| ᠬᠠᠮ ᠵᠠᠭᠤᠴᠢᠯᠠᠭᠤᠷ ᠤᠨ ᠰᠣᠷᠪᠤᠯᠵᠢᠯᠠᠭᠴᠢ ᠠᠷᠢᠭᠤᠨᠳᠤᠩᠭᠠᠯᠠᠭ | 1 ᠰᠠᠷ᠎ᠠ ᠶᠢᠨ 6 ᠤ ᠡᠳᠦᠷ ᠤᠨ ᠦᠳᠡ ᠶᠢᠨ ᠡᠮᠤᠨ᠎ᠡ᠂ ᠤᠯᠤᠰ ᠲᠥᠷᠥ ᠶᠢᠨ ᠵᠥᠪᠯᠡᠯᠭᠡᠨ ᠤ | ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠣᠳᠠᠭᠠᠨ ᠤ | ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠳᠤᠭᠤᠶᠢᠯᠠᠩ ᠬᠤᠪᠢᠶᠠᠨ 《 ᠤᠯᠤᠰ ᠲᠥᠷᠥ ᠶᠢᠨ ᠵᠥᠪᠯᠡᠯᠭᠡᠨ ᠤ | ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ 》《 ᠤᠯᠤᠰ | ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠰᠠᠨᠠᠯ | ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠬᠦᠯᠦᠯᠳᠡ 》 ᠶᠢ ᠬᠢᠨᠠᠨ ᠵᠥᠪᠯᠡᠪᠡ᠃ | ᠡᠯ᠎ᠡ ᠳᠤᠭᠤᠶᠢᠯᠠᠩ ᠤᠨ ᠬᠤᠷᠠᠯ ᠤᠨ ᠲᠠᠯᠠᠪᠠᠶ ᠳᠤ᠂ ᠭᠡᠰᠢᠭᠦᠳ ᠲᠣᠰ ᠲᠤᠰ ᠤᠨ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠲᠥᠷᠥ ᠶᠢᠨ ᠶᠠᠪᠤᠳᠠᠯ ᠢ | ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ | ᠥᠪᠡᠷ ᠥᠪᠡᠷ ᠤᠨ ᠦᠵᠡᠯᠲᠡ ᠪᠠᠨ ᠶᠠᠷᠢᠵᠤ᠂ ᠰᠢᠯᠤᠭᠤᠨ ᠬᠥᠬᠡ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ | ᠶᠡᠭᠡ ᠪᠣᠳᠣᠯᠭ᠎ᠠ ᠶᠢ ᠬᠠᠮᠲᠤ ᠪᠠᠷ ᠰᠦᠪᠡᠭᠴᠢᠯᠡᠭᠰᠡᠨ ᠪᠠᠶᠢᠨ᠎ᠠ᠃ ᠭᠡᠰᠢᠭᠦᠳ ᠠᠴᠠ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠵᠢᠴᠢ ᠰᠠᠨᠠᠯ ᠳᠤᠷᠠᠳᠤᠯᠭ᠎ᠠ ᠶᠢᠨ ᠠᠵᠢᠯ ᠤᠨ | ᠪᠠᠶᠢᠳᠠᠯ ᠤᠨ ᠲᠤᠬᠠᠢ ᠮᠡᠳᠡᠬᠦᠯᠦᠯᠳᠡ ᠶᠢᠨ ᠦᠬᠡ ᠦᠬᠦᠯᠡᠪᠦᠷᠢ ᠲᠦᠬᠦᠮ ᠠᠪᠴᠠᠯ ᠲᠠᠢ᠂ ᠠᠭᠤᠯᠭ᠎ᠠ ᠠᠬᠤᠢ ᠪᠥᠷᠢᠨ | ᠳᠣᠳᠣᠷᠬᠠᠢ᠂ ᠥᠩᠭᠡᠷᠡᠭᠰᠡᠨ ᠲᠦᠷᠪᠡᠨ ᠵᠢᠯ ᠤᠨ ᠠᠵᠢᠯ ᠤᠨ ᠠᠮᠵᠢᠯᠲᠠ ᠪᠦᠲᠦᠮᠵᠢ ᠪᠠ ᠠᠵᠢᠯ ᠤᠨ ᠬᠢᠯᠠᠰ ᠴᠡᠭ | ᠢᠶᠠᠨ ᠪᠥᠬᠦ ᠲᠠᠯ᠎ᠠ ᠪᠠᠷ ᠳ᠋ᠦᠡᠭᠨᠡᠨ ᠬᠤᠷᠢᠶᠠᠩᠭᠤᠶᠢᠯᠠᠵᠤ᠂ ᠢᠷᠡᠭᠡᠳᠦᠶ ᠶᠢᠨ ᠲᠠᠪᠤᠨ ᠵᠢᠯ ᠤᠨ ᠠᠵᠢᠯ ᠤᠨ ᠬᠠᠷᠠᠯᠲᠠ | ᠨᠢ ᠪᠣᠳᠠᠲᠤ ᠪᠠᠶᠢᠳᠠᠯ ᠲᠠᠢ ᠨᠢᠭᠲᠠ ᠤᠶᠠᠯᠳᠤᠵᠤ᠂ ᠤᠯᠠᠨ ᠤ ᠤᠷᠮ᠎ᠠ ᠵᠤᠷᠢᠭ ᠢ ᠬᠦᠪᠴᠢᠯᠡᠵᠤ ᠴᠢᠳᠠᠵᠠᠢ ᠬᠡᠵᠤ | ᠰᠠᠨᠠᠯ ᠨᠢᠬᠡᠳᠠᠢ ᠶᠠᠷᠢᠵᠠᠭᠠᠯ᠎ᠠ᠃ | ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠮᠠᠯᠵᠢᠬᠤ ᠲᠠᠷᠢᠶᠠᠯᠠᠬᠤ ᠣᠷᠣᠨ ᠤ | ᠶᠠᠷᠢᠯᠴᠠᠬᠤ ᠳᠤᠭᠤᠶᠢᠯᠠᠩ ᠤᠨ ᠠᠬᠤᠢ ᠲᠠᠯᠠᠪᠠᠢ ᠳᠤ ᠬᠦᠷᠴᠦ ᠭᠡᠰᠢᠭᠦᠳ ᠲᠠᠢ ᠰᠠᠨᠠᠯ ᠢᠶᠠᠨ ᠰᠣᠯᠢᠯᠴᠠᠪᠠ᠃ | ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ | ᠲᠣᠭᠤᠷᠢᠨ ᠳᠤ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ | ᠢ ᠬᠥᠮᠦᠵᠢᠭᠦᠯᠬᠦ᠂ ᠮᠢᠬᠠᠨ ᠤ ᠦᠬᠡᠷ ᠤᠨ ᠠᠵᠤ ᠦᠶᠯᠡᠰ ᠤᠨ ᠬᠡᠯᠬᠢᠶᠡᠵᠢᠯ ᠢ ᠪᠠᠶᠢᠭᠤᠯᠬᠤ ᠵᠡᠷᠭᠡ ᠲᠠᠯ᠎ᠠ ᠪᠠᠷ | ᠪᠣᠳᠠᠲᠠᠶ ᠱᠠᠭᠠᠷᠳᠠᠯᠭ᠎ᠠ ᠲᠤᠷᠠᠳᠤᠭᠰᠠᠨ ᠤ ᠬᠠᠮᠳᠤ᠂ ᠦᠷᠬᠡᠨ ᠤᠯᠠᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ | ᠢ ᠠᠵᠢᠯ ᠤᠨ ᠤᠷᠬᠢᠯᠤᠮ᠎ᠠ ᠬᠠᠯᠠᠭᠤᠨ ᠰᠡᠳᠬᠢᠯᠭᠡ ᠪᠠᠨ ᠦᠷᠬᠦᠯᠵᠢᠯᠡᠨ ᠪᠠᠲᠤᠯᠠᠵᠤ᠂ ᠢᠲᠡᠭᠡᠯ ᠢᠶᠠᠨ ᠪᠠᠲᠤᠳᠬᠠᠵᠤ᠂ | ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂《 ᠣᠶᠤᠨ ᠤ ᠬᠥᠮᠥᠷᠭᠡ | 》ᠪᠣᠯᠤᠨ ᠬᠦᠬᠦᠷᠭᠡ ᠬᠤᠯᠪᠣᠭᠠᠰᠤ ᠶᠢᠨ ᠦᠶᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠢᠳᠡᠪᠬᠢᠲᠡᠶ | ᠪᠠᠷ ᠠᠷᠭ᠎ᠠ ᠤᠬᠠᠭᠠᠨ ᠰᠦᠪᠡᠭᠴᠢᠯᠡᠬᠦ᠂ ᠣᠳᠣᠬᠢᠴᠢᠯᠠᠭᠰᠠᠨ ᠰᠢᠯᠤᠭᠤᠨ ᠬᠥᠬᠡ ᠬᠤᠰᠢᠭᠤ ᠶᠢ ᠲᠦᠷᠭᠡᠳᠬᠡᠨ | ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠶᠢ ᠬᠦᠰᠡᠭᠰᠡᠨ ᠪᠠᠶᠢᠨ᠎ᠠ᠃ | ᠨᠢᠭᠡᠳᠦᠭᠡᠷ ᠶᠠᠷᠢᠯᠴᠠᠬᠤ ᠳᠤᠭᠤᠶᠢᠯᠠᠩ ᠤᠨ ᠭᠡᠰᠢᠭᠦᠳ ᠠᠴᠠ ᠬᠤᠶᠠᠷ ᠠᠵᠢᠯ ᠤᠨ ᠮᠡᠳᠡᠭᠦᠯᠦᠯᠲᠡ ᠨᠢ | ᠲᠣᠪᠴᠢ ᠠᠪᠰᠠᠷᠬᠠᠨ ᠪᠥᠭᠡᠳ ᠠᠭᠤᠯᠭ᠎ᠠ ᠪᠠᠷ ᠡᠯᠪᠡᠭ ᠪᠠᠶᠠᠯᠢᠭ ᠪᠠᠶᠢᠵᠤ᠂ ᠤᠯᠤᠰ ᠲᠦᠷᠦ ᠶᠢᠨ ᠵᠦᠪᠯᠡᠯᠬᠡᠨ ᠤ | ᠣᠯᠠᠨ ᠲᠦᠮᠡᠨ ᠲᠠᠢ ᠦᠷᠬᠡᠨ ᠬᠠᠷᠢᠯᠴᠠᠭ᠎ᠠ ᠲᠠᠢ᠂ ᠤᠯᠠᠨ ᠲᠦᠮᠡᠨ ᠳᠤ ᠦᠨᠡᠨᠬᠦ ᠣᠶᠢᠷᠠᠲᠤᠭᠰᠠᠨ ᠵᠡᠷᠭᠡ | ᠳᠠᠪᠠᠭᠤᠯᠢᠭ ᠢ ᠭᠦᠶᠴᠡᠳ ᠢᠯᠡᠷᠡᠬᠦᠯᠵᠤ᠂ ᠠᠵᠤ ᠦᠶᠯᠡᠰ ᠤᠨ ᠬᠡᠯᠪᠡᠷᠢ ᠶᠢ ᠬᠤᠪᠢᠷᠠᠭᠤᠯᠬᠤ᠂ ᠨᠡᠶᠢᠭᠡᠮ ᠤᠨ | ᠵᠠᠰᠠᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ | ᠢᠶᠠᠨ ᠲᠥᠪᠯᠡᠷᠡᠭᠦᠯᠵᠦ᠂ ᠶᠡᠭᠡ ᠬᠡᠮᠵᠢᠶᠡᠨ ᠤ ᠭᠠᠷᠮᠠᠭᠠᠶ ᠪᠦᠲᠦᠮᠵᠢᠲᠡᠶ ᠠᠵᠢᠯ ᠬᠢᠵᠦ᠂ ᠰᠢᠨ᠎ᠡ ᠴᠠᠭ ᠦᠶ᠎ᠡ ᠶᠢᠨ | ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠠᠷᠢᠭᠤᠴᠠᠯᠭ᠎ᠠ ᠡᠭᠦᠷᠭᠡᠯᠡᠯ ᠢ ᠬᠦᠢᠴᠡᠳ ᠬᠠᠷᠠᠭᠤᠯᠵᠤ ᠴᠢᠳᠠᠵᠠᠢ | ᠭᠡᠵᠦ ᠰᠠᠨᠠᠯ ᠨᠢᠭᠡᠲᠡᠶ ᠦᠵᠡᠪᠡ᠃ | ᠰᠤᠷᠪᠤᠯᠵᠢᠯᠠᠭᠴᠢ ᠶᠢ ᠬᠤᠶᠠᠳᠤᠭᠠᠷ ᠶᠠᠷᠢᠯᠴᠠᠬᠤ ᠳᠤᠭᠤᠶᠢᠯᠠᠩ ᠤᠨ ᠠᠬᠤᠢ ᠲᠠᠯᠠᠪᠠᠢ ᠪᠠᠷ ᠬᠦᠷᠬᠦ ᠳᠤ᠂ | ᠭᠡᠰᠢᠭᠦᠳ ᠠᠴᠠ ᠢᠳᠡᠪᠬᠢᠲᠡᠢ ᠰᠠᠨᠠᠯ ᠪᠤᠳᠤᠯ ᠢᠶᠠᠨ ᠲᠡᠯᠭᠡᠵᠤ᠂ ᠢᠯᠡᠳᠬᠡᠯ ᠤᠨ ᠭᠤᠣᠯ ᠰᠡᠳᠦᠪ ᠲᠣᠳᠣᠷᠬᠠᠢ᠂ | ᠠᠷᠭ᠎ᠠ ᠬᠡᠮᠵᠢᠶ᠎ᠡ ᠪᠣᠳᠠᠲᠠᠢ ᠪᠠᠶᠢᠵᠤ᠂ ᠥᠩᠭᠡᠷᠡᠭᠰᠡᠨ ᠲᠦᠷᠪᠡᠨ ᠵᠢᠯ ᠤᠨ ᠠᠵᠢᠯ ᠤᠨ ᠠᠮᠵᠢᠯᠲᠠ ᠶᠢ ᠪᠦᠬᠦ ᠲᠠᠯ᠎ᠠ ᠪᠠᠷ | ᠵᠥᠪ ᠣᠨᠣᠪᠴᠢᠲᠠᠢ ᠳ᠋ᠦᠩᠨᠡᠵᠦ᠂ ᠢᠷᠡᠭᠡᠳᠦᠢ ᠶᠢᠨ ᠲᠠᠪᠤᠨ ᠵᠢᠯ ᠤᠨ ᠡᠯ᠎ᠡ ᠵᠦᠢᠯ ᠤᠨ ᠡᠭᠦᠷᠭᠡ ᠶᠢᠨ | ᠲᠦᠯᠦᠪᠵᠢᠬᠦᠯᠦᠯᠬᠡ ᠶᠢᠨ ᠭᠤᠣᠯᠳᠠᠯᠭ᠎ᠠ ᠳᠤᠪᠤᠶᠢᠮ᠎ᠠ᠂ ᠰᠢᠨ᠎ᠡ ᠴᠠᠭ ᠦᠶ᠎ᠡ ᠶᠢᠨ ᠣᠨᠴᠠᠯᠢᠭ ᠢ ᠢᠯᠡᠷᠡᠭᠦᠯᠵᠦ᠂ ᠮᠠᠨ | ᠤ ᠬᠤᠰᠢᠭᠤᠨ ᠤ ᠪᠣᠳᠠᠲᠤ ᠪᠠᠶᠢᠳᠠᠯ ᠲᠠᠢ ᠨᠡᠶᠢᠴᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠰᠢᠨ᠎ᠡ ᠶᠢ ᠡᠭᠦᠳᠴᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠰᠠᠶᠢᠨ ᠢᠯᠡᠳᠬᠡᠯ ᠪᠣᠯᠵᠠᠢ ᠭᠡᠵᠦ ᠰᠠᠨᠠᠯ | ᠨᠢᠭᠡᠲᠡᠢ ᠦᠵᠡᠴᠡᠭᠡᠭᠰᠡᠨ ᠤ ᠬᠠᠮᠳᠤ᠂ ᠭᠡᠰᠢᠭᠦᠳ ᠠᠴᠠ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ | ᠨᠥᠬᠦᠴᠡᠯ ᠢ ᠪᠤᠢ ᠪᠣᠯᠭᠠᠬᠤ᠂ ᠤᠨᠴᠠᠯᠢᠬᠳᠤ ᠰᠣᠶᠣᠯ ᠤᠨ ᠲᠦᠷᠦᠯ ᠲᠡᠮᠳᠡᠭ ᠢ ᠡᠭᠦᠳᠬᠦ᠂ ᠦᠢᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠵᠡᠷᠭᠡ ᠬᠠᠯᠠᠮᠰᠢᠯ ᠠᠰᠠᠭᠤᠳᠠᠯ ᠤᠨ ᠲᠤᠭᠤᠷᠢᠨ ᠳᠤ ᠪᠤᠳᠤᠯ | ᠰᠠᠨᠠᠯ ᠢᠶᠠᠨ ᠢᠳᠡᠪᠬᠢᠳᠠᠢ ᠳᠡᠪᠰᠢᠬᠦᠯᠵᠤ ᠪᠠᠶᠢᠯ᠎ᠠ᠃ | ᠭᠤᠷᠪᠠᠳᠤᠭᠠᠷ ᠶᠠᠷᠢᠯᠴᠠᠬᠤ ᠳᠤᠭᠤᠶᠢᠯᠠᠩ ᠤᠨ ᠭᠡᠰᠢᠭᠦᠳ ᠠᠴᠠ᠂ ᠬᠤᠶᠢᠰᠢᠳᠠ ᠰᠤᠮᠤ ᠪᠠᠯᠭᠠᠰᠤᠨ ᠤ | ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠤᠲᠤᠭ ᠪᠡᠯᠴᠢᠭᠡᠷ ᠢ ᠰᠠᠶᠢᠵᠢᠷᠠᠭᠤᠯᠬᠤ᠂ ᠡᠪᠡᠰᠦ | ᠪᠣᠷᠳᠤᠭ᠎ᠠ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ | ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠬᠦᠯᠥᠨ ᠲᠠᠷᠢᠶᠠᠯᠠᠬᠤ ᠶᠢ ᠵᠣᠭᠰᠣᠭᠠᠵᠤ ᠡᠪᠡᠰᠦ | ᠪᠡᠯᠴᠢᠭᠡᠷ ᠢ ᠰᠡᠷᠭᠦᠭᠡᠬᠦ ᠠᠵᠢᠯ ᠲᠠᠢ ᠤᠶᠠᠯᠳᠤᠭᠤᠯᠤᠨ᠂ ᠴᠢᠨᠠᠷ ᠰᠠᠶᠢᠲᠠᠶ ᠲᠡᠵᠢᠭᠡᠯ ᠡᠪᠡᠰᠦ ᠳᠠᠷᠢᠬᠤ ᠶᠢ ᠪᠥᠬᠦ ᠲᠠᠯ᠎ᠠ | ᠪᠠᠷ ᠥᠷᠭᠡᠳᠬᠡᠵᠦ᠂ ᠮᠠᠯᠴᠢᠳ ᠤᠨ ᠲᠡᠵᠢᠭᠡᠨ ᠦᠷᠡᠵᠢᠭᠦᠯᠬᠦ ᠢᠳᠡᠪᠬᠢᠵᠢᠯ ᠢ ᠳᠠᠶᠢᠴᠢᠯᠠᠨ᠂ ᠰᠢᠮᠧᠨ᠋ᠲᠷ ᠦᠬᠡᠷ᠂ | ᠴᠠᠬᠠᠷ ᠨᠠᠷᠢᠨ ᠨᠤᠤᠰᠤᠳᠤ ᠬᠤᠨᠢ ᠵᠡᠷᠭᠡ ᠰᠢᠯᠢᠳᠡᠭ ᠡᠭᠦᠯᠳᠡᠷ ᠢᠶᠠᠷ ᠭᠤᠤᠯᠳᠠᠯᠭ᠎ᠠ ᠪᠣᠯᠭᠠᠵᠤ᠂ ᠮᠠᠯ ᠤᠨ ᠡᠭᠦᠯᠳᠡᠷ | ᠰᠠᠶᠢᠵᠢᠷᠠᠭᠤᠯᠬᠤ ᠶᠢ ᠠᠬᠢᠭᠤᠯᠤᠨ᠂ ᠮᠠᠯᠴᠢᠨ ᠲᠦᠮᠡᠨ ᠤ ᠣᠷᠣᠯᠭ᠎ᠠ ᠶᠢ ᠨᠡᠮᠡᠭᠳᠡᠬᠦᠯᠬᠦ ᠴᠢᠬᠤᠯᠳᠠᠢ ᠬᠡᠮᠡᠨ | ᠵᠦᠪᠯᠡᠴᠡᠭᠡᠵᠤ ᠪᠠᠶᠢᠯ᠎ᠠ᠃ ᠮᠦᠨᠴᠦ ᠬᠤᠶᠢᠰᠢᠳᠠ ᠶᠢᠨ ᠬᠦᠭᠵᠢᠯᠳᠡ ᠶᠢᠨ ᠲᠠᠯ᠎ᠠ ᠳᠤ ᠤᠯᠠᠨ ᠲᠦᠮᠡᠨ ᠢᠶᠠᠨ | ᠳᠠᠶᠢᠴᠢᠯᠠᠨ《 ᠬᠤᠨᠢ ᠶᠢ ᠴᠥᠭᠡᠴᠢᠯᠡᠨ ᠦᠬᠡᠷ ᠮᠠᠯᠵᠢᠬᠤ 》ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ | ᠠᠬᠢᠭᠤᠯᠵᠤ᠂ ᠴᠥᠭᠡᠨ ᠲᠡᠵᠢᠭᠡᠵᠦ ᠨᠠᠷᠢᠯᠢᠭ ᠮᠠᠯᠵᠢᠬᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠪᠠ ᠪᠣᠷᠳᠣᠨ | ᠲᠠᠷᠭᠤᠯᠠᠭᠤᠯᠬᠤ ᠳᠡᠭᠡᠷ᠎ᠡ ᠬᠦᠴᠦ ᠲᠠᠯᠪᠢᠵᠤ᠂ ᠮᠠᠯ ᠤᠨ ᠡᠭᠦᠯᠳᠡᠷ ᠤᠨ ᠪᠦᠲᠦᠴᠡ ᠶᠢ ᠲᠠᠰᠤᠷᠠᠯᠲᠠ ᠥᠬᠡᠶ | ᠰᠢᠯᠢᠳᠡᠭᠵᠢᠭᠦᠯᠦᠨ᠂ ᠮᠠᠯ ᠠᠵᠤ ᠠᠬᠤᠶ ᠶᠢᠨ ᠦᠶᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ | ᠬᠤᠪᠢᠷᠠᠭᠤᠯᠬᠤ ᠪᠠᠷ ᠴᠢᠷᠮᠠᠶᠢᠨ᠎ᠠ ᠭᠡᠵᠡᠭᠡᠯᠠ᠃ | ᠳᠥᠷᠪᠡᠳᠦᠭᠡᠷ ᠶᠠᠷᠢᠯᠴᠠᠬᠤ ᠳᠤᠭᠤᠶᠢᠯᠠᠩ ᠤᠨ ᠭᠡᠰᠢᠭᠦᠳ ᠠᠴᠠ ᠢᠯᠡᠳᠬᠡᠯ ᠨᠢ ᠦᠨᠡᠨ ᠢ ᠪᠠᠷᠢᠮᠲᠠᠯᠠᠨ | ᠪᠤᠳᠠᠳᠠᠢ ᠶᠢ ᠡᠷᠬᠢᠮᠯᠡᠬᠦ ᠠᠵᠢᠯ ᠤᠨ ᠰᠤᠷᠲᠠᠯ ᠪᠣᠯᠤᠨ ᠠᠷᠠᠳ ᠲᠦᠮᠡᠨ ᠤ ᠬᠦᠰᠡᠵᠦ ᠪᠠᠶᠢᠭ᠎ᠠ ᠵᠣᠯ ᠵᠢᠷᠭᠠᠯ ᠤᠨ | ᠵᠢᠭᠠᠯᠲᠠ ᠲᠤᠭ᠎ᠠ ᠶᠢ ᠭᠦᠢᠴᠡᠳ ᠬᠠᠷᠠᠭᠤᠯᠵᠠᠶ ᠬᠡᠵᠤ ᠰᠠᠨᠠᠯ ᠨᠢᠭᠡᠳᠡᠢ ᠦᠵᠡᠴᠡᠭᠡᠯᠠ᠃ ᠬᠤᠶᠢᠰᠢᠳᠠ ᠶᠢᠨ ᠠᠵᠢᠯ ᠤᠨ | ᠳᠤᠮᠳᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ | ᠰᠤᠷᠤᠯᠴᠠᠵᠤ᠂ ᠰᠠᠶᠢᠲᠤᠷ ᠲᠤᠭᠤᠰᠢᠯᠠᠭᠤᠯᠥᠨ᠂ ᠰᠠᠶᠢᠲᠤᠷ ᠨᠠᠶᠢᠳᠠᠪᠤᠷᠢᠵᠢᠭᠤᠯᠵᠤ᠂ ᠠᠷᠠᠯᠵᠢᠶᠠᠴᠢᠨ ᠤᠷᠢᠵᠤ ᠪᠠᠯᠠ | ᠣᠷᠣᠭᠤᠯᠬᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠪᠠ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢ | ᠪᠠᠷᠢᠮᠲᠠᠯᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠪᠣᠳᠠᠲᠠᠶ ᠰᠤᠷᠲᠠᠯ᠂ ᠬᠠᠲᠠᠭᠤ ᠠᠷᠭ᠎ᠠ ᠬᠡᠮᠵᠢᠶ᠎ᠡ ᠪᠠᠷ | ᠂ ᠪᠣᠳᠠᠲᠤ ᠠᠵᠢᠯᠯᠠᠭ᠎ᠠ ᠪᠠ ᠡᠯᠪᠡᠭ ᠦᠷ᠎ᠡ ᠪᠦᠲᠦᠭᠡᠯ ᠢᠶᠠᠷ ᠢᠶᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠠᠷᠠᠳ ᠣᠯᠠᠨ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ ᠭᠡᠵᠤ ᠢᠯᠡᠷᠭᠡᠶᠢᠯᠡᠯᠠ᠃ | | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢᠯᠡᠷᠬᠡᠶᠢᠯᠡᠬᠦ ᠳᠡᠭᠡᠨ᠂ ᠡᠭᠦᠷᠭᠡ ᠲᠤᠰᠢᠶᠠᠯ ᠢᠶᠠᠨ | ᠭᠦᠶᠴᠡᠳᠬᠡᠬᠦ ᠤᠯᠤᠰ ᠲᠥᠷᠥ ᠶᠢᠨ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠬᠤᠷᠠᠯ ᠤᠨ ᠵᠣᠷᠢᠭ ᠰᠠᠨᠠᠭ᠎ᠠ ᠶᠢ ᠲᠣᠰ ᠲᠣᠰ ᠤᠨ ᠠᠵᠢᠯ ᠤᠨ ᠬᠦᠷᠢᠶᠡᠨ ᠳᠤ ᠪᠠᠨ | ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠣᠨᠴᠠᠯᠢᠭ ᠪᠠ ᠳᠠᠪᠠᠭᠤᠯᠢᠭ ᠢᠶᠠᠨ ᠭᠦᠶᠴᠡᠳ | ᠪᠠᠳᠠᠷᠠᠭᠤᠯᠤᠨ᠂ ᠲᠣᠰ ᠪᠡᠶ᠎ᠡ ᠶᠢᠨ ᠰᠤᠷᠤᠯᠴᠠᠯᠭ᠎ᠠ ᠪᠠ ᠦᠶᠯᠡᠳᠦᠯᠭᠡ ᠪᠠᠨ ᠲᠠᠰᠤᠷᠠᠯᠲᠠ ᠥᠬᠡᠶ ᠴᠢᠩᠭᠠᠳᠬᠠᠵᠤ᠂ | ᠭᠡᠰᠢᠭᠦᠳ ᠲᠠᠢ ᠪᠠᠨ ᠬᠠᠷᠢᠯᠴᠠᠭ᠎ᠠ ᠪᠠᠨ ᠴᠢᠩᠭᠠᠳᠬᠠᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠲᠤᠰᠬᠠᠵᠤ᠂ ᠭᠡᠰᠢᠭᠦᠳ ᠤᠨ ᠦᠨ᠎ᠡ ᠥᠷᠲᠡᠭ᠂ ᠴᠤᠭ ᠵᠢᠪᠬᠤᠭ᠎ᠠ ᠶᠢ ᠢᠯᠡᠷᠡᠭᠦᠯᠵᠦ᠂ ᠤᠯᠤᠰ ᠲᠥᠷᠥ ᠶᠢᠨ | ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠪᠣᠶ ᠪᠤᠯᠭᠠᠵᠤ᠂ ᠰᠢᠯᠤᠭᠤᠨ ᠬᠥᠬᠡ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠬᠡᠵᠡᠭᠡᠯᠠ᠃ | |