ᠨᠢᠭᠲᠠ ᠣᠶᠢᠷᠠᠲᠤᠭᠰᠠᠳ ᠲᠠᠢ ᠦᠢᠷᠠᠳᠦᠭ᠌ᠰᠠᠨ ᠬᠦᠮᠦᠰ ᠢ ᠡᠷᠢᠬᠦ ᠲᠤᠬᠠᠶ ᠰᠢᠯᠤᠭᠤᠨ ᠬᠥᠬᠡ ᠬᠤᠰᠢᠭᠤᠨ  ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2022/10/25
     ᠬᠢᠨᠠᠨ ᠪᠠᠶᠢᠴᠠᠭᠠᠬᠤ ᠪᠠᠷ ᠳᠡᠮᠵᠢᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠬᠥᠮᠦᠨ ᠲᠠᠢ ᠨᠢᠭᠲᠠ ᠣᠶᠢᠷᠠᠲᠤᠭᠰᠠᠨ ᠵᠠᠩ ᠣᠪᠣᠭᠲᠤ 10 ᠰᠠᠷ᠎ᠠ  ᠶᠢᠨ 18 ᠤ ᠡᠳᠦᠷ ᠰᠢᠯᠤᠭᠤᠨ ᠬᠥᠬᠡ ᠬᠤᠰᠢᠭᠤ ᠪᠠᠷ ᠶᠠᠪᠤᠵᠤ ᠰᠠᠭᠤᠵᠤ ᠦᠩᠭᠡᠷᠡᠵᠡᠢ᠂ ᠣᠳᠣᠬᠠᠨ ᠳᠤ ᠵᠠᠩ ᠣᠪᠣᠭᠲᠤ ᠶᠢ ᠨᠢᠭᠡᠳᠦᠯᠲᠡᠢ ᠲᠤᠰᠠᠭᠠᠷᠯᠠᠪᠠ᠃ᠣᠳᠤ ᠪᠠᠴᠢᠮ ᠡᠷᠢᠵᠦ ᠪᠠᠶᠢᠭ᠎ᠠ ᠨᠢ      2022 ᠣᠨ ᠤ 10 ᠰᠠᠷ᠎ᠠ ᠶᠢᠨ 18 ᠤ 18 ᠴᠠᠭ 12 ᠮᠢᠨᠦ᠋ᠲ ᠠᠴᠠ 2022 ᠣᠨ ᠤ 10 ᠰᠠᠷ᠎ᠠ  ᠶᠢᠨ 18 ᠤ19 ᠴᠠᠭ 9 ᠮᠢᠨᠦ᠋ᠲ ᠤᠨ ᠬᠤᠭᠤᠷᠣᠨᠳᠣ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤᠨ ᠤ ᠬᠠᠶᠢᠷ ᠲᠣᠭᠤᠭᠠᠨ ᠤ ᠭᠤᠱᠤᠭᠤᠨ ᠱᠥᠯᠥ ᠶᠢᠨ ᠳᠡᠯᠭᠡᠭᠦᠷ ᠲᠤ ᠣᠴᠢᠭᠰᠠᠨ ᠬᠦᠮᠦᠰ᠃      ᠡᠨᠡᠬᠦ ᠴᠠᠭ ᠲᠤ ᠳᠡᠭᠡᠷᠡᠬᠢ ᠭᠠᠵᠠᠷ ᠲᠤ ᠣᠴᠢᠭᠰᠠᠨ ᠬᠥᠮᠦᠰ ᠰᠠᠨᠠᠭᠠᠴᠢᠯᠠᠭ᠎ᠠ ᠠᠴᠠ ᠪᠠᠨ ᠥᠪᠡᠷ ᠤᠨ ᠪᠠᠶᠢᠭ᠎ᠠ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠪᠤᠶᠤ ᠬᠤᠰᠢᠭᠤ ᠵᠢᠯᠣᠭᠤᠳᠬᠤ ᠬᠡᠯᠲᠡᠰ᠂ ᠬᠤᠰᠢᠭᠤ ᠬᠢᠵᠢᠭ ᠢ ᠰᠡᠷᠭᠡᠶᠢᠯᠡᠬᠦ ᠲᠥᠪ ᠲᠤ ᠮᠡᠳᠡᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠢᠵᠢᠭ ᠤᠨ ᠪᠠᠶᠢᠴᠠᠭᠠᠯᠲᠠ᠂ ᠪᠥᠭᠡᠮ ᠬᠦᠴᠢᠯ ᠤᠨ ᠪᠠᠶᠢᠴᠠᠭᠠᠯᠲᠠ᠂ ᠲᠤᠰᠠᠭᠠᠷᠯᠠᠯᠲᠠ ᠵᠡᠷᠭᠡ ᠠᠷᠭ᠎ᠠ ᠬᠡᠮᠵᠢᠶ᠎ᠡ ᠶᠢ ᠭᠦᠢᠴᠡᠳᠭᠡᠭᠡᠷᠡᠢ᠂ ᠬᠡᠷᠪᠡ ᠮᠡᠳᠡᠭᠦᠯᠬᠦ ᠥᠬᠡᠶ ᠨᠢᠭᠤᠭᠰᠠᠨ ᠪᠠᠶᠢᠪᠠᠯ ᠬᠠᠤᠯᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠪᠣᠯᠤᠨ᠎ᠠ᠃       ᠣᠯᠠᠨ ᠢᠶᠠᠷ ᠢᠶᠠᠨ ᠬᠠᠤᠯᠢ ᠴᠠᠭᠠᠵᠠ ᠳᠥᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠬᠢᠵᠢᠭ ᠢ ᠰᠡᠷᠭᠡᠶᠢᠯᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠪᠠᠨ ᠠᠩᠬᠠᠷᠴᠤ᠂ ᠠᠮᠠᠪᠴᠢ ᠪᠠᠶᠢᠩᠭᠤ ᠵᠡᠭᠦᠵᠦ᠂ ᠭᠠᠷ ᠢᠶᠠᠨ ᠦᠷᠭᠦᠯᠵᠢ ᠤᠬᠢᠶᠠᠨ᠂ ᠬᠤᠭᠤᠷᠤᠨᠳᠤᠬᠢ ᠵᠠᠢ ᠪᠠᠨ ᠪᠠᠲᠤᠯᠠᠭᠠᠷᠠᠶ᠃ᠬᠤᠰᠢᠭᠤ ᠬᠢᠵᠢᠭ ᠢ ᠰᠡᠷᠭᠡᠶᠢᠯᠡᠬᠦ ᠲᠥᠪ ᠤᠨ ᠤᠲᠠᠰᠤ᠄0479 - 4222907    ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号