ᠣᠢ ᠰᠢᠭᠤᠢ᠂ ᠳᠠᠯ᠎ᠠ ᠨᠤᠳᠤᠭ ᠤᠨ ᠭᠠᠯ ᠲᠦᠢᠮᠡᠷ ᠤᠨ ᠠᠶᠤᠯ ᠲᠠᠢ ᠣᠷᠣᠨ ᠳᠤ ᠭᠠᠯ ᠠᠯᠳᠠᠬᠤ ᠶᠢ ᠴᠢᠩᠭ᠎ᠠ ᠰᠡᠷᠭᠡᠶᠢᠯᠡᠬᠦ ᠳᠣᠬᠠᠢ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2021/9/17
ᠨᠢᠭᠡ᠂ ᠭᠠᠯ ᠲᠦᠢᠮᠡᠷ ᠢ ᠰᠡᠷᠭᠡᠶᠢᠯᠡᠬᠦ ᠬᠤᠭᠤᠴᠠᠭ᠎ᠠ           2021 ᠣᠨ ᠤ 9 ᠰᠠᠷ᠎ᠠ ᠶᠢᠨ 15  ᠤ ᠡᠳᠦᠷ ᠠᠴᠠ 11 ᠰᠠᠷ᠎ᠠ ᠶᠢᠨ 15 ᠤ ᠡᠳᠦᠷ ᠪᠣᠯᠲᠠᠯ᠎ᠠ᠃ᠬᠤᠶᠠᠷ᠂ ᠭᠠᠯ ᠲᠦᠢᠮᠡᠷ ᠢ ᠴᠢᠩᠭ᠎ᠠ ᠰᠡᠷᠭᠡᠶᠢᠯᠡᠬᠦ ᠭᠠᠵᠠᠷ ᠣᠷᠣᠨ           ᠡᠯ᠎ᠡ ᠰᠣᠮᠣ ᠪᠠᠯᠭᠠᠰᠣ ᠲᠠᠯᠠᠪᠠᠢ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠲᠥᠷᠥᠯ ᠵᠦᠢᠯ ᠤᠨ ᠣᠷᠣᠨ᠂ ᠭᠤᠤᠯᠳᠠᠯᠭ᠎ᠠ ᠲᠠᠢ ᠨᠣᠭᠤᠭᠠᠷᠠᠭᠤᠯᠤᠯᠳᠠ ᠶᠢᠨ ᠣᠷᠣᠨ᠂ ᠨᠤᠭᠤ ᠭᠠᠵᠠᠷ ᠤᠨ ᠴᠡᠴᠡᠷᠯᠢᠭ᠂ ᠠᠮᠢ ᠠᠬᠤᠢ ᠶᠢᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠬᠤᠯᠠᠨ ᠰᠢᠷᠭ᠎ᠠ ᠳᠠᠭ᠎ᠠ ᠶᠢᠨ ᠬᠡᠪᠴᠢᠶᠡᠵᠢᠭᠰᠡᠨ ᠣᠢ ᠰᠢᠭᠤᠢ ᠶᠢᠨ ᠲᠠᠯᠠᠪᠠᠢ᠂ ᠪᠠᠭ᠎ᠠ ᠵᠢᠭᠠᠰᠣᠲᠠᠢ ᠦᠵᠡᠮᠵᠢ ᠶᠢᠨ ᠣᠷᠣᠨ ᠤ ᠬᠠᠮᠠᠭᠠᠯᠠᠯᠳᠠ ᠶᠢᠨ ᠣᠷᠣᠨ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠳᠠ ᠶᠢᠨ ᠣᠷᠣᠨ᠂ ᠨᠡᠶᠢᠳᠡ ᠶᠢᠨ ᠣᠩᠭᠤᠨ ︵ᠡᠯ᠎ᠡ ᠭᠠᠴᠠᠭ᠎ᠠ ᠳᠣᠰᠬᠤᠨ ︵ᠬᠤᠪᠢᠶᠠᠷᠢ ᠲᠠᠯᠠᠪᠠᠢ︶ ᠤ ᠣᠩᠭᠤᠨ ᠲᠥᠪᠯᠡᠷᠡᠭᠰᠡᠨ ᠭᠠᠵᠠᠷ ︶  ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠣᠶᠢᠷ᠎ᠠ ᠬᠠᠪᠢ ᠵᠡᠷᠭᠡ ᠣᠢ ᠰᠢᠭᠤᠢ᠂ ᠲᠠᠯ᠎ᠠ ᠨᠤᠳᠤᠭ ᠤᠨ ᠭᠠᠯ ᠲᠦᠢᠮᠡᠷ ᠤᠨ ᠠᠶᠤᠯ ᠲᠠᠢ ᠣᠷᠣᠨ᠃ ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ            ︵ᠨᠢᠭᠡ︶ ᠰᠢᠯᠤᠭᠤᠨ ᠬᠥᠬᠡ ᠬᠤᠰᠢᠭᠤᠨ ᠤ ᠣᠢ ᠰᠢᠭᠤᠶ ᠲᠡᠯ᠎ᠠ ᠨᠤᠳᠤᠭ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠬᠡᠯᠲᠡᠰ ᠤᠨ ᠡᠯ᠎ᠡ ᠪᠦᠷᠢᠯᠳᠦᠬᠦᠨ ᠨᠢᠭᠡᠴᠡ ᠲᠤᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠢᠭᠲᠠ ᠬᠠᠮᠵᠢᠯᠴᠠᠨ ᠠᠵᠢᠯᠯᠠᠵᠤ᠂ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠣᠢ ᠰᠢᠭᠤᠶ ᠲᠠᠯ᠎ᠠ ᠨᠤᠳᠤᠭ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠢ ᠢᠳᠡᠪᠬᠢᠲᠡᠢ ᠥᠷᠨᠢᠭᠦᠯᠦᠨ᠂ ᠬᠡᠭᠡᠷ᠎ᠡ ᠭᠠᠳᠠᠨ᠎ᠠ ᠭᠠᠯ ᠠᠯᠳᠠᠬᠤ ᠠᠴᠠ ᠴᠢᠩᠭ᠎ᠠ ᠰᠡᠷᠭᠡᠶᠢᠯᠡᠵᠦ᠂ ᠲᠣᠭᠤᠷᠢᠨ ᠪᠠᠶᠢᠴᠠᠭᠠᠯᠳᠠ ᠪᠠᠨ ᠴᠢᠩᠭᠠᠳᠬᠠᠨ᠂ ᠤᠨᠴᠠᠭᠠᠢ ᠬᠥᠮᠦᠰ ᠢ ᠰᠠᠶᠢᠳᠣᠷ ᠬᠢᠨᠠᠨ ᠬᠠᠮᠢᠶᠠᠷᠴᠤ᠂ ᠭᠠᠯ ᠤᠨᠲᠠᠷᠠᠭᠠᠬᠤ ᠲᠥᠬᠦᠭᠡᠷᠦᠮᠵᠢ ᠪᠤᠯᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠢ  ᠴᠢᠩᠭᠠᠳᠬᠠᠨ᠂ ᠭᠠᠯ ᠤᠨᠲᠠᠷᠠᠭᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠣᠢ ᠰᠢᠭᠤᠶ ᠲᠠᠯ᠎ᠠ ᠨᠤᠳᠤᠭ ᠤᠨ ᠭᠠᠯ ᠤᠨ ᠠᠶᠤᠯ ᠪᠠ ᠬᠥᠮᠦᠨ ᠦᠬᠦᠵᠦ ᠰᠢᠷᠬᠠᠲᠤᠬᠤ ᠠᠳᠠᠯ ᠭᠠᠷᠬᠤ ᠠᠴᠠ ᠰᠡᠷᠭᠡᠶᠢᠯᠡᠵᠦ᠂ ᠣᠢ ᠰᠢᠭᠤᠶ ᠲᠠᠯ᠎ᠠ ᠨᠤᠳᠤᠭ ᠤᠨ ᠠᠮᠤᠷ ᠲᠦᠪᠰᠢᠨ ᠢ ᠦᠨᠡᠨᠬᠦ ᠪᠠᠳᠣᠯᠠᠬᠤ ᠬᠡᠷᠡᠭᠳᠡᠢ᠃            ︵ᠬᠤᠶᠠᠷ︶ ᠣᠢ ᠰᠢᠭᠤᠢ ᠲᠠᠯ᠎ᠠ ᠨᠤᠳᠤᠭ ᠤᠨ ᠭᠠᠯ ᠲᠦᠢᠮᠡᠷ ᠤᠨ ᠠᠶᠤᠯᠳᠣ ᠣᠷᠣᠨ ᠳᠠᠬᠢ ᠡᠯ᠎ᠡ ᠰᠣᠮᠣ ᠪᠠᠯᠭᠠᠰᠣ ︵ᠲᠠᠯᠠᠪᠠᠢ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠣᠯᠳᠠ ᠶᠢᠨ ᠵᠦᠪᠯᠡᠯ︶᠂ ᠣᠯᠣᠰ ᠤᠨ ᠥᠮᠴᠢᠯᠠᠯᠳᠦ ᠣᠢ ᠰᠢᠭᠤᠢ ᠪᠠ ᠦᠵᠡᠮᠵᠢ ᠶᠢᠨ ᠣᠷᠣᠨ᠂ ᠭᠤᠤᠯᠳᠠᠯᠭ᠎ᠠ ᠲᠠᠢ ᠨᠣᠭᠤᠭᠠᠷᠠᠭᠤᠯᠤᠯᠳᠠ ᠶᠢᠨ ᠣᠷᠣᠨ ᠤ ᠡᠵᠡᠩᠨᠡᠯᠳᠡ ᠬᠠᠮᠢᠶᠠᠷᠣᠯᠳᠠ ᠶᠢᠨ ᠪᠠᠶᠢᠭᠤᠯᠭ᠎ᠠ ᠨᠢ ᠡᠯ᠎ᠡ ᠭᠤᠣᠯ ᠵᠠᠮ ᠤᠨ ᠠᠭᠤᠯᠵᠠᠷ ᠲᠤ ᠲᠦᠷ ᠴᠠᠭ ᠤᠨ ᠪᠠᠶᠢᠴᠠᠭᠠᠯᠳᠠ ᠶᠢᠨ ᠥᠷᠳᠡᠭᠡ ᠭᠠᠷᠭᠠᠵᠤ᠂ ᠠᠭᠤᠯᠠ ᠪᠢᠲᠡᠭᠦᠮᠵᠢᠯᠡᠨ᠂ ᠭᠠᠯ ᠰᠡᠷᠭᠡᠶᠢᠯᠡᠨ᠂ ᠣᠶᠢᠳᠦ ᠣᠷᠣᠨ ᠳᠤ ᠣᠷᠣᠬᠤ ᠬᠦᠮᠦᠨ ᠪᠠ ᠲᠡᠷᠭᠡ ᠣᠨᠤᠭ᠎ᠠ ᠶᠢ ᠪᠠᠶᠢᠴᠠᠭᠠᠨ ᠳᠠᠩᠰᠠᠯᠠᠵᠤ᠂ ᠭᠠᠯ ᠤᠨ ᠡᠬᠢ ᠶᠢ ᠣᠶᠢᠳᠦ ᠣᠷᠣᠨ ᠳᠤ ᠠᠪᠴᠣ ᠣᠷᠣᠬᠤ ᠶᠢ ᠡᠷᠡᠰ ᠬᠤᠷᠢᠭᠯᠠᠵᠤ᠂ ᠣᠶᠢᠳᠦ ᠣᠷᠣᠨ ᠳᠤ ᠣᠷᠣᠬᠤ ᠵᠠᠮ ᠤᠨ ᠠᠭᠤᠯᠵᠠᠷ ᠲᠤ ᠫᠠᠶᠢᠰᠠ ᠢᠯᠡᠷᠭᠡᠶᠢᠯᠡᠯ ᠡᠯᠭᠦᠬᠦ ᠬᠡᠷᠡᠭᠳᠡᠢ᠃            ︵ᠭᠤᠷᠪᠠ︶ ᠣᠢ ᠰᠢᠭᠤᠢ᠂ ᠲᠠᠯ᠎ᠠ ᠨᠤᠳᠤᠭ ᠤᠨ ᠭᠠᠯ ᠲᠦᠢᠮᠡᠷ ᠤᠨ ᠠᠶᠤᠯ ᠲᠠᠢ ᠬᠤᠭᠤᠴᠠᠭᠠᠨ ᠳᠤ᠂ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠦᠮᠦᠨ ᠣᠢ ᠰᠢᠭᠤᠢ᠂ ᠲᠠᠯ᠎ᠠ ᠨᠤᠳᠤᠭ ᠤᠨ ᠭᠠᠯ ᠲᠦᠢᠮᠡᠷ ᠤᠨ ᠠᠶᠤᠯ ᠲᠠᠢ ᠣᠷᠣᠨ ᠳᠤ ᠣᠷᠣᠵᠤ ᠪᠣᠯᠬᠤ ᠦᠭᠡᠢ᠃ ᠬᠡᠷᠪᠡ ᠰᠣᠳᠤᠯᠭᠠᠨ ᠬᠢᠬᠦ ᠪᠤᠶᠤ ᠠᠶᠤᠯ ᠠᠴᠠ ᠠᠪᠤᠷᠠᠬᠤ ᠣᠨᠴᠠᠭᠠᠢ ᠴᠢᠬᠤᠯᠠᠲᠠᠢ ᠪᠣᠯ ᠬᠠᠣᠯᠢ ᠶᠤᠰᠣᠭᠠᠷ ᠴᠣᠬᠤᠯᠠᠪᠤᠷᠢᠯᠠᠨ ᠵᠦᠪᠰᠢᠶᠡᠷᠡᠭᠦᠯᠬᠦ ᠬᠡᠷᠡᠭᠳᠡᠢ᠃ ᠵᠦᠪᠰᠢᠶᠡᠷᠡᠯ ᠢᠶᠠᠷ ᠣᠢ ᠰᠢᠭᠤᠢ᠂ ᠲᠠᠯ᠎ᠠ ᠨᠤᠳᠤᠭ ᠤᠨ ᠭᠠᠯ ᠲᠦᠢᠮᠡᠷ ᠤᠨ ᠠᠶᠤᠯ ᠲᠠᠢ ᠣᠷᠣᠨ ᠳᠤ ᠣᠷᠣᠬᠤ  ᠳᠠᠭᠠᠨ ᠵᠦᠪᠰᠢᠶᠡᠷᠡᠭᠰᠡᠨ ᠬᠤᠭᠤᠴᠠᠭ᠎ᠠ᠂ ᠳᠣᠭᠳᠠᠭᠰᠠᠨ ᠭᠠᠵᠠᠷ ᠣᠷᠣᠨ᠂ ᠳᠣᠭᠳᠠᠭᠰᠠᠨ ᠬᠦᠷᠢᠶ᠎ᠡ ᠬᠡᠪᠴᠢᠶᠡᠨ ᠳᠤ ᠠᠵᠢᠯᠯᠠᠭ᠎ᠠ ᠥᠷᠨᠢᠭᠦᠯᠬᠦ ᠶᠢᠨ ᠬᠠᠮᠳᠣ ᠳᠣᠬᠠᠢ ᠶᠢᠨ ᠭᠠᠵᠠᠷ ᠤᠨ ᠣᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ᠂ ᠳᠣᠳᠣᠭᠠᠳᠣ ᠶᠢ ᠬᠠᠮᠠᠭᠠᠯᠠᠬᠤ ᠲᠤᠪᠴᠢᠶᠠᠨ ᠤ ᠣᠢ ᠰᠢᠭᠤᠢ ᠶᠢᠨ ᠳᠣᠳᠣᠭᠠᠳᠣ ᠶᠢ ᠬᠠᠮᠠᠭᠠᠯᠠᠬᠤ ᠳᠣᠪᠴᠢᠶᠠᠨ ᠤ ᠬᠢᠨᠠᠨ ᠬᠠᠮᠢᠶᠠᠷᠣᠯᠳᠠ ᠶᠢ ᠬᠦᠯᠢᠶᠡᠵᠦ᠂ ᠭᠠᠯ ᠲᠦᠢᠮᠡᠷ ᠰᠡᠷᠭᠡᠶᠢᠯᠡᠬᠦ ᠵᠦᠢ ᠵᠤᠬᠢᠰᠳᠠᠢ ᠠᠷᠭ᠎ᠠ ᠬᠡᠮᠵᠢᠶ᠎ᠡ ᠠᠪᠬᠤ ᠬᠡᠷᠡᠭᠳᠡᠢ᠃           1. ᠭᠠᠯ ᠲᠦᠢᠮᠡᠷ ᠤᠨ ᠠᠶᠤᠯ ᠲᠠᠢ ᠣᠷᠣᠨ ᠳᠤ ᠣᠷᠣᠭᠰᠠᠨ ᠲᠡᠷᠭᠡ ᠤᠨᠤᠭ᠎ᠠ ᠨᠢ ᠳᠣᠭᠳᠠᠭᠠᠯ ᠶᠤᠰᠣᠭᠠᠷ ᠭᠠᠯ ᠰᠡᠷᠭᠡᠶᠢᠯᠡᠬᠦ ᠲᠦᠭᠦᠭᠡᠷᠦᠮᠵᠢ ᠤᠭᠰᠠᠷᠠᠭᠰᠠᠨ ᠪᠠᠶᠢᠬᠤ ᠬᠡᠷᠡᠭᠳᠡᠢ᠃ ᠭᠠᠯ ᠲᠦᠢᠮᠡᠷ ᠠᠴᠠ ᠰᠡᠷᠭᠡᠶᠢᠯᠡᠬᠦ ᠬᠠᠣᠯᠢ ᠬᠡᠷᠡᠭᠵᠢᠭᠦᠯᠦᠭᠴᠢ ᠶᠢᠨ ᠬᠢᠨᠠᠨ ᠪᠠᠶᠢᠴᠠᠭᠠᠯᠳᠠ ᠶᠢ  ᠬᠦᠯᠢᠶᠡᠬᠦ ᠬᠡᠷᠡᠭᠳᠡᠢ᠃           2. ᠭᠠᠯ ᠲᠦᠢᠮᠡᠷ ᠤᠨ ᠲᠤᠰᠠᠭᠠᠷᠯᠠᠯᠲᠠ ᠶᠢᠨ ᠱᠣᠭᠤᠮ ᠢ ᠰᠢᠳᠠᠭᠠᠬᠤ ᠪᠤᠶᠤ ᠦᠢᠯᠡᠳᠪᠦᠷᠢᠯᠡᠯ ᠤᠨ ᠴᠢᠨᠠᠷᠳᠠᠢ ᠭᠠᠯ ᠬᠡᠷᠡᠭᠰᠡᠬᠦ ᠦᠶᠡᠰ ᠬᠤᠰᠢᠭᠤ ᠣᠢ ᠰᠢᠭᠤᠢ ᠪᠠ ᠲᠠᠯ᠎ᠠ ᠨᠤᠳᠤᠭ ᠤᠨ ᠬᠢᠨᠠᠨ ᠬᠠᠮᠢᠶᠠᠷᠣᠯᠳᠠ ᠶᠢᠨ ᠲᠤᠪᠴᠢᠶᠠᠨ ᠤ ᠵᠦᠪᠰᠢᠶᠡᠷᠡᠯ ᠢ ᠣᠯᠬᠤ ᠬᠡᠷᠡᠭᠳᠡᠢ᠃ ᠵᠥᠪᠰᠢᠶᠡᠷᠡᠯ ᠢᠶᠠᠷ ᠦᠢᠯᠡᠳᠪᠦᠷᠢᠯᠡᠯ ᠤᠨ ᠴᠢᠨᠠᠷᠳᠠᠢ ᠭᠠᠯ ᠬᠡᠷᠡᠭᠰᠡᠬᠦ ᠦᠶᠡᠰ ᠲᠤ ᠲᠤᠰᠠᠭᠠᠷᠯᠠᠬᠤ ᠣᠷᠣᠨ ᠳᠣᠭᠳᠠᠭᠠᠵᠤ᠂ ᠭᠠᠯ ᠤᠨᠲᠠᠷᠠᠭᠠᠭᠴᠢ ᠳᠣᠬᠢᠷᠠᠭᠤᠯᠤᠨ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠪᠡᠯᠡᠳᠬᠡᠵᠦ᠂ ᠲᠥᠷᠪᠡᠨ ᠲᠡᠰ ᠠᠴᠠ ᠳᠣᠷᠣᠭᠰᠢᠬᠢ ᠰᠠᠯᠬᠢᠨ ᠲᠠᠢ ᠪᠠᠶᠢᠳᠠᠯ ᠳᠤ ᠵᠤᠬᠢᠶᠠᠨ ᠪᠠᠶᠢᠭᠤᠯᠤᠯᠳᠠ ᠲᠠᠢ ᠭᠠᠯ ᠬᠡᠷᠡᠭᠰᠡᠬᠦ ᠶᠢᠨ ᠬᠠᠮᠳᠣ ᠭᠠᠯ ᠬᠡᠷᠡᠭᠰᠡᠬᠦ ᠴᠠᠭ ᠬᠤᠭᠤᠴᠠᠭ᠎ᠠ ᠪᠠᠨ ᠣᠶᠢᠷ᠎ᠠ ᠵᠡᠷᠭᠡᠯᠡᠳᠡᠭᠡ ᠭᠠᠵᠠᠷ ᠣᠷᠣᠨ ᠳᠠᠭᠠᠨ ᠮᠡᠳᠡᠭᠳᠡᠬᠦ ᠬᠡᠷᠡᠭᠳᠡᠢ᠃ ᠬᠡᠭᠡᠷ᠎ᠡ ᠭᠠᠳᠠᠨ᠎ᠠ ᠭᠠᠯ ᠬᠡᠷᠡᠭᠰᠡᠬᠦ ᠴᠢᠬᠤᠯᠠᠲᠠᠢ ᠪᠣᠯ ᠠᠮᠤᠷ ᠲᠦᠪᠰᠢᠨ ᠭᠠᠵᠠᠷ ᠣᠷᠣᠨ ᠢ ᠰᠣᠩᠭᠤᠵᠤ᠂ ᠭᠠᠯ ᠠᠴᠠ ᠰᠡᠷᠭᠡᠶᠢᠯᠡᠨ ᠲᠤᠰᠠᠭᠠᠷᠯᠠᠬᠤ ᠠᠷᠭ᠎ᠠ ᠬᠡᠮᠵᠢᠶ᠎ᠡ ᠠᠪᠴᠣ᠂ ᠨᠤᠴᠤᠭᠠᠭᠰᠠᠨ ᠭᠠᠯ ᠢᠶᠠᠨ ᠡᠷᠭᠡᠪᠰᠢ ᠳᠣᠶᠢᠯᠪᠤᠷᠢᠲᠠᠢ ᠤᠨᠲᠠᠷᠠᠭᠠᠬᠤ ᠬᠡᠷᠡᠭᠳᠡᠢ᠃           3. ᠴᠠᠭᠠᠵᠠᠯᠠᠯᠲᠠ ᠶᠢᠨ ᠬᠤᠭᠤᠴᠠᠭᠠᠨ ᠳᠤ᠂ ᠵᠢᠭᠤᠯᠴᠢᠯᠠᠯ ᠤᠨ ᠲᠡᠷᠭᠡ ᠤᠨᠤᠭ᠎ᠠ ᠪᠠ ᠵᠢᠭᠤᠯᠴᠢᠨ ᠭᠠᠯ ᠲᠦᠢᠮᠡᠷ ᠰᠡᠷᠭᠡᠶᠢᠯᠡᠬᠦ ᠣᠷᠣᠨ ᠳᠤ ᠵᠤᠭᠠᠴᠠᠬᠤ ᠶᠢ ᠴᠢᠩᠭ᠎ᠠ ᠴᠠᠭᠠᠵᠠᠯᠠᠬᠤ ᠬᠡᠷᠡᠭᠳᠡᠢ᠃ ︵ᠳᠥᠷᠪᠡ︶ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠬᠡᠯᠲᠡᠰ ᠤᠨ ᠪᠥᠷᠢᠯᠳᠦᠭᠦᠨ ᠪᠠᠶᠢᠭᠤᠯᠭ᠎ᠠ ᠨᠢᠭᠡᠴᠡ  ᠨᠢ 24 ᠴᠠᠭ ᠵᠢᠵᠢᠭᠦᠷᠯᠡᠬᠦ ᠪᠠ ᠣᠳᠣᠷᠢᠳᠣᠯᠭ᠎ᠠ ᠠᠴᠠ ᠲᠠᠶᠢᠴᠢᠯᠠᠬᠤ ᠳᠥᠷᠢᠮ ᠢ ᠴᠢᠩᠭ᠎ᠠ ᠬᠡᠷᠡᠭᠵᠢᠭᠦᠯᠵᠦ᠂ ᠭᠠᠯ ᠲᠦᠢᠮᠡᠷ ᠤᠨ ᠠᠶᠤᠯ ᠢ ᠢᠯᠡᠷᠡᠭᠦᠯᠪᠡᠯ᠂ ᠴᠠᠭ ᠳᠣᠬᠠᠢ ᠳᠤᠨᠢ ᠭᠠᠯ ᠤᠨᠲᠠᠷᠠᠭᠠᠬᠤ ᠶᠢᠨ ᠬᠠᠮᠳᠣ ᠳᠡᠭᠡᠳᠦ ᠱᠠᠳᠣᠨ  ᠳᠠᠭᠠᠨ ᠮᠡᠳᠡᠭᠦᠯᠬᠦ ᠬᠡᠷᠡᠭᠳᠡᠢ᠃ ᠣᠢ ᠰᠢᠭᠤᠢ᠂ ᠲᠠᠯ᠎ᠠ ᠨᠤᠳᠤᠭ ᠤᠨ ᠭᠠᠯ ᠲᠦᠢᠮᠡᠷ ᠢ ᠮᠡᠳᠡᠭᠳᠡᠬᠦ ᠤᠲᠠᠰᠤ᠄ 12119᠃ ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ             ︵ᠨᠢᠭᠡ︶ ᠲᠡᠮᠦᠷ ᠵᠠᠮ᠂ ᠵᠠᠰᠠᠮᠠᠯ ᠵᠠᠮ᠂ ᠴᠠᠬᠢᠯᠭᠠᠨ ᠬᠦᠴᠦᠨ ᠤ ᠬᠠᠮᠢᠶᠠᠷᠣᠯᠳᠠ ᠶᠢᠨ ᠪᠠᠶᠢᠭᠤᠯᠭ᠎ᠠ ᠨᠢᠭᠡᠴᠡ ᠪᠠ ᠠᠭᠤᠷᠬᠠᠢ ᠶᠢᠨ ᠠᠵᠤ ᠠᠬᠤᠶᠢᠯᠠᠯ ᠨᠢ ᠬᠡᠭᠡᠷ᠎ᠡ ᠭᠠᠳᠠᠨ᠎ᠠ ᠠᠵᠢᠯᠯᠠᠬᠤ ᠳᠠᠭᠠᠨ ᠭᠠᠯ ᠲᠦᠢᠮᠡᠷ ᠭᠠᠷᠬᠤ ᠪᠤᠯᠤᠮᠵᠢᠲᠠᠢ ᠣᠷᠣᠨ ᠳᠤ ᠭᠠᠯ ᠠᠴᠠ ᠲᠤᠰᠠᠭᠠᠷᠯᠠᠬᠤ ᠪᠤᠶᠤ ᠭᠠᠯ ᠠᠴᠠ ᠰᠡᠷᠭᠡᠶᠢᠯᠡᠬᠦ ᠰᠡᠷᠡᠮᠵᠢ ᠶᠢᠨ ᠳᠡᠮᠳᠡᠭ ᠲᠠᠯᠪᠢᠭᠰᠠᠨ ᠦᠭᠡᠢ ᠪᠣᠯ ᠰᠢᠯᠤᠭᠤᠨ ᠬᠦᠬᠡ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠲᠤᠪᠴᠢᠶᠠᠨ ᠤ ᠣᠢ ᠰᠢᠭᠤᠢ ᠶᠢᠨ ᠳᠣᠲᠤᠭᠠᠳᠣ ᠶᠢ ᠬᠠᠮᠠᠭᠠᠯᠠᠬᠤ ᠲᠤᠪᠴᠢᠶᠠᠨ ᠠᠴᠠ ᠵᠠᠷᠯᠢᠭ ᠪᠠᠭᠤᠯᠭᠠᠨ ᠴᠡᠭᠴᠡᠯᠡᠵᠦ᠂ ᠬᠤᠪᠢ ᠬᠦᠮᠦᠨ ᠢ 200 ᠲᠦᠭᠦᠷᠢᠭ— 2000 ᠲᠦᠭᠦᠷᠢᠭ ᠢᠶᠠᠷ ᠲᠣᠷᠭᠠᠵᠤ᠂ ᠪᠠᠶᠢᠭᠤᠯᠭ᠎ᠠ ᠨᠢᠭᠡᠴᠡ ᠶᠢ 2000 ᠲᠦᠭᠦᠷᠢᠭ—5000 ᠲᠦᠭᠦᠷᠢᠭ ᠲᠤᠷᠠᠭᠠᠨ᠎ᠠ  ᠃            ︵ᠬᠤᠶᠠᠷ︶ ᠭᠠᠯ ᠲᠦᠢᠮᠡᠷ ᠰᠡᠷᠭᠡᠶᠢᠯᠡᠬᠦ ᠬᠤᠭᠤᠴᠠᠭᠠᠨ ᠳᠤ᠂ ᠣᠢ ᠰᠢᠭᠤᠢ᠂ ᠲᠠᠯ᠎ᠠ ᠨᠤᠳᠤᠭ ᠤᠨ ᠭᠠᠯ ᠲᠦᠢᠮᠡᠷ ᠰᠡᠷᠭᠡᠶᠢᠯᠡᠬᠦ ᠣᠷᠣᠨ ᠳᠤ ᠴᠤᠷᠮᠠᠳᠠᠬᠤ᠂ ᠬᠤᠭ ᠨᠤᠪᠰᠢ ᠰᠢᠳᠠᠭᠠᠬᠤ ᠪᠤᠶᠤ ᠲᠠᠷᠢᠶᠠᠨ ᠬᠤᠵᠤᠤᠯ᠎ᠠ᠂ ᠡᠪᠡᠰᠦ ᠮᠤᠳᠣ᠂ ᠡᠰᠢ ᠰᠦᠷᠡᠯ ᠰᠢᠳᠠᠭᠠᠬᠤ᠂ ᠲᠠᠮᠠᠬᠢ ᠲᠠᠲᠠᠬᠤ᠂ ᠴᠠᠭᠠᠨᠰᠣ ᠰᠢᠳᠠᠭᠠᠬᠤ᠂ ᠳᠣᠶ᠋ᠢᠩ ᠰᠢᠳᠠᠭᠠᠬᠤ᠂ ᠬᠡᠭᠡᠷ᠎ᠡ ᠲᠣᠭᠤᠭᠠᠯᠠᠬᠤ ᠪᠠ ᠫᠤᠤᠵᠢᠩ᠂ ᠳᠡᠭᠳᠡᠭᠦᠷ ᠳ᠋ᠧᠩᠯᠦ ᠲᠠᠯᠪᠢᠬᠤ ᠵᠡᠷᠭᠡ ᠬᠠᠣᠯᠢ ᠪᠤᠰᠣ ᠪᠠᠷ ᠬᠡᠭᠡᠷ᠎ᠡ ᠭᠠᠳᠠᠭ᠎ᠠ ᠭᠠᠯ ᠬᠡᠷᠡᠭᠯᠡᠭᠰᠡᠨ ᠠᠵᠢᠯᠯᠠᠭ᠎ᠠ ᠶᠢ ᠰᠢᠯᠤᠭᠤᠨ ᠬᠦᠬᠡ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠲᠤᠪᠴᠢᠶᠠᠨ ᠤ ᠣᠢ ᠰᠢᠭᠤᠢ ᠶᠢᠨ ᠳᠣᠲᠤᠭᠠᠳᠣ ᠶᠢ ᠬᠠᠮᠠᠭᠠᠯᠠᠬᠤ ᠲᠤᠪᠴᠢᠶᠠᠨ ᠠᠴᠠ ᠵᠠᠷᠯᠢᠭ ᠪᠠᠭᠤᠯᠭᠠᠨ ᠵᠤᠭᠰᠣᠭᠠᠵᠤ᠂ ᠰᠡᠷᠡᠮᠵᠢᠯᠡᠭᠦᠯᠬᠦ ᠶᠢᠨ ᠬᠠᠮᠳᠣ ᠬᠤᠪᠢ ᠬᠦᠮᠦᠨ ᠢ 300 ᠲᠦᠭᠦᠷᠢᠭ—3000 ᠲᠦᠭᠦᠷᠢᠭ ᠢᠶᠠᠷ ᠲᠣᠷᠭᠠᠵᠤ᠂ ᠪᠠᠶᠢᠭᠤᠯᠭ᠎ᠠ ᠨᠢᠭᠡᠴᠡ ᠶᠢ 1 ᠲᠦᠮᠡ —5 ᠲᠥᠮᠡᠨ ᠲᠦᠭᠦᠷᠢᠭ ᠢᠶᠠᠷ ᠲᠣᠷᠭᠠᠨ᠎ᠠ᠃ ᠡᠭᠦᠨ ᠤ ᠬᠠᠮᠳᠣ ︽ᠠᠮᠤᠷ ᠢ ᠬᠠᠮᠠᠭᠠᠯᠠᠬᠤ ᠬᠠᠮᠢᠶᠠᠷᠣᠯᠳᠠ ᠲᠣᠷᠭᠠᠭᠤᠯᠢ ᠶᠢᠨ ᠬᠠᠣᠯᠢ︾ ᠶᠤᠰᠣᠭᠠᠷ ᠰᠡᠷᠡᠮᠵᠢᠯᠡᠭᠦᠯᠬᠦ ᠪᠣᠶᠣ ᠵᠠᠰᠠᠭ ᠵᠠᠬᠢᠷᠭᠠᠨ ᠤ ᠲᠦᠷ ᠬᠤᠷᠢᠬᠤ ᠰᠢᠳᠬᠡᠯ ᠦᠭᠴᠦ᠂ ᠶᠠᠯ᠎ᠠ ᠬᠢᠭᠰᠡᠨ ᠪᠣᠯ ᠬᠠᠣᠯᠢ ᠶᠤᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃           2021 ᠣᠨ ᠤ 9 ᠰᠠᠷ᠎ᠠ ᠶᠢᠨ 13 ᠤ ᠡᠳᠦᠷ   ᠤᠶᠤᠨᠰᠡᠷᠭᠦᠯᠡᠩ ᠣᠷᠴᠢᠭᠤᠯᠵᠤ᠂ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号