ᠵᠠᠰᠠᠭ ᠤᠨ ᠣᠷᠳᠣᠨ ᠤ ᠠᠵᠢᠯ ᠤᠨ ᠢᠯᠡᠳᠬᠡᠯ2022
ᠨᠡᠶᠢᠲᠡᠯᠡᠭᠰᠡᠨ ᠴᠠᠭ᠄
2022/1/10
            ᠵᠠᠰᠠᠭ ᠤᠨ ᠣᠷᠳᠣᠨ ᠤ ᠠᠵᠢᠯ ᠤᠨ ᠢᠯᠡᠳᠬᠡᠯ        —2022 ᠣᠨ ᠤ 1 ᠰᠠᠷ᠎ᠠ ᠶᠢᠨ 7᠎ ᠤ ᠡᠳᠦᠷ ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ      ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ   ᠯᠢᠦ ᠰᠢᠶᠤᠤ ᠮᠢᠨᠲᠥᠯᠥᠭᠡᠯᠡᠭᠴᠢᠳ ᠡ᠄         ᠣᠲᠣ ᠪᠢ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠨ ᠶᠡᠭᠡ ᠬᠤᠷᠠᠯ ᠎ ᠳᠤ ᠠᠵᠢᠯ ᠤᠨ ᠢᠯᠡᠳᠭᠡᠯ ᠬᠢᠶ᠎ᠡ᠂ ᠲᠠ ᠪᠦᠬᠦᠨ ᠬᠢᠨᠠᠨ ᠵᠥᠪᠯᠡᠬᠦ ᠪᠣᠯᠪᠠᠤ᠂ ᠮᠥᠨᠴᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠤᠯᠴᠠᠭᠰᠠᠳ ᠰᠠᠨᠠᠯ ᠢᠶᠠᠨ ᠲᠤᠷᠠᠳᠬᠤ ᠶᠢ ᠬᠦᠰᠡᠵᠦ ᠪᠠᠶᠢᠨ᠎ᠠ᠃         ᠨᠢᠭᠡ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳ᠋ᠦᠩᠨᠡᠯᠲᠡ         2018 ᠣᠨ ᠠᠴᠠ ᠨᠠᠰᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠎ ᠤ ᠪᠠᠲᠤ ᠴᠢᠩᠭ᠎ᠠ ᠤᠳᠤᠷᠢᠳᠤᠯᠭ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠤᠷ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠳᠤᠷᠢᠳᠤᠮᠵᠢ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠡᠯ᠎ᠡ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠬᠥᠭᠵᠢᠯ ᠤᠨ ᠠᠵᠠ ᠲᠣᠬᠢᠶᠠᠯ ᠢ ᠠᠰᠢᠭᠯᠠᠨ᠂ ᠬᠦᠭᠵᠢᠯ ᠤᠨ ᠦᠨᠳᠦᠰᠦ ᠰᠠᠭᠤᠷᠢ ᠶᠢ ᠪᠠᠬᠢᠵᠢᠭᠦᠯᠵᠦ᠂ ᠬᠥᠭᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠦᠪᠯᠡᠭᠡ ᠪᠠᠨ ᠰᠠᠶᠢᠳᠤᠷ ᠪᠡᠶᠡᠯᠡᠬᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠯᠡᠭᠡ ᠳᠤ ᠰᠠᠶᠢᠨ ᠡᠬᠢᠯᠡᠯᠲᠡ ᠲᠠᠯᠪᠢᠪᠠ᠃         ᠪᠢᠳᠡ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠪᠠᠷᠢᠮᠲᠠᠯᠠᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ︽ᠶᠡᠷᠦᠩᠬᠡᠢ ᠪᠦᠳᠦᠭᠦᠯᠢᠭ︾ ᠪᠠᠶᠢᠭᠰᠠᠨ ᠠᠴᠠ ᠪᠠᠨ ︽ᠡᠷᠴᠢᠮᠯᠢᠭ︾ ᠬᠦᠭᠵᠢᠯᠲᠡ ᠲᠡᠶᠢᠰᠢ ᠲᠣᠭᠲᠠᠪᠤᠷᠢᠲᠠᠢ ᠰᠢᠯᠵᠢᠪᠡ᠃  ︽ᠠᠮᠢ ᠠᠬᠤᠶ ᠶᠢ ᠲᠡᠷᠢᠭᠦᠨ ᠳᠤ ᠲᠠᠯᠪᠢᠵᠦ ᠪᠣᠬᠢᠷᠲᠤᠯ ᠥᠬᠡᠶ ᠬᠦᠭᠵᠢᠯᠲᠡ︾᠎ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠦᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠣᠷᠣᠨ ᠨᠤᠲᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠵᠢᠱᠢᠯᠲᠡ ᠪᠠᠷ 58 . 8 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤᠮᠳᠠᠴᠢ ᠪᠠᠷ 0 . 7 %᠎ ᠪᠠᠷ ᠨᠡᠮᠡᠭᠳᠡᠪᠡ᠃ ᠨᠡᠶᠢᠲᠡ 79 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠠᠶᠢᠮᠠᠭ ᠤᠨ ᠭᠠᠳᠠᠨ᠎ᠠ ᠠᠴᠠ 41 . 9 ᠳ᠋ᠦᠩᠰᠢᠭᠤᠷ ᠲᠥᠭᠦᠷᠢᠭ ᠪᠡᠯᠡ ᠮᠥᠩᠭᠦ ᠣᠷᠤᠭᠤᠯᠤᠨ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 76 . 8 ᠳ᠋ᠦᠩᠰᠢᠭᠤᠷ ᠲᠥᠭᠦᠷᠢᠭ ᠲᠤ ᠬᠦᠷᠴᠦ᠂ ᠭᠤᠷᠪᠠᠨ ᠠᠵᠤ ᠦᠢᠯᠡᠰ ᠤᠨ ᠪᠦᠲᠦᠴᠡ 15 . 5᠄ 51 . 8᠄ 32.7 ᠪᠠᠶᠢᠵᠤ᠂ ᠨᠢᠭᠡᠳᠦᠭᠡᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠲᠣᠰᠪᠣᠷᠢ 3 . 9 ᠪᠠ 2 . 2 ᠵᠠᠭᠤᠨ ᠤ ᠬᠤᠪᠢ ᠪᠠᠷ ᠨᠡᠮᠡᠭᠳᠡᠨ᠂ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 12 .33 ᠳ᠋ᠦᠩᠰᠢᠭᠤᠷ ᠲᠥᠭᠦᠷᠢᠭ ᠲᠤ ᠬᠦᠷᠪᠡ᠃ ᠣᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠳᠡᠭᠡᠭᠰᠢᠯᠡᠵᠦ ᠦᠷ᠎ᠡ ᠠᠰᠢᠭ ᠨᠡᠮᠡᠭᠳᠡᠪᠡ᠃ ︽ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠢ ᠶᠡᠷᠦᠩᠬᠡᠶᠢᠯᠡᠨ ᠵᠠᠰᠠᠬᠤ ᠠᠵᠤ ᠦᠶᠯᠡᠰ ᠤᠨ ᠬᠥᠭᠵᠢᠯᠲᠡ ᠶᠢᠨ ᠲᠥᠷᠥᠯ ᠵᠦᠶᠯ︾᠂ ︽ᠬᠤᠨᠢ ᠶᠢ ᠴᠥᠭᠡᠳᠭᠡᠨ ᠦᠬᠡᠷ ᠮᠠᠯᠵᠢᠬᠤ ᠵᠢᠱᠢᠶ᠎ᠡ ᠦᠵᠡᠭᠦᠯᠬᠦ ᠬᠤᠰᠢᠭᠤ︾᠎ ᠶᠢ ᠪᠠᠶᠢᠭᠤᠯᠬᠤ ᠪᠠ ︽ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠎ ᠤᠨ ᠬᠦᠴᠦᠷᠬᠡᠭ ᠪᠠᠯᠭᠠᠰᠤ ᠶᠢ ᠪᠦᠳᠦᠭᠡᠨ ᠪᠠᠶᠢᠭᠤᠯᠬᠤ︾ ᠠᠵᠢᠯ ᠢ ᠭᠦᠨᠵᠡᠭᠡᠶ ᠬᠡᠷᠡᠭᠵᠢᠭᠦᠯᠵᠦ᠂ ᠣᠨ ᠤ ᠲᠣᠭᠠᠯᠠᠯᠭ᠎ᠠ ᠳᠤ ᠮᠠᠯ ᠤᠨ ᠶᠡᠷᠦᠩᠬᠡᠶ ᠲᠤᠭ᠎ᠠ ᠲᠣᠯᠣᠭᠠᠶ 63 ᠲᠦᠮᠡ ᠳᠤ ᠬᠦᠷᠴᠦ᠂ ᠮᠢᠬᠠᠨ ᠤ ᠦᠬᠡᠷ ᠤᠨ ᠲᠤᠭ᠎ᠠ ᠶᠡᠷᠦᠩᠬᠡᠶ ᠮᠠᠯ ᠤᠨ ᠲᠤᠭᠠᠨ ᠤ ᠬᠠᠭᠠᠰ ᠠᠴᠠ ᠳᠡᠭᠡᠭᠰᠢ ᠶᠢ ᠡᠵᠡᠯᠡᠵᠦ᠂ 2000 ᠲᠣᠯᠣᠭᠠᠶ ᠡᠬᠡ ᠮᠠᠯ ᠪᠣᠶᠢᠵᠢᠭᠤᠯᠤᠨ᠂ 2 ᠲᠦᠮᠡᠨ ᠲᠣᠯᠣᠭᠠᠶ ᠦᠬᠡᠷ ᠪᠣᠷᠳᠤᠨ ᠲᠠᠷᠭᠤᠯᠠᠭᠤᠯᠵᠤ᠂ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ 96 %᠎ ᠳᠤ ᠬᠦᠷᠴᠦ᠂ ︽ᠪᠣᠶᠢᠵᠢᠭᠤᠯᠬᠤ᠂ ᠡᠭᠦᠯᠳᠡᠷ ᠰᠠᠶᠢᠵᠢᠷᠠᠭᠤᠯᠬᠤ᠂ ᠪᠣᠷᠳᠣᠬᠤ᠂ ᠡᠳ᠋ᠰᠢᠭᠦᠯᠬᠦ᠂ ᠪᠣᠷᠣᠯᠠᠭᠤᠯᠬᠤ︾᠎ ᠶᠢ ᠨᠢᠭᠡ ᠴᠣᠭᠴᠠᠵᠢᠭᠤᠯᠤᠭᠰᠠᠨ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠪᠥᠬᠦ ᠠᠵᠤ ᠦᠶᠯᠡᠰ ᠤᠨ ᠬᠡᠯᠬᠢᠶ᠎ᠡ ᠶᠢ ᠠᠩᠬ᠎ᠠ ᠠᠯᠬᠤᠮ ᠪᠠᠶᠢᠭᠤᠯᠵᠤ᠂ ᠮᠢᠬᠠᠨ ᠤ ᠦᠬᠡᠷ ᠮᠠᠯᠵᠢᠬᠤ ᠬᠡᠪᠴᠢᠶ᠎ᠡ ᠪᠥᠬᠦ ᠠᠶᠢᠮᠠᠭ ᠤᠨ ᠲᠡᠷᠢᠭᠦᠨ ᠳᠤ ᠣᠷᠣᠪᠠ᠃ ᠦᠬᠡᠷ ᠤᠨ ᠬᠦᠪᠲᠤᠷᠤᠤᠲᠤ ᠠᠷᠠᠰᠤᠨ ᠤ ᠡᠪᠡᠳᠴᠢᠨ᠂ ᠠᠹᠷᠢᠺᠠ ᠭᠠᠭ᠋ᠠᠶ ᠶᠢᠨ ᠮᠢᠯᠵᠠᠩ ᠡᠪᠡᠳᠴᠢᠨ ᠢ ᠪᠦᠲᠦᠮᠵᠢᠲᠡᠶ ᠠᠷᠭᠠᠴᠠᠪᠠ᠃ ᠪᠥᠬᠦ ᠠᠶᠢᠮᠠᠭ ᠤᠨ ᠣᠳᠣᠬᠢᠴᠢᠯᠠᠭᠰᠠᠨ ᠮᠢᠬᠠᠨ ᠤ ᠦᠬᠡᠷ ᠤᠨ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠠᠬᠤᠶ ᠲᠠᠯᠠᠪᠠᠶ ᠶᠢᠨ ᠬᠤᠷᠠᠯ ᠪᠠ ᠪᠥᠬᠦ ᠠᠶᠢᠮᠠᠭ ᠤᠨ ᠰᠠᠶᠢᠨ ᠡᠭᠦᠯᠳᠡᠷ ᠤᠨ ᠮᠠᠯ ᠢ ᠠᠳᠠᠯᠢᠳᠬᠠᠨ ᠰᠢᠯᠭᠠᠷᠠᠭᠤᠯᠬᠤ ᠳᠡᠯᠭᠡᠨ ᠪᠣᠷᠤᠯᠠᠭᠤᠯᠬᠤ ᠠᠵᠢᠯᠯᠠᠭ᠎ᠠ ᠶᠢ ᠳᠠᠭᠠᠭᠠᠴᠢᠯᠠᠨ ᠡᠷᠭᠢᠯᠡᠵᠦ᠂ ᠠᠩᠬᠠᠳᠤᠭᠠᠷ ᠬᠤᠭᠤᠴᠠᠭᠠᠨ ᠤ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠨᠠᠶᠢᠷ ᠢ ᠠᠮᠵᠢᠯᠲᠠ ᠲᠠᠢ ᠡᠷᠭᠢᠯᠡᠪᠡ᠃ ᠲᠥᠬᠦᠭᠡᠷᠦᠮᠵᠢᠲᠦ ᠲᠠᠷᠢᠶᠠᠯᠠᠩ ᠤᠨ ᠦᠢᠯᠡᠰ ᠲᠣᠭᠲᠠᠭᠤᠨ ᠢᠶᠠᠷ ᠬᠥᠭᠵᠢᠵᠦ᠂ 37 ᠲᠦᠮᠡᠨ ᠮᠦ ᠲᠠᠷᠢᠮᠠᠯ ᠤᠨ ᠲᠠᠯᠠᠪᠠᠢ᠂ 18 ᠲᠦᠮᠡᠨ ᠮᠦ ᠤᠰᠤᠨ ᠳᠤ ᠭᠠᠮᠲᠠᠢ ᠲᠠᠷᠢᠮᠠᠯ ᠲᠠᠢ ᠪᠣᠯᠵᠤ᠂ ᠵᠢᠯ ᠳᠤᠮᠳᠠᠴᠢ ᠪᠠᠷ 3 . 2 % ᠨᠡᠮᠡᠭᠳᠡᠪᠡ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠲᠣᠭᠲᠠᠭᠤᠨ ᠠᠬᠢᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ 13 ᠡᠷᠦᠬᠡ ᠳᠤ ᠬᠦᠷᠴᠦ᠂ ᠨᠡᠶᠢᠲᠡ 202 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠎ ᠢ ᠪᠡᠶᠡᠯᠡᠭᠦᠯᠪᠡ᠃ ᠴᠠᠬᠢᠯᠭᠠᠨ ᠬᠦᠴᠦᠨ ᠤ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 417 ᠲᠦᠮᠡᠨ ᠺᠢᠯᠣᠸᠠᠲ ᠎ ᠲᠤ ᠬᠦᠷᠴᠦ᠂ ᠴᠡᠪᠡᠷ ᠡᠨᠧᠷᠭᠢ ᠶᠢᠨ ᠡᠵᠡᠯᠡᠬᠦ ᠬᠠᠷᠢᠴᠠᠯ ᠨᠢ 10 %᠎ ᠠᠴᠠ ᠳᠡᠭᠡᠭᠰᠢ ᠳᠤ ᠬᠦᠷᠪᠡ᠃ ᠠᠵᠤ ᠦᠢᠯᠡᠳᠪᠦᠷᠢ ᠎ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠢᠯ ᠳᠤ 180 ᠲᠦᠮᠡᠨ ᠲᠣᠨ ᠰᠢᠢᠳᠪᠦᠷᠢᠯᠡᠵᠦ᠂ ᠠᠰᠢᠭᠯᠠᠯᠲᠠ ᠶᠢᠨ ᠨᠤᠷᠮ᠎ᠠ ᠨᠢ 60 %᠎ ᠳᠤ ᠬᠦᠷᠪᠡ᠃ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠲᠦᠷᠭᠡᠨ ᠬᠥᠭᠵᠢᠪᠡ᠃ ᠮᠣᠩᠭᠤᠯ ᠭᠡᠷ ᠎ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ︽ᠰᠦᠨ ᠤ ᠦᠢᠯᠡᠰ ᠢ ᠬᠥᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠭᠡᠷᠡᠭᠵᠢᠬᠦᠯᠦᠨ᠂ ᠰᠢ ᠪᠸᠢ ᠺᠣᠮᠫᠠᠨᠢ ᠶᠢᠨ ᠮᠢᠩᠭᠠᠨ ᠰᠠᠭᠠᠯᠢ ᠶᠢᠨ ᠦᠨᠢᠶᠡᠨ ᠤ ᠪᠠᠶᠢᠭᠠᠯᠢᠯᠢᠭ ᠮᠠᠯᠵᠢᠯ ᠤᠨ ᠲᠠᠯᠠᠪᠠᠢ ᠶᠢ ᠡᠬᠢᠯᠡᠵᠦ ᠪᠠᠶᠢᠭᠤᠯᠤᠨ᠂ 8 ᠡᠷᠦᠬᠡ ᠴᠠᠭᠠᠨ ᠢᠳᠡᠭᠡ ᠦᠢᠯᠡᠳᠪᠦᠷᠢᠯᠡᠬᠦ ᠨᠢᠭᠡᠴᠡ ᠨᠢ ᠪᠦᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠩᠬᠠᠨ ᠤ ᠪᠦᠯᠦᠭ ᠲᠤᠷᠰᠢᠯᠲᠠ ᠶᠢᠨ ᠴᠡᠭ ᠲᠤ ᠵᠢᠭᠰᠠᠭᠠᠭᠳᠠᠵᠤ᠂ ︽ᠰᠢᠯᠢ ᠎ ᠶᠢᠨ ᠭᠤᠣᠯ ᠤᠨ ᠴᠠᠭᠠᠨ ᠢᠳᠡᠭᠡ︾ ᠠᠮᠲᠠᠯᠠᠨ ᠰᠢᠯᠭᠠᠷᠠᠭᠤᠯᠬᠤ ᠠᠵᠢᠯᠯᠠᠭ᠎ᠠ ᠵᠢᠴᠢ ᠴᠠᠭᠠᠨ ᠢᠳᠡᠭᠡᠨ ᠤ ᠰᠣᠶᠣᠯ ᠤᠨ ᠨᠠᠶᠢᠷ ᠎ ᠢ ᠠᠮᠵᠢᠯᠲᠠᠲᠠᠢ ᠡᠷᠬᠢᠯᠡᠪᠡ᠃ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠪᠡ᠃ ︽ᠪᠦᠬᠦ ᠣᠷᠣᠨ ᠨᠤᠲᠤᠭ ᠤᠨ ᠵᠢᠭᠤᠯᠴᠢᠯᠠᠯ ᠤᠨ ᠲᠥᠯᠦᠪᠵᠢᠭᠦᠯᠭᠡ︾᠎ ᠶᠢ ᠨᠠᠶᠢᠷᠠᠭᠤᠯᠤᠨ ᠵᠣᠬᠢᠶᠠᠬᠤ ᠠᠬᠢᠴᠠ ᠶᠢ ᠲᠦᠷᠭᠡᠳᠬᠡᠵᠦ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠤᠯᠤᠰ ᠤᠨ 5 A ᠲᠡᠰ ᠤᠨ ᠦᠵᠡᠮᠵᠢ ᠶᠢᠨ ᠣᠷᠣᠨ ᠪᠣᠯᠭᠠᠨ ᠪᠠᠶᠢᠭᠤᠯᠬᠤ ᠠᠵᠢᠯ ᠢ ᠠᠬᠢᠭᠤᠯᠤᠨ᠂ ᠵᠢᠭᠤᠯᠴᠢᠳ ᠲᠤ ᠦᠢᠯᠡᠴᠢᠯᠡᠬᠦ ᠲᠥᠪ ᠪᠠ ᠳᠡᠯᠭᠡᠨ ᠦᠵᠡᠭᠦᠯᠭᠡ ᠶᠢᠨ ᠦᠢᠯᠡᠴᠢᠯᠡᠭᠡᠨ ᠤ ᠳᠥᠬᠦᠭᠡᠷᠦᠮᠵᠢ ᠶᠢᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠵᠤ᠂ ᠱᠠᠩᠳᠤ ᠨᠠᠭᠤᠷ ᠤᠨ ᠵᠢᠭᠤᠯᠴᠢᠯᠠᠯ ᠎ ᠤᠨ ᠲᠠᠯᠠᠪᠠᠢ ᠶᠢ 3 A ᠲᠡᠰ ᠤᠨ ᠦᠵᠡᠮᠵᠢ ᠶᠢᠨ ᠣᠷᠣᠨ ᠪᠣᠯᠭᠠᠨ ᠪᠠᠶᠢᠭᠤᠯᠪᠠ᠃ ︽ᠶᠤᠸᠠᠨ ᠤ ᠳᠡᠭᠡᠳᠦ ᠨᠡᠶᠢᠰᠯᠡᠯ︾ ︽ᠬᠤᠯᠠᠨ ᠰᠢᠷᠭ᠎ᠠ︾ ᠭᠡᠬᠦ ᠨᠡᠷᠡᠲᠦ ᠲᠡᠮᠳᠡᠭ ᠤᠨ ᠲᠣᠭᠤᠷᠢᠨ ᠳᠤ ︽ᠬᠤᠯᠠᠨ ᠰᠢᠷᠭ᠎ᠠ︾ ᠡᠪᠦᠯ ᠤᠨ ᠨᠠᠭᠠᠳᠤᠮ᠂ ᠠᠯᠲᠠᠩᠬᠸ᠎ᠠ ᠴᠡᠴᠡᠭ ᠰᠣᠨᠢᠷᠬᠠᠬᠤ ᠨᠠᠶᠢᠷ᠂ ᠴᠠᠭᠠᠨ ᠢᠳᠡᠭᠡᠨ ᠤ ᠰᠣᠶᠣᠯ ᠤᠨ ᠨᠠᠶᠢᠷ᠂ ᠰᠢᠯᠤᠭᠤᠨ ᠬᠥᠬᠡ ᠬᠤᠰᠢᠭᠤᠨ ᠤ ᠮᠠᠷᠠᠽᠤᠨ ᠤ ᠤᠷᠤᠯᠳᠤᠭᠠᠨ᠂ ︽ᠬᠤᠯᠠᠨ ᠰᠢᠷᠭ᠎ᠠ︾ ᠶᠠᠪᠠᠭᠠᠨ ᠠᠶᠠᠯᠠᠬᠤ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ᠂ ᠰᠣᠶᠣᠯ ᠲᠠᠮᠢᠷ ᠎ ᠤᠨ ᠨᠠᠷᠠᠲᠤ ᠲᠡᠮᠳᠡᠭ ᠢ ᠡᠭᠦᠳᠴᠦ ᠳᠣᠪᠤᠶᠢᠮ᠎ᠠ ᠦᠷ᠎ᠡ ᠪᠦᠲᠦᠮᠵᠢ ᠣᠯᠪᠠ᠃ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠪᠥᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠭᠤᠤᠯ ᠰᠡᠳᠦᠪᠲᠦ ᠵᠢᠭᠤᠯᠴᠢᠯᠠᠯ ᠤᠨ ᠱᠤᠭᠤᠮ ᠪᠣᠯᠬᠤ ︽ᠮᠢᠩᠭᠠᠨ ᠭᠠᠵᠠᠷ ᠤᠨ ᠦᠵᠡᠰᠬᠦᠯᠡᠩᠳᠦ ᠱᠣᠭᠤᠮ︾᠎ ᠤᠨ ᠪᠣᠳᠠᠰ ᠤᠨ ᠪᠤᠰᠤ ᠰᠣᠶᠣᠯ ᠎ ᠤᠨ ᠥᠪ ᠤᠨ ᠰᠠᠯᠪᠤᠷᠢ ᠱᠤᠭᠤᠮ ᠢᠶᠠᠷ ᠰᠣᠩᠭᠤᠭᠳᠠᠪᠠ᠃ 2018 ᠣᠨ ᠠᠴᠠ ᠨᠠᠰᠢ᠂ ᠵᠢᠯ ᠤᠨ ᠳᠤᠮᠳᠠᠴᠢ ᠵᠢᠭᠤᠯᠴᠢᠯᠠᠯ ᠎ ᠤᠨ ᠬᠥᠮᠦᠨ ᠤ ᠲᠤᠭ᠎ᠠ 78 ᠲᠦᠮᠡᠨ ᠬᠥᠮᠦᠨ ︵ᠤᠳᠠᠭ᠎ᠠ︶᠎ ᠳᠤ ᠬᠦᠷᠴᠦ᠂ ᠵᠢᠯ ᠳᠤᠮᠳᠠᠴᠢ ᠶᠢᠨ ᠬᠠᠮᠢᠶ᠎ᠠ ᠪᠥᠬᠦᠶ ᠣᠷᠣᠯᠭ᠎ᠠ ᠨᠢ ᠪᠠᠷᠤᠭ 5.5 ᠳ᠋ᠦᠩᠰᠢᠭᠤᠷ ᠲᠥᠭᠦᠷᠢᠭ ᠲᠤ ᠬᠦᠷᠴᠡᠶ᠃ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠬᠦᠭᠵᠢᠵᠦ᠂ ᠠᠵᠢᠲᠠᠢ ᠡᠷᠡᠭᠦᠯᠵᠢᠯ ᠰᠣᠪᠢᠯᠠᠯᠲᠠ ᠶᠢᠨ ᠲᠥᠪ᠂ ᠮᠧᠩ ᠯᠦᠩ ᠨᠠᠰᠤᠲᠠᠨ ᠤ ᠠᠰᠠᠷᠠᠮᠵᠢ ᠶᠢᠨ ᠭᠠᠵᠠᠷ᠂ ᠣᠷᠣᠨ ᠨᠤᠲᠤᠭ ᠤᠨ ᠨᠠᠰᠤᠲᠠᠨ ᠢ ᠠᠰᠠᠷᠠᠬᠤ ᠬᠦᠷᠢᠶᠡᠯᠡᠩ ᠪᠣᠯᠤᠨ ᠠᠮᠤᠭᠤᠯᠠᠩ ᠨᠠᠰᠤᠲᠠᠶᠢᠴᠤᠳ ᠤᠨ ᠦᠢᠯᠡᠴᠢᠯᠡᠭᠡᠨ ᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠰᠠᠭᠤᠷᠢᠰᠢᠬᠤ᠂ ᠵᠢᠭᠤᠯᠴᠢᠯᠠᠬᠤ᠂ ᠰᠤᠪᠢᠯᠠᠬᠤ ᠳᠤ ᠲᠣᠬᠢᠷᠠᠮᠵᠢᠲᠠᠢ ᠣᠷᠣᠨ ᠪᠣᠯᠪᠠ᠃         ᠨᠠᠷᠢᠯᠢᠭ ᠣᠨᠣᠪᠴᠢᠲᠠᠢ ᠪᠠᠷ ᠬᠡᠷᠡᠭᠵᠢᠬᠦᠯᠦᠨ ᠨᠠᠶᠢᠳᠠᠪᠤᠷᠢᠵᠢᠭᠤᠯᠤᠭᠰᠠᠨ ᠠᠴᠠ ᠭᠤᠷᠪᠠᠨ ᠶᠡᠭᠡ ᠰᠢᠪᠲᠤᠯᠤᠯᠲᠠ ᠶᠢᠨ ᠢᠨᠵᠧᠨᠧᠷᠢᠩ ᠨᠢ ᠰᠢᠢᠳᠪᠦᠷᠢᠲᠦ ᠦᠷ᠎ᠡ ᠪᠦᠳᠦᠮᠵᠢ ᠣᠯᠪᠠ᠃ ᠣᠨᠢᠨ ᠳᠡᠭᠡᠷ᠎ᠡ ᠨᠢ ᠲᠡᠳᠬᠦᠬᠦ᠂ ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠢ ᠭᠦᠨᠵᠡᠭᠡᠢ ᠥᠷᠨᠢᠭᠦᠯᠪᠡ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠬᠠᠷᠠᠯᠲᠠ ᠶᠢᠨ ᠲᠣᠭᠤᠷᠢᠨ ᠳᠤ᠂ 13 ᠳ᠋ᠦᠩᠰᠢᠭᠤᠷ ᠲᠥᠭᠦᠷᠢᠭ ᠤᠨ ᠶᠠᠳᠠᠭᠤ ᠎ ᠶᠢ ᠲᠡᠳᠬᠦᠬᠦ ᠪᠠᠯᠠ ᠮᠥᠩᠭᠦ ᠣᠷᠣᠭᠤᠯᠵᠤ᠂ ︽ᠲᠠᠪᠤᠨ ᠨᠢᠭᠡ ᠪᠦᠯᠦᠭ︾ ᠪᠠ ︽ᠳᠥᠷᠪᠡ ᠶᠢ ᠪᠠᠷᠢᠮᠲᠠᠯᠠᠬᠤ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ 21 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 1849 ᠡᠷᠦᠬᠡ ᠶᠢᠨ 4298 ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠢᠶᠠᠷ ᠢᠶᠠᠨ ᠶᠠᠳᠠᠭᠤ ᠎ ᠠᠴᠠ ᠠᠩᠭᠢᠵᠢᠷᠠᠨ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠎ ᠳᠤ ᠪᠠᠨ ᠪᠡᠶᠡᠯᠡᠭᠦᠯᠵᠦ᠂ ︽ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠡᠷᠢᠭᠦᠨ ᠤ ᠬᠠᠮᠲᠤ ᠨᠡᠶᠢᠲᠡ︾᠎ ᠶᠢᠨ ᠢᠷᠠᠭᠤ ᠠᠯᠳᠠᠷ ᠢ ᠭᠥᠷᠳᠡᠪᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠪᠠ ᠬᠥᠳᠡᠭᠡ ᠣᠷᠣᠨ ᠨᠤᠲᠤᠭ ᠢ ᠬᠦᠴᠦᠷᠬᠡᠭᠵᠢᠬᠦᠯᠬᠦ ᠠᠵᠢᠯ ᠢ ᠪᠦᠲᠦᠮᠵᠢᠲᠡᠶ ᠵᠣᠬᠢᠴᠠᠭᠤᠯᠤᠨ᠂ ᠣᠷᠣᠨ ᠠᠶᠢᠮᠠᠭ ᠤᠨ ᠪᠠᠶᠢᠴᠠᠭᠠᠯᠲᠠ ᠶᠢᠨ ᠲᠤᠭᠤᠶᠢᠯᠠᠩ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠵᠤ᠂ ᠠᠮᠢᠳᠤᠯᠢᠭ ᠢᠶᠠᠷ ᠬᠢᠨᠠᠨ ᠲᠣᠭᠲᠠᠭᠠᠬᠤ ᠪᠠ ᠣᠨᠣᠪᠴᠢᠲᠠᠶ ᠪᠠᠷ ᠬᠠᠪᠰᠤᠷᠤᠨ ᠲᠡᠳᠬᠦᠬᠦ ᠶᠢ ᠪᠥᠬᠦ ᠲᠠᠯ᠎ᠠ ᠪᠠᠷ ᠬᠡᠷᠡᠭᠵᠢᠭᠦᠯᠪᠡ᠃ ᠦᠨᠡᠨ ᠠᠴᠠ ᠵᠥᠪ ᠢ ᠡᠷᠢᠨ᠂ ᠵᠢᠱᠢᠶ᠎ᠡ ᠦᠵᠡᠬᠦᠯᠬᠦ ᠣᠷᠣᠨ ᠳᠤ ᠤᠷᠢᠳ ᠢᠶᠠᠷ ᠬᠡᠷᠡᠭᠵᠢᠬᠦᠯᠬᠦ ᠶᠢ ᠪᠠᠷᠢᠮᠲᠠᠯᠠᠵᠤ᠂ 2 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ᠂ 11 ᠭᠤᠤᠯᠳᠠᠯᠭ᠎ᠠ ᠲᠠᠢ ᠭᠠᠴᠠᠭ᠎ᠠ ᠲᠣᠰᠬᠤᠨ ᠢ ᠲᠣᠭᠲᠠᠭᠠᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠵᠠᠰᠠᠭᠰᠠᠨ ᠠᠴᠠ ᠣᠷᠣᠰᠢᠨ ᠰᠠᠭᠤᠷᠢᠰᠢᠬᠤ ᠣᠷᠴᠢᠨ ᠨᠥᠭᠦᠴᠡᠯ ᠢᠯᠡᠳᠲᠡ ᠰᠠᠶᠢᠵᠢᠷᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠪᠡ᠃ ︽ᠵᠠᠳᠠᠭᠠᠢ᠂ ᠰᠠᠯᠠᠩ᠂ ᠪᠣᠬᠢᠷᠲᠤᠯ ᠲᠠᠢ︾ ᠠᠵᠤ ᠦᠢᠯᠡᠳᠪᠦᠷᠢ ᠶᠢ ᠲᠤᠰᠬᠠᠢ ᠴᠡᠭᠴᠡᠯᠡᠨ ᠵᠠᠰᠠᠬᠤ ᠪᠠ ᠲᠠᠷᠢᠶᠠᠯᠠᠩ ᠤᠨ ᠬᠦᠷᠦᠰᠦᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠱᠠᠩᠳᠤ ᠴᠠᠬᠢᠯᠭᠠᠨ ᠦᠶᠯᠡᠳᠪᠦᠷᠢ ᠶᠢᠨ 6 ᠰᠠᠤᠷᠢ ᠮᠠᠰᠢᠨ ᠴᠣᠭᠴᠠᠯᠠᠪᠤᠷᠢ ᠶᠢ ᠳᠣᠣᠷ᠎ᠠ ᠭᠠᠳᠠᠭᠰᠢᠯᠠᠭᠤᠯᠤᠯᠲᠠ ᠲᠠᠢ ᠪᠣᠯᠭᠠᠨ ᠥᠭᠡᠷᠡᠴᠢᠯᠡᠨ ᠪᠠᠶᠢᠭᠤᠯᠵᠤ᠂ ᠠᠭᠠᠷ ᠤᠨ ᠶᠠᠰᠤ ᠴᠢᠨᠠᠷ ᠤᠨ ᠪᠠᠷᠢᠮᠵᠢᠶᠠᠨ ᠳᠤ ᠬᠦᠷᠬᠦ ᠨᠣᠷᠮ᠎ᠠ 90 %᠎ ᠠᠴᠠ ᠳᠡᠭᠡᠭᠰᠢ ᠳᠤ ᠬᠦᠷᠦᠭᠰᠡᠨ ᠪᠠᠶᠢᠨ᠎ᠠ᠃ ᠬᠤᠳᠠ ᠪᠠᠯᠭᠠᠰᠤᠨ ᠤ ᠠᠮᠢᠳᠤᠷᠠᠯ ᠤᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠵᠤ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠰᠢᠢᠳᠪᠦᠷᠢᠯᠡᠭᠰᠡᠨ ᠨᠤᠷᠮ᠎ᠠ ᠪᠠ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠨᠤᠷᠮ᠎ᠠ ᠶᠢ ᠴᠥᠮ 100 %᠎ ᠳᠤ ᠬᠦᠷᠴᠦ᠂ ᠴᠡᠪᠡᠷᠰᠢᠭᠦᠯᠦᠨ ᠳᠠᠬᠢᠨ ᠠᠰᠢᠭᠯᠠᠬᠤ ᠨᠤᠷᠮ᠎ᠠ ᠶᠢ 52 %᠎ ᠲᠤ ᠬᠦᠷᠭᠡᠪᠡ᠃ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠳᠤ ᠲᠤᠷᠠᠳᠤᠭᠰᠠᠨ ᠠᠰᠠᠭᠤᠳᠠᠯ ᠢ ᠬᠤᠭᠤᠴᠠᠭ᠎ᠠ ᠶᠣᠰᠣᠭᠠᠷ ᠪᠦᠬᠦᠨ ᠢ ᠴᠡᠭᠴᠡᠯᠡᠨ ᠵᠠᠰᠠᠵᠤ᠂ ᠴᠡᠯᠮᠡᠭ ᠲᠡᠭᠷᠢ ᠴᠡᠩᠬᠡᠭ ᠤᠰᠤ ᠴᠡᠪᠡᠷ ᠬᠥᠷᠥᠰᠥ ᠶᠢ ᠬᠠᠮᠠᠭᠠᠯᠠᠬᠤ ᠰᠢᠪᠲᠤᠯᠤᠯᠲᠠ ᠶᠢᠨ ᠠᠵᠢᠯᠯᠠᠭ᠎ᠠ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠪᠠ᠃ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠦᠯᠡᠳᠡᠭᠳᠡᠯ ᠥᠷᠢ ᠥᠭᠴᠡᠭᠡ ᠶᠢ ᠰᠢᠢᠳᠪᠦᠷᠢᠯᠡᠪᠡ᠃ ᠨᠡᠶᠢᠲᠡ 15 . 6 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠰᠢᠶᠳᠪᠦᠷᠢᠯᠡᠵᠦ᠂ ᠳᠤᠮᠳᠠ ᠵᠢᠵᠢᠭ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠳᠦᠵᠦ ᠪᠠᠶᠢᠭᠰᠠᠨ 4 . 96 ᠳ᠋ᠦᠩᠰᠢᠭᠤᠷ ᠲᠥᠭᠦᠷᠢᠭ ᠤᠨ ᠥᠷᠢ ᠶᠢ ᠰᠢᠶᠳᠪᠦᠷᠢᠯᠡᠪᠡ᠃         ᠬᠠᠮᠠᠭᠠᠯᠠᠬᠤ ᠶᠢ ᠲᠡᠷᠢᠭᠦᠨ ᠳᠤ ᠲᠠᠯᠪᠢᠭᠰᠠᠨ ᠠᠴᠠ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠎ ᠨᠢ ︽ᠶᠡᠷᠦᠩᠬᠡᠶᠢᠯᠡᠨ ᠵᠠᠰᠠᠵᠤ︾ ᠪᠠᠶᠢᠭᠰᠠᠨ ᠠᠴᠠ ︽ᠦᠷᠭᠦᠯᠵᠢᠯᠡᠨ ᠪᠠᠬᠢᠵᠢᠬᠦ︾ ᠲᠡᠶᠢᠰᠢ ᠰᠢᠯᠵᠢᠪᠡ᠃  ︽ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ︾ ᠤᠯᠤᠰ ᠲᠥᠷᠦ ᠎ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠶᠢᠨ ᠲᠥᠷᠦ ᠶᠢᠨ ᠪᠣᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠢ ᠲᠡᠩᠴᠡᠭᠦᠷᠢᠰᠢᠬᠦᠯᠬᠦ  ᠪᠠ ︽ᠮᠠᠯ ᠠᠵᠤ ᠠᠬᠤᠢ᠂ ᠮᠠᠯᠵᠢᠬᠤ ᠣᠷᠣᠨ᠂ ᠮᠠᠯᠴᠢᠨ ᠲᠥᠮᠡᠨ︾᠎ ᠤ ᠠᠵᠢᠯ ᠤᠨ ᠳᠦᠷᠢᠮ ᠢ ᠲᠤᠤᠱᠲᠠᠢ ᠬᠡᠷᠡᠭᠵᠢᠭᠦᠯᠪᠡ᠃ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ᠂ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠤᠨ ᠠᠮᠢ ᠠᠬᠤᠶ ᠶᠢ ᠰᠡᠷᠭᠦᠭᠡᠬᠦ᠂ ᠲᠠᠷᠢᠶᠠᠯᠠᠬᠤ ᠶᠢ ᠵᠣᠭᠰᠣᠭᠠᠵᠤ ᠪᠡᠯᠴᠢᠭᠡᠷ ᠰᠡᠷᠭᠦᠭᠡᠬᠦ ᠵᠡᠷᠭᠡ ᠠᠮᠢ ᠠᠬᠤᠶ ᠶᠢ ᠴᠡᠭᠴᠡᠯᠡᠨ ᠵᠠᠰᠠᠬᠤ ᠢᠨᠵᠧᠨᠧᠷᠢᠩ ᠎ ᠢ 133 ᠲᠦᠮᠡᠨ ᠮᠥ ᠲᠠᠯᠠᠪᠠᠢ ᠭᠠᠵᠠᠷ ᠲᠤ ᠬᠡᠷᠡᠭᠵᠢᠭᠦᠯᠵᠦ᠂ ᠬᠤᠯᠠᠨ ᠰᠢᠷᠭ᠎ᠠ ᠲᠠᠭ᠎ᠠ ᠶᠢᠨ ᠬᠡᠪᠴᠢᠶᠡᠵᠢᠭᠰᠡᠨ ᠣᠶ ᠰᠢᠭᠤᠶ ᠎ ᠶᠢᠨ ᠲᠠᠯᠠᠪᠠᠶ ᠶᠢᠨ ᠤᠯᠤᠰ ᠤᠨ ᠲᠠᠰ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠪᠡᠶᠡᠯᠡᠭᠦᠯᠪᠡ᠃ ᠠᠮᠢ ᠠᠬᠤᠶ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠂ ︽ᠭᠤᠤᠯ ᠮᠥᠷᠡᠨ ᠨᠠᠭᠤᠷ ᠴᠥᠭᠦᠷᠥᠮ ᠤᠨ ᠬᠠᠷᠢᠭᠤᠴᠠᠯᠭᠠᠲᠠᠨ ᠤ ᠲᠦᠷᠢᠮ︾᠂ ︽ᠣᠶ ᠰᠢᠭᠤᠶ ᠨᠤᠲᠤᠭ ᠪᠡᠯᠴᠢᠭᠡᠷ ᠤᠨ ᠬᠠᠷᠢᠭᠤᠴᠠᠯᠭᠠᠲᠠᠨ ᠤ ᠲᠦᠷᠢᠮ︾᠎ ᠢ ᠨᠠᠶᠢᠳᠠᠪᠤᠷᠢᠵᠢᠭᠤᠯᠵᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠤ᠂ ᠣᠶ ᠰᠢᠭᠤᠶ ᠨᠤᠭᠤ ᠭᠠᠵᠠᠷ ᠪᠠ ᠬᠡᠭᠡᠷ᠎ᠡ ᠶᠢᠨ ᠠᠮᠢᠲᠠᠨ ᠤᠷᠭᠤᠮᠠᠯ ᠢ ᠬᠦᠨᠦᠭᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠤᠰ ᠤᠨ ᠭᠤᠤᠯ ᠮᠥᠷᠡᠨ ᠤ ᠬᠠᠷᠢᠭᠤᠴᠠᠯᠭᠠᠲᠠᠨ ᠤ ᠳᠦᠷᠢᠮ᠂ ᠨᠠᠭᠤᠷ ᠴᠥᠭᠦᠷᠥᠮ ᠤᠨ ᠬᠠᠷᠢᠭᠤᠴᠠᠯᠭᠠᠲᠠᠨ ᠤ ᠳᠦᠷᠢᠮ ᠢ ᠬᠡᠷᠡᠭᠵᠢᠭᠦᠯᠦᠭᠰᠡᠨ ᠲᠡᠷᠢᠭᠦᠨ ᠤ ᠬᠠᠮᠲᠤ ᠨᠡᠶᠢᠲᠡ ᠶᠢᠨ ᠬᠦᠬᠢᠬᠦᠯᠦᠯ ᠢ ᠬᠦᠷᠲᠡᠪᠡ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠ ᠭᠠᠵᠠᠷ ᠰᠢᠷᠦᠢ ᠶᠢᠨ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ 7 . 6 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠠᠭᠤᠷᠬᠠᠶ ᠶᠢᠨ ᠣᠷᠣᠨ ᠢ ᠶᠡᠷᠦᠩᠬᠡᠶᠢᠯᠡᠨ ᠵᠠᠰᠠᠵᠤ᠂ 7 ᠰᠠᠭᠤᠷᠢ ᠠᠭᠤᠷᠬᠠᠶ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠳᠤ ᠬᠦᠷᠪᠡ᠃ ᠤᠰᠤᠨ ᠤ ᠠᠮᠢ ᠠᠬᠤᠢ ᠶᠢᠨ ᠬᠠᠮᠠᠭᠠᠯᠠᠯᠲᠠ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠱᠠᠩᠳᠤ ᠶᠢᠨ ᠭᠤᠣᠯ ᠤᠯᠤᠰ ᠤᠨ ᠨᠤᠭᠤ ᠭᠠᠵᠠᠷ ᠤᠨ ᠴᠡᠴᠡᠷᠯᠢᠭ ᠨᠢ ᠤᠯᠤᠰ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠨ᠎ᠠ᠃         ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠭᠰᠠᠨ ᠠᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠦᠷᠭᠦᠯᠵᠢᠯᠡᠨ ᠳᠡᠰ ᠳᠡᠪᠰᠢᠬᠦ ᠶᠢ ᠪᠡᠶᠡᠯᠡᠬᠦᠯᠪᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠲᠠᠶᠢᠽᠢ ᠴᠧᠩ ᠠᠴᠠ ᠰᠢᠯᠢᠩᠬᠤᠲᠡ ᠬᠦᠷᠬᠦ ᠲᠡᠮᠦᠷ ᠵᠠᠮ ᠤᠨ ᠳᠥᠰᠥᠯ ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨ ᠬᠦᠴᠦᠨ ᠤ ᠥᠭᠡᠷᠡᠴᠢᠯᠡᠯᠳᠡ ᠶᠢᠨ ᠲᠥᠰᠥᠯ ᠤᠷᠤᠭᠰᠢᠲᠠᠢ ᠠᠬᠢᠵᠤ᠂ ᠰᠢᠨ᠎ᠡ ᠪᠠᠷ ᠪᠠᠶᠢᠭᠤᠯᠤᠭᠰᠠᠨ ᠢᠷᠭᠡᠨ ᠤ ᠨᠢᠰᠬᠡᠯ ᠤᠨ ᠪᠠᠭᠤᠳᠠᠯ ᠤᠨ ᠲᠥᠰᠥᠯ ᠨᠢ ᠤᠯᠤᠰ  ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶᠠᠨ ᠤ ᠠᠵᠢᠯ ᠲᠥᠷᠥᠯ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠪᠡ ᠃ ᠬᠤᠲᠠ ᠪᠠᠯᠭᠠᠰᠤᠨ ᠤ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠶᠡᠷᠦᠩᠬᠡᠢ ᠲᠠᠯᠠᠪᠠᠢ 517 . 36 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠨᠣᠭᠤᠭᠠᠷᠠᠭᠤᠯᠤᠯᠲᠠ ᠶᠢᠨ ᠨᠣᠷᠮ᠎ᠠ 37 . 76 %᠎ ᠳᠤ ᠬᠦᠷᠴᠦ᠂ ᠬᠥᠮᠦᠨ ᠳᠤᠮᠳᠠᠴᠢ ᠶᠢᠨ ᠣᠯᠠᠨ ᠨᠡᠶᠢᠲᠡ ᠶᠢᠨ ᠨᠣᠭᠤᠭᠠᠷᠠᠭᠤᠯᠤᠯᠲᠠ ᠶᠢᠨ ᠲᠠᠯᠠᠪᠠᠢ 83 . 86 ᠲᠡᠭᠰᠢ ᠳᠥᠷᠪᠡᠯᠵᠢᠨ ᠮᠧᠲᠷ ᠲᠤ ᠬᠦᠷᠪᠡ᠃ ᠱᠠᠩᠳᠤ ᠪᠠᠯᠭᠠᠰᠤ ᠨᠢ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠰᠡᠨ ᠬᠤᠰᠢᠭᠤᠨ ᠲᠥᠪ ᠢᠶᠠᠷ ᠦᠨᠡᠯᠡᠭᠳᠡᠵᠦ᠂ ᠲᠠᠪᠤᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠠᠮᠵᠢᠯᠲᠠ ᠲᠠᠢ ᠪᠠᠶᠢᠭᠤᠯᠪᠠ᠃ ᠬᠥᠳᠡᠭᠡ ᠳᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠡᠷᠴᠢᠮᠳᠠᠢ ᠲᠡᠭᠦᠯᠳᠡᠷᠵᠢᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠦᠬᠦ ᠬᠤᠰᠢᠭᠤᠨ ᠤ ᠤᠤᠭᠤᠬᠤ ᠤᠰᠤᠨ ᠤ ᠠᠮᠤᠷ ᠲᠦᠪᠰᠢᠨ ᠪᠠ ᠤᠤᠭᠤᠬᠤ ᠤᠰᠤᠨ ᠤ ᠬᠦᠴᠢᠷᠳᠡᠯ ᠢ ᠪᠦᠬᠦ ᠲᠠᠯ᠎ᠠ ᠪᠠᠷ ᠰᠢᠢᠳᠪᠦᠷᠢᠯᠡᠪᠡ᠃ ᠬᠥᠳᠡᠭᠡ ᠲᠣᠰᠬᠤᠨ ᠤ 872 ᠺᠢᠯᠤᠮᠧᠲᠷ ᠤᠨ ᠴᠠᠬᠢᠯᠭᠠᠨ ᠲᠣᠣᠷ ᠢ ᠥᠭᠡᠷᠡᠴᠢᠯᠡᠵᠦ᠂ ᠤᠷᠲᠤ ᠶᠢᠨ ᠲᠠᠯ᠎ᠠ ᠳᠠᠬᠢ 35 ᠺᠢᠯᠣᠸᠠᠲ ᠤᠨ ᠬᠦᠴᠦᠳᠡᠯ ᠬᠤᠪᠢᠰᠬᠠᠬᠤ ᠢᠨᠵᠧᠨᠧᠷᠢᠩ ᠢ ᠪᠠᠶᠢᠭᠤᠯᠤᠨ᠂ 661 ᠡᠷᠦᠬᠡ ᠎ ᠶᠢᠨ ᠰᠢᠨ᠎ᠡ ᠡᠨᠧᠷᠭᠢ ᠶᠢᠨ ᠴᠠᠬᠢᠯᠭᠠᠨ ᠢ ᠪᠠᠶᠢᠩᠭᠤ ᠶᠢᠨ ᠴᠠᠬᠢᠯᠭᠠᠨ ᠪᠣᠯᠭᠠᠨ ᠥᠭᠡᠷᠡᠴᠢᠯᠡᠪᠡ᠃ ᠬᠥᠳᠡᠭᠡ ᠳᠣᠰᠬᠤᠨ ᠳᠤ 427 ᠺᠢᠯᠣᠮᠧᠲᠷ ᠤᠨ ᠵᠠᠮ ᠵᠠᠰᠠᠵᠤ᠂ ᠭᠠᠴᠠᠭ᠎ᠠ ᠲᠣᠰᠬᠤᠨ ᠳᠤ ᠴᠥᠮ ᠵᠠᠰᠠᠮᠠᠯ ᠵᠠᠮ ᠨᠡᠪᠲᠡᠷᠡᠪᠡ᠃ ᠬᠥᠳᠡᠭᠡ ᠳᠣᠰᠬᠤᠨ ᠎ ᠤ ᠴᠢᠮᠡᠭᠡ ᠬᠤᠯᠪᠣᠭᠠᠨ ᠤ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠴᠢᠮᠡᠭᠡ ᠬᠤᠯᠪᠣᠭᠠᠨ ᠤ ᠪᠦᠷᠬᠦᠴᠡ ᠶᠢᠨ ᠨᠣᠷᠮ᠎ᠠ 85 %᠎ ᠳᠤ ᠬᠦᠷᠴᠦ᠂ ᠰᠤᠮᠤ ᠪᠠᠯᠭᠠᠰᠤ ᠪᠠ ᠭᠠᠴᠠᠭ᠎ᠠ ᠲᠣᠰᠬᠤᠨ ᠤ ᠪᠠᠶᠢᠭ᠎ᠠ ᠭᠠᠵᠠᠷ ᠤᠨ ᠰᠦᠯᠵᠢᠶ᠎ᠡ ᠬᠤᠯᠪᠤᠭᠠᠨ ᠤ ᠪᠦᠷᠬᠦᠴᠡ ᠶᠢᠨ ᠨᠣᠷᠮ᠎ᠠ ᠲᠣᠰ ᠲᠣᠰ 100 % ᠪᠠ 98 %᠎ ᠳᠤ ᠬᠥᠷᠪᠡ᠃ 12 . 