ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/1/13
               ︵〔2022〕1 ᠳ᠋ᠦ᠋ᠭᠡᠷ ᠲᠣᠭᠠᠲᠤ︶           ᠣᠶᠢᠷ᠎ᠠ ᠳᠤ᠂ ᠤᠯᠤᠰ ᠤᠨ ᠭᠠᠳᠠᠭᠠᠳᠤ ᠳᠤ ᠬᠢᠵᠢᠭ ᠦᠷᠭᠦᠯᠵᠢᠯᠡᠨ ᠥᠷᠪᠢᠰᠴᠦ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠣᠷᠣᠨ ︵ᠱᠠᠨᠰᠢ ᠮᠤᠵᠢ ᠶᠢᠨ ᠰᠢ ᠠᠨ ᠬᠤᠲᠠ᠂ ᠾᠧᠨᠠᠨ ᠮᠤᠵᠢ ᠶᠢᠨ ᠰᠢᠦᠢ ᠴᠠᠩ ᠬᠤᠲᠠ᠂ ᠵᠧᠩᠵᠧᠦ ᠬᠤᠲᠠ᠂ ᠠᠨᠶᠠᠩ ᠬᠤᠲᠠ᠂ ᠲᠢᠶᠠᠨᠵᠢᠨ ᠬᠤᠲᠠ︶ ᠳᠤ ᠡᠪᠡᠳᠴᠢᠨ ᠤ ᠵᠢᠱᠢᠶ᠎ᠡ ᠪᠠ ᠴᠤᠭᠯᠠᠷᠠᠯ ᠤᠨ ᠴᠢᠨᠠᠷᠲᠠᠶ ᠬᠢᠵᠢᠭ ᠢᠯᠡᠷᠡᠪᠡ᠃ ᠴᠠᠭᠠᠨ ᠰᠠᠷ᠎ᠠ ᠦᠢᠷᠡᠳᠦᠨ᠂ ᠬᠥᠮᠦᠰ ᠤᠨ ᠶᠠᠪᠤᠵᠤ ᠰᠠᠭᠤᠬᠤ ᠣᠯᠠᠰᠢᠷᠠᠵᠤ᠂ ᠬᠢᠵᠢᠭ ᠬᠠᠯᠳᠠᠪᠤᠷᠢᠯᠠᠬᠤ ᠠᠶᠤᠯ ᠶᠡᠭᠡ ᠪᠠᠷ ᠨᠡᠮᠡᠭᠳᠡᠯ᠎ᠡ᠂ ᠮᠥᠨ ᠪᠡᠭᠡᠵᠢᠩ ᠤᠨ ᠡᠪᠦᠯ ᠤᠨ ᠣᠯᠢᠮᠫᠢᠺ ᠪᠣᠯᠤᠨ ᠵᠡᠮᠳᠡᠭᠴᠦᠳ ᠤᠨ ᠣᠯᠢᠮᠫᠢᠺ ᠤᠳᠠᠯ ᠦᠭᠡᠢ ᠶᠠᠪᠤᠭᠳᠠᠬᠤ ᠭᠡᠵᠦ ᠪᠠᠶᠢᠭ᠎ᠠ ᠪᠣᠯᠬᠤᠷ ᠬᠢᠵᠢᠭ ᠤᠨ ᠰᠡᠷᠭᠡᠶᠢᠯᠡᠯᠲᠡ ᠳᠤ ᠮᠠᠰᠢ ᠶᠡᠭᠡ ᠠᠩᠬᠠᠷᠤᠯ ᠲᠠᠢ ᠬᠠᠨᠳᠤᠬᠤ ᠬᠡᠷᠡᠭᠳᠡᠢ ᠪᠣᠯᠤᠭᠠᠳ ᠪᠤᠢ᠃ ︽ᠭᠠᠳᠠᠨ᠎ᠠ ᠠᠴᠠ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠬᠠᠯᠳᠠᠪᠤᠷᠢᠯᠠᠬᠤ ᠶᠢ ᠬᠤᠷᠢᠭᠯᠠᠬᠤ︾ ᠰᠡᠷᠭᠡᠶᠢᠯᠡᠯᠲᠡ ᠶᠢᠨ ᠠᠷᠭ᠎ᠠ ᠪᠣᠳᠣᠯᠭ᠎ᠠ ᠶᠢ ᠰᠠᠶᠢᠲᠤᠷ ᠬᠡᠷᠡᠭᠵᠢᠬᠦᠯᠵᠦ᠂ ᠭᠡᠷ ᠬᠤᠲᠠᠯᠠ ᠪᠠᠷ ᠢᠶᠠᠨ ᠰᠠᠷ᠎ᠠ ᠰᠢᠨ᠎ᠡ ᠶᠢᠨ ᠪᠠᠶᠠᠷ ᠢᠶᠠᠨ ᠠᠮᠤᠷ ᠠᠮᠤᠭᠤᠯᠠᠩ ᠪᠠᠶᠠᠷ ᠵᠢᠷᠭᠠᠯ ᠲᠠᠢ ᠥᠩᠭᠡᠷᠡᠭᠦᠯᠬᠦ ᠶᠢ ᠪᠠᠲᠤᠯᠠᠨ᠂ ︽ᠰᠢᠯᠢ ᠶᠢᠨ ᠭᠤᠤᠯ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠬᠡᠯᠲᠡᠰ ᠤᠨ ᠪᠠᠴᠢᠮ ᠵᠠᠷᠯᠠᠯ ︵〔2022〕1 ᠳ᠋ᠦ᠋ᠭᠡᠷ ᠲᠣᠭᠠᠲᠤ︶︾ ︽ᠰᠢᠯᠤᠭᠤᠨ ᠬᠥᠬᠡ ᠬᠤᠰᠢᠭᠤᠨ ᠤ ᠰᠢᠨ᠎ᠡ ᠵᠢᠯ ᠴᠠᠭᠠᠨ ᠰᠠᠷ᠎ᠠ  ᠶᠢᠨ ᠬᠤᠭᠤᠴᠠᠭᠠᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠬᠦ ᠲᠤᠬᠠᠶ ᠵᠠᠷᠯᠠᠯ︾ ᠢ ᠨᠠᠶᠢᠳᠠᠪᠤᠷᠢᠵᠢᠭᠤᠯᠬᠤ ᠶᠢᠨ ᠲᠤᠯᠠᠳᠠ᠂ ᠤᠳᠤ ᠬᠠᠮᠢᠶ᠎ᠠ ᠪᠥᠬᠦᠶ ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠵᠠᠷᠯᠠᠨ ᠮᠡᠳᠡᠭᠳᠡᠶ᠎ᠡ᠄         ᠨᠢᠭᠡ᠂ ᠪᠠᠶᠢᠳᠠᠯ ᠢᠶᠠᠨ ᠦᠨᠡᠨ ᠮᠥᠨ ᠢᠶᠠᠷ ᠢᠶᠠᠨ ᠮᠡᠳᠡᠭᠦᠯᠬᠦ ᠬᠡᠷᠡᠭᠲᠡᠢ᠃ ᠲᠠ ᠥᠪᠡᠷ ᠢᠶᠠᠨ ᠪᠤᠶᠤ ᠲᠠᠨᠢᠯ ᠬᠦᠮᠦᠰ ᠲᠠᠨᠢ 12 ᠰᠠᠷ᠎ᠠ ᠶᠢᠨ 26 ︵ᠪᠠᠭᠲᠠᠨ᠎ᠠ︶ ᠠᠴᠠ ᠨᠠᠰᠢ ᠲᠢᠶᠠᠨᠵᠢᠨ ᠬᠤᠲᠠ ᠵᠢᠴᠢ ᠾᠧᠨᠠᠨ᠂ ᠱᠠᠨᠰᠢ᠂ ᠵᠧᠵᠢᠶᠠᠩ᠂ ᠭᠤᠸᠠᠩᠳᠦ᠋ᠩ ᠵᠡᠷᠭᠡ ᠳᠤᠮᠳᠠ ᠥᠨᠳᠥᠷ ᠳᠡᠰ ᠤᠨ ᠬᠢᠵᠢᠭ ᠤᠨ ᠲᠦᠭᠰᠢᠭᠦᠷᠢᠲᠡᠶ ᠭᠠᠵᠠᠷ ᠣᠷᠣᠨ ᠳᠤ ᠣᠴᠢᠵᠤ ᠥᠩᠭᠡᠷᠡᠭᠰᠡᠨ ᠪᠣᠶᠣ ᠬᠢᠵᠢᠭ ᠬᠠᠯᠳᠠᠪᠤᠷᠢᠯᠠᠬᠤ ᠪᠣᠯᠣᠮᠵᠢ ᠪᠠᠷ ᠦᠨᠳᠦᠷ ᠲᠠᠯᠠᠪᠤᠷ ᠲᠤ ᠣᠷᠣᠵᠤ ᠭᠠᠷᠤᠭᠰᠠᠨ᠂ ᠣᠨᠣᠰᠢᠯᠠᠭᠳᠠᠭᠰᠠᠨ ᠡᠪᠡᠳᠴᠢᠲᠡᠨ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠲᠠᠢ ᠵᠠᠮ ᠮᠥᠷ ᠲᠠᠭᠠᠷᠠᠭᠰᠠᠨ ᠬᠥᠮᠦᠰ ᠢ ᠣᠯᠵᠤ ᠮᠡᠳᠡᠪᠡᠯ᠂ ᠲᠡᠷᠡ ᠳᠠᠷᠤᠶ ᠳᠠᠭᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠠ ᠪᠠᠶᠢᠭᠤᠯᠭ᠎ᠠ ᠨᠢᠭᠡᠴᠡ ︵ᠪᠤᠶᠤ ᠰᠠᠭᠤᠭᠰᠠᠨ ᠵᠣᠴᠢᠳ ᠤᠨ ᠪᠠᠭᠤᠳᠠᠯ︶ ᠪᠤᠶᠤ ᠬᠢᠵᠢᠭ ᠢ ᠰᠡᠷᠭᠡᠶᠢᠯᠡᠬᠦ ᠬᠡᠯᠲᠡᠰ ᠲᠤ ᠮᠡᠳᠡᠭᠦᠯᠬᠦ ᠶᠢᠨ ᠬᠠᠮᠲᠤ ᠬᠢᠵᠢᠭ ᠤᠨ ᠪᠠᠶᠢᠴᠠᠭᠠᠯᠲᠠ᠂ ᠪᠥᠭᠡᠮ ᠬᠦᠴᠢᠯ ᠤᠨ ᠪᠠᠶᠢᠴᠠᠭᠠᠯᠲᠠ ᠂ ᠲᠤᠰᠠᠭᠠᠷᠯᠠᠯᠲᠠ ᠶᠢᠨ ᠠᠵᠢᠯ ᠳᠤ ᠢᠳᠡᠪᠬᠢᠲᠡᠢ ᠬᠠᠮᠵᠢᠯᠴᠠᠬᠤ ᠬᠡᠷᠡᠭᠳᠡᠢ᠃ ᠳᠡᠭᠡᠷ᠎ᠡ ᠳᠤᠷᠠᠳᠤᠭᠰᠠᠨ ᠭᠠᠵᠠᠷ ᠣᠷᠣᠨ  ᠢᠶᠠᠷ ᠣᠴᠢᠵᠤ ᠥᠩᠭᠡᠷᠡᠭᠰᠡᠨ ᠬᠥᠮᠦᠰ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ︵ᠠᠮᠲᠠᠯᠠᠬᠤ︶ ᠰᠡᠷᠡᠯ ᠮᠠᠭᠤᠳᠠᠬᠤ ᠪᠠ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠲᠣᠰ ᠬᠥᠮᠦᠨ ᠪᠠ ᠬᠠᠮᠲᠤ ᠰᠠᠭᠤᠵᠤ ᠪᠠᠶᠢᠭ᠎ᠠ ᠬᠥᠮᠦᠰ ᠭᠠᠳᠠᠭᠰᠢ ᠭᠠᠷᠴᠤ ᠪᠣᠯᠬᠤ ᠥᠬᠡᠶ᠂ ᠥᠪᠡᠷ ᠢᠶᠠᠨ ᠭᠠᠷᠴᠤ ᠡᠮ ᠬᠤᠳᠠᠯᠳᠤᠨ ᠠᠪᠴᠤ ᠪᠣᠯᠬᠤ ᠥᠬᠡᠶ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠣᠤᠷ᠎ᠠ ᠴᠠᠭ ᠲᠤᠬᠠᠶ  ᠳᠤᠨᠢ ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠲᠡᠨ ᠳᠤ ᠡᠮᠴᠢᠯᠡᠬᠦ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠶ ︵ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠥᠬᠡᠶ︶ ᠪᠥᠭᠡᠳ ᠣᠴᠢᠵᠤ ᠥᠩᠭᠡᠷᠡᠭᠰᠡᠨ ᠪᠠ ᠦᠢᠷᠠᠲᠤᠵᠤ ᠥᠩᠭᠡᠷᠡᠭᠰᠡᠨ ᠵᠦᠢᠯ ᠢᠶᠠᠨ ᠦᠨᠡᠨ ᠮᠥᠨ ᠢᠶᠠᠷ ᠨᠢ ᠮᠡᠳᠡᠭᠦᠯᠬᠦ ᠬᠡᠷᠡᠭᠲᠡᠶ᠃ ᠴᠢᠬᠤᠯᠠ ᠥᠬᠡᠶ ᠪᠣᠯ ᠭᠠᠳᠠᠭᠰᠢ ᠭᠠᠷᠴᠤ ᠪᠣᠯᠬᠤ ᠥᠬᠡᠶ᠂ ᠳᠤᠮᠳᠠ ᠥᠨᠳᠥᠷ ᠳᠡᠰ ᠤᠨ ᠬᠢᠵᠢᠭ ᠤᠨ ᠲᠦᠭᠰᠢᠭᠦᠷᠢᠲᠡᠶ ᠭᠠᠵᠠᠷ ᠣᠷᠣᠨ ᠪᠣᠶᠣ ᠬᠤᠰᠢᠭᠤ ᠰᠢᠶᠠᠨ ᠬᠤᠲᠠ ︵ᠲᠣᠭᠤᠷᠢᠭ︶ ᠪᠠᠷ ᠣᠴᠢᠬᠤ ᠥᠬᠡᠶ ᠪᠣᠯ ᠬᠠᠮᠤᠭ ᠰᠠᠶᠢᠨ᠂ ᠬᠡᠷᠪᠡ ᠦᠨᠡᠬᠡᠷ ᠭᠠᠳᠠᠭᠰᠢ ᠭᠠᠷᠬᠤ ᠴᠢᠬᠤᠯᠠᠲᠠᠢ ᠪᠤᠶᠤ ᠬᠤᠰᠢᠭᠤ ᠳᠠᠭᠠᠨ ᠪᠤᠴᠠᠬᠤ ᠪᠠᠷ ᠲᠥᠯᠥᠪᠯᠡᠵᠦ ᠪᠠᠶᠢᠪᠠᠯ᠂ ᠡᠷᠬᠡᠪᠰᠢ 2 ᠡᠳᠦᠷ ᠤᠨ ᠡᠮᠦᠨ᠎ᠡ ᠵᠣᠷᠢᠭᠰᠠᠨ ᠭᠠᠵᠠᠷ ᠤᠨ ᠢᠶᠠᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃         ᠬᠤᠶᠠᠷ᠂ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠬᠠᠮᠲᠤ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠢᠷᠡᠭᠰᠡᠨ ︵ᠪᠤᠴᠠᠵᠤ ᠢᠷᠡᠭᠰᠡᠨ︶ ᠬᠥᠮᠦᠰ ᠢ ︽14 ᠡᠳᠦᠷ ᠲᠥᠪᠯᠡᠷᠡᠭᠦᠯᠦᠨ ᠲᠤᠰᠠᠭᠠᠷᠯᠠᠵᠤ + 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ︾᠂ ᠳᠤᠮᠳᠠ ᠲᠡᠰ ᠤᠨ ᠲᠦᠭᠰᠢᠭᠦᠷᠢ ᠲᠠᠢ ᠭᠠᠵᠠᠷ ᠣᠷᠣᠨ ᠠᠴᠠ ᠢᠷᠡᠭᠰᠡᠨ ︵ᠪᠤᠴᠠᠵᠤ ᠢᠷᠡᠭᠰᠡᠨ︶ ᠬᠥᠮᠦᠰ ᠢ ︽14 ᠡᠳᠦᠷ ᠬᠡᠷ ᠲᠤᠨᠢ ᠲᠤᠰᠠᠭᠠᠷᠯᠠᠵᠤ + 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ︾᠂ ᠬᠡᠷ ᠲᠡᠭᠡᠨ ᠲᠤᠰᠠᠭᠠᠷᠯᠠᠬᠤ ᠨᠥᠬᠦᠴᠡᠯ ᠥᠬᠡᠶ ᠬᠥᠮᠦᠰ ᠢ ᠪᠦᠷ ᠲᠥᠪᠯᠡᠷᠡᠭᠦᠯᠦᠨ ᠲᠤᠰᠠᠭᠠᠷᠯᠠᠨ᠎ᠠ᠃ ᠳᠤᠮᠳᠠ ᠥᠨᠳᠥᠷ ᠲᠡᠰ ᠤᠨ ᠲᠦᠭᠰᠢᠭᠦᠷᠢᠲᠡᠶ ᠭᠠᠵᠠᠷ ᠣᠷᠣᠨ ᠤ ᠬᠤᠰᠢᠭᠤ ᠰᠢᠶᠠᠨ ᠠᠴᠠ ᠢᠷᠡᠭᠰᠡᠨ ︵ᠪᠤᠴᠠᠵᠤ ᠢᠷᠡᠭᠰᠡᠨ︶ ᠬᠥᠮᠦᠰ ᠴᠥᠮ 24 ᠴᠠᠭ ᠤᠨ ᠳᠣᠳᠣᠷᠠᠬᠢ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠳᠠ ᠬᠢᠭᠰᠡᠨ ᠥᠬᠡᠶ ᠪᠣᠯ ᠢᠷᠡᠵᠦ ︵ᠪᠤᠴᠠᠵᠤ ᠢᠷᠡᠵᠦ︶ ᠪᠣᠯᠬᠤ ᠥᠬᠡᠶ᠃ 2021 ᠣᠨ  ᠤ 12 ᠰᠠᠷ᠎ᠠ ᠶᠢᠨ 26 ᠤ ᠡᠳᠦᠷ ᠠᠴᠠ ᠨᠠᠰᠢ᠂ ᠲᠢᠶᠠᠨᠵᠢᠨ ᠬᠤᠲᠠ ᠠᠴᠠ ᠮᠠᠨ ᠤ ᠬᠤᠰᠢᠭᠤᠨ ᠳᠤ ᠢᠷᠡᠭᠰᠡᠨ ᠬᠥᠮᠦᠰ ᠢ ︽14 ᠡᠳᠦᠷ ᠲᠥᠪᠯᠡᠷᠡᠭᠦᠯᠦᠨ ᠲᠤᠰᠠᠭᠠᠷᠯᠠᠵᠤ + 7 ᠡᠳᠦᠷ ᠬᠡᠷ ᠪᠦᠯᠢ ᠳᠤᠨᠢ ᠡᠷᠡᠭᠦᠯ ᠮᠡᠨᠳᠦ ᠶᠢᠨ ᠬᠢᠨᠠᠯᠲᠠ ᠬᠢᠵᠦ︾᠂ ᠬᠡᠷᠪᠡ ᠬᠠᠮᠢᠶ᠎ᠠ ᠪᠥᠬᠦᠶ ᠬᠠᠷᠭᠤᠭᠤᠯᠤᠨ ᠪᠠᠶᠢᠴᠠᠭᠠᠬᠤ ᠮᠡᠳᠡᠭᠳᠡᠯ ᠢ ᠣᠯᠪᠠᠯ᠂ ᠲᠣᠰ ᠬᠥᠮᠦᠨ ᠪᠣᠯᠤᠨ ᠬᠠᠮᠲᠤ ᠰᠠᠭᠤᠭ᠎ᠠ ᠬᠥᠮᠦᠰ ᠨᠢ ᠭᠠᠳᠠᠭᠰᠢ ᠭᠠᠷᠬᠤ ᠥᠬᠡᠶ᠂  ᠬᠦᠮᠦᠨ ᠬᠠᠷ᠎ᠠ ᠵᠣᠴᠢᠯᠠᠬᠤ ᠥᠬᠡᠶ᠂ ᠲᠦᠷᠭᠡᠨ ᠬᠦᠷᠭᠡᠯᠲᠡ ᠭᠤᠪᠢᠭᠤᠯᠬᠤ ᠦᠭᠡᠢ᠂ ᠭᠠᠷᠳᠠᠵᠤ ᠠᠪᠬᠤ ᠥᠬᠡᠶ ᠪᠠᠶᠢᠵᠤ᠂ ᠬᠢᠵᠢᠭ ᠢ ᠰᠡᠷᠭᠡᠶᠢᠯᠡᠨ ᠬᠤᠷᠢᠭᠯᠠᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠢᠳᠡᠪᠬᠢᠳᠠᠢ ᠬᠡᠷᠡᠭᠵᠢᠭᠦᠯᠬᠦ ᠬᠡᠷᠡᠭᠲᠡᠶ᠃         ᠭᠤᠷᠪᠠ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠳᠤᠷ ᠬᠢᠬᠦ ᠬᠡᠷᠡᠭᠲᠡᠢ᠃ ᠥᠷᠭᠡᠨ ᠣᠯᠠᠨ ᠰᠠᠭᠤᠭᠠᠯᠢ ᠠᠷᠠᠳ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠭᠠᠷ ᠢᠶᠠᠨ ᠤᠬᠢᠶᠠᠵᠤ᠂ ᠰᠠᠯᠬᠢ ᠨᠡᠪᠲᠡᠷᠡᠭᠦᠯᠵᠦ᠂ ᠠᠮᠠᠪᠴᠢ ᠵᠡᠭᠦᠵᠦ᠂ ᠬᠤᠷᠠᠨ ᠴᠤᠭᠯᠠᠷᠠᠬᠤ ᠥᠬᠡᠶ ᠪᠠᠶᠢᠬᠤ ᠶᠢ ᠬᠦᠰᠡᠶ᠎ᠡ᠃ ᠬᠢᠵᠢᠭ ᠢ ᠰᠡᠷᠭᠡᠶᠢᠯᠡᠨ ᠬᠤᠷᠢᠭᠯᠠᠬᠤ ᠲᠣᠭᠲᠠᠭᠠᠯ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠪᠡᠶ᠎ᠡ ᠶᠢᠨ ᠳᠤᠯᠠᠭᠠᠨ  ᠢ  ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠬᠤ᠂ ᠡᠷᠡᠭᠦᠯ ᠮᠡᠨᠳᠦ ᠶᠢ ᠬᠢᠨᠠᠨ ᠬᠡᠮᠵᠢᠬᠦ ᠠᠵᠢᠯ ᠲᠠᠢ ᠬᠠᠮᠲᠤᠷᠠᠯᠴᠠᠬᠤ ᠬᠡᠷᠡᠭᠳᠡᠢ᠃ ᠰᠦᠯᠵᠢᠶ᠎ᠡ ᠪᠤᠶᠤ ᠪᠤᠰᠤᠳ ᠠᠷᠭ᠎ᠠ ᠵᠠᠮ ᠢᠶᠠᠷ ᠭᠠᠳᠠᠭᠠᠳᠤ ᠠᠴᠠ ᠬᠥᠯᠳᠡᠭᠦᠦ ᠢᠳᠡᠭᠡᠨ᠂ ᠵᠢᠮᠢᠰ ᠪᠠ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠡᠰ ᠤᠨ ᠲᠦᠭᠰᠢᠭᠦᠷᠢᠲᠡᠶ ᠭᠠᠵᠠᠷ ᠣᠷᠣᠨ ᠠᠴᠠ ᠲᠠᠸᠠᠷ ᠬᠤᠳᠠᠯᠳᠤᠨ ᠠᠪᠴᠤ ᠪᠣᠯᠬᠤ ᠥᠬᠡᠶ᠃         ᠳᠥᠷᠪᠡ᠂ ᠸᠠᠺᠼᠢᠨ ᠢ ᠳᠠᠷᠤᠶᠢᠬᠠᠨ ᠲᠠᠷᠢᠬᠤ ᠬᠡᠷᠡᠭᠲᠡᠶ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠢᠳᠡᠪᠬᠢᠲᠡᠶ ᠳᠠᠷᠢᠵᠤ᠂ ᠬᠤᠶᠠᠳᠤᠭᠠᠷ ᠤᠳᠠᠭᠠᠨ ᠤ ᠲᠠᠷᠢᠯᠭ᠎ᠠ ᠪᠠᠨ ᠲᠠᠷᠢᠭᠤᠯᠤᠭᠠᠳ 6 ᠰᠠᠷ᠎ᠠ ᠪᠤᠯᠤᠭᠰᠠᠨ ᠬᠥᠮᠦᠰ ᠭᠤᠷᠪᠠᠳᠤᠭᠠᠷ ᠤᠳᠠᠭᠠᠨ ᠤ ᠲᠠᠷᠢᠯᠭ᠎ᠠ ᠪᠠᠨ ᠴᠠᠭ ᠳᠣᠬᠠᠢ ᠳᠤᠨᠢ ᠲᠠᠷᠢᠭᠤᠯᠬᠤ ᠬᠡᠷᠡᠭᠳᠡᠢ᠃         ᠲᠠᠪᠤ᠂ ᠪᠠᠶᠢᠴᠠᠭᠠᠯᠳᠠ ᠶᠢ ᠥᠷᠭᠡᠨ ᠬᠡᠪᠴᠢᠶ᠎ᠡ ᠲᠠᠢ ᠪᠠᠷ ᠥᠷᠨᠢᠭᠦᠯᠬᠦ ᠬᠡᠷᠡᠭᠲᠡᠶ᠃ ᠡᠯ᠎ᠡ ᠰᠤᠮᠤ ᠪᠠᠯᠭᠠᠰᠤ ᠲᠠᠯᠠᠪᠠᠶ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠨᠢ ᠲᠣᠰ ᠲᠣᠰ ᠤᠨ ᠬᠠᠷᠢᠶ᠎ᠠ ᠣᠷᠣᠨ ᠤ ᠪᠠᠨ ᠲᠢᠶᠠᠨᠵᠢᠨ ᠬᠤᠲᠠ ᠳᠤ ᠣᠴᠢᠭᠰᠠᠨ ᠬᠦᠮᠦᠰ ᠢ ᠳᠡᠩᠰᠡᠯᠡᠨ ᠲᠡᠮᠳᠡᠭᠯᠡᠵᠦ᠂ ᠵᠣᠬᠢᠬᠤ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠶᠢᠨ ᠬᠢᠨ ᠢᠳᠡᠪᠬᠢᠳᠠᠢ ᠪᠠᠷ ᠪᠠᠶᠢᠴᠠᠭᠠᠯᠳᠠ ᠬᠢᠵᠦ᠂ ᠪᠠᠶᠢᠭᠤᠯᠭ᠎ᠠ ᠶᠢᠨ ᠢᠶᠠᠨ ᠠᠵᠢᠯᠲᠠᠨ ᠵᠢᠴᠢ ᠬᠡᠷ ᠪᠦᠯᠢ ᠶᠢᠨ ᠬᠢᠨ ᠤ ᠬᠢᠨᠢ ᠲᠢᠶᠠᠨᠵᠢᠨ ᠬᠤᠲᠠ ᠳᠤ ᠣᠴᠢᠵᠤ ᠥᠩᠭᠡᠷᠡᠭᠰᠡᠨ ᠡᠰᠡᠬᠦ ᠶᠢ ᠰᠠᠶᠢᠲᠤᠷ ᠣᠶᠢᠯᠠᠭᠠᠬᠤ ᠶᠢᠨ ᠬᠠᠮᠲᠤ ᠰᠠᠭᠤᠭ᠎ᠠ ᠰᠤᠮᠤ ᠪᠠᠯᠭᠠᠰᠤ ᠲᠠᠯᠠᠪᠠᠶ᠂ ᠭᠠᠴᠠᠭ᠎ᠠ ᠲᠣᠰᠬᠤᠨ  ︵ᠨᠡᠶᠢᠭᠡᠮ ᠲᠣᠭᠤᠷᠢᠭ︶ ᠪᠣᠯᠤᠨ ᠬᠤᠰᠢᠭᠤ ᠬᠢᠵᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠬᠡᠯᠲᠡᠰ ᠲᠤ ᠮᠡᠳᠡᠭᠦᠯᠬᠦ ᠬᠡᠷᠡᠭᠲᠡᠶ᠃         ᠵᠢᠷᠭᠤᠭ᠎ᠠ᠂ ᠬᠢᠵᠢᠭ ᠤᠨ ᠪᠠᠶᠢᠳᠠᠯ ᠢ ᠰᠠᠶᠢᠨ ᠠᠩᠬᠠᠷᠬᠤ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠬᠢᠨ ᠠᠴᠠ  ᠨᠡᠶᠢᠲᠡᠯᠡᠭᠰᠡᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠪᠠᠶᠢᠳᠠᠯ ᠢ ᠣᠶᠢᠯᠠᠭᠠᠵᠤ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ᠂ ᠴᠤᠤᠷᠬᠠᠯ ᠲᠠᠯᠪᠢᠬᠤ ᠥᠬᠡᠶ ᠪᠠᠶᠢᠬᠤ ᠬᠡᠷᠡᠭᠳᠡᠢ᠃         ᠳᠣᠯᠤᠭ᠎ᠠ᠂ ᠬᠤᠪᠢ ᠬᠥᠮᠦᠨ ᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠶᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠳᠬᠡᠵᠦ᠂ ᠬᠦᠨᠳᠦ ᠨᠣᠴᠢᠲᠠᠶ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃   ᠰᠢᠯᠤᠭᠤᠨ ᠬᠥᠬᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠬᠡᠯᠲᠡᠰ                          2022 ᠣᠨ ᠤ 1 ᠰᠠᠷ᠎ᠠ ᠶᠢᠨ 11 ᠤ ᠡᠳᠦᠷ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号