ᠪᠥᠭᠡᠮ ᠬᠦᠴᠢᠯ ᠤᠨ ᠪᠠᠶᠢᠴᠠᠭᠠᠯᠲᠠ ᠶᠢ ᠪᠠᠶᠢᠩᠭᠤ ᠶᠢᠨ ᠴᠢᠨᠠᠷᠲᠠᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/11/11
 ᠪᠥᠭᠡᠮ ᠬᠦᠴᠢᠯ ᠤᠨ ᠪᠠᠶᠢᠴᠠᠭᠠᠯᠲᠠ ᠶᠢ ᠪᠠᠶᠢᠩᠭᠤ ᠶᠢᠨ ᠴᠢᠨᠠᠷᠲᠠᠢ ᠥᠷᠨᠢᠭᠦᠯᠬᠦ ᠲᠤᠬᠠᠶ ᠮᠡᠳᠡᠭᠳᠡᠯᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠲᠤ᠄             ᠣᠳᠣᠬᠠᠨ ᠤ ᠬᠦᠨᠳᠦ ᠬᠡᠴᠡᠭᠦᠦ ᠬᠢᠵᠢᠭ ᠤᠨ ᠪᠠᠶᠢᠳᠠᠯ ᠳᠤ ᠰᠠᠭᠤᠷᠢᠯᠠᠵᠤ᠂ ᠬᠢᠵᠢᠭ ᠤᠨ ᠳᠦᠭᠰᠢᠭᠦᠷᠢ ᠶᠢ ᠲᠤᠶᠢᠯᠪᠤᠷᠢᠲᠠᠶ ᠪᠠᠶᠢᠴᠠᠭᠠᠨ᠂ ᠰᠡᠷᠭᠡᠶᠢᠯᠡᠨ ᠬᠤᠷᠢᠭᠯᠠᠬᠤ ᠠᠵᠢᠯ ᠤᠨ ᠦᠷ᠎ᠡ ᠪᠦᠳᠦᠮᠵᠢ ᠪᠠᠨ ᠪᠠᠬᠢᠵᠢᠭᠦᠯᠬᠦ ᠶᠢᠨ ᠲᠤᠯᠠᠳᠠ᠂ ᠰᠢᠯᠢ ᠶᠢᠨ ᠭᠤᠤᠯ ᠠᠶᠢᠮᠠᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠵᠢᠯ ᠤᠨ ᠪᠠᠶᠢᠷᠢᠯᠠᠭᠤᠯᠤᠯᠲᠠ ᠪᠠᠷ᠂ ᠮᠠᠨ ᠤ ᠬᠤᠰᠢᠭᠤ ᠨᠢ ᠪᠥᠭᠡᠮ ᠬᠦᠴᠢᠯ ᠤᠨ ᠪᠠᠶᠢᠴᠠᠭᠠᠯᠲᠠ ᠶᠢ ᠪᠠᠶᠢᠩᠭᠤ ᠶᠢᠨ ᠴᠢᠨᠠᠷᠲᠠᠢ ᠥᠷᠨᠢᠬᠦᠯᠬᠦ ᠪᠠᠷ ᠪᠣᠯᠤᠯ᠎ᠠ᠂ ᠣᠲᠣ ᠬᠠᠮᠢᠶ᠎ᠠ ᠪᠥᠬᠦᠶ ᠵᠦᠢᠯᠡᠰ ᠢ ᠮᠡᠳᠡᠭᠳᠡᠶ᠎ᠡ᠄ᠨᠢᠭᠡ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠠᠭ             2022 ᠣᠨ ᠤ 11 ᠰᠠᠷ᠎ᠠ ᠶᠢᠨ 11 ᠠᠴᠠ ᠡᠬᠢᠯᠡᠨ᠂ ᠱᠠᠩᠳᠤ ᠪᠠᠯᠭᠠᠰᠤᠨ ᠲᠣᠭᠤᠷᠢᠭ ᠤᠨ  ᠬᠢᠨ ︵ᠠᠵᠤ ᠦᠶᠯᠡᠳᠪᠦᠷᠢ ᠶᠢᠨ ᠬᠦᠷᠢᠶᠡᠯᠡᠩ᠂ ᠱᠠᠩᠳᠤ ᠴᠠᠬᠢᠯᠭᠠᠨ ᠦᠶᠯᠡᠳᠪᠦᠷᠢ ᠪᠠᠭᠲᠠᠨ᠎ᠠ︶ ᠭᠠᠷᠠᠭ ᠪᠣᠯᠭᠠᠨ ᠤ ᠬᠤᠶᠠᠷ᠂ ᠵᠢᠷᠭᠤᠭᠠᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠬᠥᠳᠡᠭᠡ ᠲᠣᠰᠬᠤᠨ ᠤ ᠬᠢᠨ ᠭᠠᠷᠠᠭ ᠪᠣᠯᠭᠠᠨ ᠤ ᠲᠠᠪᠤᠨ ᠳᠤ ᠪᠥᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃ ᠪᠥᠭᠡᠮ ᠬᠦᠴᠢᠯ ᠤᠨ ᠪᠠᠶᠢᠴᠠᠭᠠᠯᠲᠠ ᠬᠢᠬᠦ ᠪᠤᠳᠠᠲᠠᠢ ᠴᠠᠭ ᠢ ᠡᠯ᠎ᠡ ᠰᠤᠮᠤ ᠪᠠᠯᠭᠠᠰᠤ ᠲᠠᠯᠠᠪᠠᠢ ᠶᠢᠨ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃ᠬᠤᠶᠠᠷ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠪᠴᠢᠶ᠎ᠡ             ᠡᠯ᠎ᠡ ᠰᠤᠮᠤ ᠪᠠᠯᠭᠠᠰᠤ ᠲᠠᠯᠠᠪᠠᠢ ᠶᠢᠨ ᠬᠠᠷᠢᠶ᠎ᠠ ᠣᠷᠣᠨ ᠳᠠᠬᠢ ᠪᠤᠢ ᠪᠦᠬᠦᠢ ᠰᠠᠭᠤᠭᠠᠯᠢ ᠠᠷᠠᠳ᠂ ᠡᠭᠦᠨ ᠳᠤ ᠪᠠᠶᠢᠩᠭᠤ ᠶᠢᠨ ᠬᠥᠮᠦᠨ ᠠᠮᠠ᠂ ᠲᠦᠷ ᠴᠠᠭ ᠰᠠᠭᠤᠭ᠎ᠠ ᠬᠥᠮᠦᠨ ᠠᠮᠠ᠂ ᠶᠠᠪᠤᠭᠤᠯ ᠠᠷᠠᠳ᠂ ᠬᠠᠷᠢ ᠶᠢᠨ ᠬᠠᠷᠢᠶᠠᠲᠤ ᠨᠠᠷ ᠪᠠᠭᠲᠠᠨ᠎ᠠ᠃ ᠬᠡᠷ ᠲᠡᠭᠡᠨ ᠲᠤᠰᠠᠭᠠᠷᠯᠠᠵᠤ ᠪᠠᠶᠢᠭ᠎ᠠ ᠪᠠ ᠬᠡᠷ ᠲᠡᠭᠡᠨ ᠡᠷᠡᠭᠦᠯ ᠮᠡᠨᠳᠦ ᠶᠢᠨ ᠬᠢᠨᠠᠯᠲᠠ ᠬᠢᠵᠦ ᠪᠠᠶᠢᠭ᠎ᠠ ᠬᠦᠮᠦᠰ ᠢ ᠤᠤᠯ ᠶᠣᠰᠤᠭᠠᠷ ᠭᠡᠷ ᠲᠤ ᠨᠢ ᠬᠦᠷᠴᠦ ᠪᠠᠶᠢᠴᠠᠭᠠᠨ᠎ᠠ᠃ᠭᠤᠷᠪᠠ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠭᠠᠵᠠᠷ             