ᠯᠢᠦ ᠰᠢᠶᠤᠤ ᠮᠢᠨ ᠰᠠᠶᠢᠨᠬᠤᠳᠳᠤᠭ ᠰᠣᠮᠣᠨ ᠳᠤ ᠭᠦᠨᠵᠡᠭᠡᠶᠢᠷᠡᠨ᠂ ᠭᠠᠮᠰᠢᠭ ᠠᠴᠠ ᠠᠪᠤᠷᠠᠨ ᠲᠥᠪᠬᠢᠨᠡᠭᠦᠯᠬᠦ᠂ ᠭᠠᠮᠰᠢᠭ ᠤᠨ ᠳᠠᠷᠠᠭᠠᠬᠢ ᠰᠡᠷᠭᠦᠭᠡᠨ ᠪᠠᠶᠢᠭᠤᠯᠤᠯᠳᠠ ᠶᠢᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2021/9/22
              9 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ ᠯᠢᠦ ᠰᠢᠶᠤᠤ ᠮᠢᠨ  ᠰᠠᠶᠢᠨᠬᠤᠳᠳᠤᠭ ᠰᠣᠮᠣᠨ ᠳᠤ ᠭᠦᠨᠵᠡᠭᠡᠶᠢᠷᠡᠨ᠂ ᠭᠠᠮᠰᠢᠭ ᠠᠴᠠ ᠠᠪᠤᠷᠠᠨ ᠲᠥᠪᠬᠢᠨᠡᠭᠦᠯᠬᠦ᠂ ᠭᠠᠮᠰᠢᠭ ᠤᠨ ᠳᠠᠷᠠᠭᠠᠬᠢ ᠰᠡᠷᠭᠦᠭᠡᠨ ᠪᠠᠶᠢᠭᠤᠯᠤᠯᠳᠠ ᠶᠢᠨ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠭᠠᠮᠰᠢᠭᠳᠠᠭᠰᠠᠨ ᠣᠯᠠᠨ ᠲᠦᠮᠡᠨ ᠢ ᠲᠣᠬᠤᠨᠢᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠦᠨᠡᠨᠰᠠᠶᠢᠨ ᠂ ᠳᠡᠳ᠋ ᠬᠤᠰᠢᠭᠤ ᠳᠠᠷᠤᠭ᠎ᠠ ᠲᠡᠮᠦᠷ ᠪᠠᠷ᠎ᠠ ᠪᠣᠯᠪᠠ᠃               ᠯᠢᠦ ᠰᠢᠶᠤᠤ ᠮᠢᠨ ᠵᠡᠷᠭᠡ ᠤᠳᠤᠷᠢᠳᠤᠯᠭ᠎ᠠ ᠰᠠᠶᠢᠨᠬᠤᠳᠳᠤᠭ ᠰᠣᠮᠣᠨ ᠤ ᠵᠢᠷᠭᠠᠯᠠᠩᠲᠤ ᠭᠠᠴᠠᠭᠠᠨ  ᠤ ᠭᠠᠮᠰᠢᠭᠳᠠᠭᠰᠠᠨ ᠡᠷᠦᠬᠡ ᠮᠠ ᠯᠢ ᠶᠦᠩ᠂ ᠯᠦ ᠴᠦᠨ ᠯᠢᠨ ᠤ ᠬᠡᠷ ᠲᠤ ᠬᠦᠷᠴᠦ᠂ ᠭᠠᠮᠰᠢᠭᠳᠠᠭᠰᠠᠨ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠭᠠᠮᠰᠢᠭ ᠤᠨ ᠪᠠᠶᠢᠳᠠᠯ ᠢ ᠨᠠᠷᠢᠨ ᠣᠶᠢᠯᠠᠭᠠᠵᠤ᠂  ᠨᠤᠷᠠᠭᠰᠠᠨ ᠬᠡᠷ ᠪᠠᠶᠢᠰᠢᠩ ᠪᠣᠯᠤᠨ ᠡᠪᠳᠡᠭᠳᠡᠭᠰᠡᠨ ᠲᠤᠨᠤᠭ ᠲᠥᠬᠦᠭᠡᠷᠦᠮᠵᠢ ᠶᠢ ᠪᠠᠶᠢᠴᠠᠭᠠᠨ ᠦᠵᠡᠵᠦ᠂ ᠬᠦᠴᠢᠷ ᠪᠡᠷᠬᠡᠰᠢᠶᠡᠯ ᠢ ᠬᠠᠮᠳᠣ ᠳᠠᠭᠠᠨ ᠢᠯᠡᠨ ᠳᠠᠪᠠᠵᠤ᠂ ᠬᠠᠮᠲᠤ ᠪᠠᠷ ᠲᠤᠭᠤᠯᠤᠶ᠎ᠠ ᠭᠡᠵᠦ ᠵᠣᠷᠢᠭᠵᠢᠭᠤᠯᠪᠠ᠃              ᠯᠢᠦ ᠰᠢᠶᠤᠤ ᠮᠢᠨ ᠠᠴᠠ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠰᠣᠮᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠣᠰ ᠲᠣᠰ ᠤᠨ ᠬᠠᠷᠢᠭᠤᠴᠠᠯᠭ᠎ᠠ ᠪᠠᠨ ᠭᠦᠶᠴᠡᠳᠬᠡᠵᠦ᠂ ᠭᠠᠮᠰᠢᠭ ᠠᠴᠠ ᠠᠪᠤᠷᠬᠠᠤ᠂ ᠦᠶᠯᠡᠳᠪᠦᠷᠢᠯᠡᠯ ᠢᠶᠠᠨ ᠰᠡᠷᠭᠦᠭᠡᠬᠦ᠂ ᠭᠠᠮᠰᠢᠭ ᠤᠨ ᠳᠠᠷᠠᠭ᠎ᠠ ᠰᠡᠷᠭᠦᠭᠡᠨ ᠪᠠᠶᠢᠭᠤᠯᠬᠤ᠂ ᠬᠢᠵᠢᠭ ᠢ ᠰᠡᠷᠭᠡᠶᠢᠯᠡᠬᠦ ᠪᠠ ᠬᠦᠴᠢᠷᠳᠡᠯ ᠢ ᠬᠠᠪᠰᠤᠷᠤᠨ ᠲᠡᠳᠬᠦᠬᠦ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠪᠣᠳᠠᠲᠠᠶ ᠠᠳᠬᠤᠵᠤ᠂ ᠭᠠᠮᠰᠢᠭ ᠤᠨ ᠳᠠᠷᠠᠭᠠᠬᠢ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠢ ᠦᠨᠡᠨ ᠬᠦ ᠪᠠᠲᠤᠯᠠᠵᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ                    ᠯᠢᠦ ᠰᠢᠶᠤᠤ ᠮᠢᠨ ᠵᠡᠷᠭᠡ ᠤᠳᠤᠷᠢᠳᠤᠯᠭ᠎ᠠ ᠪᠠᠰᠠ ᠰᠣᠮᠣᠨ ᠤ ᠳᠠᠷᠠᠭᠠᠴᠢ ᠶᠢᠨ ᠠᠵᠢᠯ ᠤᠨ ᠲᠥᠰᠥᠪ ᠵᠢᠴᠢ ᠠᠵᠤ ᠦᠢᠯᠡᠰ ᠤᠨ ᠬᠥᠭᠵᠢᠯᠲᠡ ᠶᠢᠨ ᠬᠠᠨᠳᠣᠰᠢ ᠶᠢ ᠣᠶᠢᠯᠠᠭᠠᠪᠠ᠃               ᠰᠠᠶᠢᠨᠬᠤᠳᠳᠤᠭ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠵᠢᠴᠢ ᠵᠠᠰᠠᠭ ᠤᠨ ᠣᠷᠳᠣᠨ ᠤ ᠠᠯᠪᠠᠨ ᠬᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃          
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号