| ᠯᠢ ᠺᠧ ᠴᠢᠶᠠᠩ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠳᠤ | ᠴᠢᠬᠤᠯᠠ ᠴᠣᠬᠤᠯᠠᠪᠤᠷᠢ ᠥᠭᠴᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠠᠵᠢᠯ ᠤᠨ | ᠪᠠᠶᠢᠷᠢᠰᠢᠯ ᠢ ᠪᠣᠶ ᠪᠣᠯᠭᠠᠵᠤ᠂ ᠳᠠᠯᠳᠠ ᠬᠡᠮ ᠢ ᠢᠯᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠨᠡᠨ ᠬᠦ | ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠬᠦᠨᠳᠦ ᠶᠡᠭᠡ ᠪᠠ ᠣᠨᠴᠠ ᠶᠡᠭᠡ ᠭᠠᠯ ᠤᠨ ᠠᠶᠤᠯ ᠪᠠ ᠭᠠᠯ | ᠤᠨᠲᠠᠷᠠᠭᠠᠬᠤ ᠠᠵᠢᠯᠲᠠᠨ ᠤ ᠦᠷᠡᠭᠳᠡᠵᠦ ᠰᠢᠷᠬᠠᠲᠤᠬᠤ ᠬᠡᠷᠡᠭ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠸᠠᠩ ᠶᠦᠩ ᠪᠦᠬᠦ ᠤᠯᠤᠰ ᠤᠨ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ | ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠬᠡᠳᠦᠨ ᠡᠳᠦᠷ ᠤᠨ ᠡᠮᠦᠨ᠎ᠡ ᠤᠢ ᠰᠢᠭᠤᠢ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠳᠤ ᠴᠢᠬᠤᠯᠠ ᠴᠣᠬᠤᠯᠠᠪᠤᠷᠢ ᠥᠭᠪᠡ᠃ | ᠴᠣᠬᠤᠯᠠᠪᠤᠷᠢ ᠳᠤ ᠪᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠨᠢ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠤᠯᠤᠰ ᠤᠨ ᠠᠮᠢ ᠠᠬᠤᠶ ᠶᠢᠨ ᠠᠮᠤᠷ | ᠲᠦᠪᠰᠢᠨ ᠳᠤ ᠬᠤᠯᠪᠣᠭᠳᠠᠵᠤ ᠪᠠᠶᠢᠳᠠᠭ᠃ ᠣᠳᠣᠬᠠᠨ ᠳᠤ᠂ ᠡᠯ᠎ᠡ ᠭᠠᠵᠠᠷ ᠤᠨ ᠬᠢᠨ ᠵᠠᠯᠭᠠᠭ᠎ᠠ ᠪᠠᠷ ᠨᠠᠮᠤᠷ ᠡᠪᠦᠯ ᠤᠨ | ᠤᠯᠠᠷᠢᠯ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ ᠣᠷᠣᠵᠤ ᠪᠤᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠬᠢᠨᠠᠮᠠᠭᠠᠢ ᠲᠤᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ | ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠢ ᠰᠢᠭᠤᠢ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ ᠭᠦᠨᠵᠡᠭᠡᠢ ᠪᠥᠭᠡᠳ ᠯᠠᠪᠳᠠᠭᠤᠨ ᠪᠠᠲᠤᠲᠠᠢ | ᠰᠠᠶᠢᠲᠤᠷ ᠬᠢᠬᠦ ᠬᠡᠷᠡᠭᠲᠡᠢ᠃ ᠬᠠᠷᠢᠶ᠎ᠠ ᠭᠠᠵᠠᠷ ᠣᠷᠣᠨ᠂ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠢ᠂ ᠬᠤᠪᠢ | ᠬᠥᠮᠦᠨ ᠤ ᠬᠠᠷᠢᠭᠤᠴᠠᠯᠭ᠎ᠠ ᠶᠢ ᠪᠣᠲᠠᠲᠠᠶᠢᠵᠢᠭᠤᠯᠤᠨ ᠴᠢᠩᠭᠠᠳᠬᠠᠵᠤ᠂ ᠤᠯᠠᠨ ᠢᠶᠠᠷ ᠢᠶᠠᠨ ᠰᠡᠷᠭᠡᠶᠢᠯᠡᠵᠦ | ᠤᠯᠠᠨ ᠢᠶᠠᠷ ᠢᠶᠠᠨ ᠵᠠᠰᠠᠬᠤ ᠠᠵᠢᠯ ᠤᠨ ᠪᠠᠶᠢᠷᠢᠰᠢᠯ ᠢ ᠪᠣᠢ ᠪᠣᠯᠭᠠᠵᠤ᠂ ᠠᠵᠢᠯ ᠤᠨ ᠬᠠᠮᠲᠤᠷᠠᠯ ᠬᠦᠴᠦᠨ ᠢ | ᠪᠦᠷᠢᠯᠳᠦᠭᠦᠯᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠶ ᠶᠢ ᠴᠢᠩᠭᠠᠷᠠᠭᠤᠯᠤᠨ᠂ ᠳᠠᠯᠳᠠ ᠬᠡᠮ ᠢ ᠢᠯᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠦᠨᠡᠨ ᠬᠦ ᠴᠢᠩᠭᠠᠳᠬᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ | ᠲᠤᠬᠠᠶ ᠳᠤ ᠨᠢ ᠨᠡᠶᠢᠲᠡᠯᠡᠵᠦ᠂ ᠴᠢᠭᠯᠡᠯᠲᠦ ᠴᠢᠨᠠᠷᠲᠠᠶ ᠪᠠᠷ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠠᠪᠴᠤ᠂ | ᠭᠠᠯ ᠤᠨ ᠭᠠᠮᠰᠢᠭ ᠤᠨ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠬᠤ ᠬᠡᠷᠡᠭᠲᠡᠶ᠃ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠢ ᠴᠠᠭ ᠢᠮᠠᠭᠲᠠ ᠰᠠᠶᠢᠲᠤᠷ ᠬᠢᠵᠦ᠂ ᠵᠢᠯᠣᠭᠤᠳᠤᠯᠭ᠎ᠠ ᠶᠢᠨ ᠲᠣᠭᠲᠠᠴᠠ ᠶᠢ | ᠰᠢᠯᠢᠳᠡᠭᠵᠢᠭᠦᠯᠵᠦ᠂ ᠰᠡᠷᠭᠡᠶᠢᠯᠡᠯᠲᠡ ᠶᠢᠨ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ | ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠢ ᠪᠠᠷ ᠭᠠᠯ ᠤᠨᠲᠠᠷᠠᠭᠠᠵᠤ᠂ ᠤᠢ ᠰᠢᠭᠤᠢ ᠨᠤᠲᠤᠭ ᠪᠡᠯᠴᠢᠭᠡᠷ ᠤᠨ | ᠬᠦᠨᠳᠦ ᠶᠡᠭᠡ ᠪᠠ ᠣᠨᠴᠠ ᠶᠡᠭᠡ ᠭᠠᠯ ᠤᠨ ᠠᠶᠤᠯ ᠪᠣᠯᠤᠨ ᠭᠠᠯ ᠤᠨᠲᠠᠷᠠᠭᠠᠬᠤ ᠠᠵᠢᠯᠲᠠᠨ ᠤ ᠦᠷᠡᠭᠳᠡᠵᠦ | ᠰᠢᠷᠬᠠᠳᠤᠬᠤ ᠬᠡᠷᠡᠭ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠭᠡᠰᠢᠭᠦᠨ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠸᠠᠩ | ᠶᠦᠩ 9 ᠳ᠋ᠦ᠋ᠭᠡᠷ ᠰᠠᠷ᠎ᠠ ᠶᠢᠨ 24 ᠤ ᠡᠳᠦᠷ ᠪᠥᠬᠦ ᠤᠯᠤᠰ ᠤᠨ ᠨᠠᠮᠤᠷ ᠡᠪᠦᠯ ᠤᠨ ᠤᠯᠠᠷᠢᠯ ᠤᠨ ᠣᠶ ᠰᠢᠭᠤᠶ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠬᠤ ᠳᠤ ᠪᠠᠨ᠂ ᠶᠡᠷᠦᠩᠬᠡᠶ ᠱᠦᠵᠢ ᠰᠢ ᠶᠢᠨ ᠫᠢᠩ ᠤᠨ ᠣᠶ | ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠠᠵᠢᠯ ᠢ ᠴᠢᠩᠭᠠᠳᠬᠠᠬᠤ ᠲᠤᠬᠠᠶ ᠠᠯᠢ ᠣᠯᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂ ᠶᠡᠷᠦᠩᠬᠡᠶ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠲᠠᠲᠠᠶᠢᠵᠢᠭᠤᠯᠤᠨ ᠴᠢᠩᠭᠠᠳᠬᠠᠵᠤ᠂ ᠡᠬᠢ | ᠢᠷᠡᠯᠲᠡ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠴᠢᠩᠭ᠎ᠠ ᠰᠡᠷᠭᠡᠶᠢᠯᠡᠨ ᠪᠦᠲᠦᠮᠵᠢᠲᠡᠢ ᠠᠷᠭᠠᠴᠠᠭᠠᠵᠤ᠂ | ᠣᠶ ᠰᠢᠭᠤᠶ ᠨᠤᠲᠤᠭ ᠪᠡᠯᠴᠢᠭᠡᠷ ᠤᠨ ᠬᠦᠨᠳᠦ ᠶᠡᠭᠡ ᠪᠠ ᠣᠨᠴᠠ ᠶᠡᠭᠡ ᠭᠠᠯ ᠤᠨ ᠭᠠᠮᠰᠢᠭ ᠡᠭᠦᠰᠬᠦ ᠶᠢ ᠡᠷᠡᠰ | ᠬᠤᠷᠢᠭᠯᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠤᠯᠤᠰ ᠤᠨ ᠠᠮᠢ | ᠠᠬᠤᠶ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠸᠠᠩ ᠶᠦᠩ ᠵᠢᠭᠠᠬᠤ ᠳᠤ ᠪᠠᠨ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ᠂ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠪᠠᠶᠢᠭᠤᠯᠤᠯ ᠪᠠ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠰᠡᠷᠭᠡᠶᠢᠯᠡᠬᠦ ᠪᠠ ᠤᠨᠲᠠᠷᠠᠭᠠᠬᠤ ᠶᠢ ᠵᠣᠯᠭᠠᠭᠤᠯᠤᠨ ᠬᠠᠮᠵᠢᠯᠴᠠᠭᠤᠯᠬᠤ ᠶᠢ | ᠴᠢᠩᠭᠠᠳᠬᠠᠨ᠂ ᠰᠧᠴᠤᠸᠠᠨ ᠵᠡᠷᠭᠡ ᠭᠠᠵᠠᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ | ᠤᠨᠲᠠᠷᠠᠭᠠᠬᠤ ᠲᠤᠰᠬᠠᠶ ᠵᠦᠢᠯ ᠤᠨ ᠴᠡᠭᠴᠡᠯᠡᠨ ᠵᠠᠰᠠᠯᠲᠠ ᠬᠢᠭᠰᠡᠨ ᠦᠷ᠎ᠡ ᠪᠦᠲᠦᠮᠵᠢ ᠲᠠᠢ ᠠᠷᠭ᠎ᠠ ᠬᠢᠳᠡᠯ ᠢ | ᠪᠠᠬᠢᠵᠢᠭᠦᠯᠦᠨ ᠳᠡᠯᠭᠡᠷᠡᠭᠦᠯᠵᠦ᠂ ᠶᠡᠭᠡ ᠪᠠᠷ ᠰᠡᠷᠭᠡᠶᠢᠯᠡᠬᠦ᠂ ᠶᠡᠭᠡ ᠪᠠᠷ ᠬᠢᠨᠠᠨ ᠬᠠᠮᠢᠶᠠᠷᠬᠤ᠂ ᠶᠡᠭᠡ ᠪᠠᠷ ᠤᠬᠠᠭᠤᠯᠬᠤ᠂ | ᠶᠡᠭᠡ ᠪᠠᠷ ᠪᠠᠲᠤᠯᠠᠬᠤ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ | ᠲᠠᠰᠤᠷᠠᠯᠲᠠ ᠥᠬᠡᠶ ᠪᠦᠷᠢᠨᠰᠢᠬᠦᠯᠬᠦ ᠬᠡᠷᠡᠭᠲᠡᠶ᠃ ᠡᠪᠦᠯ ᠤᠨ ᠤᠯᠠᠷᠢᠯ ᠤᠨ ᠣᠯᠧᠮᠫᠢᠺ ᠶᠢᠨ ᠲᠠᠮᠢᠷ ᠤᠨ ᠴᠤᠭᠯᠠᠭᠠᠨ ᠤ | ᠤᠷᠤᠯᠳᠤᠭᠠᠨ ᠤ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠬᠡᠪᠴᠢᠶ᠎ᠡ ᠪᠣᠯᠤᠨ ᠴᠢᠬᠤᠯᠠ ᠶᠡᠭᠡ ᠠᠵᠢᠯᠯᠠᠭ᠎ᠠ᠂ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠬᠤᠭᠤᠴᠠᠭ᠎ᠠ ᠵᠡᠷᠭᠡ ᠣᠨᠴᠠᠭᠠᠢ ᠴᠠᠭ ᠬᠤᠭᠤᠴᠠᠭ᠎ᠠ ᠶᠢ ᠴᠢᠩᠭ᠎ᠠ | ᠠᠩᠬᠠᠷᠴᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ | ᠤᠨᠢᠨ ᠳᠡᠭᠡᠷ᠎ᠡ ᠨᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠥᠮᠦᠨ ᠢᠶᠠᠷ | ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ | ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠰᠢᠯᠢᠳᠡᠭᠵᠢᠭᠦᠯᠵᠦ᠂ ᠭᠡᠨᠡᠳᠲᠡ ᠶᠢᠨ ᠭᠠᠯ ᠤᠨ ᠠᠶᠤᠯ ᠢ | ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠢ ᠰᠢᠢᠳᠪᠦᠷᠢᠯᠡᠵᠦ᠂ ᠤᠯᠠᠨ ᠲᠦᠮᠡᠨ ᠪᠣᠯᠤᠨ ᠭᠠᠯ | ᠤᠨᠲᠠᠷᠠᠭᠠᠬᠤ ᠠᠵᠢᠯᠲᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠲᠣᠨᠤᠭ ᠲᠥᠬᠦᠭᠡᠷᠦᠮᠵᠢ ᠡᠳ᠋ ᠪᠣᠳᠠᠰ ᠤᠨ | ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ | ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠤᠨ ᠬᠦᠨᠳᠦ ᠶᠡᠭᠡ ᠪᠠ ᠣᠨᠴᠠ ᠶᠡᠭᠡ | ᠭᠠᠯ ᠤᠨ ᠭᠠᠮᠰᠢᠭ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠴᠢᠩᠭ᠎ᠠ ᠰᠠᠬᠢᠬᠤ ᠬᠡᠷᠡᠭᠲᠡᠢ ᠭᠡᠵᠡᠢ᠃ |