ᠰᠢᠯᠤᠭᠤᠨ ᠬᠥᠬᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠮᠡᠳᠡᠭᠳᠡᠯ
ᠨᠡᠶᠢᠲᠡᠯᠡᠭᠰᠡᠨ ᠴᠠᠭ᠄
2022/11/3
           ᠣᠳᠣᠬᠠᠨ ᠳᠤ᠂ ᠮᠠᠨ ᠤ ᠬᠤᠰᠢᠭᠤᠨ ᠤ ᠰᠢᠯᠢᠩᠬᠤᠲᠠ᠂ ᠬᠥᠬᠡᠬᠤᠲᠠ ᠪᠠᠷ ᠪᠠᠶᠢᠭᠰᠠᠨ ᠬᠦᠮᠦᠰ ᠵᠠᠯᠭᠠᠭ᠎ᠠ ᠪᠠᠷ ᠬᠤᠰᠢᠭᠤᠨ ᠳᠤ ᠪᠠᠨ ᠪᠤᠴᠠᠵᠠᠭᠠᠪᠠ᠂ ᠢᠷᠡᠭᠰᠡᠨ ᠬᠥᠮᠦᠰ ᠢ ᠰᠠᠶᠢᠲᠤᠷ ᠬᠠᠮᠢᠶᠠᠷᠬᠤ ᠶᠢᠨ ᠲᠤᠯᠠᠲᠠ᠂ ᠬᠢᠵᠢᠭ ᠢ ᠰᠡᠷᠭᠡᠶᠢᠯᠡᠬᠦ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠡᠳᠦᠭᠡ ᠪᠣᠳᠠᠲᠠᠶ ᠵᠦᠶᠯᠡᠰ ᠢ ᠮᠡᠳᠡᠭᠳᠡᠶ᠎ᠡ᠃            ᠰᠢᠯᠢᠩᠬᠤᠲᠠ᠂ ᠬᠥᠬᠡᠬᠤᠲᠠ ᠵᠡᠷᠭᠡ ᠭᠠᠵᠠᠷ ᠣᠷᠣᠨ ᠠᠴᠠ ᠢᠷᠡᠬᠦ ᠬᠥᠮᠦᠰ ᠡᠷᠬᠡᠪᠰᠢ ᠵᠠᠮ ᠤᠨ ᠪᠣᠭᠤᠮᠲᠠ ᠪᠠᠷ ᠣᠷᠤᠵᠤ ᠢᠷᠡᠬᠦ ᠬᠡᠷᠡᠭᠳᠡᠢ ᠪᠥᠭᠡᠳ ᠵᠣᠷᠢᠭᠰᠠᠨ ᠭᠠᠵᠠᠷ ᠤᠨ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ᠂ ᠰᠠᠭᠤᠬᠤ ᠪᠠᠭᠤᠳᠠᠯ ᠳᠤ ᠪᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠬᠤᠪᠢ ᠬᠥᠮᠦᠨ ᠤ ᠦᠨᠳᠦᠰᠦᠨ ᠮᠡᠳᠡᠭᠡ ᠵᠠᠩᠭᠢ᠂ ᠶᠠᠪᠤᠵᠤ ᠰᠠᠭᠤᠭᠰᠠᠨ ᠭᠠᠵᠠᠷ᠂ ᠬᠤᠰᠢᠭᠤᠨ ᠳᠤ ᠪᠠᠨ ᠪᠤᠴᠠᠬᠤ ᠴᠠᠭ ᠪᠠ ᠮᠠᠰᠢᠨ ᠣᠨᠤᠭ᠎ᠠ ᠪᠠᠨ ᠦᠨᠡᠨ ᠮᠥᠨ ᠢᠶᠠᠷ ᠨᠢ ᠮᠡᠳᠡᠭᠦᠯᠬᠦ ᠶᠢᠨ ᠬᠠᠮᠲᠤ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠭᠦᠢᠴᠡᠳᠭᠡᠬᠦ ᠬᠡᠷᠡᠭᠲᠡᠶ᠄            ᠨᠢᠭᠡ᠂ ᠰᠢᠯᠢᠩᠬᠤᠲᠠ ᠠᠴᠠ ᠬᠤᠰᠢᠭᠤᠨ ᠳᠤ ᠪᠠᠨ ᠪᠤᠴᠠᠬᠤ ᠬᠥᠮᠦᠰ ᠡᠷᠬᠡᠪᠰᠢ ᠳᠣᠤᠷᠠᠬᠢ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ ᠨᠢᠭᠡ ᠳᠤ᠂ ᠣᠨᠤᠰᠢᠯᠠᠭᠤᠯᠤᠭᠰᠠᠨ ᠡᠪᠡᠳᠴᠢᠲᠡᠨ ᠪᠢᠰᠢ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠪᠢᠰᠢ᠂ ᠨᠢᠭᠲᠠ ᠦᠢᠷᠠᠳᠣᠭᠰᠠᠳ ᠪᠢᠰᠢ᠂ ᠨᠢᠭᠲᠠ ᠦᠢᠷᠠᠳᠤᠭᠰᠠᠳ ᠲᠠᠢ ᠦᠢᠷᠠᠳᠤᠭ᠎ᠠ ᠦᠭᠡᠢ᠂ ᠳᠤᠮᠳᠠ ᠥᠨᠳᠥᠷ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠳᠤ ᠣᠴᠢᠵᠤ ᠥᠩᠭᠡᠷᠡᠭᠡ ᠦᠭᠡᠢ ᠪᠠᠶᠢᠬᠤ ᠬᠡᠷᠡᠭᠳᠡᠢ᠃ ᠬᠤᠶᠠᠷ ᠲᠤ᠂ 3 ᠬᠤᠨᠤᠭ ᠤᠨ ᠳᠣᠲᠣᠷ᠎ᠠ ᠨᠠᠭᠠᠳᠤ ᠵᠠᠬ᠎ᠠ ᠳᠠᠭᠠᠨ 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠭᠰᠡᠨ ᠪᠥᠭᠡᠳ ᠴᠥᠮ ᠪᠢᠯᠢᠭ ᠴᠢᠨᠠᠷ ᠢᠯᠡᠷᠡᠭᠰᠡᠨ ᠮᠥᠷᠲᠡᠭᠡᠨ ᠪᠡᠶ᠎ᠡ ᠶᠢᠨ ᠪᠠᠶᠢᠳᠠᠯ ᠨᠢ ᠡᠷᠡᠭᠦᠯ ᠪᠠᠶᠢᠭ᠎ᠠ ᠬᠥᠮᠦᠰ ᠪᠠᠶᠢᠬᠤ ᠬᠡᠷᠡᠭᠳᠡᠢ᠃ ᠭᠤᠷᠪᠠ ᠳᠤ᠂ ᠡᠷᠡᠭᠦᠯ ᠮᠡᠨᠳᠦ ᠶᠢᠨ ᠨᠣᠭᠤᠭᠠᠨ ᠺᠣᠳ᠋ ᠲᠠᠢ ᠮᠥᠷᠲᠡᠭᠡᠨ ᠥᠪᠡᠷ ᠤᠨ ᠰᠠᠶᠢᠨ ᠳᠤᠷ᠎ᠠ ᠠᠴᠠ ᠪᠠᠨ ᠪᠤᠴᠠᠬᠤ ᠪᠠᠷ ᠭᠤᠶᠤᠴᠢᠯᠠᠭᠰᠠᠨ ᠬᠥᠮᠦᠰ᠃ ᠳᠥᠷᠪᠡ ᠳᠤ᠂ ᠵᠢᠯᠣᠭᠤᠳᠬᠤ ᠬᠡᠯᠲᠡᠰ ᠠᠴᠠ ᠲᠣᠬᠢᠷᠠᠭᠤᠯᠤᠭᠰᠠᠨ ᠨᠥᠬᠦᠴᠡᠯ ᠳᠤ ᠨᠡᠶᠢᠴᠡᠬᠦ ᠪᠤᠰᠤᠳ ᠬᠥᠮᠦᠰ᠃ ᠥᠨᠥᠳᠥᠷ ᠠᠴᠠ ᠡᠬᠢᠯᠡᠨ ᠬᠤᠰᠢᠭᠤᠨ ᠳᠤ ᠢᠷᠡᠭᠰᠡᠨ ᠤ ᠳᠠᠷᠠᠭ᠎ᠠ᠂ ︽3 ᠬᠤᠨᠤᠭ ᠥᠪᠡᠷ ᠤᠨ ᠬᠢᠨᠠᠯᠲᠠ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ︾ ᠬᠢᠵᠦ᠂ 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ︵24 ᠴᠠᠭ ᠠᠯᠤᠰᠯᠠᠨ︶ ᠬᠢᠬᠦ ᠪᠠ ᠡᠷᠡᠭᠦᠯ ᠮᠡᠨᠳᠦ ᠶᠢᠨ ᠬᠢᠨᠠᠯᠲᠠ ᠶᠢᠨ ᠬᠤᠭᠤᠴᠠᠭᠠᠨ  ᠳᠤ ᠲᠣᠰ ᠬᠥᠮᠦᠨ ᠵᠢᠴᠢ ᠬᠠᠮᠲᠤ ᠰᠠᠭᠤᠭ᠎ᠠ ᠬᠥᠮᠦᠰ ᠨᠢ ᠴᠢᠬᠤᠯᠠ ᠦᠭᠡᠢ ᠪᠣᠯ ᠭᠠᠳᠠᠭᠰᠢ ᠭᠠᠷᠬᠤ ᠥᠬᠡᠶ᠂ ᠴᠤᠭᠯᠠᠷᠠᠬᠤ ᠥᠬᠡᠶ ᠪᠠᠶᠢᠬᠤ ᠬᠡᠷᠡᠭᠳᠡᠢ᠂ ᠬᠠᠮᠢᠶᠠᠷᠤᠨ ᠡᠵᠡᠮᠳᠡᠬᠦ ᠬᠤᠭᠤᠴᠠᠭ᠎ᠠ ᠶᠢ ᠬᠤᠰᠢᠭᠤᠨ ᠳᠤ ᠢᠷᠡᠭᠰᠡᠨ ᠡᠳᠦᠷ  ᠠᠴᠠ ᠡᠬᠢᠯᠡᠵᠦ ᠪᠤᠳᠤᠨ᠎ᠠ᠃ᠬᠤᠶᠠᠷ᠂ ᠬᠥᠬᠡᠬᠤᠲᠠ ᠠᠴᠠ ᠬᠤᠰᠢᠭᠤᠨ ᠳᠤ ᠪᠤᠴᠠᠬᠤ ᠬᠥᠮᠦᠰ ᠡᠷᠬᠡᠪᠰᠢ ᠳᠣᠤᠷᠠᠬᠢ ᠨᠥᠬᠦᠴᠡᠯ ᠢ ᠬᠠᠩᠭᠠᠬᠤ ᠬᠡᠷᠡᠭᠲᠡᠶ᠄ ᠨᠢᠭᠡ ᠳᠤ᠂ ᠬᠢᠵᠢᠭ ᠤᠨ ᠲᠦᠭᠰᠢᠭᠦᠷᠢ ᠦᠭᠡᠢ ᠭᠠᠵᠠᠷ ᠣᠷᠣᠨ ᠠᠴᠠ ᠪᠤᠴᠠᠵᠤ ᠢᠷᠡᠬᠦ᠃                        ᠬᠤᠶᠠᠷ ᠲᠤ᠂ ︽ᠲᠠᠪᠤᠨ ᠬᠤᠨᠤᠭ ᠲᠤ ᠭᠤᠷᠪᠠ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ︾ ︵ᠬᠥᠬᠡᠬᠤᠲᠠ ᠠᠴᠠ ᠭᠠᠷᠬᠤ ᠠᠴᠠ ᠡᠮᠦᠨ᠎ᠡ ᠲᠠᠪᠤᠨ ᠬᠤᠨᠤᠭ︶ ᠬᠢᠯᠭᠡᠭᠰᠡᠨ ᠪᠢᠯᠢᠭ ᠴᠢᠨᠠᠷ ᠤᠨ ᠭᠡᠷᠡᠴᠢ ᠲᠠᠢ᠃ ᠭᠤᠷᠪᠠ ᠳᠤ᠂ ᠬᠥᠬᠡᠬᠤᠲᠠ ᠶᠢᠨ ᠨᠣᠭᠤᠭᠠᠨ ᠺᠣᠳ᠋ ᠲᠠᠢ᠃ ᠡᠭᠦᠨ ᠤ ᠬᠠᠮᠲᠤ᠂ ᠬᠥᠬᠡᠬᠤᠲᠠ ᠠᠴᠠ ᠣᠯᠭᠤᠭᠰᠠᠨ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ︵ᠰᠠᠭᠠᠳ ᠥᠬᠡᠶ ᠨᠡᠪᠲᠡᠷᠡᠬᠦ ᠭᠤᠶᠣᠴᠢᠯᠠᠯ ᠤᠨ ᠪᠢᠴᠢᠭ ᠵᠢᠴᠢ ᠨᠡᠶᠢᠭᠡᠮ ᠲᠣᠭᠤᠷᠢᠭ ᠤᠨ ᠭᠡᠷᠡᠴᠢ︶ ᠢ ᠬᠠᠩᠭᠠᠬᠤ ᠬᠡᠷᠡᠭᠲᠡᠶ᠃ ᠥᠨᠥᠳᠥᠷ ᠠᠴᠠ ᠡᠬᠢᠯᠡᠨ ᠬᠤᠰᠢᠭᠤᠨ ᠳᠤ ᠢᠷᠡᠭᠰᠡᠨ ᠤ ᠳᠠᠷᠠᠭ᠎ᠠ᠂ ︽10 ᠬᠤᠨᠤᠭ ᠬᠡᠷ ᠳᠡᠭᠡᠨ ᠲᠤᠰᠠᠭᠠᠷᠯᠠᠬᠤ ︵ᠨᠢᠭᠡ ᠠᠶᠢᠯ ᠤᠨ ᠬᠢ ᠨᠢᠭᠡ ᠭᠡᠷ ᠲᠤ︶ + ᠲᠦᠷᠦᠭᠦᠦ 7 ᠬᠤᠨᠤᠭ ᠲᠤ ᠡᠳᠦᠷ ᠪᠦᠷᠢ ᠪᠥᠭᠡᠮ ᠬᠦᠴᠢᠯ ᠤᠨ ᠪᠠᠶᠢᠴᠠᠭᠠᠯᠲᠠ ᠬᠢᠬᠦ + 10 ᠳ᠋ᠤᠭᠠᠷ ᠡᠳᠦᠷ ᠲᠤ 1 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠮᠢᠶᠠᠷᠤᠨ ᠡᠵᠡᠮᠳᠡᠬᠦ ᠬᠤᠭᠤᠴᠠᠭ᠎ᠠ ᠶᠢ ᠬᠤᠰᠢᠭᠤᠨ ᠳᠤ ᠢᠷᠡᠭᠰᠡᠨ ᠡᠳᠦᠷ ᠠᠴᠠ ᠡᠬᠢᠯᠡᠵᠦ ᠪᠤᠳᠤᠨ᠎ᠠ᠃ ᠬᠥᠬᠡᠬᠤᠲᠠ ᠶᠢᠨ ᠶᠡᠭᠡ ᠳᠡᠭᠡᠳᠦ ᠰᠤᠷᠭᠠᠭᠤᠯᠢ ᠶᠢᠨ ᠪᠤᠰᠤᠳ ᠭᠠᠵᠠᠷ ᠣᠷᠣᠨ ᠠᠴᠠ ᠡᠵᠡᠮᠳᠡᠯ ᠢᠶᠠᠨ ᠲᠠᠶᠢᠯᠤᠭᠰᠠᠨ ᠰᠤᠷᠤᠭᠴᠢᠳ ᠬᠤᠰᠢᠭᠤᠨ ᠳᠤ ᠢᠷᠡᠭᠰᠡᠨ ᠤ ᠳᠠᠷᠠᠭ᠎ᠠ ︽7 ᠬᠤᠨᠤᠭ ᠭᠡᠷ ᠲᠡᠭᠡᠨ ᠡᠷᠡᠭᠦᠯ ᠮᠡᠨᠳᠦ ᠶᠢᠨ ᠬᠢᠨᠠᠯᠲᠠ ᠬᠢᠬᠦ + 1᠂ 2 ᠂ 3᠂ 5᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠮᠢᠶᠠᠷᠤᠨ ᠡᠵᠡᠮᠳᠡᠬᠦ ᠬᠤᠭᠤᠴᠠᠭ᠎ᠠ ᠶᠢ ᠬᠤᠰᠢᠭᠤᠨ ᠳᠤ ᠢᠷᠡᠭᠰᠡᠨ ᠡᠳᠦᠷ ᠠᠴᠠ ᠡᠬᠢᠯᠡᠵᠦ ᠪᠤᠳᠤᠨ᠎ᠠ᠃            ᠭᠤᠷᠪᠠ᠂ ᠡᠯ᠎ᠡ ᠵᠠᠮ ᠬᠠᠷᠢᠯᠴᠠᠭᠠᠨ ᠤ ᠪᠣᠭᠤᠮᠲᠠ ᠨᠢ ᠰᠢᠯᠢᠩᠬᠤᠲᠠ᠂ ᠬᠥᠬᠡᠬᠤᠲᠠ ᠠᠴᠠ ᠬᠤᠰᠢᠭᠤᠨ ᠳᠤ ᠢᠷᠡᠬᠦ ᠬᠥᠮᠦᠰ ᠲᠤ ︽ᠲᠠᠯᠠᠪᠤᠷ ᠭᠠᠵᠠᠷ ᠤᠨ ᠺᠣᠳ᠋︾ ᠢ ᠤᠩᠰᠢᠭᠤᠯᠤᠨ ᠳᠠᠩᠰᠠᠯᠠᠬᠤ ︵ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ︶᠂ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠵᠣᠷᠢᠭᠰᠠᠨ ᠭᠠᠵᠠᠷ ᠨᠢ ᠣᠨᠳᠤᠤ᠂ ᠮᠠᠨ ᠤ ᠬᠤᠰᠢᠭᠤ ᠪᠠᠷ ᠥᠩᠭᠡᠷᠡᠵᠦ ᠪᠠᠶᠢᠭ᠎ᠠ ᠬᠥᠬᠡᠬᠤᠲᠠ ᠪᠠᠷ ᠣᠴᠢᠵᠤ ᠦᠩᠭᠡᠷᠡᠭᠰᠡᠨ ᠬᠥᠮᠦᠰ ᠲᠤ ᠪᠢᠲᠡᠭᠦᠮᠵᠢᠯᠡᠬᠦ ᠬᠠᠭᠤᠳᠠᠰᠤ ᠪᠤᠶᠤ ᠬᠥᠬᠡᠬᠤᠲᠠ ᠶᠢᠨ ᠲᠤᠰᠬᠠᠶ ︽ᠲᠡᠮᠳᠡᠭ︾ ᠢ ᠨᠠᠭᠠᠵᠤ᠂ ᠲᠡᠷᠭᠡᠨ ᠤ ᠮᠡᠳᠡᠭᠡ ᠵᠠᠩᠭᠢ ᠶᠢ ᠳᠠᠷᠠᠭᠠᠴᠢ ᠶᠢᠨ ᠵᠠᠮ ᠬᠠᠷᠢᠯᠴᠠᠭᠠᠨ ᠤ ᠪᠣᠭᠤᠮᠲᠠ ᠳᠤ ᠮᠡᠳᠡᠭᠳᠡᠬᠦ ᠶᠢᠨ ᠬᠠᠮᠲᠤ ᠳᠠᠷᠠᠭᠠᠴᠢ ᠵᠠᠮ ᠬᠠᠷᠢᠯᠴᠠᠭᠠᠨ ᠤ ᠪᠣᠭᠤᠮᠲᠠ ᠳᠤ ᠬᠦᠷᠬᠦ ᠪᠥᠬᠦ ᠶᠠᠪᠤᠴᠠ ᠳᠤ ᠬᠠᠮᠠᠭᠠᠯᠠᠨ ᠬᠦᠷᠭᠡᠨ᠎ᠡ᠂ ᠵᠣᠷᠢᠭᠰᠠᠨ ᠭᠠᠵᠠᠷ ᠨᠢ ᠬᠤᠰᠢᠭᠤᠨ ᠤ ᠲᠣᠲᠤᠷ᠎ᠠ ᠪᠠᠶᠢᠪᠠᠯ᠂ ᠪᠢᠲᠡᠭᠦᠮᠵᠢᠯᠡᠬᠦ ᠬᠠᠭᠤᠳᠠᠰᠤ ᠪᠤᠶᠤ ᠬᠥᠬᠡᠬᠤᠲᠠ ᠶᠢᠨ ᠲᠤᠰᠬᠠᠶ ︽ᠲᠡᠮᠳᠡᠭ︾ ᠢ ᠨᠠᠭᠠᠵᠤ᠂ ᠬᠠᠷᠢᠶ᠎ᠠ ᠰᠤᠮᠤ ᠪᠠᠯᠭᠠᠰᠤ ᠲᠠᠯᠠᠪᠠᠢ ᠳᠤ ᠨᠢ ᠬᠦᠷᠭᠡᠵᠦ ᠲᠤᠭᠲᠠᠭᠠᠯ ᠶᠣᠰᠤᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ᠂ ᠡᠯ᠎ᠡ ᠵᠠᠮ ᠬᠠᠷᠢᠯᠴᠠᠭᠠᠨ ᠤ ᠪᠣᠭᠤᠮᠲᠠ ᠨᠢ ᠬᠥᠬᠡᠬᠤᠲᠠ ᠠᠴᠠ ᠬᠤᠰᠢᠭᠤᠨ ᠳᠠᠭᠠᠨ ᠪᠤᠴᠠᠬᠤ ᠬᠥᠮᠦᠰ ᠤᠨ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠰᠠᠶᠢᠳᠤᠷ ᠪᠠᠶᠢᠴᠠᠭᠠᠨ ᠰᠢᠯᠭᠠᠬᠤ ᠬᠡᠷᠡᠭᠲᠡᠶ᠃            ᠳᠥᠷᠪᠡ᠂ ᠰᠢᠯᠢᠩᠬᠤᠲᠠ᠂ ᠬᠥᠬᠡᠬᠤᠲᠠ ᠠᠴᠠ ᠬᠤᠰᠢᠭᠤᠨ ᠳᠤ ᠪᠠᠨ ᠪᠤᠴᠠᠭᠰᠠᠨ ᠬᠥᠮᠦᠰ ᠬᠤᠪᠢ ᠬᠥᠮᠦᠨ ᠤ ᠡᠷᠡᠭᠦᠯ ᠮᠡᠨᠳᠦ ᠶᠢᠨ ᠬᠢᠨᠠᠯᠲᠠ ᠪᠠᠨ ᠰᠠᠶᠢᠲᠤᠷ ᠬᠢᠵᠦ᠂ ᠬᠠᠯᠠᠭᠤᠷᠠᠬᠤ᠂ ᠬᠠᠨᠢᠶᠠᠯᠭᠠᠬᠤ᠂ ᠲᠠᠮᠢᠷᠳᠠᠬᠤ᠂ ᠬᠤᠭᠤᠯᠠᠶ ᠡᠪᠡᠳᠬᠦ᠂ ᠦᠨᠦᠷᠯᠡᠬᠦ ᠠᠮᠲᠠᠯᠠᠬᠤ ᠰᠡᠷᠡᠯ ᠮᠠᠭᠤᠳᠠᠬᠤ᠂ ᠭᠦᠶᠦᠯᠭᠡᠬᠦ ᠵᠡᠷᠭᠡ ᠡᠪᠡᠳᠴᠢᠨ ᠤ ᠢᠯᠡᠷᠡᠯ ᠭᠠᠷᠪᠠᠯ᠂ ᠳᠠᠷᠤᠢ ᠲᠦᠷᠭᠡᠨ ᠬᠠᠷᠢᠶ᠎ᠠ ᠭᠠᠴᠠᠭ᠎ᠠ ᠲᠣᠰᠬᠤᠨ  ︵ᠨᠡᠶᠢᠭᠡᠮ ᠲᠣᠭᠤᠷᠢᠭ︶ ᠳᠤ ᠪᠠᠨ ᠮᠡᠳᠡᠭᠦᠯᠵᠦ᠂ ᠡᠪᠡᠳᠴᠢᠨ ᠦᠵᠡᠭᠦᠯᠬᠦ ᠵᠠᠮ ᠳᠠᠭᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃ᠰᠢᠯᠤᠭᠤᠨ ᠬᠥᠬᠡ ᠬᠤᠰᠢᠭᠤᠨ ᠤ ᠬᠢᠵᠢᠭ ᠢ ᠰᠡᠷᠭᠡᠶᠢᠯᠡᠬᠦ ᠠᠵᠢᠯ ᠤᠨ ᠵᠢᠯᠣᠭᠤᠳᠬᠤ ᠬᠡᠯᠲᠡᠰ ᠤᠨ ᠤᠲᠠᠰᠤ0479 - 4222545᠂ 0479 - 4222887ᠰᠢᠯᠤᠭᠤᠨ ᠬᠥᠬᠡ ᠬᠤᠰᠢᠭᠤᠨ ᠤ ᠬᠢᠵᠢᠭ ᠢ ᠰᠡᠷᠭᠡᠶᠢᠯᠡᠬᠦ ᠲᠥᠪ ᠤᠨ ᠤᠲᠠᠰᠤ 0479 - 4222907                 ᠰᠢᠯᠤᠭᠤᠨ ᠬᠥᠬᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠬᠡᠯᠲᠡᠰ2022 ᠣᠨ ᠤ 11 ᠰᠠᠷ᠎ᠠ ᠶᠢᠨ 2 ᠤᠨ ᠡᠳᠦᠷ ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号