ᠭᠤᠣᠯᠳᠠᠯᠭ᠎ᠠ ᠲᠠᠢ ᠬᠥᠮᠦᠰ ᠲᠤ ᠰᠢᠨ᠎ᠡ ᠳᠢᠲᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠰᠣᠷᠢᠯᠲᠠ ᠶᠢᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2022/1/21
ᠪᠦᠬᠦ ᠬᠤᠰᠢᠭᠤᠨ ᠤ ᠥᠷᠭᠡᠨ ᠣᠯᠠᠨ ᠮᠠᠯᠴᠢᠨ ᠲᠥᠮᠡᠨ᠂ ᠰᠠᠭᠤᠭᠠᠯᠢ ᠠᠷᠠᠳ ᠲᠤ᠄            ᠮᠠᠨ ᠤ ᠬᠤᠰᠢᠭᠤᠨ ᠤ ᠰᠢᠨ᠎ᠡ ᠳᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠴᠢᠳᠠᠪᠤᠷᠢ ᠶᠢ ᠤᠯᠠᠮ ᠳᠡᠭᠡᠭᠰᠢᠯᠡᠬᠦᠯᠬᠦ ᠶᠢᠨ ᠲᠤᠯᠠᠳᠠ ᠰᠢᠯᠤᠭᠤᠨ ᠬᠥᠬᠡ ᠬᠤᠰᠢᠭᠤᠨ ᠤ ᠬᠢᠵᠢᠭ ᠤᠨ ᠰᠡᠷᠭᠡᠶᠢᠯᠡᠯᠲᠡ ᠶᠢᠨ ᠵᠢᠯᠣᠭᠤᠳᠬᠤ ᠬᠡᠯᠲᠡᠰ ᠨᠢ 2022 ᠣᠨ ᠤ 1 ᠰᠠᠷ᠎ᠠ ᠶᠢᠨ 20 ᠳᠤ ᠭᠤᠣᠯᠳᠠᠯᠭ᠎ᠠ ᠲᠠᠢ ᠬᠥᠮᠦᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠰᠤᠷᠢᠯᠲᠠ ᠥᠷᠨᠢᠭᠦᠯᠬᠦ ᠪᠠᠷ ᠪᠠᠶᠢᠨ᠎ᠠ᠃ ᠳᠣᠣᠷ᠎ᠠ ᠬᠠᠮᠢᠶ᠎ᠠ ᠪᠦᠬᠦᠢ ᠵᠦᠢᠯᠡᠰ ᠢ ᠮᠡᠳᠡᠭᠳᠡᠶ᠎ᠡ᠄ ᠨᠢᠭᠡ᠂  ᠰᠣᠷᠢᠯᠲᠠ ᠶᠢᠨ ᠨᠡᠷᠡᠶᠢᠳᠦᠯ            ᠰᠢᠯᠤᠭᠤᠨ ᠬᠥᠬᠡ ᠬᠤᠰᠢᠭᠤᠨ ᠤ ᠭᠤᠣᠯᠳᠠᠯᠭ᠎ᠠ ᠲᠠᠢ ᠬᠥᠮᠦᠰ ᠲᠤ ᠰᠢᠨ᠎ᠡ ᠳᠢᠲᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠰᠣᠷᠢᠯᠲᠠᠬᠤᠶᠠᠷ᠂ ᠰᠣᠷᠢᠯᠲᠠ ᠶᠢᠨ ᠴᠠᠭ            2022 ᠣᠨ ᠤ 1 ᠰᠠᠷ᠎ᠠ ᠶᠢᠨ 20 ᠤ ᠡᠳᠦᠷ ᠤᠨ 9 ᠴᠠᠭ ᠭᠤᠷᠪᠠ᠂ ᠰᠣᠷᠢᠯᠲᠠ ᠶᠢᠨ ᠠᠷᠭ᠎ᠠ ᠮᠠᠶ᠋ᠢᠭ᠂ ᠭᠠᠵᠠᠷ᠂ ᠣᠷᠣᠯᠴᠠᠬᠤ ᠬᠦᠮᠦᠰ1. ᠨᠢᠭᠡᠳᠦᠯᠲᠡᠢ ᠬᠡᠪ ᠠᠪᠬᠤᠰᠢᠯᠤᠭᠤᠨ ᠬᠥᠬᠡ ᠬᠤᠰᠢᠭᠤᠨ ᠤ ᠬᠢᠵᠢᠭ ᠢ ᠰᠡᠷᠭᠡᠶᠢᠯᠡᠬᠦ ᠲᠥᠪ ᠬᠤᠭᠤᠯᠠ ᠬᠦᠷᠭᠡᠳᠡᠭ ᠬᠦᠮᠦᠰ᠂ ᠰᠢᠤᠳᠠᠨ ᠭᠤᠪᠢᠭᠤᠯᠭ᠎ᠠ ᠶᠢᠨ ᠠᠵᠢᠯᠲᠠᠨ᠂ ᠳᠦᠷᠢᠶᠡᠰᠦᠨ ᠮᠠᠰᠢᠨ ᠤ ᠵᠢᠯᠣᠭᠤᠴᠢ2. ᠨᠢᠭᠡᠳᠦᠯᠲᠡᠢ ᠬᠡᠪ ᠠᠪᠬᠤᠰᠢᠯᠣᠭᠤᠨ ᠬᠥᠬᠡ ᠬᠤᠰᠢᠭᠤᠨ ᠤ ᠡᠮᠨᠡᠯᠭᠡ ᠶᠢᠨ ᠬᠤᠷᠢᠶ᠎ᠠᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ3. ᠨᠢᠭᠡᠳᠦᠯᠲᠡᠢ ᠬᠡᠪ ᠠᠪᠬᠤᠬᠤᠰᠢᠭᠤ ᠡᠮᠨᠡᠯᠭᠡ ᠶᠢᠨ ᠬᠤᠷᠢᠶᠠᠨ ᠤ ᠠᠷᠤ ᠳᠠᠬᠢ ᠾᠧᠩ ᠹᠧᠩ ᠰᠠᠭᠤᠭᠠᠯᠢ ᠲᠣᠭᠤᠷᠢᠭ ᠤᠨ ᠪᠠᠷᠠᠭᠤᠨ ᠡᠭᠦᠳᠡᠪᠦᠬᠦ ᠰᠠᠭᠤᠭᠠᠯᠢ ᠠᠷᠠᠳ4. ᠨᠢᠭᠡᠳᠦᠯᠲᠡᠢ ᠬᠡᠪ ᠠᠪᠬᠤᠬᠤᠣ ᠭᠧ ᠰᠠᠭᠤᠭᠠᠯᠢ ᠲᠣᠭᠤᠷᠢᠭ ᠤᠨ ᠲᠠᠮᠢᠷ ᠤᠨ ᠣᠷᠳᠣᠨᠪᠦᠬᠦ ᠰᠠᠭᠤᠭᠠᠯᠢ ᠠᠷᠠᠳ5. ᠰᠢᠯᠵᠢᠮᠡᠯ ᠬᠡᠪ ᠠᠪᠬᠤ ᠴᠡᠭᠣᠪᠤᠭᠠᠨ ᠰᠢᠷᠡᠭᠡ ᠴᠡᠴᠡᠷᠯᠢᠭ ᠤᠨ ᠬᠤᠶᠢᠲᠦ ᠡᠭᠦᠳᠡᠪᠦᠬᠦ ᠰᠠᠭᠤᠭᠠᠯᠢ ᠠᠷᠠᠳ ᠵᠢᠴᠢ ᠬᠤᠳᠠᠯᠳᠤᠭ᠎ᠠ ᠠᠷᠠᠯᠵᠢᠶ᠎ᠠ ᠡᠷᠬᠢᠯᠡᠭᠴᠢᠳᠳᠥᠷᠪᠡ᠂ ᠠᠩᠬᠠᠷᠬᠤ ᠵᠦᠢᠯᠡᠰ             ︵ᠨᠢᠭᠡ︶ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠬᠦᠮᠦᠰ ᠮᠡᠳᠡᠭᠳᠡᠯ ᠶᠣᠰᠣᠭᠠᠷ ᠲᠣᠭᠲᠠᠭᠰᠠᠨ ᠬᠤᠭᠤᠴᠠᠭᠠᠨ ᠳᠤ ᠲᠣᠭᠲᠠᠭᠰᠠᠨ ᠭᠠᠵᠠᠷ ᠲᠤ ᠬᠦᠷᠴᠦ ᠪᠠᠶᠢᠴᠠᠭᠠᠯᠭᠠᠬᠤ ᠬᠡᠷᠡᠭᠳᠡᠢ᠂ ᠡᠭᠦᠨ ᠳᠤ ᠰᠢᠯᠵᠢᠮᠡᠯ ᠬᠡᠪ ᠠᠪᠬᠤ ᠲᠣᠭᠤᠷᠢᠭ ᠤᠨ ᠬᠦᠮᠦᠰ ᠨᠢ ᠲᠣᠭᠲᠠᠭᠰᠠᠨ ᠴᠠᠭ ᠲᠠᠭᠠᠨ ᠬᠡᠪ ᠢᠶᠠᠨ ᠥᠭᠬᠦ ᠬᠡᠷᠡᠭᠳᠡᠢ ᠪᠥᠭᠡᠳ᠂ ︽ᠪᠠᠶᠢᠴᠠᠭᠠᠬᠤ ᠶᠣᠰᠤᠲᠠᠢ ᠶᠢ ᠨᠢ ᠪᠦᠬᠦᠨ ᠢ ᠪᠠᠶᠢᠴᠠᠭᠠᠬᠤ︾ ᠬᠡᠷᠡᠭᠲᠡᠢ᠃            ︵ᠬᠤᠶᠠᠷ︶ ᠨᠢᠭᠡᠳᠦᠯᠲᠡᠢ ᠪᠠᠶᠢᠴᠠᠭᠠᠯᠭᠠᠬᠤ ᠬᠥᠮᠦᠰ ᠨᠢ ᠠᠮᠠᠪᠴᠢ ᠵᠡᠭᠦᠨ᠂ ᠪᠡᠶ᠎ᠡ ᠶᠢᠨ ᠦᠨᠡᠮᠯᠡᠯ ᠢᠶᠠᠨ ᠠᠪᠴᠤ᠂ 1 ᠮᠧᠲᠷ ᠤᠨ ᠵᠠᠢ ᠲᠠᠢ ᠮᠥᠷᠯᠡᠨ᠂ ᠠᠵᠢᠯᠲᠠᠨ ᠤ ᠲᠣᠬᠢᠷᠠᠭᠤᠯᠤᠯᠲᠠ ᠶᠢ ᠳᠠᠭᠠᠵᠤ᠂ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠵᠢᠷᠤᠮᠯᠠᠬᠤ ᠬᠡᠷᠡᠭᠲᠡᠢ᠃            ︵ᠭᠤᠷᠪᠠ︶ ᠲᠤᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠰᠣᠷᠢᠯᠲᠠ ᠳᠤ ᠭᠠᠷ ᠤᠲᠠᠰᠤ ᠪᠠᠷ ᠮᠥᠩᠭᠡ ᠰᠤᠪᠠᠭ ᠤᠨ ᠡᠷᠡᠭᠦᠯ ᠮᠡᠨᠳᠦ ᠶᠢᠨ ᠺᠣᠳ᠋ ᠢ ᠰᠢᠭᠤᠳ ᠰᠢᠷᠪᠢᠬᠦ ᠪᠤᠶᠤ ᠪᠡᠶ᠎ᠡ ᠶᠢᠨ ᠦᠨᠡᠮᠯᠡᠯ ᠢᠶᠠᠷ ᠢᠶᠠᠨ ᠳᠠᠩᠰᠠᠯᠠᠬᠤ ᠤᠴᠢᠷ ᠠᠴᠠ ᠪᠦᠭᠦᠳᠡᠭᠡᠷ ᠢᠶᠠᠨ ᠡᠷᠬᠡᠪᠰᠢ ᠨᠢᠭᠡ ᠣᠶᠣᠨᠲᠤ ᠭᠠᠷ ᠤᠲᠠᠰᠤ ᠵᠢᠴᠢ ᠪᠡᠶ᠎ᠡ ᠶᠢᠨ ᠦᠨᠡᠮᠯᠡᠯ ︵ᠨᠠᠰᠤᠨ ᠳᠤ ᠦᠯᠦ ᠬᠦᠷᠦᠭᠰᠡᠳ ᠡᠷᠦᠬᠡ ᠠᠮᠠ ᠶᠢᠨ ᠳᠡᠪᠲᠡᠷ ᠢᠶᠠᠨ ᠠᠪᠤᠨ᠎ᠠ︶ ᠲᠠᠢ ᠪᠠᠶᠢᠵᠤ ᠂ ᠡᠷᠡᠭᠦᠯ ᠮᠡᠨᠳᠦ ᠶᠢᠨ ᠺᠣᠳ᠋ ᠠᠪᠬᠤ ᠬᠡᠷᠡᠭᠲᠡᠢ᠃            ︵ᠳᠥᠷᠪᠡ︶ ᠲᠣᠭᠲᠠᠭᠰᠠᠨ ᠬᠤᠭᠤᠴᠠᠭᠠᠨ ᠳᠠᠭᠠᠨ ᠪᠠᠶᠢᠴᠠᠭᠠᠯᠭᠠᠵᠤ ᠴᠢᠳᠠᠭᠰᠠᠨ ᠦᠭᠡᠢ ᠪᠣᠯ ᠥᠪᠡᠷᠲᠡᠭᠡᠨ ᠢᠶᠠᠨ ᠵᠠᠷᠤᠳᠠᠯ ᠭᠠᠷᠭᠠᠨ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠬᠡᠷᠡᠭᠲᠡᠢ᠂ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠭᠰᠡᠨ ᠥᠬᠡᠢ ᠬᠦᠮᠦᠨ ᠤ ᠡᠷᠡᠭᠦᠯ ᠮᠡᠨᠳᠦ ᠶᠢᠨ ᠺᠣᠳ᠋ ᠨᠢ ︽ᠰᠢᠷ᠎ᠠ ᠥᠩᠭᠡ︾ ᠢᠯᠡᠷᠡᠬᠦ ᠶᠢᠨ ᠬᠠᠮᠲᠤ ᠲᠡᠭᠦᠨ ᠳᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠪᠣᠯᠤᠨ᠎ᠠ᠃            ︵ᠲᠠᠪᠤ︶ ᠲᠤᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠨᠢ ᠪᠠᠴᠢᠮ ᠰᠣᠷᠢᠯᠲᠠ ᠪᠣᠯᠤᠨ᠎ᠠ᠂ ᠥᠷᠭᠡᠨ ᠣᠯᠠᠨ ᠰᠠᠭᠤᠭᠠᠯᠢ ᠠᠷᠠᠳ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ ᠵᠢᠷᠤᠭ ᠪᠢᠴᠢᠯᠭᠡ ᠬᠢᠬᠦ ᠦᠭᠡᠢ ᠪᠠᠶᠢᠬᠤ ᠬᠡᠷᠡᠭᠳᠡᠢ᠂ ᠦᠯᠢᠭᠡᠷ ᠠᠪᠬᠤ ᠠᠵᠢᠯ ᠢ ᠬᠠᠷᠰᠢᠯᠠᠨ᠂ ᠬᠤᠳᠠᠯ ᠵᠢᠷᠤᠭ ᠪᠢᠴᠢᠯᠭᠡ ᠪᠣᠶᠣ ᠬᠡᠯᠡ ᠶᠡᠷᠢᠶ᠎ᠠ ᠲᠠᠷᠬᠠᠭᠠᠨ ᠨᠡᠶᠢᠭᠡᠮ ᠳᠤ ᠬᠦᠨᠳᠦ ᠨᠣᠴᠢᠲᠠᠢ ᠨᠥᠯᠥᠭᠡ ᠭᠠᠷᠭᠠᠪᠠᠯ᠂ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ᠬᠢᠵᠢᠭ ᠢ ᠰᠡᠷᠭᠡᠶᠢᠯᠡᠬᠦ ᠳᠤ ᠬᠦᠮᠦᠨ ᠪᠦᠬᠦᠨ ᠬᠠᠷᠢᠭᠤᠴᠠᠯᠭ᠎ᠠ ᠲᠠᠢ᠃ ᠪᠦᠭᠦᠳᠡᠭᠡᠷ ᠰᠡᠳᠬᠢᠯ ᠨᠢᠭᠡᠳᠦᠨ᠂ ᠬᠢᠵᠢᠭ ᠢ ᠢᠯᠠᠨ ᠳᠠᠪᠠᠶ᠎ᠠ︕            ᠰᠢᠯᠤᠭᠤᠨ ᠬᠥᠬᠡ ᠬᠤᠰᠢᠭᠤᠨ ᠤ ᠰᠢᠨ᠎ᠡ ᠳᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ            ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ                         2022 ᠣᠨ ᠤ 1 ᠰᠠᠷ᠎ᠠ ᠶᠢᠨ 19 ᠤ ᠡᠳᠦᠷ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号