ᠣᠯᠠᠨ ᠲᠦᠮᠡᠨ ᠳᠤ ᠪᠣᠳᠠᠲᠠᠢ ᠠᠵᠢᠯ ᠬᠢᠶ᠎ᠡ— ᠰᠠᠶᠢᠨᠬᠤᠳᠳᠤᠭ ᠰᠣᠮᠣᠨ ᠤ ᠶᠡᠷᠦᠩᠬᠡᠶᠢᠯᠡᠨ ᠪᠠᠳᠣᠯᠠᠬᠤ ᠪᠠ ᠮᠡᠷᠭᠡᠵᠢᠯ ᠲᠥᠭᠡᠮᠡᠯᠵᠢᠭᠦᠯᠬᠦ ᠲᠥᠪ ᠠᠴᠠ ᠪᠷᠦ᠋ᠼᠧᠯ ᠡᠪᠡᠳᠴᠢᠨ ᠢ ᠪᠠᠶᠢᠴᠠᠭᠠᠪᠠ
ᠨᠡᠶᠢᠲᠡᠯᠡᠭᠰᠡᠨ ᠴᠠᠭ᠄
2021/9/8
            2021 ᠣᠨ ᠤ 9 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠰᠠᠶᠢᠨᠬᠤᠳᠳᠤᠭ ᠰᠣᠮᠣᠨ ᠤ ᠶᠡᠷᠦᠩᠬᠡᠶᠢᠯᠡᠨ ᠪᠠᠳᠣᠯᠠᠬᠤ ᠪᠠ  ᠮᠡᠷᠭᠡᠵᠢᠯ ᠲᠥᠭᠡᠮᠡᠯᠵᠢᠭᠦᠯᠬᠦ ᠲᠥᠪ ᠤᠨ ᠠᠵᠢᠯᠲᠠᠨ ᠡᠷᠦᠬᠡ ᠪᠠᠷ ᠭᠦᠨᠵᠡᠭᠡᠶᠢᠷᠡᠨ ᠪᠷᠦ᠋ᠼᠧᠯ ᠡᠪᠡᠳᠴᠢᠨ ᠢ ᠪᠠᠶᠢᠴᠠᠭᠠᠪᠠ᠃               ᠲᠣᠰ ᠤᠳᠠᠭᠠᠨ ᠤ ᠪᠠᠶᠢᠴᠠᠭᠠᠯᠳᠠ ᠪᠠᠷ 12 ᠭᠠᠴᠠᠭᠠᠨ ᠳᠤ ᠭᠦᠨᠵᠡᠭᠡᠶᠢᠷᠡᠵᠦ᠂ ᠪᠷᠦ᠋ᠼᠧᠯ ᠡᠪᠡᠳᠴᠢᠨ ᠲᠠᠢ 6 ᠮᠠᠯᠵᠢᠬᠤ ᠡᠷᠦᠬᠡ ᠪᠠᠷ ᠭᠤᠤᠯ ᠪᠣᠯᠭᠠᠨ᠂ 20 ᠭᠠᠷᠤᠶ ᠡᠷᠦᠬᠡ ᠶᠢ ᠰᠣᠩᠭᠤᠨ ᠮᠠᠯ ᠤᠨᠤᠭ᠎ᠠ ᠠᠴᠠ ᠨᠢ ᠴᠢᠰᠤ ᠠᠪᠴᠤ᠂ ︽ᠨᠢᠭᠡ ᠮᠠᠯ᠂ ᠨᠢᠭᠡ ᠲᠡᠮᠳᠡᠭ᠂ ᠨᠢᠭᠡ ᠦᠨᠡᠮᠯᠡᠯ᠂ ᠨᠢᠭᠡ ᠵᠡᠭᠦᠦ᠂ ᠨᠢᠭᠡ ᠲᠠᠩᠰᠠ︾ ᠲᠠᠢ ᠪᠠᠶᠢᠬᠤ ᠲᠠᠪᠤᠨ ᠱᠠᠭᠠᠷᠳᠠᠯᠭ᠎ᠠ ᠶᠣᠰᠣᠭᠠᠷ᠂ ᠴᠢᠰᠤ ᠠᠪᠬᠤ ᠳᠠᠩᠰᠠ ᠡᠪᠬᠡᠮᠡᠯ ᠢ ᠰᠠᠶᠢᠲᠤᠷ ᠬᠢᠵᠦ᠂ ᠠᠷᠭ᠎ᠠ ᠴᠢᠨᠠᠷ ᠤᠨ ᠡᠪᠡᠳᠴᠢᠨ ᠤ ᠪᠠᠶᠢᠳᠠᠯ ᠢ ᠢᠯᠡᠷᠡᠭᠦᠯᠦᠭᠰᠡᠨ ᠥᠬᠡᠶ᠃               ᠡᠷᠦᠬᠡ ᠳᠤ ᠭᠦᠨᠵᠡᠭᠡᠶᠢᠷᠡᠬᠦ ᠶᠢᠨ ᠳᠠᠭᠠᠤ ᠪᠷᠦ᠋ᠼᠧᠯ ᠡᠪᠡᠳᠴᠢᠨ ᠪᠠ ᠦᠬᠡᠷ ᠤᠨ ᠵᠠᠩᠭᠢᠯᠠᠭᠠᠲᠤ ᠡᠪᠡᠳᠴᠢᠨ᠂ ᠪᠣᠭᠤᠮ᠎ᠠ ᠡᠪᠡᠳᠴᠢᠨ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ᠂ ᠬᠢᠵᠢᠭ ᠢ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢ ᠤᠬᠠᠭᠤᠯᠪᠠ᠃ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠨ᠂ ᠮᠠᠯ ᠤᠨᠤᠭᠠᠨ ᠤ ᠬᠢᠵᠢᠭ ᠢ ᠰᠡᠷᠭᠡᠶᠢᠯᠡᠬᠦ ᠠᠵᠢᠯ ᠢ ᠴᠢᠩᠭᠠᠳᠬᠠᠵᠤ᠂ ᠮᠠᠯᠴᠢᠳ ᠤᠨ ᠬᠢᠵᠢᠭ ᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠴᠢᠩᠭ᠎ᠠ ᠠᠳᠬᠤᠵᠤ᠂ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠪᠠᠳᠣᠯᠠᠪᠠ᠃ ᠣᠶᠣᠨᠰᠡᠷᠭᠦᠯᠡᠩ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号