ᠰᠢᠯᠤᠭᠤᠨ ᠬᠥᠬᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠮᠡᠳᠡᠭᠳᠡᠯ
ᠨᠡᠶᠢᠲᠡᠯᠡᠭᠰᠡᠨ ᠴᠠᠭ᠄
2022/11/7
           ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠵᠤ᠂ ᠰᠡᠷᠭᠡᠶᠢᠯᠡᠯᠲᠡ ᠶᠢᠨ ᠠᠵᠢᠯ ᠨᠡᠩ ᠭᠡᠴᠡᠭᠦᠳᠡᠪᠡ᠂ ︽ᠬᠢᠵᠢᠭ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠨ᠂ ᠳᠣᠲᠣᠭᠠᠳᠤ ᠳᠠᠭᠠᠨ ᠬᠢᠵᠢᠭ ᠡᠭᠦᠰᠬᠦ ᠶᠢ ᠬᠤᠷᠢᠭᠯᠠᠬᠤ︾ ᠠᠵᠢᠯ ᠢ ᠰᠠᠶᠢᠲᠤᠷ ᠬᠢᠵᠦ᠂ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠤᠯᠠᠳᠠ᠂ ᠣᠲᠣ ᠬᠠᠮᠢᠶ᠎ᠠ ᠪᠥᠬᠦᠶ ᠤᠴᠢᠷ ᠢ ᠮᠡᠳᠡᠭᠳᠡᠶ᠎ᠡ᠃            ᠨᠢᠭᠡ᠂ ᠬᠤᠰᠢᠭᠤᠨ ᠳᠠᠭᠠᠨ ᠪᠤᠴᠠᠵᠤ ᠢᠷᠡᠬᠦ ᠬᠥᠮᠦᠨ ᠪᠣᠯᠭᠠᠨ ᠢᠷᠡᠬᠦ ᠠᠴᠠ ᠪᠠᠨ 48 ᠴᠠᠭ ᠤᠨ ᠡᠮᠦᠨ᠎ᠡ ᠵᠣᠷᠢᠭᠰᠠᠨ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ᠂ ᠬᠤᠪᠢᠶᠠᠷᠢ ᠲᠠᠯᠠᠪᠠᠶ᠂ ᠪᠠᠶᠢᠭᠤᠯᠭ᠎ᠠ ᠨᠢᠭᠡᠴᠡ ᠪᠤᠶᠤ ᠪᠠᠭᠤᠳᠠᠯ ᠳᠤ ᠪᠠᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ᠬᠤᠶᠠᠷ᠂ 7 ᠬᠤᠨᠤᠭ ᠤᠨ ᠳᠣᠲᠣᠷ᠎ᠠ ᠦᠨᠳᠦᠷ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠳᠤ ᠣᠴᠢᠵᠤ ᠥᠩᠭᠡᠷᠡᠭᠰᠡᠨ ᠬᠦᠮᠦᠰ ᠮᠠᠨ ᠬᠤᠰᠢᠭᠤᠨ ᠳᠤ ᠢᠷᠡᠬᠦ ᠳᠡᠭᠡᠨ ︽7 ᠬᠤᠨᠤᠭ ᠤᠨ ᠨᠢᠭᠡᠳᠦᠯᠲᠡᠢ ᠲᠤᠰᠠᠭᠠᠷᠯᠠᠯᠲᠠ + 1᠂ 2᠂ 3᠂ 5᠂ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ  ᠤᠨ ᠪᠠᠶᠢᠴᠠᠭᠠᠯᠲᠠ ᠬᠢᠬᠦ︾ ᠶᠢ ᠪᠡᠶᠡᠯᠡᠬᠦᠯᠬᠦ ᠬᠡᠷᠡᠭᠳᠡᠢ᠃ 7 ᠬᠤᠨᠤᠭ ᠤᠨ ᠳᠣᠲᠣᠷ᠎ᠠ ᠳᠤᠮᠳᠠ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠢᠶᠠᠷ ᠣᠴᠢᠵᠤ ᠥᠩᠭᠡᠷᠡᠭᠰᠡᠨ ᠬᠦᠮᠦᠰ ᠮᠠᠨ ᠤ ᠬᠤᠰᠢᠭᠤᠨ ᠳᠤ ᠢᠷᠡᠬᠦ ᠳᠡᠭᠡᠨ ︽7 ᠬᠤᠨᠤᠭ ᠭᠡᠷ ᠲᠡᠭᠡᠨ ᠲᠤᠰᠠᠭᠠᠷᠯᠠᠬᠤ + 1᠂ 4᠂ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠶᠢ ᠪᠡᠶᠡᠯᠡᠬᠦᠯᠬᠦ ᠬᠡᠷᠡᠭᠳᠡᠢ᠃ ᠭᠡᠷ ᠲᠡᠭᠡᠨ ᠲᠤᠰᠠᠭᠠᠷᠯᠠᠬᠤ ᠨᠥᠬᠦᠴᠡᠯ ᠦᠭᠡᠢ ᠪᠣᠯ ᠨᠢᠭᠡᠳᠦᠯᠲᠡᠢ ᠲᠤᠰᠠᠭᠠᠷᠯᠠᠭᠤᠯᠬᠤ ᠬᠡᠷᠡᠭᠲᠡᠶ᠃ ᠬᠠᠮᠢᠶᠠᠷᠤᠯᠲᠠ ᠶᠢᠨ ᠬᠤᠭᠤᠴᠠᠭ᠎ᠠ ᠶᠢ ᠬᠤᠰᠢᠭᠤᠨ ᠳᠤ ᠢᠷᠡᠭᠰᠡᠨ ᠡᠳᠦᠷ ᠠᠴᠠ ᠡᠬᠢᠯᠡᠨ ᠪᠣᠳᠣᠨ᠎ᠠ᠃ᠭᠤᠷᠪᠠ᠂ 7 ᠬᠤᠨᠤᠭ ᠤᠨ ᠳᠣᠲᠣᠷ᠎ᠠ ᠰᠢᠨᠵᠢᠶᠠᠩ ᠵᠡᠷᠭᠡ ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠲᠠᠶ ᠬᠢᠵᠢᠭ ᠡᠭᠦᠰᠦᠭᠰᠡᠨ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠬᠦ ᠬᠥᠮᠦᠰ ︽7 ᠬᠤᠨᠤᠭ ᠨᠢᠭᠡᠳᠦᠯᠲᠡᠢ ᠲᠤᠰᠠᠭᠠᠷᠯᠠᠬᠤ + ᠡᠳᠦᠷ ᠪᠦᠷᠢ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠶᠢ ᠪᠡᠶᠡᠯᠡᠬᠦᠯᠬᠦ ᠬᠡᠷᠡᠭᠳᠡᠢ᠃            ᠳᠥᠷᠪᠡ᠂ ᠬᠥᠬᠡᠬᠤᠲᠠ ᠠᠴᠠ ᠮᠠᠨ ᠤ ᠬᠤᠰᠢᠭᠤᠨ ᠳᠤ ᠢᠷᠡᠬᠦ ᠬᠥᠮᠦᠰ ︵ᠬᠥᠬᠡᠬᠤᠲᠠ ᠶᠢᠨ ᠬᠢᠵᠢᠭ  ᠢ ᠰᠡᠷᠭᠡᠶᠢᠯᠡᠬᠦ ᠠᠵᠢᠯ ᠤᠨ ᠵᠢᠯᠣᠭᠤᠳᠬᠤ ᠬᠡᠯᠲᠡᠰ ᠤᠨ 2022 ᠣᠨ ᠤ 116 ᠳ᠋ᠤᠭᠠᠷ ᠲᠣᠭᠠᠲᠤ ᠮᠡᠳᠡᠭᠳᠡᠯ ᠢᠶᠠᠷ ᠬᠥᠬᠡᠬᠤᠲᠠ ᠠᠴᠠ ᠰᠠᠯᠬᠤ ᠨᠥᠬᠦᠴᠡᠯ ᠳᠤ ᠨᠡᠶᠢᠴᠡᠬᠦ ᠬᠥᠮᠦᠰ︶ 48 ᠴᠠᠭ ᠤᠨ ᠡᠮᠦᠨ᠎ᠡ ᠵᠣᠷᠢᠭᠰᠠᠨ ᠭᠠᠵᠠᠷ ᠤᠨ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ᠂ ᠬᠤᠪᠢᠶᠠᠷᠢ ᠲᠠᠯᠠᠪᠠᠶ᠂ ᠪᠠᠶᠢᠭᠤᠯᠭ᠎ᠠ ᠨᠢᠭᠡᠴᠡ ᠳᠡᠭᠡᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠴᠢᠬᠤᠯᠠᠲᠠᠶ ︵ᠢᠷᠡᠬᠦ ᠴᠠᠭ᠂ ᠢᠷᠡᠬᠦ ᠠᠷᠭ᠎ᠠ ᠮᠠᠶ᠋ᠢᠭ᠂ ᠢᠷᠡᠬᠦ ᠠᠴᠠ ᠡᠮᠦᠨ᠎ᠡ 5 ᠬᠤᠨᠤᠭ ᠤᠨ ᠳᠤᠳᠤᠷᠠᠬᠢ 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ᠂ ᠬᠥᠬᠡᠬᠤᠲᠠ ᠶᠢᠨ ᠬᠢᠵᠢᠭ ᠢ ᠰᠡᠷᠬᠡᠶᠢᠯᠡᠬᠦ ᠠᠵᠢᠯ ᠤᠨ ᠵᠢᠯᠣᠭᠤᠳᠬᠤ ᠬᠡᠯᠲᠡᠰ ᠤᠨ ᠬᠢᠨᠠᠨ ᠪᠠᠲᠤᠯᠠᠭᠰᠠᠨ ᠭᠤᠶᠤᠴᠢᠯᠠᠯ  ᠤᠨ ᠮᠠᠲ᠋ᠧᠷᠢᠶᠠᠯ᠂ ᠨᠡᠶᠢᠭᠡᠮ ᠲᠣᠭᠤᠷᠢᠭ ᠤᠨ ᠭᠡᠷᠡᠴᠢ ᠵᠡᠷᠭᠡ ᠶᠢ ᠪᠠᠭᠲᠠᠭᠠᠨ᠎ᠠ︶᠂ ᠳᠡᠭᠡᠷ᠎ᠡ ᠳᠤᠷᠠᠳᠤᠭᠰᠠᠨ ᠮᠠᠲ᠋ᠧᠷᠢᠶᠠᠯ ᠢ ᠬᠠᠩᠭᠠᠬᠤ ᠶᠢᠨ ᠠᠷᠭ᠎ᠠ ᠥᠬᠡᠶ ᠪᠣᠯ ᠳᠤᠷ᠎ᠠ ᠪᠠᠷ ᠢᠶᠠᠨ ᠢᠷᠡᠵᠦ ᠪᠣᠯᠬᠤ ᠥᠬᠡᠶ᠃ ᠮᠠᠨ ᠤ ᠬᠤᠰᠢᠭᠤᠨ  ᠳᠤ ᠢᠷᠡᠭᠰᠡᠨ ᠤ ᠳᠠᠷᠠᠭ᠎ᠠ᠂ ︽10 ᠬᠤᠨᠤᠭ ᠨᠢᠭᠡᠳᠦᠯᠲᠡᠢ ᠳᠤᠰᠠᠭᠠᠷᠯᠠᠬᠤ + ᠵᠠᠯᠭᠠᠭ᠎ᠠ ᠪᠠᠷ 10 ᠡᠳᠦᠷ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠶᠢ ᠪᠡᠶᠡᠯᠡᠬᠦᠯᠵᠦ᠂ ᠨᠢᠭᠡᠳᠦᠯᠲᠡᠢ ᠲᠤᠰᠠᠭᠠᠷᠯᠠᠬᠤ ᠨᠥᠬᠦᠴᠡᠯ ᠥᠬᠡᠶ ᠪᠣᠯ ︽10 ᠬᠤᠨᠤᠭ ᠬᠡᠷ ᠲᠡᠭᠡᠨ ᠲᠤᠰᠠᠭᠠᠷᠯᠠᠬᠤ + ᠵᠠᠯᠭᠠᠭ᠎ᠠ ᠪᠠᠷ 10 ᠡᠳᠦᠷ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠶᠢ ᠪᠡᠶᠡᠯᠡᠬᠦᠯᠬᠦ ᠬᠡᠷᠡᠭᠳᠡᠢ᠃            ᠲᠠᠪᠤ᠂ ᠣᠶᠢᠷ᠎ᠠ ᠶᠢᠨ 7 ᠬᠤᠨᠤᠭ ᠤᠨ ᠳᠣᠲᠣᠷ᠎ᠠ ᠬᠢᠵᠢᠭ ᠤᠨ ᠳᠦᠭᠰᠢᠭᠦᠷᠢ ᠪᠠᠭ᠎ᠠ ᠣᠷᠣᠨ ᠠᠴᠠ ᠮᠠᠨ ᠤ ᠬᠤᠰᠢᠭᠤᠨ ᠳᠤ ᠢᠷᠡᠬᠦ ᠬᠥᠮᠦᠰ ᠡᠷᠬᠡᠪᠰᠢ 48 ᠴᠠᠭ ᠤᠨ ᠳᠣᠲᠣᠷᠠᠬᠢ 2 ᠤᠳᠠᠭᠠᠨ ᠤ ᠪᠥᠭᠡᠮ ᠬᠦᠴᠢᠯ  ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ  ︵24 ᠴᠠᠭ ᠠᠯᠤᠰᠯᠠᠭᠰᠠᠨ︶ ᠬᠠᠩᠭᠠᠬᠤ ᠬᠡᠷᠡᠭᠲᠡᠶ᠃ ᠢᠷᠡᠭᠰᠡᠨ ᠤ ᠳᠠᠷᠠᠭ᠎ᠠ᠂ ︽7 ᠬᠤᠨᠤᠭ ᠥᠪᠡᠷ ᠢ ᠪᠠᠨ ᠬᠢᠨᠠᠬᠤ᠂ 1᠂ 4᠂ 7 ᠳ᠋ᠤᠭᠠᠷ ᠡᠳᠦᠷ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ︵ᠪᠠᠭᠤᠮᠠᠭᠴᠠ ᠬᠢᠯᠭᠡᠭᠰᠡᠨ ᠪᠥᠭᠡᠮ ᠬᠦᠴᠢᠯ ᠤᠨ ᠪᠠᠶᠢᠴᠠᠭᠠᠯᠲᠠ ᠪᠠᠭᠲᠠᠨ᠎ᠠ︶ ᠬᠢᠬᠦ︾ ᠶᠢ ᠪᠡᠶᠡᠯᠡᠬᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠪᠠᠷ ᠶᠠᠪᠤᠬᠤ ᠪᠦᠬᠦ ᠶᠠᠪᠤᠴᠠ ᠳᠠᠭᠠᠨ ᠠᠮᠠᠪᠴᠢ ᠵᠡᠭᠦᠨ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠵᠤ ᠪᠣᠯᠬᠤ ᠦᠭᠡᠢ᠃ 7 ᠬᠤᠨᠤᠭ ᠤᠨ ᠳᠣᠲᠣᠷ᠎ᠠ ᠪᠤᠰᠤᠳ ᠲᠠᠢ ᠨᠡᠶᠢᠯᠡᠬᠦ ᠦᠭᠡᠢ᠂ ᠲᠥᠷᠥᠯ ᠰᠠᠳᠤᠨ ᠨᠠᠶᠢᠵᠠ ᠨᠥᠬᠦᠳ  ᠲᠠᠢ ᠪᠠᠨ ᠠᠭᠤᠯᠵᠠᠬᠤ ᠦᠭᠡᠢ᠂ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠦᠭᠡᠢ ᠪᠠᠶᠢᠬᠤ ᠬᠡᠷᠡᠭᠳᠡᠢ᠃            ᠵᠢᠷᠭᠤᠭ᠎ᠠ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠭᠠᠳᠠᠨ᠎ᠠ᠂ ᠠᠶᠢᠮᠠᠭ ᠤᠨ ᠭᠠᠳᠠᠨ᠎ᠠ  ᠠᠴᠠ ᠮᠠᠨ ᠤ ᠬᠤᠰᠢᠭᠤᠨ ᠳᠤ ᠢᠷᠡᠬᠦ ᠬᠥᠮᠦᠰ ᠡᠷᠬᠡᠪᠰᠢ 48 ᠴᠠᠭ ᠤᠨ ᠳᠣᠲᠣᠷᠠᠬᠢ 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ︵24 ᠴᠠᠭ ᠠᠯᠤᠰᠯᠠᠭᠰᠠᠨ︶ ᠪᠠᠨ ᠬᠠᠩᠭᠠᠵᠤ᠂ ᠵᠠᠮ ᠬᠠᠷᠢᠯᠴᠠᠭᠠᠨ ᠤ ᠪᠣᠭᠤᠮᠲᠠ ︽ᠪᠠᠭᠤᠮᠠᠭᠴᠠ ᠪᠥᠭᠡᠮ ᠬᠦᠴᠢᠯ ᠤᠨ ᠪᠠᠶᠢᠴᠠᠭᠠᠯᠲᠠ︾ ᠬᠢᠬᠦ ᠵᠡᠷᠭᠡ ᠶᠢ ᠪᠡᠶᠡᠯᠡᠬᠦᠯᠦᠨ᠂ 3 ᠬᠤᠨᠤᠭ ᠤᠨ ᠳᠣᠲᠣᠷ᠎ᠠ ᠪᠤᠰᠤᠳ ᠲᠠᠢ ᠨᠡᠶᠢᠯᠡᠬᠦ ᠥᠬᠡᠶ᠂ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠠᠭᠤᠯᠵᠠᠬᠤ ᠥᠬᠡᠶ᠂ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠦᠭᠡᠢ ᠪᠠᠶᠢᠬᠤ ᠬᠡᠷᠡᠭᠳᠡᠢ᠃            ᠳᠣᠯᠤᠭ᠎ᠠ᠂ ᠵᠠᠮ ᠬᠠᠷᠢᠯᠴᠠᠭᠠᠨ ᠤ ᠪᠣᠭᠤᠮᠲᠠ ᠨᠢ ᠣᠷᠤᠵᠤ ᠢᠷᠡᠬᠦ ᠬᠦᠮᠦᠰ ᠤᠨ ︽ᠲᠠᠯᠠᠪᠤᠷ ᠭᠠᠵᠠᠷ  ᠤᠨ ᠺᠣᠳ᠋︾ ᠲᠠᠬᠢ ᠠᠶᠠᠯᠠᠯ ᠤᠨ ᠺᠣᠳ᠋᠂ ᠡᠷᠡᠭᠦᠯ ᠮᠡᠨᠳᠦ ᠶᠢᠨ ᠺᠣᠳ᠋ ᠢ ᠬᠢᠨᠠᠨ ᠰᠢᠯᠭᠠᠬᠤ ᠬᠡᠷᠡᠭᠲᠡᠶ᠃ ᠠᠶᠢᠮᠠᠭ ᠤᠨ ᠭᠠᠳᠠᠨ᠎ᠠ ᠠᠴᠠ ᠢᠷᠡᠬᠦ ᠬᠦᠮᠦᠰ ᠤᠨ 48 ᠴᠠᠭ ᠤᠨ ᠳᠣᠲᠤᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠵᠤ᠂ ᠪᠠᠭᠤᠮᠠᠭᠴᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠢᠯᠢᠭ ᠴᠢᠨᠠᠷ ᠤᠨ ᠭᠡᠷᠡᠴᠢ ᠬᠠᠩᠭᠠᠵᠤ ᠳᠡᠶᠢᠯᠬᠦ ᠥᠬᠡᠶ ᠪᠠᠶᠢᠪᠠᠯ ᠨᠢᠭᠡ ᠤᠳᠠᠭᠠᠨ ᠤ ᠠᠨᠲ᠋ᠢᠭ᠍ᠸᠡ ᠤ ᠪᠠᠶᠢᠴᠠᠭᠠᠨ ᠬᠡᠮᠵᠢᠯᠲᠡ ᠬᠢᠬᠦ ᠬᠡᠷᠡᠭᠳᠡᠢ᠃ ᠳᠤᠮᠳᠠ ᠥᠨᠳᠥᠷ ᠲᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠠᠴᠢᠶᠠᠨ ᠤ ᠮᠠᠰᠢᠨ ᠲᠡᠷᠭᠡᠨ ᠤ ᠵᠢᠯᠣᠭᠤᠴᠢ ᠪᠣᠶᠣ ᠵᠣᠷᠴᠢᠭᠴᠢ ᠨᠢ ᠤᠷᠢᠳᠴᠢᠯᠠᠨ ᠪᠠᠷᠠᠭ᠎ᠠ ᠶᠢᠨ ᠡᠵᠡᠨ ᠲᠠᠢ ᠬᠠᠷᠢᠯᠴᠠᠵᠤ᠂ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠣᠷᠣᠵᠤ ᠭᠠᠷᠬᠤ ᠵᠥᠪᠰᠢᠶᠡᠷᠡᠯ ᠤᠨ ᠪᠢᠯᠧᠲ ᠬᠢᠯᠭᠡᠵᠦ᠂ ᠵᠠᠮ ᠬᠠᠷᠢᠯᠴᠠᠭᠠᠨ ᠤ ᠪᠣᠭᠤᠮᠲᠠ ᠪᠠᠷ ᠪᠢᠲᠡᠭᠦᠮᠵᠢᠯᠡᠬᠦ ᠬᠠᠭᠤᠳᠠᠰᠤ ᠨᠠᠭᠠᠯᠭᠠᠨ᠂ ᠪᠠᠷᠠᠭ᠎ᠠ ᠶᠢᠨ ᠡᠵᠡᠨ ᠲᠠᠢ ᠪᠠᠷᠠᠭ᠎ᠠ ᠪᠠᠨ ᠬᠠᠷᠭᠤᠭᠤᠯᠬᠤ ᠬᠡᠷᠡᠭᠳᠡᠢ᠃ ᠪᠠᠷᠠᠭ᠎ᠠ ᠶᠢᠨ ᠡᠵᠡᠨ ᠵᠢᠴᠢ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠵᠢᠯᠣᠭᠤᠴᠢ ᠨᠢ ᠪᠥᠬᠦ ᠶᠠᠪᠤᠴᠠ ᠳᠤ ᠲᠡᠷᠭᠡᠨ ᠠᠴᠠ ᠪᠠᠭᠤᠬᠤ ᠥᠬᠡᠶ᠂ ᠬᠦᠷᠦᠯᠴᠡᠬᠦ ᠥᠬᠡᠶ᠂ ᠪᠢᠲᠡᠭᠦᠦ ᠪᠠᠷ ᠲᠡᠭᠡᠭᠡᠪᠦᠷᠢᠯᠡᠬᠦ᠂ ᠳᠠᠷᠤᠶ ᠳᠤ ᠨᠢ ᠠᠴᠢᠵᠤ ᠳᠠᠷᠤᠶ ᠳᠤ ᠨᠢ ᠪᠠᠭᠤᠯᠭᠠᠬᠤ ᠶᠢ ᠬᠡᠷᠡᠭᠵᠢᠭᠦᠯᠬᠦ ᠬᠡᠷᠡᠭᠲᠡᠶ᠃            ᠨᠠᠶᠮᠠ᠂ ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠤ ᠥᠷᠲᠡᠭᠡ ᠨᠢ ᠣᠷᠣᠵᠤ ᠭᠠᠷᠬᠤ ᠠᠶᠠᠨᠴᠢᠳ ᠤᠨ ︽ᠲᠠᠯᠠᠪᠤᠷ ᠭᠠᠵᠠᠷ ᠤᠨ ᠺᠣᠳ᠋︾ ᠲᠠᠬᠢ ᠠᠶᠠᠯᠠᠯ ᠤᠨ ᠺᠣᠳ᠋᠂ ᠡᠷᠡᠭᠦᠯ ᠮᠡᠨᠳᠦ ᠶᠢᠨ ᠺᠣᠳ᠋ ᠢ ᠨᠢ ᠰᠠᠶᠢᠳᠤᠷ ᠰᠢᠯᠭᠠᠨ ᠪᠠᠶᠢᠴᠠᠭᠠᠬᠤ ᠶᠢᠨ ᠬᠠᠮᠲᠤ ᠪᠡᠶ᠎ᠡ ᠶᠢᠨ ᠳᠤᠯᠠᠭᠠᠨ ᠢ ᠨᠢ  ᠬᠡᠮᠵᠢᠬᠦ ᠬᠡᠷᠡᠭᠳᠡᠢ᠃ 7 ᠬᠤᠨᠤᠭ ᠤᠨ ᠳᠣᠲᠣᠷ᠎ᠠ ᠠᠶᠢᠮᠠᠭ ᠤᠨ ᠭᠠᠳᠠᠭᠤᠷ ᠶᠠᠪᠤᠵᠤ ᠰᠠᠭᠤᠭᠰᠠᠨ ᠪᠣᠶᠣ ᠳᠤᠮᠳᠠ ᠥᠨᠳᠥᠷ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠤ ᠠᠶᠠᠨᠴᠢᠳ ᠤᠨ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠵᠤ᠂ ᠪᠠᠭᠤᠮᠠᠭᠴᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠢᠯᠢᠭ ᠴᠢᠨᠠᠷ ᠤᠨ ᠭᠡᠷᠡᠴᠢ ᠬᠠᠩᠭᠠᠵᠤ ᠳᠡᠶᠢᠯᠬᠦ ᠥᠬᠡᠶ ᠪᠠᠶᠢᠪᠠᠯ ᠨᠢᠭᠡ ᠤᠳᠠᠭᠠᠨ ᠤ ᠠᠨᠲ᠋ᠢᠭ᠍ᠸᠡ ᠤ ᠪᠠᠶᠢᠴᠠᠭᠠᠨ ᠬᠡᠮᠵᠢᠯᠲᠡ ᠬᠢᠬᠦ ᠬᠡᠷᠡᠭᠳᠡᠢ᠃ ᠳᠤᠮᠳᠠ ᠥᠨᠳᠥᠷ ᠳᠡᠰ ᠤᠨ ᠬᠢᠵᠢᠭ ᠤᠨ ᠲᠦᠭᠰᠢᠭᠦᠷᠢᠲᠦ ᠣᠷᠣᠨ ᠠᠴᠠ ᠢᠷᠡᠭᠰᠡᠨ ᠬᠥᠮᠦᠰ ᠢ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠰᠬᠠᠶ ᠲᠤᠭᠤᠶᠢᠯᠠᠩ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠲᠤᠰᠬᠠᠶ ᠲᠤᠭᠤᠶᠢᠯᠠᠩ ᠠᠴᠠ ᠨᠢᠭᠡᠳᠦᠯᠲᠡᠢ ᠲᠤᠰᠠᠭᠠᠷᠯᠠᠬᠤ ᠪᠠᠭᠤᠳᠠᠯ ᠪᠤᠶᠤ ᠨᠡᠶᠢᠭᠡᠮ ᠲᠣᠭᠤᠷᠢᠭ ᠲᠤ ᠬᠦᠷᠭᠡᠵᠦ᠂ ᠱᠠᠭᠠᠷᠳᠠᠯᠭ᠎ᠠ ᠶᠣᠰᠣᠭᠠᠷ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃            ᠶᠢᠰᠦ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠨᠠᠢᠳᠠᠪᠤᠷᠢᠵᠢᠭᠤᠯᠬᠤ᠂ ᠡᠯ᠎ᠡ ᠲᠥᠷᠥᠯ ᠤᠨ ᠠᠵᠢᠯᠴᠢᠨ ᠬᠡᠷᠡᠭᠯᠡᠬᠦ ᠨᠢᠭᠡᠴᠡ ᠨᠢ ᠳᠣᠲᠣᠭᠠᠳᠤ ᠶᠢᠨ ᠠᠵᠢᠯᠲᠠᠨ ᠢᠶᠠᠨ ᠴᠢᠩᠭ᠎ᠠ ᠪᠠᠶᠢᠴᠠᠭᠠᠨ ᠬᠠᠮᠢᠶᠠᠷᠴᠤ᠂ ᠬᠤᠰᠢᠭᠤᠨ ᠳᠤ ᠪᠠᠨ ᠪᠤᠴᠠᠵᠤ ᠢᠷᠡᠭᠰᠡᠨ ᠬᠥᠮᠦᠰ᠂ ᠬᠢᠵᠢᠭ ᠤᠨ ᠲᠦᠭᠰᠢᠭᠦᠷᠢᠲᠦ ᠭᠠᠵᠠᠷ ᠣᠷᠣᠨ  ᠳᠤ ᠣᠴᠢᠵᠤ ᠦᠩᠭᠡᠷᠡᠭᠰᠡᠨ ᠬᠥᠮᠦᠰ ᠵᠢᠴᠢ ᠬᠢᠵᠢᠭ ᠲᠠᠢ ᠭᠠᠵᠠᠷ ᠣᠷᠣᠨ ᠪᠣᠶᠣ ᠲᠠᠯᠠᠪᠤᠷ ᠲᠤ ᠣᠴᠢᠭᠰᠠᠨ ᠬᠥᠮᠦᠰ  ᠢ ᠴᠠᠭ ᠲᠤᠬᠠᠢ ᠳᠤᠨᠢ ᠪᠠᠶᠢᠴᠠᠭᠠᠨ ᠬᠠᠮᠢᠶᠠᠷᠴᠤ᠂ ᠬᠠᠮᠢᠶᠠᠷᠤᠯᠲᠠ ᠠᠴᠠ ᠭᠤᠭᠤᠵᠢᠭᠳᠠᠭᠰᠠᠨ ᠪᠣᠶᠣ ᠬᠢᠨᠠᠨ ᠪᠠᠶᠢᠴᠠᠭᠠᠯᠲᠠ ᠠᠴᠠ ᠭᠤᠭᠤᠵᠢᠭᠳᠠᠭᠰᠠᠨ ᠠᠰᠠᠭᠤᠳᠠᠯ ᠢ ᠴᠢᠩᠭ᠎ᠠ ᠪᠠᠷ ᠪᠠᠶᠢᠴᠠᠭᠠᠨ ᠬᠠᠷᠢᠭᠤᠴᠠᠯᠭ᠎ᠠ ᠨᠡᠬᠡᠮᠵᠢᠯᠡᠨ᠎ᠡ᠃ ᠬᠤᠪᠢ ᠬᠥᠮᠦᠨ ᠨᠢ ᠡᠯ᠎ᠡ ᠵᠦᠶᠯ ᠤᠨ ᠰᠡᠷᠭᠡᠶᠢᠡᠯᠨ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠲᠠᠢ ᠭᠠᠵᠠᠷ ᠣᠷᠣᠨ ᠪᠣᠶᠣ ᠬᠥᠮᠦᠨ ᠬᠠᠷ᠎ᠠ ᠲᠠᠢ ᠣᠶᠢᠷᠠᠲᠤᠭᠰᠠᠨ ᠪᠠᠶᠢᠪᠠᠯ ᠡᠷᠡᠭᠦᠯ ᠮᠡᠨᠳᠦ ᠶᠢᠨ ᠬᠢᠨᠠᠯᠲᠠ ᠬᠢᠵᠦ᠂ ᠰᠠᠨᠠᠭᠠᠴᠢᠯᠠᠭ᠎ᠠ ᠠᠴᠠ ᠪᠠᠨ ᠮᠡᠳᠡᠭᠦᠯᠦᠨ᠂ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ᠂ ᠡᠷᠡᠭᠦᠯ ᠮᠡᠨᠳᠦ ᠶᠢᠨ ᠬᠠᠮᠢᠶᠠᠷᠤᠯᠲᠠ ᠬᠢᠵᠦ᠂ ᠬᠤᠪᠢ ᠬᠥᠮᠦᠨ ᠤ ᠰᠡᠷᠭᠡᠶᠢᠯᠡᠯᠲᠡ ᠶᠢᠨ ᠡᠭᠦᠷᠭᠡ ᠪᠠᠨ ᠰᠠᠶᠢᠲᠤᠷ ᠭᠦᠶᠴᠡᠳᠬᠡᠬᠦ ᠬᠡᠷᠡᠭᠲᠡᠶ᠃ ᠬᠠᠮᠵᠢᠯᠴᠠᠬᠤ ᠶᠢ ᠲᠡᠪᠴᠢᠵᠦ᠂ ᠶᠠᠪᠤᠵᠤ ᠰᠠᠭᠤᠭᠰᠠᠨ ᠢᠶᠠᠨ ᠵᠣᠷᠢᠭᠤᠳᠠ ᠨᠢᠭᠤᠨ ᠳᠠᠯᠳᠠᠯᠠᠭᠰᠠᠨ ᠪᠣᠯ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠢᠯᠡ ᠪᠠᠷ ᠨᠡᠶᠢᠲᠡᠯᠡᠬᠦ ᠪᠣᠯᠤᠨ᠎ᠠ᠃            ᠰᠢᠯᠤᠭᠤᠨ ᠬᠥᠬᠡ ᠬᠤᠰᠢᠭᠤᠨ ᠤ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠤᠲᠠᠰᠤ 0479 - 4222545᠂ 0479 - 4222887ᠰᠢᠯᠤᠭᠤᠨ ᠬᠦ‍‌ᠵᠭᠡ ᠬᠤᠰᠢᠭᠤᠨ ᠤ ᠬᠢᠵᠢᠭ ᠢ ᠰᠡᠷᠭᠡᠶᠢᠡᠯᠬᠦ ᠲᠥᠪ ᠤᠨ ᠤᠲᠠᠰᠤ 0479 - 4222907ᠰᠢᠯᠤᠭᠤᠨ ᠬᠥᠬᠡ ᠬᠤᠰᠢᠭᠤᠨ ᠤ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠬᠤᠪᠢᠶᠠᠷᠢ ᠲᠠᠯᠠᠪᠠᠢ ᠶᠢᠨ ᠮᠡᠳᠡᠭᠦᠯᠦᠨ ᠳᠠᠩᠰᠠᠯᠠᠭᠤᠯᠬᠤ ᠠᠷᠭ᠎ᠠ ᠬᠡᠯᠪᠡᠷᠢ
ᠰᠢᠯᠤᠭᠤᠨ ᠬᠥᠬᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ2022 ᠣᠨ ᠤ 11 ᠰᠠᠷ᠎ᠠ ᠶᠢᠨ 5 ᠤ ᠡᠳᠦᠷ ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号