ᠴᠠᠭ ᠠᠭᠤᠷ ᠤᠨ ᠰᠡᠷᠡᠮᠵᠢ ᠶᠢᠨ ᠲᠤᠬᠢᠶ᠎ᠠ 2022.11.25
ᠨᠡᠶᠢᠲᠡᠯᠡᠭᠰᠡᠨ ᠴᠠᠭ᠄
2022/11/25

  

       ᠬᠦᠢᠲᠡᠨ ᠠᠭᠠᠷ ᠤᠨ ᠨᠥᠯᠥᠭᠡᠯᠡᠯ ᠠᠴᠠ ᠪᠣᠯᠵᠤ 28 ᠠᠴᠠ 30 ᠪᠣᠯᠲᠠᠯ᠎ᠠ ᠮᠠᠨ ᠤ ᠬᠤᠰᠢᠭᠤᠨ ᠤ

ᠠᠭᠠᠷ ᠤᠨ ᠳᠤᠯᠠᠭᠠᠨ ᠶᠡᠭᠡ ᠪᠠᠷ ᠪᠠᠭᠤᠷᠠᠵᠤ᠂ ᠶᠡᠭᠡ ᠰᠠᠯᠬᠢᠨ ᠰᠢᠭᠤᠷᠭ᠎ᠠ ᠳᠡᠭᠳᠡᠬᠦ ᠪᠣᠯᠤᠨ᠎ᠠ᠃ ᠠᠭᠠᠷ ᠤᠨ ᠳᠤᠯᠠᠭᠠᠨ

ᠪᠠᠷᠤᠭ 14 ~ 18 °C ᠪᠠᠭᠤᠷᠠᠨ᠂ 30 ᠤ ᠡᠳᠦᠷ ᠬᠠᠮᠤᠭ ᠤᠨ ᠬᠦᠢᠲᠡᠨ ᠪᠠᠶᠢᠵᠤ᠂ ᠬᠠᠮᠤᠭ ᠳᠣᠣᠷ᠎ᠠ ᠠᠭᠠᠷ

 ᠤᠨ ᠳᠤᠯᠠᠭᠠᠨ - 32 ~ - 24 °C ᠲᠤ ᠬᠦᠷᠴᠦ᠂ ᠬᠠᠮᠤᠭ ᠥᠨᠳᠥᠷ ᠠᠭᠠᠷ ᠤᠨ ᠳᠤᠯᠠᠭᠠᠨ - 20 ~ -

14 °C ᠬᠦᠷᠲᠡᠯ᠎ᠡ ᠲᠣᠷᠤᠭᠰᠢᠯᠠᠬᠤ ᠪᠣᠯᠤᠨ᠎ᠠ᠃ 11 ᠰᠠᠷ᠎ᠠ ᠶᠢᠨ 25 ᠤ ᠡᠳᠦᠷ ᠤᠨ 08᠄ 52 ᠲᠤ ᠶᠡᠭᠡ

ᠰᠠᠯᠬᠢᠨ ᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠨᠠᠶᠢᠲᠠᠯᠠᠵᠤ᠂ 24 ᠴᠠᠭ ᠤᠨ ᠳᠣᠲᠣᠷ᠎ᠠ ᠳᠤᠮᠳᠠᠴᠢ

ᠰᠠᠯᠬᠢᠨ ᠤ ᠬᠦᠴᠦ 6 ᠲᠠᠰ ᠠᠴᠠ ᠳᠡᠭᠡᠭᠰᠢ ᠳᠤ ᠬᠦᠷᠴᠦ ᠬᠡᠰᠡᠭ ᠲᠡᠭᠡᠨ 7 ᠲᠠᠰ ᠠᠴᠠ ᠳᠡᠭᠡᠭᠰᠢ ᠪᠠᠶᠢᠬᠤ

ᠮᠠᠭᠠᠳᠯᠠᠯ ᠲᠠᠢ᠃ ᠡᠯ᠎ᠡ ᠰᠣᠮᠣ ᠪᠠᠯᠭᠠᠰᠤ ︵ᠲᠠᠯᠠᠪᠠᠶ︶ ᠵᠢᠴᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠨᠢ

ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠤᠯᠠᠮᠵᠢᠯᠠᠨ ᠶᠠᠪᠤᠭᠤᠯᠬᠤ ᠶᠢᠨ ᠬᠠᠮᠲᠤ ᠰᠡᠷᠭᠡᠶᠢᠯᠡᠨ