9 ᠲᠦᠮᠡᠨ ᠲᠡᠭᠰᠢ ᠳᠥᠷᠪᠡᠯᠵᠢᠨ ᠮᠧᠲᠷ ᠤᠨ ᠫᠧᠩ  ᠬᠤᠷᠤᠭ᠎ᠠ ᠪᠠᠶᠢᠭᠤᠯᠵᠤ᠂ 1 . 5 ᠲᠦᠮᠡᠨ ᠲᠡᠭᠰᠢ ᠳᠥᠷᠪᠡᠯᠵᠢᠨ ᠮᠧᠲᠷ ᠤᠨ ᠡᠪᠡᠰᠦᠨ ᠬᠤᠷᠤᠭ᠎ᠠ ᠪᠠᠷᠢᠵᠤ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠡᠰᠡᠷᠭᠦᠴᠡᠬᠦ ᠪᠠ ᠠᠶᠤᠯ ᠠᠴᠠ ᠵᠠᠶᠢᠯᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠪᠠ᠃         ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠭᠰᠠᠨ ᠠᠴᠠ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠡᠰ ᠳᠡᠪᠰᠢᠪᠡ᠃ ᠠᠷᠠᠳ ᠲᠦᠮᠡᠨ ᠢᠶᠠᠷ ᠲᠥᠪ ᠪᠣᠯᠭᠠᠬᠤ ᠬᠥᠭᠵᠢᠯᠲᠡ ᠶᠢᠨ ᠦᠵᠡᠯᠲᠡ ᠳᠤ ᠰᠠᠭᠤᠷᠢᠯᠠᠵᠤ᠂ ᠬᠤᠲᠠ ᠬᠥᠳᠡᠭᠡ ᠎ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 40930 ᠲᠥᠭᠦᠷᠢᠭ ᠪᠠ 22680 ᠲᠥᠭᠦᠷᠢᠭ ᠲᠤ ᠬᠦᠷᠴᠦ᠂ ᠵᠢᠯ ᠳᠤ ᠳᠤᠮᠳᠠᠴᠢ ᠪᠠᠷ 4 % ᠪᠠ 9 . 1 %᠎ ᠪᠠᠷ ᠨᠡᠮᠡᠭᠳᠡᠪᠡ᠃ ︽ᠭᠤᠷᠪᠠᠨ ᠵᠦᠢᠯ ᠤᠨ ᠠᠯᠪᠠᠨ ᠵᠠᠷᠤᠳᠠᠯ︾᠎ ᠤᠨ ᠵᠠᠷᠤᠯᠭ᠎ᠠ ᠶᠢ ᠵᠢᠯ ᠪᠦᠷᠢ ᠳᠤᠮᠳᠠᠴᠢ ᠪᠠᠷ 15.3 %᠎ ᠪᠠᠷ ᠪᠠᠭᠠᠰᠬᠠᠵᠤ᠂ ᠲᠥᠰᠦᠪ ᠤᠨ ᠬᠤᠳᠠᠯᠳᠤᠨ ᠠᠪᠬᠤ ᠮᠥᠩᠭᠦ ᠶᠢ 8260 ᠲᠦᠮᠡᠨ ᠲᠥᠭᠦᠷᠢᠭ ᠠᠷᠪᠢᠯᠠᠪᠠ᠃ ᠠᠷᠠᠳ ᠤᠨ ᠠᠮᠢᠳᠤᠷᠠᠯ ᠤᠨ ᠬᠦᠷᠢᠶ᠎ᠡ ᠴᠠᠷ᠎ᠠ ᠳᠤ ᠨᠡᠶᠢᠲᠡ 34.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠳᠠᠬᠢ 65 %᠎ ᠠᠴᠠ ᠳᠡᠭᠡᠭᠰᠢᠬᠢ ᠶᠢ ᠡᠵᠡᠯᠡᠪᠡ᠃ ᠬᠢᠵᠢᠭ ᠢ ᠰᠡᠷᠭᠡᠶᠢᠯᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠵᠢᠭᠦᠯᠵᠦ᠂ ᠰᠡᠷᠭᠡᠶᠢᠯᠡᠨ ᠬᠤᠷᠢᠭᠯᠠᠬᠤ ᠠᠵᠢᠯ ᠢ ᠪᠠᠶᠢᠩᠭᠤᠵᠢᠭᠤᠯᠬᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠰᠠᠶᠢᠳᠣᠷ ᠠᠳᠬᠤᠵᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠰᠠᠨ ᠨᠣᠷᠮ᠎ᠠ 96 %᠎ ᠳᠤ ᠬᠦᠷᠴᠦ᠂ ᠬᠢᠵᠢᠭ ᠢ ᠰᠡᠷᠭᠡᠶᠢᠯᠡᠨ ᠬᠤᠷᠢᠭᠯᠠᠬᠤ ᠲᠥᠪ ᠪᠠ ᠬᠤᠶᠠᠷ ᠡᠮᠨᠡᠯᠭᠡ ᠶᠢᠨ ᠬᠤᠷᠢᠶ᠎ᠠ ᠴᠥᠮ ᠪᠥᠭᠡᠮ ᠬᠦᠴᠢᠯ ᠤᠨ ᠪᠠᠶᠢᠴᠠᠭᠠᠯᠳᠠ ᠬᠢᠬᠦ ᠴᠢᠳᠠᠪᠤᠷᠢ ᠲᠠᠢ ᠪᠣᠯᠵᠤ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠡᠮᠴᠢᠯᠡᠭᠡᠨ ᠤ ᠠᠰᠠᠷ᠂ ᠬᠤᠯᠤᠭᠠᠨ᠎ᠠ ᠶᠢᠨ ᠬᠢᠵᠢᠭ ᠢ ᠬᠡᠭᠡᠷ᠎ᠡ ᠭᠠᠳᠠᠨ᠎ᠠ ᠬᠢᠨᠠᠨ ᠬᠡᠮᠵᠢᠬᠦ ᠭᠠᠵᠠᠷ ᠢ ᠪᠠᠶᠢᠭᠤᠯᠤᠨ ᠠᠰᠢᠭᠯᠠᠯᠲᠠ ᠎ ᠳᠤ ᠣᠷᠣᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠬᠠᠯᠬᠠᠪᠴᠢ ᠪᠣᠯᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ︽ᠭᠤᠷᠪᠠᠨ ᠰᠡᠷᠭᠡᠶᠢᠯᠡᠯᠲᠡ ᠎ ᠶᠢᠨ ᠱᠤᠭᠤᠮ︾᠎ ᠢ ᠪᠠᠲᠤ ᠴᠣᠭᠴᠠᠯᠠᠵᠤ᠂ ᠬᠦᠨᠳᠦ ᠨᠣᠴᠢᠳᠠᠢ ᠬᠢᠵᠢᠭ ᠤᠨ ᠪᠠᠶᠢᠳᠠᠯ ᠢ ᠠᠷᠭᠠᠴᠠᠭᠠᠬᠤ ᠪᠠ ᠣᠯᠠᠨ ᠨᠡᠶᠢᠲᠡ ᠎ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠡᠳᠦᠷ ᠢᠷᠡᠬᠦᠶ᠎ᠡ ᠪᠦᠷᠢᠨᠰᠢᠪᠡ᠃ ᠬᠤᠲᠠ ᠬᠥᠳᠡᠭᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠲᠡᠭᠦᠯᠳᠡᠷᠵᠢᠨ᠂ ᠨᠡᠶᠢᠲᠡ ᠶᠢᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠮᠣᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ᠂ ᠡᠬᠡ ᠨᠢᠯᠬᠠᠰ ᠤᠨ  ᠡᠷᠡᠭᠦᠯᠵᠢᠯ ᠤᠨ ᠲᠥᠪ᠂ ᠰᠢᠯᠢ ᠶᠢᠨ ᠭᠤᠣᠯ ᠠᠶᠢᠮᠠᠭ ᠤᠨ ᠡᠮᠦᠨ᠎ᠡ ᠪᠡᠶ᠎ᠡ ᠳᠠᠬᠢ ᠵᠢᠷᠦᠬᠡᠨ ᠬᠠᠳᠬᠤᠯᠭ᠎ᠠ ᠶᠢᠨ ᠡᠮᠴᠢᠯᠡᠭᠡᠨ ᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠦᠨᠳᠦᠰᠦᠨ ᠱᠠᠲᠤᠨ ᠤ 3 ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠢᠨ᠎ᠡ ᠪᠠᠷ ᠪᠠᠶᠢᠭᠤᠯᠤᠨ᠂ 6 ᠡᠷᠡᠭᠦᠯ ᠬᠠᠮᠠᠭᠠᠯᠠᠯ ᠤᠨ ᠲᠠᠰᠤᠭ ᠢ ᠥᠷᠭᠡᠳᠬᠡᠨ ᠪᠠᠶᠢᠭᠤᠯᠵᠤ᠂ ᠭᠤᠷᠪᠠᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠪᠡ᠃ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠲᠥᠪᠡᠭᠲᠡᠢ ᠠᠰᠠᠭᠤᠳᠠᠯ ᠢ ᠰᠢᠢᠳᠪᠦᠷᠢᠯᠡᠵᠦ᠂ ᠱᠠᠩᠳᠤ ᠴᠠᠬᠢᠯᠭᠠᠨ ᠦᠶᠯᠡᠳᠪᠦᠷᠢ ᠠᠴᠠ ᠳᠤᠯᠠᠭᠠᠯᠠᠭ᠎ᠠ ᠬᠠᠩᠭᠠᠬᠤ ᠲᠠᠯᠠᠪᠠᠢ 298 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠱᠠᠩᠳᠤ ᠪᠠᠯᠭᠠᠰᠣᠨ ᠲᠥᠪ ᠢ ᠪᠦᠬᠦᠨ ᠢ ᠪᠦᠷᠬᠦᠵᠡᠢ᠃ 16 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠥᠭᠡᠷᠡᠴᠢᠯᠡᠯᠲᠡ ᠬᠢᠵᠦ᠂ ᠪᠣᠷᠣ ᠭᠡᠷ ᠤᠨ ᠲᠤᠭᠤᠷᠢᠭ ᠤᠨ 1299 ᠡᠷᠦᠬᠡ ᠶᠢ ᠥᠭᠡᠷᠡᠴᠢᠯᠡᠨ ᠪᠠᠶᠢᠭᠤᠯᠵᠤ᠂ ᠬᠥᠳᠡᠭᠡ ᠳᠣᠰᠬᠤᠨ ᠤ 173 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ ᠠᠳᠠᠯ ᠦᠢᠯᠡᠰ ᠴᠣᠭᠴᠠᠯᠠᠬᠤ ᠠᠵᠢᠯ ᠣᠯᠭᠤᠬᠤ ᠶᠢ ᠠᠬᠢᠭᠤᠯᠵᠤ᠂ ᠨᠡᠶᠢᠲᠡ 7187 ᠬᠥᠮᠦᠨ ᠎ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠣᠷᠮ᠎ᠠ 3 . 2 % ᠪᠣᠯᠪᠠ᠃ ᠬᠤᠲᠠ ᠬᠥᠳᠡᠭᠡ ᠶᠢᠨ ᠳᠣᠣᠷ᠎ᠠ ᠪᠠᠲᠤᠯᠠᠭ᠎ᠠ᠂ ᠰᠠᠭᠤᠭᠠᠯᠢ ᠠᠷᠠᠳ ᠤᠨ ᠨᠠᠰᠤᠵᠢᠯ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠭᠤᠣᠯ ᠪᠣᠯᠬᠤ ᠠᠷᠠᠳ ᠤᠨ ᠠᠮᠢᠳᠤᠷᠠᠯ ᠤᠨ ᠲᠤᠭ᠎ᠠ ᠨᠤᠷᠮ᠎ᠠ ᠪᠦᠬᠦ ᠠᠶᠢᠮᠠᠭ ᠤᠨ ᠳᠤᠮᠳᠠᠴᠢ ᠲᠦᠪᠰᠢᠨ ᠎ ᠠᠴᠠ ᠥᠨᠳᠥᠷ ᠪᠣᠯᠪᠠ᠃ ᠰᠤᠷᠭᠠᠨ ᠬᠥᠮᠦᠵᠢᠯ ᠢ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠲᠡ 106 ᠨᠡᠷ᠎ᠡ ᠲᠤᠰᠬᠠᠶ ᠪᠠᠭᠰᠢ ᠡᠯᠰᠡᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠯᠤᠭ᠎ᠠ ᠬᠠᠮᠲᠤᠷᠠᠯᠴᠠᠭᠠᠨ ᠤ ᠲᠣᠭᠲᠠᠴᠠ ᠪᠠᠶᠢᠭᠤᠯᠪᠠ᠃ 4070 ᠲᠦᠮᠡᠨ ᠲᠥᠭᠦᠷᠢᠭ ᠤᠨ ᠪᠡᠯᠡ ᠣᠷᠣᠭᠤᠯᠤᠨ᠂ 3 ᠰᠠᠭᠤᠷᠢ ᠦᠨᠳᠦᠰᠦᠨ ᠱᠠᠲᠤᠨ ᠤ ᠬᠡᠦᠬᠡᠳ ᠤᠨ ᠴᠡᠴᠡᠷᠯᠢᠭ ᠪᠠ 4 ᠰᠠᠭᠤᠷᠢ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠯᠲᠠ ᠶᠢᠨ ᠠᠰᠠᠷ ᠢ ᠪᠠᠶᠢᠭᠤᠯᠤᠨ᠂ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠨᠢ ᠠᠶᠢᠮᠠᠭ ᠤᠨ ᠲᠡᠰ ᠤᠨ ᠪᠠᠷᠢᠮᠵᠢᠶᠠᠵᠢᠭᠰᠠᠨ ᠰᠤᠷᠭᠠᠭᠤᠯᠢ ᠶᠢᠨ ᠪᠠᠷᠢᠮᠵᠢᠶᠠᠨ ᠳᠤ ᠬᠦᠷᠪᠡ᠃ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠨᠢᠭᠡ ᠰᠤᠷᠭᠠᠭᠤᠯᠢ ᠨᠢᠭᠡ ᠣᠨᠴᠠᠯᠢᠭ ᠲᠠᠢ︾ ᠪᠠᠶᠢᠬᠤ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠪᠡᠶᠡᠯᠡᠭᠦᠯᠪᠡ᠃ ᠰᠣᠶᠣᠯ ᠤᠨ ᠦᠶᠯᠡᠰ ᠴᠡᠴᠡᠭᠯᠡᠨ ᠬᠥᠭᠵᠢᠵᠦ᠂ ᠡᠯ᠎ᠡ ᠲᠥᠷᠥᠯ ᠤᠨ ᠰᠣᠶᠣᠯ ᠲᠠᠮᠢᠷ ᠤᠨ ᠠᠵᠢᠯᠯᠠᠭ᠎ᠠ ᠶᠢ 340 ᠭᠠᠷᠤᠶ ᠤᠳᠠᠭ᠎ᠠ ᠡᠷᠭᠢᠯᠡᠵᠦ᠂ ᠷᠠᠳᠢᠣ᠋ ᠲᠧᠯᠸᠢᠰ ᠤᠨ ᠪᠦᠷᠬᠦᠴᠡ 100 %᠎ ᠶᠢ ᠪᠠᠲᠤᠯᠠᠵᠤ᠂ ᠬᠤᠰᠢᠭᠤ ᠤᠯᠠᠭᠠᠨᠮᠥ᠋ᠴᠢᠷ ᠨᠢ ᠪᠥᠬᠦ ᠣᠷᠣᠨ ᠤ ᠨᠢᠭᠡᠳᠦᠭᠡᠷ ᠲᠥᠷᠥᠯ ᠤᠨ ᠰᠢᠯᠢᠳᠡᠭ ᠤᠯᠠᠭᠠᠨᠮᠥ᠋ᠴᠢᠷ ᠢᠶᠠᠷ ᠦᠨᠡᠯᠡᠭᠳᠡᠵᠦ᠂ ᠰᠠᠩ ᠤᠨ ᠲᠡᠯᠡᠶ ᠪᠠᠯᠭᠠᠰᠤᠨ ᠤ ᠶᠡᠬᠡᠲᠡᠯ᠎ᠡ ᠭᠠᠴᠠᠭ᠎ᠠ ᠨᠢ ᠪᠥᠬᠦ ᠤᠯᠤᠰ ᠤᠨ ᠪᠣᠯᠪᠠᠰᠤᠨ ᠭᠠᠴᠠᠭ᠎ᠠ ᠲᠣᠰᠬᠤᠨ ᠢᠶᠠᠷ ᠦᠨᠡᠯᠡᠭᠳᠡᠵᠦ᠂ ᠱᠠᠩᠳᠤ ᠪᠠᠯᠭᠠᠰᠤᠨ ᠤ ᠪᠠᠶᠠᠨᠭᠤᠣᠯ ᠭᠠᠴᠠᠭ᠎ᠠ ᠨᠢ ᠪᠥᠬᠦ ᠤᠯᠤᠰ ᠤᠨ ︽ᠱᠠᠯᠢᠭ ᠵᠠᠪᠬᠠᠶ ᠵᠦᠶᠯᠡᠰ ᠢ ᠠᠷᠢᠯᠭᠠᠵᠤ᠂ ᠬᠠᠤᠯᠢ ᠪᠤᠰᠤ ᠬᠡᠪᠯᠡᠯ ᠳᠤ ᠴᠣᠬᠢᠯᠲᠠ ᠥᠭᠬᠦ︾ ᠠᠵᠢᠯᠯᠠᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠭᠰᠡᠨ ᠵᠢᠱᠢᠶ᠎ᠡ ᠦᠵᠡᠭᠦᠯᠬᠦ ᠴᠡᠭ ᠢᠶᠠᠷ ᠦᠨᠡᠯᠡᠭᠳᠡᠪᠡ᠃         ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠭᠰᠠᠨ ᠠᠴᠠ ᠵᠠᠰᠠᠭ ᠤᠨ ᠶᠠᠪᠤᠳᠠᠯ ᠤᠯᠠᠮ ᠢᠯᠭᠤᠮ ᠶᠠᠪᠤᠭᠳᠠᠬᠤ ᠪᠣᠯᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ︽ᠠᠩᠬᠠᠨ ᠤ ᠵᠣᠷᠢᠯᠲᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠎ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠪᠡ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠨᠡᠶᠢᠭᠡᠮ ᠤᠨ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠬᠠᠷᠢᠭᠤᠴᠠᠯᠭ᠎ᠠ ᠶᠢ ᠳᠣᠳᠣᠷᠬᠠᠶᠢᠯᠠᠨ᠂ ᠠᠵᠢᠯ ᠢ ᠪᠤᠳᠠᠳᠠᠶᠢᠵᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠎ ᠤ ᠠᠷᠠᠳᠴᠢᠯᠠᠭᠰᠠᠨ ᠬᠢᠨᠠᠯᠲᠠ ᠶᠢ ᠢᠳᠡᠪᠬᠢᠲᠡᠢ ᠬᠦᠯᠢᠶᠡᠵᠦ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠎ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ 481 ᠬᠤᠪᠢ ᠰᠠᠨᠠᠯ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠬᠡᠰᠢᠭᠦᠨ ᠤ 399 ᠬᠤᠪᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ᠂ ᠬᠠᠷᠢᠭᠤᠯᠲᠠ ᠥᠭᠭᠦᠭᠰᠡᠨ ᠨᠣᠷᠮ᠎ᠠ 100 %᠎ ᠳᠤ ᠬᠦᠷᠴᠦ᠂ ᠬᠠᠨᠤᠮᠵᠢ ᠶᠢᠨ ᠨᠣᠷᠮ᠎ᠠ 95 %᠎ ᠠᠴᠠ ᠳᠡᠭᠡᠭᠰᠢ ᠳᠤ ᠬᠦᠷᠪᠡ᠃ ᠨᠠᠮ ᠎ ᠤᠨ ᠦᠨᠳᠦᠰᠦᠲᠡᠨ ᠤ ᠤᠨᠤᠯ ᠪᠠ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤᠳᠬᠠᠵᠤ᠂ ᠦᠨᠳᠦᠰᠦᠲᠡᠨ ᠎ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠶᠢ ᠭᠦᠨᠵᠡᠭᠡᠶᠢᠷᠡᠭᠦᠯᠦᠨ᠂ ᠬᠦᠰᠡᠯᠡᠩ ᠬᠡᠦᠬᠡᠳ ᠤᠨ ᠴᠡᠴᠡᠷᠯᠢᠭ ᠨᠢ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾᠎ ᠶᠢᠨ ᠢᠷᠠᠭᠤ ᠠᠯᠳᠠᠷ ᠢ ᠬᠦᠷᠲᠡᠵᠦ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠣᠯᠬᠤ ᠪᠠᠷ ᠢᠳᠡᠪᠬᠢᠲᠡᠶ ᠴᠢᠷᠮᠠᠶᠢᠪᠠ᠃ ︽ᠰᠤᠯᠠᠯᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ᠂ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠢ ᠦᠢᠯᠡᠴᠢᠯᠡᠭᠡᠨ ᠤ ᠲᠢᠩᠬᠢᠮ ᠳᠤ ᠣᠷᠣᠭᠤᠯᠬᠤ ᠨᠣᠷᠮ᠎ᠠ 100 %᠎ ᠳᠤ ᠬᠦᠷᠴᠦ᠂ ᠬᠢᠨᠠᠨ ᠵᠥᠪᠰᠢᠶᠡᠷᠡᠬᠦ ᠵᠦᠶᠯᠡᠰ ᠢ ︽ᠨᠢᠭᠡ ᠴᠣᠩᠬᠤᠪᠴᠢ ᠎ ᠪᠠᠷ ᠭᠥᠯᠢᠶᠡᠨ ᠠᠪᠴᠤ ᠰᠢᠢᠳᠪᠦᠷᠢᠯᠡᠵᠦ᠂ ᠰᠦᠯᠵᠢᠶᠡᠨ ᠳᠡᠭᠡᠷ᠎ᠡ ᠭᠦᠶᠴᠡᠳᠬᠡᠬᠦ︾᠎ ᠶᠢ ᠪᠡᠶᠡᠯᠡᠭᠦᠯᠪᠡ᠃  ︽12345︾ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠤᠲᠠᠰᠤ ᠪᠠᠷ ᠨᠡᠶᠢᠲᠡ 1301 ᠬᠤᠪᠢ ᠪᠠᠴᠢᠮ ᠰᠢᠢᠳᠪᠦᠷᠢᠯᠡᠬᠦ ᠴᠢᠬᠤᠯᠠ ᠲᠠᠢ ᠠᠰᠠᠭᠤᠳᠠᠯ ᠢ ᠰᠢᠢᠳᠪᠦᠷᠢᠯᠡᠪᠡ᠃ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠤᠨ᠂ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠪᠠᠷ 2.45 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠡᠯᠲᠦᠷᠢᠭᠦᠯᠵᠦ᠂ 13 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠣᠯᠠᠨ ᠡᠰᠢᠴᠢᠯᠡᠭᠰᠡᠨ ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠭᠤᠯᠬᠤ ᠶᠢ ᠵᠣᠬᠢᠴᠠᠭᠤᠯᠤᠨ ᠠᠬᠢᠭᠤᠯᠪᠠ᠃ ︽ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠪᠠ ︽ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠦᠶᠯᠡᠰ ᠴᠣᠭᠴᠠᠯᠠᠬᠤ ᠎ ᠶᠢ ᠵᠣᠷᠢᠭᠵᠢᠭᠤᠯᠵᠤ᠂ ᠲᠥᠷᠥᠯ ᠵᠦᠶᠯ ᠤᠨ ᠪᠠᠯᠠ ᠮᠥᠩᠭᠦ ᠡᠷᠡᠮᠡᠯᠵᠡᠯᠡᠬᠦ ᠶᠢ ᠬᠢᠨᠠᠨ ᠳᠣᠭᠲᠠᠭᠠᠨ ᠱᠠᠩᠨᠠᠨ ᠬᠥᠬᠢᠭᠦᠯᠬᠦ ᠠᠷᠭ᠎ᠠ︾᠎ ᠶᠢ ᠲᠣᠭᠲᠠᠭᠠᠪᠠ᠃ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶ᠎ᠡ ᠴᠠᠷ᠎ᠠ᠂ ᠬᠠᠩᠭᠠᠨ ᠪᠣᠷᠣᠯᠠᠭᠤᠯᠬᠤ ᠰᠢᠰᠲ᠋ᠧᠮ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠨ ᠪᠠᠶᠢᠴᠠᠭᠠᠬᠤ ᠳᠣᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠳᠣᠭᠤᠶᠢᠯᠠᠩ ᠠᠴᠠ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠴᠢᠮᠳᠠᠢ ᠠᠬᠢᠭᠤᠯᠪᠠ᠃ ︽ᠠᠮᠤᠷ ᠠᠮᠤᠭᠤᠯᠠᠩ ᠰᠢᠯᠤᠭᠤᠨ ᠬᠥᠬᠡ︾᠎ ᠶᠢ ᠪᠠᠶᠢᠭᠤᠯᠬᠤ ᠠᠵᠢᠯ ᠢ ᠯᠠᠪᠳᠠᠭᠤᠨ ᠠᠬᠢᠭᠤᠯᠵᠤ᠂ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠪᠠ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠨ᠂ ᠡᠯ᠎ᠡ ᠲᠥᠷᠥᠯ ᠤᠨ ᠬᠠᠤᠯᠢ ᠎ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠪᠡ᠃ ︽ᠬᠤᠤᠰ ᠵᠠᠭᠤᠨ ᠡᠳᠦᠷ︾᠎ ᠤᠨ ᠠᠵᠢᠯᠯᠠᠭ᠎ᠠ ᠪᠠᠷ ᠰᠢᠵᠢᠮ ᠪᠣᠯᠭᠠᠵᠤ᠂ ᠠᠶᠤᠯᠭᠦᠶ ᠦᠶᠯᠡᠳᠪᠦᠷᠢᠯᠡᠯ᠂ ᠢᠳᠡᠭᠡᠨ ᠤᠮᠳᠠᠭᠠᠨ ᠪᠠ ᠡᠮ ᠤᠨ ᠵᠦᠶᠯ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠵᠢᠴᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠭᠰᠠᠨ ᠠᠴᠠ ᠪᠥᠬᠦ ᠬᠤᠰᠢᠭᠤᠨ ᠳᠤ ᠬᠦᠨᠳᠦ ᠨᠣᠴᠢᠲᠠᠢ ᠠᠶᠤᠯᠭᠦᠶ ᠦᠶᠯᠡᠳᠪᠦᠷᠢᠯᠡᠯ ᠪᠣᠯᠣᠨ ᠢᠳᠡᠭᠡᠨ ᠤᠮᠳᠠᠭᠠᠨ ᠪᠠ ᠡᠮ ᠤᠨ ᠵᠦᠶᠯ ᠤᠨ ᠠᠮᠤᠷ ᠲᠦᠪᠰᠢᠨ ᠤ ᠠᠳᠡᠯ ᠬᠡᠷᠡᠭ ᠭᠠᠷᠤᠭᠰᠠᠨ ᠦᠭᠡᠢ᠃ ︽ᠳᠣᠯᠣᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠤᠷᠤᠭᠰᠢᠲᠠᠶ ᠪᠡᠶᠡᠯᠡᠭᠦᠯᠪᠡ᠃ ᠣᠯᠠᠨ ᠲᠥᠮᠡᠨᠴᠢ ᠴᠢᠨᠠᠷᠲᠠᠢ ᠪᠦᠯᠬᠦᠮ ᠨᠢᠭᠡᠴᠡ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠡᠷᠴᠢᠮᠳᠠᠢ ᠳᠠᠮᠵᠢᠵᠤ᠂ ᠡᠮᠡᠭᠲᠡᠶᠢᠴᠦᠳ᠂ ᠬᠡᠦᠬᠡᠳ ᠪᠠᠭᠠᠴᠤᠳ᠂ ᠨᠠᠰᠤᠲᠠᠶᠢᠴᠤᠳ᠂ ᠵᠡᠮᠳᠡᠭᠴᠦᠳ ᠪᠠ ᠤᠯᠠᠭᠠᠨ ᠵᠠᠭᠠᠯᠮᠠᠢᠲᠠᠨ ᠤ ᠦᠢᠯᠡᠰ ᠰᠢᠨ᠎ᠡ ᠠᠬᠢᠴᠠ ᠲᠠᠢ ᠪᠣᠯᠵᠤ᠂ ᠤᠯᠤᠰ ᠤᠨ ᠪᠠᠲᠤᠯᠠᠨ ᠬᠠᠮᠠᠭᠠᠯᠠᠯᠲᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠭᠠᠬᠤ᠂ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠱᠠᠰᠢᠨ ᠰᠤᠷᠲᠠᠬᠤᠨ ᠤ ᠲᠠᠯ᠎ᠠ ᠪᠠᠷ ᠬᠢ ᠠᠵᠢᠯ ᠰᠢᠨ᠎ᠡ ᠦᠷ᠎ᠡ ᠪᠦᠲᠦᠮᠵᠢ ᠣᠯᠵᠤ᠂ ᠶᠡᠭᠡ ᠲᠠᠯ᠎ᠠ ᠳᠤ ᠦᠢᠯᠡᠴᠢᠯᠡᠵᠦ᠂ ᠬᠥᠭᠵᠢᠯᠲᠡ ᠳᠤ ᠦᠢᠯᠡᠴᠢᠯᠡᠵᠦ᠂ ᠣᠯᠠᠨ ᠲᠦᠮᠡᠨ ᠳᠤ ᠦᠢᠯᠡᠴᠢᠯᠡᠵᠦ ᠴᠢᠳᠠᠪᠠ᠃         ᠲᠥᠯᠥᠭᠡᠯᠡᠭᠴᠢᠳ ᠡ︕ ᠡᠳᠡᠭᠡᠷ ᠠᠮᠵᠢᠯᠲᠠ ᠪᠦᠲᠦᠮᠵᠢ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠠᠴᠠ ᠰᠠᠯᠵᠤ ᠴᠢᠳᠠᠬᠤ ᠦᠭᠡᠢ᠂ ᠬᠤᠰᠢᠭᠤ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠎ ᠬᠢᠨ ᠤ ᠬᠢᠨᠠᠯᠲᠠ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠠᠷᠠᠳ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠣᠶᠢᠯᠠᠭᠠᠯᠲᠠ ᠪᠠ ᠰᠠᠨᠠᠯ ᠵᠥᠪᠯᠡᠯᠭᠡ ᠠᠴᠠ ᠰᠠᠯᠵᠤ ᠴᠢᠳᠠᠬᠤ ᠦᠭᠡᠢ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠤ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠰᠢᠷᠭᠠᠭᠤ ᠠᠵᠢᠯᠯᠠᠭᠰᠠᠨ ᠠᠴᠠ ᠰᠠᠯᠵᠤ ᠴᠢᠳᠠᠬᠤ ᠦᠭᠡᠢ ᠶᠤᠮ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠠᠷᠠᠳ ᠤᠨ ᠲᠥᠯᠥᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠠᠵᠢᠯ ᠤᠨ ᠹᠷᠣᠨᠲ ᠳᠡᠭᠡᠷ᠎ᠡ ᠰᠢᠷᠭᠠᠭᠤ ᠲᠡᠮᠡᠴᠡᠵᠦ ᠪᠠᠶᠢᠭ᠎ᠠ ᠥᠷᠭᠡᠨ ᠣᠯᠠᠨ ᠺᠠᠳ᠋ᠷ ᠣᠯᠠᠨ ᠲᠦᠮᠡᠨ᠂ ᠰᠢᠯᠤᠭᠤᠨ ᠬᠥᠬᠡ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕         ᠳᠥᠷᠪᠡᠨ ᠵᠢᠯ ᠤᠨ ᠴᠢᠷᠮᠠᠶᠢᠯᠭ᠎ᠠ ᠪᠠᠷ ᠪᠢᠳᠡ᠄ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠠᠷ ᠦᠢᠯᠡᠰ ᠤᠨ ᠰᠠᠭᠤᠷᠢ ᠪᠠᠨ ᠪᠣᠯᠭᠠᠨ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠭᠠᠭᠴᠠ ᠬᠦ ᠨᠠᠮ ᠤᠨ ᠲᠥᠪ ᠬᠤᠷᠢᠶᠠᠨ ᠤ ᠡᠷᠬᠡ ᠰᠦᠷ ᠢ ᠬᠠᠮᠠᠭᠠᠯᠠᠵᠤ᠂ ᠤᠯᠤᠰ ᠲᠦᠷᠦ ᠶᠢᠨ ᠬᠠᠨᠳᠣᠰᠢ ᠪᠠᠨ ᠪᠠᠲᠤᠳᠬᠠᠪᠠᠯ ᠰᠠᠶ᠋ᠢ ᠨᠢᠭᠡ ᠰᠡᠳᠬᠢᠯ ᠨᠢᠭᠡ ᠬᠠᠨᠳᠣᠰᠢ ᠪᠠᠷ ᠠᠯᠣᠰ ᠢᠷᠡᠭᠡᠳᠦᠢ ᠶᠢ ᠵᠣᠷᠢᠵᠤ ᠴᠢᠳᠠᠨ᠎ᠠ᠃ ᠥᠭᠡᠷᠡᠴᠢᠯᠡᠯᠲᠡ ᠰᠢᠨᠡᠴᠢᠯᠡᠯᠲᠡ ᠶᠢ ᠪᠠᠷᠢᠮᠲᠠᠯᠠᠬᠤ ᠪᠠᠷ ᠦᠢᠯᠡᠰ ᠤᠨ ᠭᠠᠷᠤᠭ᠎ᠠ ᠪᠠᠨ ᠪᠣᠯᠭᠠᠵᠤ᠂ ᠡᠷᠬᠡᠪᠰᠢ ᠴᠤᠴᠠᠯᠲᠠ ᠦᠭᠡᠢ ᠤᠷᠤᠭᠰᠢᠯᠠᠵᠤ ᠰᠢᠨ᠎ᠡ ᠶᠢ ᠡᠭᠦᠳᠴᠦ᠂ ᠥᠭᠡᠷᠡᠴᠢᠯᠡᠯᠲᠡ ᠪᠠᠷ ᠵᠥᠷᠢᠴᠡᠯ ᠢ ᠰᠢᠢᠳᠪᠦᠷᠢᠯᠡᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠠᠬᠢᠭᠤᠯᠪᠠᠯ ᠰᠠᠶ᠋ᠢ ᠬᠥᠭᠵᠢᠨ ᠮᠠᠨᠳᠤᠵᠤ ᠴᠢᠳᠠᠨ᠎ᠠ᠃ ᠠᠷᠠᠳ ᠤᠨ ᠲᠥᠯᠥᠭᠡ ᠲᠦᠷᠦ ᠪᠠᠷᠢᠬᠤ ᠶᠢ ᠪᠠᠷᠢᠮᠲᠠᠯᠠᠬᠤ ᠪᠠᠷ ᠦᠢᠯᠡᠰ ᠤᠨ ᠵᠣᠷᠢᠯᠲᠠ ᠪᠠᠨ ᠪᠣᠯᠭᠠᠨ᠂ ᠠᠷᠠᠳ ᠲᠥᠮᠡᠨ ᠤ ᠠᠮᠢᠳᠤᠷᠠᠯ ᠳᠤ ᠠᠰᠢᠭ ᠬᠦᠷᠲᠡᠭᠡᠬᠦ ᠬᠡᠷᠡᠭᠲᠡᠢ  ᠃ ᠴᠢᠬᠤᠯᠠ ᠰᠢᠢᠳᠪᠦᠷᠢᠲᠦ ᠪᠤᠳᠤᠯᠭ᠎ᠠ ᠶᠢ ᠠᠷᠠᠳ ᠲᠦᠮᠡᠨ ᠤ ᠰᠠᠨᠠᠭ᠎ᠠ ᠪᠠᠷ ᠲᠣᠭᠲᠠᠭᠠᠵᠤ᠂ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠠᠷᠠᠳ ᠲᠦᠮᠡᠨ ᠤ ᠰᠠᠨᠠᠭ᠎ᠠ ᠪᠠᠷ ᠲᠥᠰᠥᠪᠯᠡᠵᠦ᠂ ᠠᠮᠤᠷ ᠲᠦᠪᠰᠢᠨ᠂ ᠠᠶᠤᠯ ᠲᠦᠭᠰᠢᠭᠦᠷᠢ᠂ ᠬᠦᠴᠢᠷ ᠵᠣᠪᠠᠭᠤᠷᠢ ᠶᠢ ᠠᠷᠠᠳ ᠲᠦᠮᠡᠨ ᠲᠠᠢ ᠬᠤᠯᠪᠣᠵᠤ ᠴᠢᠳᠠᠪᠠᠯ ᠰᠠᠶ᠋ᠢ ᠠᠷᠠᠳ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠵᠤ ᠴᠢᠳᠠᠨ᠎ᠠ ᠭᠡᠳᠡᠭ ᠢ ᠭᠦᠨᠵᠡᠭᠡᠢ ᠲᠠᠨᠢᠵᠤ ᠣᠯᠪᠠ᠃  ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠬᠤ ᠪᠠᠷ ᠮᠠᠨ ᠤ ᠦᠢᠯᠡᠰ ᠤᠨ ᠦᠨᠳᠦᠰᠦ ᠪᠠᠨ ᠪᠣᠯᠭᠠᠨ᠎ᠠ᠃ ᠬᠠᠷᠠᠯᠲᠠ ᠵᠣᠷᠢᠯᠲᠠ ᠨᠢᠭᠡᠲᠡᠢ ᠠᠵᠢᠯᠯᠠᠵᠤ᠂ ᠠᠵᠢᠯ ᠤᠨ ᠪᠦᠳᠦᠮᠵᠢ ᠶᠢ ᠴᠢᠬᠤᠯᠠᠴᠢᠯᠠᠨ᠂  ᠤᠳᠠᠭᠠᠨ ᠳᠠᠭᠠᠭᠠᠮᠠᠭᠠᠢ ᠪᠣᠳᠠᠲᠠᠢ ᠵᠢᠳᠭᠦᠪᠡᠯ ᠰᠠᠶ᠋ᠢ ᠰᠠᠶᠢᠨ ᠪᠦᠳᠦᠮᠵᠢ ᠣᠯᠵᠤ ᠴᠢᠳᠠᠨ᠎ᠠ᠃         ᠪᠢᠳᠡ ᠠᠮᠵᠢᠯᠲᠠ ᠪᠦᠳᠦᠮᠵᠢ ᠪᠠᠨ ᠣᠯᠵᠤ ᠬᠠᠷᠠᠬᠤ ᠶᠢᠨ ᠵᠡᠷᠭᠡᠪᠡᠷ᠂ ᠮᠠᠨ ᠤ ᠬᠤᠰᠢᠭᠤᠨ ᠤ ᠬᠦᠭᠵᠢᠯᠲᠡ ᠲᠡᠩᠴᠡᠭᠦᠷᠢ ᠥᠬᠡᠶ᠂ ᠵᠣᠬᠢᠴᠠᠩᠭᠤᠢ ᠪᠤᠰᠤ᠂ ᠳᠠᠭᠠᠭᠠᠮᠠᠭᠠᠢ ᠪᠤᠰᠤ ᠪᠠᠶᠢᠭ᠎ᠠ ᠠᠰᠠᠭᠤᠳᠠᠯ ᠢ ᠰᠡᠷᠭᠡᠭ ᠢᠶᠠᠷ ᠣᠯᠵᠤ ᠲᠠᠨᠢᠬᠤ ᠴᠢᠬᠤᠯᠠᠲᠠᠢ᠃ ᠠᠮᠢ ᠠᠬᠤᠶ ᠶᠢᠨ ᠬᠥᠭᠵᠢᠯᠳᠡ ᠶᠢᠨ ᠲᠠᠯ᠎ᠠ ᠠᠴᠠ ᠠᠪᠴᠤ ᠦᠵᠡᠪᠡᠯ᠂ ᠨᠤᠲᠤᠭ ᠪᠡᠯᠴᠢᠭᠡᠷ ᠠᠮᠢ ᠠᠬᠤᠶ ᠶᠢᠨ ᠰᠢᠰᠲ᠋ᠧᠮ ᠮᠥᠨ ᠯᠠ ᠬᠡᠪᠡᠷᠡᠭ ᠪᠠᠶᠢᠵᠤ᠂ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠪᠠᠰᠠ ᠲᠣᠭᠲᠠᠪᠤᠷᠢᠵᠢᠭᠠᠳᠤᠢ᠂ ᠬᠠᠮᠠᠭᠠᠯᠠᠨ ᠰᠡᠷᠭᠦᠭᠡᠬᠦ ᠡᠷᠴᠢᠮ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ᠂ ᠰᠢᠨᠵᠢᠯᠡᠬᠦ ᠮᠡᠷᠭᠡᠵᠢᠯ ᠤᠨ ᠲᠣᠯᠭᠠᠭᠤᠷᠢᠯᠠᠯ᠂ ᠰᠠᠭᠤᠷᠢ ᠳᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠡᠬᠢ ᠪᠠᠶᠠᠯᠢᠭ᠂ ᠪᠠᠶᠢᠭᠠᠯᠢ ᠣᠷᠴᠢᠨ ᠪᠠ ᠡᠨᠧᠷᠭᠢ ᠠᠷᠪᠢᠯᠠᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠤᠷᠠᠭᠤᠯᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠳᠤ ᠲᠠᠯᠪᠢᠬᠤ ᠱᠠᠭᠠᠷᠳᠠᠯᠭ᠎ᠠ ᠶᠢ ᠤᠯᠠᠮ ᠴᠢᠩᠭᠠᠷᠠᠵᠤ ᠪᠠᠶᠢᠭ᠎ᠠ ᠪᠠᠶᠢᠳᠠᠯ ᠳᠤ ᠵᠣᠬᠢᠴᠠᠭᠤᠯᠤᠨ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠ ᠠᠵᠤ ᠦᠶᠯᠡᠰ ᠤᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠬᠦ ᠴᠢᠬᠤᠯᠠᠲᠠᠶ ᠪᠠᠶᠢᠨ᠎ᠠ᠃ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠠᠴᠠ ᠠᠪᠴᠤ ᠦᠵᠡᠪᠡᠯ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠠᠵᠤ ᠦᠢᠯᠡᠰ ᠤᠨ ᠬᠢᠷᠢ ᠳᠥᠪᠰᠢᠨ ᠳᠣᠣᠷ᠎ᠠ᠂ ᠲᠥᠰᠥᠯ ᠎ ᠤᠨ ᠨᠥᠭᠡᠴᠡ ᠬᠦᠷᠦᠯᠴᠡᠭᠡ ᠦᠭᠡᠢ᠂ ᠠᠵᠤ ᠠᠬᠤᠶ ᠶᠢᠨ ᠪᠦᠲᠦᠴᠡ ᠪᠠᠭᠤᠷᠠᠢ᠂ ᠭᠤᠣᠯᠯᠠᠬᠤ ᠠᠵᠤ ᠦᠢᠯᠡᠰ ᠤᠨ ᠬᠡᠯᠬᠢᠶ᠎ᠡ ᠣᠬᠤᠷ᠂ ᠨᠡᠮᠡᠯᠲᠡ ᠥᠷᠲᠡᠭ ᠳᠣᠣᠷ᠎ᠠ᠂ ᠪᠣᠳᠠᠲᠤ ᠴᠣᠭᠴᠠ ᠶᠢᠨ ᠠᠵᠤ ᠠᠬᠤᠶ ᠠᠴᠠ ᠡᠳ᠋ ᠤᠨ ᠵᠠᠰᠠᠭ ᠲᠤ ᠦᠵᠡᠭᠦᠯᠬᠦ ᠬᠤᠪᠢ ᠨᠡᠮᠡᠷᠢ ᠪᠠᠭ᠎ᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠶᠡᠬᠡᠲᠡᠢ᠂ ᠵᠠᠷᠤᠯᠭ᠎ᠠ ᠨᠢ ᠵᠢᠯ ᠠᠴᠠ ᠵᠢᠯ ᠨᠡᠮᠡᠭᠳᠡᠵᠦ᠂ ᠥᠷᠢ ᠥᠭᠴᠡᠭᠡ ᠪᠠᠨ ᠰᠢᠢᠳᠪᠦᠷᠢᠯᠡᠬᠦ ᠳᠤ ᠪᠡᠷᠬᠡᠲᠡᠢ ᠪᠠᠶᠢᠵᠤ᠂ ᠡᠳ᠋ ᠤᠨ ᠵᠠᠰᠠᠭ ᠤᠨ ᠴᠢᠳᠠᠪᠤᠷᠢ ᠰᠤᠯᠠ ᠪᠠᠶᠢᠭᠰᠠᠭᠠᠷ᠃ ᠤᠯᠠᠨ ᠲᠦᠮᠡᠨ ᠤ ᠬᠦᠰᠡᠯ ᠡᠷᠡᠮᠡᠯᠵᠡᠯ ᠤᠨ ᠲᠠᠯ᠎ᠠ ᠠᠴᠠ ᠠᠪᠴᠤ ᠦᠵᠡᠪᠡᠯ᠂ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ᠂ ᠠᠶᠤᠯᠭᠦᠢ ᠪᠠᠶᠢᠳᠠᠯ ᠣᠷᠴᠢᠨ ᠠᠬᠤᠢ ᠶᠢᠨ ᠬᠠᠮᠠᠭᠠᠯᠠᠯᠲᠠ᠂ ᠨᠡᠶᠢᠭᠡᠮ ᠤᠨ ᠵᠠᠰᠠᠯᠲᠠ ᠵᠡᠷᠭᠡ ᠣᠯᠠᠨ ᠰᠠᠯᠪᠤᠷᠢ ᠳᠤ ᠮᠥᠨ ᠯᠡ ᠴᠥᠭᠡᠨ ᠪᠤᠰᠤ ᠳᠤᠲᠠᠭᠳᠠᠯ ᠣᠷᠤᠰᠢᠨ᠂ ᠴᠢᠨᠠᠷᠲᠠᠢ ᠦᠢᠯᠡᠴᠢᠯᠡᠭᠡ ᠬᠠᠩᠭᠠᠬᠤ ᠳᠤ ᠪᠠᠰᠠ ᠬᠦᠷᠦᠯᠴᠡᠬᠦ ᠦᠭᠡᠢ ᠪᠠᠶᠢᠵᠤ᠂ ᠦᠯᠡᠳᠡᠭᠳᠡᠯ ᠳᠠᠷᠤᠭᠳᠠᠮᠠᠯ ᠵᠠᠷᠢᠮ ᠠᠰᠠᠭᠤᠳᠠᠯ ᠢ ᠪᠠᠰᠠ ᠪᠦᠷᠢᠨ ᠪᠦᠳᠦᠮᠵᠢᠲᠡᠢ ᠰᠢᠢᠳᠪᠦᠷᠢᠯᠡᠭᠡᠳᠦᠢ ᠪᠠᠶᠢᠭᠰᠠᠭᠠᠷ᠃ ᠵᠠᠰᠠᠭ ᠤᠨ ᠣᠷᠳᠣᠨ ᠤ ᠥᠪᠡᠷ ᠤᠨ ᠪᠠᠶᠢᠭᠤᠯᠤᠯᠲᠠ ᠶᠢᠨ ᠲᠠᠯ᠎ᠠ ᠠᠴᠠ ᠠᠪᠴᠤ ᠦᠵᠡᠪᠡᠯ᠂ ᠦᠶᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠳᠤ ᠪᠠᠰᠠ ᠠᠰᠤᠷᠤ ᠶᠡᠭᠡ ᠠᠵᠢᠯ ᠱᠠᠭᠠᠷᠳᠠᠭᠳᠠᠵᠤ ᠪᠤᠢ᠂ ᠵᠠᠷᠢᠮ ᠺᠠᠳ᠋ᠷ ᠨᠢ ᠴᠢᠳᠠᠪᠤᠷᠢ ᠳᠤᠲᠠᠮᠠᠭ᠂ ᠣᠪᠣᠷ ᠨᠠᠵᠠᠭᠠᠢ᠂ ᠥᠭᠡᠷᠡᠴᠢᠯᠡᠯᠲᠡ ᠰᠢᠨᠡᠴᠢᠯᠡᠯᠲᠡ ᠬᠢᠬᠦ ᠵᠣᠷᠢᠭ ᠬᠠᠷᠢᠭᠤᠴᠠᠯᠭ᠎ᠠ ᠦᠭᠡᠢ᠂ ᠤᠬᠠᠮᠰᠠᠷ ᠳᠣᠷᠣᠢ ᠪᠠᠶᠢᠵᠤ᠂ ᠬᠠᠤᠯᠢ ᠶᠢᠨ ᠳᠠᠭᠠᠤ ᠤᠳᠤᠷᠢᠳᠤᠯᠭ᠎ᠠ ᠶᠢᠨ ᠳᠥᠪᠰᠢᠨ ᠢᠶᠠᠨ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠂ ᠲᠡᠷᠢᠭᠦᠨ ᠤ ᠬᠢ ᠶᠢ ᠡᠭᠦᠳᠴᠦ ᠰᠢᠯᠢᠳᠡᠭ ᠢ ᠪᠠᠶᠢᠭᠤᠯᠬᠤ ᠪᠠ ᠨᠡᠷ᠎ᠡ ᠳᠡᠪᠰᠢᠵᠦ ᠠᠯᠳᠠᠷ ᠴᠣᠭᠴᠠᠯᠠᠬᠤ ᠦᠵᠡᠯ ᠤᠬᠠᠮᠰᠠᠷ ᠴᠢᠩᠭ᠎ᠠ ᠪᠢᠰᠢ ᠪᠠᠶᠢᠵᠤ᠂ ᠲᠥᠷᠥ ᠶᠢᠨ ᠪᠣᠳᠣᠯᠭ᠎ᠠ ᠶᠢ ᠰᠤᠳᠤᠯᠬᠤ᠂ ᠬᠥᠭᠵᠢᠯᠲᠡ ᠎ ᠶᠢ ᠰᠦᠪᠡᠭᠴᠢᠯᠡᠬᠦ᠂ ᠬᠦᠨᠳᠦᠷᠡᠯ ᠲᠠᠢ ᠠᠰᠠᠭᠤᠳᠠᠯ ᠢ ᠰᠢᠶᠳᠪᠦᠷᠢᠯᠡᠬᠦ᠂ ᠨᠠᠶᠢᠳᠠᠪᠤᠷᠢᠵᠢᠭᠤᠯᠤᠯᠲᠠ ᠳᠤ ᠠᠩᠬᠠᠷᠤᠯ ᠲᠠᠢ ᠬᠠᠨᠳᠤᠬᠤ ᠴᠢᠳᠠᠪᠤᠷᠢ ᠪᠠᠨ ᠤᠯᠠᠮ ᠰᠠᠶᠢᠵᠢᠷᠠᠭᠤᠯᠬᠤ ᠱᠠᠭᠠᠷᠳᠠᠯᠭ᠎ᠠ ᠲᠠᠢ ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠢ ᠰᠥᠷᠦᠨ᠂ ᠬᠦᠴᠢᠷ ᠠᠴᠠ ᠠᠶᠤᠬᠤ ᠦᠭᠡᠢ᠂ ᠬᠠᠷᠢᠭᠤᠴᠠᠯᠭ᠎ᠠ ᠠᠴᠠ ᠵᠠᠶᠢᠯᠠᠬᠤ ᠦᠭᠡᠢ ᠪᠠᠶᠢᠵᠤ᠂ ᠪᠤᠳᠠᠲᠠᠢ ᠦᠷ᠎ᠡ ᠳ᠋ᠦᠩ ᠢ ᠴᠢᠬᠤᠯᠠᠴᠢᠯᠠᠨ᠂ ᠰᠢᠯᠤᠭᠤᠨ ᠬᠥᠬᠡ ᠬᠤᠰᠢᠭᠤᠨ ᠤ ᠴᠢᠨᠠᠷᠯᠢᠭ ᠬᠦᠭᠵᠢᠯᠲᠡ ᠳᠤ ᠬᠦᠴᠦᠨ ᠢᠶᠠᠨ ᠡᠷᠭᠦᠶ᠎ᠡ᠃ ᠬᠤᠶᠠᠷ᠂ ᠢᠷᠡᠬᠦ ᠲᠠᠪᠤᠨ ᠵᠢᠯ ᠤᠨ ᠶᠡᠷᠦᠩᠬᠡᠢ ᠬᠠᠷᠠᠯᠲᠠ ᠪᠠ ᠠᠵᠢᠯ ᠤᠨ ᠭᠤᠣᠯᠳᠠᠯᠭ᠎ᠠ         ᠢᠷᠡᠬᠦ ᠲᠠᠪᠤᠨ ᠵᠢᠯ ᠪᠣᠯ ᠰᠢᠯᠤᠭᠤᠨ ᠬᠥᠬᠡ ᠬᠤᠰᠢᠭᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠎ ᠪᠠᠷ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠬᠡᠳᠦᠶᠢᠪᠡᠷ ᠬᠥᠭᠵᠢᠯᠲᠡ ᠎ ᠶᠢᠨ ᠪᠠᠶᠢᠳᠠᠯ ᠨᠠᠷᠢᠨ ᠪᠤᠳᠤᠯᠢᠶᠠᠨᠲᠠᠶ ᠵᠦᠢᠯ ᠣᠷᠣᠰᠢᠵᠤ ᠪᠠᠶᠢᠭ᠎ᠠ ᠪᠣᠯᠪᠠᠴᠤ ᠶᠡᠭᠡ ᠶᠢ ᠪᠦᠳᠦᠭᠡᠬᠦ ᠠᠵᠠ ᠳᠣᠬᠢᠶᠠᠯ ᠪᠢᠳᠡᠨ ᠢ ᠬᠦᠯᠢᠶᠡᠵᠦ ᠪᠠᠶᠢᠨ᠎ᠠ᠃ ᠤᠯᠤᠰ ᠠᠴᠠ ᠬᠥᠳᠡᠭᠡ ᠣᠷᠣᠨ ᠨᠤᠳᠤᠭ ᠢ ᠬᠦᠴᠦᠷᠭᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨ᠎ᠡ ᠴᠠᠭ ᠦᠶ᠎ᠡ ᠳᠠᠬᠢ ᠪᠠᠷᠠᠭᠤᠨ ᠣᠷᠣᠨ ᠢ ᠨᠡᠭᠡᠭᠡᠨ ᠬᠥᠭᠵᠢᠭᠦᠯᠬᠦ ᠰᠢᠨ᠎ᠡ ᠳᠣᠭᠳᠠᠯᠴᠠᠭ᠎ᠠ ᠶᠢ ᠠᠬᠢᠭᠤᠯᠵᠤ᠂ ᠵᠡᠭᠦᠨ ᠬᠤᠶᠢᠲᠤ ᠶᠢᠨ ᠬᠠᠭᠤᠴᠢᠨ ᠠᠵᠤ ᠦᠶᠯᠡᠳᠪᠦᠷᠢ ᠶᠢᠨ ᠰᠠᠭᠤᠷᠢᠨ ᠢ ᠪᠥᠬᠦ ᠲᠠᠯ᠎ᠠ ᠎ ᠪᠠᠷ ᠬᠥᠭᠵᠢᠭᠦᠯᠵᠦ ᠪᠠᠶᠢᠭ᠎ᠠ ᠪᠦᠭᠡᠳ ᠥᠪᠡᠷᠲᠡᠭᠡᠨ ᠵᠠᠰᠠᠬᠤ ᠣᠷᠣᠨ ᠠᠴᠠ ︽ᠬᠤᠶᠠᠷ ᠬᠠᠯᠬᠠᠪᠴᠢ︾᠂  ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾᠎ ᠶᠢ ᠡᠷᠴᠢᠮᠳᠠᠢ ᠪᠠᠶᠢᠭᠤᠯᠵᠤ ᠪᠠᠶᠢᠭ᠎ᠠ ᠪᠣᠯᠬᠤᠷ ᠪᠢᠳᠡᠨ ᠳᠤ ᠬᠥᠭᠵᠢᠯᠲᠡ ᠶᠢᠨ ᠮᠠᠰᠢ ᠨᠠᠨᠳᠢᠨ ᠠᠵᠠ ᠵᠠᠪᠰᠢᠶᠠᠨ ᠳᠣᠬᠢᠶᠠᠵᠤ ᠪᠠᠶᠢᠨ᠎ᠠ᠃ ᠪᠢᠳᠡ ᠬᠤᠰᠢᠭᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠠᠴᠠ ᠲᠣᠭᠲᠠᠭᠠᠭᠰᠠᠨ ︽ᠨᠢᠭᠡ ᠬᠠᠷᠠᠯᠲᠠ︾᠂ ︽ᠬᠤᠶᠠᠷ ᠬᠡᠯᠬᠢᠶ᠎ᠡ ᠬᠤᠶᠠᠷ ᠣᠷᠣᠨ︾᠂ ︽ᠲᠠᠪᠤᠨ ᠲᠥᠷᠥᠯ ᠤᠨ ᠣᠨᠴᠠᠯᠢᠭᠲᠤ ᠠᠵᠤ ᠦᠢᠯᠡᠰ︾᠎ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠠᠮᠢ ᠠᠬᠤᠢ ᠶᠢᠨ ᠣᠷᠴᠢᠨ ᠲᠣᠭᠤᠷᠢᠨ᠂ ᠠᠵᠤ ᠦᠢᠯᠡᠰ ᠤᠨ ᠰᠠᠭᠤᠷᠢ᠂ ᠣᠷᠣᠨ ᠪᠠᠶᠢᠷᠢ ᠶᠢᠨ ᠨᠥᠬᠦᠴᠡᠯ ᠵᠡᠷᠭᠡ ᠬᠠᠷᠢᠴᠠᠩᠭᠤᠢ ᠳᠠᠪᠠᠭᠤᠯᠢᠭ ᠲᠠᠯ᠎ᠠ ᠪᠠᠨ ᠨᠠᠩ ᠢᠯᠡᠭᠦᠦ ᠪᠠᠳᠠᠷᠠᠭᠤᠯᠵᠤ᠂ ᠣᠷᠴᠢᠨ ᠪᠠᠶᠢᠳᠠᠯ ᠳᠠᠭᠠᠨ ᠵᠣᠬᠢᠴᠠᠨ᠂ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠠᠵᠢᠯᠯᠠᠵᠤ᠂ ᠰᠢᠯᠤᠭᠤᠨ ᠬᠥᠬᠡ ᠬᠤᠰᠢᠭᠤᠨ ᠤ ᠴᠢᠨᠠᠷᠯᠢᠭ ᠬᠥᠭᠵᠢᠯᠲᠡ ᠶᠢᠨ ᠰᠢᠨ᠎ᠡ ᠣᠷᠴᠢᠨ ᠨᠦᠬᠦᠴᠡᠯ ᠢ ᠪᠣᠢ ᠪᠣᠯᠭᠠᠨ᠎ᠠ᠃         ᠢᠷᠡᠬᠦ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠣᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠭᠠᠨ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠎ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠵᠤ᠂ ᠬᠤᠰᠢᠭᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠣᠰᠣᠭᠠᠷ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢ ᠵᠣᠬᠢᠴᠠᠭᠤᠯᠤᠨ ᠠᠬᠢᠭᠤᠯᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠳᠣᠯ ᠦᠭᠡᠢ ᠬᠥᠭᠵᠢᠯᠲᠡ︾᠎ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢ ᠭᠤᠶᠢᠪᠢᠰᠢ ᠦᠭᠡᠢ ᠪᠠᠷᠢᠮᠲᠠᠯᠠᠨ᠎ᠠ᠃ ᠴᠢᠨᠠᠷᠯᠢᠭ ᠬᠥᠭᠵᠢᠯᠲᠡ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ  ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠱᠣᠭᠤᠮ ᠪᠣᠯᠭᠠᠵᠤ᠂ ᠴᠡᠭᠴᠡᠯᠡᠨ  ᠵᠠᠰᠠᠬᠤ ᠳᠣᠭᠳᠠᠯᠴᠠᠭ᠎ᠠ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠪᠠᠲᠤᠯᠠᠭ᠎ᠠ ᠪᠣᠯᠭᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠭᠦᠢᠴᠡᠳᠬᠡᠵᠦ᠂ ᠣᠳᠣᠬᠢᠴᠢᠯᠠᠭᠰᠠᠨ ᠮᠢᠬᠠᠨ ᠤ ᠦᠬᠡᠷ ᠤᠨ ᠪᠥᠬᠦ ᠠᠵᠤ ᠦᠶᠯᠡᠰ ᠤᠨ ᠬᠡᠯᠬᠢᠶ᠎ᠡ᠂ ᠣᠳᠣᠬᠢᠴᠢᠯᠠᠭᠰᠠᠨ ᠡᠨᠧᠷᠭᠢ ᠶᠢᠨ ᠠᠵᠤ ᠠᠬᠤᠶ ᠶᠢᠨ ᠣᠷᠴᠢᠯ ᠠᠵᠤ ᠦᠢᠯᠡᠰ ᠤᠨ ᠬᠡᠯᠬᠢᠶ᠎ᠡ ᠪᠣᠯᠣᠨ ᠬᠤᠯᠠᠨ ᠰᠢᠷᠭ᠎ᠠ ᠲᠠᠭ᠎ᠠ ᠶᠢᠨ ᠮᠠᠩᠬᠠᠨ ᠤ ᠠᠮᠢ ᠠᠬᠤᠶ ᠶᠢᠨ ᠵᠠᠰᠠᠯᠲᠠ ᠶᠢᠨ ᠣᠷᠣᠨ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠵᠣᠬᠢᠴᠠᠩᠭᠤᠢ ᠬᠥᠭᠵᠢᠯ ᠤᠨ ᠲᠥᠪᠯᠡᠷᠡᠩᠭᠦᠢ ᠣᠷᠣᠨ ᠢ ᠡᠷᠴᠢᠮᠳᠠᠢ ᠪᠠᠶᠢᠭᠤᠯᠤᠨ᠂ ᠳᠠᠪᠠᠭᠤᠯᠢᠭ ᠲᠠᠢ ᠣᠨᠴᠠᠯᠢᠭᠲᠣ ᠠᠵᠤ ᠦᠢᠯᠡᠰ ᠢ ᠪᠣᠵᠠᠭᠠᠶᠢᠷᠠᠭᠤᠯᠤᠨ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠰᠢᠯᠤᠭᠤᠨ ᠬᠥᠬᠡ ᠬᠤᠰᠢᠭᠤᠨ ᠤ ᠴᠢᠨᠠᠷᠯᠢᠭ ᠬᠥᠭᠵᠢᠯᠲᠡ ᠶᠢᠨ ᠰᠢᠨ᠎ᠡ ᠲᠡᠦᠬᠡ ᠶᠢ ᠪᠢᠴᠢᠭᠯᠡᠶ᠎ᠡ᠃ᠠᠵᠤ ᠠᠬᠤᠢ ᠨᠡᠶᠢᠭᠡᠮ ᠤᠨ ᠭᠤᠣᠯ ᠬᠠᠷᠠᠯᠲᠠ᠄ 2025 ᠣᠨ ᠪᠣᠯᠬᠤ ᠳᠤ᠂ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠪᠦᠷᠢ ᠳᠤᠮᠳᠠᠴᠢ ᠪᠠᠷ 5 %᠎ ᠠᠴᠠ ᠳᠡᠭᠡᠭᠰᠢ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠡᠩ ᠎ ᠤᠨ ᠲᠥᠰᠦᠪ ᠤᠨ ᠣᠷᠣᠯᠭ᠎ᠠ ᠶᠢ ᠵᠢᠯ  ᠪᠦᠷᠢ ᠳᠤᠮᠳᠠᠴᠢ ᠪᠠᠷ 3 %᠎ ᠠᠴᠠ ᠳᠡᠭᠡᠭᠰᠢ ᠨᠡᠮᠡᠭᠳᠡᠭᠦᠯᠦᠨ᠎ᠡ᠃  ᠪᠦᠬᠦ ᠨᠡᠶᠢᠭᠡᠮ ᠎ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 8 %᠎ ᠠᠴᠠ ᠳᠡᠭᠡᠭᠰᠢ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 6 %᠎ ᠠᠴᠠ ᠳᠡᠭᠡᠭᠰᠢ ᠨᠡᠮᠡᠭᠳᠡᠭᠦᠯᠦᠨ᠎ᠡ᠃ ᠬᠤᠲᠠ ᠬᠥᠳᠡᠭᠡᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ 49280 ᠲᠥᠭᠦᠷᠢᠭ ᠪᠠ 28360 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ ᠲᠣᠰ ᠲᠣᠰ 4 . 5 % ᠪᠠ 6 %᠎ ᠪᠠᠷ ᠨᠡᠮᠡᠭᠳᠡᠨ᠎ᠡ᠃ 2025 ᠣᠨ ᠪᠣᠯᠬᠤ ᠎ ᠳᠤ᠂ ᠪᠢᠳᠡ ᠠᠵᠤ ᠠᠬᠤᠢ ᠶᠢᠨ ᠪᠣᠳᠠᠲᠤ ᠬᠦᠴᠦᠨ ᠳᠠᠪᠰᠢᠭᠰᠠᠨ᠂ ᠬᠥᠭᠵᠢᠯᠲᠡ ᠶᠢᠨ ᠲᠦᠪᠰᠢᠨ ᠪᠦᠬᠦ ᠲᠠᠯ᠎ᠠ ᠪᠠᠷ ᠳᠡᠭᠡᠭᠰᠢᠯᠡᠭᠰᠡᠨ᠂ ᠬᠤᠲᠠ ᠬᠥᠳᠡᠭᠡ ᠶᠢᠨ ᠣᠷᠴᠢᠨ ᠲᠣᠭᠤᠷᠢᠨ  ᠲᠡᠨᠢᠭᠦᠨ ᠲᠠᠭᠠᠯᠠᠮᠵᠢᠲᠠᠢ᠂ ᠨᠡᠶᠢᠭᠡᠮ ᠤᠨ ᠪᠠᠶᠢᠳᠠᠯ ᠡᠶ᠎ᠡ ᠵᠣᠬᠢᠴᠠᠩᠭᠤᠢ᠂ ᠠᠷᠠᠳ ᠤᠨ ᠠᠮᠢᠳᠤᠷᠠᠯ ᠴᠢᠨᠡᠭᠡᠯᠢᠭᠵᠢᠭᠰᠡᠨ ᠵᠣᠯ ᠵᠢᠷᠭᠠᠯ ᠲᠠᠢ ᠰᠢᠯᠤᠭᠤᠨ ᠬᠥᠬᠡ ᠶᠢᠨ ᠳᠥᠷᠢ ᠪᠠᠶᠢᠳᠠᠯ ᠢ ᠡᠭᠦᠳᠬᠦ ᠪᠤᠯᠤᠨ᠎ᠠ᠃         ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠳᠡᠢ᠄         ︵ᠨᠢᠭᠡ︶ ᠠᠮᠢ ᠠᠬᠤᠶ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠴᠢᠨᠠᠷᠯᠢᠭ ᠬᠥᠭᠵᠢᠯᠲᠡ ᠪᠠᠷ ᠰᠠᠭᠤᠷᠢ ᠪᠣᠯᠭᠠᠨ᠎ᠠ᠃ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ︾᠎ ᠪᠠᠷ ᠤᠳᠤᠷᠢᠳᠤᠮᠵᠢ ᠶᠢ ᠪᠤᠢ ᠪᠣᠯᠭᠠᠵᠤ᠂ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠢ ᠪᠠᠷ ᠰᠠᠭᠤᠷᠢᠯᠠᠬᠤ ᠬᠥᠭᠵᠢᠯᠲᠡ ᠎ ᠶᠢᠨ ᠰᠡᠳᠬᠢᠴᠡ ᠶᠣᠰᠣᠭᠠᠷ᠂ ᠳᠠᠪᠠᠭᠤᠯᠢᠭ ᠢᠶᠠᠨ  ᠪᠠᠳᠠᠷᠠᠭᠤᠯᠤᠨ ︽ᠬᠤᠶᠠᠷ ᠬᠡᠯᠬᠢᠶ᠎ᠡ ᠬᠤᠶᠠᠷ ᠣᠷᠣᠨ︾᠎ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠡᠷᠴᠢᠮᠳᠠᠢ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠮᠢᠬᠠᠨ ᠤ ᠦᠬᠡᠷ ᠤᠨ ᠪᠦᠬᠦ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠨ᠎ᠠ᠃  ᠮᠠᠨ ᠤ ᠠᠶᠢᠮᠠᠭ ᠤᠯᠤᠰ ᠤᠨ ᠲᠠᠰ ᠤᠨ ᠪᠠᠶᠢᠭᠠᠯᠢᠯᠢᠭ ᠮᠠᠯ ᠤᠨ ᠠᠰᠢᠭ ᠰᠢᠮ᠎ᠡ ᠶᠢᠨ ᠲᠡᠷᠢᠭᠦᠨ ᠤ ᠪᠦᠲᠦᠭᠡᠭᠳᠡᠬᠦᠨ ᠤ ᠨᠡᠶᠢᠰᠯᠡᠯ ᠢ ᠪᠥᠲᠥᠭᠡᠨ ᠪᠠᠶᠢᠭᠤᠯᠬᠤ ᠠᠵᠠ ᠲᠣᠬᠢᠶᠠᠯ ᠢ ᠵᠠᠪᠳᠣᠨ ᠣᠳᠣ ᠦᠶ᠎ᠡ ᠶᠢᠨ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠎ ᠤᠨ ᠬᠥᠭᠵᠢᠯᠲᠡ ᠶᠢᠨ ᠬᠠᠨᠳᠣᠰᠢ ᠶᠢ ᠪᠠᠳᠣᠳᠬᠠᠵᠤ᠂ ᠳᠠᠶᠢᠴᠢᠯᠠᠭᠴᠢ ᠠᠵᠤ ᠠᠬᠤᠶᠢᠯᠠᠯ ᠢ ᠢᠳᠡᠪᠬᠢᠲᠡᠶ ᠪᠠᠷ ᠤᠷᠢᠵᠤ᠂ ︽ᠠᠵᠤ ᠠᠬᠤᠶᠢᠯᠠᠯ + ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾᠎ ᠶᠢᠨ ᠬᠥᠭᠵᠢᠯᠲᠡ ᠶᠢᠨ ᠬᠡᠯᠪᠡᠷᠢ ᠶᠢ ᠪᠠᠬᠢᠵᠢᠭᠦᠯᠵᠦ ᠂ ᠰᠠᠶᠢᠨ ᠡᠭᠦᠯᠳᠡᠷ ᠢ ᠥᠰᠬᠡᠬᠦ᠂ ᠰᠢᠨᠵᠢᠯᠡᠬᠦ ᠤᠬᠠᠭᠠᠨᠴᠢ ᠪᠠᠷ ᠲᠡᠵᠢᠭᠡᠬᠦ᠂ ᠪᠣᠷᠳᠣᠨ ᠲᠡᠵᠢᠭᠡᠬᠦ᠂ ᠬᠢᠵᠢᠭ ᠢ ᠰᠡᠷᠭᠡᠶᠢᠯᠡᠨ ᠬᠤᠷᠢᠭᠯᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠪᠤᠷᠳᠤᠭ᠎ᠠ ᠶᠢ ᠨᠥᠭᠡᠴᠡᠯᠡᠬᠦ ᠠᠵᠢᠯ ᠢ ᠰᠠᠶᠢᠳᠣᠷ ᠠᠳᠬᠤᠵᠤ᠂ ᠣᠶᠣᠨᠴᠢ ᠮᠠᠯ ᠠᠵᠤ ᠠᠬᠤᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ᠡᠬᠡ ᠮᠠᠯ ᠤᠨ ᠰᠠᠭᠤᠷᠢᠨ ᠭᠠᠵᠠᠷ ᠪᠠᠶᠢᠭᠤᠯᠬᠤ ᠪᠣᠯᠣᠨ ᠭᠤᠤᠯᠳᠠᠯᠭᠠᠳᠤ ᠰᠦᠷᠦᠭ᠂ ᠨᠡᠮᠡᠷᠢ ᠶᠢᠨ ᠰᠦᠷᠦᠭ ᠢ ᠥᠰᠬᠡᠬᠦ ᠪᠠ ᠫᠧᠩ ᠬᠤᠷᠤᠭ᠎ᠠ ᠶᠢ ᠰᠠᠶᠢᠵᠢᠷᠠᠭᠤᠯᠤᠨ ᠰᠢᠨᠡᠳᠬᠡᠬᠦ ᠠᠵᠢᠯ ᠢ ᠴᠢᠩᠭᠠᠳᠬᠠᠨ᠂ ᠴᠥᠭᠡᠨ ᠮᠠᠯᠵᠢᠬᠤ᠂ ᠤᠬᠠᠭᠠᠯᠢᠭ ᠮᠠᠯᠵᠢᠬᠤ᠂ ᠰᠢᠯᠢᠳᠡᠭ ᠢ ᠮᠠᠯᠵᠢᠬᠤ ᠶᠢ ᠠᠬᠢᠭᠤᠯᠤᠨ ᠂ ᠠᠮᠢ ᠠᠬᠤᠶ᠂ ᠦᠶᠯᠡᠳᠪᠦᠷᠢᠯᠡᠯ᠂ ᠠᠷᠠᠳ ᠤᠨ ᠠᠮᠢᠳᠤᠷᠠᠯ ᠤᠨ ᠨᠢᠭᠡ ᠴᠣᠭᠴᠠᠵᠢᠭᠰᠠᠨ ᠬᠥᠭᠵᠢᠯᠲᠡ ᠶᠢ ᠪᠡᠶᠡᠯᠡᠭᠦᠯᠦᠨ᠂ ᠣᠷᠣᠨ ᠤ ᠲᠡᠰ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠥᠰᠬᠡᠨ ᠪᠣᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠣᠳᠣᠬᠢᠴᠢᠯᠠᠭᠰᠠᠨ ᠮᠢᠬᠠᠨ ᠤ ᠦᠬᠡᠷ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠪᠠᠷ ᠴᠢᠷᠮᠠᠶᠢᠨ᠎ᠠ᠃ 2025 ᠣᠨ ᠪᠣᠯᠬᠤ ᠳᠤ᠂ ︽ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ 10 ᠲᠦᠮᠡᠨ ᠡᠬᠡ ᠮᠠᠯ ᠢ ᠵᠦᠶ ᠵᠣᠬᠢᠰᠲᠠᠶ ᠪᠡᠯᠴᠢᠭᠡᠷᠯᠡᠭᠦᠯᠬᠦ᠂ 10 ᠲᠦᠮᠡᠨ ᠡᠬᠡ ᠮᠠᠯ ᠢ ᠬᠠᠰᠢᠶᠠᠯᠠᠨ ᠪᠤᠷᠳᠣᠬᠤ᠂ 10 ᠲᠦᠮᠡᠨ ᠲᠣᠯᠣᠭᠠᠶ ᠡᠬᠡ ᠮᠠᠯ ᠪᠣᠶᠢᠵᠢᠭᠤᠯᠬᠤ ᠪᠣᠶᠣ ᠪᠣᠷᠳᠣᠵᠤ᠂ 10 ᠲᠦᠮᠡᠨ ᠲᠣᠯᠣᠭᠠᠶ ᠶᠢ ᠡᠳ᠋ᠰᠢᠭᠦᠯᠦᠨ ᠪᠣᠷᠣᠯᠠᠭᠤᠯᠬᠤ︾ ᠡᠭᠦᠷᠭᠡ ᠪᠠᠨ ᠪᠡᠶᠡᠯᠡᠭᠦᠯᠵᠦ ᠂ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 2᠎ ᠠᠴᠠ ᠳᠡᠭᠡᠭᠰᠢ ᠪᠠᠶᠢᠭᠤᠯᠤᠨ᠎ᠠ᠃ ︽ᠮᠠᠯᠵᠢᠬᠤ ᠶᠢᠨ ᠲᠥᠯᠥᠭᠡ ᠳᠠᠷᠢᠬᠤ︾᠂ ︽ᠲᠠᠷᠢᠮᠠᠯ ᠢᠶᠠᠷ ᠮᠠᠯ ᠠᠵᠤ ᠠᠬᠤᠢ ᠶᠢ ᠠᠬᠢᠭᠤᠯᠬᠤ︾ ᠵᠠᠷᠴᠢᠮ ᠢ ᠪᠠᠷᠢᠮᠲᠠᠯᠠᠵᠤ᠂ ᠨᠣᠭᠤᠭᠠᠨ ᠢᠶᠠᠷ ᠳᠠᠷᠤᠰᠢᠭᠤᠯᠬᠤ ᠡᠷᠳᠡᠨᠢ ᠰᠢᠰᠢ᠂ ᠨᠣᠭᠤᠭᠠᠨ ᠪᠣᠭᠤᠳᠠᠶ᠂ ᠨᠣᠬᠠᠢ ᠶᠢᠨ ᠬᠤᠰᠢᠭᠤ ᠵᠡᠷᠭᠡ ᠥᠨᠳᠥᠷ ᠤᠨᠠᠯᠲᠠ ᠲᠠᠢ ᠡᠪᠡᠰᠦ ᠪᠣᠷᠳᠤᠭ᠎ᠠ ᠶᠢ ᠳᠠᠷᠢᠬᠤ ᠬᠠᠷᠢᠴᠠᠯ ᠢ ᠨᠡᠮᠡᠭᠳᠡᠭᠦᠯᠵᠦ᠂ ᠪᠥᠬᠦ ᠬᠤᠰᠢᠭᠤᠨ ᠎ ᠤ 12 ᠲᠦᠮᠡᠨ ᠮᠥ ᠥᠨᠳᠥᠷ ᠤᠨᠠᠯᠲᠠ ᠲᠠᠢ ᠪᠣᠷᠳᠣᠭᠠᠨ ᠤ ᠰᠠᠭᠤᠷᠢᠨ ᠭᠠᠵᠠᠷ ᠤᠨ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠵᠦ᠂ ᠬᠤᠰᠢᠭᠤ᠂ ᠰᠤᠮᠤ ᠪᠠᠯᠭᠠᠰᠤ ᠲᠠᠯᠠᠪᠠᠶ ᠪᠣᠯᠤᠨ ᠭᠠᠴᠠᠭ᠎ᠠ ᠲᠣᠰᠬᠤᠨ ᠤ ᠭᠤᠷᠪᠠᠨ ᠱᠠᠲᠤᠨ ᠤ ᠡᠪᠡᠰᠦ ᠪᠣᠷᠳᠤᠭ᠎ᠠ ᠳᠠᠷᠢᠬᠤ᠂ ᠡᠳ᠋ᠰᠢᠭᠦᠯᠬᠦ᠂ ᠨᠥᠭᠡᠴᠡᠯᠡᠬᠦ᠂ ᠬᠠᠩᠭᠠᠬᠤ ᠳᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃   2025 ᠣᠨ ᠪᠣᠯᠬᠤ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 6 ᠲᠦᠮᠡᠨ ᠮᠥ ᠪᠠᠶᠢᠭᠤᠯᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠴᠢᠳᠠᠪᠤᠷᠢ ᠶᠢ 2.6 ᠲᠦᠮᠡᠨ ᠲᠣᠨ ᠣᠷᠴᠢᠮ ᠳᠤ ᠳᠣᠭᠲᠠᠪᠤᠷᠢᠵᠢᠭᠤᠯᠬᠤ ᠶᠢᠨ ᠬᠠᠮᠳᠣ ᠡᠪᠡᠰᠦ ᠪᠣᠷᠳᠤᠭ᠎ᠠ ᠲᠠᠷᠢᠬᠤ ᠲᠠᠯᠠᠪᠠᠢ ᠶᠢ 8.3 ᠲᠦᠮᠡᠨ ᠮᠦ ᠪᠠᠶᠢᠯᠭᠠᠵᠤ᠂  ᠬᠤᠷᠢᠶᠠᠯᠲᠠ ᠶᠢ 10 ᠲᠦᠮᠡᠨ ᠲᠣᠨ ᠎ ᠳᠤ ᠬᠦᠷᠭᠡᠨ᠎ᠡ᠃ ᠣᠳᠣᠬᠢᠴᠢᠯᠠᠭᠰᠠᠨ ᠡᠨᠧᠷᠭᠢ ᠶᠢᠨ ᠠᠵᠤ ᠠᠬᠤᠢ ᠶᠢᠨ ᠣᠷᠴᠢᠯ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠦᠢᠯᠡᠰ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠪᠠ ᠪᠥᠬᠦ ᠤᠯᠤᠰ ᠤᠨ ᠰᠢᠨ᠎ᠡ ᠡᠨᠧᠷᠭᠢ ᠶᠢᠨ ᠠᠵᠤ ᠦᠶᠯᠡᠰ ᠤᠨ ᠳᠠᠪᠰᠢᠭᠰᠠᠨ ᠣᠷᠣᠨ ᠢ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠰᠠᠶᠢᠲᠤᠷ ᠠᠰᠢᠭᠯᠠᠨ᠂ ᠣᠲᠣ ᠶᠢᠨ ᠪᠠᠶᠢᠭ᠎ᠠ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠡᠵᠡᠩᠨᠡᠯᠳᠡ ᠶᠢ ᠰᠠᠶᠢᠳᠤᠷ ᠵᠤᠬᠢᠴᠠᠭᠤᠯᠤᠭᠰᠠᠨ ᠰᠠᠭᠤᠷᠢᠨ ᠳᠡᠭᠡᠷ᠎ᠡ᠂ ᠰᠠᠯᠬᠢ ᠬᠡᠷᠡᠯ ᠤᠨ ᠴᠡᠪᠡᠷ ᠡᠨᠧᠷᠭᠢ ᠎ ᠶᠢᠨ ᠲᠥᠷᠥᠯ ᠵᠦᠶᠯ ᠢ ᠡᠷᠡᠮᠡᠯᠵᠡᠯᠡᠨ ᠤᠯᠬᠤ᠂ ᠪᠤᠵᠠᠭᠠᠶᠢᠷᠠᠭᠤᠯᠬᠤ ᠪᠠ ᠤᠷᠢᠨ ᠠᠪᠴᠢᠷᠠᠬᠤ ᠡᠷᠴᠢᠮ ᠢᠶᠠᠨ ᠴᠢᠩᠭᠠᠳᠬᠠᠨ᠎ᠠ ᠃ ᠱᠠᠩᠳᠤ ᠴᠠᠬᠢᠯᠭᠠᠨ ᠦᠶᠯᠡᠳᠪᠦᠷᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠵᠣᠬᠢᠴᠠᠭᠤᠯᠤᠨ ᠠᠬᠢᠭᠤᠯᠵᠤ᠂ ᠱᠠᠩᠳᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠲᠥᠰᠥᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ︽ᠰᠠᠯᠬᠢ ᠭᠡᠷᠡᠯ ᠢᠯᠴᠢ ᠶᠢᠨ ᠡᠨᠧᠷᠭᠢ ᠶᠢ ᠬᠤᠷᠠᠮᠳᠤᠭᠤᠯᠤᠨ ᠬᠡᠷᠡᠭᠯᠡᠬᠦ︾ ᠣᠯᠠᠨ ᠡᠨᠧᠷᠭᠢ ᠬᠠᠷᠢᠯᠴᠠᠨ ᠨᠥᠬᠦᠪᠥᠷᠢᠯᠡᠭᠰᠡᠨ ᠠᠵᠤ ᠦᠢᠯᠡᠰ ᠤᠨ ᠪᠦᠳᠦᠴᠡ ᠶᠢ ᠪᠦᠷᠢᠯᠳᠦᠭᠦᠯᠦᠨ᠎ᠡ᠃ 2025 ᠣᠨ ᠪᠣᠯᠬᠤ ᠳᠤ᠂ ᠴᠠᠬᠢᠯᠭᠠᠨ ᠬᠠᠩᠭᠠᠬᠤ ᠮᠠᠰᠢᠨ ᠴᠣᠭᠴᠠᠯᠠᠪᠤᠷᠢ ᠶᠢᠨ ᠦᠢᠯᠡᠳᠪᠦᠷᠢᠯᠡᠯ ᠤᠨ ᠶᠡᠷᠦᠩᠬᠡᠶ ᠬᠡᠮᠵᠢᠶ᠎ᠡ ᠶᠢ 600 ᠲᠦᠮᠡᠨ ᠺᠢᠯᠣᠸᠠᠲ ᠠᠴᠠ ᠳᠡᠭᠡᠭᠰᠢ ᠳᠤ ᠬᠦᠷᠴᠦ᠂ ᠡᠭᠦᠨ ᠳᠤ ᠰᠢᠨ᠎ᠡ ᠡᠨᠧᠷᠭᠢ ᠶᠢᠨ ᠡᠵᠡᠯᠡᠬᠦ ᠬᠠᠷᠢᠴᠠᠯ ᠢ 38 % ᠣᠷᠴᠢᠮ ᠳᠤ ᠬᠦᠷᠭᠡᠨ᠎ᠡ᠃ ᠬᠤᠯᠠᠨ ᠰᠢᠷᠭ᠎ᠠ ᠲᠠᠭ᠎ᠠ ᠎ ᠶᠢᠨ ᠮᠠᠩᠬᠠᠨ ᠭᠠᠵᠠᠷ ᠤᠨ ᠠᠮᠢ ᠠᠬᠤᠶ ᠶᠢᠨ ᠵᠠᠰᠠᠯᠲᠠ ᠶᠢᠨ ᠣᠷᠣᠨ ᠢ ᠰᠢᠯᠢᠳᠡᠭᠵᠢᠭᠦᠯᠦᠨ᠎ᠡ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠦᠵᠡᠯᠲᠡ ᠶᠢ  ᠪᠣᠶ ᠪᠣᠯᠭᠠᠵᠤ᠂ ᠡᠪᠡᠰᠦ ᠪᠡᠯᠴᠢᠭᠡᠷ ᠤᠨ ᠪᠠᠶᠢᠳᠠᠯ ᠢᠶᠠᠷ ᠮᠠᠯ ᠰᠦᠷᠦᠭ ᠤᠨ ᠬᠡᠮᠵᠢᠶ᠎ᠡ ᠶᠢ ᠲᠣᠭᠲᠠᠭᠠᠬᠤ᠂ ᠠᠮᠢᠳᠣᠯᠢᠭ ᠢᠶᠠᠷ ᠲᠡᠩᠴᠡᠭᠦᠷᠢᠰᠢᠭᠦᠯᠬᠦ ᠶᠢ ᠪᠠᠷᠢᠮᠲᠠᠯᠠᠵᠤ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠱᠠᠩᠨᠠᠯ ᠨᠦᠬᠦᠪᠦᠷᠢ ᠶᠢᠨ ᠲᠥᠷᠥ ᠎ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠵᠢᠯᠯᠠᠭ᠎ᠠ ᠶᠢ ᠴᠢᠩᠭ᠎ᠠ ᠴᠡᠭᠴᠡᠯᠡᠨ᠎ᠡ᠃ ᠥᠪᠡᠷᠳᠡᠭᠡᠨ ᠵᠠᠰᠠᠬᠤ ᠤᠷᠤᠨ ᠤ ᠬᠤᠯᠠᠨ ᠰᠢᠷᠭ᠎ᠠ ᠲᠠᠭ᠎ᠠ ᠶᠢ ᠶᠡᠷᠦᠩᠬᠡᠶᠢᠯᠡᠨ ᠵᠠᠰᠠᠵᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠤᠷᠰᠢᠯᠲᠠ ᠶᠢᠨ ᠴᠢᠭ ᠤᠨ ᠠᠵᠠ ᠲᠣᠬᠢᠶᠠᠯ ᠢ ᠠᠰᠢᠭᠯᠠᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠮᠢᠬᠠᠨ ᠤ ᠦᠬᠡᠷ ᠤᠨ ᠪᠥᠬᠦ ᠠᠵᠤ ᠦᠶᠯᠡᠰ ᠤᠨ ᠬᠡᠯᠬᠢᠶᠡᠨ ᠤ ᠳᠣᠲᠠᠭᠳᠠᠯ ᠢ ᠨᠥᠬᠦᠪᠥᠷᠢᠯᠡᠨ᠎ᠡ᠃ ᠭᠤᠤᠯᠳᠠᠯᠭ᠎ᠠ ᠲᠠᠢ ᠠᠮᠢ ᠠᠬᠤᠢ ᠶᠢᠨ ᠣᠷᠣᠨ ᠤ ᠵᠠᠰᠠᠯᠲᠠ ᠶᠢᠨ ᠠᠷᠭ᠎ᠠ ᠬᠡᠮᠵᠢᠶ᠎ᠡ ᠶᠢ ᠭᠦᠨᠵᠡᠭᠡᠶ ᠠᠬᠢᠭᠤᠯᠵᠤ᠂ ︽ᠭᠤᠷᠪᠠᠨ ᠱᠤᠭᠤᠮ ᠨᠢᠭᠡ ᠳᠠᠩᠰᠠ︾᠎ ᠪᠠᠷ ᠣᠷᠣᠨ ᠬᠤᠪᠢᠶᠠᠨ ᠬᠢᠨᠠᠨ ᠬᠠᠮᠢᠶᠠᠷᠬᠤ ᠱᠠᠭᠠᠷᠳᠠᠯᠭ᠎ᠠ ᠶᠢ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠡᠵᠡᠩᠨᠡᠬᠦ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠠᠵᠢᠯ ᠢ ᠪᠡᠶᠡᠯᠡᠭᠦᠯᠵᠦ᠂ ᠠᠮᠢ ᠠᠬᠤᠢ ᠶᠢᠨ ᠡᠬᠢ ᠪᠠᠶᠠᠯᠢᠭ ᠢ ᠠᠰᠢᠭᠯᠠᠬᠤ ᠠᠴᠠ ᠡᠮᠦᠨᠡᠬᠢ ᠬᠢᠨᠠᠨ ᠪᠠᠶᠢᠴᠠᠭᠠᠯᠲᠠ ᠪᠠ ᠲᠠᠲᠠᠪᠤᠷᠢᠯᠠᠨ ᠬᠡᠷᠡᠭᠯᠡᠬᠦ ᠦᠶᠡᠰ ᠤᠨ ᠬᠢᠨᠠᠨ ᠵᠥᠪᠰᠢᠶᠡᠷᠡᠯ ᠤᠨ ᠠᠵᠢᠯ ᠢ ᠬᠢᠨᠠᠮᠠᠭᠠᠢ ᠥᠷᠨᠢᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠶ᠂ ᠪᠣᠬᠢᠷᠳᠣᠯ ᠶᠡᠬᠡᠲᠡᠶ᠂ ᠦᠷ᠎ᠡ ᠠᠰᠢᠭ ᠳᠣᠤᠷ᠎ᠠ ᠲᠥᠰᠥᠯ ᠢ ᠬᠡᠷᠡᠭᠵᠢᠭᠦᠯᠬᠦ ᠶᠢ ᠴᠢᠩᠭ᠎ᠠ ᠬᠤᠷᠢᠭᠯᠠᠨ᠎ᠠ᠃ ︽ᠠᠭᠤᠯᠠ ᠤᠰᠤ᠂ ᠣᠶ ᠮᠣᠳᠣ᠂ ᠭᠠᠵᠠᠷ ᠲᠠᠷᠢᠶ᠎ᠠ᠂ ᠨᠠᠭᠤᠷ ᠴᠥᠬᠦᠷᠦᠮ᠂ ᠨᠤᠲᠤᠭ ᠪᠡᠯᠴᠢᠭᠡᠷ᠂ ᠡᠯᠡᠰᠦ ᠮᠠᠩᠬᠠᠨ︾᠎ ᠤ ᠰᠢᠰᠲ᠋ᠧᠮ ᠢ ᠵᠠᠰᠠᠬᠤ ᠠᠵᠢᠯ ᠢ ᠨᠢᠭᠡᠳᠦᠯᠲᠡᠶ ᠲᠥᠯᠥᠪᠵᠢᠭᠦᠯᠵᠦ᠂ ︽ᠣᠶ ᠰᠢᠭᠤᠶ ᠨᠤᠲᠤᠭ ᠪᠡᠯᠴᠢᠭᠡᠷ ᠤᠨ ᠬᠠᠷᠢᠭᠤᠴᠠᠯᠭᠠᠲᠠᠨ ᠤ ᠲᠦᠷᠢᠮ︾᠂ ︽ᠭᠤᠤᠯ ᠮᠥᠷᠡᠨ ᠨᠠᠭᠤᠷ ᠴᠥᠭᠦᠷᠥᠮ ᠤᠨ ᠬᠠᠷᠢᠭᠤᠴᠠᠯᠭᠠᠲᠠᠨ ᠤ ᠲᠦᠷᠢᠮ︾᠎ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠨ ᠵᠠᠰᠠᠬᠤ ᠢᠨᠵᠧᠨᠧᠷᠢᠩ ᠢᠶᠠᠷ ᠭᠤᠤᠯᠳᠠᠯᠭ᠎ᠠ ᠪᠣᠯᠭᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠠ ᠴᠡᠴᠡᠷᠯᠢᠭ ᠤᠨ ᠰᠢᠰᠲ᠋ᠧᠮ ᠤᠨ ᠪᠠᠶᠢᠭᠤᠯᠤᠯᠲᠠ ᠪᠣᠯᠣᠨ ᠣᠶ ᠰᠢᠭᠤᠶ ᠶᠢᠨ ᠴᠢᠨᠠᠷ ᠢ ᠳᠡᠭᠡᠭᠰᠢᠯᠡᠭᠦᠯᠬᠦ ᠪᠠ ᠤᠯᠠᠮ ᠰᠡᠷᠭᠦᠭᠡᠬᠦ᠂ ᠭᠠᠴᠠᠭ᠎ᠠ ᠲᠣᠰᠬᠤᠨ ᠤ ᠨᠣᠭᠤᠭᠠᠷᠠᠭᠤᠯᠤᠯᠳᠠ ᠶᠢ ᠨᠡᠮᠡᠭᠳᠡᠭᠦᠯᠬᠦ᠂ ᠨᠤᠭᠤ ᠭᠠᠵᠠᠷ ᠢ ᠬᠢᠨᠠᠨ ᠡᠵᠡᠮᠳᠡᠬᠦ ᠵᠢᠴᠢ ᠬᠠᠮᠠᠭᠠᠯᠠᠨ ᠰᠡᠷᠭᠦᠭᠡᠬᠦ ᠵᠡᠷᠭᠡ ᠲᠥᠰᠥᠯ ᠤᠳ ᠢ ᠡᠷᠴᠢᠮᠳᠠᠢ ᠬᠡᠷᠡᠭᠵᠢᠭᠦᠯᠬᠦ ᠶᠢᠨ ᠬᠠᠮᠳᠣ ᠲᠠᠯ᠎ᠠ ᠨᠤᠳᠤᠭ ᠤᠨ ᠬᠤᠯᠤᠭᠠᠨ᠎ᠠ ᠰᠢᠪᠠᠵᠢ ᠶᠢᠨ ᠬᠥᠨᠥᠭᠡᠯ ᠢ ᠤᠷᠢᠳᠴᠢᠯᠠᠨ ᠮᠡᠳᠡᠭᠡᠯᠡᠬᠦ ᠳᠣᠭᠳᠠᠯᠴᠠᠭ᠎ᠠ ᠵᠢᠴᠢ ᠬᠥᠷᠥᠰᠦᠨ ᠤ ᠪᠠᠶᠢᠳᠠᠯ ᠢ ᠰᠡᠷᠭᠡᠶᠢᠯᠡᠨ ᠵᠠᠰᠠᠬᠤ ᠳᠣᠭᠳᠠᠯᠴᠠᠭ᠎ᠠ ᠶᠢ ᠪᠦᠷᠢᠨᠰᠢᠬᠦᠯᠵᠦ᠂ 8.14 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠤᠨ 138 ᠲᠥᠮᠡᠨ ᠮᠦ ᠣᠢ ᠰᠢᠭᠤᠢ ᠲᠠᠯ᠎ᠠ ᠨᠤᠳᠤᠭ ᠢ ᠣᠶᠢᠵᠢᠭᠤᠯᠬᠤ ᠡᠭᠦᠷᠭᠡ ᠶᠢ ᠪᠡᠶᠡᠯᠡᠭᠦᠯᠦᠨ᠎ᠡ᠃ 2025 ᠣᠨ ᠪᠣᠯᠬᠤ ᠳᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 23%᠎ ᠠᠴᠠ ᠳᠡᠭᠡᠭᠰᠢ ᠳᠤ ᠬᠦᠷᠭᠡᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢ 55%᠎ ᠳᠤ ᠬᠦᠷᠭᠡᠨ᠎ᠡ᠃ ᠬᠥᠬᠡ ᠣᠭᠲᠠᠷᠭᠤᠶ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠠᠵᠢᠯᠯᠠᠭ᠎ᠠ ᠶᠢ ᠰᠠᠶᠢᠲᠤᠷ ᠬᠢᠵᠦ᠂ ᠡᠨᠧᠷᠭᠢ ᠤᠰᠤᠨ ᠤ ᠡᠬᠢ ᠪᠠᠶᠠᠯᠢᠭ ᠤᠨ ᠶᠡᠷᠦᠩᠬᠡᠢ ᠬᠤᠷᠣᠭᠳᠠᠯ ᠪᠣᠯᠣᠨ ᠬᠦᠴᠦᠯᠡᠴᠡ ᠶᠢ ᠬᠢᠵᠠᠭᠠᠷᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ᠠᠭᠤᠷᠬᠠᠶ ᠶᠢᠨ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠮᠠᠯᠲᠠᠭᠰᠠᠨ ᠭᠠᠵᠠᠷ ᠢ ᠳᠠᠬᠢᠨ ᠣᠶᠢᠵᠢᠭᠤᠯᠬᠤ ᠠᠵᠢᠯ ᠢ ᠰᠠᠶᠢᠲᠤᠷ ᠠᠳᠬᠤᠵᠤ᠂ ᠬᠠᠶᠠᠭᠳᠠᠮᠠᠯ ᠠᠭᠤᠷᠬᠠᠢ ᠶᠢᠨ ᠬᠦᠨᠳᠡᠢ ᠶᠢ ᠵᠠᠰᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠬᠦᠴᠦᠯᠡᠴᠡ ᠪᠠᠨ ᠴᠢᠩᠭᠠᠷᠠᠭᠤᠯᠵᠤ᠂ ︽ᠵᠠᠳᠠᠭᠠᠢ ᠰᠠᠯᠠᠩ ᠪᠣᠬᠢᠷᠲᠤᠯ ᠲᠠᠢ︾ ᠠᠵᠤ ᠦᠶᠯᠡᠳᠪᠦᠷᠢ᠂ ᠠᠵᠤ ᠠᠬᠤᠶᠢᠯᠠᠯ ᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠩᠭᠤ ᠥᠷᠨᠢᠭᠦᠯᠵᠦ᠂ ᠰᠢᠯᠢᠳᠡᠭ ᠠᠭᠠᠷ ᠤᠨ ᠴᠢᠨᠠᠷ ᠲᠠᠢ ᠡᠳᠦᠷ ᠎ ᠤᠨ ᠲᠤᠭ᠎ᠠ ᠶᠢ 90%᠎ ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠤᠤᠭᠤᠬᠤ ᠤᠰᠤᠨ ᠤ ᠬᠠᠩᠭᠠᠯᠭ᠎ᠠ ᠶᠢᠨ ᠰᠤᠷᠪᠤᠯᠵᠢ ᠶᠢ ᠳᠥᠷᠢᠮᠵᠢᠭᠦᠯᠦᠨ ᠬᠠᠮᠢᠶᠠᠷᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠵᠠᠰᠠᠯᠲᠠ ᠶᠢ ᠲᠦᠯᠬᠢᠨ ᠠᠬᠢᠭᠤᠯᠤᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ  ᠠᠵᠢᠯ ᠢ ᠭᠦᠨᠵᠡᠭᠡᠢ ᠥᠷᠨᠢᠭᠦᠯᠵᠦ᠂ ᠪᠠᠷᠢᠯᠭ᠎ᠠ ᠶᠢᠨ ᠬᠤᠭ ᠨᠣᠪᠰᠢ᠂ ᠡᠮ ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠠᠮᠢᠶᠠᠷᠣᠯᠳᠠ ᠶᠢ ᠴᠢᠩᠭᠠᠳᠬᠠᠬᠤ ᠶᠢᠨ ᠬᠠᠮᠳᠣ ᠲᠠᠷᠢᠶᠠᠯᠠᠩ ᠤᠨ ᠬᠥᠷᠥᠰᠦᠨ ᠤ ᠪᠣᠬᠢᠷᠲᠤᠯ ᠢ ᠴᠢᠩᠭ᠎ᠠ ᠬᠢᠵᠠᠭᠠᠷᠯᠠᠵᠤ᠂ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ᠂ ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ᠂ ᠪᠦᠷᠬᠦᠭᠦᠯ ᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠬᠦ ︽ᠳᠥᠷᠪᠡ ᠶᠢ ᠡᠵᠡᠮᠳᠡᠬᠦ ᠠᠵᠢᠯᠯᠠᠭ᠎ᠠ︾᠎ ᠶᠢ ᠪᠦᠬᠦ ᠲᠠᠯ᠎ᠠ ᠪᠠᠷ ᠥᠷᠨᠢᠭᠦᠯᠵᠦ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠢ ᠪᠠᠶᠢᠭᠤᠯᠵᠤ᠂  ᠪᠢᠳᠡᠨ ᠤ ᠡᠨᠡᠬᠦ ᠠᠭᠤᠯᠠ ᠨᠢ ᠬᠥᠬᠡ᠂ ᠤᠰᠤ ᠨᠢ ᠲᠤᠩᠭᠠᠯᠠᠭ᠂ ᠲᠩᠷᠢ ᠨᠢ ᠴᠡᠯᠮᠡᠭ᠂ ᠬᠦᠷᠦᠰᠦ ᠨᠢ ᠠᠷᠢᠭᠤᠨ᠂ ᠠᠭᠠᠷ ᠨᠢ ᠴᠡᠪᠡᠷᠭᠡᠨ ᠳᠠᠩᠰᠤᠭ ᠨᠤᠳᠤᠭ ᠢᠶᠠᠨ ᠰᠠᠶᠢᠲᠤᠷ ᠰᠠᠬᠢᠨ ᠬᠠᠮᠠᠭᠠᠯᠠᠨ᠎ᠠ᠃ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠵᠣᠬᠢᠴᠠᠩᠭᠤᠢ ᠬᠥᠭᠵᠢᠯ ᠤᠨ ᠲᠥᠪᠯᠡᠷᠡᠩᠭᠦᠢ ᠣᠷᠣᠨ ᠢ ᠪᠠᠶᠢᠭᠤᠯᠤᠨ᠎ᠠ᠃ ︽ᠶᠤᠸᠠᠨ ᠤ ᠳᠡᠭᠡᠳᠦ ᠨᠡᠶᠢᠰᠯᠡᠯ︾᠂ ︽ᠬᠤᠯᠠᠨ ᠰᠢᠷᠭ᠎ᠠ ᠲᠠᠭ᠎ᠠ︾ ᠬᠤᠶᠠᠷ ᠶᠡᠭᠡ ᠵᠢᠭᠤᠯᠴᠢᠯᠠᠯ ᠤᠨ ᠡᠬᠢ ᠪᠠᠶᠠᠯᠢᠭ ᠤᠨ ᠲᠣᠭᠤᠷᠢᠨ ᠳᠤ ᠲᠥᠯᠥᠪᠵᠢᠭᠦᠯᠦᠨ ᠵᠢᠯᠤᠭᠤᠳᠴᠤ᠂ ᠲᠠᠯ᠎ᠠ ᠨᠤᠲᠤᠭ ᠤᠨ ᠵᠢᠭᠤᠯᠴᠢᠯᠠᠯ᠂ ᠣᠷᠣᠨ ᠨᠤᠳᠤᠭ ᠤᠨ ᠵᠢᠭᠤᠯᠴᠢᠯᠠᠯ᠂ ᠰᠣᠶᠣᠯ ᠤᠨ ᠵᠢᠭᠤᠯᠴᠢᠯᠠᠯ᠂ ᠬᠤᠪᠢᠰᠬᠠᠯᠲᠤ ᠵᠢᠭᠤᠯᠴᠢᠯᠠᠯ ᠪᠠ ᠮᠥᠰᠥ ᠴᠠᠰᠤᠨ ᠤ ᠵᠢᠭᠤᠯᠴᠢᠯᠠᠯ ᠤᠨ ᠲᠠᠪᠤᠨ ᠶᠡᠭᠡ ᠡᠯᠧᠮᠧᠨ᠋ᠲ ᠢ ᠬᠠᠮᠳᠣᠳᠬᠠᠨ᠂ ᠭᠤᠤᠯ ᠰᠡᠳᠦᠪ ᠨᠢ ᠳᠣᠪᠣᠶᠢᠮ᠎ᠠ᠂ ᠤᠬᠠᠭᠤᠯᠭ᠎ᠠ ᠎ ᠶᠢᠨ ᠬᠡᠪᠴᠢᠶ᠎ᠡ ᠪᠠᠷ ᠥᠷᠭᠡᠨ᠂ ᠨᠡᠶᠢᠭᠡᠮ ᠤᠨ ᠬᠦᠯᠢᠶᠠᠨ ᠵᠥᠪᠰᠢᠶᠡᠷᠡᠯ ᠢᠶᠠᠷ ᠥᠨᠳᠥᠷ ᠵᠢᠭᠤᠯᠴᠢᠯᠠᠯ ᠤᠨ ᠣᠷᠣᠨ ᠤ ᠨᠡᠷᠡᠲᠦ ᠲᠡᠮᠳᠡᠭᠲᠦ ᠶᠢ ᠪᠤᠢ ᠪᠣᠯᠭᠠᠵᠤ᠂ ᠪᠡᠯᠡ ᠣᠷᠣᠭᠤᠯᠤᠯᠲᠠ ᠶᠢ ᠪᠠᠭᠠᠰᠬᠠᠵᠤ᠂ ᠡᠵᠡᠩᠨᠡᠯᠲᠡ ᠶᠢ ᠴᠢᠬᠤᠯᠠᠴᠢᠯᠠᠭᠰᠠᠨ ᠠᠵᠤ ᠦᠢᠯᠡᠰ ᠤᠨ ᠬᠥᠭᠵᠢᠯᠲᠡ ᠶᠢᠨ ᠪᠦᠳᠦᠴᠡ ᠶᠢ ᠪᠠᠶᠢᠭᠤᠯᠤᠨ᠎ᠠ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠤᠯᠤᠰ ᠤᠨ 5A ᠲᠡᠰ ᠤᠨ ᠦᠵᠡᠮᠵᠢ ᠶᠢᠨ ᠣᠷᠣᠨ ᠢ  ᠪᠠᠶᠢᠭᠤᠯᠬᠤ ᠠᠵᠢᠯ ᠢ ᠠᠬᠢᠭᠤᠯᠵᠤ᠂ ᠦᠬᠡᠷᠴᠢᠨ ᠣᠪᠣᠭᠠᠨ ᠤ ᠣᠢ ᠰᠢᠭᠤᠢ ᠶᠢᠨ ᠲᠠᠯᠠᠪᠠᠢ᠂ ᠭᠤᠭᠤᠰᠣᠳᠠᠢ ᠶᠢᠨ ᠭᠤᠣᠯ᠂ ︽ᠲᠠᠪᠦ‍ ᠨᠢᠭᠡ︾ ᠮᠠᠯᠵᠢᠯ ᠤᠨ ᠲᠠᠯᠠᠪᠠᠢ ᠶᠢᠨ ᠮᠢᠩᠳᠠᠯᠠ ᠲᠣᠭᠤᠷᠢᠭ ᠪᠠ ᠪᠣᠱᠣᠣᠳᠠᠢ ᠰᠤᠮᠤᠨ ᠤ ᠪᠠᠶᠠᠨᠪᠤᠯᠠᠭ ᠵᠡᠷᠭᠡ ᠵᠤᠭᠠᠴᠠᠯ ᠤᠨ ᠣᠷᠣᠨ ᠢ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ ᠠᠵᠢᠯᠯᠠᠭᠠᠨ ᠤ ᠠᠴᠢᠶᠠᠯᠠᠪᠤᠷᠢ ᠶᠢ ᠪᠠᠶᠠᠯᠢᠭᠵᠢᠭᠤᠯᠤᠨ᠂ ᠵᠢᠭᠤᠯᠴᠢᠯᠠᠯ ᠤᠨ ᠰᠣᠳᠣᠨ ᠵᠠᠮ ᠱᠤᠭᠤᠮ ᠢ ᠲᠥᠯᠥᠪᠵᠢᠭᠦᠯᠵᠦ᠂ ︽ᠪᠠᠭᠠᠴᠤᠳ ᠤᠨ ᠨᠠᠶᠢᠷ ᠨᠠᠭᠠᠳᠤᠮ︾ ᠵᠡᠷᠭᠡ ᠠᠵᠢᠯᠯᠠᠭ᠎ᠠ ᠶᠢ ᠡᠷᠬᠢᠯᠡᠨ᠂ ︽ᠢᠳᠡᠵᠦ ᠤᠤᠭᠤᠬᠤ᠂ ᠬᠤᠨᠤᠬᠤ᠂ ᠵᠤᠭᠠᠴᠠᠬᠤ᠂ ᠠᠷᠠᠯᠵᠢᠶᠠᠯᠠᠬᠤ᠂ ᠨᠠᠭᠠᠳᠴᠤ ᠲᠣᠭᠯᠠᠬᠤ︾ ᠬᠤᠣᠰᠯᠠᠭᠰᠠᠨ ᠠᠵᠤ ᠦᠢᠯᠡᠰ ᠤᠨ ᠥᠷᠭᠡᠨ ᠬᠡᠯᠬᠢᠶ᠎ᠡ ᠶᠢ ᠠᠬᠢᠭᠤᠯᠤᠨ᠎ᠠ᠃ 2025 ᠣᠨ ᠪᠣᠯᠬᠤ ᠳᠤ᠂ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠢ 10 ᠵᠤᠷᠪᠤᠰ ᠪᠠᠶᠢᠭᠤᠯᠵᠤ᠂ ᠵᠢᠯ ᠤᠨ ᠵᠢᠭᠤᠯᠴᠢᠳ ᠤᠨ ᠲᠤᠭ᠎ᠠ ᠶᠢ ᠳᠤᠮᠳᠠᠴᠢ ᠪᠠᠷ 300 ᠲᠦᠮᠡᠨ ᠬᠥᠮᠦᠨ ᠤᠳᠠᠭ᠎ᠠ ᠳᠤ ᠬᠦᠷᠭᠡᠵᠦ᠂ ᠵᠢᠯ ᠤᠨ ᠳᠡᠭᠰᠢᠳᠬᠡᠭᠰᠡᠨ ᠣᠷᠣᠯᠭ᠎ᠠ ᠶᠢ 21 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠣᠷᠣᠨ ᠤ ᠲᠡᠰ ᠤᠨ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶᠡᠴᠢ ᠣᠷᠣᠨ ᠢ ᠪᠠᠶᠢᠭᠤᠯᠵᠤ᠂ ᠰᠢᠯᠤᠭᠤᠨ ᠬᠥᠬᠡ ᠬᠤᠰᠢᠭᠤ ᠶᠢ ᠤᠯᠤᠰ ᠤᠨ ᠳᠣᠲᠣᠭᠠᠳᠤ ᠭᠠᠳᠠᠭᠠᠳᠤ ᠳᠤ ᠠᠯᠳᠠᠷᠲᠠᠢ ᠵᠤᠭᠠᠴᠠᠯ ᠤᠨ ᠣᠷᠣᠨ ᠪᠣᠯᠭᠠᠨ᠎ᠠ᠃         ︵ᠬᠤᠶᠠᠷ︶ ᠳᠠᠪᠠᠭᠤᠯᠢᠭ ᠢᠶᠠᠨ ᠤᠯᠠᠷᠢᠭᠤᠯᠵᠤ᠂ ᠴᠢᠨᠠᠷᠯᠢᠭ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ︽ᠲᠠᠪᠤᠨ ᠵᠦᠶᠯ ᠤᠨ ᠣᠨᠴᠠᠯᠢᠭᠲᠤ ᠠᠵᠤ ᠦᠶᠯᠡᠰ︾᠎ ᠢ ᠪᠣᠵᠠᠭᠠᠶᠢᠷᠠᠭᠤᠯᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠳᠠᠪᠠᠭᠤᠯᠢᠭ ᠲᠠᠢ ᠣᠨᠴᠠᠯᠢᠭᠲᠤ ᠠᠵᠤ ᠦᠶᠯᠡᠰ ᠢ ᠡᠷᠴᠢᠮᠳᠠᠢ ᠪᠤᠵᠠᠭᠠᠶᠢᠷᠠᠭᠤᠯᠵᠤ᠂ ᠠᠵᠤ ᠦᠶᠯᠡᠰ ᠤᠨ ᠲᠥᠯᠥᠪᠵᠢᠭᠦᠯᠭᠡ ᠶᠢᠨ ᠪᠠᠶᠢᠷᠢᠯᠠᠭᠤᠯᠤᠯᠳᠠ ᠶᠢ ᠲᠡᠭᠦᠯᠳᠡᠷᠵᠢᠭᠦᠯᠦᠨ᠂ ᠰᠢᠨᠡᠴᠢᠯᠡᠭᠰᠡᠨ᠂ ᠬᠡᠪᠴᠢᠶᠡᠵᠢᠭᠰᠡᠨ᠂ ᠣᠯᠠᠨ ᠡᠰᠢᠵᠢᠭᠰᠡᠨ ᠠᠵᠤ ᠦᠶᠯᠡᠰ ᠤᠨ ᠳᠣᠭᠳᠠᠯᠴᠠᠭ᠎ᠠ ᠶᠢ ᠪᠠᠶᠢᠭᠤᠯᠤᠨ᠎ᠠ᠃ ᠪᠣᠬᠢᠷᠲᠤᠯ ᠥᠬᠡᠶ ᠮᠠᠯ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠪᠠ ᠭᠠᠳᠠᠭᠰᠢ ᠪᠣᠷᠤᠯᠠᠭᠤᠯᠬᠤ ᠴᠢᠳᠠᠪᠤᠷᠢ ᠶᠢ ᠨᠡᠮᠡᠭᠳᠡᠭᠦᠯᠦᠨ᠎ᠡ᠃ ᠱᠦᠨ ᠰᠢᠨ ᠰᠢᠨ ᠶᠤᠸᠠᠨ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠢᠶᠠᠷ ᠳᠠᠶᠢᠴᠢᠯᠠᠭᠴᠢ ᠪᠣᠯᠭᠠᠵᠤ᠂ ︽ᠥᠰᠬᠡᠬᠦ᠂ ᠪᠣᠶᠢᠵᠢᠭᠤᠯᠬᠤ᠂ ᠪᠣᠷᠳᠣᠬᠤ᠂ ᠡᠳ᠋ᠰᠢᠭᠦᠯᠬᠦ᠂ ᠪᠣᠷᠣᠯᠠᠭᠤᠯᠬᠤ᠂︾ ᠦᠢᠯᠡᠳᠪᠦᠷᠢᠯᠡᠯ ᠤᠨ ᠬᠡᠯᠬᠢᠶ᠎ᠡ ᠶᠢ ᠤᠷᠳᠤᠳᠬᠠᠬᠤ᠂ ᠨᠦᠬᠦᠪᠦᠷᠢᠯᠡᠬᠦ᠂ ᠬᠦᠴᠦᠷᠬᠡᠭᠵᠢᠬᠦᠯᠬᠦ ᠡᠷᠴᠢᠮ ᠢᠶᠠᠨ ᠴᠢᠩᠭᠠᠷᠠᠭᠤᠯᠵᠤ᠂ ᠣᠷᠣᠰᠢᠵᠤ ᠪᠠᠶᠢᠭ᠎ᠠ ᠬᠦᠴᠢᠷᠳᠡᠯ ᠢ ᠰᠢᠢᠳᠪᠦᠷᠢᠯᠡᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠡᠭᠦᠯᠴᠢ ᠪᠣᠯᠬᠤ ᠳᠤ᠂ ᠦᠬᠡᠷ ᠬᠤᠨᠢ  ᠨᠢᠲᠤᠯᠠᠨ ᠪᠣᠯᠪᠠᠰᠤᠷᠠᠭᠤᠯᠬᠤ ᠴᠢᠳᠠᠪᠤᠷᠢ ᠶᠢ 2 ᠲᠦᠮᠡᠨ ᠲᠣᠨ ᠳᠤ ᠬᠦᠷᠭᠡᠵᠦ᠂ ᠨᠥᠭᠡᠴᠡᠯᠡᠬᠦ ᠴᠢᠳᠠᠪᠤᠷᠢ ᠶᠢ 1 ᠲᠦᠮᠡᠨ ᠲᠣᠨ ᠳᠤ ᠬᠦᠷᠭᠡᠵᠦ᠂ ᠮᠢᠬᠠᠨ ᠤ ᠪᠦᠲᠦᠭᠡᠭᠳᠡᠭᠦᠨ ᠢ ᠨᠠᠷᠢᠯᠢᠭ ᠡᠳ᠋ᠰᠢᠭᠦᠯᠬᠦ ᠨᠣᠷᠮ᠎ᠠ ᠶᠢ 80 %᠎ ᠳᠤ ᠬᠦᠷᠭᠡᠨ᠎ᠡ᠃ ︽ᠰᠦᠨ ᠤ ᠦᠶᠯᠡᠰ ᠢ ᠬᠥᠭᠵᠢᠭᠦᠯᠬᠦ︾ ᠪᠠᠶᠢᠯᠳᠣᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ︽ᠰᠢᠯᠢ ᠶᠢᠨ ᠭᠤᠤᠯ ᠤᠨ ᠴᠠᠭᠠᠨ ᠢᠳᠡᠭᠡᠨ︾᠎ ᠤ ᠨᠡᠷᠡᠲᠦ ᠲᠡᠮᠳᠡᠭ ᠤᠨ ᠡᠭᠦᠳᠦᠯᠲᠡ ᠲᠠᠢ ᠢᠳᠡᠪᠬᠢᠲᠡᠶ ᠵᠣᠬᠢᠴᠠᠭᠤᠯᠵᠤ᠂ ᠬᠤᠷᠤᠳ᠂ ᠦᠷᠦᠮ᠎ᠡ ᠶᠢᠨ ᠤᠯᠤᠰ ᠎ ᠤᠨ ᠣᠷᠣᠨ ᠨᠤᠳᠤᠭ ᠤᠨ ᠣᠨᠴᠠ ᠭᠠᠷᠣᠯᠳᠠ ᠪᠣᠯᠬᠤ ᠵᠠᠬ᠎ᠠ ᠳᠡᠯᠭᠡᠭᠦᠷ ᠤᠨ ᠦᠨ᠎ᠡ ᠥᠷᠲᠡᠭ ᠢ ᠠᠰᠢᠭᠯᠠᠵᠤ᠂ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠪᠠ ︽ᠴᠠᠭᠠᠨ ᠢᠳᠡᠭᠡᠨ ᠤ ᠦᠶᠯᠡᠳᠪᠦᠷᠢ︾᠎ ᠶᠢ ᠪᠠᠶᠢᠭᠤᠯᠵᠤ᠂ ᠤᠯᠠᠮᠵᠢᠯᠠᠯᠲᠤ ᠴᠠᠭᠠᠨ ᠢᠳᠡᠭᠡᠨ ᠤ ᠰᠣᠶᠣᠯ ᠤᠨ ᠵᠢᠱᠢᠶ᠎ᠡ ᠦᠵᠡᠭᠦᠯᠬᠦ ᠬᠦᠷᠢᠶᠡᠯᠡᠩ ᠪᠠ ᠴᠠᠭᠠᠨ ᠢᠳᠡᠭᠡᠨ ᠤ ᠰᠣᠶᠣᠯ ᠴᠡᠴᠡᠭᠯᠡᠯᠲᠡ ᠶᠢᠨ ᠬᠠᠮᠠᠭᠠᠯᠠᠯᠲᠠ ᠶᠢᠨ ᠣᠷᠣᠨ ᠢ  ᠪᠠᠶᠢᠭᠤᠯᠤᠨ᠎ᠠ᠃ 2025 ᠣᠨ ᠪᠣᠯᠬᠤ ᠳᠤ᠂ ᠵᠢᠯ ᠤᠨ ᠰᠦᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠣᠯᠣᠭᠠᠶᠢᠯᠠᠭᠴᠢ ᠠᠵᠤ ᠠᠬᠤᠶᠢᠯᠠᠯ ᠢ ᠤᠷᠢᠵᠤ᠂ ᠲᠥᠮᠥᠰᠦᠨ ᠤ ᠬᠡᠷᠴᠢᠮᠡᠯ ᠪᠠ ᠴᠢᠨᠠᠷᠵᠢᠭᠤᠯᠤᠭᠰᠠᠨ ᠴᠠᠷᠳᠠᠭᠤᠯ ᠢ ᠡᠳ᠋ᠰᠢᠭᠦᠯᠦᠨ ᠦᠢᠯᠡᠳᠪᠦᠷᠢᠯᠡᠵᠦ᠂ ᠦᠢᠯᠡᠳᠬᠦᠨ ᠤ ᠨᠡᠮᠡᠯᠲᠡ ᠥᠷᠲᠡᠭ ᠪᠠ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠮᠣᠩᠭᠤᠯ ᠬᠢᠲᠠᠳ ᠡᠮ ᠤᠨ ᠮᠠᠲ᠋ᠧᠷᠢᠶᠠᠯ᠂ ᠠᠯᠳᠠᠩᠬᠸ᠎ᠠ ᠪᠠ ᠤᠯᠠᠭᠠᠨ᠎ᠠ ᠵᠡᠷᠭᠡ ᠣᠨᠴᠠᠯᠢᠭᠲᠤ ᠲᠠᠷᠢᠮᠠᠯ ᠤᠨ ᠦᠢᠯᠡᠰ ᠤᠨ ᠬᠦᠭᠵᠢᠯᠳᠡ ᠶᠢ ᠲᠡᠳᠬᠦᠨ ᠵᠣᠷᠢᠭᠵᠢᠭᠤᠯᠵᠤ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠣᠷᠣᠯᠭ᠎ᠠ ᠶᠢ ᠨᠡᠮᠡᠭᠳᠡᠭᠦᠯᠵᠦ ᠠᠮᠢᠳᠣᠷᠠᠯ ᠢᠶᠠᠨ ᠴᠢᠨᠡᠭᠡᠯᠢᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠷᠡᠲᠦ ᠲᠡᠮᠳᠡᠭ ᠢ ᠬᠠᠮᠠᠭᠠᠯᠠᠬᠤ ᠪᠠ ᠡᠭᠦᠳᠬᠦ ᠬᠦᠴᠦᠯᠡᠴᠡ ᠪᠠᠨ ᠨᠡᠮᠡᠭᠳᠡᠭᠦᠯᠵᠦ᠂ ᠰᠢᠯᠤᠭᠤᠨ ᠬᠥᠬᠡ ᠬᠤᠰᠢᠭᠤᠨ ᠤ ᠴᠠᠭᠠᠨ ᠢᠳᠡᠭᠡ᠂ ᠬᠤᠯᠠᠨ ᠰᠢᠷᠭ᠎ᠠ ᠲᠠᠭ᠎ᠠ ᠶᠢᠨ ᠮᠠᠩᠬᠠᠨ ᠤ ᠦᠬᠡᠷ ᠤᠨ ᠮᠢᠬ᠎ᠠ᠂ ᠠᠯᠳᠠᠩᠬᠸ᠎ᠠ ᠴᠠᠢ ᠵᠡᠷᠭᠡ ︽ᠰᠢᠯᠤᠭᠤᠨ ᠬᠥᠬᠡ ᠶᠢᠨ ᠣᠨᠴᠠᠯᠢᠭᠲᠤ ᠦᠨᠦᠷ ᠠᠮᠲᠠ︾ ᠪᠦᠬᠦᠢ ᠣᠨᠴᠠᠯᠢᠭᠲᠤ ᠨᠡᠷᠡᠲᠦ ᠲᠡᠮᠳᠡᠭ ᠢ ᠡᠭᠦᠳᠴᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠰᠢᠯᠢᠳᠡᠭᠵᠢᠭᠦᠯᠬᠦ ᠶᠢ ᠠᠬᠢᠭᠤᠯᠤᠨ᠎ᠠ᠃ ᠮᠣᠩᠭᠤᠯ ᠭᠡᠷ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠶᠢᠨ ᠲᠤᠯᠠᠳᠠ ᠮᠣᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠭᠤᠷᠢᠯᠠᠵᠤ᠂ ᠠᠵᠤ ᠠᠬᠤᠶᠢᠯᠠᠯ ᠤᠳ ᠢ ᠲᠥᠪᠯᠡᠷᠡᠭᠦᠯᠦᠨ ᠳᠥᠷᠢᠮᠵᠢᠬᠦᠯᠦᠨ ᠬᠦᠭᠵᠢᠬᠦᠯᠦᠨ᠎ᠡ᠃ ᠳᠡᠯᠭᠡᠨ ᠦᠵᠡᠭᠦᠯᠬᠦ ᠪᠡᠶᠡᠴᠢᠯᠡᠨ ᠣᠶᠢᠯᠠᠭᠠᠬᠤ ᠲᠥᠪ ᠢ ᠪᠥᠷᠢᠳᠦᠭᠦᠯᠦᠨ ᠪᠠᠶᠢᠭᠤᠯᠵᠤ᠂ ᠲᠦᠭᠦᠬᠡᠢ ᠮᠠᠲ᠋ᠧᠷᠢᠶᠠᠯ ᠬᠠᠩᠭᠠᠬᠤ ᠪᠠ ᠤᠯᠠᠮᠵᠢᠯᠠᠯᠲᠤ ᠭᠡᠷ ᠤᠨ ᠬᠡᠷᠡᠭᠰᠡᠯ ᠦᠢᠯᠡᠳᠪᠦᠷᠢᠯᠡᠬᠦ ᠠᠵᠤ ᠦᠢᠯᠡᠰ ᠤᠨ ᠬᠡᠯᠬᠢᠶ᠎ᠡ ᠶᠢ ᠤᠯᠠᠮ ᠤᠷᠲᠤᠳᠬᠠᠨ᠂ ᠮᠣᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠨᠡᠴᠢᠯᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠱᠠᠩᠳᠤ ᠴᠠᠬᠢᠯᠭᠠᠨ ᠦᠶᠯᠡᠳᠪᠦᠷᠢ ᠶᠢᠨ ᠨᠠᠷᠢᠨ ᠦᠨᠡᠰᠦ᠂ ᠬᠦᠬᠦᠷ ᠥᠬᠡᠶᠢᠳᠡᠭᠦᠯᠦᠭᠰᠡᠨ ᠵᠤᠭᠠᠩ ᠵᠡᠷᠭᠡ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠠᠰᠢᠭᠯᠠᠨ᠂ ᠨᠡᠭᠦᠷᠡᠰᠦ ᠪᠠᠷ ᠰᠠᠭᠤᠷᠢᠯᠠᠭᠰᠠᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ︽ᠨᠡᠭᠦᠷᠡᠰᠦᠨ ᠡᠨᠧᠷᠬᠢ ᠶᠢᠨ ᠴᠠᠬᠢᠯᠭᠠᠨ - ᠪᠠᠷᠢᠯᠭ᠎ᠠ ᠶᠢᠨ ᠮᠠᠲ᠋ᠧᠷᠢᠶᠠᠯ - ᠰᠢᠨ᠎ᠡ ᠮᠠᠲ᠋ᠧᠷᠢᠶᠠᠯ︾᠎ ᠤᠨ ᠣᠷᠴᠢᠯ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠨ᠎ᠠ᠃ 2025 ᠣᠨ ᠪᠣᠯᠬᠤ ᠳᠤ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 80 %᠎ ᠳᠤ ᠬᠦᠷᠭᠡᠵᠦ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠭᠰᠠᠨ ᠪᠦᠬᠦ ᠠᠶᠢᠮᠠᠭ ᠤᠨ ᠵᠢᠱᠢᠶ᠎ᠡ ᠦᠵᠡᠭᠦᠯᠬᠦ ᠬᠤᠰᠢᠭᠤ ᠪᠣᠯᠭᠠᠨ᠎ᠠ᠃ ᠣᠳᠣᠬᠢᠴᠢᠯᠠᠭᠰᠠᠨ ᠪᠠᠷᠠᠭᠠᠨ ᠎ ᠤ ᠭᠦᠶᠯᠭᠡᠭᠡᠨ ᠤ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠯᠡᠭᠡ ᠶᠢᠨ ᠣᠳᠤᠬᠢᠴᠢᠯᠠᠭᠰᠠᠨ ᠪᠠᠷᠠᠭᠠᠨ ᠤ ᠭᠦᠶᠯᠭᠡᠭᠡᠨ ᠤ ᠬᠥᠭᠵᠢᠯᠲᠡ ᠶᠢᠨ ᠲᠥᠯᠦᠪᠯᠡᠭᠡ ᠎ ᠳᠠᠬᠢ ︽ᠰᠠᠩ ᠤᠨ ᠲᠡᠯᠡᠶ ᠪᠠᠯᠭᠠᠰᠤ ᠶᠢ ᠤᠯᠤᠰ ᠤᠨ ᠲᠠᠰ ᠤᠨ ᠲᠠᠷᠢᠶᠠᠯᠠᠩ ᠠᠵᠤ ᠦᠶᠯᠡᠰ ᠤᠨ ᠬᠦᠴᠦᠷᠬᠡᠭ ᠪᠠᠯᠭᠠᠰᠤ ᠪᠣᠯᠭᠠᠨ ᠪᠥᠲᠥᠭᠡᠨ ᠪᠠᠶᠢᠭᠤᠯᠵᠤ᠂ ᠱᠠᠩᠳᠤ ᠪᠠᠯᠭᠠᠰᠤᠨ ᠤ ᠪᠠᠷᠠᠭᠠᠨ ᠤ ᠭᠦᠶᠯᠭᠡᠭᠡᠨ ᠤ ᠲᠣᠭᠤᠷᠢᠭ᠂ ᠰᠠᠩ ᠤᠨ ᠲᠡᠯᠡᠶ ᠪᠠᠯᠭᠠᠰᠤᠨ ᠤ ᠪᠠᠷᠠᠭᠠᠨ ᠤ ᠭᠦᠶᠯᠭᠡᠭᠡᠨ ᠤ ᠲᠣᠭᠤᠷᠢᠭ᠂ ᠬᠠᠪᠢᠷᠭ᠎ᠠ ᠪᠠᠯᠭᠠᠰᠤᠨ ᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠶᠯᠭᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ︾ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠪᠣᠬᠢᠷᠲᠤᠯ ᠥᠬᠡᠶ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ ᠭᠠᠳᠠᠭᠰᠢ ᠪᠤᠷᠤᠯᠠᠭᠤᠯᠬᠤ ᠴᠢᠳᠠᠮᠵᠢ ᠪᠠᠨ ᠴᠢᠩᠭᠠᠳᠬᠠᠵᠤ᠂ ᠰᠢᠯᠢ ᠶᠢᠨ ᠭᠤᠤᠯ ᠠᠶᠢᠮᠠᠭ ᠤᠨ ᠡᠮᠦᠨᠡᠲᠦ ᠪᠡᠶ᠎ᠡ ᠳᠠᠬᠢ ᠠᠮᠢᠳᠦ ᠮᠠᠯ ᠶᠢᠨ ᠰᠣᠯᠢᠯᠴᠠᠭ᠎ᠠ ᠵᠢᠴᠢ ᠪᠠᠶᠢᠭᠠᠯᠢᠯᠢᠭ ᠮᠠᠯ ᠤᠨ ᠪᠦᠲᠦᠭᠡᠭᠳᠡᠬᠦᠨ ᠤ ᠭᠦᠢᠯᠭᠡᠭᠡᠨ ᠤ ᠰᠠᠭᠤᠷᠢᠨ ᠢ ᠪᠥᠲᠦᠭᠡᠨ ᠪᠠᠶᠢᠭᠤᠯᠤᠨ᠎ᠠ᠃ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠎ᠡ᠃ 2024 ᠣᠨ ᠳᠤ ᠲᠠᠶᠢᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠪᠦᠬᠦ ᠱᠤᠭᠤᠮ ᠢ ᠨᠡᠪᠲᠡᠷᠡᠭᠦᠯᠬᠦ ᠠᠵᠠ ᠲᠣᠬᠢᠶᠠᠯ ᠢ ᠠᠰᠢᠭᠯᠠᠵᠤ᠂ ᠲᠡᠮᠦᠷ ᠵᠠᠮ ᠤᠨ ᠥᠷᠲᠡᠭᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢᠨ ᠬᠠᠮᠲᠦ ᠦᠢᠯᠡᠴᠢᠯᠡᠭᠡᠨ ᠤ ᠦᠢᠯᠡᠰ ᠎ ᠢ ᠲᠥᠪᠯᠡᠷᠡᠭᠦᠯᠦᠨ ᠬᠥᠭᠵᠢᠭᠦᠯᠬᠦ ᠶᠢ ᠠᠬᠢᠭᠤᠯᠵᠤ᠂ ᠨᠢᠭᠡ ᠪᠦᠯᠦᠭ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ᠂ ᠰᠣᠶᠣᠯ ᠰᠡᠯᠡᠭᠦᠴᠡᠯ ᠤᠨ ᠬᠡᠷᠡᠭᠯᠡᠭᠡᠨ ᠤ ᠲᠣᠭᠤᠷᠢᠭ ᠢ ᠪᠠᠶᠢᠭᠤᠯᠵᠤ᠂ ᠬᠡᠷᠡᠭᠯᠡᠭᠡᠨ ᠤ ᠳᠡᠰ ᠳᠡᠪᠰᠢᠯᠲᠡ ᠶᠢ ᠠᠬᠢᠭᠤᠯᠤᠨ᠎ᠠ᠃ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠳᠣᠨ ᠲᠡᠰ ᠤᠨ ᠪᠠᠭᠤᠳᠠᠯ᠂ ᠮᠠᠯᠴᠢᠨ ᠠᠶᠢᠯ ᠤᠨ ᠵᠤᠭᠠᠴᠠᠯ᠂ ᠲᠠᠯ᠎ᠠ ᠨᠤᠲᠤᠭ ᠤᠨ ᠵᠠᠩ ᠦᠢᠯᠡ ᠶᠢᠨ ᠤᠨᠴᠠᠯᠢᠭᠲᠦ ᠣᠷᠣᠨ ᠰᠠᠭᠤᠴᠠ ᠳᠤ ᠰᠠᠭᠤᠷᠢᠯᠠᠭᠰᠠᠨ ᠵᠢᠭᠤᠯᠴᠢᠯᠠᠯ ᠢ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ︽ᠠᠵᠢᠲᠠᠢ︾ ᠡᠷᠡᠭᠦᠯᠵᠢᠯ ᠰᠣᠪᠢᠯᠠᠯᠲᠠ ᠶᠢᠨ ᠲᠥᠪ ᠤᠨ ᠬᠤᠶᠠᠳᠤᠭᠠᠷ ᠬᠤᠭᠤᠴᠠᠭᠠᠨ ᠤ ᠳᠥᠰᠦᠯ ᠢ ᠠᠬᠢᠭᠤᠯᠵᠤ᠂ ᠰᠠᠶᠢᠨᠬᠤᠳᠳᠤᠭ ᠰᠤᠮᠤᠨ ᠤ ᠨᠠᠷᠠᠰᠤᠲᠤ ᠭᠠᠴᠠᠭᠠᠨ ᠤ ᠭᠠᠵᠠᠷ ᠤᠨ ᠢᠯᠴᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠤ ᠠᠮᠠᠷᠠᠯᠲᠠ ᠶᠢᠨ ᠬᠤᠭᠤᠴᠠᠭᠠᠨ ᠳᠠᠬᠢ ᠵᠤᠭᠠᠴᠠᠯ᠂ ᠡᠷᠡᠭᠦᠯᠵᠢᠯ ᠰᠤᠪᠢᠯᠠᠯᠲᠠ ᠶᠢᠨ ᠦᠢᠯᠡᠰ ᠢᠶᠠᠷ ᠪᠡᠭᠡᠵᠢᠩ ᠲᠢᠶᠠᠨᠵᠢᠨ ᠾᠧᠪᠸᠢ ᠶᠢᠨ ᠬᠡᠷᠡᠭᠯᠡᠭᠴᠢᠳ ᠢ ᠲᠠᠲᠠᠨ᠎ᠠ᠃          ︵ᠭᠤᠷᠪᠠ︶ ᠬᠥᠳᠡᠭᠡ ᠣᠷᠤᠨ ᠨᠤᠲᠤᠭ ᠢ ᠬᠦᠴᠦᠷᠬᠡᠭᠵᠢᠭᠦᠯᠬᠦ ᠶᠢ ᠠᠬᠢᠭᠤᠯᠵᠤ᠂ ᠴᠢᠨᠠᠷᠯᠢᠭ ᠬᠥᠭᠵᠢᠯᠲᠡ ᠎ ᠶᠢᠨ ᠳᠠᠯᠳᠠ ᠬᠦᠴᠦᠨ ᠢ ᠭᠦᠨ ᠠᠭᠤᠳᠠᠯᠯᠠᠨ᠎ᠠ᠃ ᠮᠠᠯᠵᠢᠬᠤ ᠲᠠᠷᠢᠶᠠᠯᠠᠬᠤ ᠣᠷᠣᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠣᠷᠤᠨ ᠨᠣᠲᠤᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠠᠵᠤ ᠦᠶᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠲᠠᠪᠤ ᠶᠢ ᠬᠦᠴᠦᠷᠬᠡᠭᠵᠢᠭᠦᠯᠬᠦ︾ ᠪᠠ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠪᠥᠲᠦᠭᠡᠨ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠲᠤᠳᠬᠠᠨ ᠬᠥᠳᠡᠭᠡ ᠣᠷᠤᠨ ᠨᠤᠲᠤᠭ ᠢ ᠬᠦᠴᠦᠷᠬᠡᠭᠵᠢᠭᠦᠯᠬᠦ ᠯᠦᠭᠡ ᠪᠦᠲᠦᠮᠵᠢᠲᠡᠢ ᠵᠣᠯᠭᠠᠭᠤᠯᠤᠨ᠎ᠠ᠃ ᠲᠠᠪᠤᠨ ᠵᠢᠯ ᠤᠨ ᠰᠢᠯᠵᠢᠯᠲᠡ ᠶᠢᠨ ᠬᠤᠭᠤᠴᠠᠭᠠᠨ ᠳᠠᠬᠢ ᠬᠠᠷᠠᠯᠲᠠ ᠡᠭᠦᠷᠭᠡ ᠳᠤ ᠰᠠᠭᠤᠷᠢᠯᠠᠨ᠂ ︽ᠳᠥᠷᠪᠡ ᠶᠢ ᠪᠠᠷᠢᠮᠲᠠᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠵᠤ᠂ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠠᠮᠢᠳᠣᠯᠢᠭ ᠬᠢᠨᠠᠯᠲᠠ ᠪᠠ ᠣᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠦᠷᠭᠦᠯᠵᠢᠯᠡᠨ ᠴᠢᠩᠭᠠᠳᠬᠠᠵᠤ᠂ ᠶᠡᠭᠡ ᠬᠡᠮᠵᠢᠶ᠎ᠡ ᠪᠠᠷ ᠳᠠᠬᠢᠨ ᠶᠠᠳᠠᠭᠤᠷᠠᠬᠤ ᠶᠢ ᠡᠷᠡᠰ ᠬᠤᠷᠢᠭᠯᠠᠨ᠎ᠠ᠃ ᠪᠦᠬᠦ ᠲᠠᠯ᠎ᠠ ᠪᠠᠷ ᠬᠦᠴᠦᠷᠬᠡᠭᠵᠢᠭᠦᠯᠬᠦ ᠶᠢ ᠯᠠᠪᠳᠠᠭᠤᠨ ᠠᠬᠢᠭᠤᠯᠣᠨ᠎ᠠ᠃ ︽ᠤᠷᠢᠳᠠᠪᠠᠷ ᠲᠤᠷᠰᠢᠯᠲᠠ ᠎ ᠶᠢᠨ ᠴᠡᠭ ᠲᠤᠭᠲᠠᠵᠣ᠂ ᠠᠯᠬᠤᠮ ᠠᠯᠬᠤᠮ ᠢᠶᠠᠷ ᠥᠷᠨᠢᠭᠦᠯᠬᠦ︾᠎ ᠶᠢ ᠪᠠᠷᠢᠮᠲᠠᠯᠠᠨ᠂ 2 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠪᠣᠯᠤᠨ 11 ᠭᠤᠤᠯᠳᠠᠯᠭ᠎ᠠ ᠲᠠᠢ ᠭᠠᠴᠠᠭ᠎ᠠ ᠲᠣᠰᠬᠤᠨ ᠢᠶᠠᠷ ᠲᠤᠷᠰᠢᠯᠲᠠ ᠶᠢᠨ  ᠴᠡᠭ ᠪᠣᠯᠭᠠᠵᠤ᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠳᠠᠶᠢᠴᠢᠯᠠᠨ ᠳᠠᠭᠠᠭᠤᠯᠬᠤ ᠦᠶᠯᠡᠳᠦᠯ ᠢ ᠦᠨᠡᠨᠬᠦ ᠪᠠᠳᠠᠷᠠᠭᠤᠯᠵᠤ᠂ ︽ᠨᠢᠭᠡ ᠭᠠᠴᠠᠭ᠎ᠠ ᠨᠢᠭᠡ ᠠᠵᠤ ᠦᠢᠯᠡᠰ᠂ ᠨᠢᠭᠡ ᠭᠠᠴᠠᠭ᠎ᠠ ᠨᠢᠭᠡ ᠣᠨᠴᠠᠯᠢᠭ︾᠎ ᠢᠶᠠᠷ ᠰᠡᠳᠭᠢᠴᠢᠯᠡᠨ᠂ ᠭᠠᠴᠠᠭ᠎ᠠ ᠲᠣᠰᠬᠤᠨ ᠬᠢᠭᠡᠳ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠣᠨᠣᠪᠴᠢᠲᠠᠢ ᠤᠶᠠᠯᠳᠤᠭᠤᠯᠵᠤ᠂ ᠮᠠᠯᠵᠢᠬᠤ ᠳᠤ ᠲᠣᠬᠢᠷᠠᠮᠵᠢᠲᠠᠶ ᠪᠣᠯ ᠮᠠᠯ ᠠᠵᠤ ᠠᠬᠤᠶ ᠶᠢ ᠬᠥᠭᠵᠢᠭᠦᠯᠵᠦ᠂ ᠲᠠᠷᠢᠶᠠᠯᠠᠬᠤ ᠳᠤ ᠲᠣᠬᠢᠷᠠᠮᠵᠢᠲᠠᠶ ᠪᠣᠯ ᠲᠠᠷᠢᠶᠠᠯᠠᠩ ᠢ ᠬᠥᠭᠵᠢᠭᠦᠯᠵᠦ᠂ ᠵᠢᠭᠤᠯᠴᠢᠯᠠᠬᠤ ᠳᠤ ᠲᠣᠬᠢᠷᠠᠮᠵᠢᠲᠠᠶ ᠪᠣᠯ ᠵᠢᠭᠤᠯᠴᠢᠯᠠᠯ ᠢ ᠡᠷᠬᠢᠯᠡᠵᠦ᠂ ᠲᠥᠷᠥ ᠶᠢᠨ ᠪᠣᠳᠣᠯᠭ᠎ᠠ ᠪᠠᠷ ᠲᠡᠳᠬᠦᠬᠦ ᠪᠠ ᠮᠥᠩᠭᠦᠨ ᠭᠦᠢᠯᠭᠡᠭᠡᠨ ᠢᠶᠠᠷ ᠳᠡᠮᠵᠢᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠴᠠᠭ᠎ᠠ ᠲᠣᠰᠬᠤᠨ ᠤ ᠡᠯ᠎ᠡ ᠲᠥᠷᠥᠯ ᠤᠨ ᠡᠬᠢ ᠪᠠᠶᠠᠯᠢᠭ᠂ ᠪᠡᠯᠡ ᠮᠥᠩᠭᠦ᠂ ᠬᠥᠷᠥᠩᠭᠡ ᠶᠢ ᠠᠮᠢᠳᠤᠯᠢᠭᠵᠢᠭᠤᠯᠤᠨ ᠬᠡᠷᠡᠭᠯᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠣᠨ᠎ᠠ᠃ ᠭᠠᠴᠠᠭ᠎ᠠ ᠲᠣᠰᠬᠤᠨ ᠤ ︽ᠬᠤᠶᠠᠷ ᠵᠥᠪᠯᠡᠯ︾᠎ ᠤᠨ ᠴᠢᠬᠤᠯᠠ ᠦᠶᠯᠡᠳᠦᠯ ᠢ ᠰᠠᠶᠢᠲᠤᠷ ᠪᠠᠳᠠᠷᠠᠭᠤᠯᠵᠤ᠂ ᠲᠤᠰᠬᠠᠶᠢᠵᠢᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠭᠠᠴᠠᠭ᠎ᠠ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠠᠬᠢᠭᠤᠯᠤᠨ᠎ᠠ᠃ ᠮᠠᠯᠴᠢᠨ ᠲᠠᠷᠢᠶᠠᠴᠢᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠣᠷᠠᠯ ᠢ ᠴᠢᠩᠭᠠᠳᠬᠠᠵᠤ᠂ ᠰᠣᠶᠣᠯ ᠲᠠᠢ᠂ ᠮᠡᠷᠭᠡᠵᠢᠯ ᠲᠠᠢ᠂ ᠴᠢᠳᠠᠪᠤᠷᠢ ᠲᠠᠢ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠳᠠᠭᠠᠭᠤᠯᠤᠭᠴᠢ ᠶᠢ ᠬᠥᠮᠦᠵᠢᠭᠦᠯᠦᠨ᠎ᠡ᠃ ᠠᠷᠠᠳ ᠲᠤ ᠠᠰᠢᠭ ᠬᠦᠷᠲᠡᠭᠡᠬᠦ ᠡᠯ᠎ᠡ ᠲᠦᠷᠦᠯ ᠤᠨ ᠰᠣᠶᠣᠯ ᠤᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢ ᠲᠡᠭᠦᠯᠳᠡᠷᠵᠢᠭᠦᠯᠦᠨ᠂ ᠪᠣᠯᠪᠠᠰᠤᠨ ᠭᠠᠴᠠᠭ᠎ᠠ ᠲᠤᠰᠬᠤᠨ᠂ ᠪᠣᠯᠪᠠᠰᠤᠨ ᠬᠡᠷ ᠪᠦᠯᠢ ᠵᠡᠷᠭᠡ ᠨᠡᠶᠢᠲᠡᠯᠢᠭ ᠵᠢᠱᠢᠶ᠎ᠡ ᠶᠢ ᠰᠣᠩᠭᠤᠬᠤ ᠡᠷᠴᠢᠮ ᠢᠶᠠᠨ ᠴᠢᠩᠭᠠᠷᠠᠭᠤᠯᠵᠤ᠂ ᠪᠣᠯᠪᠠᠰᠤᠨ ᠰᠤᠷᠲᠠᠯ᠂ ᠰᠠᠶᠢᠨ ᠰᠠᠶᠢᠬᠠᠨ ᠬᠡᠷ ᠤᠨ ᠰᠤᠷᠲᠠᠯ᠂ ᠪᠣᠷᠣᠭᠵᠢᠭᠤᠨ ᠠᠷᠠᠳ ᠎ ᠤᠨ ᠰᠤᠷᠲᠠᠯ ᠢ ᠶᠡᠭᠡ ᠪᠠᠷ ᠬᠥᠮᠦᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠎ᠠ᠃ ᠠᠮᠢᠳᠤᠷᠠᠯ ᠤᠨ ᠣᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃  ᠪᠣᠬᠢᠷ ᠤᠰᠤ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠶᠳᠪᠦᠷᠢᠯᠡᠬᠦ ᠰᠢᠰᠲ᠋ᠧᠮ ᠪᠠ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠣᠷᠳᠣ ᠬᠤᠭᠤᠴᠠᠭᠠᠨ ᠳᠠᠬᠢ ᠪᠦᠲᠦᠮᠵᠢᠲᠡᠶ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠦᠷᠢᠨᠰᠢᠬᠦᠯᠵᠦ᠂ ︽ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠭᠠᠴᠠᠭ᠎ᠠ ᠲᠣᠰᠬᠤᠨ︾  ᠪᠠ  ︽ᠴᠡᠪᠡᠷ ᠲᠣᠬᠢᠯᠢᠭ ᠬᠦᠷᠢᠶ᠎ᠡ ᠬᠠᠰᠢᠶ᠎ᠠ︾᠎ ᠶᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠦᠨ᠂ ᠭᠠᠴᠠᠭ᠎ᠠ ᠲᠣᠰᠬᠤᠨ ᠤ ᠠᠷᠢᠭᠤᠨ ᠴᠡᠪᠡᠷ ᠪᠠᠶᠢᠬᠤ ᠶᠢ ᠳᠥᠷᠢᠮᠵᠢᠭᠦᠯᠦᠨ ᠪᠠᠶᠢᠩᠭᠤᠵᠢᠭᠤᠯᠵᠤ᠂ ᠪᠥᠲᠦᠮᠵᠢᠲᠦ ᠴᠢᠨᠠᠷ ᠢ ᠪᠠᠲᠤᠯᠠᠨ᠎ᠠ᠃ ︽ᠵᠣᠷᠯᠣᠩ ᠤᠨ ᠬᠤᠪᠢᠰᠬᠠᠯ︾᠎ ᠢ ᠨᠠᠶᠢᠳᠠᠪᠤᠷᠢᠵᠢᠭᠤᠯᠵᠤ᠂ ᠰᠠᠭᠤᠷᠢ ᠨᠥᠬᠦᠴᠡᠯ ᠪᠠ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠦᠨᠳᠦᠰᠦᠯᠡᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠲᠤᠬᠢᠲᠠᠢ ᠰᠢᠶᠳᠪᠦᠷᠢᠯᠡᠨ᠎ᠡ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠬᠤ ᠲᠤᠷᠰᠢᠯᠲᠠ ᠶᠢᠨ ᠴᠡᠭ ᠤᠨ ᠳᠥᠰᠦᠯ ᠢ ᠭᠦᠨᠵᠡᠭᠡᠶ ᠬᠡᠷᠡᠭᠵᠢᠭᠦᠯᠵᠦ᠂ 2025 ᠣᠨ ᠪᠣᠯᠬᠤ ᠳᠤ᠂ ᠮᠠᠯ ᠲᠡᠵᠢᠭᠡᠪᠦᠷᠢ ᠶᠢᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90 %᠎ ᠠᠴᠠ ᠳᠡᠭᠡᠭᠰᠢ ᠳᠤ ᠬᠦᠷᠭᠡᠵᠦ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠢᠯᠭᠠᠳᠠᠰᠤ ᠶᠢ ᠰᠢᠶᠳᠪᠦᠷᠢᠯᠡᠬᠦ ᠲᠤᠨᠤᠭ ᠲᠥᠬᠦᠭᠡᠷᠦᠮᠵᠢ ᠶᠢᠨ ᠢᠵᠢ ᠪᠦᠷᠢᠳᠦᠭᠰᠡᠨ ᠨᠣᠷᠮ᠎ᠠ ᠶᠢ 95 %᠎ ᠠᠴᠠ ᠳᠡᠭᠡᠭᠰᠢ ᠳᠤ ᠬᠦᠷᠭᠡᠨ᠎ᠡ᠃ ᠲᠤᠷᠰᠢᠯᠲᠠ ᠶᠢᠨ ᠴᠡᠭ ᠠᠴᠠ ᠭᠠᠷᠳᠠᠵᠤ᠂ ᠲᠥᠪᠯᠡᠷᠡᠭᠦᠯᠦᠨ ᠲᠡᠵᠢᠭᠡᠬᠦ᠂ ᠬᠠᠰᠢᠶᠠᠯᠠᠨ ᠮᠠᠯᠵᠢᠬᠤ ᠬᠠᠰᠢᠶᠠᠯᠠᠨ ᠲᠡᠵᠢᠭᠡᠬᠦ᠂ ᠦᠢᠯᠡᠳᠪᠦᠷᠢᠯᠡᠯ ᠠᠮᠢᠳᠤᠷᠠᠯ ᠢ ᠲᠤᠰᠠᠭᠠᠷᠯᠠᠬᠤ ᠵᠡᠷᠭᠡ ᠵᠠᠭᠪᠤᠷ ᠢ ᠬᠡᠷᠡᠭᠯᠡᠨ᠂ ᠰᠠᠭᠠᠯᠢ ᠶᠢᠨ ᠦᠨᠢᠶᠡᠨ ᠤ ᠮᠠᠯᠵᠢᠯ ᠤᠨ ᠲᠣᠰᠬᠤᠨ ᠢ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠦᠢᠯᠡᠳᠪᠦᠷᠢᠯᠡᠯ ᠠᠮᠢᠳᠤᠷᠠᠯ ᠪᠠ ᠬᠤᠶᠢᠰᠢᠲᠠ ᠶᠢᠨ ᠬᠥᠭᠵᠢᠯᠲᠡ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠬᠥᠳᠡᠭᠡ ᠣᠷᠤᠨ ᠨᠤᠲᠤᠭ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ᠤᠰᠤ᠂ ᠴᠠᠬᠢᠯᠭᠠᠨ᠂ ᠵᠠᠮ᠂ ᠲᠣᠤᠷ ᠰᠦᠯᠵᠢᠶ᠎ᠡ᠂ ᠴᠢᠮᠡᠭᠡ ᠬᠤᠯᠪᠤᠭ᠎ᠠ︾ ᠵᠡᠷᠭᠡ ᠰᠠᠭᠤᠷᠢ ᠲᠥᠬᠦᠭᠡᠷᠦᠮᠵᠢ ᠶᠢᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠶᠤᠯᠭᠦᠢ ᠶᠢ ᠪᠠᠲᠤᠯᠠᠬᠤ ᠳᠥᠰᠦᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 700 ᠭᠠᠷᠤᠶ ᠬᠤᠳᠳᠤᠭ ᠮᠠᠯᠲᠠᠵᠤ᠂ 600 ᠭᠠᠷᠤᠶ ᠢᠵᠢ ᠣᠣᠭᠤᠬᠤ ᠣᠰᠣᠨ ᠤ ᠴᠡᠪᠡᠷᠰᠢᠭᠦᠯᠦᠭᠴᠢ ᠣᠭᠰᠠᠷᠬᠠᠤ ᠪᠠᠷ ᠲᠥᠯᠦᠪᠯᠡᠵᠦ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠬᠠᠩᠭᠠᠯᠭ᠎ᠠ ᠶᠢ ᠪᠠᠲᠤᠯᠠᠨ ᠰᠠᠶᠢᠵᠢᠷᠠᠭᠤᠯᠵᠤ᠂ ᠰᠠᠩ ᠤᠨ ᠳᠠᠯᠠᠢ ᠳᠠᠬᠢ 110 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠪᠠ ᠬᠠᠪᠢᠷᠭ᠎ᠠ ᠪᠠᠯᠭᠠᠰᠤ᠂ ᠨᠠᠷᠠᠲᠤ ᠰᠤᠮᠤ᠂ ᠰᠠᠶᠢᠨᠬᠤᠳᠳᠤᠭ ᠰᠤᠮᠤ᠂ ︽ᠲᠠᠪᠦ‍ ᠨᠢᠭᠡ︾ ᠮᠠᠯᠵᠢᠯ ᠤᠨ ᠲᠠᠯᠠᠪᠠᠢ᠂ ᠪᠣᠷᠣ ᠬᠤᠲᠠ ᠵᠢᠱᠢᠶ᠎ᠡ ᠦᠵᠡᠭᠦᠯᠬᠦ ᠲᠣᠭᠤᠷᠢᠭ ᠲᠤ 5 ᠰᠠᠭᠤᠷᠢ 35 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢ ᠥᠷᠭᠡᠳᠬᠡᠨ ᠪᠠᠶᠢᠭᠤᠯᠵᠤ᠂ 1585 ᠺᠢᠯᠤᠮᠧᠲᠷ ᠤᠨ ᠴᠠᠬᠢᠯᠭᠠᠨ ᠱᠤᠭᠤᠮ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠵᠠᠰᠠᠨ᠎ᠠ᠃ ︽ᠵᠠᠮ ᠤᠨ ᠬᠠᠷᠢᠭᠤᠴᠠᠯᠭᠠᠲᠠᠨ ᠤ ᠲᠦᠷᠢᠮ︾᠎ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾᠎ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠶᠢᠨ ᠡᠷᠴᠢᠮ ᠎ ᠢ ᠴᠢᠩᠭᠠᠷᠠᠭᠤᠯᠤᠨ᠎ᠠ᠃ 2025 ᠣᠨ ᠪᠣᠯᠬᠤ ᠳᠤ᠂ 215 ᠺᠢᠯᠣᠮᠧᠲᠷ ᠰᠢᠶᠠᠨ ᠰᠢᠶᠠᠩ ᠤᠨ ᠵᠠᠮ ᠢ ᠥᠭᠡᠷᠡᠴᠢᠯᠡᠨ ᠵᠠᠰᠠᠵᠤ᠂ 218 . 8 ᠺᠢᠯᠣᠮᠧᠲᠷ ᠤᠨ ᠭᠠᠴᠠᠭ᠎ᠠ ᠲᠣᠰᠬᠤᠨ ᠤ ᠵᠠᠰᠠᠮᠠᠯ ᠵᠠᠮ᠂ 150 ᠺᠢᠯᠣᠮᠧᠲᠷ ᠤᠨ ᠬᠠᠶᠢᠷ ᠴᠢᠯᠠᠭᠤᠨ ᠵᠠᠮ ᠢ ᠵᠠᠰᠠᠵᠤ᠂ ᠮᠠᠯᠴᠢᠨ ᠲᠠᠷᠢᠶᠠᠴᠢᠨ ᠤ ᠶᠠᠪᠤᠵᠤ ᠰᠠᠭᠤᠬᠤ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠦᠨ᠎ᠡ᠃ ᠪᠣᠶᠢᠳᠠ ᠪᠥᠭᠯᠡᠭᠦᠦ ᠮᠠᠯᠵᠢᠬᠤ ᠣᠷᠣᠨ ᠤ ᠴᠢᠮᠡᠭᠡ ᠬᠤᠯᠪᠤᠭᠠᠨ ᠤ ᠪᠦᠷᠬᠦᠴᠡ ᠶᠢ ᠨᠡᠮᠡᠭᠳᠡᠭᠦᠯᠵᠦ᠂ 5 G ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠶᠢ ᠲᠦᠭᠡᠮᠡᠯᠵᠢᠭᠦᠯᠦᠨ ᠬᠡᠷᠡᠭᠯᠡᠬᠦ ᠶᠢ ᠨᠢᠭᠡᠳᠦᠯᠲᠡᠶ ᠲᠥᠯᠥᠪᠵᠢᠭᠦᠯᠦᠨ ᠲᠦᠷᠭᠡᠳᠬᠡᠨ᠎ᠡ᠃ ︽ᠠᠷᠪᠠᠨ ᠲᠥᠷᠪᠡᠳᠦᠭᠡᠷ ᠲᠠᠪᠤᠨ ᠵᠢᠯ︾᠎ ᠤᠨ ᠰᠡᠭᠦᠯᠴᠢ ᠶᠢᠨ ᠦᠶ᠎ᠡ ᠪᠣᠯᠬᠤ ᠳᠤ᠂ 4 G ᠨᠡᠭᠦᠳᠡᠯ ᠴᠢᠮᠡᠭᠡ ᠬᠤᠯᠪᠣᠭᠠᠨ ᠎ ᠤ ᠰᠦᠯᠵᠢᠶ᠎ᠡ ᠶᠢ ᠪᠦᠬᠦᠨ ᠢ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠰᠤᠮᠤ  ᠪᠠᠯᠭᠠᠰᠣᠨ ︵ᠲᠠᠯᠠᠪᠠᠶ︶᠎ ᠤ ᠲᠥᠪ ᠲᠤ 5 G ᠴᠢᠮᠡᠭᠡ ᠬᠤᠯᠪᠣᠭᠠᠨ ᠤ ᠰᠦᠯᠵᠢᠶ᠎ᠡ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃        ︵ᠳᠥᠷᠪᠡ︶ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠴᠢᠨᠠᠷᠯᠢᠭ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠳᠥᠰᠦᠯ ᠢ ᠠᠳᠬᠤᠬᠤ ᠨᠢ ᠳᠠᠷᠤᠶ ᠬᠥᠭᠵᠢᠯᠲᠡ ᠶᠢ ᠠᠳᠬᠤᠵᠤ ᠪᠠᠶᠢᠬᠤ︾ ᠭᠡᠬᠦ ᠤᠶᠢᠯᠠᠭᠠᠭᠳᠠᠬᠤᠨ ᠢ ᠪᠠᠲᠤᠳᠬᠠᠨ᠂ ᠳᠡᠭᠡᠳᠦ ᠱᠠᠲᠤᠨ ᠤ ᠠᠵᠤ ᠦᠶᠯᠡᠰ ᠤᠨ ᠲᠥᠷᠥ ᠶᠢᠨ ᠪᠣᠳᠣᠯᠭ᠎ᠠ᠂ ᠪᠠᠯᠠ ᠣᠷᠣᠭᠤᠯᠤᠯᠲᠠ ᠶᠢᠨ ᠭᠤᠤᠯᠳᠠᠯᠭ᠎ᠠ᠂ ᠪᠠᠯᠠ ᠣᠷᠣᠭᠤᠯᠤᠯᠲᠠ ᠶᠢᠨ ᠴᠢᠭᠯᠡᠯ ᠪᠣᠯᠤᠨ ᠳᠥᠰᠦᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠨᠢᠭᠡ ᠪᠦᠯᠦᠭ ᠰᠠᠭᠤᠷᠢ ᠪᠡᠯᠡᠳᠬᠡᠮᠵᠢ ᠶᠢᠨ ᠳᠥᠰᠦᠯ᠂ ᠨᠡᠶᠢᠭᠡᠮ ᠤᠨ ᠠᠷᠠᠳ ᠤᠨ ᠠᠮᠢᠵᠢᠷᠠᠭᠠᠨ ᠎ ᠤ ᠳᠥᠰᠦᠯ᠂ ᠭᠠᠶᠢᠯᠢ ᠶᠢᠨ ᠢᠷᠡᠯᠲᠡ ᠶᠢ ᠨᠡᠮᠡᠭᠳᠡᠭᠦᠯᠬᠦ ᠳᠥᠰᠦᠯ᠂ ᠬᠡᠯᠬᠢᠶ᠎ᠡ ᠶᠢ ᠤᠷᠲᠤᠳᠬᠠᠵᠤ ᠴᠢᠳᠠᠪᠬᠢ ᠶᠢ ᠥᠷᠭᠡᠳᠬᠡᠬᠦ ᠳᠥᠰᠦᠯ ᠢ ᠨᠠᠷᠢᠨ ᠬᠢᠨᠠᠮᠠᠭᠠᠶ ᠲᠥᠯᠥᠪᠵᠢᠭᠦᠯᠦᠨ ᠠᠬᠢᠭᠤᠯᠵᠤ᠂ ᠴᠢᠨᠠᠷᠯᠢᠭ ᠬᠥᠭᠵᠢᠯᠲᠡ ᠶᠢᠨ ᠲᠤᠲᠠᠭᠳᠠᠯ ᠢ ᠨᠥᠬᠦᠪᠥᠷᠢᠯᠡᠨ᠎ᠡ ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠤᠨ ᠰᠢᠨ᠎ᠡ ᠠᠬᠢᠴᠠ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ ᠤᠨ ᠰᠢᠯᠵᠢᠯᠲᠡ᠂ ᠭᠤᠣᠯᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠥᠷᠢᠯᠡᠬᠦ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠤᠨ ᠲᠣᠭᠤᠷᠢᠨ ᠳᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ᠂ ᠨᠢᠭᠡᠳᠦᠯᠲᠡᠢ ᠠᠷᠠᠯᠵᠢᠶᠠᠴᠢᠨ ᠤᠷᠢᠬᠤ᠂ ᠲᠠᠪᠴᠠᠩ ᠢᠶᠠᠷ ᠠᠷᠠᠯᠵᠢᠶᠠᠴᠢᠨ ᠤᠷᠢᠬᠤ ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ᠂ ᠵᠠᠰᠠᠭ ᠵᠠᠬᠢᠷᠭᠠᠨ᠂ ᠵᠠᠬ᠎ᠠ ᠳᠡᠯᠭᠡᠭᠦᠷ᠂ ᠨᠡᠶᠢᠭᠡᠮ ᠨᠡᠶᠢᠲᠡ ᠪᠠᠷ ᠢᠶᠠᠨ ᠠᠷᠠᠯᠵᠢᠶᠠᠴᠢᠨ ᠤᠷᠢᠬᠤ ᠶᠢ ᠵᠣᠷᠢᠭᠵᠢᠭᠤᠯᠵᠤ᠂ ᠨᠢᠭᠡ ᠪᠦᠯᠦᠭ ᠭᠤᠣᠯᠯᠠᠭᠴᠢ ᠥᠷᠢᠰᠥᠯᠳᠦᠭᠡᠨ ᠤ ᠳᠠᠪᠠᠭᠤᠯᠢᠭ ᠲᠠᠢ᠂ ᠠᠰᠢᠭ ᠬᠦᠷᠲᠡᠬᠦ ᠬᠡᠪᠴᠢᠶ᠎ᠡ ᠪᠠᠷ ᠥᠷᠭᠡᠨ᠂ ᠰᠢᠯᠢᠳᠡᠭ ᠳᠥᠰᠦᠯ᠂ ᠤᠷᠲᠤ ᠬᠤᠭᠤᠴᠠᠭᠠᠨ ᠤ ᠳᠥᠰᠦᠯ ᠢ ᠲᠡᠳᠡᠨ ᠣᠷᠣᠭᠤᠯᠬᠤ ᠪᠠᠷ ᠴᠢᠷᠮᠠᠶᠢᠵᠤ᠂ ᠠᠶᠢᠮᠠᠭ ᠤᠨ ᠭᠠᠳᠠᠨ᠎ᠠ ᠠᠴᠠ 65 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠡᠳᠡᠨ ᠣᠷᠣᠭᠤᠯᠬᠤ ᠪᠠᠷ ᠬᠦᠴᠦᠯᠡᠨ᠎ᠡ᠃ ᠳᠥᠰᠦᠯ ᠤᠨ ᠬᠥᠮᠥᠷᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠳᠠᠷᠤᠭᠳᠠᠮᠠᠯ ᠳᠥᠰᠦᠯ ᠢ ᠲᠤᠬᠢᠲᠠᠢ ᠰᠢᠢᠳᠪᠦᠷᠢᠯᠡᠵᠦ᠂ ᠳᠥᠰᠦᠯ ᠤᠨ ᠨᠥᠭᠡᠴᠡ ᠶᠢ ᠲᠡᠭᠦᠯᠳᠡᠷᠵᠢᠭᠦᠯᠦᠨ᠂ ᠳᠥᠰᠦᠯ ᠤᠨ ᠪᠥᠲᠥᠭᠡᠨ ᠪᠠᠶᠢᠭᠤᠯᠤᠯᠲᠠ ᠶᠢᠨ ᠱᠠᠲᠤᠴᠢ ᠴᠢᠨᠠᠷᠲᠠᠢ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ ᠪᠠᠯᠠ ᠣᠷᠣᠭᠤᠯᠤᠯᠲᠠ ᠶᠢᠨ ᠳᠥᠰᠦᠯ ᠳᠤ ᠮᠥᠷᠳᠡᠨ ᠦᠢᠯᠡᠴᠢᠯᠡᠬᠦ ᠪᠠᠶᠢᠩᠭᠤ ᠶᠢᠨ ᠲᠣᠭᠲᠠᠴᠠ ᠶᠢ ᠪᠦᠷᠢᠨᠰᠢᠭᠦᠯᠵᠦ᠂ ᠳᠥᠰᠦᠯ ᠢ ᠨᠠᠶᠢᠳᠠᠪᠤᠷᠢᠵᠢᠭᠤᠯᠬᠤ ᠬᠤᠭᠤᠴᠠᠭᠠᠨ ᠤ ᠬᠦᠢᠴᠡᠳᠬᠡᠯ ᠢ ᠱᠠᠯᠠᠪᠳᠠᠬᠤ᠂ ᠪᠠᠶᠢᠭᠤᠯᠵᠤ ᠪᠠᠶᠢᠭ᠎ᠠ ᠳᠥᠰᠦᠯ ᠤᠨ ᠠᠬᠢᠴᠠ ᠶᠢ ᠲᠦᠷᠭᠡᠳᠬᠡᠬᠦ᠂ ᠪᠠᠶᠢᠭᠤᠯᠵᠤ ᠳᠠᠭᠤᠰᠬᠠᠭᠰᠠᠨ ᠳᠥᠰᠦᠯ ᠎ ᠤᠨ ᠠᠰᠢᠭᠯᠠᠯᠲᠠ ᠳᠤ ᠤᠷᠤᠬᠤ ᠶᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠳᠥᠰᠦᠯ ᠢ ᠠᠬᠢᠭᠤᠯᠬᠤ ᠵᠠᠩᠭᠢᠯᠠᠭ᠎ᠠ ᠶᠢ ᠠᠳᠬᠤᠵᠦ᠂ ᠭᠤᠤᠯᠳᠠᠯᠭ᠎ᠠ ᠲᠠᠢ ᠳᠥᠰᠦᠯ ᠢ ᠡᠬᠢᠯᠡᠭᠦᠯᠬᠦ ᠶᠣᠰᠣᠲᠠᠶ ᠶᠢ ᠨᠢ ᠪᠦᠬᠦᠨ ᠢ ᠡᠬᠢᠯᠡᠭᠦᠯᠵᠦ᠂ ᠪᠡᠯᠡ ᠣᠷᠣᠭᠤᠯᠬᠤ ᠶᠣᠰᠣᠲᠠᠶ ᠳᠤ ᠨᠢ ᠪᠡᠯᠡ ᠣᠷᠣᠭᠤᠯᠬᠤ ᠶᠢ ᠦᠨᠡᠨ ᠬᠦ ᠪᠠᠲᠤᠯᠠᠨ᠎ᠠ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ︽ᠰᠣᠯᠠᠯᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾᠎ ᠶᠢ ᠬᠡᠷᠡᠭᠵᠢᠭᠦᠯᠦᠨ᠂ ᠬᠢᠨᠠᠨ ᠵᠥᠪᠰᠢᠶᠡᠷᠡᠬᠦ ᠪᠠ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ︽ᠨᠢᠭᠡ ᠯᠡ ᠤᠳᠠᠭ᠎ᠠ ᠎ ᠳᠤ ᠬᠦᠢᠴᠡᠳᠬᠡᠵᠦ ᠳᠡᠶᠢᠯᠬᠦ︾ ᠪᠣᠯᠭᠠᠨ᠎ᠠ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠎ ᠶᠢ ᠴᠢᠩᠭᠠᠳᠬᠠᠵᠤ᠂ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠬᠦᠴᠦᠨ ᠨᠡᠮᠡᠷᠢᠯᠡᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠢᠯ ᠲᠦᠷᠦᠯ ᠎ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠤᠨ ᠬᠥᠭᠵᠢᠯᠲᠡ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠯᠲᠠ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠪᠠᠶᠢᠴᠠᠭᠠᠯᠲᠠ᠂ ᠲᠣᠭᠤᠷᠢᠨ ᠦᠵᠡᠵᠦ ᠬᠢᠨᠠᠨ ᠪᠠᠶᠢᠴᠠᠭᠠᠬᠤ ᠠᠵᠢᠯᠯᠠᠭ᠎ᠠ ᠶᠢ ᠵᠢᠷᠤᠮᠵᠢᠭᠤᠯᠤᠨ᠂ ᠠᠶᠤᠯ ᠲᠦᠭᠰᠢᠭᠦᠷᠢ ᠶᠢᠨ ᠰᠠᠨᠠᠭᠤᠯᠤᠮᠵᠢ᠂ ᠵᠠᠰᠠᠭ ᠵᠠᠬᠢᠷᠭᠠᠨ ᠤ ᠰᠠᠨᠠᠭᠤᠯᠭ᠎ᠠ ᠵᠡᠷᠭᠡ ᠪᠠᠭᠲᠠᠭᠠᠮᠵᠢᠲᠠᠢ ᠪᠣᠯᠭᠤᠮᠵᠢᠲᠠᠢ ᠬᠢᠨᠠᠨ ᠬᠠᠮᠢᠶᠠᠷᠤᠯᠲᠠ ᠶᠢᠨ ᠠᠷᠭ᠎ᠠ ᠪᠣᠳᠤᠯᠭ᠎ᠠ ᠶᠢ ᠬᠡᠷᠡᠭᠵᠢᠭᠦᠯᠵᠦ ᠭᠤᠣᠯᠳᠠᠯᠭ᠎ᠠ ᠲᠠᠢ ᠳᠥᠰᠦᠯ᠂ ᠭᠤᠣᠯᠳᠠᠯᠭ᠎ᠠ ᠲᠠᠢ ᠠᠵᠤ ᠠᠬᠤᠶᠢᠯᠠᠯ ᠢ ᠳᠠᠭᠠᠭᠠᠴᠢᠯᠠᠨ ᠬᠠᠷᠢᠭᠤᠴᠠᠬᠤ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠂ ︽ᠬᠤᠳᠠᠯᠳᠤᠭᠠᠴᠢᠨ ᠢ ᠳᠣᠲᠣᠨᠣᠴᠢᠯᠠᠬᠤ᠂ ᠴᠢᠬᠤᠯᠠᠴᠢᠯᠠᠬᠤ᠂ ᠲᠣᠭᠲᠠᠪᠤᠷᠢᠵᠢᠭᠤᠯᠬᠤ᠂ ᠪᠠᠶᠠᠵᠢᠭᠤᠯᠬᠤ᠂ ᠬᠠᠮᠠᠭᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠨ᠎ᠠ᠃ ︽ᠲᠠᠪᠦ‍ ᠨᠢᠭᠡ︾ ᠮᠠᠯᠵᠢᠯ ᠤᠨ ᠲᠠᠯᠠᠪᠠᠶ᠂ ᠪᠣᠷᠤ ᠬᠤᠲᠠ ᠵᠢᠱᠢᠶ᠎ᠡ ᠦᠵᠡᠭᠦᠯᠬᠦ ᠲᠣᠭᠤᠷᠢᠭ ᠪᠠ ᠷᠠᠰᠢᠶᠠᠨᠲᠤ ᠮᠠᠯᠵᠢᠯ ᠤᠨ ᠲᠠᠯᠠᠪᠠᠶ ᠶᠢᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠬᠠᠮᠢᠶᠠᠷᠤᠯᠲᠠ ᠶᠢᠨ ᠲᠤᠭᠲᠠᠯᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠤᠯᠤᠰ ᠤᠨ ᠥᠮᠴᠢᠯᠡᠯᠲᠦ ᠡᠬᠢ ᠪᠠᠶᠠᠯᠢᠭ ᠢ ᠰᠠᠶᠢᠲᠤᠷ ᠠᠰᠢᠭᠯᠠᠨ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠲᠣᠰ ᠪᠡᠶ᠎ᠡ ᠶᠢᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠨ᠎ᠡ᠃ ᠰᠠᠭᠤᠷᠢ ᠪᠠᠲᠤᠯᠭᠠᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠲᠠᠶᠢᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ᠂ ᠰᠢᠨ᠎ᠡ ᠪᠠᠷ ᠪᠠᠶᠢᠭᠤᠯᠬᠤ ᠭᠡᠵᠦ ᠪᠠᠶᠢᠭ᠎ᠠ ᠢᠷᠭᠡᠨ ᠤ ᠨᠢᠰᠬᠡᠯ ᠤᠨ ᠪᠠᠭᠤᠳᠠᠯ ᠵᠡᠷᠭᠡ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠥᠰᠦᠯ ᠢ ᠵᠣᠬᠢᠴᠠᠭᠤᠯᠤᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠷᠢᠶᠡᠨ ᠠᠴᠠ ᠭᠤᠸᠠᠩᠵᠸᠤ ᠬᠦᠷᠬᠦ ᠥᠨᠳᠦᠷ ᠬᠤᠷᠳᠣᠴᠠᠲᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠳᠥᠰᠦᠯ ᠢ ᠪᠠᠶᠢᠭᠤᠯᠵᠤ᠂ ᠵᠠᠮ ᠬᠠᠷᠢᠯᠴᠠᠭᠠᠨ ᠤ ᠰᠢᠰᠲ᠋ᠧᠮ ᠢ ᠣᠯᠠᠮ ᠪᠥᠷᠢᠨᠰᠢᠭᠦᠯᠦᠨ᠎ᠡ᠃ ᠬᠦᠷᠢᠶᠡᠯᠡᠩ ᠲᠣᠭᠤᠷᠢᠭ ᠤᠨ ᠪᠠᠭᠲᠠᠭᠠᠮᠵᠢ ᠶᠢ ᠤᠯᠠᠮ ᠨᠢᠭᠡ ᠠᠯᠬᠤᠮ ᠥᠷᠭᠡᠳᠬᠡᠵᠦ᠂ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ ᠣᠷᠣᠵᠤ ᠢᠯᠴᠢ᠂ ᠬᠡᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠠᠯᠬᠤᠮ ᠠᠯᠬᠤᠮ ᠢᠶᠠᠷ ᠰᠢᠶᠳᠪᠦᠷᠢᠯᠡᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠥᠪᠯᠡᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠱᠠᠩᠳᠤ ᠪᠠᠯᠭᠠᠰᠤᠨ ᠤ ︽ᠬᠥᠨᠳᠡᠯᠡᠨ ᠲᠣᠯᠤᠭ᠎ᠠ ᠭᠤᠯᠳᠤ ᠲᠠᠪᠤᠨ︾ ᠵᠠᠮ ᠱᠤᠭᠤᠮ ᠤᠨ ᠰᠦᠯᠵᠢᠶᠡᠵᠢᠭᠰᠡᠨ ᠪᠠᠶᠢᠷᠢᠰᠢᠯ ᠢ ᠲᠡᠭᠦᠯᠳᠡᠷᠵᠢᠭᠦᠯᠵᠦ᠂ ᠤᠰᠤ᠂ ᠬᠡᠢ᠂ ᠢᠯᠴᠢ᠂ ᠴᠠᠬᠢᠯᠭᠠᠨ ᠪᠠᠲᠤᠯᠠᠭ᠎ᠠ ᠶᠢ ᠴᠢᠩᠭᠠᠳᠬᠠᠵᠤ᠂ ᠱᠠᠩᠳᠤ ᠪᠠᠯᠭᠠᠰᠤᠨ ᠤ ᠵᠡᠭᠦᠨ ᠪᠠᠷᠠᠭᠤᠨ ᠡᠭᠦᠳᠡᠨ ᠤ ᠳᠠᠭᠠᠤ ᠥᠩᠭᠡ ᠳᠥᠷᠬᠦ ᠶᠢ ᠥᠭᠡᠷᠡᠴᠢᠯᠡᠨ ᠰᠢᠨᠡᠳᠬᠡᠵᠦ᠂ ︽ᠨᠢᠭᠡ ᠲᠠᠯᠠᠪᠠᠢ ᠭᠤᠷᠪᠠᠨ ᠬᠦᠷᠢᠶᠡᠯᠡᠩ︾᠎ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠯᠭᠠᠰᠣᠨ ᠲᠥᠪ ᠤᠨ ᠲᠡᠷᠭᠡᠨ ᠵᠣᠭᠰᠣᠭᠠᠯ᠂ ᠤᠯᠠᠨ ᠨᠡᠶᠢᠲᠡ ᠎ ᠶᠢᠨ ᠡᠷᠡᠭᠦᠯ ᠬᠠᠮᠠᠭᠠᠯᠠᠯ ᠤᠨ ᠲᠠᠰᠤᠭ᠂ ᠬᠤᠭ ᠨᠣᠪᠰᠢ ᠶᠢ ᠳᠠᠮᠵᠢᠭᠤᠯᠬᠤ ᠦᠷᠲᠡᠭᠡ ᠵᠡᠷᠭᠡ ᠰᠠᠭᠤᠷᠢ ᠲᠥᠬᠦᠭᠡᠷᠦᠮᠵᠢ ᠶᠢ ᠪᠦᠷᠢᠨᠰᠢᠭᠦᠯᠦᠨ᠎ᠡ᠃ ᠨᠢᠭᠡ ᠪᠦᠯᠦᠭ ᠨᠡᠷ᠎ᠡ ᠬᠦᠨᠳᠦᠲᠡᠶ᠂ ᠪᠣᠳᠠᠲᠤ ᠬᠦᠴᠦᠨ ᠲᠠᠢ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠢ ᠲᠡᠳᠡᠨ ᠣᠷᠣᠭᠤᠯᠵᠤ᠂ ᠮᠢᠩᠭᠠᠨ ᠡᠷᠦᠬᠡ ᠠᠴᠠ ᠳᠡᠭᠡᠭᠰᠢᠬᠢ ᠰᠣᠳᠣᠨ ᠰᠠᠭᠤᠭᠠᠯᠢ ᠠᠷᠠᠳ ᠤᠨ ᠲᠣᠭᠤᠷᠢᠭ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠪᠣᠷᠤ ᠭᠡᠷ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠶᠢᠨ ᠡᠷᠴᠢᠮ ᠎ ᠢ ᠨᠡᠮᠡᠭᠳᠡᠭᠦᠯᠦᠨ᠂ ᠣᠷᠣᠨ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠵᠤ᠂ 11 ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠥᠰᠦᠯ ᠢ ᠬᠡᠷᠡᠭᠵᠢᠬᠦᠯᠦᠨ᠎ᠡ᠃ ᠬᠤᠲᠠ ᠪᠠᠯᠭᠠᠰᠣᠨ ᠤ ᠨᠠᠷᠢᠯᠢᠭᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠡᠳᠦᠷ ᠲᠤᠲᠤᠮ ᠤᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠲᠡᠭᠦᠷᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠨᠢᠭᠡᠴᠢᠯᠡᠭᠰᠡᠨ ᠬᠠᠮᠢᠶᠠᠷᠤᠯᠲᠠ ᠶᠢ ᠠᠬᠢᠭᠤᠯᠤᠨ᠎ᠠ᠃ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠪᠡᠯᠡᠳᠬᠡᠮᠵᠢ ᠨᠢ ᠪᠠᠭᠤᠷᠠᠶ᠂ ᠠᠳᠠᠯ ᠠᠬᠤᠢ ᠶᠢᠨ ᠰᠦᠶᠳᠬᠡᠯ ᠲᠤᠰᠢᠶᠠᠬᠤ ᠨᠣᠷᠮ᠎ᠠ ᠨᠢ ᠳᠣᠤᠷ᠎ᠠ᠂ ᠠᠳᠠᠯ ᠠᠬᠤᠢ ᠶᠢᠨ ᠦᠢᠯᠡᠴᠢᠯᠡᠭᠡ ᠪᠠᠭᠤᠷᠠᠢ ᠵᠡᠷᠭᠡ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠎ ᠪᠠᠷ ᠬᠥᠲᠥᠯᠥᠨ ᠵᠢᠯᠣᠭᠤᠳᠬᠤ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠥᠮᠴᠢᠲᠡᠨ ᠤ ᠵᠥᠪᠯᠡᠯ᠂ ᠠᠳᠠᠯ ᠠᠬᠤᠢ ᠶᠢᠨ ᠬᠠᠮᠢᠶᠠᠷᠤᠯᠲᠠ ᠶᠢ ᠪᠥᠷᠢᠨᠰᠢᠭᠦᠯᠬᠦ ᠶᠢ ᠠᠬᠢᠭᠤᠯᠤᠨ᠎ᠠ᠃ ᠰᠤᠮᠤ ᠪᠠᠯᠭᠠᠰᠣᠨ ︵ᠲᠠᠯᠠᠪᠠᠢ︶᠎ ᠤ ᠡᠵᠡᠮᠰᠢᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠵᠢᠴᠢ ᠬᠤᠲᠠ ᠶᠢᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠣᠨᠴᠠᠯᠢᠭᠲᠤ ᠵᠢᠵᠢᠭ ᠪᠠᠯᠭᠠᠰᠤ ᠪᠠ ᠵᠤᠭᠠᠴᠠᠯ ᠤᠨ ᠬᠤᠲᠠ ᠪᠠᠯᠭᠠᠰᠤᠨ ᠎ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠰᠠᠩ ᠤᠨ ᠳᠠᠯᠠᠢ ᠪᠠᠯᠭᠠᠰᠤᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠠᠪᠤᠨ ᠵᠢᠯ ᠤᠨ ᠳᠣᠲᠣᠷ᠎ᠠ ᠪᠠᠯᠭᠠᠰᠤᠨ ᠲᠥᠪ ᠤᠨ ᠪᠦᠲᠦᠭᠡᠨ ᠪᠠᠶᠢᠭᠤᠯᠤᠯᠲᠠ ᠶᠢ ᠢᠯᠡᠳᠲᠡ ᠰᠠᠶᠢᠵᠢᠷᠠᠭᠤᠯᠤᠨ᠎ᠠ᠃             ︵ᠲᠠᠪᠤ︶ ᠠᠷᠠᠳ ᠲᠦᠮᠡᠨ ᠢ ᠲᠡᠷᠢᠭᠦᠨ ᠳᠤ ᠪᠣᠳᠤᠯᠬᠢᠯᠠᠬᠤ ᠵᠠᠷᠴᠢᠮ ᠢ ᠪᠠᠷᠢᠮᠲᠠᠯᠠᠵᠤ᠂ ᠴᠢᠨᠠᠷᠯᠢᠭ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠎ᠡ᠃ ᠠᠷᠠᠳ ᠲᠦᠮᠡᠨ ᠢᠶᠠᠷ ᠲᠥᠪ ᠪᠣᠯᠭᠠᠬᠤ ᠬᠥᠭᠵᠢᠯᠲᠡ ᠶᠢᠨ ᠦᠵᠡᠯᠲᠡ ᠶᠢ ᠪᠠᠲᠤ ᠪᠤᠢ ᠪᠣᠯᠭᠠᠵᠤ᠂ ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠬᠡᠷᠡᠭ ᠶᠠᠪᠤᠳᠠᠯ ᠢ ᠠᠷᠠᠳ ᠤᠨ ᠰᠡᠳᠬᠢᠯ ᠢ ᠵᠠᠰᠠᠬᠤ ᠶᠡᠭᠡ ᠠᠵᠢᠯ ᠪᠣᠯᠭᠠᠨ ᠪᠣᠳᠠᠲᠠᠢ ᠠᠳᠬᠤᠵᠤ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ᠂ ᠲᠦᠪᠡᠭᠳᠡᠵᠦ ᠪᠠᠶᠢᠭ᠎ᠠ᠂ ᠵᠣᠪᠠᠵᠤ ᠪᠠᠶᠢᠭ᠎ᠠ ᠶᠠᠪᠤᠳᠠᠯ ᠢ ᠬᠦᠴᠦ ᠲᠠᠯᠪᠢᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠷᠠᠳ ᠲᠦᠮᠡᠨ ᠳᠤ ᠲᠠᠭᠠᠰᠢᠶᠠᠭᠳᠠᠭᠰᠠᠨ ᠰᠣᠶᠣᠯ ᠰᠤᠷᠭᠠᠨ ᠬᠥᠮᠦᠵᠢᠯ ᠤᠨ ᠦᠢᠯᠡᠰ ᠡᠷᠬᠢᠯᠡᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠠ ᠬᠤᠯᠪᠣᠭᠳᠠᠯ ᠪᠦᠬᠦᠢ ᠥᠭᠡᠷᠡᠴᠢᠯᠡᠯᠲᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠦᠭᠡ ᠬᠡᠯᠡ ᠦᠰᠦᠭ ᠪᠢᠴᠢᠭ ᠢ ᠵᠢᠷᠤᠮᠵᠢᠭᠤᠯᠤᠨ ᠪᠠᠷᠢᠮᠵᠢᠶ᠎ᠠ ᠳᠤ ᠬᠦᠷᠭᠡᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠦᠨᠳᠦᠰᠦᠨ ᠳᠤ ᠪᠠᠨ ᠲᠡᠩᠴᠡᠭᠦᠷᠢᠲᠡᠶ ᠪᠠᠶᠢᠭ᠎ᠠ ᠦᠷ᠎ᠡ ᠪᠦᠲᠦᠭᠡᠯ ᠎ ᠢᠶᠠᠨ ᠪᠠᠲᠤᠳᠬᠠᠨ᠂ ᠰᠤᠷᠭᠠᠭᠤᠯᠢ ᠶᠢᠨ ᠬᠦᠷᠢᠶᠡᠨ ᠤ ᠰᠠᠭᠤᠷᠢ ᠪᠡᠯᠡᠳᠬᠡᠮᠵᠢ ᠪᠠ ᠰᠤᠷᠭᠠᠭᠤᠯᠢ ᠶᠢᠨ ᠬᠦᠷᠢᠶᠡᠨ ᠤ ᠣᠶᠤᠨᠴᠢᠯᠠᠭᠰᠠᠨ ᠪᠠᠶᠢᠭᠤᠯᠤᠯᠲᠠ ᠶᠢ ᠴᠢᠩᠭᠠᠳᠬᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠣᠷᠤᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠬᠤᠶᠠᠳᠤᠭᠠᠷ ᠪᠠᠭ᠎ᠠ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠳᠥᠰᠦᠯ ᠢ ᠬᠡᠷᠡᠭᠵᠢᠭᠦᠯᠬᠦ ᠎ ᠶᠢᠨ ᠬᠠᠮᠲᠦ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠬᠤᠭᠤᠯᠠᠨ ᠲᠢᠩᠭᠢᠮ ᠎ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠪᠠ ᠬᠤᠶᠠᠳᠤᠭᠠᠷ ᠳᠤᠮᠳᠠᠳᠤ ᠰᠤᠷᠭᠠᠭᠤᠯᠢ ᠶᠢ ᠵᠠᠰᠠᠨ ᠰᠢᠨᠡᠳᠬᠡᠬᠦ ᠳᠥᠰᠦᠯ ᠢ ᠠᠬᠢᠭᠤᠯᠤᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ︽ᠨᠢᠭᠡ ᠵᠢᠯ ᠳᠤ ᠰᠠᠭᠤᠷᠢ ᠶᠢ ᠲᠠᠯᠪᠢᠵᠤ᠂ ᠬᠤᠶᠠᠷ ᠵᠢᠯ ᠳᠤ ᠪᠠᠲᠤᠳᠬᠠᠨ᠂ ᠭᠤᠷᠪᠠᠨ ᠵᠢᠯ ᠳᠤ ᠠᠩᠬ᠎ᠠ ᠠᠯᠬᠤᠮ ᠤᠨ ᠦᠷ᠎ᠡ ᠪᠦᠲᠦᠮᠵᠢ ᠤᠯᠬᠤ︾ ᠰᠡᠳᠬᠢᠮᠵᠢ ᠶᠣᠰᠣᠭᠠᠷ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠲᠤᠨ ᠳᠤ ᠰᠢᠯᠢᠳᠡᠭ ᠵᠢᠭᠠᠨ ᠰᠣᠷᠭᠠᠯᠲᠠ ᠶᠢ ᠲᠥᠭᠡᠮᠡᠯᠵᠢᠭᠦᠯᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠥᠪ ᠭᠤᠤᠯᠴᠢ ᠲᠡᠩᠴᠡᠭᠦᠷᠢᠲᠡᠶ ᠪᠠᠶᠢᠯᠭᠠᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠎ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠴᠢᠬᠤᠯᠠᠴᠢᠯᠠᠨ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠨᠴᠠᠯᠢᠭ ᠢ ᠲᠣᠪᠤᠶᠢᠯᠭᠠᠨ᠎ᠠ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠰᠢᠯᠢ ᠶᠢᠨ ᠭᠤᠤᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠬᠠᠮᠲᠤᠷᠠᠯᠴᠠᠭ᠎ᠠ ᠪᠠᠶᠢᠭᠤᠯᠤᠨ ᠰᠣᠷᠭᠠᠨ ᠬᠦᠮᠦᠵᠢᠬᠦᠯᠬᠦ ᠪᠠ ᠰᠤᠷᠭᠠᠨ ᠬᠥᠮᠦᠵᠢᠯ ᠢ ᠳᠡᠮᠵᠢᠬᠦ ᠬᠠᠷᠢᠴᠠᠭ᠎ᠠ ᠶᠢ ᠭᠦᠨᠵᠡᠭᠡᠶᠢᠷᠡᠭᠦᠯᠵᠦ᠂ ᠪᠠᠭᠰᠢ ᠎ ᠶᠢᠨ ᠮᠣᠷᠠᠯ ᠰᠤᠷᠲᠠᠯ ᠵᠢᠴᠢ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠪᠠᠶᠢᠭᠤᠯᠣᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠳᠠᠭᠠᠤ ᠪᠠᠭᠰᠢ ᠎ ᠶᠢᠨ ᠬᠢᠷᠢ ᠭᠡᠮ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠤᠨ᠂ ᠰᠣᠷᠣᠭᠴᠢ ᠶᠢᠨ ᠭᠠᠳᠠᠭᠰᠢ ᠶᠠᠪᠤᠵᠤ ᠰᠣᠷᠤᠯᠴᠠᠬᠤ ᠶᠢ ᠪᠠᠭᠠᠰᠬᠠᠵᠤ᠂ ᠭᠡᠷ ᠤᠨ ᠠᠬᠠᠮᠠᠳ ᠬᠡᠦᠬᠡᠳ ᠢᠶᠠᠨ ᠳᠠᠭᠠᠵᠤ ᠰᠤᠷᠤᠯᠴᠠᠬᠤ᠂ ᠠᠶᠢᠯ ᠳᠤ ᠰᠠᠭᠤᠯᠭᠠᠬᠤ ᠵᠡᠷᠭᠡ ᠰᠤᠷᠭᠠᠨ ᠬᠥᠮᠦᠵᠢᠯ ᠤᠨ ᠲᠠᠯ᠎ᠠ ᠪᠠᠷ ᠬᠢ ᠳᠠᠷᠤᠭᠠᠰᠣ ᠶᠢ ᠬᠥᠩᠭᠡᠷᠡᠭᠦᠯᠦᠨ᠎ᠡ᠃ 2025 ᠣᠨ ᠪᠣᠯᠬᠤ ᠳᠤ᠂ ᠰᠤᠷᠬᠤ ᠨᠠᠰᠤᠨ ᠠᠴᠠ ᠡᠮᠦᠨᠡᠬᠢ ᠬᠡᠤᠬᠡᠳ ᠤᠨ ᠴᠡᠴᠡᠷᠯᠢᠭ ᠲᠤ ᠣᠷᠣᠬᠤ ᠨᠣᠷᠮ᠎ᠠ ᠶᠢ 98 %᠎ ᠠᠴᠠ ᠳᠡᠭᠡᠭᠰᠢ ᠳᠤ ᠪᠠᠶᠢᠯᠭᠠᠨ᠂ ᠠᠯᠪᠠᠨ ᠵᠢᠷᠤᠮ ᠎ ᠤᠨ ᠰᠤᠷᠭᠠᠨ ᠬᠥᠮᠦᠵᠢᠯ ᠬᠦᠷᠲᠡᠬᠦ ᠨᠣᠷᠮ᠎ᠠ ᠶᠢ 100 %᠎ ᠪᠠᠷ ᠪᠠᠲᠤᠯᠠᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠎ ᠳᠤ ᠳᠠᠪᠰᠢᠬᠤ ᠨᠣᠷᠮ᠎ᠠ ᠶᠢ 97 %᠎ ᠠᠴᠠ ᠳᠡᠭᠡᠭᠰᠢ ᠳᠤ ᠬᠦᠷᠭᠡᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠡᠷᠡᠭᠦᠯ ᠡᠩᠬᠡ ᠰᠢᠯᠤᠭᠤᠨ ᠬᠥᠬᠡ︾ ᠬᠦᠳᠡᠯᠪᠦᠷᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠢᠨᠠᠨ ᠰᠢᠯᠭᠠᠵᠤ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠠ ᠬᠤᠯᠤᠭᠠᠨ᠎ᠠ ᠶᠢᠨ ᠬᠢᠵᠢᠭ ᠢ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠬᠤᠷᠢᠭᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ ᠤᠨ ᠪᠦᠳᠦᠮᠵᠢ ᠪᠠᠨ ᠨᠠᠨᠳᠢᠩᠨᠠᠨ ᠪᠠᠲᠤᠳᠬᠠᠨ᠎ᠠ᠃ ᠡᠯ᠎ᠡ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠵᠢᠭ ᠢ ᠰᠡᠷᠭᠡᠶᠢᠯᠡᠨ ᠵᠠᠰᠠᠬᠤ ᠴᠢᠳᠠᠪᠤᠷᠢ ᠪᠠ ᠦᠶᠯᠡᠴᠢᠯᠡᠭᠡᠨ ᠤ ᠬᠢᠷᠢ ᠲᠥᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠷᠦ᠋ᠼᠧᠯ ᠡᠪᠡᠳᠴᠢᠨ᠂ ᠪᠡᠳᠡᠬᠢ ᠡᠪᠡᠳᠴᠢᠨ ᠢᠶᠠᠷ ᠭᠤᠣᠯᠯᠠᠭᠰᠠᠨ ᠣᠷᠣᠨ ᠨᠤᠲᠤᠭ ᠤᠨ ᠡᠪᠡᠳᠴᠢᠨ᠂ ᠬᠠᠯᠳᠠᠪᠤᠷᠢᠲᠤ ᠡᠪᠡᠳᠴᠢᠨ ᠢ ᠪᠠᠶᠢᠴᠠᠭᠠᠬᠤ ᠪᠠ ᠡᠮᠴᠢᠯᠡᠨ ᠵᠠᠰᠠᠬᠤ ᠠᠵᠢᠯ ᠢ ᠠᠬᠢᠭᠤᠯᠤᠨ᠂ ᠣᠯᠠᠨ ᠲᠦᠮᠡᠨ ᠤ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠦᠨ᠎ᠡ᠃ ᠨᠡᠶᠢᠲᠡ ᠶᠢᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠲᠦᠷᠭᠡᠳᠬᠡᠨ᠂ ᠦᠨᠳᠦᠰᠦᠨ ᠱᠠᠲᠤᠨ ᠤ ᠶᠡᠷᠦᠩᠬᠡᠶ ᠰᠠᠯᠠᠭᠠᠨ ᠤ ᠡᠮᠴᠢ ᠶᠢ ᠬᠥᠮᠦᠵᠢᠭᠦᠯᠬᠦ ᠡᠷᠴᠢᠮ ᠢ ᠴᠢᠩᠭᠠᠷᠠᠭᠤᠯᠵᠤ᠂ ᠪᠣᠳᠠᠲᠠᠶ ᠳᠤ ᠨᠡᠶᠢᠴᠡᠭᠰᠡᠨ᠂ ᠡᠵᠡᠩᠨᠡᠯᠲᠡ ᠶᠢᠨ ᠦᠷ᠎ᠡ ᠪᠦᠳᠦᠮᠵᠢ ᠪᠠᠷ ᠦᠨᠳᠦᠷ ᠡᠮᠨᠡᠯᠭᠡ ᠶᠢᠨ ᠬᠤᠯᠪᠣᠭᠠᠯᠠᠯ ᠪᠠ ᠡᠮᠨᠡᠯᠭᠡ ᠶᠢᠨ ᠬᠠᠮᠲᠤᠷᠠᠭᠰᠠᠨ ᠴᠤᠭᠴᠠ ᠶᠢᠨ ᠪᠠᠶᠢᠭᠤᠯᠤᠯᠳᠠ ᠶᠢ ᠠᠬᠢᠭᠤᠯᠤᠨ᠂ ᠣᠯᠠᠨ ᠲᠦᠮᠡᠨ ᠤ ︽ᠣᠶᠢᠷ᠎ᠠ ᠬᠠᠪᠢ ᠳᠠᠭᠠᠨ ᠡᠮᠨᠡᠭᠦᠯᠬᠦ︾᠎ ᠶᠢ ᠪᠠᠳᠤᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠨᠳᠦᠰᠦᠨ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠦᠷᠭᠦᠯᠵᠢᠯᠡᠨ ᠪᠠᠬᠢᠵᠢᠭᠦᠯᠵᠦ᠂ ᠪᠦᠬᠦ ᠠᠷᠠᠳ ᠤᠨ ᠡᠮᠨᠡᠯᠭᠡ ᠶᠢᠨ ᠳᠠᠭᠠᠳᠬᠠᠯ ᠤᠨ ᠳᠤᠭᠲᠠᠯᠴᠠᠭ᠎ᠠ ᠶᠢ ᠲᠡᠭᠦᠯᠳᠡᠷᠵᠢᠭᠦᠯᠦᠨ᠂ ᠣᠨᠳᠣᠣ ᠭᠠᠵᠠᠷ ᠡᠮᠴᠢᠯᠡᠭᠦᠯᠦᠭᠰᠡᠨ ᠵᠠᠷᠣᠳᠠᠯ ᠢ ᠰᠢᠭᠤᠳ ᠳᠠᠩᠰᠠᠨ ᠠᠴᠠ ᠴᠠᠶᠢᠷᠠᠭᠤᠯᠵᠤ ᠳᠡᠶᠢᠯᠬᠦ ᠡᠮᠴᠢᠯᠡᠭᠡᠨ ᠤ ᠪᠠᠶᠢᠭᠤᠯᠤᠮᠵᠢ ᠶᠢᠨ ᠬᠡᠪᠴᠢᠶ᠎ᠡ ᠶᠢ ᠥᠷᠭᠡᠳᠬᠡᠨ᠎ᠡ᠃ 2025 ᠣᠨ ᠪᠣᠯᠬᠤ ᠳᠤ᠂ ᠬᠥᠳᠡᠭᠡ ᠳᠣᠰᠬᠤᠨ ᠤ ᠡᠮᠴᠢᠯᠡᠭᠡᠨ ᠤ ᠦᠶᠯᠡᠴᠢᠯᠡᠭᠡᠨ ᠤ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ 15 ᠮᠢᠨᠦ᠋ᠲ ᠤᠨ ᠦᠨᠳᠦᠰᠦᠨ ᠡᠮᠴᠢᠯᠡᠭᠡᠨ ᠤ ᠦᠶᠯᠡᠴᠢᠯᠡᠭᠡᠨ ᠤ ᠲᠤᠭᠤᠷᠢᠭ ᠢ ᠦᠨᠳᠦᠰᠦᠨ ᠳᠡᠭᠡᠨ ᠪᠦᠷᠢᠯᠳᠦᠭᠦᠯᠵᠦ᠂ ᠮᠢᠩᠭᠠᠨ ᠬᠥᠮᠦᠨ ᠪᠥᠷᠢ ᠳᠤ 3.6 ᠲᠤᠰᠬᠠᠢ ᠮᠡᠷᠭᠡᠵᠢᠯ ᠤᠨ ︵ᠲᠤᠰᠠᠯᠠᠭᠴᠢ︶ ᠡᠮᠴᠢ 4.75 ᠰᠣᠪᠢᠯᠠᠭᠴᠢ ᠨᠣᠭᠲᠠᠬᠤ ᠶᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠲᠥᠬᠦᠭᠡᠷᠦᠮᠵᠢ ᠶᠢᠨ ᠪᠠᠷᠢᠮᠵᠢᠶᠠᠵᠢᠭᠰᠠᠨ ᠨᠣᠷᠮ᠎ᠠ ᠶᠢ 100 %᠎ ᠳᠤ ᠬᠦᠷᠭᠡᠨ᠎ᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠎ ᠳᠤ ᠣᠷᠣᠯᠴᠠᠬᠤ ᠶᠢ ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠎ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠨᠣᠷᠮ᠎ᠠ ᠪᠣᠯᠣᠨ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠶᠢ ᠥᠷᠭᠡᠳᠬᠡᠬᠦ ᠠᠵᠢᠯ ᠢ ᠴᠢᠩᠭᠠᠳᠬᠠᠵᠤ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ ᠢ  ᠪᠦᠷᠢᠨᠰᠢᠭᠦᠯᠵᠦ᠂ ᠡᠯ᠎ᠡ ᠲᠥᠷᠥᠯ ᠤᠨ ᠬᠥᠮᠦᠰ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 96 %᠎ ᠠᠴᠠ ᠳᠡᠭᠡᠭᠰᠢ ᠎ ᠳᠤ ᠬᠦᠷᠭᠡᠨ᠎ᠡ᠃ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠰ ᠪᠠ ᠨᠠᠰᠤᠲᠠᠶᠢᠴᠤᠳ ᠲᠤ ᠵᠣᠷᠢᠭᠤᠯᠤᠭᠰᠠᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠡᠮᠴᠢᠯᠡᠬᠦ ᠪᠠ ᠡᠷᠡᠭᠦᠯᠵᠢᠭᠦᠯᠬᠦ ᠶᠢ ᠬᠠᠷᠢᠯᠴᠠᠨ ᠤᠶᠠᠯᠳᠤᠭᠤᠯᠤᠭᠰᠠᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ᠂ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ 2025 ᠣᠨ ᠪᠣᠯᠬᠤ ᠳᠤ᠂ ᠮᠢᠩᠭᠠᠨ ᠨᠠᠰᠤᠲᠠᠨ ᠪᠦᠷᠢ ᠳᠤ 60 ᠠᠰᠠᠷᠠᠮᠵᠢ ᠶᠢᠨ ᠣᠷᠣ ᠶᠢᠨ ᠲᠤᠭ᠎ᠠ ᠶᠢ 60 ᠠᠰᠠᠷᠠᠮᠵᠢ ᠶᠢᠨ ᠣᠷᠣ ᠨᠣᠭᠳᠠᠬᠤ ᠶᠢ ᠪᠠᠲᠤᠯᠠᠵᠤ᠂ ᠰᠤᠪᠢᠯᠠᠯᠲᠠ ᠶᠢᠨ ᠣᠷᠣ ᠶᠢᠨ ᠬᠠᠷᠢᠴᠠᠯ ᠢ 55 % ᠎ ᠠᠴᠠ ᠳᠡᠭᠡᠭᠰᠢ ᠪᠠᠶᠢᠯᠭᠠᠨ᠎ᠠ᠃ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠪᠠᠭᠠᠴᠤᠤᠯ᠂ ᠭᠤᠣᠨᠢ ᠨᠠᠰᠤᠲᠠᠨ᠂ ᠵᠡᠮᠳᠡᠭᠴᠦᠳ ᠵᠡᠷᠭᠡ ᠭᠤᠤᠯᠳᠠᠯᠭ᠎ᠠ ᠲᠠᠢ ᠬᠥᠮᠦᠰ ᠢ ᠠᠪᠤᠷᠠᠨ ᠲᠤᠰᠠᠯᠠᠵᠤ ᠬᠠᠮᠠᠭᠠᠯᠠᠬᠤ ᠡᠷᠴᠢᠮ ᠢᠶᠠᠨ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠪᠦᠷᠬᠦᠭᠦᠯᠦᠨ᠎ᠡ᠃ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠲᠡᠭᠦᠰᠦᠭᠰᠡᠨ ᠣᠶᠤᠲᠠᠳ᠂ ᠴᠡᠷᠢᠭ ᠠᠴᠠ ᠬᠠᠯᠠᠭᠳᠠᠭᠰᠠᠳ᠂ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦᠨ ᠪᠠ ᠠᠵᠢᠯ ᠣᠯᠬᠤ ᠳᠤ ᠬᠦᠴᠢᠷᠲᠡᠢ ᠬᠥᠮᠦᠰ ᠲᠤ ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ︽ᠵᠢᠤᠢ ᠯᠢ︾ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠵᠡᠭᠡᠯᠢ᠂ ︽ᠰᠡᠬᠡᠭᠡᠲᠡᠨ︾ ᠠᠳᠠᠯ ᠦᠢᠯᠡᠰ ᠴᠣᠭᠴᠠᠯᠠᠬᠤ ᠲᠠᠪᠲᠠᠨ ᠪᠣᠯᠪᠠᠰᠤᠷᠠᠭᠤᠯᠬᠤ ᠬᠦᠷᠢᠶᠡᠯᠡᠩ ᠵᠡᠷᠭᠡ ᠲᠠᠪᠴᠠᠩ ᠢ ᠠᠰᠢᠭᠯᠠᠨ᠂ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠨᠡᠶᠢᠭᠡᠮ ᠤᠨ ᠴᠢᠳᠠᠮᠵᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ 2025 ᠣᠨ ᠪᠣᠯᠬᠤ ᠳᠤ᠂ ᠬᠤᠲᠠ ᠪᠠᠯᠭᠠᠰᠤᠨ ᠤ ᠠᠵᠢᠯ ᠠᠯᠲᠠᠯᠲᠠ ᠶᠢᠨ ᠨᠣᠷᠮ᠎ᠠ ᠶᠢ 4 %᠎ ᠶᠢᠨ ᠳᠣᠲᠣᠷ᠎ᠠ ᠬᠢᠵᠠᠭᠠᠷᠯᠠᠵᠤ᠂ ᠵᠢᠯ ᠳᠤ 1000 ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠦᠨ᠎ᠡ᠃ ᠤᠯᠠᠨ ᠨᠡᠶᠢᠲᠡ ᠶᠢᠨ ᠴᠢᠨᠠᠷᠯᠢᠭ ᠦᠢᠯᠡᠴᠢᠯᠡᠭᠡ ᠶᠢ ᠰᠣᠶᠣᠯ ᠤᠨ ᠦᠢᠯᠡᠴᠢᠯᠡᠭᠡᠨ ᠤ ᠴᠢᠨᠠᠷᠯᠢᠭ ᠬᠠᠩᠭᠠᠯᠭ᠎ᠠ ᠶᠢ ᠠᠬᠢᠭᠤᠯᠤᠨ᠎ᠠ᠃ ᠰᠣᠶᠣᠯ ᠤᠨ ᠣᠷᠳᠣᠨ᠂ ᠨᠣᠮ ᠤᠨ ᠰᠠᠩ ᠤᠨ ᠶᠡᠷᠦᠩᠬᠡᠶ ᠬᠤᠪᠢᠶᠠᠷᠢ ᠪᠠ ᠣᠷᠳᠣᠨ ᠤ ᠲᠥᠰᠥᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠠᠯ᠎ᠠ ᠨᠤᠲᠤᠭ ᠤᠨ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠬᠡᠮᠡᠭᠳᠡᠭᠰᠡᠨ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠳᠤ ᠦᠶᠯᠡᠴᠢᠯᠡᠬᠦ ᠦᠶᠯᠡᠳᠦᠯ ᠢ ᠰᠠᠶᠢᠲᠤᠷ ᠪᠠᠳᠠᠷᠠᠭᠤᠯᠵᠤ᠂ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠣᠶᠣᠯ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ᠎ᠠ᠃ ᠱᠠᠩᠳᠤ ᠪᠠᠯᠭᠠᠰᠤᠨ ᠤ ᠪᠦᠬᠦ ᠠᠷᠠᠳ ᠎ ᠤᠨ ᠪᠡᠶ᠎ᠡ ᠴᠢᠭᠢᠷᠠᠭᠵᠢᠭᠤᠯᠬᠤ ᠲᠥᠪ᠂ ᠰᠠᠩ ᠤᠨ ᠳᠠᠯᠠᠢ ᠪᠠᠯᠭᠠᠰᠤᠨ ᠤ ᠣᠯᠠᠨ ᠴᠢᠳᠠᠪᠬᠢᠲᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠷᠳᠣᠨ ᠢ ᠲᠥᠯᠥᠪᠵᠢᠭᠦᠯᠦᠨ ᠪᠠᠶᠢᠭᠤᠯᠵᠤ᠂ ᠣᠯᠠᠨ ᠨᠡᠶᠢᠲᠡ ᠶᠢᠨ ᠰᠣᠶᠣᠯ ᠲᠠᠮᠢᠷ ᠤᠨ ᠦᠢᠯᠡᠴᠢᠯᠡᠭᠡᠨ ᠎ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠪᠤᠱᠤᠤᠳᠠᠶ ᠰᠤᠮᠤᠨ ᠤ ᠡᠩᠭᠡᠷ ᠭᠠᠴᠠᠭᠠᠨ ᠤ  ᠬᠤᠪᠢᠰᠬᠠᠯᠲᠤ ᠲᠡᠦᠬᠡ ᠶᠢᠨ ᠪᠠᠭ᠋ᠠᠷᠬᠠᠯᠲᠤ ᠬᠤᠲᠠ ᠤᠰᠤ ᠶᠢ ᠪᠠᠶᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠴᠠᠬᠠᠷ ᠠᠶᠢᠮᠠᠭ ᠤᠨ ᠠᠩᠬᠠᠳᠤᠭᠠᠷ ᠨᠠᠮ ᠤᠨ ᠡᠭᠦᠷ ᠢ ᠣᠷᠣᠨ ᠤ ᠲᠠᠰ ᠎ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠡ ᠳᠤ ᠮᠡᠳᠡᠭᠦᠯᠵᠦ᠂ ᠠᠯᠲᠠᠨ ᠤᠯᠤᠰ ᠤᠨ ᠬᠢᠯᠢ ᠎ ᠶᠢᠨ ᠱᠤᠭᠤᠮ᠂ ᠰᠧ ᠯᠠᠩ ᠴᠧᠩ ᠬᠠᠭᠤᠴᠢᠨ ᠬᠤᠲᠠ ᠶᠢᠨ ᠪᠠᠭᠤᠷᠢ᠂ ᠤᠮᠠᠷᠠᠲᠤ ᠸᠧᠶ ᠤᠯᠤᠰ ᠤᠨ ᠤᠷᠲᠤ ᠴᠠᠭᠠᠨ ᠬᠡᠷᠡᠮ ᠎ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠰᠧ ᠯᠠᠩ ᠴᠧᠩ ᠬᠠᠭᠤᠴᠢᠨ ᠬᠤᠲᠠ ᠶᠢᠨ ᠪᠠᠭᠤᠷᠢ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ  ᠪᠣᠯᠭᠠᠬᠤ ᠪᠠᠷ ᠡᠷᠡᠮᠡᠯᠵᠡᠨ᠎ᠡ᠃ ︵ᠵᠢᠷᠭᠤᠭ᠎ᠠ︶ ᠨᠡᠶᠢᠭᠡᠮ ᠤᠨ ᠴᠡᠭᠴᠡᠯᠡᠯᠲᠡ ᠶᠢ ᠴᠢᠩᠭᠠᠳᠬᠠᠵᠤ᠂ ᠴᠢᠨᠠᠷᠯᠢᠭ ᠬᠥᠭᠵᠢᠯᠲᠡ ᠶᠢᠨ ᠦᠷ᠎ᠡ ᠪᠦᠲᠦᠮᠵᠢ ᠶᠢ ᠪᠠᠬᠢᠵᠢᠭᠦᠯᠦᠨ᠎ᠡ᠃  ︽ᠬᠠᠮᠲᠤ ᠪᠠᠷ ᠪᠠᠶᠢᠭᠤᠯᠵᠤ᠂ ᠬᠠᠮᠲᠤ ᠪᠠᠷ ᠵᠠᠰᠠᠨ᠂ ᠬᠠᠮᠲᠤ ᠪᠠᠷ ᠡᠳ᠋ᠯᠡᠬᠦ︾᠎ ᠪᠠᠷ ᠬᠠᠷᠠᠯᠲᠠ ᠪᠣᠯᠭᠠᠵᠤ ᠂ ᠬᠠᠤᠯᠢ ᠶᠣᠰᠣᠭᠠᠷ ᠵᠠᠰᠠᠬᠤ᠂ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ︽ᠬᠠᠤᠯᠢᠵᠢᠭᠰᠠᠨ ᠰᠢᠯᠤᠭᠤᠨ ᠬᠥᠬᠡ︾ ︽ᠠᠮᠤᠷ ᠠᠮᠤᠭᠤᠯᠠᠩ ᠰᠢᠯᠤᠭᠤᠨ ᠬᠥᠬᠡ︾᠎ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠤ ᠠᠬᠤᠶ ᠨᠡᠶᠢᠭᠡᠮ ᠤᠨ ᠡᠶ᠎ᠡ ᠲᠣᠭᠲᠠᠭᠤᠨ᠂ ᠠᠷᠠᠳ ᠣᠯᠠᠨ ᠤ ᠠᠮᠤᠷ ᠲᠠᠶᠢᠪᠤᠩ ᠠᠵᠤ ᠲᠦᠷᠦᠭᠦ ᠶᠢ ᠦᠨᠡᠨ ᠬᠦ ᠪᠠᠲᠤᠯᠠᠨ᠎ᠠ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠪᠣᠳᠠᠰ ᠤᠨ ᠬᠦᠴᠦᠨ ᠪᠠ ᠤᠶᠤᠨ ᠤ ᠬᠦᠴᠦᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠎ ᠶᠢ ᠠᠬᠢᠭᠤᠯᠬᠤ ᠲᠠᠯ᠎ᠠ ᠪᠠᠷ ᠬᠢ ᠴᠢᠬᠤᠯᠠ ᠦᠶᠯᠡᠳᠦᠯ ᠢ ᠨᠢᠭᠡᠳᠦᠯᠲᠡᠶ ᠲᠥᠯᠥᠪᠵᠢᠭᠦᠯᠵᠦ᠂ ᠨᠠᠮ ᠤᠨ ᠦᠨᠳᠦᠰᠦᠲᠡᠨ ᠤ ᠣᠨᠣᠯ ᠪᠣᠯᠣᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠭᠡᠳ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠥᠷᠥ ᠎ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠ ︽ᠨᠠᠶᠮᠠ ᠳᠤ ᠭᠦᠨᠵᠡᠭᠡᠶᠢᠷᠡᠬᠦᠯᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠲᠡᠨ ᠎ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ᠂ ᠵᠢᠱᠢᠶ᠎ᠡ ᠦᠵᠡᠭᠦᠯᠬᠦ ᠨᠢᠭᠡᠴᠡ ᠶᠢ ᠪᠦᠲᠦᠭᠡᠨ ᠪᠠᠶᠢᠭᠤᠯᠬᠤ ᠠᠮᠢᠳᠤᠯᠢᠭ ᠬᠠᠮᠢᠶᠠᠷᠤᠯᠲᠠ ᠪᠠ ᠪᠠᠶᠢᠩᠭᠤ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ︽ᠭᠤᠷᠪᠠᠨ ᠰᠠᠯᠵᠤ ᠴᠢᠳᠠᠬᠤ ᠥᠬᠡᠶ︾ ︽ᠲᠠᠪᠤ ᠶᠢ ᠮᠡᠳᠡᠷᠡᠬᠦ︾ ᠦᠵᠡᠯ ᠰᠠᠨᠠᠭ᠎ᠠ ᠶᠢ ᠪᠦᠬᠦ ᠠᠷᠠᠳ ᠤᠨ ᠤᠬᠠᠮᠰᠠᠷ ᠲᠤ ᠬᠦᠷᠭᠡᠬᠦ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠨ᠎ᠠ᠃ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠨ ᠪᠠᠲᠤᠯᠠᠨ᠎ᠠ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠱᠠᠰᠢᠨ ᠰᠤᠷᠲᠠᠬᠤᠨ ᠤ ᠬᠦᠷᠢᠶᠡᠨ ᠳᠠᠬᠢ ᠡᠶ᠎ᠡ ᠲᠣᠭᠲᠠᠭᠤᠨ ᠪᠠᠶᠢᠳᠠᠯ ᠢ ᠬᠠᠮᠠᠭᠠᠯᠠᠨ᠂ ᠱᠠᠰᠢᠨ ᠰᠤᠷᠲᠠᠬᠤᠨ ᠤ ᠬᠡᠷᠡᠭ ᠤᠴᠢᠷ ᠢ ᠴᠡᠭᠴᠡᠯᠡᠨ ᠵᠠᠰᠠᠬᠤ ᠬᠠᠤᠯᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠭᠦᠨᠵᠡᠭᠡᠢ ᠬᠡᠷᠡᠭᠵᠢᠭᠦᠯᠵᠦ᠂ ᠬᠠᠤᠯᠢ ᠶᠢᠨ ᠵᠠᠰᠠᠯᠲᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠤᠳᠠ  ᠪᠠᠯᠭᠠᠰᠤᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠣᠳᠣᠬᠢᠴᠢᠯᠠᠯᠲᠠ ᠶᠢ ᠭᠦᠨᠵᠡᠭᠡᠢ ᠲᠦᠯᠬᠢᠨ ᠠᠬᠢᠭᠤᠯᠤᠨ᠎ᠠ᠃ ᠵᠥᠷᠢᠴᠡᠯ ᠵᠢᠭᠤᠷᠠᠭᠠᠨ ᠪᠠ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠬᠦᠴᠦᠯᠡᠴᠡ ᠪᠠᠨ ᠨᠡᠮᠡᠭᠳᠡᠭᠦᠯᠵᠦ᠂ ᠭᠠᠴᠠᠭ᠎ᠠ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ᠂ ᠨᠡᠶᠢᠭᠡᠮ ᠤᠨ ᠵᠥᠷᠢᠴᠡᠯ ᠵᠢᠭᠤᠷᠠᠭᠠᠨ ᠢ ᠤᠯᠠᠨ ᠠᠷᠭ᠎ᠠ ᠵᠠᠮ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ  ᠶᠢᠨ ᠳᠠᠭᠠᠤ ᠰᠢᠢᠳᠪᠦᠷᠢᠯᠡᠨ᠎ᠡ᠃ ᠠᠶᠤᠯᠭᠦᠢ ᠦᠶᠯᠡᠳᠪᠦᠷᠢᠯᠡᠯ  ᠪᠣᠯᠣᠨ ᠢᠳᠡᠭᠡᠨ ᠤᠮᠳᠠᠭᠠᠨ ᠪᠠ ᠡᠮ ᠤᠨ ᠵᠦᠶᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠶᠢᠨ ᠳᠠᠭᠠᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠬᠠᠤ ᠵᠡᠷᠭᠡ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ︽ᠱᠠᠯᠢᠭᠯᠠᠵᠤ ᠵᠠᠪᠬᠠᠶᠢᠷᠠᠬᠤ ᠵᠣᠭᠤᠰ ᠮᠥᠷᠥᠶᠢᠴᠡᠬᠦ ᠬᠤᠤᠷ ᠲᠠᠲᠠᠬᠤ︾᠂ ︽ᠬᠤᠯᠠᠭᠠᠶᠢᠯᠠᠬᠤ ᠪᠤᠯᠢᠶᠠᠬᠤ ᠮᠡᠬᠡᠯᠡᠬᠦ︾᠂ ᠮᠡᠳᠡᠭᠡ ᠬᠤᠯᠪᠣᠭ᠎ᠠ ᠢᠨᠲ᠋ᠧᠷᠨᠠᠲ ᠰᠦᠯᠵᠢᠶ᠎ᠡ ᠪᠠᠷ ᠮᠡᠬᠡᠯᠡᠬᠦ  ᠵᠢᠴᠢ ᠬᠠᠤᠯᠢ ᠪᠤᠰᠤ ᠪᠠᠷ ᠪᠠᠯᠠ ᠴᠤᠭᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠠᠮᠤᠷ ᠠᠮᠤᠭᠤᠯᠠᠩ ᠰᠡᠳᠬᠢᠯᠭᠡ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠲᠣᠭᠲᠠᠭᠤᠨ ᠡᠷᠭᠢᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠴᠢᠬᠤᠯᠠ ᠪᠤᠰᠤ ᠵᠠᠷᠤᠯᠭ᠎ᠠ ᠶᠢ  ᠬᠦᠴᠦᠯᠡᠨ ᠪᠠᠭᠠᠰᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠡᠮᠬᠢ ᠵᠢᠷᠤᠮ ᠎ ᠲᠠᠢ ᠠᠬᠢᠭᠤᠯᠬᠤ ᠶᠢᠨ ᠬᠠᠮᠲᠤ᠂ ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠬᠤ ᠶᠢ ᠴᠢᠩᠭ᠎ᠠ ᠬᠤᠷᠢᠭᠯᠠᠵᠤ᠂ ᠥᠷᠢ ᠥᠭᠴᠡᠭᠡᠨ ᠤ ᠲᠦᠭᠰᠢᠭᠦᠷᠢ ᠠᠴᠠ ᠴᠢᠩᠭ᠎ᠠ ᠰᠡᠷᠭᠡᠶᠢᠯᠡᠵᠦ᠂ ᠵᠠᠰᠠᠭ ᠤᠨ ᠣᠷᠳᠣᠨ ᠠᠴᠠ  ᠪᠡᠯᠡ ᠣᠷᠣᠭᠤᠯᠬᠤ ᠲᠥᠰᠥᠯ ᠤᠳ ᠢ ᠵᠦᠶ ᠵᠣᠬᠢᠰᠲᠠᠶ ᠲᠥᠯᠥᠪᠵᠢᠭᠦᠯᠵᠦ᠂ ᠪᠠᠯᠠ ᠮᠥᠩᠭᠦ ᠶᠢ ᠵᠢᠷᠤᠮᠵᠢᠭᠤᠯᠤᠨ ᠬᠡᠷᠡᠭᠯᠡᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠬᠤᠰᠢᠭᠤᠨ ᠤ ᠬᠠᠷᠢᠶᠠᠨ ᠳᠤ ᠪᠠᠶᠢᠭ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠎ ᠤᠨ ᠬᠠᠮᠢᠶᠠᠷᠤᠯᠲᠠ ᠶᠢ ᠳᠦᠷᠢᠮᠵᠢᠭᠦᠯᠦᠨ᠂ ᠬᠢᠨᠠᠨ ᠪᠣᠳᠣᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠬᠢᠨᠠᠨ ᠪᠣᠳᠣᠯᠲᠠ ᠶᠢᠨ ᠬᠢᠨᠠᠯᠲᠠ ᠶᠢᠨ ᠦᠢᠯᠡᠳᠦᠯ ᠢ ᠪᠠᠳᠠᠷᠠᠭᠤᠯᠤᠨ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠡᠭᠦᠰᠬᠦ ᠥᠬᠡᠶ ᠪᠠᠶᠢᠬᠤ ᠶᠢ ᠪᠠᠲᠤᠯᠠᠨ᠎ᠠ᠃ ᠵᠠᠰᠠᠭ ᠤᠨ ᠣᠷᠳᠣᠨ ᠤ ᠥᠪᠡᠷ ᠤᠨ ᠪᠠᠶᠢᠭᠤᠯᠤᠯᠲᠠ ᠪᠠᠨ ᠪᠠᠬᠢᠵᠢᠭᠦᠯᠦᠨ ᠳᠡᠭᠡᠭᠰᠢᠯᠡᠭᠦᠯᠦᠨ᠎ᠡ᠃ ᠨᠠᠮ ᠪᠠᠶᠢᠭᠤᠯᠤᠭᠰᠠᠨ ᠠᠭᠤᠤ ᠶᠡᠭᠡ  ᠵᠣᠷᠢᠭ ᠰᠠᠨᠠᠭ᠎ᠠ ᠪᠠᠷ ᠢᠲᠡᠭᠡᠯ ᠵᠣᠷᠢᠭ ᠢᠶᠠᠨ ᠬᠥᠪᠴᠢᠯᠡᠵᠦ᠂ ᠦᠢᠯᠡᠳᠦᠯᠭᠡ  ᠪᠠᠨ ᠵᠢᠯᠤᠭᠤᠳᠴᠤ᠂ ᠬᠥᠭᠵᠢᠯᠲᠡ ᠶᠢ ᠠᠬᠢᠭᠤᠯᠬᠤ ᠶᠢᠨ ᠵᠡᠷᠭᠡᠴᠡᠭᠡ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠤᠱᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ  ᠱᠠᠯᠠᠪᠳᠠᠭᠤᠯᠤᠨ ᠪᠠᠶᠢᠴᠠᠭᠠᠯᠲᠠ᠂ ᠡᠯ᠎ᠡ ᠱᠠᠲᠤᠨ ᠤ ᠡᠯ᠎ᠡ ᠲᠦᠷᠦᠯ ᠤᠨ ᠲᠤᠰᠬᠠᠢ ᠱᠠᠯᠠᠪᠳᠠᠭᠤᠯᠤᠨ ᠪᠠᠶᠢᠴᠠᠭᠠᠯᠲᠠ ᠲᠠᠢ ᠤᠶᠠᠯᠳᠤᠭᠤᠯᠵᠤ᠂ ᠤᠯᠤᠰ ᠤᠨ ᠴᠢᠬᠤᠯᠠ ᠶᠡᠭᠡ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠤᠱᠲᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠦᠢᠯᠡᠰ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠨ᠎ᠠ᠃ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠲᠦ ᠵᠠᠰᠠᠭ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠵᠢᠯ ᠦᠢᠯᠡᠰ ᠢᠶᠠᠷ ᠬᠥᠭᠵᠢᠯᠲᠡ ᠶᠢ ᠳᠠᠶᠢᠴᠢᠯᠠᠬᠤ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ  ᠵᠢᠴᠢ ᠨᠡᠶᠢᠭᠡᠮ ᠤᠨ ᠤᠬᠠᠮᠰᠠᠷ ᠤᠨ ᠠᠵᠢᠯ ᠎ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠥᠪ ᠬᠤᠷᠢᠶᠠᠨ ᠤ ᠨᠠᠢᠮᠠᠨ ᠵᠣᠷᠪᠤᠰ ᠳᠥᠷᠢᠮ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠬᠡᠪ ᠰᠤᠷᠲᠠᠯ ᠢ ᠦᠷᠭᠦᠯᠵᠢᠯᠡᠨ ᠰᠠᠶᠢᠵᠢᠷᠠᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠴᠢᠩᠳᠠᠯᠠᠬᠤ ᠠᠵᠢᠯ ᠢ ᠴᠢᠩᠭᠠᠳᠬᠠᠨ᠎ᠠ᠃ ᠠᠷᠠᠳ ᠣᠯᠠᠨ ᠤ ᠬᠦᠰᠡᠯ ᠱᠠᠭᠠᠷᠳᠠᠯᠭ᠎ᠠ᠂ ᠰᠠᠨᠠᠯ ᠰᠠᠨᠠᠭᠤᠯᠭ᠎ᠠ ᠶᠢ ᠨᠠᠶᠢᠳᠠᠪᠤᠷᠢᠲᠠᠢ ᠬᠦᠯᠢᠶᠡᠨ ᠰᠣᠨᠣᠰᠬᠤ ᠵᠠᠷᠴᠢᠮ ᠢ ᠪᠠᠷᠢᠮᠲᠠᠯᠠᠵᠤ᠂ ᠣᠨᠴᠠ ᠵᠠᠷᠢᠮ ᠺᠠᠳ᠋ᠷ ᠤᠨ ︽ᠬᠠᠷᠢᠭᠤᠴᠠᠯᠭ᠎ᠠ ᠬᠦᠷᠦᠯᠴᠡᠬᠦ ᠦᠭᠡᠢ ᠠᠴᠠ ᠬᠢᠬᠦ ᠵᠣᠷᠢᠭ ᠦᠭᠡᠢ᠂ ᠵᠣᠷᠢᠭ ᠬᠦᠷᠦᠯᠴᠡᠬᠦ ᠦᠭᠡᠢ ᠠᠴᠠ ᠬᠢᠬᠦ ᠳᠤᠷ᠎ᠠ ᠦᠭᠡᠢ᠂ ᠴᠢᠳᠠᠪᠤᠷᠢ ᠬᠦᠷᠦᠯᠴᠡᠬᠦ ᠦᠭᠡᠢ ᠠᠴᠠ ᠬᠢᠵᠦ ᠴᠢᠳᠠᠬᠤ ᠦᠭᠡᠢ︾ ᠪᠠᠶᠢᠬᠤ ᠠᠰᠠᠭᠤᠳᠠᠯ ᠢ ᠬᠦᠴᠦᠯᠡᠨ ᠴᠡᠭᠴᠡᠯᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠠᠶᠢᠲᠤᠷ ᠰᠢᠢᠳᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠬᠢᠨᠠᠨ ᠵᠥᠪᠯᠡᠭᠰᠡᠨ ᠰᠠᠨᠠᠯ ᠪᠠ ᠤᠯᠤᠰ ᠲᠥᠷᠦ ᠶᠢᠨ ᠵᠥᠪᠯᠡᠯᠭᠡᠨ ᠤ ᠪᠠᠶᠢᠴᠠᠭᠠᠨ ᠰᠤᠳᠤᠯᠤᠯᠲᠠ ᠶᠢᠨ ᠰᠠᠨᠠᠭᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠴᠢᠨᠠᠷ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠯ᠎ᠠ ᠪᠠᠷ ᠢᠷᠭᠡᠳ ᠤᠨ ᠬᠥᠮᠦᠵᠢᠯ᠂ ᠨᠡᠶᠢᠭᠡᠮ ᠤᠨ ᠳᠠᠶᠢᠴᠢᠯᠠᠯᠲᠠ ᠶᠢᠨ ᠠᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠪᠣᠯᠤᠨ ᠴᠡᠷᠢᠭ ᠠᠴᠠ ᠬᠠᠯᠠᠭᠳᠠᠭᠰᠠᠳ ᠢ ᠬᠠᠷᠠᠭᠠᠯᠵᠠᠨ ᠲᠥᠪᠬᠢᠨᠡᠭᠦᠯᠬᠦ ᠠᠵᠢᠯ ᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾᠎ ᠶᠢ ᠡᠭᠦᠳᠦᠨ ᠪᠠᠶᠢᠭᠤᠯᠤᠨ᠎ᠠ᠃ ᠡᠮᠡᠭᠲᠡᠶᠢᠴᠦᠳ᠂ ᠬᠡᠦᠬᠡᠳ ᠪᠠᠭᠠᠴᠤᠳ᠂ ᠨᠠᠰᠤᠲᠠᠶᠢᠴᠤᠳ᠂ ᠵᠡᠮᠳᠡᠭᠴᠦᠳ ᠤᠨ ᠦᠢᠯᠡᠰ ᠪᠣᠯᠤᠨ ᠤᠯᠠᠭᠠᠨ ᠵᠠᠭᠠᠯᠮᠠᠶᠢᠳᠠᠨ ᠤ ᠦᠢᠯᠡᠰ ᠤᠨ ᠬᠥᠭᠵᠢᠯᠲᠡ ᠎ ᠶᠢ ᠲᠦᠷᠭᠡᠳᠬᠡᠵᠦ᠂ ᠤᠯᠠᠨ ᠲᠥᠮᠡᠨᠴᠢ ᠴᠢᠨᠠᠷᠲᠠᠢ ᠪᠦᠯᠬᠦᠮ ᠪᠠ ᠵᠣᠬᠢᠶᠠᠨ ᠪᠠᠶᠢᠭᠤᠯᠤᠯᠲᠠ ᠶᠢᠨ ᠬᠠᠤᠯᠢ ᠲᠦᠷᠢᠮ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠦᠬᠦ ᠬᠦᠴᠦ ᠪᠠᠷ ᠢᠶᠠᠨ ᠳᠡᠮᠵᠢᠵᠦ᠂ ᠶᠡᠭᠡ ᠲᠠᠯ᠎ᠠ ᠳᠤ ᠦᠢᠯᠡᠴᠢᠯᠡᠬᠦ᠂ ᠬᠥᠭᠵᠢᠯᠲᠡ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ ᠬᠠᠮᠲᠤᠷᠠᠯ ᠬᠦᠴᠦᠨ ᠢ ᠨᠢᠭᠲᠠᠷᠠᠭᠤᠯᠤᠨ᠎ᠠ᠃        ᠭᠤᠷᠪᠠ᠂ 2022 ᠣᠨ ᠤ ᠠᠵᠢᠯ ᠤᠨ ᠪᠠᠶᠢᠷᠢᠯᠠᠭᠤᠯᠤᠯᠲᠠ       ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ ᠪᠠᠶᠢᠭ᠎ᠠ ᠵᠢᠯ ᠮᠥᠷᠲᠡᠭᠡᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠠᠵᠢᠯ ᠢᠶᠠᠨ ᠡᠬᠢᠯᠡᠭᠦᠯᠵᠦ ᠪᠠᠶᠢᠭ᠎ᠠ᠂ ᠲᠡᠷᠡᠴᠢᠯᠡᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠯᠡᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ  ᠪᠣᠯᠬᠤ ᠶᠣᠮ᠂ ᠪᠢᠳᠡ ᠡᠨᠡ ᠵᠢᠯ ᠤᠨ ᠠᠵᠢᠯ ᠢᠶᠠᠨ ᠡᠷᠬᠡᠪᠰᠢ ᠰᠠᠶᠢᠲᠤᠷ ᠬᠢᠬᠦ ᠬᠡᠷᠡᠭᠲᠡᠢ᠃  ᠡᠨᠡ ᠵᠢᠯ ᠤᠨ ᠭᠤᠣᠯ ᠵᠢᠱᠢᠭᠰᠡᠨ ᠬᠠᠷᠠᠯᠲᠠ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 62 . 3 ᠳ᠋ᠦᠩᠰᠢᠭᠤᠷ ᠲᠥᠭᠦᠷᠢᠭ ᠲᠤ ᠬᠦᠷᠭᠡᠨ᠎ᠡ︔ 2 . 47 ᠳ᠋ᠦᠩᠰᠢᠭᠤᠷ ᠲᠥᠭᠦᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠪᠡᠶᠡᠯᠡᠭᠦᠯᠦᠨ᠎ᠡ︔ 36 ᠳ᠋ᠦᠩᠰᠢᠭᠤᠷ ᠲᠥᠭᠦᠷᠢᠭ ᠤᠨ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ︔ 13 . 8 ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠬᠤᠳᠠᠯᠳᠤᠭᠰᠠᠨ ᠶᠡᠷᠦᠩᠬᠡᠢ ᠥᠷᠲᠡᠭ ᠢ ᠪᠡᠶᠡᠯᠡᠭᠦᠯᠦᠨ᠎ᠡ︔ ᠬᠤᠲᠠ ᠬᠥᠳᠡᠭᠡᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 42970 ᠲᠥᠭᠦᠷᠢᠭ ᠪᠠ 24260 ᠲᠥᠭᠦᠷᠢᠭ ᠲᠤ ᠬᠦᠷᠭᠡᠨ᠎ᠡ᠃ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠳᠠᠷᠠᠭᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃        ︵ᠨᠢᠭᠡ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ ᠰᠢᠨ᠎ᠡ ᠬᠥᠳᠡᠯᠭᠡᠬᠦ ᠬᠦᠴᠦᠨ ᠶᠢ ᠬᠤᠷᠠᠮᠳᠤᠭᠤᠯᠤᠨ᠎ᠠ᠃ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠥᠭᠵᠢᠯᠲᠡ ᠶᠢ ᠲᠦᠷᠭᠡᠳᠬᠡᠨ᠎ᠡ᠃  ᠦᠬᠡᠷ ᠤᠨ ᠦᠢᠯᠡᠰ ᠤᠨ ᠲᠠᠯ᠎ᠠ ᠪᠠᠷ 3000 ᠲᠣᠯᠣᠭᠠᠢ ᠡᠬᠡ ᠮᠠᠯ ᠪᠣᠶᠢᠵᠢᠭᠤᠯᠵᠤ᠂ 2 ᠲᠦᠮᠡᠨ ᠦᠬᠡᠷ ᠢ ᠪᠣᠷᠳᠣᠨ ᠲᠠᠷᠭᠤᠯᠠᠭᠤᠯᠬᠤ ᠶᠢᠨ ᠳᠠᠭᠠᠤ᠂ ᠵᠢᠯ ᠳᠤ 1 ᠲᠦᠮᠡᠨ ᠦᠬᠡᠷ᠂ 5 ᠲᠦᠮᠡᠨ ᠬᠤᠨᠢ ᠨᠢᠲᠤᠯᠵᠤ ᠪᠣᠯᠪᠠᠰᠤᠷᠠᠭᠤᠯᠤᠨ᠎ᠠ᠃ ᠱᠦᠨ ᠴᠧᠩ ᠦᠬᠡᠷ ᠤᠨ ᠦᠢᠯᠡᠰ ᠤᠨ ᠠᠷᠠᠯᠵᠢᠶᠠᠨ ᠤ ᠵᠠᠬ᠎ᠠ ᠳᠡᠯᠭᠡᠭᠦᠷ  ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠡᠪᠡᠰᠦ ᠪᠣᠷᠳᠤᠭ᠎ᠠ ᠲᠠᠷᠢᠬᠤ᠂ ᠨᠥᠭᠡᠴᠡᠯᠡᠬᠦ᠂ ᠡᠳ᠋ᠰᠢᠭᠦᠯᠦᠨ ᠬᠠᠩᠭᠠᠬᠤ ᠰᠠᠭᠤᠷᠢᠨ ᠭᠠᠵᠠᠷ 1᠎ ᠶᠢ ᠪᠠᠶᠢᠭᠤᠯᠵᠤ᠂ ᠡᠪᠡᠰᠦ ᠪᠣᠷᠳᠤᠭ᠎ᠠ ᠳᠤᠲᠠᠭᠳᠠᠬᠤ ᠵᠢᠴᠢ ᠥᠪᠡᠷ ᠤᠨ ᠥᠷᠲᠡᠭ ᠥᠨᠳᠥᠷ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ︽ᠰᠦᠨ ᠤ ᠦᠢᠯᠡᠰ ᠢ ᠬᠦᠭᠵᠢᠬᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠠᠬᠢᠭᠤᠯᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠠᠰ ᠳᠡᠪᠰᠢᠬᠦ ᠶᠢ ᠲᠡᠳᠬᠦᠨ ᠳᠡᠮᠵᠢᠵᠦ᠂ ᠬᠤᠯᠠᠨᠳ᠋ ᠤᠳᠤᠮ ᠤᠨ ᠰᠠᠭᠠᠯᠢ ᠶᠢᠨ ᠦᠨᠢᠶ᠎ᠡ ᠶᠢ 4000᠎ ᠳᠤ  ᠬᠦᠷᠭᠡᠵᠦ᠂ ᠰᠦ ᠶᠢᠨ ᠭᠠᠷᠤᠯᠲᠠ ᠶᠢ ᠠᠳᠠᠯᠢ ᠬᠤᠭᠤᠴᠠᠭᠠᠨ ᠤ ᠬᠢ ᠠᠴᠠ 1500 ᠲᠣᠨ ᠨᠡᠮᠡᠭᠳᠡᠭᠦᠯᠦᠨ᠎ᠡ᠃ ᠲᠥᠬᠦᠭᠡᠷᠦᠮᠵᠢᠲᠦ ᠲᠠᠷᠢᠶᠠᠯᠠᠩ ᠤᠨ ᠲᠠᠷᠢᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ 1 ᠲᠦᠮᠡᠨ ᠮᠦ ᠪᠡᠶᠡᠯᠡᠭᠦᠯᠦᠨ᠎ᠡ᠃ ᠣᠷᠣᠨ ᠪᠦᠰᠡ ᠶᠢᠨ ᠴᠢᠨᠠᠷᠲᠠᠢ ᠰᠢᠯᠢᠳᠡᠭ ᠡᠭᠦᠯᠳᠡᠷ ᠤᠨ ᠲᠥᠮᠥᠰᠦ ᠲᠠᠷᠢᠬᠤ ᠤᠯᠤᠰ ᠤᠨ ᠲᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ᠂ ᠠᠯᠲᠠᠩᠬᠸ᠎ᠠ ᠴᠡᠴᠡᠭ ᠲᠠᠷᠢᠵᠤ ᠪᠣᠯᠪᠠᠰᠤᠷᠠᠭᠤᠯᠬᠤ ᠪᠠ ᠲᠡᠭᠦᠨ ᠢ ᠵᠢᠭᠤᠯᠴᠢᠯᠠᠯ ᠤᠨ ᠡᠷᠡᠭᠦᠯᠵᠢᠯ ᠰᠤᠪᠢᠯᠠᠯᠲᠠ ᠶᠢᠨ  ᠠᠭᠤᠯᠭ᠎ᠠ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠲᠥᠰᠥᠯ ᠢ ᠳᠠᠮᠵᠢᠨ᠎ᠠ᠃ ᠠᠵᠤ ᠦᠶᠯᠡᠳᠪᠦᠷᠢ ᠶᠢᠨ ᠠᠵᠤ ᠠᠬᠤᠢ ᠎ ᠶᠢᠨ ᠨᠡᠮᠡᠭᠳᠡᠯ ᠤᠨ ᠬᠤᠷᠳᠤᠴᠠ ᠶᠢ ᠲᠦᠷᠭᠡᠳᠬᠡᠨ᠎ᠡ᠃ ᠴᠡᠪᠡᠷ ᠡᠨᠧᠷᠭᠢ ᠶᠢ ᠶᠡᠬᠡᠪᠡᠷ ᠬᠥᠭᠵᠢᠭᠦᠯᠵᠦ᠂ ᠱᠠᠩᠳᠤ ᠶᠢᠨ ᠵᠠᠭᠤᠨ ᠲᠦᠮᠡᠨ ᠺᠢᠯᠣᠸᠠᠲ ᠤᠨ ᠰᠠᠯᠬᠢᠨ ᠡᠨᠧᠷᠭᠢ ᠶᠢᠨ ᠴᠠᠬᠢᠯᠭᠠᠨ ᠭᠠᠷᠭᠠᠬᠤ ᠰᠠᠭᠤᠷᠢᠨ ᠭᠠᠵᠠᠷ᠂ ᠳᠠᠩ ᠾᠧ ᠬᠤᠷᠢᠨ ᠲᠦᠮᠡᠨ ᠺᠢᠯᠣᠸᠠᠲ ᠤᠨ ᠰᠠᠯᠬᠢᠨ ᠡᠨᠧᠷᠭᠢ ᠶᠢᠨ ᠴᠠᠬᠢᠯᠭᠠᠨ ᠭᠠᠷᠭᠠᠬᠤ ᠥᠷᠲᠡᠭᠡ ᠵᠢᠴᠢ ᠵᠦᠩ ᠭᠤᠸᠠᠩ ᠾᠧ᠂ ᠮᠢᠩ ᠶᠠᠩ᠂ ᠺᠦᠨ ᠢᠦ᠋ᠢ ᠵᠡᠷᠭᠡ ᠰᠠᠯᠬᠢᠨ ᠡᠨᠧᠷᠭᠢ ᠶᠢᠨ ᠴᠠᠬᠢᠯᠭᠠᠨ ᠤ ᠲᠦᠰᠦᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠵᠤ᠂ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠬᠡᠮᠵᠢᠶ᠎ᠡ ᠶᠢ 189 ᠲᠦᠮᠡᠨ ᠺᠢᠯᠣᠸᠠᠲ ᠲᠤ ᠬᠦᠷᠭᠡᠵᠦ᠂ ᠡᠵᠡᠯᠡᠬᠦ ᠬᠠᠷᠢᠴᠠᠯ ᠢ 33.7%᠎ ᠳᠤ ᠬᠦᠷᠭᠡᠬᠦ ᠪᠠᠷ ᠴᠢᠷᠮᠠᠶᠢᠨ᠎ᠠ᠃ ᠵᠢᠯ ᠤᠨ ᠳᠣᠲᠣᠷ᠎ᠠ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠎ ᠶᠢᠨ ᠠᠵᠤ ᠠᠬᠤᠶᠢᠯᠠᠯ ᠢ ᠠᠳᠠᠭ ᠲᠤ ᠨᠢᠭᠡ ᠶᠢ ᠨᠡᠮᠡᠭᠳᠡᠭᠦᠯᠵᠦ᠂ ᠲᠡᠳᠡᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 47 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠭᠡᠨ᠎ᠡ᠃ ᠰᠣᠶᠣᠯ ᠵᠢᠭᠤᠯᠴᠢᠯᠠᠯ ᠤᠨ ᠬᠢᠷᠢ ᠲᠥᠪᠰᠢᠨ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ᠎ᠡ᠃ ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠱᠤᠭᠤᠮ ᠤᠨ ᠵᠠᠩᠭᠢᠯᠠᠭ᠎ᠠ ᠶᠢᠨ ᠴᠡᠭ ᠢ ᠣᠨᠣᠪᠴᠢᠲᠠᠢ ᠡᠵᠡᠮᠳᠡᠵᠦ᠂ ︽ᠣᠷᠣᠨ ᠪᠦᠰᠡ ᠶᠢᠨ ᠵᠢᠭᠤᠯᠴᠢᠯᠠᠯ ᠤᠨ  ᠲᠥᠯᠥᠪᠵᠢᠭᠦᠯᠭᠡ︾᠎ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ︽ᠤᠷᠲᠤ ᠶᠢᠨ ᠲᠠᠯ᠎ᠠ︾ ᠵᠢᠭᠤᠯᠴᠢᠳ ᠲᠤ ᠦᠢᠯᠡᠴᠢᠯᠡᠬᠦ ᠲᠥᠪ᠂ ᠴᠠᠬᠠᠷ ᠠᠶᠢᠮᠠᠭ ᠤᠨ ᠠᠩᠬᠠᠳᠤᠭᠠᠷ ᠨᠠᠮ ᠤᠨ ᠡᠭᠦᠷ ᠵᠡᠷᠭᠡ ᠵᠢᠭᠤᠯᠴᠢᠯᠠᠯ ᠤᠨ ᠡᠬᠢ ᠪᠠᠶᠠᠯᠢᠭ ᠤᠨ ᠲᠣᠭᠤᠷᠢᠨ ᠳᠤ᠂ ᠵᠤᠨ ᠤ ᠤᠯᠠᠷᠢᠯ ᠤᠨ ᠦᠵᠡᠮᠵᠢ ᠶᠢᠨ ᠱᠤᠭᠤᠮ᠂ ᠡᠪᠦᠯ ᠤᠨ ᠤᠯᠠᠷᠢᠯ ᠤᠨ ᠮᠥᠰᠥ ᠴᠠᠰᠤ ᠶᠢ ᠲᠤᠭᠤᠯᠬᠤ᠂ ᠲᠡᠦᠬᠡ ᠬᠤᠪᠢᠰᠬᠠᠯ ᠤᠨ ᠵᠢᠭᠤᠯᠴᠢᠯᠠᠯ ᠤᠨ ᠱᠤᠭᠤᠮ᠂ ᠰᠣᠶᠣᠯ ᠢᠷᠭᠡᠨᠰᠢᠯ ᠤᠨ ᠵᠠᠩ ᠦᠢᠯᠡ ᠶᠢᠨ ᠱᠤᠭᠤᠮ ᠢ ᠰᠦᠪᠡᠭᠴᠢᠯᠡᠵᠦ᠂ ᠣᠨᠴᠠᠯᠢᠭᠲᠤ ᠰᠣᠳᠣᠨ ᠵᠢᠭᠤᠯᠴᠢᠯᠠᠯ ᠤᠨ ᠱᠤᠭᠤᠮ ᠢ ᠪᠠᠶᠢᠭᠤᠯᠤᠨ᠎ᠠ᠃ ︽ᠱᠠᠩᠳᠤ ᠨᠠᠭᠤᠷ︾ ᠪᠠᠶᠢᠭᠠᠯᠢᠯᠢᠭ ᠮᠠᠯᠵᠢᠯ ᠤᠨ ᠲᠠᠯᠠᠪᠠᠢ ᠶᠢᠨ 4 A ᠲᠡᠰ ᠤᠨ ᠦᠵᠡᠮᠵᠢ ᠶᠢᠨ ᠣᠷᠣᠨ ᠪᠣᠯᠭᠠᠬᠤ ᠶᠢ ᠠᠬᠢᠭᠤᠯᠵᠤ᠂ ᠬᠤᠯᠠᠨ ᠰᠢᠷᠭ᠎ᠠ ᠲᠠᠭ᠎ᠠ ᠶᠢᠨ ᠡᠪᠦᠯ ᠤᠨ ᠨᠠᠭᠠᠳᠤᠮ᠂ ᠠᠯᠲᠠᠩᠬᠸ᠎ᠠ ᠴᠡᠴᠡᠭ ᠰᠣᠨᠢᠷᠬᠠᠬᠤ ᠨᠠᠶᠢᠷ᠂ ᠴᠠᠭᠠᠨ ᠢᠳᠡᠭᠡᠨ ᠤ ᠰᠣᠶᠣᠯ ᠤᠨ ᠨᠠᠶᠢᠷ᠂ ᠰᠢᠯᠤᠭᠤᠨ ᠬᠥᠬᠡ ᠬᠤᠰᠢᠭᠤᠨ ᠤ ᠮᠠᠷᠠᠽᠤᠨ ᠵᠡᠷᠭᠡ ᠨᠡᠷᠡᠲᠦ ᠲᠡᠮᠳᠡᠭ ᠤᠨ ᠠᠵᠢᠯᠯᠠᠭ᠎ᠠ ᠶᠢ ᠤᠬᠠᠭᠤᠯᠤᠨ ᠲᠥᠰᠦᠪᠯᠡᠬᠦ ᠠᠵᠢᠯ ᠢ ᠨᠢᠮᠪᠠᠢ ᠬᠢᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠢ ᠡᠭᠦᠳᠬᠦ ᠪᠠᠷ ᠬᠦᠴᠦᠯᠡᠨ᠎ᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠡᠰ ᠳᠡᠪᠰᠢᠭᠦᠯᠬᠦ ᠴᠢᠳᠠᠪᠤᠷᠢ ᠶᠢ ᠲᠦᠷᠭᠡᠳᠬᠡᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠢᠳᠡᠪᠬᠢᠲᠡᠶ ᠬᠥᠭᠵᠢᠭᠦᠯᠵᠦ᠂ ︽ᠰᠦᠯᠵᠢᠶᠡᠨ ᠣᠳᠣ︾᠎ ᠪᠠᠷ ᠳᠠᠶᠢᠴᠢᠯᠠᠭᠤᠯᠤᠭᠰᠠᠨ ᠠᠵᠤ ᠠᠬᠤᠶ ᠶᠢᠨ ᠬᠥᠭᠵᠢᠯᠲᠡ ᠶᠢ ᠳᠡᠮᠵᠢᠵᠦ᠂ ᠲᠣᠰ ᠭᠠᠵᠠᠷ ᠤᠨ ᠠᠵᠤ ᠠᠬᠤᠶᠢᠯᠠᠯ ᠬᠢᠭᠡᠳ ᠤᠯᠤᠰ ᠤᠨ ᠳᠣᠲᠣᠭᠠᠳᠤ ᠶᠢᠨ ᠡᠯᠧᠺᠲᠷᠣᠨ ᠬᠤᠳᠠᠯᠳᠤᠭᠠᠨ ᠤ ᠨᠡᠷᠡᠲᠦ ᠲᠠᠪᠴᠠᠩ ᠯᠤᠭ᠎ᠠ ᠬᠠᠮᠲᠤᠷᠠᠯᠴᠠᠬᠤ ᠶᠢ ᠵᠣᠷᠢᠭᠵᠢᠭᠤᠯᠤᠨ᠂ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠢᠯᠡᠭᠡᠯᠲᠡ ᠶᠢᠨ ᠪᠠᠷᠠᠭᠠᠨ ᠤ ᠳᠣᠭᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠦᠨ᠎ᠡ ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠣᠳᠣᠨ ᠲᠠᠰ ᠤᠨ ᠪᠠᠭᠤᠳᠠᠯ ᠢ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠂ ᠨᠢᠭᠡ ᠪᠦᠯᠦᠭ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ ᠪᠠ ᠲᠠᠯ᠎ᠠ ᠨᠤᠲᠤᠭ ᠤᠨ ᠵᠠᠩ ᠦᠢᠯᠡ ᠶᠢᠨ ᠣᠷᠣᠨ ᠰᠠᠭᠤᠴᠠ ᠳᠤ ᠰᠠᠭᠤᠷᠢᠯᠠᠭᠰᠠᠨ ᠵᠢᠭᠤᠯᠴᠢᠯᠠᠯ ᠢ ᠵᠢᠷᠤᠮᠵᠢᠭᠤᠯᠤᠨ ᠲᠠᠰ ᠲᠡᠪᠰᠢᠭᠦᠯᠦᠨ᠎ᠡ᠃ ᠨᠠᠰᠤᠲᠠᠨ ᠢ ᠠᠰᠠᠷᠠᠵᠤ ᠨᠢᠯᠬᠠᠰ ᠢ ᠬᠠᠷᠠᠭᠠᠯᠵᠠᠬᠤ᠂ ᠰᠥᠨᠢ ᠶᠢᠨ ᠬᠤᠳᠠᠯᠳᠤᠭ᠎ᠠ᠂ ᠬᠡᠲᠦ ᠳᠡᠯᠭᠡᠭᠦᠷ ᠪᠠ ᠣᠨᠴᠠᠯᠢᠭᠲᠤ ᠵᠢᠵᠢᠭ ᠳᠡᠯᠭᠡᠭᠦᠷ ᠵᠢᠴᠢ ᠬᠡᠷ ᠠᠬᠤᠢ ᠶᠢᠨ ᠦᠶᠯᠡᠴᠢᠯᠡᠭᠡ ᠵᠡᠷᠭᠡ ᠶᠢ ᠬᠥᠭᠵᠢᠭᠦᠯᠬᠦ ᠪᠠᠷ ᠳᠡᠮᠵᠢᠵᠦ᠂ ᠵᠢᠭᠤᠯᠴᠢᠯᠠᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷᠢᠮᠵᠢᠶ᠎ᠠ ᠶᠢ ᠳᠡᠭᠡᠭᠰᠢᠭᠦᠯᠦᠨ ᠲᠡᠰ ᠲᠡᠪᠰᠢᠭᠦᠯᠬᠦ ᠶᠢ ᠲᠦᠷᠭᠡᠳᠬᠡᠨ᠎ᠡ᠃  ︽ᠲᠥᠰᠥᠯ ᠤᠨ ᠬᠠᠮᠢᠶᠠᠷᠤᠭᠴᠢ︾᠎ ᠶᠢᠨ ᠳᠦᠷᠢᠮ ᠢ ᠬᠡᠷᠡᠭᠵᠢᠭᠦᠯᠵᠦ᠂ ᠲᠤᠰᠬᠠᠢ ᠳᠤᠭᠤᠶᠢᠯᠠᠩ ᠤᠨ ᠬᠡᠯᠪᠡᠷᠢ ᠪᠠᠷ ᠲᠥᠰᠥᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ 32 ᠭᠤᠣᠯᠳᠠᠯᠭ᠎ᠠ ᠲᠠᠢ ᠲᠥᠰᠥᠯ ᠢ ᠲᠥᠯᠥᠪᠯᠡᠵᠦ᠂ 32 .2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠡᠭᠦᠨ ᠳᠤ ᠠᠶᠢᠮᠠᠭ ᠤᠨ ᠲᠡᠰ ᠤᠨ 12 ᠭᠤᠣᠯᠳᠠᠯᠭ᠎ᠠ ᠲᠠᠢ ᠲᠥᠰᠥᠯ ᠤᠨ 26 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠪᠠᠶᠢᠵᠤ ᠪᠣᠢ᠃ ᠠᠵᠤ ᠦᠢᠯᠡᠰ ᠤᠨ ᠳᠠᠶᠢᠴᠢᠯᠠᠨ ᠳᠠᠭᠠᠭᠤᠯᠬᠤ ᠬᠢᠷᠢ ᠲᠥᠪᠰᠢᠨ᠂ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ᠂ ᠡᠳ᠋ ᠤᠨ ᠵᠠᠰᠠᠭ ᠭᠠᠶᠢᠯᠢ ᠶᠢᠨ ᠬᠤᠪᠢ ᠨᠡᠮᠡᠷᠢ ᠶᠢᠨ ᠨᠣᠷᠮ᠎ᠠ ᠂ ᠠᠵᠢᠯ ᠣᠯᠭᠤᠯᠲᠠ ᠶᠢᠨ ᠳᠠᠶᠢᠴᠢᠯᠠᠨ ᠳᠠᠭᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠲᠤᠰᠬᠠᠢ ᠮᠡᠷᠭᠡᠵᠢᠯ ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠵᠢᠴᠢ ᠠᠵᠤ ᠦᠢᠯᠡᠰ ᠤᠨ ᠬᠡᠯᠬᠢᠶᠡᠵᠢᠯ ᠢᠶᠠᠷ ᠳᠠᠮᠵᠢᠭᠤᠯᠤᠨ ᠠᠷᠠᠯᠵᠢᠶᠠᠴᠢᠨ ᠤᠷᠢᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ᠂ ᠠᠷᠠᠯᠵᠢᠶᠠᠴᠢᠨ ᠤᠷᠢᠵᠤ ᠪᠡᠯᠡ ᠲᠠᠲᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠶᠢᠮᠠᠭ ᠤᠨ ᠭᠠᠳᠠᠨ᠎ᠠ ᠠᠴᠠ 13 . 7 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠲᠠᠲᠠᠬᠤ ᠪᠠᠷ ᠴᠢᠷᠮᠠᠶᠢᠨ᠎ᠠ᠃          ︵ᠬᠤᠶᠠᠷ︶ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠰᠢᠨ᠎ᠡ ᠦᠷ᠎ᠡ ᠪᠦᠲᠦᠮᠵᠢ ᠤᠯᠬᠤ ᠶᠢ ᠲᠦᠯᠬᠢᠨ ᠠᠬᠢᠭᠤᠯᠤᠨ᠎ᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠴᠢᠩᠭᠠᠳᠬᠠᠨ᠎ᠠ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠦᠷᠢ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ︽ᠣᠶ ᠰᠢᠭᠤᠶ ᠡᠪᠡᠰᠦ ᠪᠡᠯᠴᠢᠭᠡᠷ ᠤᠨ ᠬᠠᠷᠢᠭᠤᠴᠠᠯᠭᠠᠲᠠᠨ ᠤ ᠲᠦᠷᠢᠮ︾᠎ ᠢ ᠪᠦᠷᠢᠨᠰᠢᠭᠦᠯᠦᠨ᠎ᠡ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠎ ᠢ ᠪᠠᠬᠢᠵᠢᠭᠦᠯᠵᠦ᠂ ᠣᠶᠢᠲᠤ ᠭᠠᠵᠠᠷ ᠪᠠ ᠨᠤᠲᠤᠭ ᠪᠡᠯᠴᠢᠭᠡᠷ ᠢ ᠠᠰᠢᠭᠯᠠᠬᠤ ᠵᠥᠪᠰᠢᠶᠡᠷᠡᠯ ᠢ ᠴᠢᠩᠭ᠎ᠠ ᠬᠢᠨᠠᠵᠤ᠂ ᠵᠥᠪᠰᠢᠶᠡᠷᠡᠯ ᠥᠬᠡᠶ ᠪᠠᠷ ᠤᠷᠢᠳᠠᠪᠠᠷ ᠡᠵᠡᠯᠡᠬᠦ᠂ ᠵᠥᠪᠰᠢᠶᠡᠷᠡᠭᠰᠡᠨ ᠲᠠᠯᠠᠪᠠᠢ ᠠᠴᠠ ᠢᠯᠡᠭᠦᠦ ᠡᠵᠡᠯᠡᠬᠦ ᠦᠶᠯᠡ ᠠᠵᠢᠯᠯᠠᠭ᠎ᠠ ᠎ ᠶᠢ ᠡᠷᠡᠰ ᠬᠤᠷᠢᠭᠯᠠᠨ᠎ᠠ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠎ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠢᠷᠢ ᠲᠥᠪᠰᠢᠨ ᠪᠠ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢᠨ ᠵᠠᠰᠠᠯᠲᠠ ᠶᠢ ᠤᠯᠠᠮ ᠠᠬᠢᠭᠤᠯᠵᠤ᠂ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢᠶᠠᠷ ᠴᠥᠯᠡᠷᠬᠡᠭᠵᠢᠯ ᠢ ᠵᠠᠰᠠᠬᠤ ᠲᠥᠰᠥᠯ 4 . 