ᠬᠥᠬᠡᠬᠤᠲᠠ ᠠᠴᠠ ᠬᠤᠰᠢᠭᠤᠨ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠢ ᠪᠠᠶᠢᠴᠠᠭᠠᠨ ᠬᠠᠮᠢᠶᠠᠷᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/10/9
         2022 ᠣᠨ ᠤ 9 ᠰᠠᠷ᠎ᠠ ᠶᠢᠨ 30 ᠤ 24 ᠴᠠᠭ ᠪᠣᠯᠲᠠᠯ᠎ᠠ᠂ ᠬᠥᠬᠡᠬᠤᠲᠠ ᠳᠤ ᠨᠡᠶᠢᠲᠡ 19 ᠨᠡᠷ᠎ᠡ ᠤᠨᠤᠰᠢᠯᠠᠭᠳᠠᠭᠰᠠᠨ ᠡᠪᠡᠳᠴᠢᠲᠡᠨ ᠢᠯᠡᠷᠡᠵᠦ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ 6 ᠪᠠᠶᠢᠵᠤ᠂ ᠦᠨᠳᠦᠷ ᠳᠡᠰ ᠤᠨ ᠬᠢᠵᠢᠭ ᠤᠨ ᠳᠦᠭᠰᠢᠭᠦᠷᠢᠲᠦ ᠣᠷᠣᠨ 9᠂ ᠳᠤᠮᠳᠠ ᠳᠡᠰ ᠤᠨ ᠬᠢᠵᠢᠭ ᠤᠨ ᠳᠥᠭᠰᠢᠭᠦᠷᠢᠲᠦ ᠣᠷᠣᠨ 4 ᠶᠢ ᠵᠠᠭᠠᠭᠯᠠᠨ ᠲᠣᠭᠲᠠᠭᠠᠪᠠ᠃ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠬᠥᠮᠦᠰ ᠤᠨ ᠶᠠᠪᠤᠵᠤ ᠰᠠᠭᠤᠬᠤ ᠣᠯᠠᠰᠢᠷᠠᠵᠤ᠂ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠠᠵᠢᠯ ᠤᠨ ᠳᠠᠷᠤᠯᠲᠠ ᠨᠡᠮᠡᠭᠳᠡᠪᠡ᠃ ᠮᠠᠨ ᠤ ᠬᠤᠰᠢᠭᠤᠨ ᠤ ᠬᠢᠵᠢᠭ ᠢ ᠰᠡᠷᠭᠡᠶᠢᠯᠡᠬᠦ ᠠᠵᠢᠯ ᠢ ᠨᠡᠩ ᠢᠯᠡᠭᠦᠦ ᠰᠢᠨᠵᠢᠯᠡᠬᠦ ᠤᠬᠠᠭᠠᠨᠴᠢ᠂ ᠨᠠᠷᠢᠯᠢᠭ ᠣᠨᠣᠪᠴᠢᠲᠠᠶ ᠪᠠᠶᠢᠷᠢᠯᠠᠭᠤᠯᠤᠨ᠂ ᠬᠢᠵᠢᠭ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠶᠢᠨ ᠲᠤᠯᠠᠳᠠ᠂ ᠣᠲᠣ ᠬᠥᠬᠡᠬᠤᠲᠠ ᠠᠴᠠ ᠬᠤᠰᠢᠭᠤᠨ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠢ ᠪᠠᠶᠢᠴᠠᠭᠠᠨ ᠬᠠᠮᠢᠶᠠᠷᠬᠤ ᠠᠵᠢᠯ ᠤᠨ ᠲᠤᠬᠠᠶ ᠮᠡᠳᠡᠭᠳᠡᠶ᠎ᠡ᠄          ᠨᠢᠭᠡ᠂ 9 ᠰᠠᠷ᠎ᠠ ᠶᠢᠨ 26 ᠠᠴᠠ ᠬᠤᠶᠢᠰᠢ ᠬᠥᠬᠡᠬᠤᠲᠠ ᠳᠤ ᠣᠴᠢᠵᠤ ᠥᠩᠭᠡᠷᠡᠭᠰᠡᠨ ᠬᠥᠮᠦᠰ᠂ ᠳᠠᠷᠤᠶ ᠲᠦᠷᠭᠡᠨ ᠪᠠᠶᠢᠭ᠎ᠠ ᠨᠡᠶᠢᠭᠡᠮ ᠲᠣᠭᠤᠷᠢᠭ ︵ᠲᠣᠰᠬᠤᠨ᠂ ᠭᠠᠴᠠᠭ᠎ᠠ︶᠂ ᠪᠠᠶᠢᠭᠤᠯᠭ᠎ᠠ ᠨᠢᠭᠡᠴᠡ ᠪᠤᠶᠤ ᠵᠣᠴᠢᠳ ᠤᠨ ᠪᠠᠭᠤᠳᠠᠯ ᠳᠤ ᠪᠠᠨ ᠮᠡᠳᠡᠭᠦᠯᠦᠨ ᠳᠠᠩᠰᠠᠯᠠᠭᠤᠯᠵᠤ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠤᠤᠷ᠎ᠠ᠂ ᠪᠥᠭᠡᠮ ᠬᠦᠴᠢᠯ ᠤᠨ ᠪᠠᠶᠢᠴᠠᠭᠠᠯᠲᠠ᠂ ᠬᠢᠵᠢᠭ ᠤᠨ ᠰᠣᠳᠣᠯᠣᠨ ᠪᠠᠶᠢᠴᠠᠭᠠᠯᠲᠠ᠂ ᠲᠤᠰᠠᠭᠠᠷᠯᠠᠯᠲᠠ ᠶᠢᠨ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠭᠦᠢᠴᠡᠳᠭᠡᠬᠦ ᠬᠡᠷᠡᠭᠳᠡᠢ᠃ ᠬᠡᠷᠪᠡ ᠮᠡᠳᠡᠭᠦᠯᠬᠦ ᠦᠭᠡᠶ ᠨᠢᠭᠤᠬᠤ᠂ ᠬᠤᠳᠠᠯ ᠢᠶᠠᠷ ᠮᠡᠳᠡᠭᠦᠯᠬᠦ ᠪᠤᠶᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠦᠭᠡᠶ ᠠᠴᠠ ᠪᠣᠯᠵᠤ ᠬᠢᠵᠢᠭ ᠳᠡᠯᠭᠡᠷᠡᠬᠦ ᠲᠦᠭᠰᠢᠭᠦᠷᠢ ᠪᠤᠶ ᠪᠣᠯᠭᠠᠭᠰᠠᠨ ᠪᠤᠶᠤ ᠪᠤᠰᠤᠳ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠳᠥᠷᠢᠮ ᠲᠣᠭᠲᠠᠭᠠᠯ ᠤᠨ ᠳᠠᠭᠠᠤ ᠬᠠᠷᠢᠭᠤᠴᠠᠯᠭ᠎ᠠ ᠨᠡᠬᠡᠮᠵᠢᠯᠡᠬᠦ ᠪᠠ ᠰᠢᠳᠬᠡᠵᠦ᠂ ᠬᠦᠨᠳᠦ ᠨᠣᠴᠢᠲᠠᠶ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠪᠣᠯᠤᠨ᠎ᠠ᠃          ᠬᠤᠶᠠᠷ᠂ ᠡᠯ᠎ᠡ ᠰᠤᠮᠤ ᠪᠠᠯᠭᠠᠰᠤ ᠲᠠᠯᠠᠪᠠᠢ ᠨᠢ ᠬᠥᠬᠡᠬᠤᠲᠠ ᠳᠤ ᠶᠠᠪᠤᠵᠤ ᠥᠩᠭᠡᠷᠡᠭᠰᠡᠨ ᠬᠦᠮᠦᠰ ᠢ ᠴᠢᠩᠭ᠎ᠠ ᠪᠠᠶᠢᠴᠠᠭᠠᠨ ᠬᠠᠮᠢᠶᠠᠷᠬᠤ ᠬᠡᠷᠡᠭᠲᠡᠢ᠃ 9 ᠰᠠᠷ᠎ᠠ ᠶᠢᠨ 20 ᠠᠴᠠ ᠨᠠᠰᠢ ᠥᠪᠥᠷ ᠮᠣᠩᠭᠤᠯ ᠤᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠳᠤ ᠡᠪᠡᠳᠴᠢᠨ ᠦᠵᠡᠭᠦᠯᠦᠭᠰᠡᠨ ᠬᠥᠮᠦᠰ᠂ 9 ᠰᠠᠷ᠎ᠠ ᠶᠢᠨ 26 ᠠᠴᠠ ᠨᠠᠰᠢ ᠬᠥᠬᠡᠬᠤᠲᠠ ᠠᠴᠠ ᠢᠷᠡᠭᠰᠡᠨ ᠬᠥᠮᠦᠰ ᠵᠢᠴᠢ ᠬᠥᠬᠡᠬᠤᠲᠠ ᠠᠴᠠ ᠰᠢᠯᠢ ᠶᠢᠨ ᠭᠤᠤᠯ ᠳᠤ ᠢᠷᠡᠭᠰᠡᠨ ︽ᠬᠥᠬᠡᠬᠤᠲᠠ ᠶᠢᠨ ᠺᠣᠳ᠋︾ ᠲᠠᠢ ᠬᠥᠮᠦᠰ ᠢ ᠲᠣᠭᠲᠠᠭᠠᠯ ᠶᠣᠰᠤᠭᠠᠷ ᠪᠠᠶᠢᠴᠠᠭᠠᠨ ᠬᠠᠮᠢᠶᠠᠷᠤᠨ᠎ᠠ᠂ ᠲᠣᠰᠠᠭᠠᠷᠯᠠᠬᠤ ᠠᠷᠭ᠎ᠠ ᠬᠡᠮᠵᠢᠶ᠎ᠡ ᠠᠪᠬᠤ ᠡᠳᠦᠷ ᠬᠤᠭᠤᠴᠠᠭ᠎ᠠ ᠶᠢ ᠢᠷᠡᠭᠰᠡᠨ ᠡᠳᠦᠷ ᠠᠴᠠ ᠡᠬᠢᠯᠡᠵᠦ ᠪᠤᠳᠤᠨ᠎ᠠ᠃ 7 ᠬᠤᠨᠤᠭ ᠤᠨ ᠳᠣᠲᠣᠷ᠎ᠠ ᠦᠨᠳᠦᠷ ᠳᠡᠰ ᠤᠨ ᠬᠢᠵᠢᠭ ᠤᠨ ᠲᠥᠭᠰᠢᠭᠦᠷᠢᠲᠦ ᠣᠷᠣᠨ ᠳᠤ ᠣᠴᠢᠵᠤ ᠥᠩᠭᠡᠷᠡᠭᠰᠡᠨ ᠬᠥᠮᠦᠰ ᠢ 7 ᠬᠤᠨᠤᠭ ᠨᠢᠭᠡᠳᠦᠯᠲᠡᠢ ᠲᠤᠰᠠᠭᠠᠷᠯᠠᠨ᠎ᠠ᠃ 7 ᠡᠳᠦᠷ ᠤᠨ ᠳᠣᠲᠣᠷ᠎ᠠ ᠳᠤᠮᠳᠠ ᠳᠡᠰ ᠤᠨ ᠬᠢᠵᠢᠭ ᠤᠨ ᠳᠥᠭᠰᠢᠭᠦᠷᠢᠲᠦ ᠣᠷᠣᠨ ᠳᠤ ᠣᠴᠢᠵᠤ ᠥᠩᠭᠡᠷᠡᠭᠰᠡᠨ ᠬᠥᠮᠦᠰ ᠢ 7 ᠬᠤᠨᠤᠭ ᠬᠡᠷ ᠲᠤᠨᠢ ᠲᠤᠰᠠᠭᠠᠷᠯᠠᠭᠤᠯᠤᠨ᠎ᠠ᠂ ᠬᠡᠷᠪᠡ ᠬᠡᠷ ᠲᠡᠭᠡᠨ ᠲᠤᠰᠠᠭᠠᠷᠯᠠᠬᠤ ᠨᠥᠬᠦᠴᠡᠯ ᠥᠬᠡᠶ ᠪᠣᠯ ᠨᠢᠭᠡᠳᠦᠯᠲᠡᠢ ᠲᠤᠰᠠᠭᠠᠷᠯᠠᠨ᠎ᠠ᠃ ᠡᠯ᠎ᠡ ᠵᠠᠮ ᠬᠠᠷᠢᠯᠴᠠᠭᠠᠨ ᠤ ᠪᠣᠭᠤᠮᠲᠠ ᠪᠣᠯᠤᠨ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠤ ᠥᠷᠲᠡᠭᠡ ᠨᠢ ᠬᠥᠬᠡᠬᠤᠲᠠ ᠠᠴᠠ ᠢᠷᠡᠭᠰᠡᠨ ︵ᠪᠤᠴᠠᠵᠤ ᠢᠷᠡᠭᠰᠡᠨ︶ ᠬᠥᠮᠦᠰ ᠤᠨ ᠬᠥᠬᠡᠬᠤᠲᠠ ᠶᠢᠨ ᠺᠣᠳ᠋ ᠢ ᠪᠠᠶᠢᠴᠠᠭᠠᠨ ᠰᠢᠯᠭᠠᠵᠤ᠂ ᠬᠡᠷᠪᠡ ᠣᠨᠳᠣᠣ ᠪᠠᠶᠢᠳᠠᠯ ᠢᠯᠡᠷᠡᠪᠡᠯ᠂ ᠲᠡᠷᠡ ᠳᠠᠷᠤᠶ ᠳᠤᠨᠢ ᠬᠠᠮᠢᠶᠠᠷᠤᠨ ᠡᠵᠡᠮᠳᠡᠬᠦ ᠬᠡᠷᠡᠭᠳᠡᠢ᠃          ᠭᠤᠷᠪᠠ᠂ ᠲᠣᠰ ᠵᠠᠷᠯᠠᠯ ᠳᠠᠬᠢ ᠬᠠᠮᠢᠶᠠᠷᠤᠨ ᠡᠵᠡᠮᠳᠡᠬᠦ ᠠᠷᠭ᠎ᠠ ᠪᠣᠳᠣᠯᠭ᠎ᠠ ᠶᠢ ᠬᠥᠬᠡᠬᠤᠲᠠ ᠶᠢᠨ ᠬᠢᠵᠢᠭ ᠤᠨ ᠪᠠᠶᠢᠳᠠᠯ ᠢ ᠦᠨᠳᠦᠰᠦᠯᠡᠨ ᠲᠣᠬᠢᠷᠠᠭᠤᠯᠤᠯᠲᠠ ᠬᠢᠬᠦ ᠪᠣᠯᠤᠨ᠎ᠠ᠃ ᠥᠷᠭᠡᠨ ᠣᠯᠠᠨ ᠰᠠᠭᠤᠭᠠᠯᠢ ᠠᠷᠠᠳ ᠬᠢᠵᠢᠭ ᠢ ᠰᠡᠷᠭᠡᠶᠢᠯᠡᠬᠦ ᠬᠠᠮᠢᠶ᠎ᠠ ᠪᠥᠬᠦᠶ  ᠳᠥᠷᠢᠮ ᠲᠣᠭᠲᠠᠭᠠᠯ ᠵᠢᠴᠢ ᠠᠷᠭ᠎ᠠ ᠪᠣᠳᠤᠯᠭ᠎ᠠ ᠶᠢ ᠤᠬᠠᠮᠰᠠᠷ ᠠᠴᠠ ᠪᠠᠨ ᠵᠢᠷᠤᠮᠯᠠᠵᠤ᠂ ᠢᠳᠡᠪᠬᠢᠲᠡᠶ ᠬᠠᠮᠵᠢᠯᠴᠠᠨ᠂ ᠣᠶᠢᠷ᠎ᠠ ᠶᠢᠨ ᠬᠤᠭᠤᠴᠠᠭᠠᠨ ᠳᠤ ᠴᠢᠬᠤᠯᠠ ᠱᠠᠭᠠᠷᠳᠠᠯᠭ᠎ᠠ ᠦᠭᠡᠢ ᠪᠣᠯ ᠬᠥᠬᠡᠬᠤᠲᠠ ᠳᠤ ᠣᠴᠢᠵᠤ ᠪᠣᠯᠬᠤ ᠦᠭᠡᠢ᠃                ᠰᠢᠯᠤᠭᠤᠨ ᠬᠥᠬᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠬᠡᠯᠲᠡᠰ                                                                                                                       2022 ᠣᠨ ᠤ 10 ᠰᠠᠷ᠎ᠠ ᠶᠢᠨ 1 ᠤ ᠡᠳᠦᠷᠳᠠᠭᠠᠯᠳᠤᠭᠤᠯᠤᠯ᠄ᠬᠥᠬᠡᠬᠤᠲᠠ ᠶᠢᠨ ᠥᠨᠳᠥᠷ ᠳᠤᠮᠳᠠ ᠳᠡᠰ ᠤᠨ ᠬᠢᠵᠢᠭ ᠤᠨ ᠳᠥᠭᠰᠢᠭᠦᠷᠢᠲᠦ ᠣᠷᠣᠨ︵10 ᠰᠠᠷ᠎ᠠ ᠶᠢᠨ 1 ᠬᠦᠷᠲᠡᠯ᠎ᠡ︶ᠥᠨᠳᠦᠷ ᠳᠡᠰ ᠤᠨ ᠬᠢᠵᠢᠭ ᠤᠨ ᠳᠥᠭᠰᠢᠭᠦᠷᠢᠲᠦ ᠣᠷᠣᠨ᠄ ᠬᠤᠲᠣᠩ ᠠᠷᠠᠳ ᠤᠨ ᠲᠣᠭᠤᠷᠢᠭ ᠤᠨ ᠰᠠᠨ ᠱᠦᠨ ᠳ᠋ᠢᠶᠠᠨ ᠪᠠᠷᠠᠭᠤᠨ ᠵᠡᠭᠡᠯᠢ ᠶᠢᠨ ᠨᠠᠶᠢᠲ᠋ᠢᠩᠭᠧᠯ ᠨᠡᠶᠢᠲᠡ ᠶᠢᠨ ᠪᠠᠶᠢᠷᠢ᠂ ᠬᠤᠲᠣᠩ ᠠᠷᠠᠳ ᠤᠨ ᠲᠣᠭᠤᠷᠢᠭ ᠤᠨ ᠰᠢᠨ ᠮᠢᠨ ᠵᠡᠭᠡᠯᠢ ᠶᠢᠨ ᠰᠢᠨ ᠶᠤᠸᠠᠢ ᠬᠦᠷᠢᠶᠡᠯᠡᠩ ᠤᠨ ᠪᠠᠷᠠᠭᠤᠨ ᠰᠠᠭᠤᠭᠠᠯᠢ ᠲᠣᠭᠤᠷᠢᠭ᠂ ᠬᠤᠲᠣᠩ ᠠᠷᠠᠳ ᠤᠨ ᠲᠣᠭᠤᠷᠢᠭ ᠤᠨ ᠰᠠᠨ ᠱᠦᠨ ᠳ᠋ᠢᠶᠠᠨ ᠪᠠᠷᠠᠭᠤᠨ ᠵᠡᠭᠡᠯᠡᠢ ᠶᠢᠨ ᠰᠢᠶᠠᠩ ᠾᠧ ᠳᠥᠷᠪᠡᠳᠦᠭᠡᠷ ᠰᠠᠭᠤᠭᠠᠯᠢ ᠲᠣᠭᠤᠷᠢᠭ᠂ ᠬᠤᠲᠣᠩ ᠠᠷᠠᠳ ᠤᠨ ᠲᠣᠭᠤᠷᠢᠭ ᠤᠨ ᠰᠠᠨ ᠱᠦᠨ ᠳ᠋ᠢᠶᠠᠨ ᠪᠠᠷᠠᠭᠤᠨ ᠵᠡᠭᠡᠯᠢ ᠶᠢᠨ ᠺᠢᠨᠣ᠋ ᠶᠢᠨ ᠺᠣᠮᠫᠠᠨᠢ ᠶᠢᠨ ᠬᠡᠷ ᠪᠦᠯᠢ ᠶᠢᠨ ᠠᠰᠠᠷ ᠤᠨ ᠡᠮᠦᠨ᠎ᠡ ᠠᠰᠠᠷ᠂ ᠬᠤᠲᠣᠩ ᠠᠷᠠᠳ ᠤᠨ ᠲᠣᠭᠤᠷᠢᠭ ᠤᠨ ᠰᠠᠨ ᠱᠦᠨ ᠳ᠋ᠢᠶᠠᠨ ᠪᠠᠷᠠᠭᠤᠨ ᠵᠡᠭᠡᠯᠢ ᠶᠢᠨ ᠣᠤ ᠸᠧᠶ ᠴᠡᠴᠡᠷᠯᠢᠭ᠂ ᠬᠤᠲᠣᠩ ᠠᠷᠠᠳ ᠤᠨ ᠲᠣᠭᠤᠷᠢᠭ ᠤᠨ ᠭᠤᠸᠠᠩ ᠮᠢᠩ ᠵᠠᠮ ᠤᠨ ᠲᠠᠨ ᠺᠤᠸᠠᠩ ᠰᠠᠭᠤᠭᠠᠯᠢ ᠲᠣᠭᠤᠷᠢᠭ ᠤᠨ ᠡᠮᠦᠨ᠎ᠡ ᠮᠥᠷ ᠤᠨ ᠨᠢᠭᠡᠳᠦᠭᠡᠷ ᠠᠰᠠᠷ᠂ ᠬᠤᠲᠣᠩ ᠠᠷᠠᠳ ᠤᠨ ᠲᠣᠭᠤᠷᠢᠭ ᠤᠨ ᠠᠵᠢᠯᠴᠢᠨ ᠬᠤᠶᠢᠲᠤ ᠵᠠᠮ ᠪᠣᠯᠤᠨ ᠰᠢᠨᠬᠤᠸᠠ ᠪᠠᠷᠠᠭᠤᠨ ᠵᠡᠭᠡᠯᠢ ᠶᠢᠨ ᠠᠭᠤᠯᠵᠠᠷ ᠲᠠᠬᠢ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠡᠷ ᠪᠦᠯᠢ ᠶᠢᠨ ᠬᠦᠷᠢᠶᠡᠨ ᠤ ᠭᠤᠷᠪᠠᠳᠤᠭᠠᠷ ᠠᠰᠠᠷ᠂ ᠬᠤᠲᠣᠩ ᠠᠷᠠᠳ ᠤᠨ ᠲᠣᠭᠤᠷᠢᠭ ᠤᠨ ᠲᠦᠩ ᠳ᠋ᠣᠤ ᠵᠡᠭᠡᠯᠢ ᠶᠢᠨ ᠰᠢᠨ ᠬᠤᠸᠠ ᠴᠢᠶᠣᠤ ᠲᠡᠮᠦᠷ ᠵᠠᠮ ᠤᠨ ᠰᠠᠭᠤᠭᠠᠯᠢ ᠲᠣᠭᠤᠷᠢᠭ ᠤᠨ ᠨᠢᠭᠡᠳᠦᠭᠡᠷ ᠠᠰᠠᠷ᠂ ᠢᠦᠶ ᠴᠢᠤᠸᠠᠨ ᠲᠣᠭᠤᠷᠢᠭ ᠤᠨ ᠵᠢᠦ ᠯᠦᠩ ᠸᠠᠨ ᠵᠡᠭᠡᠯᠢ ᠶᠢᠨ ᠯᠠᠨ ᠳ᠋ᠧ ᠨᠡᠶᠢᠲᠡ ᠶᠢᠨ ᠪᠠᠶᠢᠷᠢ ᠶᠢᠨ 6—17 ᠳ᠋ᠤᠭᠠᠷ ᠳᠠᠪᠬᠤᠷᠭ᠎ᠠ᠃ ᠳᠤᠮᠳᠠ ᠳᠡᠰ ᠤᠨ ᠬᠢᠵᠢᠭ ᠤᠨ ᠳᠦᠭᠰᠢᠭᠦᠷᠢᠲᠦ ᠣᠷᠣᠨ᠄ ᠬᠤᠲᠣᠩ ᠠᠷᠠᠳ ᠤᠨ ᠲᠣᠭᠤᠷᠢᠭ ᠤᠨ ᠭᠤᠸᠠᠩ ᠮᠢᠩ ᠵᠠᠮ ᠤᠨ ᠲᠠᠨ ᠺᠤᠸᠠᠩ ᠰᠠᠭᠤᠭᠠᠯᠢ ᠲᠣᠭᠤᠷᠢᠭ ︵ᠡᠮᠦᠨ᠎ᠡ ᠮᠥᠷ ᠤᠨ ᠨᠢᠭᠡᠳᠦᠭᠡᠷ ᠳᠠᠪᠬᠤᠷᠭ᠎ᠠ ᠠᠴᠠ ᠭᠠᠳᠠᠨ᠎ᠠ︶᠂ ᠬᠤᠲᠣᠩ ᠠᠷᠠᠳ ᠤᠨ ᠲᠣᠭᠤᠷᠢᠭ ᠤᠨ ᠠᠵᠢᠯᠴᠢᠨ ᠬᠤᠶᠢᠲᠤ ᠵᠠᠮ ᠪᠣᠯᠤᠨ ᠰᠢᠨᠬᠤᠸᠠ ᠪᠠᠷᠠᠭᠤᠨ ᠵᠡᠭᠡᠯᠢ ᠶᠢᠨ ᠠᠭᠤᠯᠵᠠᠷ ᠲᠠᠬᠢ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠡᠷ ᠪᠦᠯᠢ ᠶᠢᠨ ᠬᠦᠷᠢᠶ᠎ᠡ ︵ᠭᠤᠷᠪᠠᠳᠤᠭᠠᠷ ᠠᠰᠠᠷ ᠠᠴᠠ ᠭᠠᠳᠠᠨ᠎ᠠ︶᠂ ᠬᠤᠲᠣᠩ ᠠᠷᠠᠳ ᠤᠨ ᠲᠣᠭᠤᠷᠢᠭ ᠤᠨ ᠲᠦᠩ ᠳ᠋ᠣᠤ ᠵᠡᠭᠡᠯᠢ ᠶᠢᠨ ᠰᠢᠨ ᠬᠤᠸᠠ ᠴᠢᠶᠣᠤ ᠲᠡᠮᠦᠷ ᠵᠠᠮ ᠤᠨ ᠰᠠᠭᠤᠭᠠᠯᠢ ᠲᠣᠭᠤᠷᠢᠭ ︵ᠨᠢᠭᠡᠳᠦᠭᠡᠷ ᠠᠰᠠᠷ ᠠᠴᠠ ᠭᠠᠳᠠᠨ᠎ᠠ︶᠂ ᠢᠦᠶ ᠴᠢᠤᠸᠠᠨ ᠲᠣᠭᠤᠷᠢᠭ ᠤᠨ ᠵᠢᠦ ᠯᠦᠩ ᠸᠠᠨ ᠵᠡᠭᠡᠯᠢ ᠶᠢᠨ ᠯᠠᠨ ᠳ᠋ᠧ ᠨᠡᠶᠢᠲᠡ ᠶᠢᠨ ᠪᠠᠶᠢᠷᠢ ︵6 - 17 ᠳ᠋ᠤᠭᠠᠷ ᠳᠠᠪᠬᠤᠷᠭ᠎ᠠ ᠠᠴᠠ ᠭᠠᠳᠠᠨ᠎ᠠ︶᠃ᠠᠰᠠᠭᠤᠨ ᠯᠠᠪᠯᠠᠬᠤ ᠤᠲᠠᠰᠤ᠄ᠰᠢᠯᠤᠭᠤᠨ ᠬᠥᠬᠡ ᠬᠤᠰᠢᠭᠤᠨ ᠤ ᠬᠢᠵᠢᠭ ᠢ ᠰᠡᠷᠭᠡᠶᠢᠯᠡᠬᠦ ᠵᠢᠯᠣᠭᠤᠳᠬᠤ ᠬᠡᠯᠲᠡᠰ᠄ 0479 - 4222545᠂ 0479 - 4222887ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠄ 0479 - 4231509ᠡᠯ᠎ᠡ ᠰᠤᠮᠤ ᠪᠠᠯᠭᠠᠰᠤ ︵ᠲᠠᠯᠠᠪᠠᠶ︶ ᠵᠢᠴᠢ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠬᠦ ᠵᠢᠵᠢᠭᠦᠷ ᠤᠨ ᠤᠲᠠᠰᠤᠱᠠᠩᠳᠤ ᠪᠠᠯᠭᠠᠰᠤ ︵ᠨᠡᠶᠢᠭᠡᠮ ᠲᠣᠭᠤᠷᠢᠭ︶᠄ 0479 - 4227523 ᠣᠪᠣᠭ᠎ᠠ ᠰᠢᠷᠡᠭᠡ ᠨᠡᠶᠢᠭᠡᠮ ᠲᠣᠭᠤᠷᠢᠭ᠄ 18047981666ᠬᠤᠶᠠᠷ ᠪᠤᠮᠪᠠ ᠨᠡᠶᠢᠭᠡᠮ ᠲᠣᠭᠤᠷᠢᠭ᠄ 13847917656ᠱᠠᠩᠳᠤ ᠶᠢᠨ ᠭᠤᠣᠯ ᠨᠡᠶᠢᠭᠡᠮ ᠲᠣᠭᠤᠷᠢᠭ᠄ 13754194896ᠰᠢᠷ᠎ᠠ ᠳᠡᠨᠵᠢ ᠨᠡᠶᠢᠭᠡᠮ ᠲᠣᠭᠤᠷᠢᠭ᠄ 13947958924ᠨᠠᠶᠢᠷ ᠤᠨ ᠰᠢᠷᠡᠭᠡ ᠨᠡᠶᠢᠭᠡᠮ ᠲᠣᠭᠤᠷᠢᠭ᠄ 15334798901ᠥᠨᠳᠦᠷ ᠡᠷᠭᠢ ᠨᠡᠶᠢᠭᠡᠮ ᠲᠣᠭᠤᠷᠢᠭ᠄ 15247907050ᠬᠠᠪᠢᠷᠭ᠎ᠠ ᠪᠠᠯᠭᠠᠰᠤᠨ ᠤ ᠵᠢᠵᠢᠭᠦᠷ ᠤᠨ ᠤᠲᠠᠰᠤ᠄ 16604891013 ᠰᠠᠩ ᠤᠨ ᠲᠡᠯᠡᠶ ᠪᠠᠯᠭᠠᠰᠤᠨ ᠤ ᠵᠢᠵᠢᠭᠦᠷ ᠤᠨ ᠤᠲᠠᠰᠤ᠄ 0479 - 4358875ᠨᠡᠷᠡᠲᠦ ᠰᠣᠮᠣᠨ ᠤ ᠵᠢᠵᠢᠭᠦᠷ ᠤᠨ ᠤᠲᠠᠰᠤ᠄ 0479 - 2438312 ᠪᠤᠱᠤᠤᠳᠠᠢ ᠰᠣᠮᠣᠨ ᠤ ᠵᠢᠵᠢᠭᠦᠷ ᠤᠨ ᠤᠲᠠᠰᠤ᠄ 0479 - 2438343ᠵᠢᠭᠠᠰᠤᠲᠠᠢ ᠰᠤᠮᠤᠨ ᠤ ᠵᠢᠵᠢᠭᠦᠷ ᠤᠨ ᠤᠲᠠᠰᠤ᠄ 0479 - 2438352ᠰᠠᠶᠢᠨᠬᠤᠳᠳᠤᠭ ᠰᠤᠮᠤᠨ ᠤ ᠵᠢᠵᠢᠭᠦᠷ ᠤᠨ ᠤᠲᠠᠰᠤ᠄ 0479 - 2438315ᠲᠠᠪᠦ‍ ᠨᠢᠭᠡ ᠮᠠᠯᠵᠢᠯ ᠤᠨ ᠲᠠᠯᠠᠪᠠᠢ ᠶᠢᠨ ᠵᠢᠵᠢᠭᠦᠷ ᠤᠨ ᠤᠲᠠᠰᠤ᠄ 0479 - 2438318ᠪᠣᠷᠣᠬᠤᠲᠠ ᠵᠢᠱᠢᠶ᠎ᠡ ᠦᠵᠡᠭᠦᠯᠬᠦ ᠣᠷᠣᠨ ᠤ ᠵᠢᠵᠢᠭᠦᠷ ᠤᠨ ᠤᠲᠠᠰᠤ᠄ 0479 - 4428141 ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠪᠣᠱᠣᠣᠲᠠᠢ ᠰᠤᠮᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号