2021 ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2022/12/2

ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ

ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ

ᠤᠳᠠᠭᠠᠨ ᠤ ᠬᠤᠷᠠᠯ ᠤᠨ ᠮᠠᠲ᠋ᠧᠷᠢᠶᠠᠯ ︵ᠠᠷᠪᠠᠨ ᠬᠤᠶᠠᠷ︶

ᠵᠠᠰᠠᠭ ᠤᠨ ᠣᠷᠳᠣᠨ ᠤ ᠠᠵᠢᠯ ᠤᠨ ᠢᠯᠡᠳᠬᠡᠯ 

             2021 ᠣᠨ ᠤ 3 ᠰᠠᠷ᠎ᠠ ᠶᠢᠨ 10᠎ ᠤ ᠡᠳᠦᠷ ᠤᠨ ᠰᠢᠯᠤᠭᠤᠨ ᠬᠦᠬᠡ ᠬᠤᠰᠢᠭᠤᠨ ᠤ ᠠᠷᠪᠠᠨ

ᠲᠠᠪᠤᠳᠣᠭᠠᠷ

ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠳᠡᠭᠡᠷ᠎ᠡ

ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ        ᠪᠣᠶᠠᠨᠲᠤ

ᠲᠥᠯᠥᠭᠡᠯᠡᠭᠴᠢᠳ ᠡ᠄

 ᠤᠳᠤ ᠪᠢ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ

ᠠᠵᠢᠯ ᠤᠨ ᠮᠡᠳᠡᠭᠦᠯᠦᠯᠳᠡ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ

ᠬᠤᠷᠠᠯ ᠳᠤ ᠰᠤᠯᠠ ᠣᠷᠣᠯᠴᠠᠭᠰᠠᠳ ᠰᠠᠨᠠᠯ ᠳᠤᠷᠠᠳᠬᠤ ᠪᠣᠯᠪᠠᠤ᠃

 ᠨᠢᠭᠡ᠂ 2020 ᠣᠨ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠠᠵᠢᠯ ᠤᠨ ᠡᠷᠭᠢᠴᠡᠭᠦᠯᠦᠯ

 2020 ᠣᠨ ᠳᠤ᠂ ᠪᠥᠬᠦ ᠬᠤᠰᠢᠭᠤ ᠪᠠᠷ ᠢᠶᠠᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ

ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ

ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠪᠠ ᠶᠡᠷᠦᠩᠬᠡᠶ ᠱᠦᠵᠢ ᠰᠢ

᠎ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ

᠎ ᠶᠢ ᠭᠦᠨᠵᠡᠭᠡᠶ ᠰᠤᠷᠤᠯᠴᠠᠨ ᠲᠣᠣᠱᠯᠠᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾

᠎ ᠳᠤ ᠬᠦᠴᠦᠨ ᠢᠶᠠᠨ ᠲᠥᠪᠯᠡᠷᠡᠭᠦᠯᠦᠨ᠂ ᠬᠢᠵᠢᠭ ᠢ ᠰᠡᠷᠭᠡᠶᠢᠯᠡᠨ ᠬᠤᠷᠢᠭᠯᠠᠬᠤ ᠵᠡᠷᠭᠡ ᠬᠦᠴᠢᠷ ᠢ ᠢᠯᠡᠨ ᠳᠠᠪᠠᠵᠤ᠂ ᠠᠵᠤ

ᠠᠬᠤᠶ ᠨᠡᠶᠢᠭᠡᠮ ᠤᠨ ᠲᠣᠭᠲᠠᠭᠤᠨ ᠪᠥᠭᠡᠳ ᠡᠷᠡᠭᠦᠯ   ᠬᠦᠭᠵᠢᠯᠳᠡ ᠶᠢ ᠪᠠᠲᠤᠯᠠᠪᠠ᠃

 ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠄

 ︵ᠨᠢᠭᠡ︶ ︽ᠬᠤᠤᠰ ᠰᠡᠷᠭᠡᠶᠢᠯᠡᠯᠲᠡ︾᠎ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠦᠨᠳᠦ ᠬᠡᠴᠡᠭᠦᠦ

ᠬᠢᠵᠢᠭ ᠤᠳ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠪᠠᠨ ᠢᠯᠡᠳᠲᠡ ᠳᠡᠭᠡᠭᠰᠢᠯᠡᠭᠦᠯᠪᠡ

ᠬᠤᠯᠤᠭᠠᠨ᠎ᠠ ᠶᠢᠨ ᠬᠢᠵᠢᠭ ᠪᠣᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠮᠦᠨ᠎ᠡ᠂ ᠪᠥᠬᠦ ᠬᠤᠰᠢᠭᠤᠨ ᠤ ᠠᠷᠠᠳ

ᠲᠦᠮᠡᠨ ᠪᠦᠯᠬᠦᠮᠳᠡᠨ ᠨᠢᠭᠡᠳᠴᠦ᠂ ᠬᠠᠮᠲᠤᠷᠠᠨ ᠰᠡᠷᠭᠡᠶᠢᠯᠡᠵᠦ ᠬᠠᠮᠲᠤᠷᠠᠨ ᠬᠤᠷᠢᠭᠯᠠᠬᠤ᠂ ᠣᠯᠠᠨ ᠢᠶᠠᠷ ᠢᠶᠠᠨ ᠰᠡᠷᠭᠡᠶᠢᠯᠡᠵᠦ

