ᠨᠢᠭᠲᠠ ᠣᠶᠢᠷᠠᠲᠤᠭᠰᠠᠳ ᠲᠠᠢ ᠦᠢᠷᠠᠳᠤᠭᠰᠠᠨ ᠬᠦᠮᠦᠰ ᠢ ᠡᠷᠢᠬᠦ ᠲᠤᠬᠠᠶ ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2022/10/14
           ᠬᠢᠨᠠᠨ ᠪᠠᠶᠢᠴᠠᠭᠠᠬᠤ ᠪᠠᠷ ᠳᠡᠮᠵᠢᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠬᠥᠮᠦᠨ ᠲᠠᠢ ᠨᠢᠭᠲᠠ ᠣᠶᠢᠷᠠᠲᠤᠭᠰᠠᠨ ᠵᠠᠩ ᠣᠪᠣᠭᠲᠤ᠂ ᠵᠣᠣ ᠣᠪᠣᠭᠲᠤ 10 ᠰᠠᠷ᠎ᠠ ᠶᠢᠨ 13 ᠤ ᠡᠳᠦᠷ ᠰᠢᠯᠤᠭᠤᠨ ᠬᠥᠬᠡ ᠬᠤᠰᠢᠭᠤ ᠪᠠᠷ ᠶᠠᠪᠤᠵᠤ ᠰᠠᠭᠤᠵᠤ ᠥᠩᠭᠡᠷᠡᠵᠡᠢ᠂ ᠣᠳᠣᠬᠠᠨ ᠳᠤ ᠵᠠᠩ ᠣᠪᠣᠭᠲᠤ᠂ ᠵᠣᠣ ᠣᠪᠣᠭᠲᠤ ᠶᠢ ᠨᠢᠭᠡᠨᠲᠡ ᠨᠢᠭᠡᠳᠦᠯᠲᠡᠢ ᠲᠤᠰᠠᠭᠠᠷᠯᠠᠪᠠ᠃ ᠤᠳᠤ ᠪᠠᠴᠢᠮ ᠡᠷᠢᠵᠤ ᠪᠠᠶᠢᠭ᠎ᠠ ᠨᠢ᠄              ︵1︶ 2022 ᠣᠨ ᠤ 10 ᠰᠠᠷ᠎ᠠ ᠶᠢᠨ 13 ᠤ 17 ᠴᠠᠭ ᠠᠴᠠ 2022 ᠣᠨ ᠤ 10 ᠰᠠᠷ᠎ᠠ ᠶᠢᠨ 13 ᠤ 19᠄ 30 ᠤᠨ ᠬᠤᠭᠤᠷᠣᠨᠳᠣ ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠯᠧ ᠾᠧ ᠴᠢᠯᠦᠭᠡᠲᠦ ᠳᠡᠯᠭᠡᠭᠦᠷ ᠪᠠᠷ ᠲᠤᠭᠤᠷᠢᠭᠰᠠᠨ ᠬᠦᠮᠦᠨ᠃              ︵2︶ 2022 ᠣᠨ ᠤ 10 ᠰᠠᠷ᠎ᠠ ᠶᠢᠨ 13 ᠤ 17᠄ 10 - 17᠄ 50 ᠶᠢᠨ ᠬᠤᠭᠤᠷᠤᠨᠳᠦ ᠬᠠᠪᠢᠷᠭ᠎ᠠ ᠪᠠᠯᠭᠠᠰᠤᠨ ᠤ ᠪᠠᠭ᠎ᠠ ᠰᠤᠷᠭᠠᠭᠤᠯᠢ ᠳᠤ ᠣᠴᠢᠵᠤ ᠰᠣᠷᠣᠭᠴᠢ ᠲᠤᠰᠤᠭᠰᠠᠨ ᠬᠡᠷ ᠤᠨ ᠠᠬᠠᠮᠠᠳ᠃              ᠲᠤᠬᠠᠢ ᠶᠢᠨ ᠴᠠᠭ ᠲᠤ ᠡᠨᠡ ᠭᠠᠵᠠᠷ ᠤᠳ ᠢᠶᠠᠷ ᠣᠴᠢᠭᠰᠠᠨ ᠬᠥᠮᠦᠰ ᠰᠠᠨᠠᠭᠠᠴᠢᠯᠠᠭ᠎ᠠ ᠠᠴᠠ ᠪᠠᠨ ᠥᠪᠡᠷ ᠤᠨ ᠪᠠᠶᠢᠭ᠎ᠠ ᠨᠡᠶᠢᠭᠡᠮ ᠲᠣᠭᠤᠷᠢᠭ᠂ ᠭᠠᠴᠠᠭ᠎ᠠ ᠪᠤᠶᠤ ᠬᠤᠰᠢᠭᠤ ᠵᠢᠯᠣᠭᠤᠳᠬᠤ ᠬᠡᠯᠲᠡᠰ᠂ ᠬᠤᠰᠢᠭᠤ ᠬᠢᠵᠢᠭ ᠢ ᠰᠡᠷᠭᠡᠶᠢᠯᠡᠬᠦ ᠲᠥᠪ ᠲᠤ ᠮᠡᠳᠡᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠢᠵᠢᠭ ᠤᠨ ᠪᠠᠶᠢᠴᠠᠭᠠᠯᠲᠠ᠂ ᠪᠥᠭᠡᠮ ᠬᠦᠴᠢᠯ ᠤᠨ ᠪᠠᠶᠢᠴᠠᠭᠠᠯᠲᠠ᠂ ᠲᠤᠰᠠᠭᠠᠷᠯᠠᠯᠲᠠ ᠵᠡᠷᠭᠡ ᠶᠢ ᠰᠠᠶᠢᠲᠤᠷ ᠭᠦᠢᠴᠡᠳᠭᠡᠭᠡᠷᠡᠢ᠂ ᠬᠡᠷᠪᠡ ᠮᠡᠳᠡᠭᠦᠯᠬᠦ ᠥᠬᠡᠶ ᠨᠢᠭᠤᠭᠰᠠᠨ ᠪᠠᠶᠢᠪᠠᠯ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠪᠣᠯᠤᠨ᠎ᠠ᠃             ᠣᠯᠠᠨ ᠢᠶᠠᠷ ᠢᠶᠠᠨ ᠬᠠᠤᠯᠢ ᠴᠠᠭᠠᠵᠠ ᠳᠥᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠬᠢᠵᠢᠭ ᠢ ᠰᠡᠷᠭᠡᠶᠢᠯᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠳᠤ ᠪᠠᠨ ᠠᠩᠬᠠᠷᠴᠤ᠂ ᠠᠮᠠᠪᠴᠢ ᠪᠠᠶᠢᠩᠭᠤ ᠵᠡᠬᠦᠨ᠂ ᠭᠠᠷ ᠢᠶᠠᠨ ᠦᠷᠭᠦᠯᠵᠢ ᠤᠬᠢᠶᠠᠵᠤ᠂ ᠬᠤᠭᠤᠷᠤᠨᠳᠤᠬᠢ ᠵᠠᠢ ᠪᠠᠨ ᠪᠠᠲᠤᠯᠠᠭᠠᠷᠠᠶ᠃               ᠬᠤᠰᠢᠭᠤ ᠬᠢᠵᠢᠭ ᠢ ᠰᠡᠷᠭᠡᠶᠢᠯᠡᠬᠦ ᠲᠥᠪ ᠤᠨ ᠤᠲᠠᠰᠤ᠄ 0479 - 4222907ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠠᠯᠬᠤ ᠠᠵᠢᠯ ᠤᠨ ᠵᠢᠯᠣᠭᠤᠳᠬᠤ ᠬᠡᠯᠲᠡᠰ 2022 ᠣᠨ ᠤ 10 ᠰᠠᠷ᠎ᠠ ᠶᠢᠨ 14 ᠤ ᠡᠳᠦᠷ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号