ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠬᠢᠵᠢᠭ ᠢ ᠰᠡᠷᠭᠡᠶᠢᠯᠡᠬᠦ ᠠᠵᠢᠯ ᠢ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/10/1
          ᠤᠯᠤᠰ ᠤᠨ ᠪᠠᠶᠠᠷ ᠤᠨ ᠠᠮᠠᠷᠠᠯᠲᠠ ᠤᠳᠠᠯ ᠥᠬᠡᠶ ᠬᠦᠷᠴᠦ ᠢᠷᠡᠬᠦ ᠪᠣᠯᠤᠯ᠎ᠠ᠂ ᠪᠥᠬᠦ ᠬᠤᠰᠢᠭᠤᠨ ᠤ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠬᠤᠲᠠᠯᠠ ᠣᠯᠠᠨ ᠢᠶᠠᠷ ᠢᠶᠠᠨ ᠡᠷᠡᠭᠦᠯ ᠡᠩᠬᠡ ᠪᠠᠷ ᠪᠠᠶᠠᠷ ᠲᠤᠷᠠᠰᠬᠠᠯ ᠤᠨ ᠡᠳᠦᠷ ᠢᠶᠠᠨ ᠥᠩᠭᠡᠷᠡᠭᠦᠯᠬᠦ ᠶᠢᠨ ᠲᠤᠯᠠᠳᠠ᠂ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠲᠥᠰᠦᠯ ︵ᠶᠢᠰᠦᠳᠦᠭᠡᠷ ᠬᠡᠪᠯᠡᠯ︶︾ ︽ᠰᠢᠯᠢ ᠶᠢᠨ ᠭᠤᠤᠯ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠭᠠᠷ ᠳᠡᠪᠲᠡᠷ 2.0 ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠣᠭᠠᠷ᠂ ᠡᠳᠦᠭᠡ ᠬᠠᠮᠢᠶ᠎ᠠ ᠪᠥᠬᠦᠶ ᠵᠦᠢᠯᠡᠰ ᠢ ᠮᠡᠳᠡᠭᠳᠡᠶ᠎ᠡ᠄           ᠨᠢᠭᠡ᠂ ᠪᠠᠶᠢᠭ᠎ᠠ ᠭᠠᠵᠠᠷ ᠲᠠᠭᠠᠨ ᠠᠮᠠᠷᠠᠯᠲᠠ ᠪᠠᠨ ᠥᠩᠭᠡᠷᠡᠭᠦᠯᠬᠦ ᠶᠢ ᠰᠠᠨᠠᠭᠠᠴᠢᠯᠠᠵᠤ ᠪᠠᠶᠢᠨ᠎ᠠ᠃ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠣᠯᠤᠨ ᠥᠷᠭᠡᠨ ᠣᠯᠠᠨ ᠰᠠᠭᠤᠭᠠᠯᠢ ᠠᠷᠠᠳ ᠪᠠᠶᠢᠭ᠎ᠠ ᠭᠠᠵᠠᠷ ᠲᠠᠭᠠᠨ ᠠᠮᠠᠷᠠᠯᠲᠠ ᠪᠠᠨ ᠥᠩᠭᠡᠷᠡᠭᠦᠯᠦᠭᠡᠷᠡᠢ᠂ ᠴᠢᠬᠤᠯᠠ ᠱᠠᠭᠠᠷᠳᠠᠯᠭ᠎ᠠ ᠦᠭᠡᠶ ᠪᠣᠯ ᠬᠤᠰᠢᠭᠤ ᠠᠴᠠ ᠪᠠᠨ ᠰᠠᠯᠬᠤ ᠦᠭᠡᠶ᠂ ᠠᠶᠢᠮᠠᠭ ᠠᠴᠠ ᠪᠠᠨ ᠭᠠᠷᠬᠤ ᠦᠭᠡᠶ ᠪᠠᠶᠢᠬᠤ ᠶᠢ ᠰᠠᠨᠠᠭᠠᠴᠢᠯᠠᠵᠤ ᠪᠠᠶᠢᠨ᠎ᠠ᠃ ᠣᠯᠠᠨ ᠢᠶᠠᠷ ᠢᠶᠠᠨ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠪᠠ ᠳᠤᠮᠳᠠ ᠥᠨᠳᠥᠷ ᠳᠡᠰ ᠤᠨ ᠬᠢᠵᠢᠭ ᠤᠨ ᠲᠦᠭᠰᠢᠭᠦᠷᠢᠲᠦ ᠭᠠᠵᠠᠷ ᠣᠷᠣᠨ ᠢ ᠨᠢᠭᠲᠠ ᠠᠩᠬᠠᠷᠴᠤ᠂ ᠳᠤᠮᠳᠠ ᠥᠨᠳᠥᠷ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠪᠠ 7 ᠬᠤᠨᠤᠭ ᠤᠨ ᠳᠣᠲᠣᠷ᠎ᠠ 1 ᠪᠣᠶᠣ 1 ᠠᠴᠠ ᠳᠡᠭᠡᠭᠰᠢᠬᠢ ᠲᠣᠭᠠᠨ ᠤ ᠬᠠᠯᠳᠠᠪᠤᠷᠢᠯᠠᠭᠰᠠᠳ ᠢᠯᠡᠷᠡᠭᠰᠡᠨ ᠰᠢᠶᠠᠨ ︵ᠬᠤᠲᠠ᠂ ᠲᠣᠭᠤᠷᠢᠭ᠂ ᠬᠤᠰᠢᠭᠤ︶ ᠳᠤ ᠣᠴᠢᠬᠤ ᠥᠬᠡᠶ ᠪᠠᠶᠢᠬᠤ ᠶᠢ ᠬᠦᠰᠡᠵᠦ ᠪᠠᠶᠢᠨ᠎ᠠ᠃           ᠬᠤᠶᠠᠷ᠂ ᠠᠶᠠᠯᠠᠯ ᠤᠨ ᠵᠠᠮ ᠮᠥᠷ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠭᠡᠷᠡᠢ᠃ ᠠᠶᠢᠮᠠᠭ ᠤᠨ ᠭᠠᠳᠠᠨ᠎ᠠ ︵ᠪᠤᠴᠠᠵᠤ ᠢᠷᠡᠭᠰᠡᠨ︶ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠨ ᠪᠣᠯᠭᠠᠨ ᠡᠷᠬᠡᠪᠰᠢ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠪᠤᠶᠤ ᠪᠠᠭᠤᠳᠠᠯ ᠳᠤ ᠢᠶᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠨ᠂ 7 ᠬᠤᠨᠤᠭ ᠤᠨ ᠳᠣᠲᠣᠷ᠎ᠠ ᠬᠦᠮᠦᠨ ᠲᠠᠢ ᠴᠤᠭᠯᠠᠵᠤ ᠨᠡᠶᠢᠯᠡᠬᠦ ᠦᠭᠡᠢ᠂ ᠬᠥᠮᠦᠨ ᠬᠠᠷ᠎ᠠ ᠣᠯᠠᠨ ᠭᠠᠵᠠᠷ ᠣᠴᠢᠬᠤ ᠥᠬᠡᠶ ᠪᠠᠶᠢᠵᠤ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠲᠠᠢ ᠬᠠᠮᠵᠢᠯᠴᠠᠬᠤ ᠬᠡᠷᠡᠭᠲᠡᠶ᠃ ᠡᠯ᠎ᠡ ᠵᠠᠮ ᠬᠠᠷᠢᠯᠴᠠᠭᠠᠨ ᠤ ᠪᠣᠭᠤᠮᠲᠠ᠂ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠤ ᠥᠷᠲᠡᠭᠡ ᠨᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ᠂ ᠲᠠᠯᠠᠪᠤᠷ ᠤᠨ ᠺᠣᠳ᠋᠂ ᠠᠶᠠᠯᠠᠯ ᠤᠨ ᠺᠣᠳ᠋ ᠢ ᠴᠢᠩᠭ᠎ᠠ ᠪᠠᠶᠢᠴᠠᠭᠠᠨ ᠰᠢᠯᠭᠠᠬᠤ ᠶᠢᠨ ᠬᠠᠮᠲᠤ᠂ ᠲᠡᠷᠭᠡᠨ ᠠᠴᠠ ᠪᠠᠭᠤᠮᠠᠭᠴᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠳᠡᠢ᠃           ᠭᠤᠷᠪᠠ᠂ ᠪᠠᠶᠢᠩᠭᠤ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠬᠡᠷᠡᠭᠳᠡᠢ᠃ ᠡᠯ᠎ᠡ ᠲᠥᠷᠥᠯ ᠤᠨ ᠡᠵᠡᠩᠨᠡᠯᠲᠡ ᠶᠢᠨ ᠲᠠᠯᠠᠪᠤᠷ᠂ ᠣᠯᠠᠨ ᠨᠡᠶᠢᠲᠡ ᠶᠢᠨ ᠲᠠᠯᠠᠪᠤᠷ ᠨᠢ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠮᠠᠪᠴᠢ ᠵᠡᠭᠦᠬᠦ᠂ ᠠᠷᠢᠭᠤᠳᠬᠠᠨ ᠴᠡᠪᠡᠷᠯᠡᠬᠦ᠂ 1.5 ᠮᠧᠲᠷ ᠤᠨ ᠵᠠᠢ ᠶᠢ ᠪᠠᠷᠢᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠠᠴᠠ ᠪᠠᠨ ᠡᠮᠦᠨ᠎ᠡ ︽ᠰᠢᠯᠢᠨ ᠡᠷᠡᠭᠦᠯ ᠤᠨ ᠴᠣᠬᠤᠷ︾ ᠲᠠᠯᠠᠪᠤᠷ ᠭᠠᠵᠠᠷ ᠤᠨ ᠺᠣᠳ᠋᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢᠶᠠᠨ ᠰᠢᠯᠭᠠᠭᠤᠯᠬᠤ ᠬᠡᠷᠡᠭᠲᠡᠶ᠃ ᠵᠣᠴᠢᠳ ᠤᠨ ᠪᠠᠭᠤᠳᠠᠯ᠂ ᠤᠬᠢᠶᠠᠯᠭ᠎ᠠ ᠶᠢᠨ ᠲᠥᠪ ᠵᠡᠷᠭᠡ ᠪᠠᠭᠤᠳᠠᠯᠯᠠᠬᠤ ᠬᠤᠨᠣᠭᠯᠠᠬᠤ ᠭᠠᠵᠠᠷ ᠨᠢ ᠣᠷᠣᠵᠤ ᠰᠠᠭᠤᠬᠤ ᠬᠥᠮᠦᠰ ᠤᠨ ᠮᠡᠳᠡᠭᠡ ᠵᠠᠩᠭᠢ ᠶᠢ ᠨᠠᠷᠢᠨ ᠲᠡᠮᠳᠡᠭᠯᠡᠵᠦ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠬᠡᠷᠡᠭᠲᠡᠶ᠃ ᠺᠢᠨᠣ᠋ ᠲᠢᠶᠠᠲᠷ᠂ ᠰᠦᠯᠵᠢᠶᠡᠨ ᠪᠠᠭᠠᠷ᠂ KTV᠂ ᠪᠡᠶ᠎ᠡ ᠳᠠᠰᠬᠠᠯ ᠤᠨ ᠭᠠᠵᠠᠷ᠂ ᠲᠠᠮᠢᠷ ᠤᠨ ᠣᠷᠳᠣᠨ ᠵᠡᠷᠭᠡ ᠡᠯ᠎ᠡ ᠲᠥᠷᠥᠯ ᠤᠨ ᠰᠡᠯᠡᠭᠦᠴᠡᠯ ᠵᠤᠭ᠎ᠠ ᠴᠡᠩᠭᠡᠯ ᠤᠨ ᠭᠠᠵᠠᠷ ᠨᠢ ᠭᠥᠯᠢᠶᠡᠨ ᠠᠪᠬᠤ ᠬᠥᠮᠦᠨ ᠤ ᠲᠤᠭ᠎ᠠ ᠶᠢ ᠪᠠᠭᠲᠠᠭᠠᠮᠵᠢ ᠶᠢᠨ 75 % ᠠᠴᠠ ᠬᠡᠲᠦᠷᠡᠭᠦᠯᠵᠦ ᠪᠣᠯᠬᠤ ᠥᠬᠡᠶ᠃ ᠨᠠᠶᠢᠷ ᠬᠤᠷᠢᠮ ᠤᠨ ᠭᠠᠵᠠᠷ ᠨᠢ ᠲᠣᠮᠣ ᠬᠡᠯᠪᠡᠷᠢ ᠶᠢᠨ ᠳᠠᠶᠢᠯᠠᠯᠭ᠎ᠠ ᠶᠢ ᠳᠠᠭᠠᠭᠠᠨ ᠠᠪᠴᠤ ᠪᠣᠯᠬᠤ ᠦᠭᠡᠶ᠃ ᠬᠤᠳᠠᠯᠳᠤᠭᠠᠨ ᠤ ᠲᠠᠯᠠᠪᠤᠷ ᠴᠢᠯᠦᠭᠡᠲᠦ ᠳᠡᠯᠭᠡᠭᠦᠷ ᠨᠢ ᠰᠠᠯᠬᠢ ᠨᠡᠪᠲᠡᠷᠡᠭᠦᠯᠬᠦ ᠠᠷᠢᠭᠤᠳᠬᠠᠬᠤ᠂ ᠠᠮᠠᠪᠴᠢ ᠵᠡᠭᠦᠬᠦ᠂ ᠺᠣᠳ᠋ ᠤᠩᠰᠢᠭᠤᠯᠬᠤ ᠲᠡᠮᠳᠡᠭᠯᠡᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠮᠦᠨ ᠬᠠᠷ᠎ᠠ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠶ᠃ ᠪᠠᠷᠢᠯᠭ᠎ᠠ ᠶᠢᠨ ᠭᠠᠵᠠᠷ ᠨᠢ ᠠᠵᠢᠯᠴᠢᠨ ᠤ ᠠᠵᠢᠯ ᠪᠣᠯᠤᠨ ᠬᠤᠭᠤᠯᠠ ᠬᠤᠨᠤᠭ ᠢ ᠴᠢᠩᠭ᠎ᠠ ᠬᠠᠮᠢᠶᠠᠷᠬᠤ ᠬᠡᠷᠡᠭᠲᠡᠶ᠃ ᠵᠢᠭᠤᠯᠴᠢᠯᠠᠯ ᠤᠨ ᠭᠠᠵᠠᠷ᠂ ᠨᠣᠮ ᠤᠨ ᠰᠠᠩ᠂ ᠮᠦᠽᠧᠶ ᠵᠡᠷᠭᠡ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ︽ᠬᠦᠮᠦᠨ ᠴᠤᠪᠤᠷᠠᠬᠤ ᠶᠢ ᠬᠢᠵᠠᠭᠠᠷᠯᠠᠬᠤ᠂ ᠪᠣᠯᠵᠣᠬᠤ᠂ ᠴᠠᠭ ᠵᠥᠷᠢᠭᠦᠯᠬᠦ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠢᠯ ᠲᠥᠷᠥᠯ ᠤᠨ ᠬᠦᠷᠢᠶ᠎ᠡ ᠪᠠᠨ ᠴᠢᠩᠭ᠎ᠠ ᠬᠠᠮᠢᠶᠠᠷᠴᠤ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠦᠭᠡᠶ ᠡᠵᠡᠩᠨᠡᠯᠲᠡ ᠶᠢᠨ ᠲᠠᠯᠠᠪᠤᠷ ᠤᠨ ᠠᠵᠢᠯ ᠢ ᠨᠢ ᠴᠥᠮ ᠵᠣᠭᠰᠣᠭᠠᠵᠤ ᠴᠡᠭᠴᠡᠯᠡᠬᠦ ᠬᠡᠷᠡᠭᠲᠡᠶ᠃           ᠳᠥᠷᠪᠡ᠂ ᠬᠤᠪᠢ ᠬᠥᠮᠦᠨ ᠤ ᠬᠠᠮᠠᠭᠠᠯᠠᠯᠲᠠ ᠪᠠᠨ ᠴᠢᠩᠭᠠᠳᠬᠠᠭᠠᠷᠠᠢ᠃ ᠣᠯᠠᠨ ᠢᠶᠠᠷ ᠢᠶᠠᠨ ᠥᠪᠡᠷ ᠤᠨ ᠪᠡᠶ᠎ᠡ ᠶᠢᠨ ᠡᠷᠡᠭᠦᠯ ᠬᠠᠮᠠᠭᠠᠯᠠᠯ ᠢᠶᠠᠨ ᠰᠠᠶᠢᠲᠤᠷ ᠬᠢᠵᠦ᠂ ᠠᠮᠠᠪᠴᠢ ᠪᠠᠶᠢᠩᠭᠤ ᠵᠡᠭᠦᠨ᠂ ᠬᠤᠭᠤᠷᠤᠨᠳᠤᠬᠢ ᠵᠠᠢ ᠪᠠᠨ ᠪᠠᠲᠤᠯᠠᠵᠤ᠂ ᠲᠠ ᠪᠤᠯᠤᠨ ᠲᠠᠨ ᠤ ᠭᠡᠷ ᠪᠦᠯᠢ ᠶᠢᠨ ᠢᠶᠠᠨ ᠡᠷᠡᠭᠦᠯ ᠮᠡᠨᠳᠦ ᠶᠢᠨ ᠪᠠᠶᠢᠳᠠᠯ ᠢ ᠪᠠᠶᠢᠩᠭᠤ ᠠᠩᠬᠠᠷᠴᠤ ᠪᠠᠶᠢᠭᠠᠷᠠᠢ᠂ ᠵᠢᠱᠢᠶᠡᠯᠡᠪᠡᠯ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ᠂ ᠬᠤᠭᠤᠯᠠᠶ ᠡᠪᠡᠳᠬᠦ᠂ ᠬᠦᠶᠦᠯᠭᠡᠬᠦ ᠂ ᠦᠨᠦᠷᠯᠡᠬᠦ ᠠᠮᠲᠠᠯᠠᠬᠤ ᠰᠡᠷᠡᠯ ᠮᠠᠭᠤᠳᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠰᠡᠷᠭᠡᠶᠢᠯᠡᠨ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠤᠤᠷ᠎ᠠ᠂ ᠳᠠᠷᠤᠶ ᠲᠦᠷᠭᠡᠨ ᠬᠤᠰᠢᠭᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠬᠦᠷᠴᠦ ᠣᠨᠤᠰᠢᠯᠠᠭᠤᠯᠤᠨ ᠡᠮᠴᠢᠯᠡᠭᠦᠯᠦᠭᠡᠷᠡᠢ᠂ ᠡᠮᠨᠡᠭᠦᠯᠬᠦ ᠵᠠᠮ ᠳᠠᠭᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠶᠢᠨ ᠬᠠᠮᠲᠤ ᠥᠪᠡᠷ ᠤᠨ ᠶᠠᠪᠤᠵᠤ ᠰᠠᠭᠤᠭᠰᠠᠨ ᠪᠣᠶᠣ ᠪᠠᠷᠢᠵᠤ ᠣᠶᠢᠷᠠᠳᠤᠭᠰᠠᠨ ᠵᠦᠢᠯᠡᠰ ᠢᠶᠠᠨ ᠦᠨᠡᠨ ᠮᠥᠨ ᠢᠶᠠᠷ ᠨᠢ ᠮᠡᠳᠡᠭᠦᠯᠬᠦ ᠬᠡᠷᠡᠭᠲᠡᠶ᠃ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠬᠡᠷᠡᠭᠵᠢᠭᠦᠯᠦᠭᠰᠡᠨ ᠥᠬᠡᠶ᠂ ᠥᠪᠡᠷ ᠤᠨ ᠵᠠᠮ ᠮᠥᠷ ᠢᠶᠠᠨ ᠦᠨᠡᠨ ᠮᠥᠨ ᠢᠶᠠᠷ ᠨᠢ ᠮᠡᠳᠡᠭᠦᠯᠦᠭᠰᠡᠨ ᠥᠬᠡᠶ᠂ ᠬᠢᠵᠢᠭ ᠬᠠᠯᠳᠠᠪᠤᠷᠢᠯᠠᠬᠤ ᠲᠦᠭᠰᠢᠭᠦᠷᠢ ᠡᠭᠦᠰᠭᠡᠭᠰᠡᠨ ᠪᠤᠶᠤ ᠪᠤᠰᠤᠳ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠳᠥᠷᠢᠮ ᠲᠣᠭᠲᠠᠭᠠᠯ ᠤᠨ ᠳᠠᠭᠠᠤ᠂ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠪᠣᠯᠤᠨ᠎ᠠ᠃ ᠣᠯᠠᠨ ᠢᠶᠠᠷ ᠢᠶᠠᠨ ᠬᠢᠵᠢᠭ ᠢ ᠰᠡᠷᠭᠡᠶᠢᠯᠡᠬᠦ ᠳᠥᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠮᠥᠨ ᠠᠳᠡ ᠠᠴᠠ ᠲᠠ ᠪᠦᠬᠦᠨ ᠳᠡᠭᠡᠨ ᠨᠠᠶᠢᠳᠠᠵᠤ ᠪᠠᠶᠢᠨ᠎ᠠ᠂ ᠬᠢᠨᠠᠨ ᠬᠠᠷᠭᠤᠭᠤᠯᠤᠭᠠᠳ ᠵᠣᠬᠢᠬᠤ ᠱᠠᠩᠨᠠᠯ ᠣᠯᠭᠤᠬᠤ ᠪᠣᠯᠤᠨ᠎ᠠ᠃           ᠲᠠᠪᠤ᠂ ᠴᠤᠭᠯᠠᠷᠠᠯ ᠢ ᠪᠠᠭᠠᠰᠬᠠᠬᠤ ᠬᠡᠷᠡᠭᠲᠡᠶ᠃ ᠤᠷᠠᠨ ᠰᠠᠶᠢᠬᠠᠨ ᠤ ᠲᠣᠭᠯᠠᠯᠲᠠ᠂ ᠲᠠᠮᠢᠷ ᠤᠨ ᠤᠷᠤᠯᠳᠤᠭᠠᠨ᠂ ᠳᠡᠯᠭᠡᠨ ᠦᠵᠡᠭᠦᠯᠭᠡ᠂ ᠪᠣᠯᠪᠠᠰᠤᠷᠠᠯ ᠰᠤᠷᠭᠠᠯᠲᠠ᠂ ᠳᠠᠶᠢᠯᠠᠯᠭ᠎ᠠ ᠨᠠᠶᠢᠷ ᠵᠡᠷᠭᠡ ᠲᠣᠮᠣ ᠬᠡᠯᠪᠡᠷᠢ ᠶᠢᠨ ᠴᠤᠭᠯᠠᠷᠠᠯ ᠤᠨ ᠠᠵᠢᠯᠯᠠᠭ᠎ᠠ ᠶᠢ ᠲᠦᠷ ᠡᠷᠬᠢᠯᠡᠵᠦ ᠪᠣᠯᠬᠤ ᠦᠭᠡᠶ᠃ ᠬᠤᠷᠠᠯ᠂ ᠬᠥᠳᠡᠯᠭᠡᠭᠡᠨ ᠤ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠦᠨᠡᠨ ᠬᠦ ᠡᠷᠬᠢᠯᠡᠬᠦ ᠴᠢᠬᠤᠯᠠ ᠱᠠᠭᠠᠷᠳᠠᠯᠭ᠎ᠠ ᠲᠠᠢ ᠪᠣᠯ ᠡᠷᠬᠡᠪᠰᠢ ᠬᠤᠰᠢᠭᠤ ᠬᠢᠵᠢᠭ ᠢ ᠰᠡᠷᠭᠡᠶᠢᠯᠡᠬᠦ ᠵᠢᠯᠣᠭᠤᠳᠬᠤ ᠬᠡᠯᠲᠡᠰ ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ ᠪᠠᠶᠠᠷ ᠨᠠᠶᠢᠷ ᠢ ᠬᠤᠶᠢᠰᠢᠯᠠᠭᠤᠯᠤᠨ᠂ ᠣᠷᠣᠰᠢᠭᠤᠯᠭ᠎ᠠ ᠪᠡᠯᠪᠡᠰᠤᠷᠠᠯ ᠢ ᠳᠥᠭᠦᠮᠴᠢᠯᠡᠵᠦ᠂ ᠳᠠᠶᠢᠯᠠᠯᠭ᠎ᠠ ᠨᠠᠶᠢᠷ ᠢ ᠥᠯᠦ ᠡᠷᠬᠢᠯᠡᠨ᠂ ᠴᠤᠭᠯᠠᠷᠠᠯ ᠢ ᠠᠯᠢ ᠴᠢᠳᠠᠬᠤ ᠪᠠᠷ ᠪᠠᠭᠠᠰᠬᠠᠨ᠂ ᠬᠥᠮᠦᠨ ᠬᠠᠷ᠎ᠠ ᠶᠡᠭᠡ ᠪᠠᠷ ᠴᠤᠭᠯᠠᠷᠠᠬᠤ ᠠᠴᠠ ᠵᠠᠶᠢᠯᠠᠰᠬᠢᠬᠦ ᠶᠢ ᠲᠠ ᠣᠯᠠᠨ ᠳᠠᠭᠠᠨ ᠰᠠᠨᠠᠭᠠᠴᠢᠯᠠᠵᠤ ᠪᠠᠶᠢᠨ᠎ᠠ᠂ ᠬᠡᠷᠪᠡ ᠵᠠᠪᠠᠯ ᠡᠷᠭᠢᠯᠡᠬᠦ ᠴᠢᠬᠤᠯᠠ ᠱᠠᠭᠠᠷᠳᠠᠯᠭ᠎ᠠ ᠲᠠᠢ ᠪᠣᠯ ᠡᠷᠬᠡᠪᠰᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠪᠠ ᠬᠠᠷᠢᠶ᠎ᠠ ᠰᠤᠮᠤ ᠪᠠᠯᠭᠠᠰᠤ ᠲᠠᠯᠠᠪᠠᠶ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃           ᠵᠢᠷᠭᠤᠭ᠎ᠠ᠂ ᠸᠠᠺᠼᠢᠨ ᠤ ᠲᠠᠷᠢᠯᠭ᠎ᠠ ᠪᠠᠨ ᠲᠠᠷᠢᠭᠤᠯᠤᠭᠠᠷᠠᠢ᠃ ᠸᠠᠺᠼᠢᠨ ᠤ ᠲᠠᠷᠢᠯᠭ᠎ᠠ ᠪᠣᠯ ᠬᠢᠵᠢᠭ ᠢ ᠰᠡᠷᠭᠡᠶᠢᠯᠡᠬᠦ ᠬᠠᠮᠤᠭ ᠤᠨ ᠬᠢᠮᠳᠠ᠂ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠶᠤᠮ᠂ ᠮᠥᠨ ᠴᠤ ᠠᠷᠠᠳ ᠢᠷᠭᠡᠨ ᠨᠢᠭᠡᠪᠦᠷᠢ ᠶᠢᠨ ᠬᠠᠷᠢᠭᠤᠴᠠᠯᠭ᠎ᠠ ᠪᠠ ᠡᠭᠦᠷᠭᠡ ᠶᠤᠮ᠃ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠬᠦᠮᠦᠰ ᠣᠶᠢᠷ᠎ᠠ ᠬᠠᠪᠢ ᠶᠢᠨ ᠸᠠᠺᠼᠢᠨ ᠤ ᠲᠠᠷᠢᠯᠭ᠎ᠠ ᠬᠢᠬᠦ‍ ᠴᠢᠭ ᠲᠤ ᠡᠷᠲᠡᠬᠡᠨ ᠬᠦᠷᠴᠦ ᠲᠠᠷᠢᠯᠭ᠎ᠠ ᠪᠠᠨ ᠲᠠᠷᠢᠭᠤᠯᠤᠭᠠᠷᠠᠢ᠂ ᠢᠯᠠᠩᠭᠤᠶ᠎ᠠ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢᠳᠡᠪᠬᠢᠲᠡᠶ ᠪᠠᠷ ᠬᠠᠮᠵᠢᠯᠴᠠᠨ ᠸᠠᠺᠼᠢᠨ ᠤ ᠲᠠᠷᠢᠯᠭ᠎ᠠ ᠪᠠᠨ ᠲᠠᠷᠢᠭᠤᠯᠤᠨ᠂ ᠬᠠᠮᠲᠤ ᠶᠢᠨ ᠲᠠᠷᠬᠠᠯᠠᠭ᠎ᠠ ᠶᠢ ᠪᠠᠶᠢᠭᠤᠯᠴᠠᠭᠠᠶ᠎ᠠ᠃ᠠᠰᠠᠭᠤᠨ ᠯᠠᠪᠯᠠᠬᠤ ᠤᠲᠠᠰᠤ᠄ᠰᠢᠯᠤᠭᠤᠨ ᠬᠥᠬᠡ ᠬᠤᠰᠢᠭᠤᠨ ᠤ ᠬᠢᠵᠢᠭ ᠢ ᠰᠡᠷᠭᠡᠶᠢᠯᠡᠬᠦ ᠵᠢᠯᠣᠭᠤᠳᠬᠤ ᠬᠡᠯᠲᠡᠰ᠄ 0479 - 4222545᠂ 0479 - 4222887ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠄ 0479 - 4231509ᠡᠯ᠎ᠡ ᠰᠤᠮᠤ ᠪᠠᠯᠭᠠᠰᠤ ︵ᠲᠠᠯᠠᠪᠠᠶ︶ ᠵᠢᠴᠢ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠬᠦ ᠵᠢᠵᠢᠭᠦᠷ ᠤᠨ ᠤᠲᠠᠰᠤᠱᠠᠩᠳᠤ ᠪᠠᠯᠭᠠᠰᠤ ︵ᠨᠡᠶᠢᠭᠡᠮ ᠲᠣᠭᠤᠷᠢᠭ︶᠄ 0479 - 4227523 ᠣᠪᠣᠭ᠎ᠠ ᠰᠢᠷᠡᠭᠡ ᠨᠡᠶᠢᠭᠡᠮ ᠲᠣᠭᠤᠷᠢᠭ᠄ 18047981666ᠬᠤᠶᠠᠷ ᠪᠤᠮᠪᠠ ᠨᠡᠶᠢᠭᠡᠮ ᠲᠣᠭᠤᠷᠢᠭ᠄ 13847917656ᠱᠠᠩᠳᠤ ᠶᠢᠨ ᠭᠤᠣᠯ ᠨᠡᠶᠢᠭᠡᠮ ᠲᠣᠭᠤᠷᠢᠭ᠄ 13754194896ᠰᠢᠷ᠎ᠠ ᠳᠡᠨᠵᠢ ᠨᠡᠶᠢᠭᠡᠮ ᠲᠣᠭᠤᠷᠢᠭ᠄ 13947958924ᠨᠠᠶᠢᠷ ᠤᠨ ᠰᠢᠷᠡᠭᠡ ᠨᠡᠶᠢᠭᠡᠮ ᠲᠣᠭᠤᠷᠢᠭ᠄ 15334798901ᠥᠨᠳᠦᠷ ᠡᠷᠭᠢ ᠨᠡᠶᠢᠭᠡᠮ ᠲᠣᠭᠤᠷᠢᠭ᠄ 15247907050ᠬᠠᠪᠢᠷᠭ᠎ᠠ ᠪᠠᠯᠭᠠᠰᠤᠨ ᠤ ᠵᠢᠵᠢᠭᠦᠷ ᠤᠨ ᠤᠲᠠᠰᠤ᠄ 16604891013 ᠰᠠᠩ ᠤᠨ ᠲᠡᠯᠡᠶ ᠪᠠᠯᠭᠠᠰᠤᠨ ᠤ ᠵᠢᠵᠢᠭᠦᠷ ᠤᠨ ᠤᠲᠠᠰᠤ᠄ 0479 - 4358875ᠨᠡᠷᠡᠲᠦ ᠰᠣᠮᠣᠨ ᠤ ᠵᠢᠵᠢᠭᠦᠷ ᠤᠨ ᠤᠲᠠᠰᠤ᠄ 0479 - 2438312 ᠪᠤᠱᠤᠤᠳᠠᠢ ᠰᠣᠮᠣᠨ ᠤ ᠵᠢᠵᠢᠭᠦᠷ ᠤᠨ ᠤᠲᠠᠰᠤ᠄ 0479 - 2438343ᠵᠢᠭᠠᠰᠤᠲᠠᠢ ᠰᠤᠮᠤᠨ ᠤ ᠵᠢᠵᠢᠭᠦᠷ ᠤᠨ ᠤᠲᠠᠰᠤ᠄ 0479 - 2438352ᠰᠠᠶᠢᠨᠬᠤᠳᠳᠤᠭ ᠰᠤᠮᠤᠨ ᠤ ᠵᠢᠵᠢᠭᠦᠷ ᠤᠨ ᠤᠲᠠᠰᠤ᠄ 0479 - 2438315ᠲᠠᠪᠦ‍ ᠨᠢᠭᠡ ᠮᠠᠯᠵᠢᠯ ᠤᠨ ᠲᠠᠯᠠᠪᠠᠢ ᠶᠢᠨ ᠵᠢᠵᠢᠭᠦᠷ ᠤᠨ ᠤᠲᠠᠰᠤ᠄ 0479 - 2438318ᠪᠣᠷᠣᠬᠤᠲᠠ ᠵᠢᠱᠢᠶ᠎ᠡ ᠦᠵᠡᠭᠦᠯᠬᠦ ᠣᠷᠣᠨ ᠤ ᠵᠢᠵᠢᠭᠦᠷ ᠤᠨ ᠤᠲᠠᠰᠤ᠄ 0479 - 4428141 ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠪᠣᠱᠣᠣᠲᠠᠢ ᠰᠤᠮᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号