ᠬᠥᠳᠡᠭᠡ ᠣᠷᠣᠨ ᠢ ᠬᠥᠭᠵᠢᠭᠦᠯᠦᠨ ᠮᠠᠨᠳᠤᠭᠤᠯᠤᠶ᠎ᠠ — ᠣᠳᠣᠬᠢᠴᠢᠯᠠᠭᠰᠠᠨ ᠮᠠᠯ ᠠᠵᠤ ᠠᠬᠤᠢ ᠶᠢᠨ ᠵᠠᠮ  ᠢᠶᠠᠷ ᠵᠠᠮᠨᠠᠵᠤ ᠠᠷᠠᠳ ᠢ ᠪᠠᠶᠠᠵᠢᠭᠤᠯᠤᠨ ᠰᠢᠨ᠎ᠡ ︽ᠮᠠᠯᠴᠢᠳ ᠤᠨ ᠳᠠᠭᠤᠤ︾ ᠶᠢ ᠬᠠᠩᠭᠢᠨᠠᠭᠤᠯᠤᠶ᠎ᠠ
ᠨᠡᠶᠢᠲᠡᠯᠡᠭᠰᠡᠨ ᠴᠠᠭ᠄
2022/11/11
              ᠥᠨᠥ ᠵᠢᠯ᠂ ᠰᠢᠯᠤᠭᠤᠨ ᠬᠥᠬᠡ ᠬᠤᠰᠢᠭᠤ ᠨᠢ ᠰᠢᠯᠢ ᠶᠢᠨ ᠭᠤᠤᠯ ᠠᠶᠢᠮᠠᠭ ᠤᠨ ᠤᠯᠤᠰ ᠤᠨ ᠲᠠᠰ ᠤᠨ ᠳᠡᠭᠡᠳᠦ ᠵᠡᠷᠭᠡ ᠶᠢᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠥᠪ ᠢ ᠪᠥᠲᠥᠭᠡᠨ ᠪᠠᠶᠢᠭᠤᠯᠬᠤ ᠠᠰᠢᠭᠲᠠᠶ ᠠᠵᠠ ᠲᠣᠬᠢᠶᠠᠯ ᠢ ᠠᠳᠬᠤᠨ᠂ ᠣᠳᠣᠬᠢᠴᠢᠯᠠᠭᠰᠠᠨ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠪᠠᠷᠢᠮᠲᠠᠯᠠᠵᠤ᠂ ᠲᠣᠯᠤᠭᠠᠶᠢᠯᠠᠭᠴᠢ ᠠᠵᠤ ᠠᠬᠤᠶᠢᠯᠠᠯ ᠢ ᠳᠠᠲᠠᠨ ᠣᠷᠤᠭᠤᠯᠬᠤ ᠪᠠ ᠪᠠᠶᠢᠭᠤᠯᠬᠤ ᠪᠠᠷ ᠴᠢᠷᠮᠠᠶᠢᠨ᠂ ︽ᠠᠵᠤ ᠠᠬᠤᠶᠢᠯᠠᠯ + ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾ ᠭᠡᠬᠦ ᠬᠥᠭᠵᠢᠯᠲᠡ ᠶᠢᠨ ᠵᠠᠭᠪᠤᠷ ᠢ ᠪᠠᠬᠢᠵᠢᠭᠦᠯᠦᠨ ᠥᠷᠭᠡᠳᠭᠡᠵᠦ᠂ ᠡᠭᠦᠯᠳᠡᠷ ᠰᠠᠶᠢᠵᠢᠷᠠᠭᠤᠯᠬᠤ᠂ ᠰᠢᠨᠵᠢᠯᠡᠬᠦ ᠤᠬᠠᠭᠠᠨᠴᠢ  ᠪᠠᠷ ᠮᠠᠯᠵᠢᠬᠤ᠂ ᠲᠡᠵᠢᠭᠡᠬᠦ᠂ ᠪᠣᠷᠳᠤᠬᠤ᠂ ᠬᠢᠵᠢᠭ ᠡᠪᠡᠳᠴᠢᠨ ᠢ ᠰᠡᠷᠭᠡᠶᠢᠯᠡᠬᠦ ᠪᠠ ᠡᠪᠡᠰᠦ ᠪᠣᠷᠳᠤᠭ᠎ᠠ ᠨᠥᠭᠡᠴᠡᠯᠡᠬᠦ᠂ ᠮᠠᠯ ᠠᠵᠤ ᠠᠬᠤᠢ ᠶᠢᠨ ᠲᠣᠮᠣ ᠳ᠋ᠠᠶᠢᠲ᠋ᠠ ᠬᠥᠮᠥᠷᠭᠡ ᠪᠠᠶᠢᠭᠤᠯᠬᠤ᠂ ᠦᠬᠡᠷ ᠮᠠᠯᠵᠢᠬᠤ ᠰᠠᠭᠤᠷᠢᠨ᠂ ᠭᠤᠣᠯᠯᠠᠭᠴᠢ ᠦᠬᠡᠷ ᠤᠨ ᠰᠦᠷᠦᠭ᠂ ᠥᠷᠭᠡᠳᠭᠡᠯ ᠰᠦᠷᠦᠭ ᠢ ᠪᠠᠶᠢᠭᠤᠯᠬᠤ ᠪᠠ ᠮᠠᠯ ᠤᠨ ᠫᠧᠩ ᠬᠤᠷᠤᠭ᠎ᠠ ᠶᠢ ᠰᠢᠨᠡᠴᠢᠯᠡᠬᠦ᠂ ᠴᠥᠭᠡᠨ ᠢ ᠮᠠᠯᠵᠢᠨ ᠨᠠᠷᠢᠯᠢᠭ ᠢᠶᠠᠷ ᠲᠡᠵᠢᠭᠡᠵᠦ ᠰᠢᠯᠢᠳᠡᠭ ᠢ ᠪᠣᠶᠢᠵᠢᠭᠤᠯᠬᠤ ᠶᠢ ᠠᠬᠢᠭᠤᠯᠤᠨ᠂ ᠠᠮᠢ ᠠᠬᠤᠶ᠂ ᠦᠶᠯᠡᠳᠪᠦᠷᠢᠯᠡᠯ ᠠᠮᠢᠳᠤᠷᠠᠯ ᠢ ᠨᠢᠭᠡ ᠴᠣᠭᠴᠠᠵᠢᠭᠤᠯᠤᠭᠰᠠᠨ ᠬᠦᠭᠵᠢᠯᠲᠡ ᠶᠢ ᠪᠡᠶᠡᠯᠡᠬᠦᠯᠪᠡ᠃               ᠡᠪᠦᠯ ᠤᠨ ᠡᠬᠢᠨ ᠤ ᠰᠢᠷ᠎ᠠ ᠲᠠᠯ᠎ᠠ ᠬᠦᠢᠲᠡᠨ ᠠᠲᠠᠯ᠎ᠠ ᠪᠠᠨ ᠴᠠᠭᠠᠨ᠎ᠠ ᠪᠠᠨ ᠨᠢᠭᠡ ᠲᠤᠯᠠᠭᠠᠬᠠᠨ᠂ 11 ᠰᠠᠷ᠎ᠠ ᠶᠢᠨ ᠡᠬᠢ ᠪᠠᠷ᠂ ᠰᠤᠷᠪᠤᠯᠵᠢᠯᠠᠭᠴᠢ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤᠨ ᠤ ᠪᠠᠶᠠᠨᠭᠤᠤᠯ ᠭᠠᠴᠠᠭᠠᠨ ᠤ ᠮᠠᠯᠴᠢᠨ ᠨᠠᠪᠴᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠪᠠᠷ ᠬᠦᠷᠦᠯ᠎ᠡ᠂ ᠴᠡᠪᠡᠷ ᠴᠡᠮᠴᠡᠭᠡᠷ ᠬᠦᠷᠢᠶ᠎ᠡ ᠬᠠᠰᠢᠶ᠎ᠠ᠂ ᠲᠤᠬᠤᠲᠠᠢ ᠰᠠᠶᠢᠬᠠᠨ ᠭᠡᠷ ᠪᠠᠶᠢᠰᠢᠩ ᠪᠠ ᠡᠮᠬᠢ ᠴᠡᠭᠴᠡ ᠲᠠᠢ ᠬᠠᠰᠢᠶ᠎ᠠ ᠰᠠᠷᠠᠪᠴᠢ ᠨᠢ ᠶᠠᠭᠠᠬᠢᠬᠤ ᠶᠢᠨ ᠠᠷᠭ᠎ᠠ ᠦᠭᠡᠢ ᠲᠡᠭᠦᠨ ᠤ ᠠᠵᠢᠯᠴᠢ ᠬᠦᠳᠡᠯᠮᠦᠷᠢᠴᠢ ᠶᠢ ᠬᠠᠷᠠᠭᠤᠯᠵᠤ ᠪᠠᠶᠢᠯ᠎ᠠ᠃ᠨᠠᠶᠠᠭᠠᠳ ᠣᠨ ᠳᠤ ᠲᠦᠷᠦᠭᠰᠡᠨ ᠨᠠᠪᠴᠢ ᠪᠣᠯ ᠬᠦᠰᠡᠯ ᠵᠣᠷᠢᠯᠲᠠ ᠲᠠᠢ᠂ ᠮᠥᠷᠦᠭᠡᠳᠦᠯ ᠲᠡᠮᠡᠦᠯᠡᠯ ᠲᠠᠢ ᠰᠢᠨ᠎ᠡ ᠴᠠᠭ ᠦᠶ᠎ᠡ ᠶᠢᠨ ᠰᠢᠯᠢᠳᠡᠭ ᠮᠠᠯᠴᠢᠨ ᠪᠣᠯᠤᠨ᠎ᠠ᠃ ᠲᠡᠷᠡ ᠪᠠᠷ ᠰᠤᠷᠭᠠᠭᠤᠯᠢ ᠳᠤ ᠪᠠᠶᠢᠬᠤ ᠠᠴᠠ ᠪᠠᠨ ᠥᠪᠡᠷ ᠤᠨ ᠭᠡᠰᠡᠨ ᠮᠠᠰᠢᠨᠴᠢᠯᠠᠭᠰᠠᠨ᠂ ᠤᠶᠤᠨᠴᠢᠯᠠᠭᠰᠠᠨ ᠬᠡᠷ ᠪᠦᠯᠢ ᠶᠢᠨ ᠮᠠᠯᠵᠢᠯ ᠤᠨ ᠲᠠᠯᠠᠪᠠᠶ ᠲᠠᠢ ᠪᠣᠯᠬᠤ ᠭᠡᠰᠡᠨ ᠮᠥᠷᠦᠭᠡᠳᠦᠯ ᠲᠠᠢ ᠪᠠᠶᠢᠵᠠᠢ᠃ ᠰᠤᠷᠤᠯᠭ᠎ᠠ ᠪᠠᠨ ᠲᠡᠭᠦᠰᠬᠡᠭᠰᠡᠨ ᠤ ᠳᠠᠷᠠᠭ᠎ᠠ᠂ ᠬᠤᠲᠠ ᠳᠤ ᠦᠯᠡᠳᠡᠬᠦ ᠵᠠᠪᠰᠢᠶᠠᠨ ᠢᠶᠠᠨ ᠡᠷᠡᠰ ᠰᠢᠭᠤᠷᠬᠠᠶ  ᠪᠠᠷ ᠲᠠᠶᠠᠭᠳᠠᠨ᠂ ᠬᠥᠳᠡᠭᠡ ᠪᠠᠨ ᠪᠤᠴᠠᠵᠤ ᠮᠠᠯᠴᠢᠨ ᠪᠣᠯᠵᠠᠢ᠃ ᠬᠡᠳᠦᠨ ᠵᠢᠯ ᠤᠨ ᠲᠤᠷᠰᠢ᠂ ᠮᠠᠯ ᠠᠵᠤ ᠠᠬᠤᠶ ᠶᠢ ᠳᠡᠮᠵᠢᠬᠦ ᠠᠯᠢ ᠣᠯᠠᠨ ᠨᠠᠮ ᠤᠨ ᠲᠥᠷᠥ ᠶᠢᠨ ᠪᠣᠳᠣᠯᠭ᠎ᠠ ᠪᠠ ᠥᠪᠡᠷ ᠤᠨ ᠰᠢᠷᠭᠠᠭᠤ ᠬᠦᠳᠡᠯᠮᠦᠷᠢ ᠵᠢᠴᠢ ᠡᠷᠢᠯ ᠬᠠᠶᠢᠯᠲᠠ ᠪᠠᠷ ᠳᠡᠮᠵᠢᠨ᠂ ᠡᠴᠦᠰ ᠲᠡᠭᠡᠨ ᠲᠤᠬᠠᠶ ᠶᠢᠨ ᠭᠠᠵᠠᠷ ᠤᠨ ᠬᠥᠭᠵᠢᠯᠲᠡ ᠳᠤ ᠳᠣᠭᠢᠷᠬᠠᠰᠠᠨ ᠮᠠᠯ ᠠᠵᠤ ᠠᠬᠤᠶ ᠶᠢᠨ ᠵᠠᠮ ᠢ ᠰᠦᠪᠡᠭᠴᠢᠯᠡᠨ ᠭᠠᠷᠭᠠᠵᠤ᠂ ᠰᠢᠨ᠎ᠡ ᠮᠠᠯᠴᠢᠨ ᠤ ᠠᠮᠢᠳᠤᠷᠠᠯ ᠢᠶᠠᠨ ᠡᠬᠢᠯᠡᠭᠦᠯᠦᠭᠰᠡᠨ ᠪᠠᠶᠢᠨ᠎ᠠ᠃               ᠨᠠᠪᠴᠢ ᠶᠢᠨ ᠬᠡᠷ ᠪᠦᠯᠢ ᠶᠢᠨ ᠬᠢᠨ ᠤ ᠨᠤᠲᠤᠭ ᠪᠡᠯᠴᠢᠭᠡᠷ ᠤᠨ ᠲᠠᠯᠠᠪᠠᠶ ᠨᠢ 2500 ᠮᠥ ᠪᠠᠶᠢᠵᠤ᠂ ᠲᠡᠷᠡ ᠥᠪᠡᠷ ᠤᠨ ᠨᠤᠲᠤᠭ ᠪᠡᠯᠴᠢᠭᠡᠷ ᠤᠨ ᠪᠠᠶᠢᠳᠠᠯ ᠪᠣᠯᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠤᠯᠠᠮᠵᠢᠯᠠᠯᠲᠤ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠵᠤ᠂ 2019 ᠣᠨ ᠠᠴᠠ ᠡᠬᠢᠯᠡᠨ ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠵᠠᠮ ᠢᠶᠠᠷ ᠵᠠᠮᠨᠠᠭᠰᠠᠨ ᠪᠠᠶᠢᠨ᠎ᠠ᠃ ᠲᠡᠷᠡ ᠵᠢᠯ ᠳᠠᠷᠠᠭᠠᠯᠠᠨ ᠦᠬᠡᠷ ᠬᠤᠨᠢᠨ ᠤ ᠪᠠᠨ ᠡᠭᠦᠯᠳᠡᠷ ᠢ ᠰᠠᠶᠢᠵᠢᠷᠠᠭᠤᠯᠵᠤ᠂ 100 ᠭᠠᠷᠤᠢ ᠰᠢᠷᠠᠯᠠᠭ ᠦᠬᠡᠷ ᠢᠶᠠᠨ ᠪᠦᠬᠦᠨ ᠢ ᠰᠢᠮᠧᠨ᠋ᠳᠡᠷ ᠦᠬᠡᠷ ᠪᠣᠯᠭᠠᠨ ᠰᠠᠶᠢᠵᠢᠷᠠᠭᠤᠯᠵᠤ᠂ ᠨᠤᠲᠤᠭ ᠤᠨ ᠬᠤᠨᠢ ᠪᠠᠨ ᠪᠦᠬᠦᠨ ᠢ ᠴᠡᠪᠡᠷ ᠡᠭᠦᠯᠳᠡᠷ ᠤᠨ ᠴᠠᠬᠠᠷ ᠬᠤᠨᠢ ᠪᠣᠯᠭᠠᠨ ᠰᠠᠶᠢᠵᠢᠷᠠᠭᠤᠯᠪᠠ᠃ ᠪᠡᠯᠴᠢᠭᠡᠷ  ᠤᠨ ᠲᠠᠯᠠᠪᠠᠢ ᠬᠢᠵᠠᠭᠠᠷ ᠲᠠᠢ᠂ ᠮᠠᠯ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠵᠤ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠲᠡᠷᠡ ᠰᠠᠨᠠᠭᠠᠴᠢᠯᠠᠭ᠎ᠠ ᠠᠴᠠ ᠪᠠᠨ ᠭᠠᠳᠠᠭᠰᠢ ᠭᠠᠷᠴᠤ᠂ ᠲᠡᠷᠢᠭᠦᠨ ᠤ ᠭᠠᠵᠠᠷ ᠣᠷᠣᠨ ᠳᠤ ᠬᠦᠷᠴᠦ ᠲᠣᠭᠤᠷᠢᠨ ᠰᠤᠷᠤᠯᠴᠠᠵᠤ᠂ ᠲᠤᠷᠰᠢᠯᠭ᠎ᠠ ᠬᠤᠷᠠᠮᠳᠤᠭᠤᠯᠤᠭᠰᠠᠨ ᠤ ᠵᠡᠷᠭᠡᠴᠡᠪᠡᠷ ᠰᠠᠭᠤᠷᠢ ᠲᠥᠬᠦᠭᠡᠷᠦᠮᠵᠢ ᠪᠠᠨ ᠲᠠᠰᠤᠷᠠᠯᠳᠠ ᠦᠭᠡᠢ ᠰᠠᠶᠢᠵᠢᠷᠠᠭᠤᠯᠵᠤ  ᠂ 2600 ᠬᠠᠪᠲᠠᠭᠠᠢ ᠳᠥᠷᠪᠡᠯᠵᠢᠨ ᠮᠧᠲᠷ ᠤᠨ ᠦᠬᠡᠷ ᠤᠨ ᠰᠠᠷᠠᠪᠴᠢ ᠪᠣᠯᠤᠨ 1280 ᠬᠠᠪᠲᠠᠭᠠᠢ ᠳᠥᠷᠪᠡᠯᠵᠢᠨ ᠮᠧᠲᠷ ᠤᠨ ᠬᠤᠨᠢᠨ ᠤ ᠫᠧᠩ ᠬᠤᠷᠤᠭ᠎ᠠ ᠪᠠᠶᠢᠭᠤᠯᠤᠭᠰᠠᠨ ᠪᠠᠶᠢᠨ᠎ᠠ᠃ ᠦᠬᠡᠷ ᠤᠨ ᠰᠠᠷᠠᠪᠴᠢᠨ ᠳᠤ ᠪᠠᠨ ᠦᠬᠡᠷ ᠲᠡᠵᠢᠭᠡᠬᠦ ᠵᠢᠶᠠᠰᠠ᠂ ᠬᠡᠪᠲᠡᠷᠢ᠂ ᠲᠤᠭᠤᠯᠯᠠᠬᠤ ᠦᠨᠢᠶᠡᠨ ᠤ ᠬᠤᠷᠤᠭ᠎ᠠ᠂ ᠲᠤᠭᠤᠯ ᠤᠨ ᠬᠠᠰᠢᠶ᠎ᠠ᠂ ᠡᠮᠨᠡᠬᠦ ᠭᠠᠵᠠᠷ ᠵᠢᠴᠢ ᠬᠤᠳᠳᠤᠭ ᠳᠣᠭᠢᠷᠠᠭᠤᠯᠵᠤ᠂ ᠬᠤᠨᠢᠨ ᠬᠤᠷᠤᠭᠠᠨ ᠳᠤ ᠪᠠᠨ ᠲᠤᠯᠠᠭᠠᠯᠠᠭ᠎ᠠ᠂ ᠤᠰᠤᠯᠠᠭ᠎ᠠ᠂ ᠴᠡᠪᠡᠷᠯᠡᠭᠡ ᠶᠢᠨ ᠮᠠᠰᠢᠨ ᠵᠢᠴᠢ ᠣᠩᠭᠤᠴᠠ ᠵᠡᠷᠭᠡ ᠲᠥᠬᠦᠭᠡᠷᠦᠮᠵᠢ ᠲᠣᠬᠢᠷᠠᠭᠤᠯᠵᠠᠢ᠂ ᠡᠭᠦᠨ ᠠᠴᠠ ᠭᠠᠳᠠᠨ᠎ᠠ ᠪᠠᠰᠠ ᠨᠣᠭᠤᠭᠠᠨ ᠳᠠᠷᠤᠰᠢ ᠶᠢᠨ ᠵᠣᠭᠤᠷᠢ᠂ ᠡᠪᠡᠰᠦᠨ ᠫᠧᠩ᠂ ᠭᠡᠭᠡᠯᠳᠦᠭᠦᠯᠭᠡ ᠶᠢᠨ ᠲᠠᠰᠤᠭ ᠪᠠᠶᠢᠭᠤᠯᠵᠤ᠂ ᠪᠣᠷᠳᠤᠭ᠎ᠠ ᠵᠢᠭᠤᠷᠠᠬᠤ᠂ ᠪᠣᠷᠳᠤᠭ᠎ᠠ ᠰᠠᠴᠤᠬᠤ ᠲᠡᠷᠭᠡ ᠵᠡᠷᠭᠡ ᠮᠠᠰᠢᠨ ᠲᠥᠬᠦᠭᠡᠷᠦᠮᠵᠢ ᠲᠣᠬᠢᠷᠠᠭᠤᠯᠤᠭᠰᠠᠨ ᠪᠠᠶᠢᠨ᠎ᠠ᠃               ᠨᠠᠪᠴᠢ᠄ ︽ᠮᠠᠨ ᠤ ᠬᠢᠨ 2019 ᠣᠨ ᠤ 5 ᠰᠠᠷ᠎ᠠ ᠳᠤ ᠴᠠᠬᠢᠯᠭᠠᠨ ᠪᠠ ᠰᠦᠯᠵᠢᠶ᠎ᠡ ᠨᠡᠪᠲᠡᠷᠡᠵᠡᠢ᠂ ᠲᠡᠷᠡ ᠵᠢᠯ ᠠᠴᠠ ᠪᠢᠳᠡ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠬᠢᠭᠰᠡᠨ ᠪᠢᠯᠡ ᠂ ᠡᠮᠦᠨ᠎ᠡ ᠨᠢ ᠪᠢᠳᠡᠨ ᠳᠤ ᠡᠶᠢᠮᠦ ᠨᠥᠬᠦᠴᠡᠯ ᠪᠠᠶᠢᠭ᠎ᠠ ᠥᠬᠡᠶ᠃ ᠲᠤᠬᠠᠢ ᠶᠢᠨ ᠵᠢᠯ ᠬᠤᠨᠢᠨ ᠤ ᠫᠧᠩ ᠰᠠᠷᠠᠪᠴᠢ ᠪᠠᠷᠢᠵᠤ᠂ 80 ᠲᠦᠮᠡᠨ ᠲᠥᠭᠦᠷᠢᠭ ᠵᠠᠷᠤᠴᠠᠭᠤᠯᠵᠠᠢ᠂ ᠫᠧᠩ ᠰᠠᠷᠠᠪᠴᠢ ᠶᠢᠨ ᠵᠢᠷᠤᠭ ᠲᠥᠯᠥᠪᠯᠡᠭᠡ ᠶᠢ ᠪᠢ ᠯᠢᠶᠣᠤᠨᠢᠩ ᠵᠡᠷᠭᠡ ᠭᠠᠵᠠᠷ ᠲᠤ ᠬᠦᠷᠴᠦ ᠪᠣᠰᠣᠳ ᠤᠨ ᠫᠧᠩ ᠰᠠᠷᠠᠪᠴᠢᠨ ᠤ ᠪᠦᠲᠦᠴᠡ ᠪᠠᠶᠢᠳᠠᠯ ᠵᠢᠴᠢ ᠵᠢᠷᠤᠭ ᠲᠥᠯᠥᠪᠯᠡᠭᠡ ᠶᠢ ᠦᠵᠡᠭᠰᠡᠨ ᠤ ᠲᠠᠷᠠᠭ᠎ᠠ᠂ ᠥᠪᠡᠷ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ᠂ ᠥᠪᠡᠷ  ᠢᠶᠠᠨ ᠲᠥᠯᠥᠪᠯᠡᠨ ᠪᠠᠶᠢᠭᠤᠯᠤᠭᠰᠠᠨ ᠪᠢᠯᠡ᠃ ᠦᠬᠡᠷ ᠤᠨ ᠰᠠᠷᠠᠪᠴᠢ ᠶᠢ 2021 ᠣᠨ ᠠᠴᠠ ᠡᠬᠢᠯᠡᠨ ᠪᠠᠶᠢᠭᠤᠯᠵᠤ᠂ 90 ᠭᠠᠷᠤᠶ ᠲᠦᠮᠡᠨ ᠲᠥᠭᠦᠷᠢᠭ ᠵᠠᠷᠤᠴᠠᠭᠤᠯᠵᠠᠶ᠃ ᠡᠶᠢᠮᠦᠷᠬᠦ ᠬᠠᠰᠢᠶ᠎ᠠ ᠰᠠᠷᠠᠪᠴᠢ ᠨᠢ ᠬᠥᠮᠦᠨ ᠤ ᠬᠦᠴᠦᠨ ᠳᠤ ᠠᠷᠪᠢᠲᠠᠶ᠂ ᠮᠠᠰᠢᠨᠴᠢᠯᠠᠭᠰᠠᠨ ᠤ ᠳᠠᠷᠠᠭ᠎ᠠ ᠡᠪᠡᠰᠦ ᠪᠣᠷᠳᠤᠭ᠎ᠠ ᠳᠤ ᠠᠷᠪᠢᠲᠠᠶ᠂ ᠡᠪᠦᠯ ᠳᠡᠭᠡᠨ ᠦᠬᠡᠷ ᠬᠤᠨᠢᠨ ᠳᠤ ᠪᠦᠯᠢᠶᠡᠨ ᠤᠰᠤ ᠤᠤᠭᠤᠯᠭᠠᠬᠤ ᠵᠢᠴᠢ ᠦᠬᠡᠷ ᠬᠤᠨᠢᠨ ᠤ ᠲᠠᠷᠭᠤ ᠪᠠᠭᠤᠷᠠᠬᠤ ᠶᠢ ᠰᠡᠷᠭᠡᠶᠢᠯᠡᠳᠡᠭ᠂ ᠲᠡᠭᠦᠨᠴᠢᠯᠡᠨ ᠪᠠᠰᠠ ᠮᠠᠯ ᠢ ᠲᠡᠵᠢᠭᠡᠨ ᠠᠷᠠᠴᠢᠯᠠᠬᠤ ᠳᠤ ᠬᠥᠯ ᠭᠠᠷ ᠬᠥᠳᠡᠯᠬᠦ ᠥᠬᠡᠶ ᠪᠠᠶᠢᠵᠤ᠂ ᠬᠠᠰᠢᠶ᠎ᠠ ᠰᠠᠷᠠᠪᠴᠢ ᠶᠢᠨ ᠦᠢᠯᠡᠳᠦᠯ ᠢ ᠬᠠᠮᠤᠭ ᠤᠨ ᠶᠡᠭᠡ ᠪᠠᠷ ᠪᠠᠳᠠᠷᠠᠭᠤᠯᠵᠤ᠂ ᠮᠠᠯ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠵᠦ ᠴᠢᠳᠠᠭᠰᠠᠨ ᠪᠠᠶᠢᠨ᠎ᠠ᠃︾ ᠭᠡᠵᠦ ᠬᠡᠯᠡᠵᠦ ᠪᠠᠶᠢᠪᠠ᠃               ᠨᠠᠪᠴᠢ ︽ᠶᠠᠮᠠᠷ ᠤᠴᠢᠷ ᠢ ᠴᠤ  ᠨᠠᠷᠢᠨ ᠨᠢᠮᠪᠠᠢ ᠨᠠᠷᠢᠯᠢᠭ ᠬᠢᠬᠦ ᠨᠢ ᠴᠢᠬᠤᠯᠠ︾ ᠭᠡᠵᠦ ᠪᠠᠶᠢᠩᠭᠤ ᠶᠠᠷᠢᠳᠠᠭ᠃ ᠲᠡᠳᠡᠨ ᠤ ᠬᠢᠨ ᠴᠠᠬᠠᠷ ᠬᠤᠨᠢᠨ ᠤ ᠭᠤᠣᠯᠯᠠᠭᠴᠢ ᠰᠦᠷᠦᠭ ᠢᠶᠠᠷ ᠲᠣᠭᠳᠠᠭᠠᠭᠳᠠᠵᠤ᠂ ᠡᠮ᠎ᠡ ᠬᠤᠨᠢᠨ ᠳᠠᠭᠠᠨ ᠭᠠᠷ ᠬᠡᠭᠡᠯᠲᠦᠭᠦᠯᠭᠡ ᠬᠢᠬᠦ ᠴᠢᠬᠤᠯᠠ ᠲᠠᠢ ᠪᠣᠯᠣᠭᠰᠠᠨ ᠠᠴᠠ ᠲᠡᠷᠡ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠬᠤᠰᠢᠭᠤᠨ ᠤ ᠮᠠᠯ ᠠᠵᠤ ᠠᠬᠤᠶ ᠶᠢᠨ ᠠᠵᠢᠯ ᠤᠨ ᠥᠷᠲᠡᠭᠡᠨ ᠤ ᠪᠣᠯᠪᠠᠰᠤᠷᠠᠯ ᠳᠤ ᠢᠳᠡᠪᠬᠢᠲᠡᠶ ᠣᠷᠣᠯᠴᠠᠨ᠂ ᠬᠡᠭᠡᠯᠲᠦᠭᠦᠯᠭᠡ ᠶᠢᠨ ᠮᠡᠷᠭᠡᠵᠢᠯ ᠢ ᠡᠵᠡᠮᠰᠢᠵᠦ᠂ ᠬᠡᠷ ᠤᠨ ᠢᠶᠠᠨ ᠬᠡᠳᠦᠨ ᠵᠠᠭᠤᠨ ᠡᠮ᠎ᠡ ᠬᠤᠨᠢᠨ ᠳᠤ ᠥᠪᠡᠷᠲᠡᠭᠡᠨ ᠬᠡᠭᠡᠯᠲᠦᠭᠦᠯᠭᠡ ᠬᠢᠪᠡ᠃ ᠲᠡᠷᠡ ᠬᠡᠯᠡᠬᠦ ᠳᠡᠭᠡᠨ᠂ 2016 ᠣᠨ ᠠᠴᠠ ᠡᠬᠢᠯᠡᠨ ᠭᠠᠷ ᠬᠡᠭᠡᠯᠳᠦᠭᠦᠯᠭᠡ ᠬᠢᠳᠡᠭ ᠪᠣᠯᠤᠭᠰᠠᠨ ᠠᠴᠠ ᠨᠠᠰᠢ᠂ ᠲᠡᠭᠦᠨ ᠤ ᠢᠮᠠᠭᠠᠨ ᠤ ᠢᠬᠢᠷᠯᠡᠬᠦ ᠨᠣᠷᠮ᠎ᠠ ᠨᠢ 35 % ᠪᠠᠶᠢᠭᠰᠠᠨ ᠠᠴᠠ ᠪᠠᠨ 55 % ᠪᠣᠯᠤᠨ ᠳᠡᠭᠡᠭᠰᠢᠯᠡᠵᠦ᠂ ᠡᠪᠦᠯ ᠳᠤᠰᠤᠭᠰᠠᠨ ᠢᠰᠢᠭᠡ ᠨᠢ 9 ᠰᠠᠷ᠎ᠠ ᠳᠤ ᠪᠣᠷᠣᠯᠠᠭᠤᠯᠬᠤ ᠪᠣᠯᠲᠠᠯ᠎ᠠ 120 ᠭᠠᠷᠤᠶ ᠵᠢᠩ ᠳᠤ ᠬᠦᠷᠴᠦ᠂ ᠪᠦᠳᠦᠭᠦᠨ ᠢᠮᠠᠭ᠎ᠠ ᠨᠢ 210 ᠵᠢᠩ ᠳᠤ ᠬᠦᠷᠳᠡᠭ ᠪᠣᠯᠣᠭᠰᠠᠨ ᠭᠡᠨ᠎ᠡ᠃               ᠲᠠᠭᠠᠯᠠᠮᠵᠢᠲᠠᠶ ᠣᠷᠣᠨ ᠰᠠᠭᠤᠴᠠ᠂ ᠪᠠᠷᠢᠮᠵᠢᠶᠠᠵᠢᠭᠰᠠᠨ ᠮᠠᠯ ᠤᠨ ᠬᠠᠰᠢᠶ᠎ᠠ ᠰᠠᠷᠠᠪᠴᠢ᠂ ᠡᠯ᠎ᠡ ᠲᠥᠷᠥᠯ ᠤᠨ ᠮᠠᠰᠢᠨ ᠮᠧᠬᠠᠨᠢᠭ᠂ ᠪᠠᠶᠢᠩᠭᠤ ᠶᠢᠨ ᠴᠠᠬᠢᠯᠭᠠᠨ᠂ ᠰᠦᠯᠵᠢᠶ᠎ᠡ ᠵᠡᠷᠭᠡ ᠣᠳᠣᠬᠢᠴᠢᠯᠠᠭᠰᠠᠨ ᠳᠥᠬᠦᠭᠡᠷᠦᠮᠵᠢ ᠨᠠᠪᠴᠢ ᠶᠢᠨ ᠳᠤ ᠴᠥᠮ ᠪᠥᠷᠢᠨ ᠳᠥᠬᠦᠷ ᠪᠠᠶᠢᠨ᠎ᠠ᠃ ᠡᠪᠦᠯ ᠳᠡᠭᠡᠨ ᠦᠬᠡᠷ ᠬᠤᠨᠢ ᠨᠢ ᠪᠡᠭᠡᠷᠡᠵᠦ ᠳᠠᠭᠠᠷᠠᠬᠤ ᠦᠭᠡᠢ᠂ ᠪᠣᠷᠣᠭᠠᠨ ᠳᠤ ᠨᠣᠷᠠᠬᠤ ᠦᠭᠡᠢ᠂ ᠣᠷᠴᠢᠨ ᠲᠣᠭᠤᠷᠢᠨ ᠨᠢ ᠲᠠᠭᠠᠲᠠᠢ᠂ ᠡᠪᠡᠰᠦ ᠪᠣᠷᠳᠤᠭ᠎ᠠ ᠨᠢ ᠬᠠᠩᠭᠠᠯᠲᠠᠢ ᠪᠠᠶᠢᠳᠠᠭ ᠠᠴᠠ ᠮᠠᠯ ᠨᠢ ᠲᠠᠷᠭᠤ ᠨᠢ ᠰᠠᠶᠢᠲᠠᠢ᠂ ᠪᠣᠷᠣᠯᠠᠭᠤᠯᠬᠤ ᠦᠨ᠎ᠡ ᠨᠢ ᠴᠤ ᠥᠨᠳᠥᠷ ᠪᠠᠶᠢᠬᠤ ᠨᠢ ᠶᠠᠷᠢᠶᠠᠨ ᠦᠭᠡᠢ᠃               ᠰᠢᠯᠤᠭᠤᠨ ᠬᠥᠬᠡ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ ᠮᠥᠩᠬᠡᠪᠢᠯᠢᠭ᠄ ︽ᠮᠠᠨ ᠤ ᠲᠣᠪᠴᠢᠶ᠎ᠠ ᠨᠢ ᠰᠢᠨ᠎ᠡ ᠲᠡᠤᠬᠡ ᠶᠢᠨ ᠡᠬᠢᠯᠡᠯᠲᠡ ᠶᠢᠨ ᠴᠡᠭ ᠠᠴᠠ᠂ ᠠᠩᠬᠠᠨ ᠤ ᠵᠣᠷᠢᠯᠲᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠡᠭᠦᠯᠳᠡᠷ ᠢ ᠥᠷᠭᠡᠳᠭᠡᠨ ᠪᠣᠶᠢᠵᠢᠭᠤᠯᠬᠤ ᠠᠵᠢᠯ ᠤᠨ ᠲᠣᠭᠤᠷᠢᠨ ᠳᠤ᠂ ᠬᠡᠪᠴᠢᠶᠡᠵᠢᠭᠦᠯᠦᠨ ᠪᠠᠷᠢᠮᠵᠢᠶᠠᠵᠢᠭᠤᠯᠤᠨ ᠮᠠᠯᠵᠢᠬᠤ ᠶᠢ ᠳᠡᠮᠵᠢᠵᠦ᠂ ᠬᠥᠳᠡᠭᠡ ᠣᠷᠣᠨ ᠤ ᠦᠶᠯᠡᠳᠪᠦᠷᠢᠯᠡᠯ ᠤᠨ ᠠᠷᠭ᠎ᠠ ᠮᠠᠶ᠋ᠢᠭ ᠢ ᠰᠢᠨᠡᠴᠢᠯᠡᠨ᠂ ᠴᠢᠨᠠᠷᠯᠢᠭ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠨᠢᠲᠤᠯᠵᠤ ᠡᠳ᠋ᠰᠢᠭᠦᠯᠬᠦ ᠭᠦᠶᠯᠭᠡᠭᠡᠨ ᠢ ᠲᠡᠭᠦᠯᠳᠡᠷᠵᠢᠭᠦᠯᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠲᠥᠷᠥ ᠶᠢᠨ ᠪᠣᠳᠣᠯᠭ᠎ᠠ  ᠶᠢᠨ ᠳᠡᠮᠵᠢᠯᠭᠡ ᠶᠢ ᠴᠢᠩᠭᠠᠷᠠᠭᠤᠯᠤᠨ᠂ ᠰᠢᠨᠵᠢᠯᠡᠭᠡ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠵᠤ᠂ ᠮᠢᠬᠠᠨ ᠤ ᠦᠬᠡᠷ᠂ ᠮᠢᠬᠠᠨ ᠤ ᠬᠤᠨᠢᠨ ᠤ ᠠᠵᠤ ᠦᠶᠯᠡᠰ ᠤᠨ ᠬᠥᠭᠵᠢᠯᠲᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠤᠯᠠᠮᠵᠢᠯᠠᠯᠲᠤ ᠮᠠᠯ ᠠᠵᠤ ᠠᠬᠤᠶ ᠶᠢ ᠣᠳᠣᠬᠢᠴᠢᠯᠠᠭᠰᠠᠨ ᠮᠠᠯ ᠠᠵᠤ ᠠᠬᠤᠶ ᠳᠠᠰᠢ ᠬᠤᠪᠢᠷᠠᠭᠤᠯᠤᠨ ᠰᠢᠨᠡᠴᠢᠯᠡᠵᠦ᠂ ᠮᠠᠨ ᠤ ᠬᠤᠰᠢᠭᠤᠨ ᠤ ᠬᠥᠳᠡᠭᠡ ᠣᠷᠣᠨ ᠤ ᠠᠵᠤ ᠠᠬᠤᠢ ᠨᠡᠶᠢᠭᠡᠮ ᠤᠨ ᠲᠣᠭᠲᠠᠭᠤᠨ ᠬᠦᠭᠵᠢᠯᠲᠡ ᠶᠢ ᠪᠠᠲᠤᠯᠠᠬᠤ ᠪᠠᠷ ᠴᠢᠷᠮᠠᠶᠢᠵᠤ ᠪᠤᠢ︾ ᠭᠡᠪᠡ᠃               ᠨᠠᠪᠴᠢ ᠮᠡᠲᠦ ᠶᠢᠨ ᠲᠠᠭᠤᠷᠢᠶᠠᠯ ᠪᠣᠯᠣᠨ ᠳᠠᠶᠢᠴᠢᠯᠠᠬᠤ ᠴᠢᠳᠠᠪᠤᠷᠢ ᠲᠠᠢ ᠬᠡᠷ ᠪᠦᠯᠢ ᠶᠢᠨ ᠮᠠᠯᠵᠢᠯ  ᠤᠨ ᠲᠠᠯᠠᠪᠠᠶ ᠨᠢ ᠪᠥᠬᠦ ᠬᠤᠰᠢᠭᠤᠨ ᠳᠤ 64 ᠡᠷᠦᠬᠡ ᠪᠣᠶ᠂ ᠡᠲᠡᠭᠡᠷ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢᠨ ᠵᠢᠱᠢᠶᠡᠴᠢ ᠳᠠᠭᠤᠷᠢᠶᠠᠯ ᠪᠣᠯᠬᠤ ᠦᠶᠯᠡᠳᠦᠯ ᠢᠯᠡᠷᠬᠡᠶ ᠪᠠᠶᠢᠵᠤ᠂ ᠥᠷᠭᠡᠨ ᠣᠯᠠᠨ ᠮᠠᠯᠴᠢᠳ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠤᠷ᠎ᠠ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠳᠠᠭᠠᠭᠤᠯᠭ᠎ᠠ ᠳᠣᠤᠷ᠎ᠠ᠂ ᠣᠳᠣᠬᠢᠴᠢᠯᠠᠭᠰᠠᠨ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠮᠠᠰᠢᠨᠴᠢᠯᠠᠯᠲᠠ ᠤᠶᠤᠨᠴᠢᠯᠠᠯᠲᠠ ᠲᠡᠶᠢᠰᠢ ᠠᠯᠬᠤᠮ ᠠᠯᠬᠤᠮ ᠢᠶᠠᠷ ᠣᠷᠤᠭᠰᠢᠯᠠᠨ ᠰᠢᠯᠤᠭᠤᠨ ᠬᠥᠬᠡ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠬᠥᠭᠵᠢᠯᠲᠡ ᠳᠤ ᠬᠡᠭᠡᠨ ᠰᠠᠷᠠᠭᠤᠯ ᠢᠷᠡᠭᠡᠳᠦᠢ ᠶᠢ ᠠᠪᠴᠢᠷᠠᠬᠤ ᠨᠢ ᠳᠠᠮᠵᠢᠭ ᠦᠭᠡᠢ᠃ ᠨᠠᠮ  ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠬᠥᠳᠡᠭᠡ ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ ᠠᠬᠤᠶ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠬᠤ ᠬᠡᠷᠡᠭᠳᠡᠢ ᠭᠡᠵᠦ ᠲᠤᠷᠠᠳᠤᠪᠠ᠂ ᠰᠢᠯᠤᠭᠤᠨ ᠬᠥᠬᠡ ᠬᠤᠰᠢᠭᠤ ᠨᠢ ᠶᠡᠷᠦᠩᠬᠡᠶ ᠱᠦᠵᠢ ᠰᠢ ᠶᠢᠨ ᠫᠢᠩ  ᠤᠨ ︽ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ᠂ ᠮᠠᠯᠴᠢᠨ ᠲᠠᠷᠢᠶᠠᠴᠢᠨ︾ ᠤ ᠠᠵᠢᠯ ᠤᠨ ᠲᠤᠬᠠᠶ ᠶᠠᠷᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠪᠣᠳᠠᠲᠤ ᠪᠠᠶᠢᠳᠠᠯ ᠳᠤ ᠰᠠᠭᠤᠷᠢᠯᠠᠨ᠂ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠦᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠦᠷᠭᠦᠯᠵᠢᠯᠡᠨ ᠡᠷᠡᠰ ᠭᠤᠶᠢᠪᠢᠰᠢ ᠥᠬᠡᠶ ᠵᠠᠮᠨᠠᠬᠤ ᠪᠣᠯᠤᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号