| ᠬᠠᠮ ᠵᠠᠭᠤᠴᠢᠯᠠᠭᠤᠠᠷ ᠤᠨ ᠰᠣᠷᠪᠣᠯᠵᠢᠯᠠᠬᠴᠢ ᠮᠥᠴᠢᠷ | 1 ᠰᠠᠷ᠎ᠠ ᠶᠢᠨ 6 ᠤ ᠥᠳᠡ ᠶᠢᠨ ᠡᠮᠥᠨ᠎ᠡ᠂ ᠰᠢᠯᠤᠭᠤᠨ ᠬᠥᠬᠡ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ | ᠳᠤ ᠤᠷᠤᠯᠴᠠᠬᠤ ᠲᠥᠯᠥᠭᠡᠯᠡᠭᠴᠢᠳ ᠪᠥᠬᠦ ᠬᠤᠰᠢᠭᠤᠨ ᠤ ᠠᠷᠠᠳ ᠲᠥᠮᠡᠨ ᠤ ᠬᠥᠰᠡᠯ ᠨᠠᠶᠢᠳᠠᠯᠭ᠎ᠠ ᠶᠢ ᠬᠥᠯᠢᠶᠡᠵᠣ | ᠶᠡᠭᠡ ᠬᠤᠷᠠᠯ ᠳᠤ ᠨᠡᠷ᠎ᠡ ᠮᠡᠳᠡᠬᠦᠯᠴᠡᠭᠡᠯᠡ᠃ | ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠠᠷᠠᠳ ᠣᠯᠠᠨ ᠤ ᠬᠥᠰᠡᠯ ᠨᠠᠶᠢᠳᠠᠯᠭ᠎ᠠ ᠶᠢ ᠶᠡᠭᠡ | ᠬᠤᠷᠠᠯ ᠳᠤ ᠲᠡᠪᠰᠢᠬᠦᠯᠵᠣ᠂ ᠳᠡᠭᠡᠳᠥ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠳᠤ ᠰᠡᠳᠬᠢᠯᠬᠡ ᠪᠠᠷ | ᠠᠷᠢᠭᠤᠨ ᠳᠠᠷᠬᠠᠨ ᠡᠬᠦᠷᠭᠡ ᠬᠠᠷᠢᠭᠤᠴᠠᠯᠭ᠎ᠠ ᠪᠠᠨ ᠬᠥᠢᠴᠡᠳᠭᠡᠵᠦ᠂ ᠰᠢᠯᠤᠭᠤᠨ ᠬᠥᠬᠡ ᠬᠤᠰᠢᠭᠤᠨ ᠤ ᠠᠵᠦ ᠠᠬᠤᠢ | ᠨᠡᠶᠢᠭᠡᠮ ᠤᠨ ᠴᠢᠨᠠᠷ ᠰᠠᠶᠢᠳᠠᠢ ᠬᠥᠭᠵᠢᠯᠳᠡ ᠳᠤ ᠠᠷᠭ᠎ᠠ ᠪᠤᠳᠤᠯᠭ᠎ᠠ ᠪᠠᠨ ᠳᠡᠪᠰᠢᠬᠦᠯᠬᠦ ᠪᠤᠯᠤᠨ᠎ᠠ᠃ | ᠨᠡᠷ᠎ᠡ ᠮᠡᠳᠡᠬᠦᠯᠬᠦ ᠠᠬᠤᠢ ᠳᠠᠯᠠᠪᠠᠢ ᠳᠤ᠂ ᠲᠥᠯᠥᠭᠡᠯᠡᠭᠴᠢᠳ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠱᠠᠭᠠᠷᠳᠠᠯᠭ᠎ᠠ ᠶᠤᠰᠤᠭᠠᠷ᠂ ᠠᠮᠠᠪᠴᠢ ᠵᠡᠬᠦᠵᠦ᠂ ᠪᠡᠶ᠎ᠡ ᠶᠢᠨ ᠬᠠᠯᠠᠭᠤᠨ ᠢᠶᠠᠨ ᠬᠡᠮᠵᠢᠬᠦᠯᠵᠦ᠂ | ᠠᠶᠠᠯᠠᠯ ᠤᠨ ᠺᠤᠲ᠂ ᠡᠷᠡᠬᠦᠯ ᠮᠡᠨᠳᠥ ᠶᠢᠨ ᠺᠤᠲ ᠶᠢ ᠰᠢᠷᠪᠢᠵᠦ᠂ ᠬᠤᠷᠠᠯ ᠤᠨ ᠶᠠᠪᠤᠳᠠᠯ ᠤᠨ ᠲᠤᠭᠤᠶᠢᠯᠠᠩ ᠤᠨ | ᠠᠵᠢᠯᠳᠠᠨ ᠤ ᠵᠢᠯᠤᠭᠤᠳᠤᠯᠭ᠎ᠠ ᠪᠠᠷ ᠨᠡᠷ᠎ᠡ ᠪᠠᠨ ᠮᠡᠳᠡᠬᠦᠯᠵᠣ᠂ ᠬᠤᠷᠠᠯ ᠳᠤ ᠤᠷᠤᠯᠴᠠᠬᠤ ᠥᠨᠡᠮᠯᠡᠯ᠂ ᠬᠤᠷᠠᠯ ᠤᠨ | ᠮᠠᠲ᠋ᠧᠷᠢᠶᠠᠯ ᠢᠶᠠᠨ ᠠᠪᠣᠴᠠᠭᠠᠵᠣ᠂ ᠪᠥᠬᠦᠶᠢᠯᠠ ᠠᠵᠢᠯ ᠡᠮᠬᠢ ᠴᠡᠭᠴᠠᠲ᠋ᠠᠢ ᠶᠠᠪᠤᠭᠳᠠᠵᠦ ᠪᠠᠶᠢᠯ᠎ᠠ᠃ ᠶᠡᠭᠡ ᠬᠤᠷᠠᠯ | ᠤᠨ ᠱᠠᠭᠠᠷᠳᠠᠯᠭ᠎ᠠ ᠶᠤᠰᠤᠭᠠᠷ᠂ ᠲᠥᠯᠥᠭᠡᠯᠡᠭᠴᠢᠳ ᠨᠡᠷ᠎ᠡ ᠮᠡᠳᠡᠬᠦᠯᠥᠭᠰᠡᠨ ᠤ ᠲᠠᠷᠠᠭ᠎ᠠ᠂ ᠬᠤᠷᠠᠯ ᠤᠨ ᠳᠠᠯᠠᠪᠠᠢ ᠪᠠ | ᠰᠠᠭᠤᠭ᠎ᠠ ᠭᠠᠵᠠᠷ ᠤᠨ ︽ᠬᠤᠶᠠᠷ ᠴᠡᠭ ᠨᠢᠭᠡ ᠱᠤᠭᠤᠮ︾ ᠤᠨ ᠪᠢᠳᠡᠬᠦᠮᠵᠢᠬᠦᠯᠥᠭᠰᠡᠨ ᠬᠡᠯᠪᠡᠷᠢ ᠶᠢᠨ ᠬᠠᠮᠢᠶᠠᠷᠤᠯᠳᠠ | ᠶᠠᠪᠤᠭᠳᠠᠭᠤᠯᠬᠤ ᠪᠤᠯᠤᠨ᠎ᠠ᠃ | |