| | 11 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ | ᠳᠠᠷᠤᠭ᠎ᠠ ᠯᠢᠦ ᠰᠢᠶᠤᠤ ᠮᠢᠨ ᠰᠠᠩ ᠤᠨ ᠲᠡᠯᠡᠶ ᠪᠠᠯᠭᠠᠰᠤᠨ ᠳᠤ ︽10 ᠰᠠᠷ᠎ᠠ ᠶᠢᠨ 23︾ ᠤ ᠬᠢᠵᠢᠭ ᠤᠨ | ᠪᠠᠶᠢᠳᠠᠯ ᠢ ᠰᠢᠢᠳᠪᠦᠷᠢᠯᠡᠭᠰᠡᠨ ᠠᠵᠢᠯ ᠤᠨ ᠳ᠋ᠦᠩᠨᠡᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠰᠠᠩ ᠤᠨ ᠲᠡᠯᠡᠶ ᠪᠠᠯᠭᠠᠰᠤᠨ ᠤ ︽10 ᠰᠠᠷ᠎ᠠ ᠶᠢᠨ 23︾ ᠤ ᠬᠢᠵᠢᠭ ᠤᠨ ᠪᠠᠶᠢᠳᠠᠯ ᠢ | ᠰᠢᠶᠳᠪᠦᠷᠢᠯᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ᠂ ᠰᠡᠷᠭᠡᠶᠢᠯᠡᠨ | ᠬᠤᠷᠢᠭᠯᠠᠬᠤ ᠠᠷᠭ᠎ᠠ ᠬᠡᠮᠵᠢᠶ᠎ᠡ ᠶᠢ ᠰᠣᠳᠣᠯᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠤ ᠬᠢᠵᠢᠭ ᠢ ᠰᠡᠷᠭᠡᠶᠢᠯᠡᠬᠦ | ᠠᠵᠢᠯ ᠢ ᠪᠠᠶᠢᠷᠢᠯᠠᠭᠤᠯᠪᠠ᠃ | | | | ᠬᠤᠷᠠᠯ ᠠᠴᠠ᠂ ᠨᠢᠭᠡ ᠳᠤ᠂ ᠠᠰᠠᠭᠤᠳᠠᠯ ᠤᠨ ᠲᠤᠬᠠᠢ ᠲᠠᠨᠢᠯᠲᠠ ᠪᠠᠨ ᠪᠤᠲᠠᠲᠠᠶᠢᠵᠢᠭᠤᠯᠤᠨ᠂ ᠦᠵᠡᠯ | ᠲᠠᠨᠢᠯᠲᠠ ᠪᠠᠨ ᠳᠡᠭᠡᠭᠰᠢᠯᠡᠭᠦᠯᠵᠦ᠂ ᠠᠰᠠᠭᠤᠳᠠᠯ ᠢ ᠡᠷᠢᠵᠦ ᠳᠤᠲᠠᠭᠳᠠᠯ ᠢᠶᠠᠨ ᠨᠥᠬᠦᠪᠦᠷᠢᠯᠡᠨ᠂ ᠬᠠᠷᠢᠭᠤᠴᠠᠯᠭ᠎ᠠ᠂ | ᠬᠠᠮᠢᠶᠠᠷᠤᠯᠲᠠ ᠶᠢ ᠪᠣᠳᠠᠲᠠᠶᠢᠵᠢᠭᠤᠯᠬᠤ ᠬᠡᠷᠡᠭᠲᠡᠢ᠃ ᠬᠤᠶᠠᠷ ᠲᠤ᠂ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠪᠠᠨ | ᠨᠠᠷᠢᠯᠢᠭᠵᠢᠭᠤᠯᠤᠨ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠰᠠᠨᠠᠭᠠᠴᠢᠯᠠᠭ᠎ᠠ | ᠠᠴᠠ ᠪᠠᠨ ᠭᠠᠷᠲᠠᠨ ᠬᠢᠵᠦ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠬᠠᠮᠢᠶᠠᠷᠤᠯᠲᠠ ᠡᠵᠡᠮᠳᠡᠯ ᠠᠯᠳᠠᠭᠰᠠᠨ | ᠪᠠᠶᠢᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠭᠤᠷᠪᠠ ᠳᠤ᠂ ᠤᠬᠠᠭᠤᠯᠤᠨ ᠵᠢᠯᠣᠭᠤᠳᠬᠤ ᠶᠢ | ᠪᠣᠳᠠᠲᠠᠶᠢᠵᠢᠭᠤᠯᠵᠤ᠂ ᠬᠢᠵᠢᠭ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠬᠠᠨᠳᠤᠯᠭᠠᠲᠤ ᠴᠢᠨᠠᠷᠲᠠᠶ ᠪᠠᠷ | ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠲᠥᠷᠥ ᠶᠢᠨ ᠪᠣᠳᠣᠯᠭ᠎ᠠ ᠶᠢ ᠡᠵᠡᠮᠰᠢᠵᠦ᠂ ᠲᠤᠬᠠᠶᠢᠯᠠᠭᠰᠠᠨ ᠠᠵᠢᠯ | ᠳᠠᠭᠠᠨ ᠴᠠᠭᠠᠷᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠬᠢᠵᠢᠭ ᠤᠨ | ᠰᠡᠷᠭᠡᠶᠢᠯᠡᠯᠲᠡ ᠶᠢᠨ ᠬᠠᠯᠬᠠᠪᠴᠢ ᠶᠢ ᠬᠠᠮᠲᠤ ᠪᠠᠷ ᠪᠠᠶᠢᠭᠤᠯᠬᠤ ᠬᠡᠷᠡᠭᠲᠡᠶ᠃ ᠳᠥᠷᠪᠡ ᠳᠤ᠂ ᠬᠠᠮᠢᠶᠠᠷᠤᠯᠲᠠ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠰᠢᠰᠲ᠋ᠧᠮ ᠢ | ᠪᠦᠷᠢᠨᠰᠢᠬᠦᠯᠦᠨ᠂ ᠠᠵᠢᠯᠲᠠᠨ ᠢ ᠵᠦᠶ ᠵᠣᠬᠢᠰᠲᠠᠶ ᠲᠣᠬᠢᠷᠠᠭᠤᠯᠵᠤ᠂ ᠠᠵᠢᠯ ᠤᠨ ᠬᠤᠪᠢᠶᠠᠷᠢᠯᠠᠯ ᠲᠣᠳᠣᠷᠬᠠᠶ᠂ | ᠵᠢᠷᠤᠮᠵᠢᠯ ᠲᠠᠢ᠂ ᠡᠯ᠎ᠡ ᠭᠤᠭᠴᠤᠭᠠᠨ ᠤ ᠠᠵᠢᠯ ᠤᠨ ᠰᠠᠭᠠᠳ ᠥᠬᠡᠶ ᠵᠠᠯᠭᠠᠯᠳᠤᠬᠤ᠂ ᠵᠣᠬᠢᠶᠠᠨ ᠪᠠᠶᠢᠭᠤᠯᠤᠯᠲᠠ ᠲᠠᠢ | ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠵᠠᠢ᠃ | ᠬᠤᠷᠠᠯ ᠠᠴᠠ ᠪᠠᠰᠠ᠂ ᠡᠯ᠎ᠡ ᠰᠤᠮᠤ ᠪᠠᠯᠭᠠᠰᠤ ︵ᠲᠠᠯᠠᠪᠠᠶ︶ ᠨᠢ ᠦᠵᠡᠯ ᠲᠠᠨᠢᠯᠲᠠ ᠪᠠᠨ ᠳᠡᠭᠡᠭᠰᠢᠯᠡᠭᠦᠯᠵᠦ᠂ | ᠬᠠᠷᠢᠭᠤᠴᠠᠯᠭ᠎ᠠ ᠪᠠᠨ ᠴᠢᠩᠭᠠᠳᠬᠠᠨ᠂ ᠬᠢᠵᠢᠭ ᠤᠨ ᠰᠡᠷᠭᠡᠶᠢᠯᠡᠯᠲᠡ ᠶᠢᠨ ᠠᠵᠢᠯ ᠢ ᠪᠠᠶᠢᠩᠭᠤᠵᠢᠭᠤᠯᠵᠤ᠂ | ᠭᠤᠤᠯᠳᠠᠯᠭ᠎ᠠ ᠲᠠᠢ ᠬᠥᠮᠦᠰ ᠪᠠ ᠳᠤᠮᠳᠠ ᠥᠨᠳᠥᠷ ᠳᠡᠰ ᠤᠨ ᠬᠢᠵᠢᠭ ᠤᠨ ᠳᠦᠭᠰᠢᠬᠦᠷᠢᠲᠦ ᠭᠠᠵᠠᠷ ᠣᠷᠣᠨ ᠠᠴᠠ | ᠮᠠᠨ ᠤ ᠬᠤᠰᠢᠭᠤᠨ ᠳᠤ ᠢᠷᠡᠭᠰᠡᠨ ᠬᠥᠮᠦᠰ ᠤᠨ ᠪᠠᠶᠢᠳᠠᠯ ᠢ ᠣᠶᠢᠯᠠᠭᠠᠵᠤ ᠰᠡᠷᠭᠡᠶᠢᠯᠡᠨ ᠬᠤᠷᠢᠭᠯᠠᠬᠤ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠬᠢᠵᠢᠭ ᠤᠨ ᠰᠡᠷᠭᠡᠶᠢᠯᠡᠯᠲᠡ ᠶᠢᠨ ᠭᠤᠭᠴᠤᠭ᠎ᠠ ᠨᠢᠭᠡᠪᠦᠷᠢ ᠶᠢ ᠡᠵᠡᠮᠳᠡᠨ᠂ ᠪᠣᠳᠠᠲᠠᠶ | ᠨᠠᠷᠢᠯᠢᠭᠵᠢᠭᠤᠯᠵᠤ᠂ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠭᠰᠠᠨ | ᠪᠠᠶᠢᠨ᠎ᠠ᠃ | ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠾᠧᠦ ᠵᠧᠨ᠂ | ᠬᠤᠰᠢᠭᠤ ᠳᠡᠳ᠋ ᠳᠠᠷᠤᠭ᠎ᠠ ᠯᠢᠦᠶ ᠾᠦᠢ᠂ ᠰᠠᠩ ᠤᠨ ᠲᠡᠯᠡᠶ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ | ᠤᠨ ᠭᠡᠰᠢᠭᠦᠨ ᠵᠢᠴᠢ ᠬᠤᠰᠢᠭᠤ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠪᠠᠯᠭᠠᠰᠤ ᠲᠠᠯᠠᠪᠠᠶ ᠶᠢᠨ ᠭᠤᠤᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠣᠷᠠᠯᠢᠭ ᠣᠷᠴᠢᠭᠤᠯᠵᠤ ᠮᠦᠳᠡᠭ ᠬᠢᠨᠠᠪᠠ | | | |