5 ᠲᠦᠮᠡᠨ ᠮᠥ᠂ ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠰᠥᠯ 3.24 ᠲᠦᠮᠡᠨ ᠮᠥ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠡᠭᠦᠷᠭᠡ 2 ᠲᠦᠮᠡᠨ ᠮᠥ ᠶᠢ ᠪᠡᠶᠡᠯᠡᠭᠦᠯᠵᠦ᠂ 5 ᠲᠡᠭᠰᠢ ᠳᠥᠷᠪᠡᠯᠵᠢᠨ ᠺᠢᠯᠣᠮᠧᠲᠷ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠨ᠎ᠠ᠃ ᠪᠤᠬᠢᠷᠳᠦᠯ ᠢ ᠰᠡᠷᠬᠡᠶᠢᠯᠡᠨ ᠴᠡᠭᠴᠡᠯᠡᠬᠦ ᠠᠵᠢᠯ ᠢ ᠦᠷᠬᠦᠯᠵᠢᠯᠡᠨ ᠴᠢᠩᠭ᠎ᠠ ᠠᠳᠬᠤᠨ᠎ᠠ᠃ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠴᠤᠭᠴᠠᠯᠠᠨ ᠪᠠᠶᠢᠭᠤᠯᠬᠤ ᠠᠵᠢᠯ ᠢ ᠡᠬᠢᠯᠡᠬᠦᠯᠦᠨ᠎ᠡ᠃ ︽ᠪᠠᠶᠢᠭᠠᠯᠢ ᠤᠷᠴᠢᠨ ᠤ ᠬᠡᠨᠡᠳᠳᠡ ᠶᠢᠨ ᠬᠡᠷᠡᠭ ᠤᠴᠢᠷ ᠢ ᠠᠷᠭᠠᠴᠠᠭᠠᠬᠤ ᠲᠦᠰᠦᠪ︾᠎ ᠢ ᠲᠤᠭᠳᠠᠭᠠᠨ᠂ ᠬᠡᠨᠡᠳᠳᠡ ᠶᠢᠨ ᠬᠡᠷᠡᠭ  ᠤᠴᠢᠷ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠪᠠᠨ ᠲᠡᠭᠡᠭᠰᠢᠯᠡᠬᠦᠯᠦᠨ᠎ᠡ᠃ ᠲᠠᠷᠢᠶᠠᠯᠠᠩ ᠤᠨ ᠬᠦᠷᠦᠰᠦᠨ ᠤ ᠪᠤᠬᠢᠷᠳᠦᠯ ᠢ ᠰᠡᠷᠬᠡᠶᠢᠯᠡᠬᠦ ᠪᠠ ᠮᠠᠯ ᠵᠢᠬᠦᠷᠳᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠰᠠᠶᠢᠳᠦᠷ ᠠᠳᠬᠤᠨ᠎ᠠ᠃ ᠱᠠᠩᠳᠤ ᠪᠠᠯᠭᠠᠰᠤᠨ ᠤ ᠪᠠᠴᠢᠮ ᠪᠠᠶᠢᠳᠠᠯ ᠳᠤ ᠬᠡᠷᠡᠭᠯᠡᠬᠦ ᠤᠰᠤᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠬᠤ ᠠᠵᠢᠯ ᠢ ᠲᠦᠷᠬᠡᠳᠬᠡᠨ᠂ ᠬᠤᠳᠠ ᠪᠠᠯᠭᠠᠰᠤᠨ ᠤ ᠤᠬᠢᠶᠠᠳᠠᠰᠤ ᠬᠠᠶᠠᠭᠳᠠᠮᠠᠯ᠂ ᠠᠮᠢᠳᠤᠷᠠᠯ ᠤᠨ ᠬᠤᠭ ᠨᠤᠪᠰᠢ᠂ ᠪᠤᠬᠢᠷ ᠤᠰᠤᠨ ᠤ ᠯᠠᠭ ᠰᠢᠪᠡᠷ ᠢ ᠰᠢᠢᠳᠪᠤᠷᠢᠯᠡᠬᠦ‍ ᠨᠢᠬᠡ ᠴᠤᠭᠴᠠᠴᠢᠯᠠᠭᠰᠠᠨ ᠰᠢᠰᠲ᠋ᠧᠮ ᠪᠠ ᠴᠡᠪᠡᠷᠰᠢᠬᠦᠯᠦᠭᠰᠡᠨ ᠤᠰᠤ ᠶᠢ ᠲᠡᠬᠢᠨ ᠠᠰᠢᠭᠯᠠᠬᠤ ᠲᠦᠷᠦᠯ ᠵᠦᠢᠯ ᠢ ᠠᠬᠢᠭᠤᠯᠵᠦ᠂ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠪᠤᠬᠢᠷ ᠤᠰᠤᠨ ᠤ ᠯᠠᠭ ᠰᠢᠪᠡᠷ ᠤᠨ ᠤᠰᠤ ᠬᠠᠨᠤᠮᠠᠯ ᠤᠨ ᠬᠡᠮᠵᠢᠶ᠎ᠠ ᠶᠢ 60%᠎ ᠠᠴᠠ ᠲᠤᠷᠤᠭᠰᠢ ᠪᠤᠯᠭᠠᠨ ᠰᠢᠬᠠᠵᠦ᠂ ᠴᠡᠪᠡᠷᠰᠢᠬᠦᠯᠦᠭᠰᠡᠨ ᠤᠰᠤᠨ ᠤ ᠴᠢᠨᠡᠷ ᠢ ᠱᠠᠩᠳᠤ ᠴᠠᠬᠢᠯᠭᠠᠨ ᠭᠠᠷᠭᠠᠬᠤ ᠦᠢᠯᠡᠳᠪᠤᠷᠢ ᠶᠢᠨ ᠵᠠᠷᠤᠬᠤ ᠤᠰᠤᠨ ᠤ ᠪᠠᠷᠢᠮᠵᠢᠶᠠᠨ ᠳᠤ ᠬᠦᠷᠬᠡᠨ᠎ᠡ᠃ ︽ᠭᠤᠤᠯ ᠨᠠᠭᠤᠷ ᠎ ᠤᠨ ᠬᠠᠷᠢᠭᠤᠴᠠᠯᠭᠠᠲᠠᠨ︾᠎ ᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ 1300 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠱᠠᠩᠳᠤ ᠶᠢᠨ ᠭᠤᠤᠯ ᠤᠨ ᠤᠷᠤᠰᠬᠠᠯ ᠲᠠᠭᠠᠤ ᠭᠤᠤᠯ ᠤᠨ ᠬᠦᠨᠳᠡᠢ ᠶᠢ ᠴᠡᠪᠡᠷᠯᠡᠵᠦ᠂ ᠾᠧᠪᠸᠢ ᠮᠤᠵᠢ ᠶᠢᠨ ᠵᠠᠭᠠᠭ ᠲᠡᠭᠡᠷ᠎ᠡ ᠤᠰᠤᠨ ᠤ ᠴᠢᠨᠡᠷ ᠢ ᠬᠢᠨᠠᠨ ᠪᠠᠶᠢᠴᠠᠭᠠᠬᠤ ᠠᠦ᠋ᠲᠮᠠᠲ ᠪᠠᠶᠢᠴᠠᠭᠠᠯᠳᠠ ᠶᠢᠨ ᠦᠷᠳᠡᠭᠡ ᠶᠢ ᠪᠠᠶᠢᠭᠤᠯᠵᠦ᠂ ᠱᠠᠩᠳᠤ ᠶᠢᠨ ᠭᠤᠤᠯ ᠤᠨ ᠤᠷᠤᠰᠬᠠᠯ ᠲᠠᠭᠠᠤ ᠤᠷᠤᠨ ᠤ ᠤᠰᠤᠨ ᠤ ᠴᠢᠨᠡᠷ ᠢ ᠬᠢᠨᠠᠨ ᠪᠠᠶᠢᠴᠠᠭᠠᠬᠤ ᠪᠠ ᠭᠤᠤᠯᠳᠠᠯᠭ᠎ᠠ ᠲᠠᠢ ᠤᠷᠤᠰᠬᠠᠯ ᠤᠨ ᠤᠷᠤᠨ ᠤ ᠠᠮᠢ ᠠᠬᠤᠢ ᠤᠷᠴᠢᠨ ᠲᠤᠭᠤᠷᠢᠨ ᠢ ᠴᠡᠭᠴᠡᠯᠡᠬᠦ ᠠᠵᠢᠯ ᠢ ᠰᠠᠶᠢᠳᠦᠷ ᠬᠢᠨ᠎ᠠ᠃ ᠴᠡᠭᠴᠡᠯᠡᠨ ᠵᠠᠰᠠᠬᠤ ᠦᠷ᠎ᠡ ᠪᠦᠳᠦᠮᠵᠢ ᠶᠢ ᠤᠯᠠᠮ ᠲᠡᠭᠡᠭᠰᠢᠯᠡᠬᠦᠯᠦᠨ᠎ᠡ᠃ ᠡᠨᠧᠷᠬᠢ ᠠᠷᠪᠢᠯᠠᠨ ᠪᠤᠬᠢᠷᠳᠦᠯ ᠪᠠᠭᠠᠰᠬᠠᠬᠤ ᠡᠯ᠎ᠠ ᠵᠦᠢᠯ ᠤᠨ ᠪᠠᠷᠢᠮᠵᠢᠶ᠎ᠠ ᠱᠠᠭᠠᠷᠳᠠᠯᠭ᠎ᠠ ᠶᠢ ᠰᠠᠶᠢᠳᠦᠷ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ ᠠᠵᠦ ᠠᠬᠤᠶᠢᠯᠠᠯ ᠤᠨ ᠪᠤᠬᠢᠷᠳᠦᠯ ᠲᠠᠢ ᠦᠢᠯᠡᠳᠪᠤᠷᠢᠯᠡᠯ ᠪᠠ ᠡᠨᠧᠷᠬᠢ ᠠᠷᠪᠢᠯᠠᠬᠤ ᠦᠬᠡᠷᠡᠴᠢᠯᠡᠯᠳᠡ ᠶᠢ ᠲᠦᠯᠬᠢᠨ ᠠᠬᠢᠭᠤᠯᠵᠦ᠂ ︽ᠡᠨᠧᠷᠬᠢ ᠪᠤᠯᠤᠨ ᠬᠤᠷᠤᠭᠳᠠᠯ ᠢ ᠵᠡᠷᠬᠡ ᠬᠢᠵᠠᠭᠠᠷᠯᠠᠬᠤ︾ ᠬᠠᠷᠠᠯᠳᠠ ᠶᠢ ᠪᠡᠶᠡᠯᠡᠬᠦᠯᠦᠨ᠎ᠡ᠃ ᠤᠯᠤᠰ ᠤᠨ ᠭᠠᠵᠠᠷ ᠰᠢᠷᠦᠢ ᠶᠢᠨ ᠤᠷᠤᠨ ᠲᠤᠭᠤᠷᠢᠭ ᠤᠨ ᠲᠦᠯᠦᠪᠵᠢᠬᠦᠯᠬᠡ ᠪᠠ ᠲᠤᠰᠬᠠᠢ ᠲᠦᠷᠦᠯ ᠤᠨ ᠲᠦᠯᠦᠪᠵᠢᠬᠦᠯᠬᠡ ᠶᠢ ᠨᠠᠶᠢᠷᠠᠭᠤᠯᠬᠤ ᠠᠵᠢᠯ ᠢ ᠬᠦᠢᠴᠡᠳᠬᠡᠨ᠂ ᠡᠬᠢ ᠡᠬᠦᠰᠦᠯ ᠠᠴᠠ ᠨᠢ ᠴᠢᠩᠭ᠎ᠠ ᠰᠡᠷᠬᠡᠶᠢᠯᠡᠬᠦ᠂ ᠶᠠᠪᠤᠴᠠ ᠲᠤᠮᠳᠠ ᠨᠢ ᠴᠢᠩᠭ᠎ᠠ ᠬᠠᠮᠢᠶᠠᠷᠬᠤ᠂ ᠮᠠᠭᠤ ᠦᠷ᠎ᠡ ᠨᠦᠯᠦᠭᠡ ᠶᠢ ᠬᠦᠨᠳᠦ ᠪᠠᠷ ᠰᠢᠢᠳᠬᠡᠬᠦ ᠲᠦᠷᠢᠮ ᠢ ᠲᠡᠬᠦᠯᠳᠡᠷᠵᠢᠬᠦᠯᠵᠦ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠪᠠᠶᠢᠴᠠᠭᠠᠯᠳᠠ ᠶᠢ ᠬᠦᠢᠴᠡᠳᠬᠡᠨ᠂ ᠡᠯ᠎ᠠ ᠲᠦᠷᠦᠯ ᠤᠨ ᠬᠠᠤᠯᠢ ᠲᠦᠷᠢᠮ ᠢ ᠵᠦᠷᠢᠴᠡᠨ ᠤᠢ ᠰᠢᠭᠤᠢ᠂ ᠨᠤᠳᠤᠭ ᠪᠡᠯᠴᠢᠬᠡᠷ ᠡᠵᠡᠯᠡᠭᠰᠡᠨ ᠪᠠ ᠲᠤᠷ᠎ᠠ ᠪᠠᠷ ᠤᠭᠳᠤᠯᠤᠭᠰᠠᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠂ ᠠᠭᠤᠷᠬᠠᠢ ᠶᠢᠨ ᠤᠷᠴᠢᠨ ᠤ ᠠᠮᠢ ᠠᠬᠤᠢ ᠶᠢᠨ ᠰᠡᠷᠬᠦᠬᠡᠯᠳᠡ ᠶᠢᠨ ᠠᠵᠢᠯ ᠢ ᠴᠢᠩᠭᠠᠳᠬᠠᠵᠦ᠂ ᠨᠤᠭᠤᠭᠠᠷᠠᠭᠤᠯᠵᠦ ᠰᠡᠷᠬᠦᠬᠡᠬᠦ ᠠᠵᠢᠯ ᠢ ᠦᠨᠡᠨᠬᠦ ᠨᠠᠶᠢᠳᠠᠪᠤᠷᠢᠵᠢᠭᠤᠯᠤᠨ᠂ 5.6 ᠲᠡᠭᠰᠢ ᠲᠦᠷᠪᠡᠯᠵᠢᠨ ᠺᠢᠯᠤᠮᠧᠲᠷ ᠤᠨ ᠬᠠᠶᠠᠭᠳᠠᠮᠠᠯ ᠠᠭᠤᠷᠬᠠᠢ ᠎ ᠶᠢᠨ ᠬᠦᠨᠳᠡᠢ ᠶᠢ ᠵᠠᠰᠠᠨ ᠴᠡᠭᠴᠡᠯᠡᠬᠦ ᠠᠵᠢᠯ ᠢ ᠬᠦᠢᠴᠡᠳᠬᠡᠨ᠎ᠡ᠃ ︵ᠭᠤᠷᠪᠠ︶ ᠬᠦᠳᠡᠭᠡ ᠤᠷᠤᠨ ᠨᠤᠳᠤᠭ ᠢ ᠬᠦᠴᠦᠷᠬᠡᠭᠵᠢᠬᠦᠯᠬᠦ ᠲᠠᠯ᠎ᠠ ᠪᠠᠷ ᠰᠢᠨ᠎ᠠ ᠠᠬᠢᠯᠳᠠ ᠲᠠᠪᠰᠢᠯᠳᠠ ᠲᠠᠢ ᠪᠤᠯᠤᠨ᠎ᠠ᠃ ᠶᠠᠳᠠᠭᠤ ᠠᠴᠠ ᠠᠩᠬᠢᠵᠢᠷᠠᠭᠤᠯᠤᠭᠰᠠᠨ ᠠᠵᠢᠯ ᠤᠨ ᠦᠷ᠎ᠡ ᠪᠦᠳᠦᠮᠵᠢ ᠶᠢ ᠪᠠᠬᠢᠵᠢᠬᠦᠯᠵᠦ᠂ ᠨᠠᠶᠢᠳᠠᠪᠤᠷᠢᠵᠢᠭᠤᠯᠤᠯᠳᠠ ᠶᠢ ᠠᠳᠬᠤᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠤᠨ ᠦᠷ᠎ᠡ ᠪᠦᠳᠦᠮᠵᠢ ᠶᠢ ᠬᠦᠳᠡᠭᠡ ᠤᠷᠤᠨ ᠨᠤᠳᠤᠭ ᠢ ᠬᠦᠴᠦᠷᠬᠡᠭᠵᠢᠬᠦᠯᠬᠦ ᠠᠵᠢᠯ ᠯᠤᠭ᠎ᠠ ᠤᠷᠭᠠᠨᠢᠭ ᠢᠶᠠᠷ ᠤᠶᠠᠯᠳᠤᠭᠤᠯᠤᠨ᠂ ᠰᠤᠮᠤ ᠪᠠᠯᠭᠠᠰᠤᠨ ᠤ ᠭᠤᠤᠯ ᠴᠤᠭᠴᠠ ᠎ ᠶᠢᠨ ᠬᠠᠷᠢᠭᠤᠴᠠᠯᠭ᠎ᠠ᠂ ᠠᠯᠪᠠᠨ ᠪᠠᠶᠢᠭᠤᠯᠭ᠎ᠠ ᠶᠢᠨ ᠠᠵᠢᠯ ᠤᠨ ᠬᠠᠷᠢᠭᠤᠴᠠᠯᠭ᠎ᠠ᠂ ᠲᠠᠭᠠᠭᠠᠴᠢᠯᠠᠭᠰᠠᠨ ᠨᠢᠬᠡᠴᠡ ᠶᠢᠨ ᠲᠡᠳᠬᠦᠨ ᠲᠡᠮᠵᠢᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠪᠠ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠨ᠂ ᠲᠡᠬᠢᠨ ᠶᠠᠳᠠᠭᠤᠷᠠᠬᠤ ᠶᠢ ᠰᠡᠷᠬᠡᠶᠢᠯᠡᠬᠦ ᠪᠠ ᠬᠠᠨᠳᠤᠯᠭᠠᠳᠤ ᠲᠡᠳᠬᠦᠮᠵᠢ ᠶᠢᠨ ᠠᠵᠢᠯ ᠢ ᠦᠷᠬᠦᠯᠵᠢᠯᠡᠨ ᠰᠠᠶᠢᠨ ᠬᠢᠬᠦ ᠪᠤᠯᠤᠨ᠎ᠠ᠃ ᠶᠠᠳᠠᠭᠤ ᠶᠢ ᠳᠡᠳᠭᠦᠭᠰᠡᠨ ᠡᠳ᠋ ᠬᠦᠷᠦᠩᠭᠡ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠨ᠂ 2012 ᠤᠨ ᠠᠴᠠ ᠨᠠᠰᠢᠬᠢ 3.6 ᠳ᠋ᠦᠩᠰᠢᠭᠤᠷ ᠲᠦᠬᠦᠷᠢᠭ ᠤᠨ ᠶᠠᠳᠠᠭᠤ ᠶᠢ ᠳᠡᠳᠭᠦᠭᠰᠡᠨ ᠡᠳ᠋ ᠬᠦᠷᠦᠩᠭᠡ ᠶᠢ ᠱᠠᠲᠤ ᠦᠶ᠎ᠡ ᠬᠤᠪᠢᠶᠠᠷᠢᠯᠠᠨ ᠲᠠᠩᠰᠠᠯᠠᠵᠦ᠂ ᠶᠠᠳᠠᠭᠤ ᠶᠢ ᠲᠡᠳᠬᠦᠬᠦ ᠪᠡᠯᠡ ᠮᠦᠩᠬᠦ ᠪᠠ ᠡᠯ᠎ᠠ ᠲᠦᠰᠦᠯ ᠤᠨ ᠦᠢᠯᠡᠳᠦᠯ ᠴᠢᠳᠠᠪᠬᠢ ᠶᠢ ᠦᠷᠬᠦᠯᠵᠢᠯᠡᠨ ᠪᠠᠳᠠᠷᠠᠭᠤᠯᠤᠨ᠎ᠠ  ᠃ ᠲᠦᠷᠦᠯ ᠵᠦᠢᠯ ᠢ ᠦᠷᠬᠦᠯᠵᠢᠯᠡᠨ ᠠᠳᠬᠤᠵᠦ ᠪᠤᠳᠠᠳᠤ ᠦᠷ᠎ᠠ ᠪᠦᠳᠦᠮᠵᠢ ᠭᠠᠷᠭᠠᠨ᠎ᠠ᠃ 9562 ᠲᠦᠮᠡᠨ ᠲᠦᠬᠦᠷᠢᠭ ᠤᠨ ᠪᠡᠯᠡ ᠤᠷᠤᠭᠤᠯᠵᠦ ᠬᠦᠳᠡᠭᠡ ᠤᠷᠤᠨ ᠨᠤᠳᠤᠭ ᠢ ᠬᠦᠴᠦᠷᠬᠡᠭᠵᠢᠭᠦᠯᠬᠦ ᠳᠤ ᠬᠤᠯᠪᠤᠭᠳᠠᠬᠤ 3 ᠲᠦᠷᠦᠯ ᠤᠨ19 ᠵᠦᠢᠯ ᠤᠨ ᠠᠵᠢᠯ ᠢ ᠬᠡᠷᠡᠭᠵᠢᠬᠦᠯᠵᠦ᠂ 2.42 ᠲᠦᠮᠡᠨ ᠮᠠᠯᠴᠢᠨ ᠲᠠᠷᠢᠶᠠᠴᠢᠨ ᠳᠤ ᠠᠰᠢᠭ ᠬᠦᠷᠳᠡᠬᠡᠨ᠎ᠡ᠃ ᠮᠢᠬᠠᠨ ᠤ ᠦᠬᠡᠷ ᠮᠠᠯᠵᠢᠬᠤ᠂ ᠰᠢᠬᠠᠮᠠᠯ ᠪᠤᠷᠳᠤᠭ᠎ᠠ ᠦᠢᠯᠡᠳᠪᠤᠷᠢᠯᠡᠬᠦ᠂ ᠠᠮᠢᠳᠤ ᠮᠠᠯ ᠢ ᠪᠤᠷᠤᠯᠠᠭᠤᠯᠬᠤ᠂ ᠬᠦᠳᠡᠭᠡ ᠨᠤᠳᠤᠭ ᠤᠨ ᠵᠢᠭᠤᠯᠴᠢᠯᠠᠯ ᠪᠠ ᠨᠡᠶᠢᠬᠡᠮᠴᠢᠯᠡᠭᠰᠡᠨ ᠦᠢᠯᠡᠴᠢᠯᠡᠬᠡᠨ ᠤ ᠰᠢᠰᠲ᠋ᠧᠮ ᠢ ᠪᠠᠶᠢᠭᠤᠯᠬᠤ ᠠᠵᠢᠯ ᠢ ᠠᠬᠢᠭᠤᠯᠬᠤ ᠠᠵᠦ ᠦᠢᠯᠡᠰ ᠤᠨ ᠲᠠᠶᠢᠴᠢᠯᠠᠭᠴᠢ ᠬᠦᠴᠦᠨ ᠢ ᠪᠠᠳᠠᠷᠠᠭᠤᠯᠬᠤ ᠶᠢᠨ ᠬᠠᠮᠳᠤ ᠰᠤᠮᠤ ᠪᠠᠯᠭᠠᠰᠤᠨ ᠤ ᠲᠦᠪ ᠢᠶᠠᠷ ᠨᠢᠬᠡᠴᠢ ᠪᠤᠯᠭᠠᠨ᠂ ᠬᠤᠭ ᠨᠤᠪᠰᠢ ᠬᠤᠷᠢᠶᠠᠨ ᠰᠢᠯᠵᠢᠬᠦᠯᠬᠦ ᠪᠠᠭ᠎ᠠ ᠬᠡᠯᠪᠡᠷᠢ ᠶᠢᠨ ᠥᠷᠲᠡᠭᠡ ᠶᠢ ᠪᠠᠶᠢᠭᠤᠯᠬᠤ᠂ ᠪᠤᠬᠢᠷ ᠤᠰᠤ ᠲᠡᠭᠡᠭᠡᠪᠤᠷᠢᠯᠡᠬᠦ ᠲᠡᠷᠭᠡ ᠤᠨᠤᠭ᠎ᠠ ᠬᠤᠳᠠᠯᠳᠤᠨ ᠠᠪᠬᠤ ᠵᠡᠷᠬᠡ ᠠᠷᠭ᠎ᠠ ᠬᠡᠯᠪᠡᠷᠢ ᠪᠠᠷ ᠮᠠᠯᠴᠢᠨ ᠲᠦᠮᠡᠨ ᠤ ᠤᠷᠤᠰᠢᠨ ᠰᠠᠭᠤᠷᠢᠰᠢᠬᠤ ᠤᠷᠴᠢᠨ  ᠨᠦᠬᠦᠴᠡᠯ ᠢ ᠰᠠᠶᠢᠵᠢᠷᠠᠭᠤᠯᠤᠨ᠎ᠠ᠃152 ᠮᠠᠯᠴᠢᠨ ᠲᠡᠷᠢᠶᠠᠴᠢᠨ ᠡᠷᠦᠬᠡ ᠳᠤ ᠵᠤᠷᠯᠤᠩ ᠤᠭᠰᠠᠷᠠᠵᠦ᠂ 1167 ᠡᠷᠦᠬᠡ ᠶᠢᠨ ᠠᠰᠠᠭᠤᠳᠠᠯ ᠲᠠᠢ ᠵᠤᠷᠯᠤᠩ ᠢ ᠦᠬᠡᠷᠡᠴᠢᠯᠡᠨ ᠵᠠᠰᠠᠨ᠎ᠠ᠃ ᠰᠠᠭᠠᠯᠢ ᠶᠢᠨ ᠦᠨᠢᠶᠠᠨ ᠤ ᠮᠠᠯᠵᠢᠯ ᠤᠨ ᠲᠤᠰᠬᠤᠨ ᠳᠤ ᠲᠦᠪᠯᠡᠷᠡᠬᠦᠯᠦᠨ ᠮᠠᠯᠵᠢᠬᠤ ᠲᠠᠯᠠᠪᠠᠢ ᠪᠠᠶᠢᠭᠤᠯᠬᠤ ᠲᠤᠷᠰᠢᠯᠳᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠵᠦ᠂ ᠲᠦᠬᠡᠮᠡᠯᠵᠢᠯᠡᠬᠦᠯᠵᠦ ᠪᠤᠯᠬᠤᠶᠢᠴᠠ ᠠᠷᠭ᠎ᠠ ᠲᠤᠷᠰᠢᠯᠳᠠ ᠶᠢ ᠡᠷᠢᠯᠬᠢᠯᠡᠨ᠎ᠡ᠃ ᠰᠠᠭᠤᠷᠢ ᠪᠦᠳᠦᠬᠡᠨ ᠪᠠᠶᠢᠭᠤᠯᠤᠯᠳᠠ ᠶᠢ ᠠᠳᠬᠤᠵᠦ ᠲᠡᠰ ᠲᠡᠪᠰᠢᠯᠳᠡ ᠶᠢ ᠠᠬᠢᠭᠤᠯᠤᠨ᠎ᠠ᠃ ᠠᠵᠦ ᠦᠢᠯᠡᠰ ᠤᠨ ᠲᠠᠷᠬᠠᠯᠳᠠ ᠶᠢᠨ ᠪᠠᠶᠢᠳᠠᠯ ᠢ ᠦᠨᠳᠦᠰᠦᠯᠡᠨ᠂ 4.9 ᠲᠦᠮᠡᠨ ᠲᠡᠭᠰᠢ ᠲᠦᠷᠪᠡᠯᠵᠢᠨ ᠮᠧᠲᠷ ᠤᠨ ᠫᠧᠩ ᠰᠠᠷᠠᠪᠴᠢ᠂ 4.2 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠨᠤᠭᠤᠭᠠᠨ ᠲᠠᠷᠤᠰᠢ ᠶᠢᠨ ᠵᠤᠭᠤᠷᠢ ᠶᠢ ᠪᠠᠶᠢᠭᠤᠯᠤᠨ᠎ᠠ᠃ ᠠᠮᠢᠳᠠᠨ ᠤ ᠬᠢᠵᠢᠭ ᠡᠪᠡᠳᠴᠢᠨ ᠢ ᠰᠡᠷᠬᠡᠶᠢᠯᠡᠬᠦ ᠡᠷᠴᠢᠮ ᠢᠶᠠᠨ ᠴᠢᠩᠭᠠᠳᠬᠠᠨ᠂ ᠮᠠᠯ ᠤᠨᠤᠭᠠᠨ ᠤ ᠲᠤᠰᠠᠭᠠᠷᠯᠠᠯᠳᠠ ᠶᠢᠨ ᠲᠠᠯᠠᠪᠠᠢ 1᠂ ᠡᠪᠡᠳᠴᠢᠨ ᠬᠢᠵᠢᠭ ᠢᠶᠠᠷ ᠦᠬᠦᠭᠰᠡᠨ ᠮᠠᠯ ᠢ ᠪᠤᠬᠢᠷᠳᠦᠯ ᠦᠬᠡᠢ ᠰᠢᠢᠳᠪᠤᠷᠢᠯᠡᠬᠦ ᠭᠠᠵᠠᠷ 1᠎ ᠶᠢ ᠪᠠᠶᠢᠭᠤᠯᠬᠤ ᠎ ᠶᠢᠨ ᠬᠠᠮᠳᠤ ᠰᠠᠩ ᠤᠨ ᠲᠠᠯᠠᠢ ᠪᠠᠯᠭᠠᠰᠤᠨ ᠳᠤ ᠠᠮᠢᠳᠠᠨ ᠤ ᠡᠮᠨᠡᠯᠬᠡ ᠶᠢᠨ ᠬᠤᠷᠢᠶ᠎ᠠ ᠪᠠᠶᠢᠭᠤᠯᠤᠨ᠎ᠠ᠃ ᠤᠰᠤᠨ ᠠᠰᠢᠭᠯᠠᠯᠳᠠ ᠎ ᠶᠢᠨ ᠢᠨᠵᠧᠨᠧᠷᠢᠩ ᠪᠠ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠬᠤ ᠢᠨᠵᠧᠨᠧᠷᠢᠩ ᠢ ᠬᠡᠷᠡᠭᠵᠢᠬᠦᠯᠦᠨ᠂ ᠤᠰᠤᠨ ᠬᠠᠩᠭᠠᠯᠭ᠎ᠠ ᠶᠢᠨ ᠪᠠᠷᠢᠯᠭ᠎ᠠ 150᠂ ᠤᠰᠤᠨ ᠳᠤ ᠭᠠᠮᠳᠠᠢ ᠤᠰᠤᠯᠠᠯᠳᠠ ᠶᠢᠨ ᠢᠨᠵᠧᠨᠧᠷᠢᠩ ᠢ 70 ᠪᠠᠶᠢᠭᠤᠯᠵᠦ᠂ 2 ᠭᠠᠵᠠᠷ ᠤᠨ ᠲᠦᠬᠡᠮᠡᠯ ᠤᠰᠤᠨ ᠤ ᠰᠢᠰᠲ᠋ᠧᠮ ᠢ ᠵᠠᠰᠠᠨ ᠰᠡᠯᠪᠢᠵᠦ᠂ 124 ᠬᠤᠳᠳᠤᠭ ᠰᠢᠨ᠎ᠠ ᠪᠠᠷ ᠮᠠᠯᠳᠠᠨ᠎ᠠ᠃ ᠲᠦᠷᠪᠡᠳᠦᠬᠡᠷ ᠲᠡᠰ ᠤᠨ ᠱᠦᠢᠨᠢ ᠵᠠᠮ ᠢ 76.8 ᠺᠢᠯᠤᠮᠧᠲᠷ ᠵᠠᠰᠠᠵᠦ᠂ 376 ᠡᠷᠦᠬᠡ ᠶᠢᠨ 1126 ᠮᠠᠯᠴᠢᠨ ᠲᠠᠷᠢᠶᠠᠴᠢᠨ ᠳᠤ ᠠᠰᠢᠭ ᠬᠦᠷᠳᠡᠬᠡᠬᠦ ᠶᠢᠨ ᠬᠠᠮᠳᠤ 56.7 ᠺᠢᠯᠤᠮᠧᠲᠷ ᠬᠠᠭᠤᠴᠢᠨ ᠵᠠᠮ ᠢ ᠵᠠᠰᠠᠨ ᠰᠡᠯᠪᠢᠨ᠎ᠠ᠃ 42.2 ᠺᠢᠯᠤᠮᠧᠲᠷ ᠤᠨ ᠬᠦᠳᠡᠭᠡ ᠤᠷᠤᠨ ᠨᠤᠳᠤᠭ ᠤᠨ ᠴᠠᠬᠢᠯᠭᠠᠨ ᠱᠤᠭᠤᠮ ᠢ ᠰᠢᠨ᠎ᠠ ᠪᠠᠷ ᠪᠠᠶᠢᠭᠤᠯᠵᠦ᠂ 239 ᠳ᠋ᠤᠭᠠᠷ ᠤᠯᠤᠰ ᠎ ᠤᠨ ᠵᠠᠮ ᠤᠨ ᠲᠠᠭᠠᠤ 5 ᠰᠠᠭᠤᠷᠢ ᠮᠡᠳᠡᠭᠡ ᠬᠤᠯᠪᠤᠭᠠᠨ ᠤ ᠰᠤᠪᠤᠷᠭ᠎ᠠ ᠶᠢ ᠠᠰᠢᠭᠯᠠᠯᠳᠠ ᠳᠤ ᠤᠷᠤᠭᠤᠯᠤᠨ᠎ᠠ᠃             ︵ᠲᠦᠷᠪᠡ︶ ᠠᠵᠢᠯᠯᠠᠵᠦ ᠠᠮᠢᠳᠤᠷᠠᠬᠤ ᠳᠤ ᠲᠠᠪᠠ ᠲᠤᠬᠠᠳᠠᠢ ᠤᠷᠴᠢᠨ ᠨᠦᠬᠦᠴᠡᠯ ᠢ ᠤᠯᠠᠮ ᠰᠠᠶᠢᠵᠢᠷᠠᠭᠤᠯᠤᠨ᠎ᠠ᠃ ᠠᠵᠦ ᠦᠢᠯᠡᠰ ᠤᠨ ᠬᠦᠭᠵᠢᠯᠳᠡ ᠶᠢᠨ ᠲᠤᠯᠭᠠᠭᠤᠷᠢ ᠬᠦᠴᠦᠨ ᠢ ᠴᠢᠩᠭᠠᠳᠬᠠᠨ᠎ᠠ᠃  ᠢᠷᠬᠡᠨ ᠤ ᠨᠢᠰᠬᠡᠯ ᠤᠨ ᠪᠠᠭᠤᠳᠠᠯ ᠤᠨ ᠪᠠᠶᠢᠭᠤᠯᠤᠯᠳᠠ ᠶᠢᠨ ᠡᠮᠤᠨᠡᠬᠢ ᠬᠤᠭᠤᠴᠠᠭᠠᠨ ᠤ ᠭᠠᠷᠳᠠᠮ ᠬᠦᠢᠴᠡᠳᠬᠡᠯ ᠢ ᠲᠦᠷᠬᠡᠳᠬᠡᠵᠦ᠂ ᠲᠠᠶᠢᠽᠢ ᠴᠧᠩ ᠠᠴᠠ ᠰᠢᠯᠢᠩᠬᠤᠲᠠ ᠬᠦᠷᠬᠦ ᠲᠠᠮᠤᠷ ᠵᠠᠮ ᠳᠠᠬᠢ ᠰᠢᠯᠤᠭᠤᠨ ᠬᠦᠬᠡ ᠬᠤᠰᠢᠭᠤ ᠦᠷᠳᠡᠭᠡ ᠪᠤᠯᠤᠨ ᠰᠠᠩ ᠤᠨ ᠲᠠᠯᠠᠢ ᠶᠢᠨ ᠬᠤᠶᠢᠳᠦ ᠦᠷᠳᠡᠭᠡ ᠶᠢ ᠵᠠᠰᠠᠨ ᠦᠬᠡᠷᠡᠴᠢᠯᠡᠬᠦ ᠠᠵᠢᠯ ᠢ ᠵᠤᠬᠢᠴᠠᠭᠤᠯᠬᠤ ᠶᠢᠨ ᠬᠠᠮᠳᠤ ᠡᠷᠢᠶᠠᠨ ᠠᠴᠠ ᠭᠤᠸᠠᠩᠵᠸᠦ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ ᠤᠨ ᠮᠠᠨ ᠤ ᠬᠤᠰᠢᠭᠤᠨ ᠳᠠᠬᠢ ᠪᠠᠶᠢᠭᠤᠯᠤᠯᠳᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠦ᠂ ᠵᠢᠨᠢᠩ ᠠᠴᠠ ᠲᠦᠩᠯᠢᠶᠤᠤ ᠬᠦᠷᠬᠦ ᠲᠡᠮᠤᠷ ᠵᠠᠮ ᠤᠨ ᠴᠠᠬᠢᠯᠭᠠᠨ ᠬᠦᠴᠦᠨ ᠤ ᠦᠬᠡᠷᠡᠴᠢᠯᠡᠯᠳᠡ ᠶᠢᠨ ᠠᠵᠢᠯ ᠢ ᠬᠦᠢᠴᠡᠳᠬᠡᠨ᠎ᠡ᠃ ᠱᠠᠩᠳᠤ ᠠᠵᠦ ᠦᠢᠯᠡᠳᠪᠤᠷᠢ ᠶᠢᠨ ᠬᠦᠷᠢᠶᠡᠯᠡᠩ ᠳᠠᠬᠢ ᠪᠠᠷᠤᠭᠰᠢᠨ ᠵᠠᠮ ᠵᠢᠴᠢ ᠤᠰᠤ᠂ ᠬᠡᠢ᠂ ᠲᠤᠯᠠᠭᠠᠯᠭ᠎ᠠ ᠶᠢᠨ ᠬᠤᠭᠤᠯᠠᠢ ᠶᠢᠨ ᠤᠭᠰᠠᠷᠠᠯᠳᠠ᠂ ᠲᠡᠷᠭᠡᠨ ᠵᠤᠭᠰᠤᠭᠠᠯ ᠤᠨ ᠪᠠᠶᠢᠭᠤᠯᠤᠯᠳᠠ ᠶᠢ ᠠᠬᠢᠭᠤᠯᠤᠨ᠂ ᠭᠤᠤᠯ ᠵᠠᠮ ᠱᠤᠭᠤᠮ ᠢ ᠲᠤᠰ ᠵᠢᠯ ᠳᠤ ᠠᠰᠢᠭᠯᠠᠯᠳᠠ ᠳᠤ ᠤᠷᠤᠭᠤᠯᠤᠨ᠎ᠡ᠃ ᠬᠤᠳᠠ ᠲᠤᠬᠢᠵᠢᠭᠤᠯᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠬᠤᠳᠠ ᠪᠠᠯᠭᠠᠰᠤ ᠶᠢ ᠰᠢᠨᠡᠴᠢᠯᠡᠬᠦ ᠠᠵᠢᠯ ᠢ ᠬᠡᠷᠡᠭᠵᠢᠬᠦᠯᠵᠦ᠂ ᠱᠠᠩᠳᠤ ᠪᠠᠯᠭᠠᠰᠤᠨ ᠤ ᠬᠤᠪᠢᠯᠠᠢ ᠠᠭᠤᠳᠠᠮ ᠲᠠᠯᠠᠪᠠᠢ ᠶᠢ ᠵᠠᠰᠠᠨ ᠰᠡᠯᠪᠢᠬᠦ᠂ 4348 ᠮᠧᠲᠷ ᠤᠷᠳᠤ ᠪᠤᠬᠢᠷ ᠤᠰᠤᠨ ᠤ ᠬᠤᠭᠤᠯᠠᠢ ᠪᠠ ᠪᠤᠷᠤᠭᠠᠨ ᠤ ᠤᠰᠤ ᠭᠠᠳᠠᠭᠰᠢᠯᠠᠭᠤᠯᠬᠤ ᠬᠤᠭᠤᠯᠠᠢ ᠶᠢ ᠵᠠᠰᠠᠵᠦ ᠰᠢᠨᠡᠳᠬᠡᠬᠦ ᠠᠵᠢᠯ ᠢ ᠶᠠᠪᠤᠭᠳᠠᠭᠤᠯᠵᠦ᠂ ᠬᠤᠳᠠ ᠪᠠᠯᠭᠠᠰᠤᠨ ᠤ ᠪᠤᠬᠢᠷ ᠤᠰᠤ ᠬᠤᠷᠢᠶᠠᠨ ᠰᠢᠢᠳᠪᠤᠷᠢᠯᠡᠬᠦ ᠨᠤᠷᠮ᠎ᠠ ᠶᠢ 95%᠎ ᠳᠤ ᠬᠦᠷᠬᠡᠬᠦ ᠶᠢ ᠪᠠᠳᠤᠯᠠᠨ᠎ᠠ᠃ 8000 ᠲᠡᠭᠰᠢ ᠲᠦᠷᠪᠡᠯᠵᠢᠨ ᠮᠧᠲᠷ ᠤᠨ ᠶᠠᠪᠠᠭᠠᠨ ᠬᠦᠮᠦᠨ ᠤ ᠵᠠᠮ ᠵᠢᠴᠢ ᠡᠪᠳᠡᠷᠡᠵᠦ ᠮᠠᠭᠤᠳᠠᠭᠰᠠᠨ ᠵᠠᠮ ᠎ ᠤᠨ ᠭᠠᠳᠠᠷᠭᠤ ᠶᠢ ᠵᠠᠰᠠᠨ ᠰᠡᠯᠪᠢᠨ᠎ᠠ᠃ ᠰᠠᠩ ᠤᠨ ᠲᠠᠯᠠᠢ ᠪᠠᠯᠭᠠᠰᠤᠨ ᠤ 8.64 ᠲᠦᠮᠡᠨ ᠲᠡᠭᠰᠢ ᠲᠦᠷᠪᠡᠯᠵᠢᠨ ᠮᠧᠲᠷ ᠤᠨ ᠪᠠᠷᠤᠭᠰᠢᠨ ᠵᠠᠮ ᠤᠨ ᠭᠠᠳᠠᠷᠭᠤ ᠶᠢ ᠰᠢᠨᠡᠳᠬᠡᠬᠦ ᠢᠨᠵᠧᠨᠧᠷᠢᠩ ᠢ ᠬᠡᠷᠡᠭᠵᠢᠬᠦᠯᠵᠦ᠂ 239 ᠳ᠋ᠤᠭᠠᠷ ᠤᠯᠤᠰ ᠤᠨ ᠵᠠᠮ ᠠᠴᠠ ᠲᠡᠷᠢᠶ᠎ᠠ ᠬᠤᠳᠠ ᠬᠦᠷᠳᠡᠯᠡᠬᠢ 2.6 ᠺᠢᠯᠤᠮᠧᠲᠷ ᠤᠨ ᠵᠠᠰᠠᠮᠠᠯ ᠵᠠᠮ ᠢ ᠵᠠᠰᠠᠵᠦ᠂ ᠭᠤᠯᠳᠤᠩ ᠬᠦᠬᠦᠷᠬᠡ ᠪᠠ ᠤᠰᠤ ᠵᠠᠯᠠᠬᠤ ᠰᠤᠪᠠᠭ ᠪᠠᠶᠢᠭᠤᠯᠵᠦ᠂ ᠲᠤᠬᠠᠢ ᠶᠢᠨ ᠭᠠᠵᠠᠷ ᠤᠨ ᠬᠦᠮᠦᠰ ᠤᠨ ᠶᠠᠪᠤᠵᠦ ᠰᠠᠭᠤᠬᠤ ᠵᠢᠴᠢ ᠤᠰᠤᠳᠤᠯ ᠤᠨ ᠠᠰᠠᠭᠤᠳᠠᠯ ᠢ ᠰᠢᠢᠳᠪᠤᠷᠢᠯᠡᠬᠦ ᠪᠤᠯᠤᠨ᠎ᠠ᠃ ᠠᠷᠠᠯᠵᠢᠶ᠎ᠠ ᠡᠷᠬᠢᠯᠡᠬᠦ ᠤᠷᠴᠢᠨ ᠨᠦᠬᠦᠴᠡᠯ ᠢ ᠰᠠᠶᠢᠵᠢᠷᠠᠭᠤᠯᠤᠨ᠎ᠠ᠃ ᠠᠷᠠᠯᠵᠢᠶ᠎ᠠ ᠡᠷᠬᠢᠯᠡᠬᠦ ᠤᠷᠴᠢᠨ ᠨᠦᠬᠦᠴᠡᠯ ᠢ ᠰᠠᠶᠢᠵᠢᠷᠠᠭᠤᠯᠬᠤ ᠤᠨ ᠤ ᠠᠵᠢᠯᠯᠠᠭ᠎ᠠ ᠶᠢ ᠦᠷᠨᠢᠬᠦᠯᠵᠦ᠂ ᠠᠷᠠᠯᠵᠢᠶ᠎ᠠ ᠡᠷᠬᠢᠯᠡᠬᠦ ᠤᠷᠴᠢᠨ ᠨᠦᠬᠦᠴᠡᠯ ᠎ ᠢ ᠰᠠᠶᠢᠵᠢᠷᠠᠭᠤᠯᠬᠤ ᠲᠤᠬᠠᠢ ᠲᠤᠭᠤᠷᠢᠨ ᠪᠠᠶᠢᠴᠠᠭᠠᠯᠳᠠ ᠶᠢᠨ ᠲᠤᠭᠤᠶᠢᠯᠠᠩ ᠠᠴᠠ ᠲᠤᠰᠬᠠᠭᠰᠠᠨ ᠠᠰᠠᠭᠤᠳᠠᠯ ᠢ ᠰᠠᠶᠢᠳᠦᠷ ᠴᠡᠭᠴᠡᠯᠡᠨ ᠵᠠᠰᠠᠨ᠎ᠠ᠃ ᠱᠠᠩᠳᠦ ᠠᠵᠤ ᠦᠢᠯᠡᠳᠪᠦᠷᠢ ᠶᠢᠨ ᠬᠦᠷᠢᠶᠡᠯᠡᠩ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠪᠦᠳᠦᠮᠵᠢᠲᠡᠢ ᠠᠬᠢᠭᠤᠯᠤᠨ᠎ᠠ᠃ ︽ᠰᠤᠯᠠᠯᠠᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠦ᠂ ︽ᠨᠢᠬᠡ ᠰᠦᠯᠵᠢᠶ᠎ᠡ᠂ ᠨᠢᠬᠡ ᠪᠠᠶᠢᠭᠤᠯᠭ᠎ᠠ᠂ ᠨᠢᠬᠡ ᠤᠳᠠᠭ᠎ᠠ︾᠎ ᠳᠤ ᠬᠦᠢᠴᠡᠳᠬᠡᠬᠦ ᠦᠬᠡᠷᠡᠴᠢᠯᠡᠯᠳᠡ ᠶᠢ ᠲᠦᠬᠡᠮᠡᠯᠵᠢᠬᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠴᠢᠳᠠᠪᠬᠢ ᠶᠢ ᠲᠡᠭᠡᠭᠰᠢᠯᠡᠬᠦᠯᠦᠨ᠎ᠡ᠃ ᠠᠷᠠᠳ ᠲᠤ ᠲᠦᠬᠦᠮ ᠦᠵᠡᠬᠦᠯᠬᠦ ᠶᠡᠷᠤᠩᠬᠡᠶᠢᠯᠡᠭᠰᠡᠨ ᠦᠢᠯᠡᠴᠢᠯᠡᠬᠡᠨ ᠤ ᠲᠢᠩᠬᠢᠮ ᠤᠨ ᠴᠢᠳᠠᠪᠬᠢ ᠶᠢ ᠲᠡᠬᠦᠯᠳᠡᠷᠵᠢᠬᠦᠯᠵᠦ᠂ ︽12345 ︾ ᠠᠷᠠᠳ ᠲᠤ ᠵᠤᠷᠢᠭᠤᠯᠤᠭᠰᠠᠨ ᠦᠢᠯᠡᠴᠢᠯᠡᠬᠡᠨ ᠤ ᠤᠳᠠᠰᠤᠨ ᠤ ᠶᠡᠷᠤᠩᠬᠡᠢ ᠠᠵᠢᠯ ᠬᠦᠢᠴᠡᠳᠬᠡᠯᠳᠡ ᠶᠢᠨ ᠨᠤᠷᠮ᠎ᠠ ᠪᠠ ᠤᠯᠠᠨ ᠲᠦᠮᠡᠨ ᠤ ᠬᠠᠨᠤᠮᠵᠢ ᠶᠢᠨ ᠨᠤᠷᠮ᠎ᠠ ᠶᠢ ᠨᠡᠮᠡᠭᠳᠡᠬᠦᠯᠵᠦ᠂ ᠠᠵᠢᠯ ᠤᠨ ᠦᠷ᠎ᠡ ᠪᠦᠳᠦᠮᠵᠢ ᠪᠠ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠤᠷᠤᠨ ᠰᠠᠭᠤᠴᠠ ᠶᠢᠨ ᠬᠡᠷᠡᠴᠢ ᠦᠨᠡᠮᠯᠠᠯ ᠲᠠᠢ ᠬᠤᠯᠪᠤᠭᠳᠠᠭᠰᠠᠨ ᠦᠯᠡᠳᠡᠭᠳᠡᠯ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ᠃ ᠮᠤᠩᠭᠤᠯ ᠬᠡᠷ ᠤᠨ ᠠᠵᠦ ᠦᠢᠯᠡᠰ ᠤᠨ ᠬᠦᠷᠢᠶᠡᠯᠡᠩ ᠤᠨ 4 ᠰᠠᠤᠷᠢ ᠦᠢᠯᠡᠳᠪᠤᠷᠢ ᠶᠢᠨ ᠲᠠᠰᠤᠭ ᠤᠨ ᠲᠤᠨᠤᠭ ᠲᠦᠬᠦᠬᠡᠷᠦᠮᠵᠢ ᠶᠢ ᠲᠡᠬᠦᠯᠳᠡᠷᠵᠢᠬᠦᠯᠵᠦ ᠠᠵᠦ ᠠᠬᠤᠶᠢᠯᠠᠯ ᠡᠷᠬᠢᠯᠡᠭᠴᠢᠳ ᠲᠤᠰ ᠬᠦᠷᠢᠶᠡᠯᠡᠩ ᠳᠤ ᠢᠷᠡᠵᠦ ᠡᠵᠡᠩᠨᠡᠯᠳᠡ ᠬᠢᠬᠦ ᠶᠢ ᠲᠠᠶᠢᠴᠢᠯᠠᠨ ᠵᠢᠯᠤᠭᠤᠳᠤᠨ᠎ᠠ᠃ ᠶᠤᠸᠠᠨ ᠤ ᠲᠡᠭᠡᠳᠦ ᠨᠠᠶᠢᠰᠯᠠᠯ ᠦᠨᠳᠦᠰᠦᠳᠡᠨ ᠤ ᠰᠤᠶᠤᠯ ᠤᠨ ᠤᠨᠴᠠᠯᠢᠭᠳᠤ ᠠᠵᠦ ᠦᠢᠯᠡᠰ ᠤᠨ ᠬᠦᠷᠢᠶᠡᠯᠡᠩ ᠳᠠᠬᠢ ᠦᠢᠯᠡᠳᠪᠤᠷᠢ ᠶᠢᠨ ᠲᠠᠰᠤᠭ ᠲᠤ ᠲᠤᠯᠠᠭᠠᠯᠭ᠎ᠠ ᠶᠢᠨ ᠬᠤᠭᠤᠯᠠᠢ ᠤᠭᠰᠠᠷᠠᠵᠦ᠂ ᠪᠤᠬᠢᠷᠳᠦᠯ ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ ᠲᠦᠬᠦᠬᠡᠷᠦᠮᠵᠢ ᠶᠢ ᠲᠡᠬᠦᠯᠳᠡᠷᠵᠢᠬᠦᠯᠵᠦ᠂ ᠦᠢᠯᠡᠳᠪᠤᠷᠢ ᠶᠢᠨ ᠬᠤᠭᠤᠰᠤᠨ ᠲᠠᠰᠤᠭ ᠢ ᠵᠤᠬᠢᠰᠳᠠᠢ ᠠᠰᠢᠭᠯᠠᠵᠦ᠂ ᠱᠠᠩᠳᠤ ᠪᠠᠯᠭᠠᠰᠤᠨ ᠳᠠᠬᠢ ᠴᠠᠭᠠᠨ ᠢᠳᠡᠬᠡᠨ ᠤ ᠭᠠᠷ ᠦᠢᠯᠡᠳᠪᠤᠷᠢ ᠤᠳ ᠬᠦᠷᠢᠶᠡᠯᠠᠩ ᠳᠤ ᠤᠷᠤᠬᠤ ᠶᠢ ᠲᠦᠯᠬᠢᠨ ᠠᠬᠢᠭᠤᠯᠤᠨ᠎ᠠ᠃ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠥᠭᠡᠷᠡᠴᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠨᠢᠭᠡᠳᠬᠡᠨ ᠰᠢᠯᠢᠳᠡᠭᠵᠢᠬᠦᠯᠬᠦ ᠳᠥᠰᠦᠪ ᠢ ᠲᠣᠭᠲᠠᠭᠠᠨ ᠪᠣᠳᠠᠲᠤ ᠡᠵᠡᠩᠨᠡᠯᠲᠡ ᠶᠢᠨ ᠴᠣᠭᠴᠠ ᠪᠣᠯᠭᠠᠨ ᠬᠤᠪᠢᠷᠭᠠᠬᠤ ᠥᠭᠡᠷᠡᠴᠢᠯᠡᠯᠲᠡ ᠶᠢ ᠲᠦᠷᠭᠡᠳᠬᠡᠨ᠎ᠡ᠃         ︵ᠲᠠᠪᠤ︶ ᠨᠡᠶᠢᠬᠡᠮ ᠤᠨ ᠠᠮᠢᠵᠢᠷᠠᠭᠠᠨ ᠤ ᠦᠢᠯᠡᠰ ᠢ ᠰᠢᠨ᠎ᠡ ᠲᠦᠪᠰᠢᠨ ᠳᠤ ᠬᠦᠷᠬᠡᠨ᠎ᠡ᠃ ᠰᠤᠷᠭᠠᠨ ᠬᠦᠮᠦᠵᠢᠯ ᠎ ᠢ ᠲᠡᠷᠢᠬᠦᠨ ᠳᠤ ᠬᠦᠭᠵᠢᠬᠦᠯᠬᠦ ᠶᠢ ᠪᠠᠷᠢᠮᠳᠠᠯᠠᠨ᠎ᠠ᠃ ︽ᠬᠤᠶᠠᠷ ᠢ ᠪᠠᠭᠠᠰᠬᠠᠬᠤ︾ ᠲᠦᠷᠦ ᠶᠢᠨ ᠪᠤᠳᠤᠯᠭ᠎ᠠ ᠶᠢ ᠤᠨᠤᠪᠴᠢᠳᠠᠢ ᠨᠠᠶᠢᠳᠠᠪᠤᠷᠢᠵᠢᠭᠤᠯᠵᠦ᠂ ᠬᠡᠷ ᠪᠦᠯᠢ ᠰᠤᠷᠭᠠᠭᠤᠯᠢ ᠶᠢᠨ ︽7311︾  ᠬᠡᠯᠪᠡᠷᠢ ᠶᠢᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠵᠦ᠂ ᠰᠤᠷᠭᠠᠭᠤᠯᠢ᠂ ᠬᠡᠷ ᠪᠦᠯᠢ᠂ ᠨᠡᠶᠢᠬᠡᠮ ᠤᠨ ᠨᠢᠬᠡ ᠴᠤᠭᠴᠠᠵᠢᠭᠰᠠᠨ ᠬᠦᠮᠦᠵᠢᠬᠦᠯᠦᠭᠴᠢ ᠶᠢᠨ ᠲᠤᠭᠳᠠᠯᠴᠠᠭ᠎ᠠ ᠶᠢ ᠪᠦᠷᠢᠯᠳᠦᠬᠦᠯᠦᠨ᠎ᠡ᠃ ᠰᠤᠷᠭᠠᠭᠤᠯᠢ ᠴᠡᠴᠡᠷᠯᠢᠭ ᠤᠨ ᠵᠠᠬᠢᠷᠤᠯ᠂ ᠪᠠᠭᠰᠢ᠂ ᠵᠢᠭᠠᠬᠤ ᠶᠢ ᠰᠤᠳᠤᠯᠤᠭᠴᠢ᠂ ᠵᠢᠭᠠᠨ ᠵᠢᠯᠤᠭᠤᠳᠤᠭᠴᠢ ᠵᠡᠷᠬᠡ 4 ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠦ᠂ ᠬᠢᠴᠢᠶᠡᠯ ᠰᠤᠨᠤᠰᠴᠤ ᠬᠢᠴᠢᠶᠡᠯ ᠳ᠋ᠦᠩᠨᠡᠬᠦ ᠪᠠ ᠬᠡᠷ ᠤᠨ ᠠᠬᠠᠮᠠᠳ ᠠᠴᠠ ᠦᠨᠡᠯᠡᠯᠳᠡ ᠬᠢᠬᠦ ᠠᠵᠢᠯ ᠤᠨ ᠲᠤᠭᠳᠠᠯᠴᠠᠭ᠎ᠠ ᠶᠢ ᠲᠡᠬᠦᠯᠳᠡᠷᠵᠢᠬᠦᠯᠦᠨ᠂ ᠰᠤᠷᠭᠠᠭᠤᠯᠢ ᠡᠷᠬᠢᠯᠡᠬᠦ ᠶᠠᠰᠤ ᠴᠢᠨᠡᠷ ᠪᠠ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ︽ᠨᠤᠮ ᠤᠨ ᠪᠠᠭ᠋ᠠᠷᠤᠯᠳᠤ ᠰᠤᠷᠭᠠᠭᠤᠯᠢ ᠶᠢᠨ ᠬᠦᠷᠢᠶᠡᠨ︾᠎ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠦ᠂ ︽ᠦᠨᠳᠦᠰᠦᠳᠡᠨ ᠤ ᠴᠡᠴᠡᠷᠯᠢᠭ ᠪᠠ ᠬᠢᠳᠠᠳ ᠴᠡᠴᠡᠷᠯᠢᠭ ᠢ ᠨᠢᠬᠡᠳᠬᠡᠬᠦ︾ ᠠᠵᠢᠯ ᠢ ᠲᠤᠭᠳᠠᠭᠤᠨ ᠢᠶᠠᠷ ᠠᠬᠢᠭᠤᠯᠤᠨ᠎ᠠ︔ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠴᠢᠩᠭᠠᠳᠬᠠᠨ᠂ ᠭᠠᠯ ᠲᠦᠢᠮᠡᠷ ᠢ ᠰᠡᠷᠬᠡᠶᠢᠯᠡᠬᠦ ᠠᠵᠢᠯ ᠲᠤᠮᠳᠠ ᠨᠢᠭᠤᠭᠳᠠᠵᠤ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠨ᠎ᠠ︔ ᠨᠠᠮᠤᠷ ᠤᠨ ᠤᠯᠠᠷᠢᠯ ᠠᠴᠠ ᠡᠬᠢᠯᠡᠵᠦ ᠦᠨᠳᠦᠷ ᠲᠤᠮᠳᠠᠳᠤ ᠶᠢᠨ ᠡᠬᠢᠨ ᠤ ᠱᠠᠳᠤᠨ ᠠᠴᠠ ᠭᠤᠷᠪᠠᠨ ᠲᠦᠷᠦᠯ ᠤᠨ ᠬᠢᠴᠢᠶᠡᠯ ᠤᠨ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠨ᠎ᠡ᠃ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠬᠢᠵᠢᠭ ᠢ ᠰᠡᠷᠬᠡᠶᠢᠯᠡᠬᠦ ᠠᠵᠢᠯ ᠢ ᠪᠠᠶᠢᠩᠭᠤᠵᠢᠭᠤᠯᠵᠦ᠂ ᠭᠠᠳᠠᠭᠠᠳᠤ ᠠᠴᠠ ᠤᠷᠤᠭᠤᠯᠤᠭᠰᠠᠨ ᠬᠦᠯᠳᠡᠬᠦᠦ ᠢᠳᠡᠬᠡᠨ ᠤ ᠬᠠᠮᠢᠶᠠᠷᠤᠯᠳᠠ ᠶᠢ ᠴᠢᠩᠭᠠᠳᠬᠠᠬᠤ ᠶᠢᠨ ᠬᠠᠮᠳᠤ᠂ ᠸᠡᠺᠼᠢᠨ ᠲᠠᠷᠢᠬᠤ ᠠᠵᠢᠯ ᠢ ᠴᠡᠭᠴᠡ ᠲᠠᠢ ᠠᠬᠢᠭᠤᠯᠤᠨ᠎ᠠ᠃ ᠬᠤᠯᠤᠭᠠᠨ᠎ᠠ ᠶᠢᠨ ᠬᠢᠵᠢᠭ᠂ ᠪᠷᠦ᠋ᠽᠧᠯ ᠡᠪᠡᠳᠴᠢᠨ ᠵᠡᠷᠬᠡ ᠬᠠᠯᠳᠠᠪᠤᠷᠢᠳᠦ ᠡᠪᠡᠳᠴᠢᠨ ᠢ ᠰᠡᠷᠬᠡᠶᠢᠯᠡᠬᠦ ᠠᠵᠢᠯ ᠢ ᠴᠢᠩᠭᠠᠳᠬᠠᠨ᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠬᠡᠨᠡᠳᠳᠡ ᠶᠢᠨ ᠬᠡᠷᠡᠭ ᠡᠬᠦᠰᠬᠦ ᠶᠢ ᠪᠠᠳᠤᠳᠠᠢ ᠬᠤᠷᠢᠭᠯᠠᠨ᠎ᠠ᠃ ᠨᠠᠶᠢᠳᠠ ᠶᠢᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠦᠨᠳᠦᠰᠦᠨ ᠱᠠᠳᠤᠨ ᠤ ᠮᠤᠩᠭᠤᠯ ᠡᠮ ᠤᠨ ᠰᠠᠩ ᠪᠤᠯᠤᠨ ᠬᠢᠳᠠᠳ ᠡᠮ ᠤᠨ ᠰᠠᠩ ᠤᠨ ᠪᠠᠶᠢᠭᠤᠯᠤᠯᠳᠠ ᠶᠢ ᠲᠡᠬᠦᠯᠳᠡᠷᠵᠢᠬᠦᠯᠦᠨ᠎ᠠ︔ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠢ ᠬᠦᠨᠵᠡᠬᠡᠶᠢᠷᠡᠬᠦᠯᠵᠦ᠂ ᠰᠤᠮᠤ ᠪᠠᠯᠭᠠᠰᠤᠨ ︵ᠲᠠᠯᠠᠪᠠᠢ︶᠎ ᠤ ᠲᠦᠪ ᠰᠠᠭᠤᠷᠢᠨ᠂ ᠵᠠᠰᠠᠮᠠᠯ ᠵᠠᠮ ᠤᠨ ᠲᠠᠭᠠᠤ ᠤᠶᠢᠷ᠎ᠠ ᠤᠷᠴᠢᠮ ᠤᠨ ᠤᠷᠴᠢᠨ ᠲᠤᠭᠤᠷᠢᠨ ᠤ ᠠᠷᠢᠭᠤᠨ ᠴᠡᠪᠡᠷ ᠢ ᠴᠡᠭᠴᠡᠯᠡᠬᠦ ᠠᠵᠢᠯ ᠤᠨ ᠬᠦᠴᠦᠯᠡᠴᠡ ᠶᠢ ᠨᠡᠮᠡᠭᠳᠡᠬᠦᠯᠦᠨ᠎ᠡ᠃ ᠨᠡᠶᠢᠬᠡᠮ ᠤᠨ ᠪᠠᠳᠤᠠᠯᠭ᠎ᠠ ᠶᠢᠨ ᠰᠢᠰᠲ᠋ᠧᠮ ᠎ ᠢ ᠲᠡᠬᠦᠯᠳᠡᠷᠵᠢᠬᠦᠯᠦᠨ᠎ᠠ᠃ ᠡᠮᠨᠡᠯᠬᠡ ᠰᠢᠯᠵᠢᠬᠦᠯᠦᠭᠰᠡᠨ ᠡᠪᠡᠳᠴᠢᠳᠠᠨ ᠵᠢᠴᠢ ᠤᠨᠳᠤᠤ ᠭᠠᠵᠠᠷ ᠡᠮᠴᠢᠯᠡᠭᠦᠯᠦᠭᠰᠡᠨ ᠵᠠᠷᠤᠳᠠᠯ ᠢ ᠰᠢᠭᠤᠳ ᠲᠠᠩᠰᠠ ᠴᠠᠶᠢᠷᠠᠭᠤᠯᠬᠤ᠂ ᠠᠷᠬᠠᠭ ᠡᠪᠡᠳᠴᠢᠨ ᠢᠶᠠᠨ ᠡᠮᠨᠡᠬᠦᠯᠦᠭᠰᠡᠨ ᠵᠠᠷᠤᠳᠠᠯ ᠢ ᠲᠠᠩᠰᠠ ᠲᠠᠶᠢᠯᠬᠤ᠂ ᠤᠨᠴᠠ ᠬᠦᠨᠳᠦ ᠡᠪᠡᠳᠴᠢᠨ ᠤ ᠡᠮᠨᠡᠯᠬᠡ ᠶᠢᠨ ᠰᠦᠢᠳᠬᠡᠯ ᠢ ᠲᠠᠩᠰᠠ ᠲᠠᠶᠢᠯᠬᠤ ᠪᠠ ᠡᠮᠴᠢᠯᠡᠬᠡᠨ ᠤ ᠠᠪᠤᠷᠠᠨ ᠲᠤᠰᠠᠯᠠᠯᠳᠠ ᠦᠵᠡᠬᠦᠯᠬᠦ ᠵᠡᠷᠬᠡ ᠡᠮᠴᠢᠯᠡᠬᠡᠨ ᠤ ᠪᠠᠳᠤᠯᠠᠭ᠎ᠠ ᠶᠢᠨ ᠲᠤᠭᠠᠴᠢᠭᠠᠨ ᠤ ᠬᠡᠯᠪᠡᠷᠢ ᠳᠤ ᠦᠬᠡᠷᠡᠴᠢᠯᠡᠯᠳᠡ ᠬᠢᠬᠦ ᠶᠢ ᠠᠬᠢᠭᠤᠯᠤᠨ᠎ᠠ᠃ ᠬᠤᠳᠠ ᠪᠠᠯᠭᠠᠰᠤᠨ ᠤ ᠦᠨᠳᠦᠰᠦᠨ ᠪᠠᠳᠤᠯᠠᠭ᠎ᠠ ᠪᠠ ᠤᠨᠴᠠ ᠬᠦᠴᠢᠷᠳᠡᠯᠳᠡᠢ ᠡᠷᠦᠬᠡ ᠳᠤ ᠠᠰᠠᠷᠠᠮᠵᠢ ᠪᠠᠷ ᠰᠠᠭᠤᠷᠢ ᠪᠤᠯᠭᠠᠵᠦ᠂ ᠲᠦᠷ ᠴᠠᠭ ᠤᠨ ᠠᠪᠤᠷᠠᠨ ᠲᠤᠰᠠᠯᠠᠯᠳᠠ ᠪᠠᠷ ᠨᠦᠬᠦᠪᠦᠷᠢ ᠪᠤᠯᠭᠠᠭᠰᠠᠨ ᠨᠡᠶᠢᠬᠡᠮ ᠤᠨ ᠲᠤᠰᠠᠯᠠᠮᠵᠢ ᠶᠢᠨ ᠰᠢᠰᠲ᠋ᠧᠮ ᠢ ᠪᠦᠷᠢᠨᠰᠢᠬᠦᠯᠦᠨ᠎ᠡ᠃ ᠠᠵᠢᠯ ᠤᠯᠭᠤᠵᠦ ᠦᠢᠯᠡᠰ ᠪᠤᠰᠬᠠᠬᠤ ᠠᠷᠭ᠎ᠠ ᠵᠠᠮ ᠢ ᠦᠷᠬᠡᠳᠬᠡᠬᠦ ᠶᠢᠨ ᠬᠠᠮᠳᠤ ᠲᠤᠭᠳᠠᠭᠤᠨ ᠠᠵᠢᠯ ᠤᠯᠭᠤᠵᠦ ᠬᠠᠨᠳᠤᠯᠭ᠎ᠠ ᠲᠠᠢ ᠲᠡᠳᠬᠦᠬᠦ ᠪᠠ ᠠᠵᠢᠯ ᠮᠡᠷᠬᠡᠵᠢᠯ ᠤᠨ ᠬᠢᠷᠢ ᠲᠦᠪᠰᠢᠨ ᠢ ᠲᠡᠭᠡᠭᠰᠢᠯᠡᠬᠦᠯᠬᠦ ᠠᠵᠢᠯᠯᠠᠭ᠎ᠠ ᠶᠢ ᠦᠷᠨᠢᠬᠦᠯᠵᠦ᠂ ᠵᠢᠯ ᠤᠨ ᠲᠤᠳᠤᠷ᠎ᠠ ᠬᠤᠳᠠ ᠪᠠᠯᠭᠠᠰᠤᠨ ᠤ 1000 ᠬᠦᠮᠦᠨ ᠳᠤ ᠰᠢᠨ᠎ᠠ ᠪᠠᠷ ᠠᠵᠢᠯ ᠤᠯᠭᠤᠵᠦ᠂ 5000 ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠤᠯᠭᠤᠬᠤ ᠶᠢ ᠪᠠᠳᠤᠯᠠᠵᠦ᠂ ᠬᠤᠳᠠ ᠪᠠᠯᠭᠠᠰᠤᠨ ᠤ ᠠᠵᠢᠯ ᠠᠯᠳᠠᠯᠳᠠ ᠶᠢᠨ ᠨᠤᠷᠮ᠎ᠠ ᠶᠢ 3.5%᠎ ᠶᠢᠨ ᠲᠤᠳᠤᠷ᠎ᠠ ᠲᠤᠭᠳᠠᠪᠤᠷᠢᠵᠢᠭᠤᠯᠤᠨ᠎ᠠ᠃ ᠰᠤᠶᠤᠯ ᠤᠨ ᠠᠵᠦ ᠦᠢᠯᠡᠰ ᠤᠨ ᠬᠦᠭᠵᠢᠯᠳᠡ ᠶᠢ ᠲᠦᠷᠬᠡᠳᠬᠡᠨ᠎ᠡ᠃ ᠦᠪᠡᠷᠳᠡᠬᠡᠨ ᠵᠠᠰᠠᠬᠤ ᠤᠷᠤᠨ ᠤ ᠪᠤᠯᠪᠠᠰᠤᠨ ᠬᠤᠳᠠ ᠪᠠᠷ ᠦᠨᠡᠯᠡᠭᠳᠡᠭᠰᠡᠨ ᠦᠷ᠎ᠡ ᠪᠦᠳᠦᠬᠡᠯ ᠢᠶᠠᠨ ᠪᠠᠳᠤᠳᠬᠠᠨ᠂ ᠦᠪᠡᠷᠳᠡᠬᠡᠨ ᠵᠠᠰᠬᠠᠤ ᠤᠷᠤᠨ ᠤ ᠪᠤᠯᠪᠠᠰᠤᠨ ᠵᠢᠱᠢᠶᠡᠴᠢ ᠬᠤᠳᠠ ᠶᠢ ᠡᠬᠦᠳᠦᠨ ᠪᠠᠶᠢᠭᠤᠯᠤᠨ᠎ᠠ᠃ ᠤᠯᠠᠭᠠᠨᠮᠦ᠋ᠴᠢᠷ ᠪᠠᠶᠢᠭᠤᠯᠤᠭᠳᠠᠭᠰᠠᠨ 65 ᠵᠢᠯ ᠤᠨ ᠤᠢ ᠶᠢ ᠲᠤᠬᠢᠶᠠᠯᠳᠤᠭᠤᠯᠤᠨ᠂ ᠰᠤᠶᠤᠯ ᠤᠨ ᠰᠤᠳᠤᠨ ᠪᠦᠳᠦᠬᠡᠯ ᠵᠤᠬᠢᠶᠠᠨ ᠨᠠᠶᠢᠷᠠᠭᠤᠯᠵᠦ᠂ ᠤᠯᠠᠨ ᠲᠦᠮᠡᠨ ᠤ ᠤᠶᠤᠨ ᠤ ᠠᠮᠢᠳᠤᠷᠠᠯ ᠢ ᠪᠠᠶᠠᠯᠢᠭᠵᠢᠭᠤᠯᠤᠨ᠎ᠠ᠃ ᠪᠤᠳᠠᠰ ᠎ ᠤᠨ ᠪᠤᠰᠤ ᠰᠤᠶᠤᠯ ᠤᠨ ᠦᠪ ᠢ ᠵᠠᠯᠭᠠᠮᠵᠢᠯᠠᠬᠤ ᠪᠠ ᠬᠠᠮᠠᠭᠠᠯᠠᠬᠤ ᠠᠵᠢᠯ ᠢ ᠲᠦᠯᠬᠢᠨ ᠠᠬᠢᠭᠤᠯᠵᠦ᠂ ᠰᠢᠯᠢᠳᠡᠭ ᠤᠯᠠᠮᠵᠢᠯᠠᠭᠴᠢ ᠶᠢ ᠬᠦᠮᠦᠵᠢᠬᠦᠯᠦᠨ᠂ ᠲᠡᠤᠬᠡ ᠶᠢᠨ ᠬᠠᠭᠤᠴᠢ ᠲᠤᠷᠠᠰᠬᠠᠯ ᠢ ᠬᠠᠮᠠᠭᠠᠯᠠᠬᠤ ᠠᠵᠢᠯ ᠢ ᠴᠢᠩᠭᠠᠳᠬᠠᠨ᠂ ︽ᠲᠠᠪᠤ ᠨᠢᠬᠡ︾ ᠮᠠᠯᠵᠢᠯ ᠤᠨ ᠲᠠᠯᠠᠪᠠᠢ ᠶᠢᠨ ᠮᠢᠩᠳᠡᠯᠡ ᠬᠡᠬᠡᠨ ᠤ ᠰᠦᠮ᠎ᠡ ᠶᠢ ᠵᠡᠰᠡᠨ ᠰᠡᠯᠪᠢᠬᠦ ᠠᠵᠢᠯ ᠢ ᠡᠬᠢᠯᠡᠬᠦᠯᠦᠨ᠎ᠡ᠃         ᠡᠨᠡ ᠵᠢᠯ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠳᠠᠷᠠᠭᠠᠬᠢ ᠪᠤᠳᠠᠳᠤ ᠠᠵᠢᠯ ᠤᠳ ᠢ ᠦᠷᠬᠦᠯᠵᠢᠯᠡᠨ ᠠᠳᠬᠤᠨ᠎ᠠ᠃ ᠨᠢᠬᠡ᠂ ᠬᠤᠰᠢᠭᠤ ᠡᠮᠨᠡᠯᠬᠡ ᠶᠢᠨ ᠬᠤᠷᠢᠶᠠᠨ ᠤ ᠲᠦᠷᠬᠡᠨ ᠡᠮᠴᠢᠯᠡᠬᠡᠨ ᠤ ᠶᠡᠷᠤᠩᠬᠡᠶᠢᠯᠡᠭᠰᠡᠨ ᠠᠰᠠᠷ ᠢ ᠪᠠᠶᠢᠭᠤᠯᠵᠦ ᠬᠡᠷᠡᠭᠯᠡᠯᠳᠡ ᠳᠤ ᠤᠷᠤᠭᠤᠯᠤᠨ᠎ᠠ᠃ ᠬᠤᠶᠠᠷ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠢ ᠠᠰᠢᠭᠯᠠᠯᠳᠠ ᠳᠤ ᠤᠷᠤᠭᠤᠯᠤᠨ᠎ᠠ᠃ ᠭᠤᠷᠪᠠ᠂ ᠰᠠᠩ ᠤᠨ ᠲᠠᠯᠠᠢ ᠶᠢᠨ ᠬᠡᠤᠬᠡᠳ ᠤᠨ ᠴᠡᠴᠡᠷᠯᠢᠭ ᠢ ᠪᠠᠶᠢᠭᠤᠯᠵᠦ᠂  ︽ᠦᠬᠡᠯᠦᠨ︾ ᠬᠡᠤᠬᠡᠳ ᠤᠨ ᠴᠡᠴᠡᠷᠯᠢᠭ ᠢ ᠦᠷᠬᠡᠳᠬᠡᠨ ᠪᠠᠶᠢᠭᠤᠯᠤᠨ᠂ ᠬᠤᠶᠠᠳᠤᠭᠠᠷ ᠪᠠᠭ᠎ᠠ ᠰᠤᠷᠭᠠᠭᠤᠯᠢ ᠶᠢ ᠨᠡᠬᠦᠯᠬᠡᠬᠦ ᠪᠠ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ᠂ ᠨᠢᠬᠡᠳᠦᠬᠡᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ ᠢ ᠰᠢᠨᠡᠳᠬᠡᠬᠦ ᠠᠵᠢᠯ ᠢ ᠬᠦᠢᠴᠡᠳᠬᠡᠨ᠎ᠡ᠃ ᠲᠦᠷᠪᠡ᠂ ᠱᠠᠩᠳᠤ ᠪᠠᠯᠭᠠᠰᠤᠨ ᠤ ᠲᠡᠬᠦᠯᠢᠯᠳᠡ ᠵᠠᠮ ᠪᠠ ᠱᠠᠩᠳᠤ ᠵᠡᠬᠡᠯᠢ ᠶᠢᠨ ᠪᠤᠷᠤᠭᠠᠨ ᠤ ᠤᠰᠤ ᠶᠢ ᠵᠠᠯᠠᠬᠤ ᠠᠰᠠᠭᠤᠳᠠᠯ ᠢ ᠰᠢᠢᠳᠪᠤᠷᠢᠯᠡᠵᠦ᠂ ᠱᠠᠩᠳᠤ ᠪᠠᠯᠭᠠᠰᠤᠨ ᠤ ᠦᠷᠳᠡᠭᠡ ᠵᠠᠮ ᠤᠨ ᠪᠤᠬᠢᠷ ᠤᠰᠤᠨ ᠬᠤᠭᠤᠯᠠᠢ ᠎ ᠶᠢ ᠦᠬᠡᠷᠡᠴᠢᠯᠡᠨ ᠵᠠᠰᠠᠨ᠎ᠠ᠃ ᠲᠠᠪᠤ᠂ ᠱᠠᠩᠳᠤ ᠪᠠᠯᠭᠠᠰᠤᠨ ᠤ 3800 ᠮᠧᠲᠷ ᠤᠨ ᠲᠤᠯᠠᠭᠠᠯᠭ᠎ᠠ ᠶᠢᠨ ᠬᠤᠭᠤᠯᠠᠢ ᠶᠢ ᠦᠬᠡᠷᠡᠴᠢᠯᠡᠨ ᠵᠠᠰᠠᠨ᠎ᠠ᠃ ᠵᠢᠷᠭᠤᠭ᠎ᠠ᠂ ᠬᠠᠪᠢᠷᠭ᠎ᠠ ᠪᠠᠯᠭᠠᠰᠤᠨ ᠳᠤ ᠠᠮᠢᠳᠤᠷᠠᠯ ᠤᠨ ᠬᠤᠭ ᠨᠤᠪᠰᠢ ᠶᠢ ᠰᠢᠢᠳᠪᠤᠷᠢᠯᠡᠬᠦ ᠲᠠᠯᠠᠪᠠᠢ ᠶᠢ ᠪᠠᠶᠢᠭᠤᠯᠤᠨ᠎ᠠ᠃ ᠲᠤᠯᠤᠭ᠎ᠠ᠂ ᠰᠢᠯᠤᠭᠤᠨ ᠬᠦᠬᠡ ᠬᠤᠰᠢᠭᠤᠨ ᠤ ᠤᠷᠤᠰᠢᠭᠤᠯᠭ᠎ᠠ ᠶᠢᠨ ᠤᠷᠳᠤᠨ ᠢ ᠪᠠᠶᠢᠭᠤᠯᠤᠨ᠎ᠠ᠃ ᠨᠠᠢᠮᠠ᠂ ᠮᠠᠯᠵᠢᠬᠤ ᠲᠠᠷᠢᠶᠠᠯᠠᠬᠤ ᠤᠷᠤᠨ ᠤ ᠡᠷᠦᠬᠡ ᠠᠮᠠ ᠶᠢᠨ ᠲᠠᠩᠰᠠ ᠲᠠᠢ ᠪᠦᠰᠡᠬᠦᠶᠢᠴᠤᠳ ᠲᠤ ︽ᠬᠤᠶᠠᠷ ᠵᠦᠢᠯ ᠤᠨ ᠦᠮᠡᠨ︾  ᠎ ᠢ ᠰᠡᠷᠬᠡᠶᠢᠯᠡᠬᠦ ᠪᠠᠶᠢᠴᠠᠭᠠᠯᠳᠠ ᠬᠢᠵᠦ ᠦᠭᠬᠦᠨ᠎ᠠ᠃ ᠶᠢᠰᠦ᠂ ᠪᠦᠬᠦ ᠬᠤᠰᠢᠭᠤᠨ ᠤ  ᠡᠷᠡᠬᠦᠯ ᠮᠠᠨᠳᠤ ᠶᠢᠨ ᠬᠦᠰᠡᠯᠳᠡ ᠲᠠᠢ 200 ᠵᠡᠮᠳᠡᠭ ᠬᠦᠮᠦᠨ ᠳᠤ ᠡᠷᠡᠬᠦᠯᠵᠢᠯ ᠤᠨ ᠪᠠᠭᠠᠵᠢ ᠶᠢ ᠦᠨ᠎ᠡ ᠲᠦᠯᠦᠪᠦᠷᠢ ᠦᠬᠡᠢ ᠪᠠᠷ ᠬᠠᠩᠭᠠᠨ᠎ᠠ᠃        ︵ᠵᠢᠷᠭᠤᠭ᠎ᠠ︶ ᠨᠡᠶᠢᠬᠡᠮ ᠤᠨ ᠲᠤᠭᠳᠠᠭᠤᠨ ᠢ ᠪᠠᠳᠤᠯᠠᠵᠦ ᠰᠠᠶᠢᠨ ᠰᠠᠶᠢᠬᠠᠨ ᠨᠡᠶᠢᠬᠡᠮ ᠤᠨ ᠪᠠᠶᠢᠳᠠᠯ ᠢ ᠪᠤᠢ ᠪᠤᠯᠭᠠᠨ᠎ᠠ᠃ ᠬᠦᠨᠳᠦ ᠶᠡᠭᠡ ᠠᠶᠤᠯ ᠲᠦᠭᠰᠢᠬᠦᠷᠢ ᠶᠢ ᠰᠡᠷᠬᠡᠶᠢᠯᠡᠨ ᠰᠢᠢᠳᠪᠤᠷᠢᠯᠡᠨ᠎ᠡ᠃ ᠮᠦᠩᠬᠦᠨ ᠬᠦᠢᠯᠬᠡᠬᠡᠨ ᠤ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠮᠦᠩᠬᠦᠨ ᠬᠦᠢᠯᠬᠡᠬᠡᠨ ᠤ ᠮᠡᠬᠡᠯᠡᠯ᠂ ᠬᠠᠤᠯᠢ ᠪᠤᠰᠤ ᠪᠠᠷ ᠪᠡᠯᠡ ᠮᠦᠩᠬᠦ ᠬᠤᠷᠠᠮᠳᠤᠭᠤᠯᠬᠤ ᠵᠡᠷᠬᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ ᠮᠦᠩᠬᠦᠨ ᠬᠦᠢᠯᠬᠡᠬᠡᠨ ᠤ ᠬᠦᠷᠢᠶᠡᠨ ᠎ ᠳᠠᠬᠢ ᠲᠤᠰᠬᠠᠢ ᠴᠡᠭᠴᠡᠯᠡᠯᠳᠡ ᠶᠢᠨ ᠠᠵᠢᠯ ᠢ ᠬᠦᠨᠵᠡᠬᠡᠢ ᠦᠷᠨᠢᠬᠦᠯᠵᠦ᠂ ᠤᠷᠤᠨ ᠨᠤᠳᠤᠭ ᠤᠨ ᠮᠦᠩᠬᠦᠨ ᠬᠦᠢᠯᠬᠡᠬᠡᠨ ᠤ ᠴᠡᠭᠴᠡᠯᠡᠯᠳᠡ ᠶᠢᠨ ᠰᠢᠰᠲ᠋ᠧᠮ ᠪᠠ ᠴᠡᠭᠴᠡᠯᠡᠯᠳᠡ ᠶᠢᠨ ᠴᠢᠳᠠᠪᠤᠷᠢ ᠶᠢ ᠠᠬᠢᠭᠤᠯᠤᠨ᠎ᠠ᠃ ᠵᠠᠰᠠᠭ ᠤᠨ ᠤᠷᠳᠤᠨ ᠤ ᠦᠷᠢ ᠦᠭᠴᠡᠬᠡᠨ ᠤ ᠬᠠᠮᠢᠶᠠᠷᠤᠯᠳᠠ ᠶᠢᠨ ᠲᠤᠭᠳᠠᠯᠴᠠᠭ᠎ᠠ ᠶᠢ ᠲᠡᠬᠦᠯᠳᠡᠷᠵᠢᠬᠦᠯᠵᠦ᠂ ᠲᠦᠷᠢᠮ ᠢ ᠵᠦᠷᠢᠴᠡᠵᠦ ᠰᠢᠨ᠎ᠠ ᠪᠠᠷ ᠦᠷᠢ ᠭᠠᠷᠭᠠᠬᠤ ᠶᠢ ᠬᠤᠷᠢᠭᠯᠠᠨ᠎ᠠ᠃ ︽ᠭᠤᠷᠪᠠᠨ ᠲᠦᠷᠦᠯ ᠤᠨ ᠠᠯᠪᠠᠨ ᠵᠠᠷᠤᠳᠠᠯ︾᠎ ᠤᠨ ᠵᠠᠷᠤᠯᠭ᠎ᠠ ᠶᠢ ᠪᠠᠭᠠᠰᠬᠠᠨ᠂ ᠡᠩ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠶᠢ ᠪᠠᠷᠢᠮᠳᠠᠯᠠᠨ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢ ︽ᠨᠡᠢᠮᠠ ᠳᠤ ᠬᠦᠨᠵᠡᠬᠡᠶᠢᠷᠡᠬᠦᠯᠵᠦ︾᠂ ᠭᠤᠤᠯᠳᠠᠯᠭ᠎ᠠ ᠲᠠᠢ ᠪᠠᠶᠢᠭᠤᠯᠭ᠎ᠠ ᠨᠢᠬᠡᠴᠡ ᠲᠠᠯᠠᠪᠤᠷ ᠢ ᠪᠦᠬᠦᠨ ᠢ ᠬᠠᠮᠤᠷᠤᠨ᠎ᠠ᠃ ︽ᠬᠠᠮᠳᠤᠷᠠᠯᠴᠠᠭ᠎ᠠ ᠪᠠᠶᠢᠭᠤᠯᠬᠤ︾᠂ ︽ᠰᠡᠳᠬᠢᠯ ᠵᠢᠷᠤᠬᠡ ᠪᠠᠨ ᠬᠤᠯᠪᠤᠬᠤ︾᠂ ︽ᠨᠢᠬᠡᠨ ᠬᠡᠷ ᠮᠡᠳᠦ ᠲᠤᠳᠤᠨᠤ︾ ᠵᠡᠷᠬᠡ ᠤᠯᠠᠨ ᠲᠡᠰ ᠲᠠᠪᠬᠤᠷᠭ᠎ᠠ ᠶᠢᠨ ᠤᠯᠠᠨ ᠠᠭᠤᠯᠭ᠎ᠠ ᠬᠡᠯᠪᠡᠷᠢ ᠪᠦᠬᠦᠢ ᠦᠨᠳᠦᠰᠦᠳᠡᠨ ᠤ ᠬᠠᠮᠳᠤᠷᠠᠯᠴᠠᠭᠠᠨ ᠤ ᠠᠵᠢᠯᠯᠠᠭ᠎ᠠ ᠪᠠ ︽ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠭᠰᠨ ᠰᠢᠯᠢᠳᠡᠭ ᠪᠠᠭᠠᠴᠤᠳ᠂ ᠰᠢᠯᠢᠳᠡᠭ ᠵᠠᠯᠠᠭᠤᠴᠤᠳ︾᠂ ︽ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠭᠰᠠᠨ ᠨᠠᠶᠢᠷᠠᠮᠳᠠᠭᠤ ᠬᠦᠷᠰᠢ᠂ ᠰᠢᠯᠢᠳᠡᠭ ᠬᠡᠷ ᠪᠦᠯᠢ︾᠎ ᠶᠢ ᠰᠢᠯᠭᠠᠷᠠᠭᠤᠯᠬᠤ ᠠᠵᠢᠯᠯᠠᠭ᠎ᠠ ᠶᠢ ᠦᠷᠨᠢᠬᠦᠯᠵᠦ᠂ ᠪᠦᠬᠦ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠰᠢᠭᠤ ᠶᠢ ᠡᠬᠦᠳᠦᠨ ᠪᠠᠶᠢᠭᠤᠯᠤᠨ᠎ᠠ᠃ ᠨᠡᠶᠢᠬᠡᠮ ᠤᠨ ᠲᠤᠭᠳᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠠᠮᠤᠷ ᠲᠤᠭᠳᠠᠭᠤᠨ ᠤ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠠᠯᠪᠠᠨ ᠬᠡᠷ᠂ ᠶᠡᠷᠤᠩᠬᠡᠶᠢᠯᠡᠨ ᠵᠠᠰᠠᠬᠤ ᠲᠦᠪ ᠤᠨ ᠨᠢᠬᠡ ᠴᠤᠭᠴᠠᠴᠢᠯᠠᠭᠰᠠᠨ ᠪᠦᠳᠦᠬᠡᠨ ᠪᠠᠶᠢᠭᠤᠯᠤᠯᠳᠠ ᠪᠠ ᠨᠢᠬᠡᠴᠡᠯᠡᠭᠰᠡᠨ ᠦᠢᠯᠡᠴᠢᠯᠡᠬᠡᠨ ᠤ ᠬᠠᠮᠢᠶᠠᠷᠤᠯᠳᠠ ᠶᠢᠨ ᠰᠢᠰᠲ᠋ᠧᠮ ᠢ ᠠᠯᠭᠤᠷ ᠢᠶᠠᠷ ᠪᠦᠷᠢᠯᠳᠦᠬᠦᠯᠵᠦ᠂ ᠨᠢᠬᠡᠳᠦᠯᠳᠡᠢ ᠵᠤᠬᠢᠴᠠᠭᠤᠯᠬᠤ ᠴᠢᠳᠠᠪᠤᠷᠢ ᠪᠠᠨ ᠲᠡᠭᠡᠭᠰᠢᠯᠡᠬᠦᠯᠦᠨ᠂ ᠲᠦᠭᠰᠢᠬᠦᠷᠢ ᠶᠢ ᠰᠡᠷᠬᠡᠶᠢᠯᠡᠨ ᠡᠶᠡᠳᠡᠬᠦᠯᠬᠦ ᠴᠢᠳᠠᠪᠬᠢ ᠪᠠᠨ ᠲᠡᠭᠡᠰᠢᠯᠡᠬᠦᠯᠦᠨ᠎ᠡ᠃ ᠬᠤᠰᠢᠭᠤ᠂ ᠰᠤᠮᠤ ᠪᠠᠯᠭᠠᠰᠤ ᠬᠤᠶᠠᠷ ᠱᠠᠳᠤᠨ ᠤ ᠨᠡᠶᠢᠬᠡᠮ ᠤᠨ ᠵᠦᠷᠢᠴᠡᠯ ᠵᠢᠭᠤᠷᠭᠠᠨ ᠢ ᠵᠤᠬᠢᠴᠠᠭᠤᠯᠤᠨ ᠰᠢᠢᠳᠪᠤᠷᠢᠯᠡᠬᠦ ᠲᠦᠪ ᠢ ᠪᠠᠶᠢᠭᠤᠯᠤᠨ᠂ ᠵᠦᠷᠢᠴᠡᠯ ᠵᠢᠭᠤᠷᠠᠭᠠᠨ ᠢ ᠤᠯᠠᠨ ᠠᠷᠭ᠎ᠠ ᠪᠠᠷ ᠡᠶᠡᠳᠡᠬᠦᠯᠬᠦ᠂ ᠨᠡᠶᠢᠬᠡᠮ ᠤᠨ ᠠᠮᠤᠷ ᠲᠦᠪᠰᠢᠨ ᠢ ᠰᠡᠷᠬᠡᠶᠢᠯᠡᠬᠦ ᠪᠠ ᠦᠨᠳᠦᠰᠦᠨ ᠱᠠᠳᠤᠨ ᠤ ᠨᠡᠶᠢᠬᠡᠮ ᠤᠨ ᠴᠡᠭᠴᠡᠯᠡᠯᠳᠡ ᠶᠢ ᠰᠢᠨᠡᠴᠢᠯᠡᠬᠦ ᠵᠡᠷᠬᠡ ᠠᠮᠤᠷ ᠲᠤᠭᠳᠠᠭᠤᠨ ᠤ ᠪᠦᠳᠦᠬᠡᠨ ᠪᠠᠶᠢᠭᠤᠯᠤᠯᠳᠠ ᠶᠢ ᠨᠢᠬᠡᠳᠦᠯᠳᠡᠢ ᠲᠦᠯᠬᠢᠨ ᠠᠬᠢᠭᠤᠯᠤᠨ᠎ᠠ᠃ ᠬᠠᠤᠯᠢ ᠶᠢᠨ ᠵᠠᠰᠠᠯᠲᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠠᠬᠢᠭᠤᠯᠵᠦ᠂ ︽ᠨᠡᠢᠮᠠᠳᠤᠭᠠᠷ ᠲᠠᠪᠤᠨ ᠵᠢᠯ ᠤᠨ︾ ᠬᠠᠤᠯᠢ ᠪᠠᠷ ᠵᠠᠰᠠᠬᠤ ᠤᠬᠠᠭᠤᠯᠭ᠎ᠠ ᠬᠦᠮᠦᠵᠢᠯ ᠤᠨ ᠠᠵᠢᠯ ᠢ ᠬᠢᠨᠠᠮᠠᠭᠠᠢ ᠦᠷᠨᠢᠬᠦᠯᠬᠦ ᠶᠢᠨ ᠬᠠᠮᠳᠤ ᠦᠨᠳᠦᠰᠦᠨ ᠱᠠᠳᠤᠨ ᠤ ᠬᠠᠤᠯᠢ ᠴᠠᠭᠠᠵᠠ ᠶᠢᠨ ᠠᠵᠢᠯᠳᠠᠨ ᠤ ᠡᠩᠨᠡᠬᠡᠨ ᠤ ᠪᠠᠶᠢᠭᠤᠯᠤᠯᠳᠠ ᠶᠢ ᠲᠡᠬᠦᠯᠳᠡᠷᠵᠢᠬᠦᠯᠵᠦ᠂ ᠪᠦᠬᠦ ᠢᠷᠬᠡᠳ ᠤᠨ ᠬᠠᠤᠯᠢ ᠴᠠᠭᠠᠵᠠ ᠎ ᠶᠢᠨ ᠬᠡᠪ ᠪᠤᠯᠪᠠᠰᠤᠷᠠᠯ ᠪᠠ ᠨᠡᠶᠢᠬᠡᠮ ᠤᠨ ᠪᠤᠯᠪᠠᠰᠤᠨ ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠲᠦᠷᠦ ᠶᠢᠨ ᠶᠠᠪᠤᠳᠠᠯ ᠎ ᠤᠨ ᠬᠤᠷᠢᠶᠠᠨ ᠤ ᠨᠡᠢᠮᠠᠳᠤᠭᠠᠷ ᠤᠳᠠᠭᠠᠨ ᠤ ᠶᠡᠭᠡ ᠪᠠᠶᠢᠴᠠᠭᠠᠯᠳᠠ ᠠᠴᠠ ᠬᠠᠷᠢᠭᠤ ᠲᠤᠰᠬᠠᠭᠰᠠᠨ ᠠᠰᠠᠭᠤᠳᠠᠯ ᠢᠶᠠᠷ ᠲᠤᠯᠢ ᠪᠤᠯᠭᠠᠵᠦ᠂ ᠡᠯ᠎ᠠ ᠵᠦᠢᠯ ᠤᠨ ᠠᠰᠠᠭᠤᠳᠠᠯ ᠢ ᠪᠠᠶᠢᠴᠠᠭᠠᠨ ᠴᠡᠭᠴᠡᠯᠡᠬᠦ ᠡᠷᠴᠢᠮ ᠢᠶᠠᠨ ᠴᠢᠩᠭᠠᠳᠬᠠᠨ᠎ᠠ᠃ ᠨᠢᠬᠡᠳᠦᠬᠡᠷ ᠤᠳᠠᠭᠠᠨ ᠤ ᠪᠦᠬᠦ ᠤᠯᠤᠰ ᠤᠨ ᠴᠢᠨᠡᠷᠳᠡᠢ ᠪᠠᠶᠢᠭᠠᠯᠢ ᠶᠢᠨ ᠭᠠᠮᠰᠢᠭ ᠤᠨ ᠶᠡᠷᠤᠩᠬᠡᠢ ᠲᠦᠭᠰᠢᠬᠦᠷᠢ ᠶᠢᠨ ᠪᠠᠶᠢᠴᠠᠭᠠᠯᠳᠠ᠂ ᠠᠶᠤᠯᠬᠦᠢ ᠦᠢᠯᠡᠳᠪᠤᠷᠢᠯᠡᠯ ᠤᠨ ᠭᠤᠷᠪᠠᠨ ᠵᠢᠯ ᠤᠨ ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ᠂ ᠤᠨᠴᠠ ᠶᠡᠭᠡ ᠠᠳᠡᠯ ᠬᠡᠷᠡᠭ ᠭᠠᠷᠬᠤ ᠶᠢ ᠡᠷᠡᠰ ᠬᠤᠷᠢᠭᠯᠠᠨ᠎ᠠ᠃ ᠢᠳᠡᠬᠡᠨ ᠤᠮᠳᠠᠭᠠᠨ ᠡᠮ ᠤᠨ ᠵᠦᠢᠯᠡᠰ ᠎ ᠤᠨ ᠠᠮᠤᠷ ᠲᠦᠪᠰᠢᠨ ᠳᠤ ᠦᠷᠬᠦᠯᠵᠢᠯᠡᠨ ᠠᠩᠬᠠᠷᠤᠯ ᠢᠶᠠᠨ ᠬᠠᠨᠳᠤᠭᠤᠯᠵᠦ᠂ ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠰᠠᠭᠤᠷᠢᠨ ᠤ ᠴᠢᠳᠠᠪᠬᠢ ᠶᠢ ᠪᠠᠶᠢᠭᠤᠯᠤᠨ ᠲᠡᠬᠦᠯᠳᠡᠷᠵᠢᠬᠦᠯᠵᠦ᠂ ᠪᠠᠴᠢᠮ ᠢ ᠠᠪᠤᠷᠠᠬᠤ ᠵᠢᠯᠤᠭᠤᠳᠬᠤ ᠲᠦᠪ ᠤᠨ ᠲᠠᠪᠴᠠᠩ ᠪᠠ ᠠᠪᠤᠷᠠᠨ ᠲᠤᠰᠠᠯᠠᠬᠤ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠦ᠂ ᠬᠡᠨᠡᠳᠳᠡ ᠶᠢᠨ ᠬᠡᠷᠡᠭ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠪᠠᠨ ᠲᠠᠰᠤᠷᠠᠯᠳᠠ ᠦᠬᠡᠢ ᠲᠡᠭᠡᠭᠰᠢᠯᠡᠬᠦᠯᠵᠦ᠂ ᠠᠷᠠᠳ ᠤᠯᠠᠨ  ᠎ ᠤ ᠠᠮᠢ ᠨᠠᠰᠤ ᠡᠳ᠋ ᠬᠦᠷᠦᠩᠬᠡ ᠎ ᠶᠢᠨ ᠠᠮᠤᠷ ᠲᠦᠪᠰᠢᠨ ᠢ ᠪᠠᠳᠤᠯᠠᠨ᠎ᠠ᠃            ᠡᠷᠬᠢᠮ ᠲᠦᠯᠦᠬᠡᠯᠡᠭᠴᠢᠳ ᠡ᠂  ᠨᠦᠬᠦᠳ ᠨᠡᠷ ᠡ᠂ ᠰᠢᠨ᠎ᠠ ᠲᠦᠷᠰᠦ ᠪᠠᠶᠢᠳᠠᠯ ᠢ ᠪᠤᠢ ᠪᠤᠯᠭᠠᠬᠤ ᠳᠤ ᠰᠢᠨᠳᠠᠷᠠᠰᠢ ᠦᠬᠡᠢ ᠴᠢᠷᠮᠠᠶᠢᠯᠭ᠎ᠠ ᠤᠶᠢᠭ᠎ᠠ ᠦᠬᠡᠢ ᠵᠢᠳᠬᠦᠯ ᠬᠡᠷᠡᠭᠳᠡᠢ᠃ ᠪᠢᠳᠠᠨ ᠤ ᠡᠬᠦᠷᠬᠡ ᠬᠦᠨᠳᠦ ᠵᠠᠮ ᠬᠤᠯᠠ ᠪᠠᠶᠢᠭᠰᠠᠭᠠᠷ᠃ ᠪᠢᠳᠠ ᠰᠢ ᠶᠢᠨ ᠫᠢᠩ ᠨᠦᠬᠦᠷ ᠢᠶᠠᠷ ᠲᠦᠪ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠪᠦᠯᠬᠦᠮᠳᠡᠨ ᠨᠢᠭᠳᠠᠷᠠᠵᠦ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠳᠤ ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠵᠢᠴᠢ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠲᠤᠤᠷ᠎ᠠ ᠠᠵᠠ ᠲᠤᠬᠢᠶᠠᠯ ᠢ ᠠᠳᠬᠤᠨ᠂ ᠦᠵᠡᠯ ᠪᠤᠳᠤᠯ ᠢᠶᠠᠨ ᠨᠢᠬᠡᠳᠬᠡᠵᠦ᠂ ᠬᠦᠴᠦᠨ ᠵᠤᠷᠢᠭ ᠢᠶᠠᠨ ᠬᠠᠮᠳᠤᠳᠬᠠᠨ᠂ ᠬᠦᠴᠢᠷ ᠠᠴᠠ ᠰᠦᠷᠳᠡᠯ ᠦᠬᠡᠢ ᠡᠷᠡᠮᠡᠬᠡᠶᠢᠯᠡᠨ ᠤᠷᠤᠭᠰᠢᠯᠠᠵᠦ᠂ ᠰᠢᠯᠤᠭᠤᠨ ᠬᠦᠬᠡ ᠬᠤᠰᠢᠭᠤᠨ ᠤ ᠢᠶᠠᠨ ᠴᠢᠨᠠᠷᠯᠢᠭ ᠬᠦᠭᠵᠢᠯᠳᠡ ᠶᠢᠨ ᠰᠢᠨ᠎ᠠ ᠬᠠᠭᠤᠳᠠᠰᠤ ᠶᠢ ᠪᠢᠴᠢᠭᠯᠡᠬᠦ ᠪᠠᠷ ᠬᠠᠮᠳᠤ ᠪᠠᠷ ᠴᠢᠷᠮᠠᠶᠢᠵᠤ᠂ ᠰᠢᠯᠢᠳᠡᠭ ᠬᠢᠷᠢ ᠪᠦᠳᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠣᠭᠲᠤᠶ᠎ᠠ︕ᠨᠡᠷ᠎ᠡ ᠦᠭᠡ ᠶᠢᠨ ᠲᠠᠶᠢᠯᠪᠤᠷᠢ          ᠬᠤᠶᠠᠷ ᠲᠤ ᠵᠣᠪᠠᠭ᠋ᠤ ᠦᠭᠡᠶ᠂ ᠭᠤᠷᠪᠠ ᠶᠢ ᠪᠠᠲᠤᠯᠠᠬᠤ᠄  ︽ᠬᠤᠶᠠᠷ ᠲᠤ ᠵᠣᠪᠠᠭ᠋ᠤ ᠦᠭᠡᠶ︾ ᠭᠡᠳᠡᠭ ᠨᠢ ᠳᠠᠷᠤᠶ ᠬᠥᠳᠡᠭᠡ ᠣᠷᠣᠨ ᠨᠤᠲᠤᠭ ᠤᠨ ᠶᠠᠳᠠᠭᠤ ᠬᠦᠴᠢᠷᠳᠡᠯ ᠲᠠᠢ ᠬᠦᠮᠦᠰ ᠢᠳᠡᠵᠦ ᠡᠮᠦᠰᠬᠦ ᠳᠡᠭᠡᠨ ᠵᠣᠪᠠᠭ᠋ᠤ ᠦᠭᠡᠶ ᠪᠠᠶᠢᠬᠤ ᠎ ᠶᠢ ᠵᠢᠭᠠᠵᠤ ᠪᠤᠢ᠃ ︽ᠭᠤᠷᠪᠠ ᠶᠢ ᠪᠠᠲᠤᠯᠠᠬᠤ︾ ᠭᠡᠳᠡᠭ ᠨᠢ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠪᠠ ᠣᠷᠣᠨ ᠰᠠᠭᠤᠴᠠ ᠶᠢᠨ ᠠᠶᠤᠯᠭᠦᠢ ᠶᠢ ᠪᠠᠲᠤᠯᠠᠬᠤ ᠶᠠᠪᠤᠳᠠᠯ ᠮᠥᠨ᠂ ᠡᠨᠡ ᠨᠢ ᠳᠠᠷᠤᠢ ᠬᠥᠳᠡᠭᠡ ᠣᠷᠣᠨ ᠨᠤᠲᠤᠭ ᠤᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠱᠠᠭᠠᠷᠳᠠᠯᠭ᠎ᠠ ᠪᠠ ᠵᠠᠩᠭᠢᠯᠭ᠎ᠠ ᠶᠢᠨ ᠪᠠᠷᠢᠮᠵᠢᠶ᠎ᠠ ᠮᠥᠨ᠃        ᠲᠠᠪᠤᠨ ᠨᠢᠭᠡ ᠪᠦᠯᠦᠭ᠄ ᠦᠢᠯᠡᠳᠪᠦᠷᠢᠯᠡᠯ ᠢ ᠬᠥᠭᠵᠢᠭᠦᠯᠵᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠨᠡᠭᠦᠯᠭᠡᠨ ᠳᠥᠪᠬᠢᠨᠡᠭᠦᠯᠵᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠠᠮᠢ ᠠᠬᠤᠢ ᠶᠢᠨ ᠨᠥᠬᠦᠪᠥᠷᠢ ᠥᠭᠴᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠰᠤᠷᠭᠠᠨ ᠬᠥᠮᠦᠵᠢᠯ ᠢ ᠬᠥᠭᠵᠢᠭᠦᠯᠵᠦ ᠨᠢᠭᠡ ᠪᠦᠯᠦᠭ ᠢ ᠶᠠᠳᠠᠭᠤ ᠎ ᠠᠴᠠ ᠠᠩᠭᠢᠵᠢᠷᠠᠭᠤᠯᠬᠤ᠂ ᠨᠡᠶᠢᠭᠡᠮ ᠤᠨ ᠪᠠᠳᠤᠯᠠᠭ᠎ᠠ ᠪᠠᠷ ᠨᠢᠭᠡ ᠪᠦᠯᠦᠭ ᠢ ᠪᠠᠲᠤᠯᠠᠬᠤ᠃         ᠳᠥᠷᠪᠡ ᠶᠢ ᠪᠠᠷᠢᠮᠲᠠᠯᠠᠬᠤ᠄  ᠶᠠᠳᠠᠭᠤ ᠠᠴᠠ ᠠᠩᠭᠢᠵᠢᠷᠠᠭᠤᠯᠤᠭᠰᠠᠨ ᠴᠤ ᠬᠠᠷᠢᠭᠤᠴᠠᠯᠭ᠎ᠠ ᠪᠠᠨ ᠪᠠᠷᠢᠮᠲᠠᠯᠠᠬᠤ᠂ ᠶᠠᠳᠠᠭᠤ ᠠᠴᠠ ᠠᠩᠭᠢᠵᠢᠷᠠᠭᠤᠯᠤᠭᠰᠠᠨ ᠴᠤ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠲᠡᠭᠡᠬᠦ ᠶᠢ ᠪᠠᠷᠢᠮᠲᠠᠯᠠᠬᠤ᠂ ᠶᠠᠳᠠᠭᠤ ᠠᠴᠠ ᠠᠩᠭᠢᠵᠢᠷᠠᠭᠤᠯᠤᠭᠰᠠᠨ ᠴᠤ ᠬᠠᠪᠰᠤᠷᠤᠨ ᠲᠡᠳᠬᠦᠬᠦ ᠪᠠᠨ ᠪᠠᠷᠢᠮᠲᠠᠯᠠᠬᠤ᠂ ᠶᠠᠳᠠᠭᠤ ᠠᠴᠠ ᠠᠩᠭᠢᠵᠢᠷᠠᠭᠤᠯᠤᠭᠰᠠᠨ ᠴᠤ ᠬᠢᠨᠠᠨ ᠬᠠᠮᠢᠶᠠᠷᠤᠯᠲᠠ ᠪᠠᠨ ᠪᠠᠷᠢᠮᠲᠠᠯᠠᠬᠤ᠃        ᠬᠤᠶᠠᠷ ᠢ ᠬᠥᠩᠭᠡᠷᠡᠭᠦᠯᠬᠦ᠄ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠶᠢ ᠬᠥᠩᠭᠡᠷᠡᠭᠦᠯᠬᠦ ᠪᠠ ᠬᠢᠴᠢᠶᠠᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠳᠠᠪᠲᠠᠯᠭ᠎ᠠ ᠶᠢᠨ ᠪᠠᠶᠢᠭᠤᠯᠤᠮᠵᠢ ᠶᠢ ᠴᠥᠭᠡᠳᠬᠡᠬᠦ᠃        ᠨᠢᠭᠡ ᠰᠤᠷᠭᠠᠭᠤᠯᠢ ᠨᠢᠭᠡ ᠣᠨᠴᠠᠯᠢᠭ ᠲᠠᠢ᠄ ᠡᠯ᠎ᠡ ᠳᠤᠮᠳᠠᠳᠤ ᠪᠠᠭ᠎ᠠ ᠰᠤᠷᠭᠠᠭᠤᠯᠢ ᠪᠠ ᠴᠡᠴᠡᠷᠯᠢᠭ ᠨᠢ ᠰᠤᠷᠭᠠᠭᠤᠯᠢ ᠡᠷᠬᠢᠯᠡᠭᠰᠡᠨ ᠲᠡᠦᠬᠡ ᠪᠣᠯᠤᠨ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠭᠰᠠᠨ ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠥᠪᠡᠷᠮᠢᠴᠠ ᠣᠨᠴᠠᠯᠢᠭ ᠢ ᠪᠥᠷᠢᠯᠳᠦᠭᠦᠯᠬᠦ ᠶᠢ ᠵᠢᠭᠠᠵᠤ ᠪᠤᠶ᠃           ︽ᠬᠤᠤᠰ ᠵᠠᠭᠤᠨ︾ ᠡᠳᠦᠷ ᠤᠨ ᠠᠵᠢᠯᠯᠠᠭ᠎ᠠ᠄  ︽ᠪᠠᠶᠢᠭᠤᠯᠭ᠎ᠠ ᠨᠢᠭᠡᠴᠡ ᠨᠢ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ︾ ᠪᠠ ︽ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠶᠢᠴᠠᠭᠠᠨ ᠴᠡᠭᠴᠡᠯᠡᠬᠦ︾᠂ ᠬᠤᠶᠠᠷ ︽ᠵᠠᠭᠤᠨ ᠡᠳᠦᠷ︾᠎ ᠤᠨ ᠠᠵᠢᠯᠯᠠᠭ᠎ᠠ᠃             ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾᠄ ᠮᠠᠨ ᠤ ᠤᠯᠤᠰ ᠤᠨ ᠤᠮᠠᠷᠠᠲᠤ ᠬᠢᠯᠢ ᠶᠢᠨ ᠴᠢᠬᠤᠯᠠ ᠠᠮᠢ ᠠᠬᠤᠶ ᠶᠢᠨ ᠠᠮᠤᠷ ᠳᠥᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠎ ᠶᠢᠨ ᠠᠮᠤᠷ ᠲᠣᠭᠲᠠᠭᠤᠨ ᠤ ᠬᠠᠯᠬᠠᠪᠴᠢ᠃ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ᠃          ᠨᠢᠭᠡ ᠬᠠᠷᠠᠯᠲᠠ᠄ ᠴᠢᠨᠠᠷᠯᠢᠭ ᠬᠥᠭᠵᠢᠯᠲᠡ᠂ ᠰᠢᠯᠢᠳᠡᠭ ᠠᠮᠢ ᠠᠬᠤᠶ᠂ ᠦᠨᠳᠦᠷ ᠠᠰᠢᠭᠯᠠᠮᠵᠢᠲᠤ ᠦᠶᠯᠡᠴᠢᠯᠡᠭᠡ ᠂ ᠪᠦᠳᠦᠮᠵᠢᠲᠡᠢ ᠵᠠᠰᠠᠯᠲᠠ ᠪᠠᠷ ᠬᠠᠷᠠᠯᠲᠠ ᠪᠣᠯᠭᠠᠵᠤ᠂ ᠬᠥᠭᠵᠢᠯᠲᠡ ᠶᠢᠨ ᠠᠷᠭ᠎ᠠ ᠬᠡᠯᠪᠡᠷᠢ ᠪᠠ ᠠᠷᠭ᠎ᠠ ᠵᠠᠮ ᠢᠶᠠᠨ ᠥᠭᠡᠷᠡᠴᠢᠯᠡᠨ᠂ ᠠᠵᠤ ᠠᠬᠤᠶ ᠶᠢᠨ ᠶᠡᠷᠦᠩᠬᠡᠶ ᠳᠥᠪᠰᠢᠨ ᠢᠶᠠᠨ ᠳᠡᠭᠡᠭᠰᠢᠯᠡᠬᠦᠯᠬᠦ᠃           ᠬᠤᠶᠠᠷ ᠬᠡᠯᠬᠢᠶ᠎ᠡ ᠬᠤᠶᠠᠷ ᠣᠷᠣᠨ᠄ ᠣᠳᠣᠬᠢᠴᠢᠯᠠᠭᠰᠠᠨ ᠮᠢᠬᠠᠨ ᠤ ᠦᠬᠡᠷ ᠤᠨ ᠪᠥᠬᠦ ᠠᠵᠤ ᠦᠶᠯᠡᠰ ᠤᠨ ᠬᠡᠯᠬᠢᠶ᠎ᠡ᠂ ᠣᠳᠣᠬᠢᠴᠢᠯᠠᠭᠰᠠᠨ ᠡᠨᠧᠷᠭᠢ ᠶᠢᠨ ᠠᠵᠤ ᠠᠬᠤᠶ ᠶᠢᠨ ᠣᠷᠴᠢᠯ ᠠᠵᠤ ᠦᠶᠯᠡᠰ ᠤᠨ ᠬᠡᠯᠬᠢᠶ᠎ᠡ᠂ ᠬᠤᠯᠠᠨ ᠰᠢᠷᠭ᠎ᠠ ᠳᠠᠭ᠎ᠠ ᠶᠢᠨ ᠮᠠᠩᠬᠠᠨ ᠭᠠᠵᠠᠷ ᠤᠨ ᠠᠮᠢ ᠠᠬᠤᠶ ᠶᠢᠨ ᠵᠠᠰᠠᠯᠲᠠ ᠶᠢᠨ ᠣᠷᠣᠨ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠠᠭᠤᠰᠤᠯᠴᠠᠨ ᠬᠥᠭᠵᠢᠬᠦ ᠣᠷᠣᠨ ᠢ ᠲᠦᠷᠭᠡᠳᠬᠡᠨ ᠪᠠᠶᠢᠭᠤᠯᠵᠤ᠂ ᠴᠢᠨᠠᠷᠯᠢᠭ ᠬᠥᠭᠵᠢᠯᠲᠡ ᠳᠤ ᠬᠦᠴᠦᠲᠡᠶ ᠳᠡᠮᠵᠢᠯᠭᠡ ᠪᠠ ᠪᠣᠳᠠᠲᠠᠶ ᠲᠤᠯᠭᠠᠭᠤᠷᠢᠯᠠᠯ ᠬᠠᠩᠭᠠᠨ᠎ᠠ᠃          ᠲᠠᠪᠤᠨ ᠵᠦᠶᠯ ᠤᠨ ᠣᠨᠴᠠᠯᠢᠭᠲᠤ ᠠᠵᠤ ᠦᠶᠯᠡᠰ᠄ ᠨᠢᠭᠡ ᠳᠤ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠪᠠ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠭᠠᠳᠠᠭᠰᠢ ᠪᠣᠷᠤᠯᠠᠭᠤᠯᠵᠤ᠂ ᠰᠦ ᠮᠢᠬ᠎ᠠ ᠶᠢ ᠡᠳ᠋ᠰᠢᠭᠦᠯᠦᠨ ᠪᠣᠯᠪᠠᠰᠤᠷᠠᠭᠤᠯᠬᠤ ᠲᠦᠪᠰᠢᠨ ᠢ ᠳᠡᠭᠡᠭᠰᠢᠯᠡᠬᠦᠯᠦᠨ᠂ ᠣᠳᠣᠬᠢᠴᠢᠯᠠᠭᠰᠠᠨ ᠮᠠᠯ ᠠᠵᠤ ᠠᠬᠤᠶ ᠶᠢᠨ ᠠᠵᠤ ᠦᠶᠯᠡᠰ ᠤᠨ ᠬᠡᠯᠬᠢᠶ᠎ᠡ ᠶᠢ ᠥᠷᠭᠡᠳᠭᠡᠨ᠎ᠡ᠃ ᠬᠤᠶᠠᠷ ᠲᠤ᠂ ᠮᠣᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠮᠣᠩᠭᠤᠯ ᠭᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠣᠨᠣᠪᠴᠢᠲᠠᠢ ᠡᠵᠡᠮᠳᠡᠨ᠂ ᠮᠣᠩᠭᠤᠯ ᠭᠡᠷ ᠤᠨ ᠦᠢᠯᠡᠳᠪᠦᠷᠢᠯᠡᠯ ᠤᠨ ᠠᠵᠤ ᠦᠢᠯᠡᠰ ᠢ ᠨᠢᠭᠡᠳᠦᠯᠲᠡᠢ᠂ ᠵᠢᠷᠤᠮᠵᠢᠭᠤᠯᠤᠨ ᠬᠦᠭᠵᠢᠬᠦᠯᠵᠦ᠂ ᠪᠦᠬᠦ ᠤᠯᠤᠰ ᠲᠤ ᠠᠯᠳᠠᠷᠲᠠᠢ ᠮᠣᠩᠭᠤᠯ ᠭᠡᠷ ᠤᠨ ᠰᠠᠭᠤᠷᠢᠨ ᠢ ᠪᠠᠶᠢᠭᠤᠯᠬᠤ ᠪᠠᠷ ᠴᠢᠷᠮᠠᠶᠢᠨ᠎ᠠ᠃ ᠭᠤᠷᠪᠠ ᠎ ᠳᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠵᠤ᠂ ᠪᠦᠬᠦ ᠠᠶᠢᠮᠠᠭ ᠤᠨ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠤᠨ᠎ᠠ᠃ ᠳᠥᠷᠪᠡ ᠳᠤ᠂ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠪᠥᠬᠦ ᠠᠶᠢᠮᠠᠭ ᠤᠨ ᠠᠮᠢᠳᠤ ᠮᠠᠯ ᠵᠢᠴᠢ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠶᠯᠭᠡᠭᠡᠨ ᠤ ᠲᠥᠪ ᠢ ᠪᠠᠶᠢᠭᠤᠯᠤᠨ᠎ᠠ᠃ ᠲᠠᠪᠤ ᠳᠤ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠬᠥᠭᠵᠢᠬᠦᠯᠦᠨ᠂ ᠣᠷᠤᠰᠢᠨ ᠰᠠᠭᠤᠷᠢᠰᠢᠬᠤ᠂ ᠠᠵᠢᠯᠯᠠᠵᠤ ᠠᠮᠢᠳᠤᠷᠠᠬᠤ᠂ ᠵᠢᠭᠤᠯᠴᠢᠯᠠᠬᠤ ᠳᠤ ᠲᠣᠬᠢᠷᠠᠮᠵᠢᠲᠠᠢ ᠣᠨᠴᠠᠯᠢᠭᠲᠤ ᠬᠤᠲᠠ ᠪᠠᠯᠭᠠᠰᠤ ᠶᠢ ᠪᠠᠶᠢᠭᠤᠯᠵᠤ᠂ ᠬᠤᠲᠠ ᠪᠠᠯᠭᠠᠰᠤᠨ ᠤ ᠲᠠᠭᠠᠯᠠᠮᠵᠢᠲᠤ ᠴᠢᠨᠠᠷ ᠪᠣᠯᠤᠨ ᠴᠢᠳᠠᠪᠬᠢ ᠶᠢ ᠨᠡᠮᠡᠭᠳᠡᠭᠦᠯᠦᠨ᠎ᠡ᠃          ᠲᠠᠪᠤ ᠶᠢ ᠨᠢᠭᠡ ᠴᠣᠭᠴᠠᠵᠢᠭᠤᠯᠬᠤ᠄ ᠠᠵᠤ ᠠᠬᠤᠶ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠃          ᠳᠥᠷᠪᠡᠨ ᠪᠥᠬᠦ ᠲᠠᠯ᠎ᠠ᠄ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠠᠶᠢᠭᠤᠯᠬᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠤᠯᠤᠰ ᠢᠶᠠᠨ ᠬᠠᠤᠯᠢ ᠶᠣᠰᠣᠭᠠᠷ ᠪᠦᠬᠦ ᠲᠠᠯ᠎ᠠ ᠪᠠᠷ ᠵᠠᠰᠠᠬᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ᠃          ᠵᠢᠷᠭᠤᠭ᠎ᠠ ᠶᠢ ᠲᠣᠭᠲᠠᠪᠤᠷᠢᠵᠢᠭᠤᠯᠬᠤ᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠶᠯᠭᠡᠭᠡ ᠎ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠠᠯᠠ ᠶᠢ ᠲᠣᠭᠲᠠᠪᠤᠷᠢᠵᠢᠭᠤᠯᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠳᠥᠰᠦᠪ ᠢ ᠲᠣᠭᠲᠠᠪᠤᠷᠢᠵᠢᠭᠤᠯᠬᠤ᠃ ᠵᠢᠷᠭᠤᠭ᠎ᠠ ᠶᠢ ᠪᠠᠲᠤᠯᠠᠬᠤ᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠬᠤᠭᠤᠯᠠ ᠬᠦᠨᠡᠰᠦ᠂ ᠡᠷᠴᠢᠮ ᠬᠦᠴᠦᠨ ᠤ ᠠᠶᠤᠯᠭᠦᠢ ᠪᠠᠶᠢᠳᠠᠯ ᠢ ᠪᠠᠲᠤᠯᠠᠬᠤ᠂ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠲᠣᠭᠲᠠᠭᠤᠨ ᠢ ᠪᠠᠲᠤᠯᠠᠬᠤ ᠂ ᠦᠨᠳᠦᠰᠦᠨ ᠱᠠᠲᠤᠨ ᠤ ᠦᠢᠯᠡ ᠠᠵᠢᠯᠯᠠᠭ᠎ᠠ ᠶᠢ ᠪᠠᠲᠤᠯᠠᠬᠤ᠃          ᠭᠤᠷᠪᠠᠨ ᠱᠤᠭᠤᠮ ᠨᠢᠭᠡ ᠳᠠᠩᠰᠠ᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠬᠢᠵᠠᠭᠠᠷ ᠱᠤᠭᠤᠮ ᠪᠠ ᠠᠮᠢ ᠠᠬᠤᠢ ᠣᠷᠴᠢᠨ ᠲᠤᠭᠤᠷᠢᠨ ᠳᠤ ᠰᠥᠷᠭᠡᠦ ᠨᠥᠯᠦᠭᠡᠯᠡᠯᠲᠦ ᠵᠦᠢᠯ ᠤᠨ ᠨᠡᠷᠡᠰ ᠤᠨ ᠵᠢᠭᠰᠠᠭᠠᠯᠲᠠ᠃          ᠱᠠᠩᠳᠤ ᠪᠠᠯᠭᠠᠰᠤᠨ ᠤ ︽ᠬᠥᠨᠳᠡᠯᠡᠨ ᠳᠣᠯᠤᠭ᠎ᠠ ᠭᠤᠯᠳᠤ ᠲᠠᠪᠤ︾ ᠵᠠᠮ ᠤᠨ ᠪᠠᠶᠢᠷᠢᠰᠢᠯ᠄ ᠬᠤᠶᠢᠨ᠎ᠠ ᠠᠴᠠ ᠡᠮᠦᠨᠡᠰᠢ᠂ ᠪᠢᠨ ᠾᠧ ᠡᠮᠦᠨ᠎ᠡ ᠵᠠᠮ᠂ ᠥᠨᠳᠥᠷ ᠡᠷᠭᠢ ᠵᠡᠭᠡᠯᠢ᠂ ᠱᠠᠩᠳᠤ ᠵᠡᠭᠡᠯᠢ᠂ ᠨᠠᠶᠢᠷ ᠤᠨ ᠰᠢᠷᠡᠭᠡ ᠵᠡᠭᠡᠯᠢ᠂ ᠰᠢᠷ᠎ᠠ ᠲᠠᠯ᠎ᠠ ᠵᠡᠭᠡᠯᠢ᠂ ᠭᠦᠶᠦᠭᠴᠢ ᠵᠡᠭᠡᠯᠢ᠂ ᠴᠠᠬᠠᠷ ᠵᠡᠭᠡᠯᠢ ᠨᠢ ᠳᠣᠯᠣᠭᠠᠨ ᠬᠥᠨᠳᠡᠯᠡᠨ ᠵᠠᠮ᠃ ᠪᠠᠷᠠᠭᠤᠨ ᠠᠴᠠ ᠵᠡᠭᠦᠨᠰᠢ᠂ ᠲᠡᠭᠦᠯᠢᠯᠲᠡ ᠵᠠᠮ᠂ ᠥᠷᠲᠡᠭᠡ ᠵᠠᠮ᠂ ᠪᠠᠶᠠᠨ ᠣᠪᠣᠭ᠎ᠠ ᠵᠠᠮ᠂ ᠰᠧᠯᠠᠩᠴᠧᠩ ᠵᠠᠮ ᠪᠠ ᠰᠢᠨ᠎ᠡ ᠪᠠᠷ ᠪᠠᠶᠢᠭᠤᠯᠬᠤ ᠵᠠᠮ ᠨᠢ ᠲᠠᠪᠤᠨ ᠭᠤᠯᠳᠤ ᠵᠠᠮ᠃          ᠰᠤᠯᠠᠯᠠᠬᠤ ᠬᠠᠮᠢᠶᠠᠷᠬᠤ ᠦᠶᠯᠡᠴᠢᠯᠡᠬᠦ᠄ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠶᠯᠡᠴᠢᠯᠡᠭᠡ ᠶᠢ ᠰᠢᠯᠢᠳᠡᠭᠵᠢᠭᠦᠯᠬᠦ᠃           ︽ᠭᠤᠷᠪᠠᠨ ᠰᠠᠯᠵᠤ ᠴᠢᠳᠠᠬᠤ ᠦᠭᠡᠢ︾᠄ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠡᠯ᠎ᠡ ᠴᠥᠭᠡᠨ ᠲᠣᠭᠠᠲᠤ ᠦᠨᠳᠦᠰᠦᠲᠡᠨ ᠴᠦ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ᠃           ︽ᠲᠠᠪᠤ ᠶᠢ ᠮᠡᠳᠡᠷᠡᠬᠦ︾᠄ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠮᠡᠳᠡᠷᠡᠬᠦ          ᠡᠨᠧᠷᠭᠢ ᠪᠣᠯᠣᠨ ᠬᠤᠷᠣᠭᠳᠠᠯ ᠢ ᠵᠡᠷᠭᠡᠪᠡᠷ ᠬᠢᠵᠠᠭᠠᠷᠯᠠᠬᠤ᠄ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠪᠠ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠃          ᠨᠢᠭᠡ ᠰᠦᠯᠵᠢᠶ᠎ᠡ ᠨᠢᠭᠡ ᠪᠠᠶᠢᠭᠤᠯᠭ᠎ᠠ ᠨᠢᠭᠡ ᠤᠳᠠᠭ᠎ᠠ᠄ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ ᠪᠠ ᠠᠵᠤ ᠠᠬᠤᠶᠢᠯᠠᠯ ᠣᠯᠠᠨ ᠲᠦᠮᠡᠨ ᠠᠵᠢᠯ ᠶᠠᠪᠤᠳᠠᠯ ᠭᠦᠶᠴᠡᠳᠬᠡᠬᠦ ᠳᠤ ︽ᠨᠢᠭᠡ ᠯᠡ ᠪᠠᠶᠢᠭᠤᠯᠭ᠎ᠠ ᠳᠤ ᠬᠦᠷᠴᠦ︾ ︽ᠨᠢᠭᠡ ᠯᠡ ᠤᠳᠠᠭ᠎ᠠ ᠣᠴᠢᠵᠤ ᠭᠦᠶᠴᠡᠳᠬᠡᠬᠦ︾᠃           ︽7311︾ ᠬᠠᠮᠲᠤᠷᠠᠯᠴᠠᠭ᠎ᠠ᠄ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠢ ᠬᠡᠷ ᠪᠦᠯᠢ ᠰᠤᠷᠭᠠᠭᠤᠯᠢ ᠶᠢᠨ ᠬᠠᠮᠲᠤᠷᠠᠯᠴᠠᠭ᠎ᠠ ᠳᠤ ᠴᠢᠭᠯᠡᠭᠦᠯᠦᠨ ︽ᠲᠤᠯᠤᠭᠠᠨ ᠬᠠᠮᠲᠤᠷᠠᠯᠴᠠᠭ᠎ᠠ᠂ ᠭᠤᠷᠪᠠᠨ ᠬᠤᠷᠠᠯ᠂ ᠨᠢᠭᠡ ᠪᠣᠯᠪᠠᠰᠤᠷᠠᠯ᠂ ᠨᠢᠭᠡ ᠣᠷᠤᠯᠴᠠᠯᠭ᠎ᠠ︾᠎ ᠶᠢᠨ ᠠᠵᠢᠯ ᠤᠨ ᠵᠠᠭᠪᠤᠷ ᠢ ᠳᠤᠷᠠᠳᠪᠠ᠃ ︽ᠳᠣᠯᠣᠭᠠᠨ ᠬᠠᠮᠲᠤᠷᠠᠯᠴᠠᠭ᠎ᠠ︾ ᠄ ᠰᠤᠷᠭᠠᠭᠤᠯᠢ ᠪᠣᠯᠤᠨ ᠭᠡᠷ ᠤᠨ ᠠᠬᠠᠮᠠᠳ ᠬᠠᠮᠲᠤᠷᠠᠨ ᠠᠵᠢᠯᠯᠠᠬᠤ᠂ ᠰᠤᠷᠭᠠᠭᠤᠯᠢ ᠪᠠ ᠭᠡᠷ ᠤᠨ ᠠᠬᠠᠮᠠᠳ ᠤᠨ ᠵᠥᠪᠯᠡᠯ ᠬᠠᠮᠲᠤᠷᠠᠨ ᠠᠵᠢᠯᠯᠠᠬᠤ᠂ ᠠᠩᠭᠢ ᠶᠢᠨ ᠡᠷᠬᠢᠯᠡᠭᠴᠢ ᠪᠠ ᠭᠡᠷ ᠤᠨ ᠠᠬᠠᠮᠠᠳ ᠬᠠᠮᠲᠤᠷᠠᠨ ᠠᠵᠢᠯᠯᠠᠬᠤ᠂ ᠠᠩᠭᠢ ᠶᠢᠨ ᠡᠷᠬᠢᠯᠡᠭᠴᠢ ᠪᠠ ᠭᠡᠷ ᠤᠨ ᠠᠬᠠᠮᠠᠳ ᠤᠨ ᠵᠥᠪᠯᠡᠯ ᠬᠠᠮᠲᠤᠷᠠᠨ ᠠᠵᠢᠯᠯᠠᠬᠤ᠂ ᠬᠢᠴᠢᠶᠡᠯ ᠬᠠᠷᠢᠭᠤᠴᠠᠬᠤ ᠪᠠᠭᠰᠢ ᠪᠠ ᠭᠡᠷ ᠤᠨ ᠠᠬᠠᠮᠠᠳ ᠬᠠᠮᠲᠤᠷᠠᠨ ᠠᠵᠢᠯᠯᠠᠬᠤ᠂ ᠬᠢᠴᠢᠶᠡᠯ ᠬᠠᠷᠢᠭᠤᠴᠠᠬᠤ ᠪᠠᠭᠰᠢ ᠪᠠ ᠭᠡᠷ ᠤᠨ ᠠᠬᠠᠮᠠᠳ ᠤᠨ ᠵᠥᠪᠯᠡᠯ ᠬᠠᠮᠲᠤᠷᠠᠨ ᠠᠵᠢᠯᠯᠠᠬᠤ᠂ ᠭᠡᠷ ᠤᠨ ᠠᠬᠠᠮᠠᠳ ᠤᠨ ᠵᠥᠪᠯᠡᠯ ᠪᠠ ᠭᠡᠷ ᠤᠨ ᠠᠬᠠᠮᠠᠳ ᠬᠠᠮᠲᠤᠷᠠᠨ ᠠᠵᠢᠯᠯᠠᠬᠤ᠃ ︽ᠭᠤᠷᠪᠠᠨ ᠬᠤᠷᠠᠯ︾᠄ ᠠᠩᠭᠢ ᠶᠢᠨ ᠲᠠᠯ᠎ᠠ ᠠᠴᠠ ᠬᠤᠷᠠᠯᠳᠤᠭᠤᠯᠤᠭᠰᠠᠨ ᠬᠡᠷ ᠤᠨ ᠠᠬᠠᠮᠠᠳ ᠤᠨ ᠬᠤᠷᠠᠯ᠂ ᠰᠤᠷᠭᠠᠭᠤᠯᠢ ᠶᠢᠨ ᠲᠠᠯ᠎ᠠ ᠠᠴᠠ ᠬᠤᠷᠠᠯᠳᠤᠭᠤᠯᠤᠭᠰᠠᠨ ᠬᠡᠷ ᠤᠨ ᠠᠬᠠᠮᠠᠳ ᠤᠨ ᠵᠥᠪᠯᠡᠯ ᠤᠨ ᠬᠤᠷᠠᠯ᠂ ᠬᠡᠷ ᠤᠨ ᠠᠬᠠᠮᠠᠳ ᠤᠨ ᠲᠥᠯᠥᠭᠡᠯᠡᠭᠴᠢ ᠪᠠ ᠬᠡᠷ ᠎ ᠤᠨ ᠠᠬᠠᠮᠠᠳ ᠤᠨ ᠵᠥᠪᠯᠡᠯ ᠤᠨ ᠶᠠᠷᠢᠯᠴᠠᠬᠤ ᠬᠤᠷᠠᠯ᠃ ︽ᠨᠢᠭᠡ ᠪᠣᠯᠪᠠᠰᠤᠷᠠᠯ︾᠄ ᠲᠠᠶᠢᠯᠤᠮᠵᠢ ᠥᠷᠨᠢᠭᠦᠯᠬᠦ ᠬᠡᠯᠪᠡᠷᠢ ᠪᠠᠷ ᠬᠡᠷ ᠤᠨ ᠠᠬᠠᠮᠠᠳ ᠤᠨ ᠪᠣᠯᠪᠠᠰᠤᠷᠠᠯ ᠢ ᠴᠢᠩᠭᠠᠳᠬᠠᠨ᠎ᠠ᠃ ︽ᠨᠢᠭᠡ ᠣᠷᠤᠯᠴᠠᠯᠭ᠎ᠠ︾᠄ ᠭᠡᠷ ᠤᠨ ᠠᠬᠠᠮᠠᠳ ᠤᠨ ᠵᠥᠪᠯᠡᠯ ᠎ ᠨᠢ ᠰᠤᠷᠭᠠᠭᠤᠯᠢ ᠶᠢᠨ ᠡᠳᠦᠷ ᠲᠤᠲᠤᠮ ᠤᠨ ᠬᠠᠮᠢᠶᠠᠷᠤᠯᠲᠠ᠂ ᠡᠳᠦᠷ ᠲᠤᠲᠤᠮ ᠤᠨ ᠠᠵᠢᠯᠯᠠᠭ᠎ᠠ ᠳᠤ ᠣᠷᠣᠯᠴᠠᠵᠤ᠂ ᠰᠠᠨᠠᠯ ᠰᠠᠨᠠᠭᠤᠯᠭ᠎ᠠ ᠳᠤᠷᠠᠳᠤᠨ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠪᠡᠶᠡᠯᠡᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠰᠢᠶᠳᠪᠦᠷᠢ ᠳᠤ ᠰᠤᠯᠠ ᠣᠷᠣᠯᠴᠠᠵᠤ ᠪᠣᠯᠤᠨ᠎ᠠ᠃                                                                                                                                                                                                                                                                     
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号