ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ ᠭᠠᠮᠰᠢᠭ ᠤᠨ ᠳᠠᠷᠠᠭᠠᠬᠢ ᠰᠡᠷᠭᠦᠭᠡᠨ ᠪᠠᠶᠢᠭᠤᠯᠤᠯᠲᠠ ᠶᠢᠨ ᠠᠵᠢᠯ  ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/9/28
          9 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ ᠬᠠᠪᠢᠷᠭ᠎ᠠ ᠪᠠᠯᠭᠠᠰᠤᠨ ᠳᠤ ᠭᠦᠨᠵᠡᠭᠡᠶᠢᠷᠡᠨ ᠭᠠᠮᠰᠢᠭ ᠤᠨ ᠳᠠᠷᠠᠭᠠᠬᠢ ᠰᠡᠷᠭᠦᠭᠡᠨ ᠪᠠᠶᠢᠭᠤᠯᠬᠤ ᠠᠵᠢᠯ ᠢ ᠪᠠᠶᠢᠴᠠᠭᠠᠨ ᠵᠢᠯᠣᠭᠤᠳᠴᠤ᠂ ᠴᠢᠩ ᠹᠧᠩ ᠬᠥᠭᠦᠷᠭᠡ ᠪᠠ ᠬᠡᠷ ᠪᠠᠶᠢᠰᠢᠩ  ᠢ ᠰᠡᠷᠭᠦᠭᠡᠨ ᠪᠠᠶᠢᠭᠤᠯᠵᠤ᠂ ᠰᠡᠯᠪᠢᠨ ᠵᠠᠰᠠᠭᠰᠠᠨ ᠪᠠᠶᠢᠳᠠᠯ ᠵᠢᠴᠢ ᠣᠷᠣᠵᠤ ᠰᠠᠭᠤᠭᠰᠠᠨ ᠪᠠᠶᠢᠳᠠᠯ ᠢ ᠪᠠᠶᠢᠴᠠᠭᠠᠨ ᠦᠵᠡᠪᠡ᠃            ᠬᠦᠭᠵᠢᠯᠳᠤ ᠬᠡᠯᠡᠬᠦ ᠳᠡᠭᠡᠨ᠂ ᠭᠠᠮᠰᠢᠭᠳᠠᠭᠰᠠᠨ ᠠᠴᠠ ᠨᠠᠰᠢ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ ᠠᠵᠢᠯᠯᠠᠵᠤ᠂ ᠡᠯ᠎ᠡ ᠵᠦᠢᠯ ᠤᠨ ᠠᠵᠢᠯ ᠢᠳᠡᠪᠬᠢᠲᠡᠢ ᠠᠬᠢᠴᠠ ᠲᠠᠢ ᠪᠣᠯᠪᠠ᠂ ᠭᠡᠪᠡᠴᠦ ᠪᠠᠰᠠ ᠠᠵᠢᠯ ᠤᠨ ᠳᠤᠮᠳᠠᠬᠢ ᠲᠤᠲᠠᠭᠳᠠᠯ ᠪᠣᠯᠤᠨ ᠬᠦᠷᠦᠯᠴᠡᠬᠦ ᠦᠭᠡᠢ ᠲᠠᠯ᠎ᠠ ᠪᠠᠨ ᠰᠡᠷᠭᠡᠭ ᠢᠶᠠᠷ ᠲᠠᠨᠢᠨ᠂ ᠴᠠᠭ ᠤᠨ ᠬᠢᠵᠠᠭᠠᠷ ᠢ ᠴᠢᠩᠭ᠎ᠠ ᠵᠢᠷᠤᠮᠯᠠᠵᠤ᠂ ᠪᠠᠷᠢᠯᠭ᠎ᠠ ᠶᠢᠨ ᠴᠠᠭ ᠢ ᠵᠠᠪᠳᠤᠨ᠂ ᠪᠠᠷᠢᠯᠭ᠎ᠠ ᠶᠢᠨ ᠠᠵᠢᠯ ᠢ ᠱᠠᠯᠠᠪᠳᠠᠨ ᠬᠢᠵᠦ᠂ ᠭᠠᠮᠰᠢᠭᠳᠠᠭᠰᠠᠨ ᠤᠯᠠᠨ ᠲᠦᠮᠡᠨ ᠤ ᠠᠮᠤᠷ ᠲᠦᠪᠰᠢᠨ ᠣᠷᠣᠨ ᠰᠠᠭᠤᠴᠠ ᠳᠤ ᠲᠦᠷᠭᠡᠨ ᠣᠷᠣᠬᠤ ᠶᠢ ᠦᠨᠡᠨ ᠬᠦ ᠪᠠᠲᠤᠯᠠᠬᠤ ᠶᠢᠨ ᠬᠠᠮᠲᠤ ᠭᠠᠮᠰᠢᠭᠳᠠᠭᠰᠠᠨ ᠤᠯᠠᠨ ᠲᠦᠮᠡᠨ  ᠤ ᠣᠳᠣᠬᠠᠨ ᠤ ᠣᠷᠣᠨ ᠰᠠᠭᠤᠴᠠ ᠶᠢᠨ ᠪᠠᠶᠢᠳᠠᠯ ᠢ ᠲᠠᠬᠢᠨ ᠪᠠᠶᠢᠴᠠᠭᠠᠨ ᠣᠶᠢᠯᠠᠭᠠᠵᠤ᠂ ᠳᠠᠩᠰᠠᠯᠠᠨ ᠳᠡᠪᠲᠡᠷᠯᠡᠵᠦ᠂ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃
               ᠣᠳᠣᠬᠠᠨ ᠳᠤ ᠬᠠᠪᠢᠷᠭ᠎ᠠ ᠪᠠᠯᠭᠠᠰᠤᠨ ᠤ 69 ᠡᠷᠦᠬᠡ ᠶᠢᠨ ᠬᠡᠷ ᠪᠠᠶᠢᠰᠢᠩ ᠢ ᠰᠡᠯᠪᠢᠨ ᠵᠠᠰᠠᠵᠤ ᠳᠠᠭᠤᠰᠬᠠᠨ᠂ 28 ᠡᠷᠦᠬᠡ ᠳᠤ ᠰᠢᠨ᠎ᠡ ᠭᠡᠷ ᠪᠠᠷᠢᠨ ᠥᠭᠴᠦ᠂ 16 ᠡᠷᠦᠬᠡ ᠶᠢᠨ ᠬᠡᠷ ᠪᠠᠶᠢᠰᠢᠩ ᠢ ᠵᠠᠰᠠᠨ ᠰᠡᠯᠪᠢᠵᠦ ᠪᠠᠶᠢᠭ᠎ᠠ ᠪᠥᠭᠡᠳ 7 ᠡᠷᠦᠬᠡ ᠨᠢ ᠨᠢᠭᠡᠨᠲᠡ ᠰᠢᠨ᠎ᠡ ᠬᠡᠷ ᠲᠤ ᠪᠠᠨ ᠣᠷᠤᠵᠠᠢ᠃ ᠴᠢᠩ ᠹᠧᠩ ᠬᠥᠭᠦᠷᠭᠡ  ᠶᠢᠨ ᠲᠤᠯᠭᠠᠭᠤᠷᠢ ᠶᠢ ᠪᠠᠷᠢᠵᠤ ᠳᠠᠭᠤᠰᠬᠠᠨ᠂ 10 ᠰᠠᠷ᠎ᠠ ᠶᠢᠨ ᠡᠬᠢ ᠪᠠᠷ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠪᠣᠯᠤᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号