ᠠᠷᠭᠠᠴᠠᠬᠤ ᠪᠡᠯᠡᠳᠬᠡᠯ ᠰᠠᠶᠢᠨ ᠬᠢᠭᠡᠷᠡᠢ᠃

 模板1-1.jpg ᠠᠩᠬᠠᠷᠬᠤ ᠵᠦᠢᠯ᠄

       1. ᠭᠠᠳᠠᠭᠰᠢ ᠭᠠᠷᠬᠤ ᠳᠠᠭᠠᠨ ᠬᠤᠪᠴᠠᠰᠤ ᠬᠤᠨᠠᠷ ᠢᠶᠠᠨ ᠵᠣᠵᠠᠭᠠᠯᠠᠨ᠂ ᠴᠠᠰᠤ ᠰᠢᠭᠤᠷᠭ᠎ᠠ ᠲᠠᠢ ᠡᠳᠦᠷ

ᠬᠡᠭᠡᠷ᠎ᠡ ᠭᠠᠳᠠᠨ᠎ᠠ ᠠᠯᠢ ᠴᠢᠳᠠᠬᠤ ᠪᠠᠷ ᠶᠠᠪᠤᠬᠤ ᠦᠭᠡᠢ ᠪᠠᠶᠢᠵᠤ᠂ ᠮᠠᠯ ᠰᠦᠷᠦᠭ ᠢᠶᠠᠨ ᠴᠠᠭ ᠲᠠᠭᠠᠨ ᠬᠤᠲᠠᠯᠠᠭᠤᠯᠤᠨ

᠂ ᠬᠥᠯᠳᠡᠵᠦ ᠰᠢᠷᠬᠠᠳᠠᠬᠤ ᠪᠣᠶᠣ ᠲᠥᠭᠡᠷᠢᠵᠦ ᠠᠳᠡᠬᠦ ᠳᠠᠬᠢ ᠬᠢᠴᠢᠶᠡᠭᠡᠷᠡᠢ᠃

       2. ᠲᠡᠷᠭᠡ ᠤᠨᠤᠭ᠎ᠠ ᠪᠠᠷᠢᠬᠤ ᠳᠠᠭᠠᠨ ᠪᠣᠯᠭᠤᠮᠵᠢᠲᠠᠢ ᠪᠠᠶᠢᠵᠤ᠂ ᠬᠠᠯᠲᠤᠷᠢᠬᠤ ᠠᠴᠠ ᠰᠡᠷᠭᠡᠶᠢᠯᠡᠨ᠂ ᠵᠠᠢ ᠲᠠᠢ

ᠶᠠᠪᠤᠭᠠᠷᠠᠢ᠃

       3. ᠬᠠᠭᠠᠯᠭ᠎ᠠ ᠴᠣᠩᠬᠤ ᠪᠠᠨ ᠪᠢᠳᠡᠭᠦᠮᠵᠢᠯᠡᠵᠦ᠂ ᠬᠦᠷᠢᠶ᠎ᠡ ᠬᠠᠪᠲᠠᠰᠤ᠂ ᠫᠧᠩ ᠰᠠᠷᠠᠪᠴᠢ᠂ ᠫᠠᠶᠢᠰᠠ

ᠲᠡᠮᠳᠡᠭ ᠢᠶᠠᠨ ᠪᠠᠬᠢᠯᠡᠨ᠂ ᠰᠠᠯᠬᠢᠨ ᠰᠢᠭᠤᠷᠭᠠᠨ ᠳᠤ ᠬᠡᠶᠢᠰᠴᠦ ᠮᠡᠳᠡᠬᠦ ᠡᠳ᠋ ᠪᠣᠳᠠᠰ ᠢᠶᠠᠨ ᠲᠣᠬᠢᠲᠠᠶ ᠲᠥᠪᠬᠢᠨᠡᠭᠦᠯᠵᠦ᠂

ᠬᠠᠯᠬᠠᠯᠠᠨ ᠬᠠᠮᠠᠭᠠᠯᠠᠭᠠᠷᠠᠢ᠃

       4. ᠳᠤᠭᠤᠶ ᠲᠡᠷᠭᠡ ᠣᠨᠣᠬᠤ ᠦᠭᠡᠢ ᠪᠠᠶᠢᠬᠤ ᠶᠢ ᠬᠢᠴᠢᠶᠡᠵᠦ᠂ ᠰᠠᠯᠬᠢᠨ ᠲᠠᠢ ᠦᠶ᠎ᠡ ᠳᠤ ᠵᠠᠷ ᠫᠠᠶᠢᠰᠠ

ᠪᠣᠶᠣ ᠲᠦᠷ ᠪᠠᠷᠢᠭᠰᠠᠨ ᠪᠠᠷᠢᠯᠭ᠎ᠠ ᠶᠢᠨ ᠳᠣᠣᠷ᠎ᠠ ᠵᠣᠭᠰᠤᠵᠤ ᠪᠣᠯᠬᠤ ᠦᠭᠡᠢ᠃

       5. ᠬᠠᠮᠢᠶ᠎ᠠ ᠪᠦᠬᠦᠢ ᠰᠠᠯᠠᠭ᠎ᠠ ᠮᠥᠴᠢᠷ ᠨᠢ ᠣᠶ ᠰᠢᠭᠤᠶ᠂ ᠨᠤᠲᠤᠭ ᠪᠡᠯᠴᠢᠭᠡᠷ ᠤᠨ ᠭᠠᠯ ᠲᠦᠢᠮᠡᠷ ᠢ

ᠠᠩᠬᠠᠷᠤᠭᠠᠷᠠᠢ᠃

 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号