ᠪᠠᠴᠢᠮ ᠵᠠᠷᠯᠠᠯ︕ 10 ᠰᠠᠷ᠎ᠠ ᠶᠢᠨ 1 ᠠᠴᠠ 7 ᠪᠣᠯᠲᠠᠯ᠎ᠠ ᠰᠢᠤᠳᠠᠨ ᠲᠦᠷᠭᠡᠨ ᠭᠤᠪᠢᠭᠤᠯᠭ᠎ᠠ  ︵邮政快递︶ ᠶᠢ ᠭᠥᠯᠢᠶᠡᠨ ᠠᠪᠤᠭᠰᠠᠨ ᠰᠠᠭᠤᠭᠠᠯᠢ ᠠᠷᠠᠳ ᠳᠠᠷᠣᠶᠢᠬᠠᠨ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠷᠡᠢ︕
ᠨᠡᠶᠢᠲᠡᠯᠡᠭᠰᠡᠨ ᠴᠠᠭ᠄
2022/10/12
ᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠲᠤ᠄             ᠬᠥᠬᠡᠬᠤᠲᠠ ᠶᠢᠨ ᠰᠢᠤᠳᠠᠨ ᠲᠦᠷᠭᠡᠨ ᠭᠤᠪᠢᠭᠤᠯᠭ᠎ᠠ ︵邮政快递︶  ᠶᠢᠨ ᠠᠵᠢᠯᠲᠠᠨ ᠳᠤ ᠠᠷᠭ᠎ᠠ ᠴᠢᠨᠠᠷ ᠢᠯᠡᠷᠡᠭᠰᠡᠨ ᠠᠴᠠ ᠮᠠᠨ ᠤ ᠬᠤᠰᠢᠭᠤᠨ ᠤ 10 ᠰᠠᠷ᠎ᠠ ᠶᠢᠨ 1 ᠠᠴᠠ 7 ᠪᠣᠯᠲᠠᠯᠠᠬᠢ ᠰᠢᠤᠳᠠᠨ ᠲᠦᠷᠭᠡᠨ ᠭᠤᠪᠢᠭᠤᠯᠭ᠎ᠠ ᠳᠤ ᠬᠢᠵᠢᠭ ᠤᠨ ᠲᠦᠭᠰᠢᠭᠦᠷᠢ ᠣᠷᠣᠰᠢᠵᠤ ᠪᠠᠶᠢᠨ᠎ᠠ᠂ ᠣᠯᠠᠨ ᠲᠥᠮᠡᠨ ᠤ ᠡᠷᠡᠭᠦᠯ ᠮᠡᠨᠳᠦ ᠶᠢ ᠪᠠᠲᠤᠯᠠᠬᠤ ᠶᠢᠨ ᠲᠤᠯᠠᠳᠠ᠂ ᠠᠶᠢᠮᠠᠭ᠂ ᠬᠤᠰᠢᠭᠤ ᠬᠤᠶᠠᠷ ᠱᠠᠲᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠬᠡᠯᠲᠡᠰ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠡᠨᠡ ᠬᠤᠭᠤᠴᠠᠭᠠᠨ ᠳᠤ ᠰᠢᠤᠳᠠᠨ ᠲᠦᠷᠭᠡᠨ ᠭᠤᠪᠢᠭᠤᠯᠭ᠎ᠠ ᠶᠢ ᠭᠥᠯᠢᠶᠡᠨ ᠠᠪᠤᠭᠰᠠᠨ ᠪᠥᠭᠡᠳ 10 ᠰᠠᠷ᠎ᠠ ᠶᠢᠨ 8 ᠠᠴᠠ ᠬᠤᠶᠢᠰᠢ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠳᠦᠢ ᠰᠠᠭᠤᠭᠠᠯᠢ ᠠᠷᠠᠳ ᠥᠪᠡᠷ ᠤᠨ ᠪᠠᠶᠢᠭ᠎ᠠ ᠨᠡᠶᠢᠭᠡᠮ ᠲᠣᠭᠤᠷᠢᠭ ᠲᠠᠭᠠᠨ ᠲᠦᠷᠭᠡᠨ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ︵ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ᠂ ᠬᠤᠶᠠᠷ ᠪᠣᠮᠪᠠ ᠨᠡᠶᠢᠭᠡᠮ ᠲᠣᠭᠤᠷᠢᠭ︶ ᠲᠤ ᠬᠦᠷᠴᠦ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠷᠡᠢ᠃ ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠪᠣᠯ ᠬᠢᠵᠢᠭ ᠤᠨ ᠳᠠᠯᠳᠠ ᠲᠦᠭᠰᠢᠭᠦᠷᠢ ᠶᠢᠨ ᠪᠠᠶᠢᠴᠠᠭᠠᠯᠲᠠ ᠪᠣᠯᠤᠨ᠎ᠠ᠂ ᠣᠯᠠᠨ ᠢᠶᠠᠷ ᠢᠶᠠᠨ ᠠᠶᠤᠵᠤ ᠰᠠᠨᠳᠤᠷᠤᠭᠰᠠᠨ ᠤ ᠬᠡᠷᠡᠭ ᠦᠭᠡᠢ᠂ ᠬᠠᠮᠢᠶ᠎ᠠ ᠪᠦᠬᠦᠢ ᠠᠵᠢᠯ ᠳᠤ ᠢᠳᠡᠪᠬᠢᠲᠡᠶ ᠬᠠᠮᠵᠢᠯᠴᠠᠭᠠᠷᠠᠶ᠃            ᠰᠢᠯᠤᠭᠤᠨ ᠬᠥᠬᠡ ᠬᠤᠰᠢᠭᠤᠨ ᠤ ᠰᠢᠨ᠎ᠡ ᠳᠢᠲᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠬᠡᠯᠲᠡᠰ2022 ᠣᠨ ᠤ 10 ᠰᠠᠷ᠎ᠠ 11 ᠤ ᠡᠳᠦᠷᠣᠷᠠᠯᠢᠭ ᠣᠷᠴᠢᠭᠤᠯᠵᠤ ᠮᠦᠳᠡᠭ ᠣᠷᠴᠢᠭᠤᠯᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠪᠣᠱᠣᠣᠲᠠᠢ ᠰᠤᠮᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号