ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ  ᠤᠨ ᠲᠥᠯᠥᠭᠡᠯᠡᠭᠴᠢᠳ  ᠤᠨ  ᠶᠡᠭᠡ ᠬᠤᠷᠠᠯ ᠤᠨ  ᠠᠩᠬᠠᠳᠤᠭᠠᠷ ᠬᠤᠷᠠᠯᠳᠣᠭᠠᠨ ᠤ ᠪᠡᠯᠡᠳᠬᠡᠯ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/7
                                                   ᠬᠠᠮ ᠵᠠᠭᠤᠴᠢᠯᠠᠭᠤᠷ ᠤᠨ ᠰᠤᠷᠪᠤᠯᠵᠢᠯᠠᠭᠴᠢ    ᠪᠤᠷᠤᠴᠡᠴᠡᠭ       1 ᠰᠠᠷ᠎ᠠ ᠶᠢᠨ 6 ᠤ ᠦᠳᠡ ᠶᠢᠨ ᠬᠤᠶᠢᠨ᠎ᠠ᠂ ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠪᠡᠯᠡᠳᠬᠡᠯ ᠬᠤᠷᠠᠯ ᠬᠤᠰᠢᠭᠤ ᠬᠤᠷᠠᠯ ᠤᠨ ᠲᠥᠪ ᠲᠤ ᠬᠤᠷᠠᠯᠳᠤᠪᠠ᠃ ᠯᠢ ᠪᠥᠸᠧ ᠹᠧᠩ᠂ ᠯᠢᠦ ᠰᠢᠶᠤᠤ ᠮᠢᠨ᠂ ᠭᠠᠩᠪᠦ᠋ᠬᠡ᠂ ᠹᠧᠩ ᠵᠢᠶᠠᠨ ᠵᠢᠶᠦ᠋ᠨ ᠵᠡᠷᠭᠡ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠰᠣᠶᠣᠯᠲᠤ ᠬᠤᠷᠠᠯ ᠢ ᠡᠷᠭᠢᠯᠡᠪᠡ  ᠃       ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠳᠤ ᠤᠷᠤᠯᠴᠠᠬᠤ ᠵᠤᠬᠢᠰᠳᠠᠢ ᠲᠥᠯᠥᠭᠡᠯᠡᠭᠴᠢ 162 ᠬᠥᠮᠦᠨ ᠪᠠᠶᠢᠵᠤ᠂ ᠪᠣᠳᠠᠲᠠᠢ 158  ᠲᠦᠯᠦᠭᠡᠯᠡᠭᠴᠢ ᠤᠷᠤᠯᠴᠠᠵᠤ  ᠂ ᠬᠠᠤᠯᠢ ᠶᠢᠨ ᠲᠣᠭᠲᠠᠭᠠᠯ ᠳᠤ ᠨᠡᠶᠢᠴᠡᠪᠡ  ᠃     ᠬᠤᠷᠠᠯ ᠳᠤ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠬᠠᠯᠠᠬᠤ ᠪᠡᠯᠡᠳᠬᠡᠯ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠲᠡᠷᠢᠭᠦᠯᠡᠭᠴᠢᠳ ᠤᠨ ᠪᠦᠯᠬᠦᠮ᠂ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠦᠯ︶᠂ ᠶᠡᠭᠡ ᠬᠤᠷᠠᠯ ᠤᠨ ᠵᠥᠪᠯᠡᠬᠦ ᠵᠦᠶᠯ  ︵ᠲᠥᠰᠦᠯ︶᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠨᠡᠷᠡᠰ ︵ᠲᠥᠰᠦᠯ︶ ᠂ ᠲᠥᠯᠥᠪᠯᠡᠭᠡ ᠲᠥᠰᠦᠪ ᠢ  ᠬᠢᠨᠠᠨ  ᠪᠠᠶᠢᠴᠠᠭᠠᠬᠤ  ᠵᠥᠪᠯᠡᠯ ᠤᠨ  ᠨᠡᠷᠡᠰ ︵ᠲᠥᠰᠦᠯ︶ ᠢ ᠬᠢᠨᠠᠨ ᠵᠥᠪᠯᠡᠵᠦ ᠪᠠᠲᠤᠯᠠᠨ᠂ ᠡᠯ᠎ᠡ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ᠂ ᠳᠡᠳ᠋ ᠳᠠᠷᠤᠭ᠎ᠠ ᠶᠢᠨ ᠨᠡᠷᠡᠰ ᠢ ᠤᠩᠰᠢᠨ ᠨᠡᠶᠢᠲᠡᠯᠡᠪᠡ  ᠃     ᠪᠡᠯᠡᠳᠬᠡᠯ ᠬᠤᠷᠠᠯ ᠠᠴᠠ ᠡᠮᠦᠨ᠎ᠡ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠪᠣᠯᠪᠠᠰᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ  ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠤᠩᠭᠤᠭᠤᠯᠢ ᠶᠢᠨ ᠺᠣᠮᠢᠰ ᠤᠨ ᠠᠯᠪᠠᠨ ᠬᠡᠷ ᠤᠨ ᠡᠷᠬᠢᠯᠡᠭᠴᠢ ᠢᠦ᠋ᠶ ᠶᠦᠩ ᠴᠠᠩ《ᠮᠠᠨ ᠤ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠲᠦᠷᠢᠮ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ 》ᠭᠡᠬᠦ ᠰᠡᠳᠦᠪ ᠢᠶᠠᠷ᠂ ᠭᠤᠤᠯᠳᠠᠭᠤ ᠮᠠᠨ ᠤ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ  ᠤᠨ ᠭᠤᠤᠯ ᠠᠭᠤᠯᠭ᠎ᠠ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ  ᠤᠨ ᠵᠣᠷᠢᠭ ᠰᠠᠨᠠᠭ᠎ᠠ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠡᠷᠭᠡ ᠭᠤᠷᠪᠠᠨ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠪᠠ  ᠃ ᠬᠤᠰᠢᠭᠤ ᠨᠠᠮ ᠤᠨ ᠬᠤᠷᠢᠶᠠᠨ  ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ  ᠤᠨ ᠣᠷᠣᠯᠠᠭᠴᠢ ᠡᠷᠬᠢᠯᠡᠭᠴᠢ ᠵᠣᠣ ᠵᠢᠶᠠᠨ ᠳ᠋ᠦᠩ ᠬᠤᠭᠤᠴᠠᠭ᠎ᠠ ᠬᠠᠯᠠᠬᠤ ᠰᠠᠬᠢᠯᠭ᠎ᠠ ᠪᠠᠲᠤ ᠶᠢ ᠴᠢᠩᠳᠠᠯᠠᠬᠤ᠂ ᠬᠤᠭᠤᠴᠠᠭ᠎ᠠ ᠬᠠᠯᠠᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠬᠠᠨ ᠹᠧᠨ ᠪᠥᠬᠦ ᠲᠥᠯᠥᠭᠡᠯᠡᠭᠴᠢᠳ ᠤᠯᠤᠰ ᠲᠥᠷᠥ ᠶᠢᠨ ᠰᠠᠬᠢᠯᠭ᠎ᠠ ᠪᠠᠲᠤ ᠶᠢ ᠪᠠᠲᠤ ᠪᠠᠬᠢ ᠪᠣᠶ ᠪᠣᠯᠭᠠᠵᠤ᠂ ᠬᠤᠭᠤᠴᠠᠭ᠎ᠠ ᠬᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠶᠴᠡᠳᠬᠡᠬᠦ ᠲᠤᠬᠠᠢ ᠴᠢᠩᠭᠠᠳᠬᠠᠪᠠ᠃       ᠵᠠᠯᠭᠠᠭᠠᠳ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯ ᠢ ᠬᠤᠷᠠᠯᠳᠤᠭᠤᠯᠵᠤ᠂ ᠬᠤᠯᠪᠣᠭᠳᠠᠯ ᠪᠦᠬᠦᠢ ᠲᠥᠰᠦᠯ ᠢ ᠪᠠᠲᠤᠯᠠᠪᠠ  ᠃  ᠲᠠᠷᠠᠭ᠎ᠠ ᠨᠢ  ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠪᠣᠯᠪᠠᠰᠤᠷᠠᠯ ᠬᠢᠵᠦ᠂  ᠬᠤᠰᠢᠭᠤ ᠠᠷᠪᠠᠨ ᠨᠢᠭᠡᠳᠦᠭᠡᠷ ᠬᠤᠭᠤᠴᠠᠭ᠎ᠠ ᠠᠴᠠ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠦᠷᠭᠦᠯᠵᠢᠯᠡᠨ ᠲᠤᠰᠢᠶᠠᠯ ᠡᠭᠦᠷᠭᠡᠯᠡᠭᠰᠡᠨ ᠲᠥᠯᠥᠭᠡᠯᠡᠭᠴᠢ ᠵᠠᠩ ᠬᠠᠶ ᠹᠧᠩ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠲᠤᠷᠰᠢᠯᠭ᠎ᠠ ᠪᠠᠨ  ᠬᠤᠪᠢᠶᠠᠯᠴᠠᠵᠠᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号