ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠤᠳᠠᠭᠠᠨ ᠤ  ᠬᠤᠷᠠᠯᠳᠤᠭᠠᠨ ᠥᠪᠡᠳᠡᠭᠰᠢ ᠶᠡᠭᠡ ᠪᠠᠷ ᠬᠤᠷᠠᠯᠳᠤᠵᠤ ᠡᠬᠢᠯᠡᠯ᠎ᠡ
ᠨᠡᠶᠢᠲᠡᠯᠡᠭᠰᠡᠨ ᠴᠠᠭ᠄
2022/1/7
                   ᠬᠠᠮ ᠵᠠᠭᠤᠴᠢᠯᠠᠭᠤᠷ ᠤᠨ ᠰᠤᠷᠪᠤᠯᠵᠢᠯᠠᠬᠴᠢ  ᠸᠠᠩ ᠢᠦᠢ   ᠠᠶᠠᠰ   ᠣᠴᠢ    1 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠦᠪᠡᠳᠡᠭᠰᠢ ᠶᠡᠭᠡ ᠪᠠᠷ ᠡᠬᠢᠯᠡᠪᠡ᠃     ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ  ᠤ  ᠠᠩᠬᠠᠳᠤᠭᠠᠷ ᠬᠤᠷᠠᠯᠳᠤᠭᠠᠨ ᠳᠤ  ᠤᠷᠤᠯᠴᠠᠬᠤ ᠵᠤᠬᠢᠰᠳᠠᠢ ᠭᠡᠰᠢᠬᠦᠨ ᠨᠡᠶᠢᠳᠠ 139  ᠨᠡᠷ᠎ᠠ ᠪᠠᠶᠢᠵᠤ᠂ ᠪᠣᠳᠠᠲᠠᠢ 135 ᠬᠥᠮᠦᠨ ᠣᠷᠣᠯᠴᠠᠵᠣ᠂  ᠬᠠᠤᠯᠢ ᠶᠢᠨ ᠲᠤᠠᠠᠳᠠᠭᠠᠯ  ᠳᠤ ᠨᠡᠶᠢᠴᠡᠭᠰᠡᠨ ᠪᠠᠶᠢᠨ᠎ᠠ᠃     ᠠᠶᠢᠮᠠᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠱᠠᠭᠠᠷᠳᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠷᠧᠨ ᠢᠦᠶ ᠴᠧᠩ᠂ ᠠᠶᠢᠮᠠᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠱᠠᠭᠠᠷᠳᠠᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ ᠳ᠋ᠦ᠋ ᠰᠢᠶᠤᠤ ᠵᠢᠶᠦ᠋ᠨ᠂ ᠠᠶᠢᠮᠠᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠱᠠᠭᠠᠷᠳᠠᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠴᠧᠨ ᠭᠧᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃     ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠯᠢᠦ ᠰᠢᠶᠣᠤ ᠮᠢᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠣᠶᠣᠯᠲᠤ ᠪᠣᠯᠤᠨ  ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠦᠳᠡ ᠶᠢᠨ ᠡᠮᠦᠨᠡᠬᠢ 9 ᠴᠠᠭ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ  ᠳᠠᠭᠤᠨ ᠤ ᠳᠤᠮᠳᠠ ᠦᠪᠡᠳᠡᠭᠰᠢ ᠶᠡᠭᠡ ᠪᠠᠷ ᠡᠬᠢᠯᠡᠵᠣ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠲᠤᠭᠤᠶᠢᠯᠠᠩ ᠤᠨ ᠭᠡᠰᠢᠭᠦᠨ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠶᠢᠨ ᠱᠠᠨ ᠬᠤᠷᠠᠯ ᠢ  ᠡᠷᠬᠢᠯᠡᠪᠡ᠃     ᠭᠠᠩᠪᠦ᠋ᠬᠡ ᠤᠯᠤᠰ ᠲᠦᠷᠦ ᠶᠢᠨ ᠵᠥᠪᠯᠡᠯᠭᠡᠨ ᠤ ᠰᠢᠯᠤᠭᠤᠨ ᠬᠦᠬᠡ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃      ᠢᠯᠡᠳᠬᠡᠯ ᠨᠢ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠣ᠂ ᠦᠵᠡᠯ ᠰᠠᠨᠠᠭ᠎ᠠ ᠪᠠᠨ ᠲᠠᠰᠤᠷᠠᠯᠳᠠ ᠵᠡᠪᠰᠡᠭᠯᠡᠭᠰᠡᠨ᠂ ᠤᠪᠤᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢ ᠬᠦᠢᠴᠡᠳ ᠪᠠᠳᠠᠷᠠᠭᠤᠯᠤᠭᠰᠠᠨ᠂  ᠶᠡᠭᠡ ᠲᠠᠯ᠎ᠠ ᠶᠢᠨ ᠲᠤᠭᠤᠷᠢᠨ   ᠳᠤ᠂ ᠠᠷᠠᠳᠴᠢᠯᠠᠯ   ᠢᠶᠠᠷ ᠵᠦᠪᠯᠡᠬᠦ ᠠᠵᠢᠯ ᠰᠢᠨ᠎ᠠ ᠠᠬᠢᠴᠠ ᠲᠠᠢ  ᠪᠤᠯᠤᠭᠰᠠᠨ᠂ ᠦᠷ᠎ᠡ ᠪᠦᠲᠦᠮᠵᠢ ᠶᠢ ᠦᠨᠡᠨ ᠬᠦ ᠲᠡᠭᠡᠭᠰᠢᠯᠡᠬᠦᠯᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠰᠢᠨ᠎ᠡ ᠲᠦᠷᠰᠦ ᠪᠠᠶᠢᠳᠠᠯ ᠢ ᠪᠤᠢ ᠪᠤᠯᠭᠠᠭᠰᠠᠨ᠂ ᠬᠤᠤᠰ ᠴᠢᠭᠯᠡᠯ ᠢᠶᠠᠷ ᠬᠦᠴᠦᠯᠡᠬᠦ ᠶᠢ ᠴᠢᠬᠤᠯᠠᠴᠢᠯᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠠᠯ᠎ᠠ ᠳᠤ ᠰᠢᠨ᠎ᠡ ᠬᠤᠪᠢ ᠨᠡᠮᠡᠷᠢ ᠦᠵᠡᠬᠦᠯᠦᠭᠰᠡᠨ᠂ ᠠᠵᠢᠯ ‍ᠤᠨ‌‍ᠰᠠᠭᠤᠷᠢ ᠪᠠᠨ  ᠪᠠᠳᠤᠳᠬᠠᠨ᠂ ᠲᠤᠰ ᠪᠡᠶ᠎ᠡ ᠶᠢᠨ ᠪᠠᠶᠢᠭᠤᠯᠤᠯᠲᠠ  ᠶᠢ ᠴᠢᠩᠭᠠᠳᠬᠠᠭᠰᠠᠨ  ᠵᠡᠷᠭᠡ ᠵᠢᠷᠭᠤᠭᠠᠨ ᠲᠠᠯ᠎ᠠ ᠪᠠᠷ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠪᠦᠬᠦ ᠲᠠᠯ᠎ᠠ ᠪᠠᠷ ᠳ᠋ᠦᠩᠨᠡᠨ ᠡᠷᠭᠢᠴᠡᠭᠦᠯᠪᠡ᠃     ᠢᠯᠡᠳᠬᠡᠯ ᠳᠤ ᠵᠢᠭᠠᠬᠤ ᠳᠠᠭᠠᠨ᠂ ᠬᠤᠶᠢᠰᠢᠳᠠ ᠶᠢᠨ ᠲᠠᠪᠤᠨ ᠵᠢᠯ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ   ᠨᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ  ᠮᠠᠨᠳᠣᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ  ᠲᠡᠤᠬᠡᠨ‌‍ᠲ᠋ᠤᠷᠰᠢᠯᠭ᠎ᠠ ᠠᠴᠠ ᠣᠶᠤᠨ ᠤᠬᠠᠭᠠᠨ ᠪᠠ ᠬᠦᠴᠦᠨ ᠴᠢᠳᠠᠯ   ᠢ ᠰᠢᠩᠭᠡᠭᠡᠨ ᠠᠪᠴᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ  ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ  ᠂ ᠲᠠᠪᠤᠳᠤᠭᠠᠷ  ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ   ᠶᠢ ᠪᠥᠬᠦ ᠲᠠᠯ᠎ᠠ ᠪᠠᠷ ᠳᠣᠭᠤᠰᠢᠯᠠᠭᠤᠯᠣᠨ᠂  ᠰᠢ ᠶᠢᠨ ᠫᠢᠩ‌‍ᠶᠡᠷᠦᠩᠬᠡᠢ ᠱᠦᠵᠢ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠨᠠᠶᠢᠳᠠᠪᠣᠷᠢᠵᠢᠭᠤᠯᠣᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠣ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂  ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ  ᠬᠤᠤᠰ ᠴᠢᠭᠯᠡᠯ ᠢᠶᠠᠷ  ᠬᠦᠴᠦᠯᠡᠵᠤ᠂  ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ  ᠪᠠᠷᠢᠮᠲᠠᠯᠠᠵᠣ᠂ ᠤᠯᠤᠰ ᠲᠥᠷᠥ ᠪᠠᠷ ᠵᠦᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠨ  ᠵᠠᠰᠠᠭ ᠤᠨ ᠬᠡᠷᠡᠭ ᠢ ᠵᠥᠪᠯᠡᠬᠦ ᠬᠢᠷᠢ ᠲᠦᠪᠰᠢᠨ ᠢᠶᠠᠨ ᠲᠡᠭᠡᠭᠰᠢᠯᠡᠬᠦᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂  ᠬᠤᠰᠢᠭᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠱᠠᠭᠠᠷᠳᠠᠯᠭ᠎ᠠ ᠶᠢ  ᠨᠠᠶᠢᠳᠠᠪᠣᠷᠢᠵᠢᠭᠤᠯᠵᠤ᠂ ᠰᠢᠯᠤᠭᠤᠨ ᠬᠥᠬᠡ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ  ᠰᠢᠨ᠎ᠡ ᠬᠤᠪᠢ ᠨᠡᠮᠡᠷᠢ ᠦᠵᠡᠬᠦᠯᠬᠦ ᠪᠠᠷ ᠶᠠᠷᠦᠩᠬᠡᠢ ᠱᠠᠭᠠᠷᠳᠠᠯᠭ᠎ᠠ ᠪᠤᠯᠭᠠᠨ᠎ᠠ  ᠭᠡᠯ᠎ᠡ᠃      ᠬᠤᠶᠢᠰᠢᠳᠠ ᠶᠢᠨ ᠲᠠᠪᠤᠨ ᠵᠢᠯ ᠤᠨ ᠬᠠᠷᠠᠯᠳᠠ ᠡᠬᠦᠷᠭᠡ ᠶᠢᠨ ᠲᠠᠯ᠎ᠠ ᠳᠤ᠂ ᠢᠯᠡᠳᠭᠡᠯ ᠳᠤ ᠵᠢᠭᠠᠭᠰᠠᠨ ᠨᠢ᠄ ᠨᠢᠬᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠵᠥᠪ‌‍ᠴᠢᠭᠯᠡᠯ ᠢ ᠢᠮᠠᠭᠲᠠ  ᠪᠠᠷᠢᠮᠳᠠᠯᠠᠨ᠎ᠠ᠃  ᠬᠤᠶᠠᠷ ᠲᠤ᠂ ᠭᠤᠣᠯ ᠵᠠᠩᠬᠢᠯᠠᠭ᠎ᠠ ᠶᠢ ᠡᠵᠡᠮᠳᠡᠵᠦ᠂  ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ  ᠬᠤᠶᠠᠷ ᠲᠠᠯ᠎ᠠ ᠳᠤ ᠬᠦᠴᠦᠯᠡᠬᠦ ᠶᠢ ᠪᠠᠷᠢᠮᠳᠠᠯᠠᠨ᠎ᠠ᠃ ᠭᠤᠷᠪᠠ ᠳᠤ᠂ ᠰᠢᠨᠵᠢ ᠴᠢᠨᠠᠷ  ᠪᠠᠶᠢᠷᠢ ᠲᠣᠭᠲᠠᠭᠠᠯᠲᠠ ᠪᠠᠨ ᠵᠦᠪ ᠤᠨᠤᠪᠴᠢᠳᠠᠢ ᠡᠵᠡᠮᠳᠡᠵᠦ᠂ ᠲᠤᠰᠬᠠᠢ ᠵᠦᠪᠳᠡᠯᠴᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠎ᠠ︔ ᠲᠦᠷᠪᠡ ᠳᠤ᠂  ᠪᠠᠶᠢᠭᠤᠯᠤᠯ ᠤᠨ ᠳᠤᠭᠳᠠᠯᠴᠠᠭ᠎ᠠ ᠪᠠᠨ ᠲᠡᠭᠦᠯᠳᠡᠷᠵᠢᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠤᠨ ᠰᠢᠰᠲ᠋ᠧᠮ ᠤᠨ ᠦᠢᠯᠡᠳᠦᠯ  ᠴᠢᠳᠠᠪᠬᠢ ᠶᠢ ᠴᠢᠩᠭᠠᠳᠬᠠᠨ᠎ᠠ᠃ ᠲᠠᠪᠤ ᠳᠤ᠂  ᠬᠠᠷᠢᠭᠤᠴᠠᠯᠭᠠᠳᠣ ᠰᠡᠳᠬᠢᠯᠬᠡ ᠪᠠᠨ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠭᠤᠣᠯ ᠴᠣᠭᠴᠠ ᠶᠢᠨ ᠦᠢᠯᠡᠳᠦᠯ ᠢ ᠰᠠᠶᠢᠲᠤᠷ  ᠪᠠᠳᠠᠷᠠᠭᠤᠯᠤᠨ᠎ᠠ᠃ ᠵᠢᠷᠭᠤᠭ᠎ᠠ ᠳᠤ᠂ ᠠᠷᠠᠳ ᠤᠨ ᠠᠮᠢᠳᠤᠷᠠᠯ ᠲᠠᠢ ᠰᠡᠳᠬᠢᠯ ᠢᠶᠠᠨ ᠬᠤᠯᠪᠤᠨ᠂ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ  ᠪᠠᠷᠢᠮᠳᠠᠯᠠᠨ᠎ᠠ᠃  ᠲᠤᠯᠤᠭ᠎ᠠ ᠳᠤ᠂ ᠪᠠᠶᠢᠭᠤᠯᠭ᠎ᠠ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠬᠡᠨ ᠤ ᠦᠢᠯᠡᠳᠦᠯ ᠢ ᠨᠡᠩ ᠰᠠᠶᠢᠲᠤᠷ  ᠪᠠᠳᠠᠷᠠᠭᠤᠯᠤᠨ᠎ᠠ᠃      ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠼᠦᠢ ᠮᠢᠩ ᠬᠤᠸᠠ ᠤᠯᠤᠰ ᠲᠦᠷᠦ ᠶᠢᠨ ᠵᠥᠪᠯᠡᠯᠭᠡᠨ ᠤ ᠰᠢᠯᠤᠭᠤᠨ ᠬᠦᠬᠡ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠬᠦᠯᠦᠯᠳᠡ ᠬᠢᠪᠡ᠃  ᠮᠡᠳᠡᠬᠦᠯᠦᠯᠳᠡ ᠳᠤ ᠵᠢᠭᠠᠬᠤ ᠳᠠᠭᠠᠨ᠂ ᠳᠥᠷᠪᠡᠨ ᠵᠢᠯ ᠤᠨ ᠲᠤᠷᠰᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠨᠡᠶᠢᠲᠡ 420 ᠬᠤᠪᠢ ᠰᠠᠨᠠᠯ ᠳᠤᠷᠠᠳᠤᠯᠭ᠎ᠠ ᠶᠢ ᠭᠥᠯᠢᠶᠡᠨ ᠠᠪᠴᠤ᠂ ᠬᠢᠨᠠᠨ ᠪᠠᠶᠢᠴᠠᠭᠠᠬᠤ ᠪᠠᠷ ᠳᠡᠮᠵᠢᠨ 399 ᠬᠤᠪᠢ ᠰᠠᠨᠠᠯ ᠳᠤᠷᠠᠳᠤᠯᠭ᠎ᠠ ᠶᠢ ᠳᠡᠩᠰᠡᠯᠡᠵᠦ᠂ ᠰᠢᠶᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ᠂ ᠬᠠᠨᠤᠮᠵᠢᠲᠠᠶ ᠨᠣᠷᠮ᠎ᠠ ᠨᠢ ᠴᠥᠮ 100 % ᠳᠤ ᠬᠦᠷᠴᠡᠶ᠃ ᠲᠦᠷᠪᠡᠨ ᠵᠢᠯ ᠤᠨ ᠲᠤᠷᠰᠢ᠂ ᠰᠠᠨᠠᠯ ᠳᠤᠷᠠᠳᠤᠯᠭ᠎ᠠ ᠶᠢᠨ ᠠᠵᠢᠯ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠵᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠪᠠ︔ ᠰᠣᠶᠣᠯ ᠤᠨ ᠣᠯᠠᠮᠵᠢᠯᠠᠯ ᠢ ᠠᠩᠬᠠᠷᠴᠤ᠂ ᠰᠣᠶᠣᠯ ᠤᠨ ᠴᠡᠴᠡᠭᠯᠡᠨ ᠬᠦᠭᠵᠢᠯᠳᠡ ᠶᠢ ᠠᠬᠢᠭᠤᠯᠪᠠ︔ ᠠᠷᠠᠳ ᠤᠨ ᠠᠮᠢᠳᠤᠷᠠᠯ ᠤᠨ ᠠᠰᠠᠭᠤᠳᠠᠯ ᠢ ᠬᠠᠯᠠᠮᠵᠢᠯᠠᠵᠤ᠂ ᠡᠶ᠎ᠡ  ᠵᠤᠬᠢᠴᠠᠯᠳᠤ ᠰᠢᠯᠤᠭᠤᠨ ᠬᠥᠬᠡ  ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠪᠠ᠃ ᠣᠷᠴᠢᠨ ᠲᠣᠭᠤᠷᠢᠨ ᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠶᠯᠡᠳᠦᠯ ᠦᠵᠡᠭᠦᠯᠪᠡ ᠭᠡᠰᠡᠨ ᠪᠠᠶᠢᠨ᠎ᠠ᠃      ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠬᠠᠮᠠᠳ ᠤᠳᠤᠷᠢᠳᠤᠯᠭ᠎ᠠ᠂ ᠰᠢᠯᠤᠭᠤᠨ ᠬᠥᠬᠡ ᠬᠤᠰᠢᠭᠤᠨ ᠳᠤ ᠰᠠᠭᠤᠭ᠎ᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号