ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/9/17
                                         ︵14 ᠳ᠋ᠦ᠋ᠭᠡᠷ ᠲᠣᠭᠠᠲᠤ︶             9 ᠰᠠᠷ᠎ᠠ ᠶᠢᠨ 13 ᠤ 0 ᠴᠠᠭ 24 ᠴᠠᠭ ᠪᠣᠯᠲᠠᠯ᠎ᠠ᠂ ᠪᠥᠬᠦ ᠤᠯᠤᠰ ᠲᠤ 59 ᠲᠤᠬᠠᠶ ᠶᠢᠨ ᠭᠠᠵᠠᠷ ᠤᠨ ᠣᠨᠣᠰᠢᠯᠠᠭᠳᠠᠭᠰᠠᠨ ᠡᠪᠡᠳᠴᠢᠲᠡᠨ ᠰᠢᠨ᠎ᠡ ᠪᠠᠷ ᠨᠡᠮᠡᠭᠳᠡᠪᠡ᠃ ᠹᠦᠵᠢᠶᠠᠨ ᠤ ᠫᠦ᠋ ᠲᠢᠶᠠᠨ ᠬᠤᠳᠠ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠪᠠᠶᠢᠵᠤ᠂ ᠨᠡᠶᠢᠭᠡᠮ ᠲᠣᠭᠤᠷᠢᠭ᠂ ᠰᠤᠷᠭᠠᠭᠤᠯᠢ᠂ ᠦᠢᠯᠡᠳᠪᠦᠷᠢ ᠳᠤ ᠡᠪᠡᠳᠴᠢᠨ ᠤ ᠵᠢᠱᠢᠶ᠎ᠡ ᠢᠯᠡᠷᠡᠬᠦ ᠪᠣᠯᠤᠮᠵᠢ ᠶᠡᠭᠡ᠂ ᠬᠢᠵᠢᠭ ᠭᠠᠳᠠᠭᠰᠢ ᠳᠡᠯᠭᠡᠷᠡᠬᠦ ᠲᠦᠭᠰᠢᠭᠦᠷᠢ ᠣᠷᠤᠰᠢᠭᠰᠠᠭᠠᠷ ᠪᠠᠶᠢᠨ᠎ᠠ᠃ ᠲᠡᠷᠭᠡᠯ ᠰᠠᠷᠠᠨ ᠤ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠬᠦᠷᠴᠦ ᠢᠷᠡᠬᠦ ᠶᠢ ᠳᠠᠭᠠᠯᠳᠤᠨ᠂ ᠬᠥᠮᠦᠰ ᠤᠨ ᠭᠠᠳᠠᠭᠰᠢ ᠭᠠᠷᠬᠤ᠂ ᠵᠢᠭᠤᠯᠴᠢᠯᠠᠬᠤ ᠪᠠ ᠴᠤᠭᠯᠠᠷᠠᠬᠤ ᠠᠵᠢᠯᠯᠠᠭ᠎ᠠ ᠨᠡᠮᠡᠭᠳᠡᠵᠦ᠂ ᠬᠠᠯᠳᠠᠪᠤᠷᠢᠯᠠᠬᠤ ᠠᠶᠤᠯ ᠲᠦᠭᠰᠢᠭᠦᠷᠢ ᠴᠦ ᠳᠠᠭᠠᠯᠳᠤᠨ ᠨᠡᠮᠡᠭᠳᠡᠪᠡ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠬᠢᠵᠢᠭ ᠡᠭᠦᠰᠬᠦ ᠶᠢ ᠰᠡᠷᠭᠡᠶᠢᠯᠡᠬᠦ︾ ᠪᠠᠶᠢᠩᠭᠤ ᠶᠢᠨ ᠴᠢᠨᠠᠷᠲᠠᠢ ᠰᠡᠷᠭᠡᠶᠢᠯᠡᠯᠲᠡ ᠶᠢᠨ ᠠᠷᠭ᠎ᠠ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠬᠢᠵᠢᠭ ᠲᠠᠷᠬᠠᠬᠤ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠬᠤ ᠪᠠ ᠪᠠᠭᠤᠷᠠᠭᠤᠯᠬᠤ ᠶᠢᠨ ᠲᠤᠯᠠᠳᠠ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠬᠠᠮᠢᠶ᠎ᠠ ᠪᠥᠬᠦᠶ ᠵᠦᠢᠯᠡᠰ ᠢ ᠵᠠᠷᠯᠠᠶ᠎ᠠ᠄             ᠨᠢᠭᠡ᠂ ᠬᠢᠵᠢᠭ ᠤᠨ ᠪᠠᠶᠢᠳᠠᠯ ᠢ ᠨᠢᠭᠲᠠ ᠠᠩᠬᠠᠷᠬᠤ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠬᠢᠵᠢᠭ ᠭᠠᠷᠤᠭᠰᠠᠨ ᠭᠠᠵᠠᠷ ᠣᠷᠣᠨ ᠳᠤ ᠴᠢᠬᠤᠯᠠ ᠦᠭᠡᠢ ᠪᠣᠯ ᠣᠴᠢᠵᠤ ᠪᠣᠯᠬᠤ ᠦᠭᠡᠢ᠂ ᠠᠶᠢᠮᠠᠭ ᠠᠴᠠ ᠪᠠᠨ ᠭᠠᠷᠬᠤ ᠦᠭᠡᠢ ᠪᠠᠶᠢᠬᠤ ᠶᠢ ᠬᠢᠴᠢᠶᠡᠵᠦ᠂ ᠴᠢᠳᠠᠬᠤ ᠶᠢᠨ ᠳᠣᠲᠣᠷ᠎ᠠ ᠠᠶᠢᠮᠠᠭ ᠤᠨ ᠳᠣᠲᠣᠷ᠎ᠠ ᠪᠠᠨ ᠪᠠᠶᠠᠷ ᠤᠨ ᠡᠳᠦᠷ ᠢᠶᠠᠨ ᠥᠩᠭᠡᠷᠡᠭᠦᠯᠦᠭᠡᠷᠡᠢ᠃ ᠴᠤᠤᠷᠬᠠᠯ ᠢ ᠰᠣᠨᠣᠰᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠬᠤ ᠬᠡᠷᠡᠭᠲᠡᠢ᠃ ᠬᠢᠵᠢᠭ ᠢ ᠰᠡᠷᠭᠡᠶᠢᠯᠡᠬᠦ ᠬᠤᠪᠢ ᠬᠥᠮᠦᠨ ᠤ ᠬᠠᠷᠢᠭᠤᠴᠠᠯᠭ᠎ᠠ ᠡᠭᠦᠷᠭᠡ ᠪᠠᠨ ᠬᠢᠨᠠᠮᠠᠭᠠᠶ ᠭᠦᠶᠴᠡᠳᠬᠡᠵᠦ᠂ ᠰᠢᠯᠤᠭᠤᠨ ᠬᠥᠬᠡ ᠬᠤᠰᠢᠭᠤᠨ ᠤ ᠬᠢᠵᠢᠭ ᠢ ᠰᠡᠷᠭᠡᠶᠢᠯᠡᠬᠦ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠬᠤ ᠬᠡᠷᠡᠭᠲᠡᠶ᠃             ᠬᠤᠶᠠᠷ᠂ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃ 14 ᠬᠤᠨᠤᠭ ᠤᠨ ᠳᠣᠲᠣᠷ᠎ᠠ ᠳᠤᠮᠳᠠ᠂ ᠥᠨᠳᠥᠷ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠳᠤ ᠣᠴᠢᠵᠤ ᠥᠩᠭᠡᠷᠡᠭᠰᠡᠨ ᠪᠤᠶᠤ ᠬᠢᠵᠢᠭ ᠲᠤ ᠬᠠᠯᠳᠠᠪᠤᠷᠢᠯᠠᠭᠳᠠᠬᠤ ᠪᠣᠯᠣᠮᠵᠢ ᠶᠡᠬᠡᠲᠡᠢ ᠲᠠᠯᠠᠪᠤᠷ ᠢᠶᠠᠷ ᠣᠷᠣᠵᠤ ᠭᠠᠷᠤᠭᠰᠠᠨ᠂ ᠣᠨᠣᠰᠢᠯᠠᠭᠳᠠᠭᠰᠠᠨ ᠡᠪᠡᠳᠴᠢᠲᠡᠨ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠲᠠᠢ ᠵᠠᠮ ᠨᠡᠶᠢᠯᠡᠭᠰᠡᠨ ᠬᠥᠮᠦᠰ ᠪᠠᠶᠢᠪᠠᠯ᠂ ᠰᠢᠯᠤᠭᠤᠨ ᠬᠥᠬᠡ ᠬᠤᠰᠢᠭᠤᠨ ᠳᠤ ᠭᠦᠷᠦᠭᠰᠡᠨ ᠤ ᠳᠠᠷᠠᠭ᠎ᠠ ᠳᠠᠷᠤᠶᠢᠬᠠᠨ ᠰᠠᠭᠤᠭ᠎ᠠ ᠰᠤᠮᠤ ᠪᠠᠯᠭᠠᠰᠤ ᠲᠠᠯᠠᠪᠠᠶ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ / ᠰᠠᠭᠤᠭᠠᠯᠢ ᠠᠷᠠᠳ ᠤᠨ ᠵᠥᠪᠯᠡᠯ / ᠬᠤᠪᠢᠶᠠᠷᠢ ᠲᠠᠯᠠᠪᠠᠶ︶ ᠪᠠ ᠪᠠᠶᠢᠭᠤᠯᠭ᠎ᠠ ᠨᠢᠭᠡᠴᠡ ︵ᠪᠤᠶᠤ ᠰᠠᠭᠤᠭᠰᠠᠨ ᠵᠣᠴᠢᠳ ᠤᠨ ᠪᠠᠭᠤᠳᠠᠯ︶ ᠳᠤ ᠪᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠤ ᠲᠤᠭᠲᠠᠭᠰᠠᠨ ᠨᠢᠭᠡᠴᠡ ᠳᠤ ᠮᠡᠳᠡᠭᠦᠯᠬᠦ ᠬᠡᠷᠡᠭᠲᠡᠶ᠃ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ᠂ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠳᠤᠮᠳᠠ ᠥᠨᠳᠥᠷ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠠᠴᠠ ᠰᠢᠯᠤᠭᠤᠨ ᠬᠥᠬᠡ ᠬᠤᠰᠢᠭᠤᠨ ᠳᠤ ᠢᠷᠡᠭᠰᠡᠨ ᠬᠥᠮᠦᠰ ᠢ ᠣᠯᠵᠤ ᠮᠡᠳᠡᠪᠡᠯ᠂ ᠳᠠᠷᠤᠶ ᠲᠦᠷᠭᠡᠨ ᠲᠤᠭᠲᠠᠭᠰᠠᠨ ᠨᠢᠭᠡᠴᠡ ᠳᠤ ᠮᠡᠳᠡᠭᠦᠯᠬᠦ ᠬᠡᠷᠡᠭᠲᠡᠶ᠃             ᠭᠤᠷᠪᠠ᠂ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠵᠢᠷᠤᠮᠵᠢᠭᠤᠯᠤᠨ ᠨᠠᠶᠢᠳᠠᠪᠤᠷᠢᠵᠢᠭᠤᠯᠬᠤ ᠬᠡᠷᠡᠭᠳᠡᠢ᠃ ᠦᠨᠳᠦᠷ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠠᠴᠠ ᠰᠢᠯᠤᠭᠤᠨ ᠬᠥᠬᠡ ᠬᠤᠰᠢᠭᠤᠨ  ᠳᠤ ᠪᠤᠴᠠᠬᠤ ᠬᠥᠮᠦᠰ ᠴᠥᠮ ︽14 ᠬᠤᠨᠤᠭ ᠨᠢᠭᠡᠳᠦᠯᠲᠡᠢ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠳᠤᠮᠳᠠ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠠᠴᠠ ᠰᠢᠯᠤᠭᠤᠨ ᠬᠥᠬᠡ ᠬᠤᠰᠢᠭᠤᠨ ᠳᠤ ᠪᠤᠴᠠᠬᠤ ᠬᠥᠮᠦᠰ ᠴᠥᠮ ︽14 ᠡᠳᠦᠷ ᠬᠡᠷ ᠲᠡᠭᠡᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠡᠷ ᠲᠡᠭᠡᠨ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠡᠳᠦᠶ ᠬᠥᠮᠦᠰ ᠢ ᠪᠦᠬᠦᠨ ᠢ ᠨᠢᠭᠡᠳᠦᠯᠲᠡᠢ ᠲᠤᠰᠠᠭᠠᠷᠯᠠᠨ᠎ᠠ᠃ ᠠᠵᠢᠭᠯᠠᠯᠲᠠ ᠶᠢᠨ 1᠂ 4᠂ 7᠂ 10᠂ 14 ᠳ᠋ᠦ᠋ᠭᠡᠷ ᠡᠳᠦᠷ ᠲᠤ ᠲᠣᠰ ᠪᠦᠷᠢ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠳᠤᠮᠳᠠ ᠥᠨᠳᠥᠷ ᠳᠡᠰ ᠤᠨ ᠬᠢᠵᠢᠭ ᠤᠨ ᠲᠦᠭᠰᠢᠭᠦᠷᠢᠲᠦ ᠭᠠᠵᠠᠷ ᠣᠷᠣᠨ  ᠠᠴᠠ ᠢᠷᠡᠭᠰᠡᠨ ︵ᠪᠤᠴᠠᠭᠰᠠᠨ︶ ᠬᠥᠮᠦᠰ ᠴᠥᠮ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ  ᠨᠢ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠂ ᠪᠥᠭᠡᠮ ᠬᠦᠴᠢᠯ ᠤᠨ ᠪᠠᠶᠢᠴᠠᠭᠠᠯᠲᠠ ᠨᠢ ᠪᠢᠯᠢᠭ ᠴᠢᠨᠠᠷ ᠤᠨ ᠭᠡᠷᠡᠴᠢ ᠪᠠᠶᠢᠬᠤ ᠥᠬᠡᠶ ᠪᠣᠯ ᠲᠡᠷᠡ ᠳᠠᠷᠤᠶ ᠳᠤᠨᠢ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠬᠡᠷᠡᠭᠲᠡᠶ᠃             ᠳᠥᠷᠪᠡ᠂ ᠠᠮᠠᠷᠠᠯᠲᠠ ᠶᠢᠨ ᠡᠳᠦᠷ ᠤᠨ ᠠᠶᠠᠯᠠᠯ ᠢᠶᠠᠨ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠲᠡᠷᠭᠡᠯ ᠰᠠᠷᠠᠨ ᠤ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠤᠳᠠᠯ ᠦᠭᠡᠢ ᠬᠦᠷᠴᠦ ᠢᠷᠡᠬᠦ ᠪᠣᠯᠬᠤᠷ ᠠᠶᠠᠯᠠᠯ ᠢᠶᠠᠨ ᠵᠦᠢ ᠵᠣᠬᠢᠰᠲᠠᠢ ᠲᠤᠬᠢᠷᠠᠭᠤᠯᠬᠤ ᠬᠡᠷᠡᠭᠲᠡᠢ᠃ ᠥᠷᠭᠡᠨ ᠣᠯᠠᠨ ᠰᠠᠭᠤᠭᠠᠯᠢ ᠠᠷᠠᠳ ᠨᠣᠲᠤᠭ ᠲᠤ ᠪᠠᠨ ᠪᠠᠶᠠᠷ ᠤᠨ ᠡᠳᠦᠷ ᠢᠶᠠᠨ ᠥᠩᠭᠡᠷᠡᠭᠦᠯᠵᠦ᠂ ᠬᠤᠷᠠᠨ ᠴᠤᠭᠯᠠᠷᠠᠬᠤ ᠪᠠᠨ ᠪᠠᠭᠠᠰᠬᠠᠭᠠᠷᠠᠢ ᠭᠡᠵᠦ ᠰᠠᠨᠠᠭᠤᠯᠵᠤ ᠪᠠᠶᠢᠨ᠎ᠠ᠃ ᠬᠡᠷᠪᠡ ᠭᠠᠳᠠᠭᠰᠢ ᠭᠠᠷᠬᠤ ᠰᠠᠨᠠᠭ᠎ᠠ ᠲᠠᠢ ᠪᠣᠯ᠂ ᠵᠣᠷᠢᠭᠰᠠᠨ ᠭᠠᠵᠠᠷ ᠤᠨ ᠢᠶᠠᠨ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠬᠤ ᠬᠡᠷᠡᠭᠲᠡᠶ᠃             ᠲᠠᠪᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃ ᠡᠯ᠎ᠡ ᠰᠤᠮᠤ ᠪᠠᠯᠭᠠᠰᠤ ᠲᠠᠯᠠᠪᠠᠶ᠂ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠂ ᠲᠣᠰ ᠠᠵᠢᠯ ᠲᠥᠷᠥᠯ ᠤᠨ ᠬᠦᠷᠢᠶᠡᠨ ᠳᠠᠬᠢ ᠬᠢᠵᠢᠭ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠳᠤᠮᠳᠠ ᠥᠨᠳᠥᠷ ᠳᠡᠰ ᠤᠨ ᠬᠢᠵᠢᠭ ᠤᠨ ᠲᠦᠭᠰᠢᠭᠦᠷᠢᠲᠦ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ ᠢ ᠴᠢᠩᠭ᠎ᠠ ᠪᠠᠷ ᠪᠠᠶᠢᠴᠠᠭᠠᠬᠤ ᠶᠢᠨ ᠬᠠᠮᠲᠤ᠂ ᠵᠣᠴᠢᠳ ᠤᠨ ᠪᠠᠭᠤᠳᠠᠯ᠂ ᠲᠣᠮᠣ ᠬᠡᠯᠪᠡᠷᠢ ᠶᠢᠨ ᠴᠢᠯᠦᠭᠡᠲᠦ ᠳᠡᠯᠭᠡᠭᠦᠷ ᠵᠡᠷᠭᠡ ᠬᠥᠮᠦᠨ ᠴᠤᠭᠯᠠᠷᠠᠬᠤ ᠲᠠᠯᠠᠪᠤᠷ ᠭᠠᠵᠠᠷ ᠤᠨ ᠬᠢᠨᠠᠯᠲᠠ ᠵᠢᠯᠣᠭᠤᠳᠤᠯᠭ᠎ᠠ ᠪᠠᠨ ᠴᠢᠩᠭᠠᠷᠠᠭᠤᠯᠵᠤ᠂ ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠳᠠᠩᠰᠠᠯᠠᠬᠤ ᠵᠡᠷᠭᠡ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃             ᠵᠢᠷᠭᠤᠭ᠎ᠠ᠂ ᠥᠷᠭᠡᠨ ᠣᠯᠠᠨ ᠰᠠᠭᠤᠭᠠᠯᠢ ᠠᠷᠠᠳ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠬᠡᠷᠡᠭᠴᠡᠭᠡ ᠶᠢ ᠬᠠᠩᠭᠠᠵᠤ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠶᠢᠨ ᠲᠤᠯᠠᠳᠠ᠂ ᠲᠣᠰ ᠡᠳᠦᠷ ᠠᠴᠠ ᠡᠬᠢᠯᠡᠨ᠂ ᠰᠢᠯᠤᠭᠤᠨ ᠬᠥᠬᠡ ᠬᠤᠰᠢᠭᠤᠨ ᠤ ᠡᠮᠨᠡᠯᠭᠡ ᠶᠢᠨ ᠬᠤᠷᠢᠶ᠎ᠠ ᠨᠢ ᠪᠥᠭᠡᠮ ᠬᠦᠴᠢᠯ ᠤᠨ ᠪᠠᠶᠢᠴᠠᠭᠠᠯᠲᠠ ᠶᠢᠨ ᠤᠷᠢᠳᠴᠢᠯᠠᠨ ᠪᠣᠯᠵᠣᠬᠤ ᠦᠶᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠬᠦᠯᠦᠨ᠎ᠡ᠂ ᠰᠢᠯᠤᠭᠤᠨ ᠬᠥᠬᠡ ᠬᠤᠰᠢᠭᠤᠨ ᠤ ᠡᠮᠨᠡᠯᠭᠡ ᠶᠢᠨ ᠬᠤᠷᠢᠶᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠤᠷᠢᠳᠴᠢᠯᠠᠨ ᠪᠣᠯᠵᠣᠬᠤ ᠤᠲᠠᠰᠤ ︵ᠦᠳᠡ ᠶᠢᠨ ᠡᠮᠦᠨ᠎ᠡ 8᠄ 30—12᠄ 00᠂ ᠦᠳᠡ ᠶᠢᠨ ᠬᠤᠶᠢᠨ᠎ᠠ 2᠄ 30—5᠄ 30︶᠄ 0479 - 4231107᠃ᠰᠢᠯᠤᠭᠤᠨ ᠬᠥᠬᠡ ᠬᠤᠰᠢᠭᠤᠨ ᠤ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ᠄ 0479 - 4222887ᠰᠢᠯᠤᠭᠤᠨ ᠬᠥᠬᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0479 - 4224480ᠰᠢᠯᠤᠭᠤᠨ ᠬᠥᠬᠡ ᠬᠤᠰᠢᠭᠤᠨ ᠤ ᠬᠢᠵᠢᠭ ᠢ ᠰᠡᠷᠭᠡᠶᠢᠯᠡᠬᠦ ᠲᠥᠪ᠄ 0479 - 4222907ᠸᠠᠺᠼᠢᠨ ᠤ ᠲᠠᠷᠢᠯᠭ᠎ᠠ ᠶᠢᠨ ᠠᠰᠠᠭᠤᠨ ᠯᠠᠪᠯᠠᠬᠤ ᠤᠲᠠᠰᠤ᠄ 133370990001     ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ     ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ                      2021 ᠣᠨ ᠤ 9 ᠰᠠᠷ᠎ᠠ ᠶᠢᠨ 13 ᠤ ᠡᠳᠦᠷᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号