| ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 18 ᠤ ᠦᠳᠡ ᠶᠢᠨ ᠡᠮᠦᠨ᠎ᠡ᠂ ᠠᠽᠢᠶ᠎ᠠ ᠲᠢᠪ | ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠷᠢ | ᠶᠢᠰᠦᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠲᠠᠢ ᠤᠯᠤᠰ ᠤᠨ ᠪᠠᠩᠺᠤᠺ ᠤᠨ | ᠤᠯᠤᠰ ᠤᠨ ᠬᠤᠷᠠᠯ ᠤᠨ ᠲᠥᠪ ᠲᠤ ᠶᠠᠪᠤᠭᠳᠠᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ | ᠪᠥᠭᠡᠳ ︽ᠪᠦᠯᠬᠦᠮᠳᠡᠨ ᠬᠠᠮᠲᠤᠷᠠᠯᠴᠠᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ | ᠲᠠᠯᠪᠢᠪᠠ᠃ | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 18 ᠤ ᠦᠳᠡ ᠶᠢᠨ ᠡᠮᠦᠨ᠎ᠡ᠂ ᠠᠽᠢᠶ᠎ᠠ ᠲᠢᠪ | ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠷᠢ | ᠶᠢᠰᠦᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠲᠠᠢ ᠤᠯᠤᠰ ᠤᠨ ᠪᠠᠩᠺᠤᠺ ᠤᠨ | ᠤᠯᠤᠰ ᠤᠨ ᠬᠤᠷᠠᠯ ᠤᠨ ᠲᠥᠪ ᠲᠤ ᠬᠤᠷᠠᠯᠳᠤᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠬᠰᠠᠨ ᠪᠥᠭᠡᠳ ︽ᠪᠦᠯᠬᠦᠮᠳᠡᠨ ᠬᠠᠮᠲᠤᠷᠠᠯᠴᠠᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠠᠽᠢᠶ᠎ᠠ ᠲᠢᠪ | ᠨᠣᠮᠣᠬᠠᠨ ᠳᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ︾ ᠭᠡᠬᠦ ᠰᠡᠳᠦᠪ ᠢᠶᠠᠷ | ᠴᠢᠬᠤᠯᠠ ᠶᠠᠷᠢᠶ᠎ᠠ ᠲᠠᠯᠪᠢᠪᠠ᠃ |  ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ ᠬᠤᠷᠠᠯ ᠤᠨ ᠲᠠᠯᠠᠪᠠᠢ ᠳᠤ ᠬᠦᠷᠬᠦ ᠳᠤ᠂ ᠲᠠᠢ ᠤᠯᠤᠰ ᠤᠨ ᠶᠡᠷᠦᠩᠬᠡᠢ ᠰᠠᠶᠢᠳ ᠪᠠ ᠢᠦᠢ | ᠬᠠᠯᠠᠭᠤᠨ ᠢᠶᠠᠷ ᠤᠭᠲᠤᠪᠠ᠃ | ᠰᠢ ᠶᠢᠨ ᠫᠢᠩ ᠶᠠᠷᠢᠶᠠᠨ ᠳᠠᠭᠠᠨ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠪᠣᠯ ᠪᠢᠳᠡᠨ ᠤ ᠣᠷᠣᠰᠢᠨ | ᠲᠣᠭᠲᠠᠨᠢᠬᠤ ᠭᠠᠵᠠᠷ ᠮᠥᠨ᠂ ᠮᠥᠨ ᠴᠤ ᠪᠦᠭᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠬᠦ ᠬᠦᠴᠦᠨ ᠤ | ᠡᠬᠢ ᠰᠤᠷᠪᠤᠯᠵᠢ ᠮᠥᠨ᠃ ᠥᠩᠭᠡᠷᠡᠭᠰᠡᠨ ᠬᠡᠳᠦᠨ ᠠᠷᠪᠠᠨ ᠵᠢᠯ ᠳᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ | ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠥᠷᠨᠢᠨ ᠬᠥᠭᠵᠢᠵᠦ᠂ ᠳᠡᠯᠡᠬᠡᠢ ᠳ᠋ᠠᠬᠢᠨ ᠤ ᠠᠩᠬᠠᠷᠤᠯ ᠢ | ᠲᠠᠲᠠᠭᠰᠠᠨ ︽ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠭᠠᠶᠢᠬᠠᠮᠰᠢᠭ︾ ᠢ ᠡᠭᠦᠳᠴᠦ᠂ ᠠᠽᠢᠶ᠎ᠠ ᠲᠢᠪ ᠨᠣᠮᠣᠬᠠᠨ | ᠲᠠᠯᠠᠢ ᠶᠢᠨ ᠣᠷᠣᠨ ᠤ ᠬᠠᠮᠲᠤᠷᠠᠯᠴᠠᠭ᠎ᠠ ᠠᠯᠢ ᠡᠷᠲᠡ ᠬᠥᠮᠥᠰ ᠤᠨ ᠰᠡᠳᠬᠢᠯ ᠳᠤ ᠬᠠᠳᠠᠩᠰᠢᠪᠠ᠃ ᠤᠳᠤ ᠳᠡᠯᠡᠬᠡᠢ ᠳ᠋ᠠᠬᠢᠨ | ᠳᠠᠬᠢᠨᠲᠠ ᠲᠡᠦᠬᠡ ᠶᠢᠨ ᠲᠣᠨᠣᠯᠵᠢᠨ ᠵᠠᠮ ᠳᠤ ᠵᠣᠭᠰᠣᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠪᠠᠶᠢᠷᠢ | ᠰᠠᠭᠤᠷᠢ ᠨᠡᠩ ᠴᠢᠬᠤᠯᠠ᠂ ᠦᠢᠯᠡᠳᠦᠯ ᠨᠡᠩ ᠲᠣᠪᠣᠶᠢᠮ᠎ᠠ ᠪᠣᠯᠪᠠ᠃ ᠰᠢᠨ᠎ᠡ ᠪᠠᠶᠢᠳᠠᠯ ᠳᠣᠣᠷ᠎ᠠ᠂ ᠪᠢᠳᠠ ᠭᠠᠷ ᠬᠤᠯᠪᠣᠨ | ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠠᠽᠢᠶ᠎ᠠ | ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭᠠᠨ ᠤ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠲᠠᠭᠢᠨ ᠡᠭᠦᠳᠦᠶ᠎ᠡ | ᠭᠡᠵᠦ ᠵᠢᠭᠠᠵᠤ ᠭᠠᠷᠭᠠᠪᠠ᠃ | ᠡᠭᠦᠨ ᠳᠤ ᠰᠢ ᠶᠢᠨ ᠫᠢᠩ ᠬᠡᠳᠦᠨ ᠰᠠᠨᠠᠭᠤᠯᠭ᠎ᠠ ᠳᠤᠷᠠᠳᠴᠠᠢ᠃ | ᠨᠢᠭᠡᠳᠦᠭᠡᠷ ᠲᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠡᠩᠬᠡ ᠲᠠᠶᠢᠪᠤᠩ | ᠲᠣᠭᠲᠠᠭᠤᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ᠃ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ ᠤ ᠥᠩᠭᠡᠷᠡᠭᠰᠡᠨ ᠬᠡᠳᠦᠨ ᠠᠷᠪᠠᠨ ᠵᠢᠯ ᠤᠨ ᠠᠵᠤ ᠠᠬᠤᠢ ᠶᠢᠨ ᠲᠦᠷᠭᠡᠨ ᠨᠡᠮᠡᠭᠳᠡᠯ ᠤᠨ ᠴᠢᠬᠤᠯᠠ | ᠰᠡᠩᠬᠡᠷᠡᠭᠦᠯᠦᠯ ᠪᠣᠯ ᠳᠠᠷᠤᠢ ᠬᠠᠷᠢᠯᠴᠠᠨ ᠭᠦᠨᠳᠦᠳᠭᠡᠵᠦ᠂ ᠪᠦᠯᠬᠦᠮᠳᠡᠨ ᠬᠠᠮᠲᠤᠷᠠᠯᠴᠠᠵᠤ᠂ ᠤᠴᠢᠷ ᠶᠠᠪᠤᠳᠠᠯ ᠲᠤᠯᠭᠠᠷᠠᠪᠠᠯ | ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠵᠦ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠡᠷᠢᠯᠬᠢᠯᠡᠭᠰᠡᠨ | ᠶᠠᠪᠤᠳᠠᠯ ᠪᠣᠯᠣᠨ᠎ᠠ᠃ ᠪᠢᠳᠡ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ | ᠦᠵᠡᠯᠲᠡ ᠶᠢ ᠪᠠᠷᠢᠮᠲᠠᠯᠠᠵᠤ᠂ ᠡᠯ᠎ᠡ ᠤᠯᠤᠰ ᠤᠨ ᠡᠷᠬᠡ ᠮᠡᠳᠡᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ | ᠭᠦᠨᠳᠦᠳᠭᠡᠵᠦ᠂ ᠪᠤᠰᠤᠳ ᠤᠯᠤᠰ ᠤᠨ ᠳᠣᠲᠣᠭᠠᠳᠤ ᠵᠠᠰᠠᠭ ᠲᠤ ᠭᠠᠷ ᠲᠦᠷᠦᠭᠦ ᠦᠭᠡᠢ᠂ ᠡᠯ᠎ᠡ ᠤᠯᠤᠰ ᠤᠨ ᠠᠷᠠᠳ | ᠲᠦᠮᠡᠨ ᠤ ᠪᠡᠶ᠎ᠡ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ ᠭᠦᠨᠳᠦᠳᠭᠡᠵᠦ᠂ | ᠡᠯ᠎ᠡ ᠤᠯᠤᠰ ᠤᠨ ᠠᠮᠤᠷ ᠲᠦᠪᠰᠢᠨ ᠤ ᠲᠤᠬᠠᠢ ᠵᠦᠢ ᠶᠣᠰᠣᠨ ᠤ ᠠᠩᠬᠠᠷᠤᠯ ᠢ ᠴᠢᠬᠤᠯᠠᠴᠢᠯᠠᠵᠤ᠂ ᠶᠠᠷᠢᠯᠴᠠᠭ᠎ᠠ | ᠵᠥᠪᠳᠡᠯᠴᠡᠭᠡ ᠪᠠᠷ ᠳᠠᠮᠵᠢᠭᠤᠯᠤᠨ ᠨᠠᠶᠢᠷᠠᠮᠳᠠᠯ ᠤᠨ ᠠᠷᠭ᠎ᠠ ᠭᠡᠯᠪᠡᠷᠢ ᠪᠠᠷ ᠤᠯᠤᠰ ᠤᠨ ᠬᠤᠭᠤᠷᠣᠨᠳᠣᠭᠢ ᠵᠥᠷᠢᠯᠳᠦᠭᠡᠨ ᠪᠠ | ᠮᠠᠷᠭᠤᠯᠳᠤᠭᠠᠨ ᠢ ᠰᠢᠢᠳᠪᠦᠷᠢᠯᠡᠪᠡᠯ ᠵᠣᠬᠢᠨ᠎ᠠ᠃ ᠪᠦᠭᠦ ᠪᠥᠮᠪᠥᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠤᠯᠠᠨ | ᠤᠯᠤᠰ ᠤᠨ ᠡᠮᠬᠢ ᠵᠢᠷᠤᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠭᠦᠭᠵᠢᠭᠦ ᠶᠢ ᠠᠬᠢᠭᠤᠯᠵᠤ᠂ ᠠᠽᠢᠶ᠎ᠠ | ᠲᠢᠪ ᠨᠣᠮᠣᠬᠠᠨ ᠳᠠᠯᠠᠢ ᠶᠢᠨ ᠣᠷᠣᠨ ᠪᠠ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠳᠤ ᠪᠠᠲᠤᠯᠠᠭ᠎ᠠ ᠬᠠᠩᠭᠠᠶ᠎ᠠ᠃ | | ᠬᠤᠶᠠᠳᠤᠭᠠᠷ ᠲᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠬᠠᠮᠲᠤ ᠪᠠᠷ ᠪᠠᠶᠠᠵᠢᠭᠰᠠᠨ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ᠃ ᠪᠢᠳᠡ ᠨᠡᠭᠡᠭᠡᠯᠲᠡᠲᠤ ᠣᠷᠣᠨ ᠪᠦᠰᠡ ᠶᠢᠨ | ᠦᠵᠡᠯ ᠢ ᠪᠠᠷᠢᠮᠲᠠᠯᠠᠵᠤ᠂ ᠬᠤᠷᠸ᠎ᠠ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ | ᠨᠡᠩ ᠨᠢᠭᠲᠠ ᠣᠷᠣᠨ ᠪᠦᠰᠡ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠵᠤ᠂ ᠠᠷᠠᠯᠵᠢᠶ᠎ᠠ | ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠭᠦᠮᠴᠢᠯᠡᠯᠲᠡ ᠶᠢ ᠠᠬᠢᠭᠤᠯᠵᠤ᠂ ᠣᠷᠣᠨ ᠪᠦᠰᠡ ᠶᠢᠨ ᠠᠵᠤ | ᠠᠬᠤᠢ ᠶᠢᠨ ᠨᠢᠭᠡ ᠴᠣᠭᠴᠠᠵᠢᠯᠲᠠ ᠶᠢᠨ ᠠᠬᠢᠴᠠ ᠶᠢ ᠯᠠᠪᠳᠠᠭᠤᠨ ᠢᠶᠠᠷ ᠠᠬᠢᠭᠤᠯᠵᠤ᠂ ᠥᠨᠳᠥᠷ ᠲᠦᠪᠰᠢᠨ ᠪᠦᠬᠦᠢ ᠠᠽᠢᠶ᠎ᠠ | ᠲᠢᠪ ᠨᠣᠮᠣᠬᠠᠨ ᠳᠠᠯᠠᠢ ᠶᠢᠨ ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠢ ᠡᠷᠲᠡᠬᠡᠨ ᠪᠠᠶᠢᠭᠤᠯᠤᠶ᠎ᠠ᠃ ᠠᠷᠠᠳ ᠲᠦᠮᠡᠨ ᠤ | ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ | ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠪᠠᠷᠢᠮᠲᠠᠯᠠᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠪᠦᠭᠦ | ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠬᠤᠯᠪᠣᠭᠳᠠᠯ ᠪᠦᠬᠦᠢ ᠡᠯ᠎ᠡ | ᠲᠠᠯ᠎ᠠ ᠶᠢᠨ ᠬᠢᠨ ᠲᠠᠢ ︽ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ | ᠬᠡᠯᠡᠯᠴᠡᠭᠡᠷ︾ ᠢ ᠪᠦᠭᠦ ᠲᠠᠯ᠎ᠠ ᠪᠠᠷ ᠴᠢᠨᠠᠷ ᠰᠠᠶᠢᠲᠠᠢ ᠬᠡᠷᠡᠭᠵᠢᠭᠦᠯᠵᠦ᠂ ︽ᠪᠦᠭᠦ ᠲᠠᠯ᠎ᠠ ᠬᠢᠭᠡᠳ ᠳᠠᠪᠰᠢᠯᠲᠠ ᠲᠠᠢ ᠨᠣᠮᠣᠬᠠᠨ | ᠲᠡᠯᠡᠶ ᠶᠢ ᠠᠯᠤᠰᠯᠠᠭᠰᠠᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠪᠣᠯᠣᠨ ︽ᠲᠣᠭᠠᠴᠢᠯᠠᠭᠰᠠᠨ ᠠᠵᠤ ᠠᠬᠤᠢ ᠶᠢᠨ | ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠲᠤ ᠣᠷᠤᠯᠴᠠᠬᠤ ᠶᠢ ᠦᠷᠭᠦᠯᠵᠢᠯᠡᠨ ᠠᠬᠢᠭᠤᠯᠵᠤ᠂ ᠣᠷᠣᠨ ᠪᠦᠰᠡ ᠶᠢᠨ | ᠠᠭᠤᠰᠤᠯᠴᠠᠨ ᠭᠦᠭᠵᠢᠭᠦ ᠶᠢ ᠠᠬᠢᠭᠤᠯᠤᠨ᠎ᠠ᠃ ᠢᠷᠡᠬᠦ ᠵᠢᠯ ᠳᠤ᠂ ᠳᠤᠮᠳᠠᠳᠤ ᠤᠯᠤᠰ ᠭᠤᠷᠪᠠᠳᠤᠭᠠᠷ ᠬᠤᠭᠤᠴᠠᠭᠠᠨ ᠤ ︽ | ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ | ᠡᠷᠭᠢᠯᠡᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠪᠣᠯᠣᠨ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠳᠤ ᠰᠢᠨ᠎ᠡ | ᠬᠥᠳᠡᠯᠭᠡᠬᠦ ᠬᠦᠴᠦᠨ ᠨᠡᠮᠡᠷᠢᠯᠡᠬᠦ ᠪᠠᠷ ᠪᠣᠳᠣᠯᠬᠢᠯᠠᠵᠤ ᠪᠤᠢ᠃ | ᠭᠤᠷᠪᠠᠳᠤᠭᠠᠷ ᠲᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠠᠷᠢᠮᠲᠠᠯᠠᠵᠤ᠂ | ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ᠃ | ᠪᠢᠳᠡ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠣᠭᠠᠴᠢᠯᠠᠭᠰᠠᠨ ᠪᠣᠬᠢᠷᠳᠤᠯ ᠦᠭᠡᠢ | ᠵᠣᠬᠢᠴᠠᠩᠭᠤᠢ ᠬᠥᠭᠵᠢᠯᠲᠡ ᠶᠢ ᠲᠦᠷᠭᠡᠳᠬᠡᠵᠦ᠂ ᠡᠨᠧᠷᠭᠢ ᠡᠬᠢ ᠪᠠᠶᠠᠯᠢᠭ᠂ ᠠᠵᠤ ᠦᠢᠯᠡᠰ ᠤᠨ ᠪᠦᠲᠦᠴᠡ᠂ ᠬᠡᠷᠡᠭᠯᠡᠭᠡ | ᠶᠢᠨ ᠪᠦᠲᠦᠴᠡ ᠶᠢᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠭᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ | ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠶ᠎ᠠ᠃ ᠳᠤᠮᠳᠠᠳᠤ ᠤᠯᠤᠰ ᠤᠨ ᠬᠢᠨ ᠠᠮᠢᠳᠤ ᠪᠣᠳᠠᠰ ᠤᠨ ᠣᠷᠴᠢᠯᠲᠤ | ᠪᠣᠬᠢᠷᠳᠤᠯ ᠦᠭᠡᠢ ᠠᠵᠤ ᠠᠬᠤᠢ ᠶᠢᠨ ᠪᠠᠩᠺᠤᠺ ᠤᠨ ᠬᠠᠷᠠᠯᠲᠠ ᠶᠢ ᠨᠠᠶᠢᠳᠠᠪᠤᠷᠢᠵᠢᠭᠤᠯᠬᠤ ᠳᠤ ᠳᠡᠮᠵᠢᠯᠭᠡ ᠬᠠᠩᠭᠠᠵᠤ᠂ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠵᠤ ᠠᠬᠤᠢ ᠶᠢᠨ ᠬᠥᠭᠵᠢᠯᠲᠡ ᠶᠢ ᠬᠠᠮᠵᠢᠯᠴᠠᠨ ᠠᠬᠢᠭᠤᠯᠤᠨ᠎ᠠ᠃ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠤᠯᠤᠰ ᠤᠳ ᠤᠨ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠳᠤ ᠢᠳᠡᠪᠬᠢᠲᠡᠢ ᠣᠷᠣᠯᠴᠠᠵᠤ᠂ ᠶᠠᠳᠠᠭᠤ ᠶᠢ ᠪᠠᠭᠠᠰᠬᠠᠬᠤ᠂ ᠠᠮᠤ ᠪᠤᠳᠠᠭ᠎ᠠ᠂ ᠡᠨᠧᠷᠭᠢ᠂ ᠡᠷᠡᠭᠦᠯ ᠬᠠᠮᠠᠭᠠᠯᠠᠯ | ᠵᠡᠷᠭᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠳᠥᠷᠪᠡᠳᠦᠭᠡᠷ ᠲᠤ᠂ ᠬᠤᠪᠢ ᠵᠠᠶᠠᠭ᠎ᠠ ᠪᠠᠨ ᠬᠠᠮᠲᠤᠳᠬᠠᠬᠤ ᠶᠢ ᠪᠠᠷᠢᠮᠲᠠᠯᠠᠵᠤ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠭᠰᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ᠃ ᠪᠢᠳᠡ ᠪᠠᠶᠢᠯᠳᠤᠬᠤ | ᠪᠣᠳᠣᠯᠭ᠎ᠠ ᠪᠠ ᠠᠯᠤᠰ ᠭᠡᠳᠤ ᠶᠢᠨ ᠬᠠᠷᠠᠴᠠ ᠪᠠᠷ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭ᠎ᠠ ᠳᠤ | ᠬᠠᠨᠳᠤᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠳᠠᠬᠢ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ | ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠣᠯ ᠠᠷᠭ᠎ᠠ ᠵᠠᠮ ᠤᠨ ᠪᠠᠶᠢᠷᠢ ᠰᠠᠭᠤᠷᠢ ᠶᠢ ᠬᠠᠮᠠᠭᠠᠯᠠᠵᠤ᠂ | ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭᠠᠨ ᠤ ᠵᠥᠪ ᠴᠢᠭᠯᠡᠯ ᠢ ᠬᠠᠮᠠᠭᠠᠯᠠᠶ᠎ᠠ᠃ ᠠᠽᠢᠶ᠎ᠠ ᠲᠢᠪ | ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠣᠷᠢᠯᠲᠠ | ᠵᠠᠷᠴᠢᠮ ᠢ ᠪᠠᠷᠢᠮᠲᠠᠯᠠᠵᠤ᠂ ᠬᠠᠷᠢᠯᠴᠠᠨ ᠢᠲᠡᠭᠡᠯᠴᠡᠬᠦ᠂ ᠪᠠᠭᠲᠠᠭᠠᠮᠵᠢᠲᠠᠢ᠂ ᠬᠠᠮᠲᠤᠷᠠᠯᠴᠠᠬᠤ᠂ ᠬᠠᠮᠲᠤ ᠪᠠᠷ ᠠᠰᠢᠭ ᠭᠦᠷᠲᠡᠭᠦ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠶᠡᠭᠡ ᠭᠡᠷ ᠪᠦᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠲᠡᠶᠢᠰᠢ ᠲᠠᠰᠤᠷᠠᠯᠲᠠ ᠦᠭᠡᠢ ᠤᠷᠤᠭᠰᠢᠯᠠᠶ᠎ᠠ ᠭᠡᠵᠦ ᠳᠤᠷᠠᠳᠪᠠ︕ | ᠰᠢ ᠶᠢᠨ ᠫᠢᠩ᠂ ᠳᠡᠭᠡᠷ᠎ᠡ ᠰᠠᠷ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠬᠤᠷᠠᠯᠳᠤᠵᠤ᠂ ᠣᠳᠣᠬᠠᠨ ᠤ ᠪᠠ | ᠬᠤᠶᠢᠰᠢᠳᠠ ᠶᠢᠨ ᠬᠡᠰᠡᠭ ᠬᠤᠭᠤᠴᠠᠭᠠᠨ ᠤ ᠳᠤᠮᠳᠠᠳᠤ ᠤᠯᠤᠰ ᠤᠨ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ᠂ | ᠵᠢᠷᠤᠭ ᠲᠥᠰᠥᠪ ᠢ ᠲᠥᠯᠥᠪᠵᠢᠭᠦᠯᠵᠡᠢ᠃ ᠳᠤᠮᠳᠠᠳᠤ ᠤᠯᠤᠰ ᠳᠤᠷᠠᠲᠠᠶ᠎ᠠ ᠪᠤᠢ ᠪᠦᠬᠦᠢ ᠤᠯᠤᠰ ᠲᠠᠢ ᠬᠠᠷᠢᠯᠴᠠᠨ | ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠰᠠᠭᠤᠷᠢᠨ ᠳᠡᠭᠡᠷ᠎ᠡ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ | ᠬᠠᠮᠲᠤ ᠪᠠᠷ ᠬᠥᠭᠵᠢᠨ᠎ᠡ᠃ ᠳᠤᠮᠳᠠᠳᠤ ᠤᠯᠤᠰ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ | ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ | ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠵᠤ᠂ ᠦᠷᠭᠦᠯᠵᠢᠯᠡᠨ ᠳᠡᠯᠡᠬᠡᠢ ᠳ᠋ᠠᠬᠢᠨ ᠢᠯᠠᠩᠭᠤᠶ᠎ᠠ ᠠᠽᠢᠶ᠎ᠠ ᠲᠢᠪ | ᠨᠣᠮᠣᠬᠠᠨ ᠲᠠᠯᠠᠢ ᠶᠢᠨ ᠣᠷᠣᠨ ᠲᠠᠢ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠭᠢᠶᠠᠯ ᠢ ᠬᠤᠪᠢᠶᠠᠯᠴᠠᠨ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ ᠶᠠᠷᠢᠶᠠᠨ ᠤ ᠪᠠᠨ ᠡᠴᠦᠰ ᠲᠤ᠂ ᠲᠠᠢ ᠤᠯᠤᠰ ᠲᠤ᠄ ︽ᠶᠠᠮᠠᠷ ᠦᠷ᠎ᠡ ᠰᠠᠴᠤᠪᠠᠯ ᠶᠠᠮᠠᠷ ᠵᠢᠮᠢᠰ ᠬᠤᠷᠢᠶᠠᠬᠤ | ᠶᠤᠮ︾ ᠭᠡᠬᠦ ᠬᠡᠯᠡᠯᠭᠡ ᠪᠤᠢ᠃ ᠪᠢᠳᠡ ᠨᠢᠭᠡᠨᠲᠡ ᠪᠦᠲ᠋ᠧᠯᠠᠵᠢᠶᠠ ᠶᠢᠨ ᠠᠯᠤᠰ ᠤᠨ ᠲᠥᠯᠥᠪ ᠤᠨ ᠦᠷ᠎ᠡ ᠶᠢ ᠬᠠᠮᠲᠤ ᠪᠠᠷ | ᠰᠠᠴᠤᠪᠠ᠂ ᠨᠠᠷᠢᠨ ᠨᠢᠮᠪᠠᠢ ᠪᠣᠶᠢᠵᠢᠭᠤᠯᠵᠤ᠂ ᠬᠠᠮᠲᠤ ᠪᠠᠷ ᠬᠠᠮᠠᠭᠠᠯᠠᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ | ᠬᠠᠮᠲᠤ ᠶᠢᠨ ᠬᠥᠭᠵᠢᠯ ᠴᠡᠴᠡᠭᠯᠡᠯ ᠤᠨ ᠴᠡᠴᠡᠭ ᠢ ᠪᠣᠶᠢᠵᠢᠭᠤᠯᠤᠶ᠎ᠠ ᠭᠡᠵᠦ ᠵᠢᠭᠠᠵᠤ ᠭᠠᠷᠭᠠᠪᠠ︕ | ᠬᠤᠷᠠᠯ ᠢ ᠪᠠ ᠢᠦᠢ ᠡᠷᠭᠢᠯᠡᠵᠥ᠂ ︽ᠨᠡᠭᠡᠭᠡᠯᠲᠡᠲᠡᠢ᠂ ᠬᠤᠯᠪᠣᠯᠳᠤᠨ ᠨᠡᠪᠲᠡᠷᠡᠯᠴᠡᠬᠦ᠂ ᠲᠡᠩᠴᠡᠭᠦᠷᠢᠲᠡᠢ︾ | ᠭᠡᠬᠦ ᠪᠠᠷ ᠭᠤᠣᠯ ᠰᠡᠳᠦᠪ ᠪᠣᠯᠭᠠᠪᠠ᠃ | 17 ᠤ ᠣᠷᠣᠢ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠬᠠᠮᠲᠤ ᠠᠽᠢᠶ᠎ᠠ ᠲᠢᠪ ᠨᠣᠮᠣᠬᠠᠨ | ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ | ᠠᠯᠪᠠᠨ ᠶᠣᠰᠣᠨ ᠤ ᠪᠤᠰᠤ ᠬᠤᠷᠠᠯ ᠤᠨ ᠤᠭᠲᠤᠯᠭ᠎ᠠ ᠶᠢᠨ ᠣᠷᠣᠢ ᠶᠢᠨ ᠳᠠᠶᠢᠯᠠᠯᠭ᠎ᠠ ᠳᠤ ᠣᠷᠣᠯᠴᠠᠪᠠ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | https://mp.weixin.qq.com/s/X11_paLdmj7KdwSFdo0A9A | | |