᠤ ᠣᠴᠢᠵᠤ ᠬᠥᠯᠳᠡᠭᠡᠭᠰᠡᠨ ᠪᠠᠷᠠᠭ᠎ᠠ ᠬᠤᠳᠠᠯᠳᠤᠨ ᠠᠪᠬᠤ ᠬᠡᠷᠡᠭᠲᠡᠶ᠃ ᠪᠤᠤᠬᠢᠶ᠎ᠠ ᠰᠢᠦᠳᠠᠨ ᠢ ᠠᠪᠬᠤ ᠦᠶᠡᠰ ᠲᠡᠭᠡᠨ ᠭᠠᠳᠠᠷ ᠪᠣᠭᠤᠳᠠᠯ ᠳᠤ ᠠᠷᠢᠭᠤᠳᠬᠠᠯ ᠬᠢᠬᠦ ᠬᠡᠷᠡᠭᠲᠡᠶ᠃                ᠭᠤᠷᠪᠠ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠬᠤ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠬᠠᠮᠤᠭ ᠤᠨ ᠬᠢᠮᠳᠠ᠂ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠪᠠᠶᠢᠵᠤ᠂ ᠬᠠᠯᠳᠠᠪᠤᠷᠢᠯᠠᠬᠤ ᠨᠣᠷᠮ᠎ᠠ᠂ ᠡᠮᠨᠡᠯᠭᠡ ᠳᠤ ᠰᠠᠭᠤᠬᠤ ᠨᠣᠷᠮ᠎ᠠ᠂ ᠬᠦᠨᠳᠦ ᠡᠪᠡᠳᠴᠢᠨ ᠤ ᠨᠣᠷᠮ᠎ᠠ ᠪᠠ ᠡᠪᠡᠳᠴᠢᠨ  ᠢᠶᠠᠷ ᠥᠭᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃ ᠣᠳᠣᠬᠠᠨ ᠳᠤ᠂ ᠮᠠᠨ ᠤ ᠬᠤᠰᠢᠭᠤ 12 ᠨᠠᠰᠤᠨ ᠠᠴᠠ ᠳᠡᠭᠡᠭᠰᠢᠬᠢ ᠰᠠᠭᠤᠭᠠᠯᠢ ᠠᠷᠠᠳ ᠲᠤ ᠦᠨ᠎ᠡ ᠲᠥᠯᠥᠪᠦᠷᠢ ᠦᠭᠡᠢ ᠪᠠᠷ ᠰᠢᠨ᠎ᠡ ᠲᠢᠲᠢᠮᠯᠢᠭ ᠸᠢᠷᠦ᠋ᠰ  ᠤᠨ ᠸᠠᠺᠼᠢᠨ ᠤ ᠲᠠᠷᠢᠯᠭ᠎ᠠ ᠲᠠᠯᠪᠢᠵᠤ ᠪᠣᠶ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠡᠳᠦᠢ ᠮᠦᠷᠲᠡᠭᠡᠨ ᠬᠤᠷᠢᠭ᠎ᠠ ᠴᠡᠭᠡᠷ ᠥᠬᠡᠶ ᠬᠥᠮᠦᠰ ᠳᠠᠷᠤᠶᠢᠬᠠᠨ  ᠲᠠᠷᠢᠯᠭ᠎ᠠ ᠪᠠᠨ ᠬᠢᠯᠭᠡᠬᠦ ᠬᠡᠷᠡᠭᠳᠡᠢ᠃ ᠨᠢᠭᠡᠳᠦᠭᠡᠷ ᠲᠠᠷᠢᠯᠭ᠎ᠠ ᠬᠢᠭᠰᠡᠨ ᠰᠠᠭᠤᠭᠠᠯᠢ ᠠᠷᠠᠳ ︽ ᠪᠦᠬᠦᠯᠢ 21 ᠡᠳᠦᠷ︾ ᠤᠨ ᠴᠠᠭ ᠬᠤᠭᠤᠴᠠᠭᠠᠨ ᠤ ᠱᠠᠭᠠᠷᠳᠠᠯᠭ᠎ᠠ ᠶᠣᠰᠣᠭᠠᠷ᠂ ᠬᠤᠶᠠᠳᠤᠭᠠᠷ ᠲᠠᠷᠢᠯᠭ᠎ᠠ ᠪᠠᠨ ᠰᠠᠨᠠᠭᠠᠴᠢᠯᠠᠭ᠎ᠠ ᠠᠴᠠ ᠪᠠᠨ ᠬᠢᠵᠦ᠂ ᠳᠠᠷᠬᠠᠯᠠᠭ᠎ᠠ ᠶᠢ ᠴᠣᠭᠴᠠᠯᠠᠬᠤ ᠬᠡᠷᠡᠭᠲᠡᠶ᠃                ᠳᠥᠷᠪᠡ᠂ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠡᠪᠡᠳᠴᠢᠨ  ᠤ ᠪᠠᠶᠢᠳᠠᠯ ᠢᠯᠡᠷᠡᠪᠡᠯ᠂ ᠨᠢᠭᠡ ᠤᠳᠠᠭ᠎ᠠ ᠳᠤ ᠬᠡᠷᠡᠭᠯᠡᠬᠦ ᠭᠠᠳᠠᠷ ᠡᠮᠨᠡᠯᠭᠡ ᠶᠢᠨ ᠠᠮᠠᠪᠴᠢ ᠵᠡᠭᠦᠵᠦ ᠴᠠᠭ ᠲᠤᠬᠠᠶ ᠳᠤᠨᠢ ᠣᠶᠢᠷ᠎ᠠ ᠬᠠᠪᠢ ᠶᠢᠨ ᠬᠠᠯᠠᠭᠤᠷᠠᠭᠰᠠᠨ ᠡᠪᠡᠳᠴᠢᠳᠠᠨ ᠢ ᠡᠮᠴᠢᠯᠡᠬᠦ ᠡᠭᠦᠳᠡᠨ ᠡᠮᠨᠡᠯᠭᠡ ᠳᠤ ᠬᠦᠷᠴᠦ ᠪᠠᠶᠢᠴᠠᠭᠠᠯᠭᠠᠬᠤ ᠪᠠ ᠣᠨᠣᠰᠢᠯᠠᠨ ᠡᠮᠨᠡᠭᠦᠯᠵᠦ᠂ ᠡᠮᠨᠡᠭᠦᠯᠬᠦ ᠶᠠᠪᠤᠴᠠ ᠳᠠᠭᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠦᠭᠦᠭᠡᠷᠦᠮᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃                ᠲᠠᠪᠤ᠂ ᠡᠯ᠎ᠡ ᠰᠤᠮᠤ ᠪᠠᠯᠭᠠᠰᠤ ᠲᠠᠯᠠᠪᠠᠶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠬᠢᠵᠢᠭ ᠢ ᠰᠡᠷᠭᠡᠶᠢᠯᠡᠨ ᠬᠤᠷᠢᠭᠯᠠᠬᠤ ᠬᠠᠷᠢᠶ᠎ᠠ ᠣᠷᠣᠨ ᠤ ᠬᠠᠷᠢᠭᠤᠴᠠᠯᠭ᠎ᠠ ᠪᠣᠯᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠴᠠᠷ᠎ᠠ ᠬᠦᠷᠢᠶᠡᠨ  ᠳᠠᠬᠢ ᠬᠢᠵᠢᠭ ᠢ ᠰᠡᠷᠭᠡᠶᠢᠯᠡᠨ ᠬᠤᠷᠢᠭᠯᠠᠬᠤ ᠪᠠᠶᠢᠩᠭᠤ ᠶᠢᠨ ᠴᠢᠨᠠᠷᠳᠠᠢ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃             ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ  ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ2021 ᠣᠨ ᠤ 9 ᠰᠠᠷ᠎ᠠ ᠶᠢᠨ 12 ᠤᠨ ᠡᠳᠦᠷ ᠣᠶᠣᠨᠰᠡᠷᠭᠦᠯᠡᠩ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号