ᠰᠢᠯᠤᠭᠤᠨ‌‍ᠬᠥ᠋ᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠵᠠᠰᠠᠭ ᠤᠨ ᠣᠷᠴᠢᠭᠤᠯᠭ᠎ᠠ ᠶᠢᠨ ᠳᠠᠰᠤᠭ ᠤᠨ ᠬᠢᠨ ᠦᠨᠳᠦᠰᠦᠨ ᠱᠠᠲᠤᠨ ᠳᠤ ᠭᠦᠨᠵᠡᠭᠡᠶᠢᠷᠡᠨ ᠤᠬᠠᠭᠤᠯᠭ᠎ᠠ ᠶᠢᠨ ᠠᠵᠢᠯᠯᠠᠭ᠎ᠠ ᠥᠷᠨᠢᠬᠦᠯᠪᠡ
ᠨᠡᠶᠢᠲᠡᠯᠡᠭᠰᠡᠨ ᠴᠠᠭ᠄
2021/9/15
           ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠳᠠᠰᠤᠭ ᠤᠨ  ᠬᠢᠨ ᠮᠣᠩᠭᠤᠯ ᠰᠦᠯᠵᠢᠶ᠎ᠡ ᠪᠠᠨ ᠦᠨᠳᠦᠰᠦᠨ ᠱᠠᠲᠤᠨ ᠳᠤ ᠤᠬᠠᠭᠤᠯᠵᠤ᠂ ᠠᠷᠠᠳ ᠣᠯᠠᠨ ᠳᠤ ᠮᠣᠩᠭᠤᠯ ᠰᠦᠯᠵᠢᠶ᠎ᠡ᠂ ᠸᠢᠴᠠᠲ ᠳᠠᠪᠴᠠᠩ ᠢᠶᠠᠨ ᠤᠬᠠᠭᠤᠯᠤᠨ ᠲᠠᠨᠢᠯᠴᠠᠭᠤᠯᠬᠤ ᠶᠢᠨ ᠲᠤᠯᠠᠳᠠ᠂ 2021ᠣᠨ ᠤ 9 ᠰᠠᠷ᠎ᠠ ᠶᠢᠨ 14 ᠤ ᠡᠳᠦᠷ᠂ ᠨᠠᠷᠠᠲᠤ ᠰᠣᠮᠣᠨ ᠤ ᠨᠢᠭᠡᠳᠦᠯᠲᠡᠢ ᠲᠠᠷᠢᠯᠭ᠎ᠠ ᠲᠠᠷᠢᠬᠤ ᠡᠳᠦᠷ ᠢ ᠲᠣᠬᠢᠶᠠᠯᠳᠤᠭᠤᠯᠤᠨ᠂ ᠠᠷᠠᠳ ᠣᠯᠠᠨ ᠳᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ᠂ ᠸᠢᠴᠠᠲ ᠳᠠᠪᠴᠠᠩ ᠵᠢᠴᠢ ᠣᠷᠴᠢᠭᠤᠯᠭ᠎ᠠ ᠶᠢᠨ ᠠᠵᠢᠯ ᠢ ᠤᠬᠠᠭᠤᠯᠤᠨ ᠲᠠᠨᠢᠯᠴᠠᠭᠤᠯᠵᠤ ᠂ ᠨᠡᠶᠢᠲᠡ 200 ᠭᠠᠷᠤᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠮᠠᠯᠴᠢᠨ ᠲᠥᠮᠡᠨ ᠤ ᠠᠩᠬᠠᠷᠤᠯ ᠬᠠᠯᠠᠮᠵᠢᠯᠠᠯ ᠢ ᠣᠯᠪᠠ᠃             ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠨᠢ 2016 ᠣᠨ ᠤ 7 ᠰᠠᠷ᠎ᠠ ᠳᠤ ᠪᠠᠶᠢᠭᠤᠯᠤᠭᠳᠠᠵᠠᠢ᠃ ᠮᠠᠨ ᠤ ᠰᠦᠯᠵᠢᠶ᠎ᠡ ᠨᠢ ᠲᠣᠶᠢᠮᠤ ᠪᠠᠶᠢᠳᠠᠯ᠂ ᠰᠣᠨᠢᠨ ᠮᠡᠳᠡᠭᠡ᠂ ᠢᠯᠡ ᠵᠠᠰᠠᠭ᠂ ᠦᠢᠯᠡᠴᠢᠯᠡᠭᠡ᠂ ᠰᠣᠶᠣᠯ ᠡᠷᠳᠡᠨᠢ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠮᠠᠯᠴᠢᠳ ᠤᠨ ᠬᠠᠨᠢ᠂ ᠶᠡᠷᠦᠩᠬᠡᠶᠢᠯᠡᠭᠰᠡᠨ ᠮᠡᠳᠡᠭᠡ᠂ ᠰᠣᠮᠣ ᠪᠠᠯᠭᠠᠰᠤᠨ ᠤ ᠮᠡᠳᠡᠭᠡ ᠵᠡᠷᠭᠡ 9 ᠲᠣᠮᠤ ᠪᠤᠯᠤᠩ ᠢᠶᠠᠷ ᠢᠶᠠᠨ ᠨᠡᠶᠢᠭᠡᠮ ᠤᠨ ᠪᠦᠬᠦ ᠬᠦᠮᠦᠰ ᠲᠤ ᠬᠠᠨᠳᠤᠭᠤᠯᠤᠭᠰᠠᠨ ᠠᠭᠤᠯᠭ᠎ᠠ ᠶᠢ ᠮᠡᠳᠡᠭᠡᠯᠡᠨ ᠨᠡᠶᠢᠲᠡᠯᠡᠵᠦ᠂ ᠨᠠᠮ ᠤᠨ ᠱᠣᠭᠤᠮ ᠴᠢᠭᠯᠡᠯᠲᠡ᠂ ᠲᠦᠷᠦ ᠶᠢᠨ ᠪᠣᠳᠤᠯᠭ᠎ᠠ᠂ ᠬᠠᠤᠯᠢ ᠴᠠᠭᠠᠵᠠ ᠳᠥᠷᠢᠮ ᠲᠣᠭᠲᠠᠭᠠᠯ ᠪᠠ ᠣᠯᠠᠨ ᠲᠥᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ ᠵᠦᠢᠯᠡᠰ᠂ ᠬᠥᠳᠡᠭᠡ ᠲᠣᠰᠬᠤᠨ ᠮᠠᠯᠵᠢᠬᠤ ᠣᠷᠣᠨ ᠳᠤ ᠬᠤᠯᠪᠤᠭᠳᠠᠭᠰᠠᠨ ᠲᠥᠷᠦ ᠶᠢᠨ ᠪᠣᠳᠤᠯᠭ᠎ᠠ᠂ ᠠᠷᠠᠳ ᠲᠤ ᠠᠰᠢᠭᠲᠠᠢ ᠲᠥᠷᠦ ᠶᠢᠨ ᠪᠣᠳᠤᠯᠭ᠎ᠠ ᠶᠢ ᠠᠷᠠᠳ ᠲᠥᠮᠡᠨ ᠳᠤ ᠮᠡᠳᠡᠭᠡᠯᠡᠨ ᠬᠦᠷᠭᠡᠬᠦ ᠪᠠᠷ ᠴᠢᠷᠮᠠᠶᠢᠨ ᠠᠵᠢᠯᠯᠠᠵᠤ ᠪᠠᠶᠢᠭ᠎ᠠ ᠶᠣᠮ᠃               ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠮᠠᠨ ᠤ ᠰᠦᠯᠵᠢᠶᠡᠨ ᠤ ᠬᠢᠨ ᠨᠤᠳᠤᠭ ᠤᠨ ᠮᠠᠯᠴᠢᠳ ᠲᠠᠢ ᠲᠤᠳᠤᠨᠤ ᠪᠠᠷ ᠶᠠᠷᠢᠯᠴᠠᠨ᠂ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠦᠨᠳᠦᠰᠦᠨ ᠪᠠᠶᠢᠳᠠᠯ ᠢ ᠨᠠᠷᠢᠨ ᠲᠠᠨᠢᠯᠴᠠᠭᠤᠯᠵᠤ᠂ ᠮᠣᠩᠭᠤᠯ ᠰᠦᠯᠵᠢᠶᠠᠨ ᠤ ᠤᠬᠠᠭᠤᠯᠤᠨ ᠲᠥᠭᠡᠮᠡᠯᠵᠢᠬᠦᠯᠬᠦ ᠠᠵᠢᠯ ᠤᠨ ᠲᠣᠬᠠᠢ ᠰᠠᠨᠠᠯ ᠢᠶᠠᠨ ᠰᠣᠯᠢᠯᠴᠠᠬᠤ ᠶᠢᠨ ᠬᠠᠮᠲᠤ ᠮᠠᠯᠴᠢᠳ ᠤᠨ ᠮᠣᠩᠭᠤᠯ ᠰᠦᠯᠵᠢᠶ᠎ᠡ ᠪᠠ ᠸᠢᠴᠠᠲ ᠳᠠᠪᠴᠠᠩ ᠤᠨ ᠲᠣᠬᠠᠢ ᠬᠢᠷᠢ ᠦᠢᠯᠠᠭᠠᠵᠤ ᠪᠠᠶᠢᠭ᠎ᠠ᠂ ᠶᠠᠮᠠᠷᠬᠠᠨ ᠵᠦᠢᠯᠡᠰ ᠲᠤ ᠠᠩᠬᠠᠷᠤᠯ ᠲᠠᠯᠪᠢᠵᠤ ᠪᠠᠶᠢᠭ᠎ᠠ᠂ ᠮᠠᠨ ᠤ ᠰᠦᠯᠵᠢᠶ᠎ᠡ ᠳᠠᠪᠴᠠᠩ ᠳᠤ ᠶᠠᠮᠠᠷᠬᠠᠨ ᠬᠦᠰᠡᠯ ᠨᠠᠶᠢᠳᠠᠯᠭ᠎ᠠ ᠲᠠᠢ ᠪᠠᠶᠢᠭ᠎ᠠ ᠶᠢ ᠨᠠᠷᠢᠨ ᠠᠰᠠᠭᠤᠨ ᠦᠢᠯᠠᠭᠠᠵᠤ᠂ ᠲᠡᠳᠡᠨᠡᠷ ᠲᠤ ᠮᠠᠨ ᠤ ᠬᠢᠵᠦ ᠪᠠᠶᠢᠭ᠎ᠠ ᠠᠵᠢᠯ ᠢᠶᠠᠨ ᠤᠬᠠᠭᠤᠯᠤᠨ ᠲᠠᠨᠢᠯᠴᠠᠭᠤᠯᠤᠭᠰᠠᠨ ᠪᠠᠶᠢᠨ᠎ᠠ᠃              ᠬᠤᠶᠢᠰᠢᠳᠠ ᠮᠠᠨ ᠤ ᠬᠠᠮᠲᠤ ᠣᠯᠠᠨ ᠨᠢ ᠦᠨᠳᠦᠰᠦᠨ ᠱᠠᠲᠤᠨ ᠤ ᠠᠷᠠᠳ ᠲᠥᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠠᠭ ᠤᠨ ᠪᠠᠶᠢᠳᠠᠯ᠂ ᠰᠣᠨᠢᠨ ᠮᠡᠳᠡᠭᠡ᠂ ᠲᠦᠷᠦ ᠶᠢᠨ ᠪᠣᠳᠤᠯᠭ᠎ᠠ᠂ ᠨᠠᠮ ᠤᠨ ᠴᠢᠭᠯᠡᠯᠳᠡ᠂ ᠲᠡᠤᠬᠡ ᠰᠣᠶᠣᠯ ᠢ ᠴᠠᠭ ᠲᠤᠬᠠᠢ ᠳᠤᠨᠢ ᠦᠢᠯᠠᠭᠠᠬᠤ ᠳᠤ ᠳᠥᠬᠦᠮ ᠦᠵᠡᠬᠦᠯᠬᠦ ᠶᠢᠨ ᠲᠤᠯᠠᠳᠠ᠂ ᠮᠣᠩᠭᠤᠯ ᠰᠦᠯᠵᠢᠶᠡᠨ ᠤ ᠪᠠᠨ ᠣᠷᠴᠢᠭᠤᠯᠭ᠎ᠠ ᠵᠢᠴᠢ ᠡᠯ᠎ᠡ ᠵᠦᠢᠯ ᠤᠨ ᠠᠵᠢᠯ ᠢᠶᠠᠨ ᠰᠠᠶᠢᠳᠤᠷ ᠬᠢᠵᠦ᠂ ᠣᠯᠠᠨ ᠲᠥᠮᠡᠨ ᠳᠤ ᠨᠡᠩ ᠰᠠᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠨ ᠠᠵᠢᠯᠯᠠᠬᠤ ᠪᠣᠯᠤᠨ᠎ᠠ᠂ ᠮᠦᠨ ᠲᠠ ᠪᠦᠬᠦᠨ ᠮᠢᠨᠢ ᠮᠠᠨ ᠤ ᠮᠣᠩᠭᠤᠯ ᠰᠦᠯᠵᠢᠶ᠎ᠡ᠂ ᠸᠢᠴᠠᠲ ᠳᠠᠪᠴᠠᠩ ᠳᠤ ᠠᠩᠬᠠᠷᠤᠯ ᠢᠶᠠᠨ ᠬᠠᠨᠳᠤᠭᠤᠯᠵᠤ᠂ ᠪᠢᠳᠡᠨ ᠳᠤ ᠤᠷᠮ᠎ᠠ ᠵᠣᠷᠢᠭ ᠬᠠᠶᠢᠷᠠᠯᠠᠨ᠂ ᠬᠤᠶᠢᠰᠢᠳᠠ ᠶᠢᠨ ᠠᠵᠢᠯ ᠢ ᠳᠡᠮᠵᠢᠬᠦ ᠶᠢ ᠲᠠᠨᠢ ᠬᠦᠰᠡᠨ ᠨᠠᠶᠢᠳᠠᠵᠤ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号