2022 ᠣᠨ ᠤ ᠪᠡᠭᠡᠵᠢᠩ ᠳᠠᠬᠢ ᠡᠪᠦᠯ ᠤᠨ ᠣᠯᠢᠮᠫᠢᠺ ᠪᠣᠯᠣᠨ ᠵᠡᠮᠳᠡᠭᠴᠦᠳ ᠤᠨ ᠣᠯᠢᠮᠫᠢᠺ ᠤᠨ  ᠬᠤᠭᠤᠴᠠᠭᠠᠨ ᠳᠠᠬᠢ ᠫᠤᠤᠵᠢᠩ ᠲᠠᠯᠪᠢᠬᠤ ᠪᠠ ᠬᠤᠳᠠᠯᠳᠣᠬᠤ ᠶᠢ ᠪᠥᠬᠦ ᠬᠤᠰᠢᠭᠤᠨ ᠳᠤ ᠴᠠᠭᠠᠵᠠᠯᠠᠬᠤ ᠲᠤᠬᠠᠶ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/1/6
                   2022 ᠣᠨ ᠤ ᠪᠡᠭᠡᠵᠢᠩ ᠳᠠᠬᠢ ᠡᠪᠦᠯ ᠤᠨ ᠣᠯᠢᠮᠫᠢᠺ ᠤᠨ ᠬᠤᠭᠤᠴᠠᠭᠠᠨ ᠳᠠᠬᠢ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠤᠷᠤᠯᠳᠤᠭᠠᠨ ᠤ ᠤᠷᠤᠭᠰᠢᠲᠠᠶ ᠶᠠᠪᠤᠭᠳᠠᠬᠤ ᠪᠠ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ᠂ ᠠᠭᠠᠷ ᠤᠨ ᠶᠠᠰᠤ ᠴᠢᠨᠠᠷ ᠢ ᠳᠡᠭᠡᠭᠰᠢᠯᠡᠭᠦᠯᠬᠦ  ᠶᠢᠨ ᠲᠤᠯᠠᠳᠠ᠂  ᠬᠠᠮᠢᠶ᠎ᠠ ᠪᠥᠬᠦᠶ ᠲᠣᠭᠲᠠᠭᠠᠯ ᠤᠨ ᠳᠠᠭᠠᠤ᠂ ᠣᠲᠣ 2022 ᠣᠨ ᠤ ᠪᠡᠭᠡᠵᠢᠩ ᠳᠠᠬᠢ ᠡᠪᠦᠯ ᠤᠨ ᠣᠯᠢᠮᠫᠢᠺ ᠪᠠ ᠵᠡᠮᠳᠡᠭᠴᠦᠳ ᠤᠨ ᠣᠯᠢᠮᠫᠢᠺ ᠤᠨ ᠬᠤᠭᠤᠴᠠᠭᠠᠨ ᠳᠤ᠂ ᠫᠤᠤᠵᠢᠩ ᠲᠠᠯᠪᠢᠵᠤ ᠬᠤᠳᠠᠯᠳᠤᠬᠤ ᠶᠢ ᠴᠠᠭᠠᠵᠠᠯᠠᠬᠤ ᠲᠤᠬᠠᠢ ᠮᠡᠳᠡᠭᠳᠡᠶ᠎ᠡ᠃          ᠨᠢᠭᠡ᠂ ᠫᠤᠤᠵᠢᠩ ᠲᠠᠯᠪᠢᠬᠤ ᠪᠠ ᠬᠤᠳᠠᠯᠳᠣᠬᠤ ᠶᠢ ᠴᠠᠭᠠᠵᠠᠯᠠᠬᠤ ᠬᠤᠭᠤᠴᠠᠭ᠎ᠠ᠄ 2022 ᠣᠨ ᠤ 1 ᠰᠠᠷ᠎ᠠ ᠶᠢᠨ 1 ᠠᠴᠠ 3 ᠰᠠᠷ᠎ᠠ ᠶᠢᠨ 13 ᠪᠣᠯᠲᠠᠯ᠎ᠠ ᠬᠤᠳᠠᠯᠳᠣᠬᠤ ᠶᠢ ᠴᠠᠭᠠᠵᠠᠯᠠᠨ᠎ᠠ᠃ 2022 ᠣᠨ ᠤ 1 ᠰᠠᠷ᠎ᠠ  ᠶᠢᠨ 30 ᠠᠴᠠ 2 ᠰᠠᠷ᠎ᠠ ᠶᠢᠨ 20 ᠪᠣᠯᠲᠠᠯ᠎ᠠ᠂ 3 ᠰᠠᠷ᠎ᠠ ᠶᠢᠨ 1 ᠠᠴᠠ 3 ᠰᠠᠷ᠎ᠠ ᠶᠢᠨ 13 ᠪᠣᠯᠲᠠᠯ᠎ᠠ ᠫᠤᠤᠵᠢᠩ ᠲᠠᠯᠪᠢᠬᠤ ᠶᠢ ᠴᠠᠭᠠᠵᠠᠯᠠᠨ᠎ᠠ᠃          ᠬᠤᠶᠠᠷ᠂ ᠫᠤᠤᠵᠢᠩ ᠲᠠᠯᠪᠢᠬᠤ ᠪᠠ ᠬᠤᠳᠠᠯᠳᠣᠬᠤ ᠶᠢ ᠴᠠᠭᠠᠵᠠᠯᠠᠬᠤ ᠬᠦᠷᠢᠶ᠎ᠡ ᠬᠡᠪᠴᠢᠶ᠎ᠡ᠄ ᠰᠢᠯᠤᠭᠤᠨ ᠬᠥᠬᠡ ᠬᠤᠰᠢᠭᠤᠨ ᠤ ᠬᠡᠪᠴᠢᠶᠡᠨ ᠳᠤ ᠫᠤᠤᠵᠢᠩ ᠬᠤᠳᠠᠯᠳᠣᠬᠤ᠂ ᠫᠤᠤᠵᠢᠩ ᠲᠠᠯᠪᠢᠬᠤ ᠶᠢ ᠪᠥᠬᠦ ᠲᠠᠯ᠎ᠠ ᠪᠠᠷ ᠴᠠᠭᠠᠵᠠᠯᠠᠵᠤ᠂ ᠲᠦᠳᠡᠭ ᠭᠠᠯ ᠨᠣᠴᠣᠭᠠᠬᠤ᠂ ᠡᠰᠢ ᠰᠦᠷᠡᠯ ᠰᠢᠲᠠᠭᠠᠬᠤ ᠶᠢ ᠴᠠᠭᠠᠵᠠᠯᠠᠨ᠎ᠠ᠃ ᠭᠤᠷᠪᠠ᠂ ᠫᠤᠤᠵᠢᠩ ᠲᠠᠯᠪᠢᠬᠤ ᠪᠠ ᠬᠤᠳᠠᠯᠳᠣᠬᠤ ᠶᠢ ᠴᠠᠭᠠᠵᠠᠯᠠᠬᠤ ᠱᠠᠭᠠᠷᠳᠠᠯᠭ᠎ᠠ           ︵ᠨᠢᠭᠡ︶ ᠫᠤᠤᠵᠢᠩ ᠲᠠᠯᠪᠢᠬᠤ ᠪᠠ ᠬᠤᠳᠠᠯᠳᠣᠬᠤ ᠶᠢ ᠴᠠᠭᠠᠵᠠᠯᠠᠬᠤ ᠠᠵᠢᠯ ᠳᠤ ︽ᠵᠠᠰᠠᠭ ᠤᠨ ᠣᠷᠳᠣᠨ ᠠᠴᠠ ᠵᠣᠬᠢᠶᠠᠨ  ᠪᠠᠶᠢᠭᠤᠯᠵᠤ᠂ ᠰᠠᠯᠠᠭ᠎ᠠ ᠮᠥᠴᠢᠷ ᠬᠠᠮᠲᠤᠷᠠᠯᠴᠠᠨ᠂ ᠦᠨᠳᠦᠰᠦᠨ ᠱᠠᠲᠤ ᠬᠡᠷᠡᠭᠵᠢᠭᠦᠯᠵᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ︾ ᠬᠡᠯᠪᠡᠷᠢ ᠪᠠᠷ ᠶᠠᠪᠤᠭᠳᠠᠭᠤᠯᠵᠤ᠂ ᠬᠠᠤᠯᠢ ᠳᠥᠷᠢᠮ ᠤᠨ ᠳᠠᠭᠠᠤ ᠬᠡᠷᠡᠭᠵᠢᠭᠦᠯᠦᠨ᠎ᠡ᠃           ︵ᠬᠤᠶᠠᠷ︶ ᠪᠥᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠠᠯᠪᠠᠨ ᠪᠠᠶᠢᠭᠤᠯᠭ᠎ᠠ᠂ ᠠᠷᠠᠳ  ᠤᠨ ᠪᠦᠯᠬᠦᠮ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ᠂ ᠨᠠᠮ ᠤᠨ ᠭᠡᠰᠢᠭᠦᠨ ᠺᠠᠳ᠋ᠷᠴᠤᠳ ᠥᠪᠡᠷ ᠤᠨ ᠪᠡᠶ᠎ᠡ ᠪᠠᠷ ᠢᠶᠠᠨ ᠳᠠᠶᠢᠴᠢᠯᠠᠨ ᠳᠠᠭᠠᠭᠤᠯᠵᠤ ᠲᠣᠰ ᠠᠯᠪᠠᠨ ᠵᠠᠷᠯᠠᠯ ᠳᠤ ᠳᠣᠭᠲᠠᠭᠠᠭᠰᠠᠨ ᠵᠦᠢᠯ ᠢ ᠭᠦᠢᠴᠡᠳᠭᠡᠬᠦ ᠬᠡᠷᠡᠭᠳᠡᠢ᠃ ᠡᠯ᠎ᠡ ᠰᠤᠮᠤ ᠪᠠᠯᠭᠠᠰᠤ ︵ᠲᠠᠯᠠᠪᠠᠶ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠠᠵᠤ ᠠᠬᠤᠶᠢᠯᠠᠯ᠂ ᠰᠤᠷᠭᠠᠭᠤᠯᠢ᠂ ᠡᠯ᠎ᠡ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠫᠠᠨᠢ ᠨᠢ ᠫᠤᠤᠵᠢᠩ ᠬᠤᠳᠠᠯᠳᠣᠬᠤ᠂ ᠫᠤᠤᠵᠢᠩ ᠲᠠᠯᠪᠢᠬᠤ᠂ ᠲᠦᠳᠡᠭ ᠭᠠᠯ ᠨᠣᠴᠣᠭᠠᠬᠤ ᠶᠢ ᠴᠠᠭᠠᠵᠠᠯᠠᠬᠤ ᠤᠬᠠᠭᠤᠯᠭ᠎ᠠ ᠬᠦᠮᠦᠵᠢᠯ ᠢ ᠰᠠᠶᠢᠨ ᠬᠢᠵᠦ᠂ ᠵᠢᠯᠤᠭᠤᠳᠣᠯᠭ᠎ᠠ ᠬᠠᠮᠢᠶᠠᠷᠣᠯᠳᠠ ᠶᠢ ᠴᠢᠩᠭᠠᠳᠬᠠᠬᠤ ᠬᠡᠷᠡᠭᠳᠡᠢ᠃ ᠬᠠᠮ ᠵᠠᠭᠤᠴᠢᠯᠠᠭᠤᠷ  ᠤᠨ ᠲᠥᠪ ᠨᠢ ᠷᠠᠳᠢᠣ᠋᠂ ᠲᠧᠯᠸᠢᠰ᠂ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠳᠡᠢ᠃ ᠥᠷᠭᠡᠨ ᠣᠯᠠᠨ ᠲᠦᠮᠡᠨ ᠪᠣᠯᠤᠨ ᠡᠯ᠎ᠡ ᠠᠷᠠᠯᠵᠢᠶ᠎ᠠ ᠬᠤᠳᠠᠯᠳᠤᠭ᠎ᠠ ᠶᠢᠨ ᠬᠢᠨ ᠬᠡᠪ ᠵᠠᠩᠰᠢᠯ ᠢᠶᠠᠨ ᠥᠭᠡᠷᠡᠴᠢᠯᠡᠵᠦ᠂ ᠫᠤᠤᠵᠢᠩ ᠲᠠᠯᠪᠢᠬᠤ᠂ ᠬᠤᠳᠠᠯᠳᠣᠬᠤ᠂ ᠲᠦᠳᠡᠭ ᠭᠠᠯ ᠨᠣᠴᠣᠭᠠᠬᠤ᠂ ᠡᠰᠢ ᠰᠦᠷᠡᠯ ᠰᠢᠲᠠᠭᠠᠬᠤ ᠪᠠᠨ ᠪᠣᠯᠢᠵᠤ᠂ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠂ ᠡᠶ᠎ᠡ ᠵᠣᠬᠢᠴᠠᠩᠭᠤᠶ ᠦᠵᠡᠰᠬᠦᠯᠡᠩᠲᠦ ᠰᠠᠶᠢᠬᠠᠨ ᠠᠮᠢᠳᠤᠷᠠᠯ  ᠤᠨ ᠣᠷᠴᠢᠨ ᠠᠬᠤᠢ ᠪᠠᠨ ᠬᠠᠮᠲᠤ ᠪᠠᠷ ᠬᠠᠮᠠᠭᠠᠯᠠᠵᠤ᠂ 2022 ᠣᠨ ᠤ ᠪᠡᠭᠡᠵᠢᠩ ᠳᠠᠬᠢ ᠡᠪᠦᠯ ᠤᠨ ᠣᠯᠢᠮᠫᠢᠺ ᠪᠠ ᠵᠡᠮᠳᠡᠭᠴᠦᠳ ᠤᠨ ᠣᠯᠢᠮᠫᠢᠺ ᠤᠨ ᠬᠤᠭᠤᠴᠠᠭᠠᠨ ᠳᠠᠬᠢ ᠠᠭᠠᠷ ᠤᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃          ︵ᠭᠤᠷᠪᠠ︶ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠬᠠᠷᠢᠶᠠᠲᠤ ᠣᠷᠣᠨ ᠤ ᠬᠠᠷᠢᠭᠤᠴᠠᠯᠭ᠎ᠠ ᠪᠠᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠰᠢᠭᠤ ᠳᠣᠲᠣᠭᠠᠳᠤ  ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ᠂ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠠᠮᠢ ᠠᠬᠤᠶ ᠣᠷᠴᠢᠨ ᠲᠣᠭᠤᠷᠢᠨ᠂ ᠰᠣᠨᠢᠨ ᠮᠡᠳᠡᠭᠡ ᠤᠬᠠᠭᠤᠯᠭ᠎ᠠ᠂ ᠰᠤᠷᠭᠠᠨ ᠬᠥᠮᠦᠵᠢᠯ᠂ ᠬᠤᠳᠠᠯᠳᠤᠭᠠᠨ ᠤ ᠶᠠᠪᠤᠳᠠᠯ᠂ ᠠᠷᠠᠳ ᠤᠨ ᠶᠠᠪᠤᠳᠠᠯ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠨᠢ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠲᠥᠷᠥᠯ ᠤᠨ ᠬᠠᠮᠢᠶᠠᠷᠤᠯᠲᠠ ᠪᠠ ᠬᠢᠨᠠᠨ ᠪᠠᠶᠢᠴᠠᠭᠠᠬᠤ ᠠᠵᠢᠯ ᠢᠶᠠᠨ ᠰᠠᠶᠢᠲᠤᠷ ᠬᠢᠬᠦ ᠬᠡᠷᠡᠭᠲᠡᠶ᠃          ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ          ︵ᠨᠢᠭᠡ︶ ᠫᠤᠤᠵᠢᠩ ᠢ ᠲᠣᠭᠲᠠᠭᠠᠯ ᠠᠴᠠ ᠵᠥᠷᠢᠴᠡᠨ ᠦᠢᠯᠡᠳᠪᠦᠷᠢᠯᠡᠨ ᠡᠵᠡᠩᠨᠡᠭᠰᠡᠨ ᠪᠣᠯ ︽ᠫᠤᠤᠵᠢᠩ  ᠤᠨ ᠠᠮᠤᠷ ᠲᠥᠪᠰᠢᠨ ᠤ ᠬᠠᠮᠢᠶᠠᠷᠤᠯᠲᠠ ᠶᠢᠨ ᠳᠦᠷᠢᠮ︾ ᠤᠨ ᠭᠤᠴᠢᠨ ᠵᠢᠷᠭᠤᠳᠤᠭᠠᠷ ᠵᠣᠷᠪᠣᠰ ᠤᠨ ᠨᠢᠭᠡᠳᠦᠭᠡᠷ ᠲᠣᠭᠲᠠᠭᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠮᠥᠩᠭᠦ ᠪᠠᠷ ᠲᠣᠷᠭᠠᠬᠤ ᠶᠢᠨ ᠬᠠᠮᠲᠤ ᠬᠠᠤᠯᠢ ᠪᠤᠰᠤ ᠪᠠᠷ ᠦᠶᠯᠡᠳᠪᠦᠷᠢᠯᠡᠵᠦ᠂ ᠡᠵᠡᠩᠨᠡᠭᠰᠡᠨ ᠡᠳ᠋ ᠪᠠᠷᠠᠭ᠎ᠠ ᠵᠢᠴᠢ ᠣᠯᠣᠭᠰᠠᠨ ᠵᠤᠭᠤᠰ ᠮᠥᠩᠭᠦ ᠶᠢ ᠬᠤᠷᠢᠶᠠᠨ ᠠᠪᠤᠨ᠎ᠠ᠃ ᠫᠤᠤᠵᠢᠩ ᠢ ᠬᠠᠤᠯᠢ ᠪᠤᠰᠤ ᠪᠠᠷ ᠦᠢᠯᠡᠳᠪᠦᠷᠢᠯᠡᠨ ᠡᠵᠡᠩᠨᠡᠵᠦ᠂ ᠲᠡᠭᠡᠭᠡᠪᠦᠷᠢᠯᠡᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ  ᠠᠴᠠ ᠬᠠᠤᠯᠢ ᠶᠣᠰᠣᠭᠠᠷ ᠬᠠᠮᠢᠶᠠᠷᠤᠯᠲᠠ ᠬᠢᠵᠦ ᠰᠢᠳᠬᠡᠨ ᠲᠣᠷᠭᠠᠬᠤ ᠬᠡᠷᠡᠭᠳᠡᠢ᠃ ᠬᠡᠷᠪᠡ ᠶᠠᠯᠠᠲᠤ ᠠᠵᠢᠯᠯᠠᠭ᠎ᠠ ᠪᠣᠯᠵᠤ ᠪᠥᠷᠢᠯᠳᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃          ︵ᠬᠤᠶᠠᠷ︶ ᠲᠣᠭᠲᠠᠭᠠᠯ ᠠᠴᠠ ᠵᠥᠷᠢᠴᠡᠨ ᠫᠤᠤᠵᠢᠩ ᠲᠠᠯᠪᠢᠭᠰᠠᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠫᠤᠤᠵᠢᠩ ᠲᠠᠯᠪᠢᠬᠤ ᠶᠢ ᠨᠢ ᠵᠠᠷᠯᠢᠭᠳᠠᠨ ᠵᠣᠭᠰᠣᠭᠠᠵᠤ᠂ ︽ᠫᠤᠤᠵᠢᠩ ᠤᠨ ᠠᠮᠤᠷ ᠲᠥᠪᠰᠢᠨ ᠤ ᠬᠠᠮᠢᠶᠠᠷᠤᠯᠲᠠ ᠶᠢᠨ ᠳᠦᠷᠢᠮ︾ ᠤᠨ ᠳᠥᠴᠢᠨ ᠬᠤᠶᠠᠳᠤᠭᠠᠷ ᠵᠣᠷᠪᠣᠰ ᠤᠨ ᠬᠤᠶᠠᠳᠤᠭᠠᠷ ᠲᠣᠭᠲᠠᠭᠠᠯ ᠢ ᠦᠨᠳᠦᠰᠦᠯᠡᠨ᠂ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠮᠥᠩᠭᠦ ᠪᠠᠷ ᠲᠣᠷᠭᠠᠨ᠎ᠠ᠃ ᠵᠥᠪᠰᠢᠶᠡᠷᠡᠯ ᠣᠯᠤᠭᠰᠠᠨ ᠦᠭᠡᠢ ᠪᠠᠷ ᠫᠤᠤᠵᠢᠩ ᠲᠠᠯᠪᠢᠬᠤ ᠦᠳᠡᠰᠢᠯᠡᠭᠡ ᠵᠢᠴᠢ ᠪᠤᠰᠤᠳ ᠲᠤᠮᠤ ᠬᠡᠯᠪᠡᠷᠢ ᠶᠢᠨ ᠫᠤᠤᠵᠢᠩ ᠲᠠᠯᠪᠢᠬᠤ ᠠᠵᠢᠯᠯᠠᠭ᠎ᠠ ᠡᠷᠬᠢᠯᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠫᠤᠤᠵᠢᠩ ᠲᠠᠯᠪᠢᠬᠤ ᠶᠢ ᠵᠠᠷᠯᠢᠭᠳᠠᠨ ᠵᠤᠭᠰᠣᠭᠠᠵᠤ᠂ ︽ᠫᠤᠤᠵᠢᠩ ᠤᠨ ᠠᠮᠤᠷ ᠳᠥᠪᠰᠢᠨ ᠤ ᠬᠠᠮᠢᠶᠠᠷᠤᠯᠲᠠ ᠶᠢᠨ ᠲᠦᠷᠢᠮ︾  ᠤᠨ ᠳᠥᠴᠢᠨ ᠬᠤᠶᠠᠳᠤᠭᠠᠷ ᠵᠤᠷᠪᠤᠰ ᠤᠨ ᠨᠢᠭᠡᠳᠦᠭᠡᠷ ᠲᠣᠭᠲᠠᠭᠠᠯ ᠢ ᠦᠨᠳᠦᠰᠦᠯᠡᠨ᠂ ᠬᠠᠷᠢᠭᠤᠴᠠᠯᠭ᠎ᠠ ᠡᠭᠦᠷᠭᠡᠯᠡᠬᠦ ᠪᠠᠶᠢᠭᠤᠯᠭ᠎ᠠ ᠨᠢᠭᠡᠴᠡ ᠶᠢ ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠮᠥᠩᠭᠦ ᠪᠠᠷ ᠲᠣᠷᠭᠠᠨ᠎ᠠ᠃ ᠵᠢᠯᠤᠭᠤᠳᠤᠯᠭ᠎ᠠ ᠶᠢ ᠰᠣᠨᠣᠰᠬᠤ ᠦᠭᠡᠢ᠂ ᠢᠳᠬᠠᠨ ᠬᠤᠷᠢᠭᠯᠠᠬᠤ ᠶᠢ ᠰᠣᠨᠣᠰᠬᠤ ᠦᠭᠡᠢ ᠂ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠲᠦᠷ ᠬᠤᠷᠢᠵᠤ᠂  ᠶᠠᠯᠠᠲᠤ ᠠᠵᠢᠯᠯᠠᠭ᠎ᠠ ᠪᠥᠷᠢᠯᠳᠦᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃          ︵ᠭᠤᠷᠪᠠ︶ ᠶᠠᠮᠠᠷᠪᠠ ᠪᠠᠶᠢᠭᠤᠯᠭ᠎ᠠ ᠨᠢᠭᠡᠴᠡ ᠪᠣᠯᠤᠨ ᠬᠤᠪᠢ ᠬᠥᠮᠦᠨ ᠬᠠᠤᠯᠢ ᠲᠣᠭᠲᠠᠭᠠᠯ ᠠᠴᠠ ᠵᠥᠷᠢᠴᠡᠨ ᠫᠤᠤᠵᠢᠩ ᠲᠠᠯᠪᠢᠬᠤ ᠦᠢᠯᠡ ᠠᠵᠢᠯᠯᠠᠭ᠎ᠠ ᠶᠢ ᠢᠳᠬᠠᠨ ᠬᠤᠷᠢᠭᠯᠠᠬᠤ ᠡᠷᠬᠡ ᠪᠠᠶᠢᠬᠤ ᠶᠢᠨ ᠬᠠᠮᠲᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠢᠳᠡᠪᠬᠢᠲᠡᠶ ᠪᠠᠷ ᠳᠡᠮᠵᠢᠬᠦ ᠪᠠ ᠬᠢᠨᠠᠯᠲᠠ ᠲᠠᠯᠪᠢᠬᠤ ᠶᠢ ᠬᠦᠰᠡᠵᠦ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠷᠢᠭᠲᠠᠢ ᠪᠠᠷ ᠢᠯᠡᠴᠢᠯᠡᠨ ᠮᠡᠳᠡᠭᠦᠯᠬᠦ ᠬᠡᠷᠡᠭᠲᠡᠶ᠃          ᠢᠯᠡᠴᠢᠯᠡᠨ ᠮᠡᠳᠡᠭᠦᠯᠬᠦ ᠤᠲᠠᠰᠤ᠄ 4222559 ︵ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶᠂ 4236215 ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠢᠯᠡᠴᠢᠯᠡᠨ ᠮᠡᠳᠡᠭᠦᠯᠪᠡᠯ ᠬᠠᠤᠯᠢ ᠪᠠᠷ ᠬᠠᠮᠠᠭᠠᠯᠠᠬᠤ ᠪᠣᠯᠣᠨ᠎ᠠ᠃          ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                              ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ                                         2022 ᠣᠨ ᠤ 1 ᠰᠠᠷ᠎ᠠ ᠶᠢᠨ 1 ᠤ ᠡᠳᠦᠷ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号