ᠯᠢᠦ ᠰᠢᠶᠤᠤ ᠮᠢᠨ ᠦᠬᠡᠷᠴᠢᠨ ᠣᠪᠣᠭᠠᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2021/9/22
           9 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ ᠯᠢᠦ ᠰᠢᠶᠤᠤ ᠮᠢᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠲᠡᠮᠦᠷ ᠵᠡᠷᠭᠡ ᠬᠦᠮᠦᠰ ᠦᠬᠡᠷᠴᠢᠨ ᠣᠪᠤᠭᠠᠨ ᠳᠤ ᠬᠦᠷᠴᠦ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠪᠠ᠃            ᠯᠢᠦ ᠰᠢᠶᠤᠤ ᠮᠢᠨ ᠵᠡᠷᠭᠡ ᠬᠦᠮᠦᠰ ᠦᠬᠡᠷᠴᠢᠨ ᠤᠪᠤᠭ᠎ᠠ ᠤᠢ ᠰᠢᠭᠤᠢ ᠶᠢᠨ ᠲᠠᠯᠠᠪᠠᠢ ᠶᠢᠨ ᠣᠷᠣᠵᠤ ᠭᠠᠷᠬᠤ ᠭᠠᠵᠠᠷ᠂ ᠡᠯ᠎ᠡ ᠭᠠᠯ ᠰᠡᠷᠭᠡᠶᠢᠯᠡᠬᠦ ᠥᠷᠲᠡᠭᠡᠨ ᠳᠤ ᠬᠦᠷᠴᠦ᠂ ᠠᠵᠢᠯ ᠤᠨ ᠪᠠᠶᠢᠷᠢᠨ ᠳᠠᠭᠠᠨ ᠪᠠᠶᠢᠭ᠎ᠠ ᠠᠵᠢᠯᠳᠠᠨ ᠲᠠᠢ ᠭᠠᠯ ᠰᠡᠷᠭᠡᠶᠢᠯᠡᠬᠦ ᠠᠵᠢᠯ ᠤᠨ ᠪᠠᠶᠢᠳᠠᠯ ᠵᠢᠴᠢ ᠲᠡᠳᠡᠨ ᠤ ᠠᠵᠢᠯ ᠠᠮᠢᠳᠤᠷᠠᠯ ᠤᠨ ᠨᠥᠬᠦᠴᠡᠯ ᠢ ᠨᠠᠷᠢᠨ ᠦᠢᠯᠠᠭᠠᠭᠰᠠᠨ ᠤ ᠬᠠᠮᠲᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠬᠠᠷᠢᠶᠠᠲᠤ ᠣᠷᠣᠨ  ᠤ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠢᠵᠢᠭᠦᠷ ᠤᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠬᠦ ᠡᠩᠨᠡᠭᠡ ᠵᠢᠴᠢ ᠣᠶ ᠰᠢᠭᠤᠶ ᠬᠠᠮᠠᠭᠠᠯᠠᠭᠴᠢ  ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠨᠤᠭ ᠲᠥᠬᠦᠭᠡᠷᠦᠮᠵᠢ ᠶᠢ ᠪᠦᠷᠢᠨ ᠭᠦᠶᠴᠡᠳ ᠳᠣᠭᠢᠷᠠᠭᠤᠯᠤᠨ᠂ ᠣᠶ ᠰᠢᠭᠤᠶ ᠶᠢᠨ ᠲᠠᠯᠠᠪᠠᠶ ᠶᠢᠨ ᠪᠦᠬᠦᠯᠢ ᠴᠣᠭᠴᠠ ᠶᠢᠨ ᠭᠠᠯ ᠰᠡᠷᠭᠡᠶᠢᠯᠡᠯᠲᠡ ᠶᠢᠨ  ᠳᠥᠰᠥᠪ ᠢ ᠲᠡᠭᠦᠯᠳᠡᠷᠵᠢᠭᠦᠯᠵᠦ᠂ ᠲᠦᠢᠮᠡᠷ ᠡᠭᠦᠰᠬᠦ ᠳᠠᠯᠳᠠ ᠳᠦᠭᠰᠢᠭᠦᠷᠢ ᠶᠢ ᠴᠠᠭ ᠲᠤᠬᠠᠶ ᠳᠤᠨᠢ ᠠᠷᠢᠯᠭᠠᠨ᠂ ᠭᠤᠤᠯᠳᠠᠯᠭ᠎ᠠ  ᠲᠠᠢ ᠭᠠᠵᠠᠷ᠂ ᠵᠠᠩᠭᠢᠯᠠᠭ᠎ᠠ ᠶᠢᠨ ᠵᠠᠮ᠂ ᠴᠢᠬᠤᠯᠠ ᠣᠷᠣᠨ ᠪᠦᠰᠡ ᠳᠠᠬᠢ ᠪᠠᠶᠢᠷᠢᠯᠠᠭᠤᠯᠤᠯᠲᠠ ᠶᠢ ᠴᠢᠩᠭᠠᠳᠬᠠᠵᠤ᠂ ︽ᠲᠦᠢᠮᠡᠷ ᠠᠴᠠ ᠰᠡᠷᠭᠡᠶᠢᠯᠡᠬᠦ᠂ ᠲᠦᠢᠮᠡᠷ ᠢ ᠠᠷᠢᠯᠭᠠᠬᠤ᠂ ᠲᠦᠢᠮᠡᠷ ᠢ ᠤᠨᠲᠠᠷᠠᠭᠠᠵᠤ ᠴᠢᠳᠠᠬᠤ︾ ᠶᠢ ᠪᠡᠶᠡᠯᠡᠬᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠵᠦᠶᠯ ᠤᠨ ᠠᠷᠭ᠎ᠠ ᠪᠠᠷᠢᠯ ᠢ ᠭᠦᠶᠴᠡᠳ ᠠᠰᠢᠭᠯᠠᠨ ᠪᠥᠬᠦ ᠲᠠᠯ᠎ᠠ ᠶᠢᠨ ᠤᠬᠠᠭᠤᠯᠭ᠎ᠠ ᠬᠢᠵᠦ᠂ ᠡᠷᠦᠬᠡ ᠪᠣᠯᠭᠠᠨ ᠳᠤ ᠦᠢᠯᠠᠭᠠᠭᠤᠯᠵᠤ  ᠂ ᠬᠥᠮᠦᠨ ᠪᠦᠬᠦᠨ ᠳᠤ ᠮᠡᠳᠡᠭᠦᠯᠬᠦ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃            ᠵᠠᠰᠠᠭ ᠤᠨ ᠣᠷᠳᠣᠨ ᠤ ᠠᠯᠪᠠᠨ ᠬᠡᠷ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠪᠠ᠃ ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号