ᠰᠢᠯᠤᠭᠤᠨ ᠬᠦᠬᠡ ᠬᠤᠰᠢᠭᠤᠨ ᠤ ᠳᠡᠳ᠋ ᠬᠤᠰᠢᠭᠤ ᠳᠠᠷᠤᠭ᠎ᠠ ᠯᠢᠦᠶ ᠾᠦᠢ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠪᠠ  ᠬᠤᠰᠢᠭᠤ ᠵᠠᠰᠠᠭ ᠤᠨ ᠶᠠᠪᠤᠳᠠᠯ ᠤᠨ ᠦᠶᠯᠡᠴᠢᠯᠡᠭᠡᠨ  ᠤ ᠲᠢᠩᠬᠢᠮ ᠤᠨ ᠥᠭᠡᠷᠡᠴᠢᠯᠡᠯᠲᠡ ᠶᠢᠨ ᠲᠥᠷᠥᠯ ᠵᠦᠶᠯ ᠤᠨ ᠪᠠᠷᠢᠯᠭ᠎ᠠ ᠶᠢᠨ ᠠᠬᠤᠢ ᠲᠠᠯᠠᠪᠠᠶ ᠳᠤ ᠭᠦᠨᠵᠡᠭᠡᠶᠢᠷᠡᠨ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2021/9/17
              9 ᠰᠠᠷ᠎ᠠ ᠶᠢᠨ 15 ᠤ ᠡᠳᠦᠷ᠂ ᠳᠡᠳ᠋ ᠬᠤᠰᠢᠭᠤ ᠳᠠᠷᠤᠭ᠎ᠠ ᠯᠢᠦᠶ ᠾᠦᠢ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠪᠠ ᠬᠤᠰᠢᠭᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠥᠭᠡᠷᠡᠴᠢᠯᠡᠯᠲᠡ  ᠶᠢᠨ ᠲᠥᠷᠥᠯ ᠵᠦᠶᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠱᠠᠩᠳᠤ ᠪᠠᠯᠭᠠᠰᠤ᠂ ᠪᠠᠷᠢᠯᠭ᠎ᠠ ᠶᠢᠨ ᠨᠢᠭᠡᠴᠡ ᠶᠢᠨ ᠬᠤᠯᠪᠣᠭᠳᠠᠯ ᠪᠥᠬᠦᠶ  ᠬᠠᠷᠢᠭᠤᠴᠠᠯᠭᠠᠳᠠᠳ ᠪᠠᠷ᠎ᠠ ᠪᠣᠯᠪᠠ᠃               ᠳᠡᠳ᠋ ᠬᠤᠰᠢᠭᠤ ᠳᠠᠷᠤᠭ᠎ᠠ ᠯᠢᠦᠢ ᠾᠦᠢ ᠼᠠᠢ ᠶᠤᠸᠠᠨ ᠲᠣᠰᠬᠤᠨ᠂ ᠬᠤᠶᠠᠷ ᠪᠤᠮᠪᠠ ᠨᠡᠶᠢᠭᠡᠮ ᠲᠣᠭᠤᠷᠢᠭ᠂ ᠥᠨᠳᠥᠷ ᠡᠷᠭᠢ ᠨᠡᠶᠢᠭᠡᠮ ᠲᠣᠭᠤᠷᠢᠭ ᠤᠨ ᠨᠠᠮ ᠤᠨ ᠬᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠲᠤ ᠬᠦᠷᠴᠦ᠂ ᠬᠤᠯᠪᠣᠭᠳᠠᠯ ᠪᠦᠬᠦᠢ ᠬᠠᠷᠢᠭᠤᠴᠠᠯᠭᠠᠳᠠᠳ ᠠᠴᠠ ᠬᠠᠷᠢᠶ᠎ᠠ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ︽ᠤᠯᠠᠨ ᠲᠦᠮᠡᠨ ᠳᠤ ᠪᠤᠳᠠᠳᠠᠢ ᠠᠵᠢᠯ ᠬᠢᠬᠦ ︾ ᠠᠵᠢᠯᠯᠠᠭ᠎ᠠ ᠵᠢᠴᠢ ᠬᠢᠵᠢᠭ ᠢ ᠰᠡᠷᠭᠡᠶᠢᠯᠡᠨ ᠬᠤᠷᠢᠭᠯᠠᠬᠤ᠂ ᠸᠠᠺᠼᠢᠨ ᠤ ᠲᠠᠷᠢᠯᠭ᠎ᠠ ᠶᠢᠨ ᠳᠣᠬᠠᠢ ᠬᠤᠯᠪᠣᠭᠳᠠᠯ ᠪᠦᠬᠦᠢ ᠠᠵᠢᠯ ᠢ ᠨᠠᠷᠢᠨ ᠣᠶᠢᠯᠠᠭᠠᠪᠠ᠃               ᠳᠡᠳ᠋ ᠬᠤᠰᠢᠭᠤ ᠳᠠᠷᠤᠭ᠎ᠠ ᠯᠢᠦᠶ ᠾᠦᠢ ᠪᠠᠶᠢᠴᠠᠭᠠᠨ ᠰᠤᠳᠤᠯᠤᠯᠲᠠ ᠬᠢᠬᠦ ᠳᠡᠭᠡᠨ ︽ᠬᠤᠶᠠᠷ ᠵᠥᠪᠯᠡᠯ︾ ᠤᠨ ᠤᠳᠤᠷᠢᠳᠬᠤ ᠪᠠᠭ ᠦᠵᠡᠯᠲᠡ ᠲᠠᠨᠢᠯᠲᠠ ᠪᠠᠨ ᠳᠡᠭᠡᠭᠰᠢᠯᠡᠭᠦᠯᠵᠦ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠭᠠᠤ ᠠᠷᠠᠳ ᠣᠯᠠᠨ ᠳᠤ ᠪᠤᠳᠠᠳᠠᠢ ᠠᠵᠢᠯ ᠬᠢᠬᠦ ᠵᠣᠷᠢᠯᠲᠠ ᠪᠠᠨ ᠲᠠᠰᠤᠷᠠᠯᠲᠠ ᠥᠬᠡᠶ ᠪᠠᠳᠣᠳᠬᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠵᠦ᠂ ᠬᠢᠵᠢᠭ ᠢ ᠰᠡᠷᠭᠡᠶᠢᠯᠡᠨ ᠬᠤᠷᠢᠭᠯᠠᠬᠤ ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠶᠠᠳᠤᠭᠠᠷ ᠸᠠᠺᠼᠢᠨ ᠤ ᠲᠠᠷᠢᠯᠭ᠎ᠠ ᠬᠢᠬᠦ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠢᠨᠵᠧᠨᠧᠷᠢᠩ ᠤᠨ ᠦᠷ᠎ᠡ ᠪᠦᠳᠦᠮᠵᠢ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠪᠦᠲᠦᠮᠵᠢᠲᠡᠶ ᠵᠤᠬᠢᠴᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃               ᠡᠭᠦᠨ ᠤ ᠳᠠᠷᠠᠭ᠎ᠠ᠂ ᠬᠤᠰᠢᠭᠤ ᠳᠠᠳ᠋ ᠳᠠᠷᠤᠭ᠎ᠠ ᠯᠢᠦᠶ ᠾᠦᠢ ᠵᠡᠷᠭᠡ ᠬᠦᠮᠦᠰ ᠬᠤᠰᠢᠭᠤ ᠵᠠᠰᠠᠭ  ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠥᠭᠡᠷᠡᠴᠢᠯᠡᠯᠳᠡ ᠶᠢᠨ ᠲᠥᠷᠥᠯ ᠵᠦᠶᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠬᠦᠷᠴᠦ ᠠᠶᠤᠯᠭᠦᠶ ᠦᠶᠯᠡᠳᠪᠦᠷᠢᠯᠡᠯ ᠤᠨ ᠠᠵᠢᠯ ᠢ ᠬᠢᠨᠠᠨ  ᠪᠠᠶᠢᠴᠠᠭᠠᠪᠠ᠃  ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号