ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ  ᠤᠨ ᠭᠤᠷᠪᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/17
            9 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠬᠤᠰᠢᠭᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2020 ᠣᠨ ᠤ ᠠᠵᠢᠯ ᠢ ᠡᠷᠭᠢᠴᠡᠭᠦᠯᠦᠨ ᠳ᠋ᠦᠩᠨᠡᠵᠦ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ 2021 ᠣᠨ ᠤ ᠭᠠᠳᠠᠭᠠᠳᠤ ᠶᠠᠪᠤᠳᠠᠯ ᠤᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃                   ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤ ᠪᠠᠷ ᠢᠶᠠᠨ ᠭᠠᠳᠠᠭᠠᠳᠤ ᠶᠠᠪᠤᠳᠠᠯ ᠤᠨ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ  ᠤᠨ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠡᠤᠬᠡᠲᠦ ᠴᠠᠭ ᠦᠶ᠎ᠡ ᠶᠢᠨ ᠰᠢᠨ᠎ᠡ ᠪᠠᠶᠢᠳᠠᠯ᠂ ᠰᠢᠨ᠎ᠡ ᠡᠭᠦᠷᠭᠡ ᠪᠣᠯᠤᠨ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠥᠭᠵᠢᠯᠲᠡ ᠪᠣᠯᠤᠨ ᠠᠮᠤᠷ ᠲᠦᠪᠰᠢᠨ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠬᠦᠴᠦᠨ ᠢᠶᠠᠨ ᠨᠢᠭᠡᠳᠦᠯᠲᠡᠶ᠂ ᠰᠢᠰᠲ᠋ᠧᠮ ᠲᠠᠢ ᠲᠥᠯᠥᠪᠵᠢᠭᠦᠯᠵᠦ᠂ ᠮᠠᠨ ᠤ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠤᠨ ᠬᠢᠷᠢ ᠲᠦᠪᠰᠢᠨ ᠢ ᠪᠥᠬᠦ ᠲᠠᠯ᠎ᠠ  ᠪᠠᠷ ᠳᠡᠭᠡᠭᠰᠢᠯᠡᠭᠦᠯᠬᠦ ᠬᠡᠷᠡᠭᠲᠡᠶ᠃ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠳᠠᠭᠠᠳᠤ ᠨᠡᠭᠡᠭᠡᠯᠲᠡ᠂ ᠲᠣᠭᠲᠠᠭᠤᠨ ᠢ ᠬᠠᠮᠠᠭᠠᠯᠠᠬᠤ ᠪᠠ ᠬᠢᠵᠢᠭ ᠢ ᠰᠡᠷᠭᠡᠶᠢᠯᠡᠬᠦ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠭᠠᠳᠠᠭᠠᠳᠤ ᠤᠬᠠᠭᠤᠯᠭ᠎ᠠ ᠲᠠᠨᠢᠯᠴᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠳᠠᠭᠠᠳᠤ ᠬᠦᠷᠢᠶᠡᠨ  ᠳᠠᠬᠢ ᠠᠶᠤᠯ ᠲᠦᠭᠰᠢᠭᠦᠷᠢ ᠶᠢ ᠢᠳᠡᠪᠬᠢᠲᠡᠶ ᠰᠡᠷᠭᠡᠶᠢᠯᠡᠨ ᠠᠷᠢᠯᠭᠠᠵᠤ᠂ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠬᠤᠰᠢᠭᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠡᠭᠦᠷᠭᠡ ᠴᠢᠳᠠᠪᠬᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠭᠠᠳᠠᠭᠠᠳᠤ ᠶᠠᠪᠤᠳᠠᠯ ᠤᠨ ᠠᠵᠢᠯ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠴᠢᠩᠭᠠᠳᠬᠠᠵᠤ᠂ ᠤᠷᠤᠭᠰᠢᠲᠠᠶ᠂ ᠪᠦᠲᠦᠮᠵᠢᠲᠡᠶ᠂ ᠡᠮᠬᠢ ᠵᠢᠷᠤᠮ  ᠲᠠᠢ ᠭᠠᠳᠠᠭᠠᠳᠤ ᠶᠠᠪᠤᠳᠠᠯ ᠤᠨ ᠠᠵᠢᠯ ᠤᠨ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ᠂ ᠭᠠᠳᠠᠭᠠᠳᠤ ᠶᠠᠪᠤᠳᠠᠯ ᠤᠨ ᠠᠵᠢᠯ ᠢ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃                ᠬᠤᠰᠢᠭᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠭᠡᠰᠢᠭᠦᠳ ᠬᠤᠷᠠᠯ ᠳᠤ ᠣᠷᠣᠯᠴᠠᠵᠤ᠂  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号