ᠰᠢᠯᠤᠭᠤᠨ ᠬᠥᠬᠡ ᠬᠤᠰᠢᠭᠤᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠣᠢ ᠰᠢᠭᠤᠶ᠂ ᠲᠠᠯ᠎ᠠ ᠨᠤᠳᠤᠭ ᠤᠨ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/28
           ᠣᠳᠣᠬᠠᠨ ᠳᠤ᠂ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠴᠢᠬᠤᠯᠠ ᠬᠤᠭᠤᠴᠠᠭᠠᠨ ᠳᠤ ᠪᠠᠶᠢᠭ᠎ᠠ ᠲᠤᠯᠠ ᠭᠠᠯ ᠲᠦᠢᠮᠡᠷ ᠢ ᠰᠡᠷᠭᠡᠶᠢᠯᠡᠬᠦ ᠠᠵᠢᠯ ᠡᠳᠦᠷ ᠢᠷᠡᠬᠦᠶ᠎ᠡ ᠬᠦᠨᠳᠦᠷᠡᠵᠦ ᠪᠠᠶᠢᠨ᠎ᠠ᠃ ᠨᠠᠮᠤᠷ ᠤᠨ ᠤᠯᠠᠷᠢᠯ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠠᠷᠠᠳ ᠣᠯᠠᠨ ᠤ ᠭᠠᠯ ᠲᠦᠢᠮᠡᠷ ᠢ ᠰᠡᠷᠭᠡᠶᠢᠯᠡᠬᠦ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 9 ᠰᠠᠷ᠎ᠠ ᠶᠢᠨ 23 ᠤ ᠡᠳᠦᠷ ᠠᠴᠠ ᠡᠬᠢᠯᠡᠨ᠂ ᠰᠢᠯᠤᠭᠤᠨ ᠬᠥᠬᠡ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠬᠤᠰᠢᠭᠤ ᠣᠶ ᠰᠢᠭᠤᠶ  ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠰᠡᠷᠭᠡᠶᠢᠯᠡᠬᠦ ᠠᠵᠢᠯ ᠤᠨ ᠠᠯᠪᠠᠨ ᠬᠡᠷ᠂ ᠨᠤᠭᠤ ᠭᠠᠵᠠᠷ ᠤᠨ ᠬᠠᠮᠢᠶᠠᠷᠤᠯᠳᠠ ᠶᠢᠨ ᠲᠣᠪᠴᠢᠶ᠎ᠠ᠂ ᠣᠶ ᠰᠢᠭᠤᠶ ᠶᠢᠨ ᠠᠵᠢᠯ ᠤᠨ ᠥᠷᠲᠡᠭᠡ ᠲᠠᠢ ᠬᠠᠮᠲᠤᠷᠠᠨ᠂ ᠨᠠᠮᠤᠷ ᠤᠨ ᠤᠯᠠᠷᠢᠯ  ᠤᠨ ᠭᠠᠯ ᠲᠦᠢᠮᠡᠷ ᠢ ᠰᠡᠷᠭᠡᠶᠢᠯᠡᠬᠦ ᠳᠣᠬᠠᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃            ᠨᠡᠶᠢᠲᠡ 5 ᠤᠬᠠᠭᠤᠯᠭ᠎ᠠ ᠶᠢᠨ ᠲᠡᠷᠭᠡ ᠪᠠᠷ ᠱᠠᠩᠳᠤ ᠪᠠᠯᠭᠠᠰᠤ᠂ ᠬᠠᠪᠢᠷᠭ᠎ᠠ ᠪᠠᠯᠭᠠᠰᠤ᠂ ᠰᠠᠩ ᠤᠨ ᠳᠠᠯᠠᠶ ᠪᠠᠯᠭᠠᠰᠤ᠂ ᠦᠬᠡᠷᠴᠢᠨ ᠣᠪᠣᠭᠠᠨ ᠤ ᠣᠶ ᠰᠢᠭᠤᠶ ᠶᠢᠨ ᠲᠠᠯᠠᠪᠠᠶ ᠳᠤ ᠬᠦᠷᠴᠦ᠂ ᠳᠣᠭᠳᠠᠭᠰᠠᠨ ᠭᠠᠵᠠᠷ ᠲᠤ ᠤᠬᠠᠭᠤᠯᠬᠤ ᠪᠠ ᠲᠤᠭᠤᠷᠢᠨ ᠤᠬᠠᠭᠤᠯᠬᠤ ᠶᠢ ᠬᠠᠷᠢᠯᠴᠠᠨ ᠣᠶᠠᠯᠳᠣᠭᠤᠯᠤᠨ᠂ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃                ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠨ᠂ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠳᠠᠪᠲᠠᠷ ᠢ 300 ᠭᠠᠷᠤᠶ ᠬᠤᠪᠢ᠂ ᠮᠣᠩᠭᠤᠯ ᠬᠢᠲᠠᠳ ᠬᠡᠯᠡᠨ ᠤ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠶᠢ 500 ᠭᠠᠷᠤᠶ ᠬᠤᠪᠢ  ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠲᠤᠭ ᠢ 550 ᠶᠢ ᠳᠠᠷᠬᠠᠭᠠᠵᠤ᠂ ᠣᠬᠤᠷ ᠴᠢᠮᠡᠭᠡᠨ ᠤ ᠤᠬᠠᠭᠤᠯᠭ᠎ᠠ ᠶᠢ 10000 ᠵᠤᠷᠪᠤᠰ ᠳᠠᠮᠵᠢᠭᠤᠯᠵᠤ᠂ ᠲᠦᠷᠢᠶᠡᠰᠦᠨ ᠮᠠᠰᠢᠨ ᠲᠡᠷᠭᠡᠨ ᠤ ᠵᠠᠷ ᠮᠡᠳᠡᠭᠡᠨ ᠤ ᠳ᠋ᠧᠩ ᠢᠶᠠᠷ 200 ᠭᠠᠷᠤᠶ ᠵᠠᠷ ᠨᠡᠪᠲᠡᠷᠡᠭᠦᠯᠪᠡ᠃ ᠠᠵᠢᠯᠳᠠᠨ ᠠᠴᠠ ᠣᠯᠠᠨ ᠲᠥᠮᠡᠨ ᠳᠤ ᠣᠶ ᠰᠢᠭᠤᠶ᠂ ᠲᠠᠯ᠎ᠠ ᠨᠤᠲᠤᠭ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠨᠠᠷᠢᠨ ᠲᠠᠶᠢᠯᠪᠤᠷᠢᠯᠠᠵᠤ᠂ ᠲᠡᠳᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠳᠡᠭᠡᠭᠰᠢᠯᠡᠭᠦᠯᠪᠡ᠃ ᠡᠭᠦᠨ  ᠤ ᠬᠠᠮᠲᠤ ᠰᠠᠩ ᠤᠨ ᠲᠡᠯᠡᠶ ᠪᠠᠯᠭᠠᠰᠤᠨ ᠤ ᠡᠪᠡᠰᠦ ᠲᠡᠭᠡᠭᠡᠬᠦ ᠲᠡᠷᠭᠡᠨ ᠳᠤ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠬᠢᠵᠦ᠂ ᠡᠪᠡᠰᠦ ᠲᠡᠭᠡᠭᠡᠬᠦ ᠲᠡᠷᠭᠡᠨ ᠳᠤ ᠭᠠᠯ ᠤᠨ ᠠᠶᠤᠯ ᠭᠠᠷᠬᠤ ᠶᠢ ᠰᠡᠷᠭᠡᠶᠢᠯᠡᠪᠡ᠃             ᠲᠠᠷᠠᠭᠠᠴᠢ ᠶᠢᠨ ᠠᠯᠬᠤᠮ ᠳᠤ᠂ ᠣᠶ ᠰᠢᠭᠤᠶ᠂ ᠲᠠᠯ᠎ᠠ ᠨᠤᠳᠤᠭ ᠤᠨ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠳᠡᠭᠡᠷ᠎ᠡ ᠦᠷᠭᠦᠯᠵᠢᠯᠡᠨ ᠪᠣᠳᠠᠲᠠᠶ ᠠᠷᠭ᠎ᠠ ᠬᠡᠮᠵᠢᠶ᠎ᠡ ᠠᠪᠴᠤ᠂ ᠠᠷᠠᠳ ᠣᠯᠠᠨ ᠤ ᠭᠠᠯ ᠲᠦᠢᠮᠡᠷ ᠢ ᠰᠡᠷᠭᠡᠶᠢᠯᠡᠬᠦ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠠᠯ ᠤᠨ ᠠᠶᠤᠯ ᠤᠨ ᠳᠠᠯᠳᠠ ᠬᠡᠮ ᠢ ᠦᠭᠡᠶᠢᠰᠬᠡᠨ᠎ᠡ᠃   ᠣᠶᠣᠨᠰᠡᠷᠭᠦᠯᠡᠩ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号