| | ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠴᠢᠭᠤᠯᠭ᠎ᠠ ᠶᠢᠨ | ᠳᠠᠰᠤᠭ ᠤᠨ ᠬᠢᠨ ᠮᠣᠩᠭᠤᠯ ᠰᠦᠯᠵᠢᠶ᠎ᠡ ᠪᠠᠨ ᠦᠨᠳᠦᠰᠦᠨ ᠱᠠᠲᠤᠨ ᠳᠤ ᠤᠬᠠᠭᠤᠯᠵᠤ᠂ ᠠᠷᠠᠳ ᠣᠯᠠᠨ ᠳᠤ | ᠮᠣᠩᠭᠤᠯ ᠰᠦᠯᠵᠢᠶ᠎ᠡ᠂ ᠸᠢᠴᠠᠲ ᠳᠠᠪᠴᠠᠩ ᠢᠶᠠᠨ ᠤᠬᠠᠭᠤᠯᠤᠨ ᠲᠠᠨᠢᠯᠴᠠᠭᠤᠯᠬᠤ ᠶᠢᠨ ᠲᠤᠯᠠᠳᠠ᠂ 2021ᠣᠨ ᠤ | 9 ᠰᠠᠷ᠎ᠠ ᠶᠢᠨ 14 ᠤ ᠡᠳᠦᠷ᠂ ᠨᠠᠷᠠᠲᠤ ᠰᠣᠮᠣᠨ ᠤ ᠨᠢᠭᠡᠳᠦᠯᠲᠡᠢ ᠲᠠᠷᠢᠯᠭ᠎ᠠ ᠲᠠᠷᠢᠬᠤ ᠡᠳᠦᠷ ᠢ ᠲᠣᠬᠢᠶᠠᠯᠳᠤᠭᠤᠯᠤᠨ᠂ | ᠠᠷᠠᠳ ᠣᠯᠠᠨ ᠳᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ᠂ ᠸᠢᠴᠠᠲ ᠳᠠᠪᠴᠠᠩ ᠵᠢᠴᠢ ᠣᠷᠴᠢᠭᠤᠯᠭ᠎ᠠ ᠶᠢᠨ | ᠠᠵᠢᠯ ᠢ ᠤᠬᠠᠭᠤᠯᠤᠨ ᠲᠠᠨᠢᠯᠴᠠᠭᠤᠯᠵᠤ᠂ ᠨᠡᠶᠢᠲᠡ 200 ᠭᠠᠷᠤᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ | ᠮᠠᠯᠴᠢᠨ ᠲᠥᠮᠡᠨ ᠤ ᠠᠩᠬᠠᠷᠤᠯ ᠬᠠᠯᠠᠮᠵᠢᠯᠠᠯ ᠢ ᠣᠯᠪᠠ᠃ | ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠨᠢ | 2016 ᠣᠨ ᠤ 7 ᠰᠠᠷ᠎ᠠ ᠳᠤ ᠪᠠᠶᠢᠭᠤᠯᠤᠭᠳᠠᠵᠠᠢ᠃ ᠮᠠᠨ ᠤ ᠰᠦᠯᠵᠢᠶ᠎ᠡ ᠨᠢ ᠲᠣᠶᠢᠮᠤ ᠪᠠᠶᠢᠳᠠᠯ᠂ ᠰᠣᠨᠢᠨ ᠮᠡᠳᠡᠭᠡ᠂ | ᠢᠯᠡ ᠵᠠᠰᠠᠭ᠂ ᠦᠢᠯᠡᠴᠢᠯᠡᠭᠡ᠂ ᠰᠣᠶᠣᠯ ᠡᠷᠳᠡᠨᠢ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠮᠠᠯᠴᠢᠳ ᠤᠨ | ᠬᠠᠨᠢ᠂ ᠶᠡᠷᠦᠩᠬᠡᠶᠢᠯᠡᠭᠰᠡᠨ ᠮᠡᠳᠡᠭᠡ᠂ ᠰᠣᠮᠣ ᠪᠠᠯᠭᠠᠰᠤᠨ ᠤ ᠮᠡᠳᠡᠭᠡ ᠵᠡᠷᠭᠡ 9 ᠲᠣᠮᠤ ᠪᠤᠯᠤᠩ ᠢᠶᠠᠷ ᠢᠶᠠᠨ | ᠨᠡᠶᠢᠭᠡᠮ ᠤᠨ ᠪᠦᠬᠦ ᠬᠦᠮᠦᠰ ᠲᠤ ᠬᠠᠨᠳᠤᠭᠤᠯᠤᠭᠰᠠᠨ ᠠᠭᠤᠯᠭ᠎ᠠ ᠶᠢ ᠮᠡᠳᠡᠭᠡᠯᠡᠨ ᠨᠡᠶᠢᠲᠡᠯᠡᠵᠦ᠂ ᠨᠠᠮ ᠤᠨ ᠱᠣᠭᠤᠮ | ᠴᠢᠭᠯᠡᠯᠲᠡ᠂ ᠲᠦᠷᠦ ᠶᠢᠨ ᠪᠣᠳᠤᠯᠭ᠎ᠠ᠂ ᠬᠠᠤᠯᠢ ᠴᠠᠭᠠᠵᠠ ᠳᠥᠷᠢᠮ ᠲᠣᠭᠲᠠᠭᠠᠯ ᠪᠠ ᠣᠯᠠᠨ ᠲᠥᠮᠡᠨ ᠤ ᠠᠩᠬᠠᠷᠤᠨ | ᠬᠠᠯᠠᠮᠵᠢᠯᠠᠵᠤ ᠪᠠᠶᠢᠭ᠎ᠠ ᠵᠦᠢᠯᠡᠰ᠂ ᠬᠥᠳᠡᠭᠡ ᠲᠣᠰᠬᠤᠨ ᠮᠠᠯᠵᠢᠬᠤ ᠣᠷᠣᠨ ᠳᠤ ᠬᠤᠯᠪᠤᠭᠳᠠᠭᠰᠠᠨ ᠲᠥᠷᠦ ᠶᠢᠨ | ᠪᠣᠳᠤᠯᠭ᠎ᠠ᠂ ᠠᠷᠠᠳ ᠲᠤ ᠠᠰᠢᠭᠲᠠᠢ ᠲᠥᠷᠦ ᠶᠢᠨ ᠪᠣᠳᠤᠯᠭ᠎ᠠ ᠶᠢ ᠠᠷᠠᠳ ᠲᠥᠮᠡᠨ ᠳᠤ ᠮᠡᠳᠡᠭᠡᠯᠡᠨ ᠬᠦᠷᠭᠡᠬᠦ ᠪᠠᠷ | ᠴᠢᠷᠮᠠᠶᠢᠨ ᠠᠵᠢᠯᠯᠠᠵᠤ ᠪᠠᠶᠢᠭ᠎ᠠ ᠶᠣᠮ᠃ | ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠮᠠᠨ ᠤ ᠰᠦᠯᠵᠢᠶᠡᠨ ᠤ ᠬᠢᠨ ᠨᠤᠳᠤᠭ ᠤᠨ | ᠮᠠᠯᠴᠢᠳ ᠲᠠᠢ ᠲᠤᠳᠤᠨᠤ ᠪᠠᠷ ᠶᠠᠷᠢᠯᠴᠠᠨ᠂ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠦᠨᠳᠦᠰᠦᠨ | ᠪᠠᠶᠢᠳᠠᠯ ᠢ ᠨᠠᠷᠢᠨ ᠲᠠᠨᠢᠯᠴᠠᠭᠤᠯᠵᠤ᠂ ᠮᠣᠩᠭᠤᠯ ᠰᠦᠯᠵᠢᠶᠠᠨ ᠤ ᠤᠬᠠᠭᠤᠯᠤᠨ ᠲᠥᠭᠡᠮᠡᠯᠵᠢᠬᠦᠯᠬᠦ ᠠᠵᠢᠯ ᠤᠨ ᠲᠣᠬᠠᠢ | ᠰᠠᠨᠠᠯ ᠢᠶᠠᠨ ᠰᠣᠯᠢᠯᠴᠠᠬᠤ ᠶᠢᠨ ᠬᠠᠮᠲᠤ ᠮᠠᠯᠴᠢᠳ ᠤᠨ ᠮᠣᠩᠭᠤᠯ ᠰᠦᠯᠵᠢᠶ᠎ᠡ ᠪᠠ ᠸᠢᠴᠠᠲ ᠳᠠᠪᠴᠠᠩ ᠤᠨ ᠲᠣᠬᠠᠢ | ᠬᠢᠷᠢ ᠦᠢᠯᠠᠭᠠᠵᠤ ᠪᠠᠶᠢᠭ᠎ᠠ᠂ ᠶᠠᠮᠠᠷᠬᠠᠨ ᠵᠦᠢᠯᠡᠰ ᠲᠤ ᠠᠩᠬᠠᠷᠤᠯ ᠲᠠᠯᠪᠢᠵᠤ ᠪᠠᠶᠢᠭ᠎ᠠ᠂ ᠮᠠᠨ ᠤ ᠰᠦᠯᠵᠢᠶ᠎ᠡ | ᠳᠠᠪᠴᠠᠩ ᠳᠤ ᠶᠠᠮᠠᠷᠬᠠᠨ ᠬᠦᠰᠡᠯ ᠨᠠᠶᠢᠳᠠᠯᠭ᠎ᠠ ᠲᠠᠢ ᠪᠠᠶᠢᠭ᠎ᠠ ᠶᠢ ᠨᠠᠷᠢᠨ ᠠᠰᠠᠭᠤᠨ ᠦᠢᠯᠠᠭᠠᠵᠤ᠂ ᠲᠡᠳᠡᠨᠡᠷ ᠲᠤ | ᠮᠠᠨ ᠤ ᠬᠢᠵᠦ ᠪᠠᠶᠢᠭ᠎ᠠ ᠠᠵᠢᠯ ᠢᠶᠠᠨ ᠤᠬᠠᠭᠤᠯᠤᠨ ᠲᠠᠨᠢᠯᠴᠠᠭᠤᠯᠤᠭᠰᠠᠨ ᠪᠠᠶᠢᠨ᠎ᠠ᠃ | ᠬᠤᠶᠢᠰᠢᠳᠠ ᠮᠠᠨ ᠤ ᠬᠠᠮᠲᠤ ᠣᠯᠠᠨ ᠨᠢ ᠦᠨᠳᠦᠰᠦᠨ ᠱᠠᠲᠤᠨ ᠤ ᠠᠷᠠᠳ ᠲᠥᠮᠡᠨ ᠪᠠ | ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠠᠭ ᠤᠨ ᠪᠠᠶᠢᠳᠠᠯ᠂ ᠰᠣᠨᠢᠨ ᠮᠡᠳᠡᠭᠡ᠂ ᠲᠦᠷᠦ ᠶᠢᠨ ᠪᠣᠳᠤᠯᠭ᠎ᠠ᠂ ᠨᠠᠮ | ᠤᠨ ᠴᠢᠭᠯᠡᠯᠳᠡ᠂ ᠲᠡᠤᠬᠡ ᠰᠣᠶᠣᠯ ᠢ ᠴᠠᠭ ᠲᠤᠬᠠᠢ ᠳᠤᠨᠢ ᠦᠢᠯᠠᠭᠠᠬᠤ ᠳᠤ ᠳᠥᠬᠦᠮ ᠦᠵᠡᠬᠦᠯᠬᠦ ᠶᠢᠨ ᠲᠤᠯᠠᠳᠠ᠂ | ᠮᠣᠩᠭᠤᠯ ᠰᠦᠯᠵᠢᠶᠡᠨ ᠤ ᠪᠠᠨ ᠣᠷᠴᠢᠭᠤᠯᠭ᠎ᠠ ᠵᠢᠴᠢ ᠡᠯ᠎ᠡ ᠵᠦᠢᠯ ᠤᠨ ᠠᠵᠢᠯ ᠢᠶᠠᠨ ᠰᠠᠶᠢᠳᠤᠷ ᠬᠢᠵᠦ᠂ ᠣᠯᠠᠨ | ᠲᠥᠮᠡᠨ ᠳᠤ ᠨᠡᠩ ᠰᠠᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠨ ᠠᠵᠢᠯᠯᠠᠬᠤ ᠪᠣᠯᠤᠨ᠎ᠠ᠂ ᠮᠦᠨ ᠲᠠ ᠪᠦᠬᠦᠨ | ᠮᠢᠨᠢ ᠮᠠᠨ ᠤ ᠮᠣᠩᠭᠤᠯ ᠰᠦᠯᠵᠢᠶ᠎ᠡ᠂ ᠸᠢᠴᠠᠲ ᠳᠠᠪᠴᠠᠩ ᠳᠤ ᠠᠩᠬᠠᠷᠤᠯ ᠢᠶᠠᠨ ᠬᠠᠨᠳᠤᠭᠤᠯᠵᠤ᠂ ᠪᠢᠳᠡᠨ ᠳᠤ ᠤᠷᠮ᠎ᠠ | ᠵᠣᠷᠢᠭ ᠬᠠᠶᠢᠷᠠᠯᠠᠨ᠂ ᠬᠤᠶᠢᠰᠢᠳᠠ ᠶᠢᠨ ᠠᠵᠢᠯ ᠢ ᠳᠡᠮᠵᠢᠬᠦ ᠶᠢ ᠲᠠᠨᠢ ᠬᠦᠰᠡᠨ ᠨᠠᠶᠢᠳᠠᠵᠤ ᠪᠠᠶᠢᠨ᠎ᠠ᠃ ᠣᠷᠠᠯᠢᠭ | ᠨᠠᠶᠢᠷᠠᠭᠤᠯᠵᠤ ᠮᠦᠳᠡᠭ ᠬᠢᠨᠠᠪᠠ | | | | | | | |