ᠰᠢᠯᠤᠭᠤᠨ ᠬᠥᠬᠡ ᠬᠤᠰᠢᠭᠤ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠥᠭᠡᠷᠡᠴᠢᠯᠡᠯᠲᠡ ᠶᠢᠨ ᠲᠥᠰᠦᠯ ︵ᠡᠬᠡ ᠨᠣᠣᠷᠠᠭ︶ ᠤᠨ ᠰᠠᠨᠠᠯ ᠬᠤᠷᠢᠶᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/18
           9 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ  ᠶᠢᠨ ᠥᠭᠡᠷᠡᠴᠢᠯᠡᠯᠲᠡ ᠶᠢᠨ ᠲᠥᠰᠦᠯ ᠤᠨ ᠰᠠᠨᠠᠯ ᠬᠤᠷᠢᠶᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ︽ᠰᠢᠯᠤᠭᠤᠨ ᠬᠥᠬᠡ ᠬᠤᠰᠢᠭᠤᠨ ᠤ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠥᠭᠡᠷᠡᠴᠢᠯᠡᠯᠲᠡ ᠶᠢᠨ ᠲᠥᠰᠦᠯ ︵ᠡᠬᠡ ᠨᠣᠤᠷᠠᠭ︶︾ ᠳᠤ ᠲᠠᠶᠢᠯᠤᠮᠵᠢ ᠬᠢᠭᠰᠡᠨ ᠪᠥᠭᠡᠳ ᠡᠯ᠎ᠡ ᠰᠠᠯᠠᠭ᠎ᠠ ᠮᠥᠴᠢᠷ ᠤᠨ ᠰᠠᠨᠠᠯ ᠢ ᠬᠤᠷᠢᠶᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ ᠬᠤᠷᠠᠯ ᠳᠤ ᠣᠷᠣᠯᠴᠠᠪᠠ᠃            ᠬᠤᠷᠠᠯ ᠠᠴᠠ ᠱᠠᠭᠠᠷᠳᠠᠭᠰᠠᠨ ᠨᠢ᠂ ᠬᠠᠮᠢᠶ᠎ᠠ ᠪᠦᠬᠦᠢ ᠨᠢᠭᠡᠴᠡ ᠶᠢᠨ ᠰᠠᠨᠠᠯ ᠰᠠᠨᠠᠭᠤᠯᠭ᠎ᠠ ᠶᠢ ᠦᠨᠳᠦᠰᠦᠯᠡᠨ᠂ ᠰᠡᠭᠦᠯᠴᠢ ᠶᠢᠨ ᠬᠤᠭᠤᠴᠠᠭᠠᠨ ᠤ ᠰᠢᠨᠵᠢᠯᠡᠨ ᠪᠠᠶᠢᠴᠠᠭᠠᠭᠰᠠᠨ ᠪᠠᠶᠢᠳᠠᠯ ᠲᠠᠢ ᠤᠶᠠᠯᠳᠤᠭᠤᠯᠵᠤ᠂ ᠥᠭᠡᠷᠡᠴᠢᠯᠡᠯᠲᠡ ᠶᠢᠨ ᠲᠥᠰᠦᠯ ᠢ ᠲᠡᠭᠦᠯᠳᠡᠷᠵᠢᠭᠦᠯᠦᠨ᠂ ᠴᠢᠩᠭ᠎ᠠ ᠨᠢᠮᠪᠠᠢ ᠬᠡᠷᠡᠭᠵᠢᠬᠦᠯᠬᠦ ᠶᠢ ᠪᠠᠲᠤᠯᠠᠬᠤ ᠬᠡᠷᠡᠭᠲᠡᠢ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠲᠣᠭᠲᠠᠭᠤᠨ ᠢ ᠪᠠᠲᠤᠯᠠᠬᠤ ᠬᠡᠷᠡᠭᠲᠡᠢ᠃ ᠪᠤᠳᠠᠲᠠᠢ ᠠᠵᠢᠯ ᠤᠨ ᠲᠤᠰᠬᠠᠶ ᠳᠤᠭᠤᠶᠢᠯᠠᠩ ᠢ ᠵᠣᠬᠢᠶᠠᠨ ᠪᠠᠶᠢᠭᠤᠯᠬᠤ ᠶᠢᠨ ᠬᠠᠮᠲᠤ᠂ ᠬᠤᠷᠴᠠ ᠴᠢᠳᠠᠮᠠᠭᠠᠶ ᠬᠦᠴᠦᠨ ᠢ ᠲᠠᠲᠠᠵᠤ᠂ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠵᠢᠯ ᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠶ᠃            ᠬᠤᠰᠢᠭᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ᠂ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯᠤᠨ ᠭᠤᠷᠪᠠᠨ ᠡᠷᠦᠬᠡ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ  ᠤᠨ ᠲᠠᠯᠠᠪᠠᠶ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠣᠷᠠᠯᠢᠭ ᠣᠷᠴᠢᠭᠤᠯᠵᠣ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号