ᠡᠯ᠎ᠡ ᠰᠤᠮᠤ ᠪᠠᠯᠭᠠᠰᠤ ᠲᠠᠯᠠᠪᠠᠢ ᠠᠴᠠ ᠭᠠᠵᠠᠷ ᠲᠤᠭᠲᠠᠭᠠᠨ ᠰᠠᠭᠤᠭᠠᠯᠢ ᠠᠷᠠᠳ ᠲᠤ ᠮᠡᠳᠡᠭᠳᠡᠨ᠎ᠡ᠃ᠳᠥᠷᠪᠡ᠂ ᠠᠩᠬᠠᠷᠬᠤ ᠵᠦᠢᠯ             1.ᠣᠯᠠᠨ ᠢᠶᠠᠷ ᠢᠶᠠᠨ ᠰᠤᠮᠤ ᠪᠠᠯᠭᠠᠰᠤ ᠲᠠᠯᠠᠪᠠᠶ᠂ ᠨᠡᠶᠢᠭᠡᠮ ᠲᠣᠭᠤᠷᠢᠭ ᠭᠠᠴᠠᠭ᠎ᠠ ︵ᠲᠣᠰᠬᠤᠨ︶᠂ ᠳᠠᠭᠠᠭᠠᠴᠢᠯᠠᠭᠰᠠᠨ ᠪᠠᠶᠢᠭᠤᠯᠭ᠎ᠠ ᠨᠢᠭᠡᠴᠡ ᠶᠢᠨ ᠠᠵᠢᠯᠲᠠᠨ ᠤ ᠨᠢᠭᠡᠳᠦᠯᠲᠡᠶ ᠲᠣᠬᠢᠷᠠᠭᠤᠯᠤᠯᠲᠠ ᠳᠣᠤᠷ᠎ᠠ᠂ ︽ᠰᠢᠯᠢᠨ ᠡᠷᠡᠭᠦᠯ ᠮᠡᠨᠳᠦ ᠶᠢᠨ ᠴᠣᠬᠤᠷ︾ ᠤᠨ ᠵᠢᠵᠢᠭ ᠫᠷᠤᠭ᠍ᠷᠠᠮ ᠳᠤ ᠭᠠᠷᠴᠤ ᠦᠨᠡᠨ ᠨᠡᠷ᠎ᠡ ᠪᠠᠷ ᠢᠶᠠᠨ ᠳᠠᠩᠰᠠᠯᠠᠨ ᠡᠷᠡᠭᠦᠯ ᠮᠡᠨᠳᠦ ᠶᠢᠨ ᠺᠣᠳ᠋ ᠭᠤᠶᠣᠴᠢᠯᠠᠨ ᠠᠪᠴᠤ᠂ ᠳᠡᠯᠭᠡᠴᠡ ᠪᠠᠨ ᠡᠰᠭᠡᠨ ᠬᠠᠳᠠᠭᠠᠯᠠᠵᠤ᠂ ᠪᠡᠶ᠎ᠡ ᠶᠢᠨ ᠦᠨᠡᠮᠯᠡᠯ ᠪᠤᠶᠤ ᠬᠠᠷᠢ ᠶᠢᠨ ᠬᠠᠷᠢᠶᠠᠲᠤ ᠶᠢᠨ ᠭᠡᠷᠡᠴᠢ ᠪᠠᠨ ᠠᠪᠴᠤ᠂ ᠲᠣᠭᠲᠠᠭᠰᠠᠨ ᠴᠠᠭ ᠲᠤ ᠲᠣᠭᠲᠠᠭᠰᠠᠨ ᠭᠠᠵᠠᠷ ᠲᠤ ᠬᠦᠷᠴᠦ᠂ ᠡᠮᠬᠢ ᠵᠢᠷᠤᠮ ᠲᠠᠢ ᠪᠠᠷ ᠮᠥᠷᠯᠡᠨ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ ᠳᠠᠭᠤᠰᠤᠭᠰᠠᠨ ᠤ ᠳᠠᠷᠠᠭ᠎ᠠ ︽ᠪᠠᠶᠢᠴᠠᠭᠠᠯᠭᠠᠭᠰᠠᠨ ᠭᠡᠷᠡᠴᠢ ᠪᠠᠷᠢᠮᠲᠠ︾ ᠪᠠᠨ ᠠᠪᠤᠭᠠᠷᠠᠢ᠃ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠭᠰᠡᠨ ᠥᠬᠡᠶ ᠬᠥᠮᠦᠰ ᠲᠤ ᠮᠡᠷᠭᠡᠵᠢᠯ ᠤᠨ ᠠᠷᠭ᠎ᠠ ᠪᠠᠷᠢᠯ ᠢᠶᠠᠷ ᠰᠠᠨᠠᠭᠤᠯᠤᠮᠵᠢ ᠥᠭᠬᠦ ᠪᠣᠯᠤᠨ᠎ᠠ᠃             2. ᠪᠥᠭᠡᠮ ᠬᠦᠴᠢᠯ ᠪᠠᠶᠢᠴᠠᠭᠠᠯᠲᠠ ᠶᠢᠨ ᠪᠥᠬᠦ ᠶᠠᠪᠤᠴᠠ ᠳᠤ ᠠᠮᠠᠪᠴᠢ ᠵᠡᠭᠦᠵᠦ᠂ ᠬᠤᠭᠤᠷᠤᠨᠳᠤ ᠪᠠᠨ 1.5 ᠮᠧᠲᠷ ᠠᠴᠠ ᠳᠡᠭᠡᠭᠰᠢ ᠵᠠᠶ ᠶᠢ ᠪᠠᠲᠤᠯᠠᠨ᠂ ᠮᠥᠷ ᠰᠢᠷᠭᠤᠬᠤ᠂ ᠵᠣᠭᠤᠭᠳᠠᠬᠤ᠂ ᠴᠤᠭᠯᠠᠷᠠᠬᠤ ᠶᠢ ᠳᠡᠪᠴᠢᠵᠦ᠂ ᠥᠪᠡᠷ ᠢ ᠪᠠᠨ ᠰᠠᠶᠢᠲᠤᠷ ᠬᠠᠮᠠᠭᠠᠯᠠᠭᠠᠷᠠᠢ᠃             3. ᠪᠦᠬᠦᠯᠢ 14 ᠨᠠᠰᠤ ᠬᠦᠷᠦᠭᠡᠳᠦᠢ ᠪᠤᠶᠤ ᠡᠪᠡᠳᠴᠢᠨ ᠲᠠᠢ ᠬᠥᠮᠦᠨ ᠨᠢ ᠬᠢᠨᠠᠨ ᠬᠠᠮᠠᠭᠠᠯᠠᠭᠴᠢ  ᠲᠠᠢ ᠪᠠᠶᠢᠬᠤ ᠬᠡᠷᠡᠭᠲᠡᠢ᠃ ᠬᠥᠳᠡᠯᠵᠦ ᠪᠠᠷᠢᠬᠤ ᠳᠤ ᠳᠥᠭᠦᠮ ᠦᠭᠡᠢ ᠭᠠᠭᠴᠠᠭᠠᠷ ᠰᠠᠭᠤᠵᠤ ᠪᠠᠶᠢᠭ᠎ᠠ ᠨᠠᠰᠤᠲᠠᠨ᠂ ᠵᠡᠮᠳᠡᠭᠴᠦᠳ᠂ ᠬᠦᠨᠳᠦ ᠡᠪᠡᠳᠴᠢᠲᠡᠨ ᠵᠡᠷᠭᠡ ᠬᠥᠮᠦᠰ ᠢ ᠪᠣᠯ ᠲᠤᠰ ᠬᠥᠮᠦᠨ ᠪᠤᠶᠤ ᠭᠡᠷ ᠪᠦᠯᠢ ᠶᠢᠨ ᠬᠢᠨᠢ ᠬᠦᠮᠦᠰ ᠬᠠᠷᠢᠶ᠎ᠠ ᠨᠡᠶᠢᠭᠡᠮ ᠲᠣᠭᠤᠷᠢᠭ᠂ ᠭᠠᠴᠠᠭ᠎ᠠ ︵ᠲᠣᠰᠬᠤᠨ︶ ᠯᠤᠭ᠎ᠠ ᠤᠷᠢᠳᠴᠢᠯᠠᠨ ᠬᠠᠷᠢᠯᠴᠠᠵᠤ᠂ ᠭᠡᠷ ᠲᠤᠨᠢ ᠬᠦᠷᠴᠦ ᠬᠡᠪ ᠠᠪᠴᠤ ᠪᠣᠯᠤᠨ᠎ᠠ᠃             4. ᠣᠯᠠᠨ ᠢᠶᠠᠷ ᠢᠶᠠᠨ ᠬᠠᠤᠯᠢ ᠶᠣᠰᠣᠨ ᠤ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠶᠴᠡᠳᠬᠡᠵᠦ᠂ ᠵᠣᠬᠢᠶᠠᠨ ᠪᠠᠶᠢᠭᠤᠯᠤᠯᠲᠠ ᠶᠢ ᠳᠠᠭᠠᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠲᠠ ᠳᠤ ᠣᠷᠣᠯᠴᠠᠬᠤ ᠥᠬᠡᠶ ᠪᠤᠶᠤ ᠬᠠᠮᠵᠢᠯᠴᠠᠬᠤ ᠦᠭᠡᠢ ᠬᠦᠮᠦᠰ᠂ ᠠᠵᠢᠯ ᠢ ᠬᠠᠷᠰᠢᠯᠠᠭᠰᠠᠳ᠂ ᠨᠢᠭᠤᠵᠤ ᠳᠠᠯᠳᠠᠯᠠᠭᠰᠠᠳ᠂ ᠬᠤᠳᠠᠯ ᠢᠶᠠᠷ ᠮᠡᠳᠡᠭᠦᠯᠦᠭᠰᠡᠳ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃             5. ᠬᠠᠯᠠᠭᠤᠷᠠᠬᠤ᠂ ᠬᠤᠭᠤᠯᠠᠢ ᠬᠠᠲᠠᠬᠤ᠂ ᠬᠠᠨᠢᠶᠠᠬᠤ᠂ ᠦᠨᠦᠷᠯᠡᠬᠦ ᠠᠮᠲᠠᠯᠠᠬᠤ ᠰᠡᠷᠡᠯ ᠮᠠᠭᠤᠳᠠᠭᠰᠠᠨ ᠵᠡᠷᠭᠡ ᠡᠪᠡᠳᠴᠢᠨ ᠤ ᠪᠠᠶᠢᠳᠠᠯ ᠢᠯᠡᠷᠡᠬᠦ ᠵᠢᠴᠢ ᠪᠠᠶᠢᠴᠠᠭᠠᠯᠲᠠ ᠠᠴᠠ ᠡᠮᠦᠨ᠎ᠡ 24 ᠴᠠᠭ ᠤᠨ ᠳᠣᠲᠣᠷ᠎ᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠤᠯᠤᠭᠰᠠᠨ ᠪᠠᠶᠢᠪᠠᠯ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠡᠭ ᠲᠤ ᠣᠴᠢᠬᠤ ᠬᠡᠷᠡᠭ ᠥᠬᠡᠶ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠲᠤ ᠤᠷᠢᠳᠴᠢᠯᠠᠨ ᠮᠡᠳᠡᠭᠦᠯᠵᠦ᠂ ᠨᠡᠶᠢᠭᠡᠮ ᠲᠣᠭᠤᠷᠢᠭ ᠤᠨ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃             6. ᠪᠥᠭᠡᠮ ᠬᠦᠴᠢᠯ ᠤᠨ ᠪᠠᠶᠢᠩᠭᠤ ᠶᠢᠨ ᠪᠠᠶᠢᠴᠠᠭᠠᠯᠲᠠ ᠨᠢ ᠶᠠᠮᠠᠷ ᠴᠤ ᠰᠦᠶᠳᠬᠡᠯ ᠬᠤᠷᠢᠶᠠᠬᠤ ᠥᠬᠡᠶ᠂ ᠪᠠᠶᠢᠴᠠᠭᠠᠯᠲᠠ ᠶᠢᠨ ᠮᠡᠳᠡᠭᠦᠯᠦᠯᠲᠡ ᠥᠭᠬᠦ ᠥᠬᠡᠶ᠂ ᠪᠠᠶᠢᠴᠠᠭᠠᠭᠰᠠᠨ ᠤ ᠳᠠᠷᠠᠭ᠎ᠠ 24 ᠴᠠᠭ ᠤᠨ ᠳᠣᠲᠣᠷ᠎ᠠ ᠮᠡᠳᠡᠭᠳᠡᠯ ᠣᠯᠤᠭᠰᠠᠨ ᠥᠬᠡᠶ ᠪᠠᠶᠢᠪᠠᠯ᠂ ᠦᠷ᠎ᠡ ᠳ᠋ᠦᠩ ᠨᠢ ᠳᠠᠷᠤᠶ ᠪᠢᠯᠢᠭ ᠴᠢᠨᠠᠷᠲᠠᠶ ᠪᠣᠯᠤᠨ᠎ᠠ᠃             7. ᠣᠯᠠᠨ ᠢᠶᠠᠷ ᠢᠶᠠᠨ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠵᠤ᠂ ᠵᠥᠪ ᠣᠪᠤᠷ ᠲᠠᠨᠢᠯᠲᠠ ᠲᠠᠢ ᠪᠠᠶᠢᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠢ ᠣᠷᠤᠯᠴᠠᠭᠠᠷᠠᠢ᠂ ᠬᠡᠷᠪᠡ ᠬᠤᠳᠠᠯ ᠴᠤᠤᠷᠬᠠᠯ᠂ ᠦᠨᠡᠨ ᠪᠤᠰᠤ ᠵᠢᠷᠤᠭ ᠪᠢᠴᠢᠯᠭᠡ ᠪᠣᠶᠣ ᠶᠠᠷᠢᠶ᠎ᠠ ᠬᠡᠯᠡᠯᠴᠡᠭᠡ ᠶᠢ ᠳᠠᠮᠵᠢᠭᠤᠯᠵᠤ᠂ ᠬᠦᠨᠳᠦ ᠨᠣᠴᠢᠲᠠᠢ ᠨᠡᠶᠢᠭᠡᠮ ᠤᠨ ᠨᠥᠯᠥᠭᠡ ᠭᠠᠷᠭᠠᠭᠰᠠᠨ ᠪᠠᠶᠢᠪᠠᠯ᠂ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠪᠣᠯᠤᠨ᠎ᠠ᠃ᠲᠠ ᠣᠯᠠᠨ ᠤ ᠳᠡᠮᠵᠢᠯᠭᠡ ᠨᠠᠶᠢᠳᠠᠯᠭ᠎ᠠ ᠪᠣᠯ ᠪᠢᠳᠡᠨ ᠤ ᠬᠠᠮᠤᠭ ᠤᠨ ᠶᠡᠭᠡ ᠢᠲᠡᠭᠡᠯ ᠵᠣᠷᠢᠭ ᠮᠥᠨ︕ ᠤᠯᠠᠨ ᠢᠶᠠᠷ  ᠢᠶᠠᠨ ᠬᠢᠵᠢᠭ ᠢ ᠰᠡᠷᠭᠡᠶᠢᠯᠡᠬᠦ ᠠᠵᠢᠯ ᠢ ᠦᠢᠯᠠᠭᠠᠨ ᠳᠡᠮᠵᠢᠵᠦ᠂ ᠡᠯᠢᠭᠡᠨ ᠬᠠᠯᠠᠭᠤᠨ ᠭᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠴᠠᠭᠠᠶ᠎ᠠ︕ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ                       2022 ᠣᠨ ᠤ 11 ᠰᠠᠷ᠎ᠠ ᠶᠢᠨ 11 ᠤ ᠡᠳᠦᠷ                ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号