ᠰᠢᠯᠤᠭᠤᠨ ᠬᠥᠬᠡ ᠬᠤᠰᠢᠭᠤ ᠪᠥᠬᠦ ᠬᠤᠰᠢᠭᠤᠨ ᠤ ︽ᠲᠡᠷᠭᠡᠯ ᠰᠠᠷᠠᠨ ᠤ ᠪᠠᠶᠠᠷ︾ ︽ᠤᠯᠤᠰ ᠤᠨ ᠪᠠᠶᠠᠷ ︾ ᠤᠨ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠬᠦ ᠬᠤᠷᠠᠯ ᠵᠢᠴᠢ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2021 ᠣᠨ ᠤ 9 ᠳ᠋ᠦ᠋ᠭᠡᠷ ᠤᠳᠠᠭᠠᠨ ᠤ ᠠᠵᠢᠯ ᠤᠨ ᠵᠣᠷᠰᠢᠯ ᠬᠤᠷᠠᠯ ᠬᠤᠷᠠᠯᠳᠤᠭ᠋᠊
ᠨᠡᠶᠢᠲᠡᠯᠡᠭᠰᠡᠨ ᠴᠠᠭ᠄
2021/9/17
             9 ᠰᠠᠷ᠎ᠠ ᠶᠢᠨ 16 ᠤ ᠡᠳᠦᠷ᠂ ᠰᠢᠯᠤᠭᠤᠨ ᠬᠥᠬᠡ ᠬᠤᠰᠢᠭᠤ ᠪᠥᠬᠦ ᠬᠤᠰᠢᠭᠤᠨ ᠤ   ︽ᠲᠡᠷᠭᠡᠯ ᠰᠠᠷᠠᠨ ᠤ ᠪᠠᠶᠠᠷ︾ ︽ᠤᠯᠤᠰ ᠤᠨ ᠪᠠᠶᠠᠷ︾ ᠤᠨ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠬᠤᠷᠠᠯ ᠵᠢᠴᠢ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2021 ᠣᠨ ᠤ 9 ᠳ᠋ᠦ᠋ᠭᠡᠷ ᠤᠳᠠᠭᠠᠨ ᠤ ᠠᠵᠢᠯ ᠤᠨ ᠵᠣᠷᠰᠢᠯ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ ᠬᠤᠷᠠᠯ ᠢ ᠡᠷᠭᠢᠯᠡᠪᠡ᠃ ᠬᠤᠰᠢᠭᠤ ᠳᠡᠳ᠋ ᠳᠠᠷᠤᠭ᠎ᠠ ᠲᠡᠮᠦᠷ᠂ ᠠᠮᠵᠢᠯᠲᠤ᠂ ᠯᠢᠦᠶ ᠾᠦᠢ ᠬᠤᠷᠠᠯ ᠳᠤ ᠣᠷᠣᠯᠴᠠᠪᠠ᠃              ᠬᠤᠷᠠᠯ ᠳᠡᠭᠡᠷ᠎ᠡ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠠᠵᠢᠯ ᠵᠢᠴᠢ ᠠᠶᠢᠮᠠᠭ ᠤᠨ ᠠᠶᠤᠯᠭᠦᠶ ᠦᠶᠯᠡᠳᠪᠦᠷᠢᠯᠡᠯ ᠤᠨ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠨ ᠪᠠᠶᠢᠳᠠᠯ ᠢ ᠵᠠᠷᠯᠠᠨ ᠮᠡᠳᠡᠭᠳᠡᠪᠡ᠃ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠨᠢ ᠪᠥᠬᠦ ᠬᠤᠰᠢᠭᠤᠨ ᠤ ᠪᠠᠷᠢᠯᠭ᠎ᠠ ᠶᠢᠨ ᠬᠦᠷᠢᠶ᠎ᠡ ᠴᠠᠷ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢᠨ ᠲᠣᠭᠤᠷᠢᠨ ᠳᠤ ᠶᠠᠷᠢᠶ᠎ᠠ ᠲᠠᠯᠪᠢᠪᠠ᠃ ᠬᠤᠰᠢᠭᠤ ᠳᠡᠳ᠋ ᠳᠠᠷᠤᠭ᠎ᠠ ᠨᠠᠷ ᠬᠤᠪᠢᠳᠠᠨ ᠬᠠᠮᠢᠶᠠᠷᠴᠤ ᠪᠠᠶᠭ᠎ᠠ ᠬᠦᠷᠢᠶᠡᠨ ᠳᠠᠬᠢ ᠠᠶᠤᠯᠭᠦᠶ ᠦᠶᠯᠡᠳᠪᠦᠷᠢᠯᠡᠯ ᠤᠨ ᠠᠵᠢᠯ ᠢᠶᠠᠨ ᠪᠠᠶᠢᠷᠢᠯᠠᠭᠤᠯᠪᠠ᠃              ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠷᠢᠲᠠᠯ ᠪᠠ ᠰᠠᠭᠤᠷᠢ ᠮᠥᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ ᠤᠨ ᠠᠶᠤᠯᠭᠦᠢ ᠪᠠᠶᠢᠳᠠᠯ ᠤᠨ ᠬᠢᠨᠠᠨ ᠬᠠᠮᠢᠶᠠᠷᠤᠯᠲᠠ ᠪᠠᠨ ᠡᠷᠴᠢᠮᠵᠢᠬᠦᠯᠦᠨ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠪᠠᠨ‌ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃              ᠬᠤᠷᠠᠯ ᠳᠤ ᠴᠢᠬᠤᠯᠠᠴᠢᠯᠠᠭᠰᠠᠨ ᠨᠢ᠂ ᠪᠠᠶᠢᠳᠠᠯ ᠢ ᠲᠣᠳᠣᠷᠬᠠᠢ ᠲᠠᠨᠢᠵᠤ᠂ ᠦᠵᠡᠯᠲᠡ ᠲᠠᠨᠢᠯᠲᠠ  ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠬᠠᠷᠠᠯᠲᠠ ᠪᠠᠨ ᠲᠤᠭᠲᠠᠭᠠᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠶᠢ ᠴᠡᠭᠴᠡᠯᠡᠨ ᠵᠠᠰᠠᠬᠤ ᠶᠢ ᠳᠣᠪᠣᠶᠢᠯᠭᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠬᠦᠷᠢᠶ᠎ᠡ ᠴᠠᠷ᠎ᠠ᠂ ᠭᠤᠤᠯᠳᠠᠯᠭ᠎ᠠ ᠲᠠᠢ ᠠᠵᠢᠯ ᠲᠥᠷᠥᠯ ᠢ ᠴᠢᠩᠭ᠎ᠠ ᠠᠩᠬᠠᠷᠴᠤ᠂ ᠬᠤᠶᠠᠷ ᠪᠠᠶᠠᠷ ᠤᠨ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ ᠢ ᠪᠠᠲᠤᠯᠠᠬᠤ ᠲᠤᠰᠬᠠᠶ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂  ᠣᠨᠴᠠ ᠶᠡᠭᠡ ᠠᠳᠡᠯ ᠣᠰᠣᠯ ᠭᠠᠷᠬᠤ ᠠᠴᠠ ᠰᠡᠷᠭᠡᠶᠢᠯᠡᠬᠦ ᠬᠡᠷᠡᠭᠳᠡᠢ᠃ ᠴᠢᠩᠭ᠎ᠠ ᠲᠣᠷᠭᠠᠨ ᠬᠦᠨᠳᠦ ᠪᠠᠷ ᠰᠢᠳᠬᠡᠵᠦ᠂ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠠᠶᠤᠯᠭᠦᠢ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ︽ᠠᠭᠤᠵᠢᠭᠤ ᠰᠤᠯᠠ ᠵᠥᠭᠡᠯᠡᠨ︾ ᠪᠠᠶᠢᠬᠤ ᠠᠰᠠᠭᠤᠳᠠᠯ ᠢ ᠡᠷᠡᠰ ᠴᠡᠭᠴᠡᠯᠡᠨ ᠵᠠᠰᠠᠬᠤ ᠬᠡᠷᠡᠭᠲᠡᠢ᠃ ᠰᠠᠬᠢᠯᠭ᠎ᠠ ᠪᠠᠲᠤ ᠶᠢ ᠴᠢᠩᠭᠠᠳᠬᠠᠨ᠂ ᠵᠢᠵᠢᠭᠦᠷ ᠢ ᠰᠠᠶᠢᠨ ᠬᠢᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠬᠤᠶᠠᠷ ᠪᠠᠶᠠᠷ ᠤᠨ ᠬᠤᠭᠤᠴᠠᠭᠠᠨ ᠳᠤ ᠪᠦᠬᠦ ᠬᠤᠰᠢᠭᠤᠨ ᠤ ᠠᠷᠠᠳ ᠲᠦᠮᠡᠨ ᠠᠮᠤᠷ ᠠᠮᠤᠭᠤᠯᠠᠩ᠂ ᠪᠠᠶᠠᠷ ᠵᠢᠷᠭᠠᠯ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠰᠡᠨ ᠪᠠᠶᠢᠨ᠎ᠠ᠃               ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号