ᠣᠯᠠᠨ ᠢᠶᠠᠷ ᠢᠶᠠᠨ ᠬᠤᠷᠢᠭᠯᠠᠬᠤ ᠪᠠᠲᠤ ᠴᠢᠩᠭ᠎ᠠ ᠪᠠᠬᠢᠯᠡᠯᠲᠡ ᠶᠢ ᠪᠠᠶᠢᠭᠤᠯᠪᠠ᠃ ᠬᠢᠵᠢᠭ ᠢ ᠰᠡᠷᠭᠡᠶᠢᠯᠡᠨ ᠬᠤᠷᠢᠭᠯᠠᠬᠤ

ᠳᠣᠭᠳᠠᠯᠴᠠᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠣᠭᠳᠠᠯᠴᠠᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂

ᠪᠠᠯᠠ ᠮᠥᠩᠭᠦ ᠡᠳ᠋ ᠪᠣᠳᠠᠰ ᠢ ᠴᠠᠭ ᠲᠤᠬᠠᠶ ᠳᠤᠨᠢ ᠬᠠᠩᠭᠠᠮᠵᠢᠲᠠᠢ ᠪᠠᠲᠤᠯᠠᠵᠤ᠂ ᠶᠡᠷᠦᠩᠬᠡᠶᠢᠯᠡᠭᠰᠡᠨ ᠡᠮᠴᠢᠯᠡᠭᠡᠨ ᠤ

ᠪᠠᠶᠢᠭᠤᠯᠤᠮᠵᠢ ᠶᠢᠨ ᠬᠠᠯᠠᠭᠤᠷᠠᠭᠰᠠᠨ ᠡᠪᠡᠳᠴᠢᠳᠠᠨ ᠢ ᠡᠮᠴᠢᠯᠡᠬᠦ ᠡᠭᠦᠳᠡᠨ ᠡᠮᠨᠡᠯᠭᠡ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂

ᠬᠢᠵᠢᠭ ᠢ ᠰᠡᠷᠭᠡᠶᠢᠯᠡᠨ ᠬᠤᠷᠢᠭᠯᠠᠬᠤ ᠲᠥᠪ ᠤᠨ PCR ᠲᠤᠷᠰᠢᠯᠲᠠ ᠶᠢᠨ ᠲᠠᠰᠤᠭ ᠪᠠ ᠬᠤᠰᠢᠭᠤ ᠡᠮᠨᠡᠯᠭᠡ ᠶᠢᠨ

ᠬᠤᠷᠢᠶᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠢ ᠠᠰᠢᠭᠯᠠᠯᠲᠠ ᠳᠤ ᠣᠷᠣᠭᠤᠯᠵᠤ᠂ 

ᠨᠡᠶᠢᠲᠡ 1170 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠪᠦᠬᠦᠢ ᠭᠠᠵᠠᠷ ᠲᠤ ᠬᠤᠯᠤᠭᠠᠨ᠎ᠠ ᠶᠢᠨ ᠬᠢᠵᠢᠭ ᠤᠨ

ᠪᠠᠶᠢᠴᠠᠭᠠᠯᠳᠠ ᠬᠢᠪᠡ᠃ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ 8862 ᠬᠥᠮᠦᠨ ᠤᠳᠠᠭ᠎ᠠ᠂ ᠣᠷᠴᠢᠨ

ᠲᠣᠭᠤᠷᠢᠨ ᠤ ᠰᠢᠯᠭᠠᠨ ᠪᠠᠶᠢᠴᠠᠭᠠᠯᠲᠠ ᠶᠢ 168 ᠤᠳᠠᠭ᠎ᠠ ᠬᠢᠵᠦ᠂ 313 ᠬᠤᠭᠤᠴᠠᠭ᠎ᠠ 4143 ᠬᠥᠮᠦᠨ ᠤᠳᠠᠭᠠᠨ ᠤ

ᠰᠤᠷᠢᠯᠳᠠ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠡᠷᠡᠭᠦᠯ ᠮᠡᠨᠳᠦ ᠶᠢ ᠪᠠᠳᠤᠯᠠᠪᠠ᠃

︵ᠬᠤᠶᠠᠷ︶ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠠᠵᠤ

ᠠᠬᠤᠢ ᠲᠣᠭᠲᠠᠭᠤᠨ ᠢᠶᠠᠷ ᠰᠠᠶᠢᠵᠢᠷᠠᠪᠠ

ᠬᠢᠵᠢᠭ ᠢ ᠪᠦᠲᠦᠮᠵᠢᠲᠡᠢ ᠰᠡᠷᠭᠡᠶᠢᠯᠡᠨ ᠬᠤᠷᠢᠭᠯᠠᠭᠰᠠᠨ ᠤᠷᠢᠲᠠᠯ ᠳᠣᠣᠷ᠎ᠠ᠂ ᠠᠵᠤ ᠠᠬᠤᠢ ᠶᠢᠨ ᠰᠡᠷᠭᠦᠯᠲᠡ ᠶᠢ ᠠᠬᠢᠭᠤᠯᠬᠤ

︽ᠲᠦᠷᠭᠡᠨ ᠳᠠᠷᠤᠪᠴᠢ︾᠎ ᠶᠢ ᠳᠠᠷᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠯ᠎ᠡ ᠵᠦᠢᠯ ᠤᠨ ᠲᠦᠷᠦ ᠶᠢᠨ

ᠪᠤᠳᠤᠯᠭ᠎ᠠ ᠶᠢ  ᠨᠠᠶᠢᠳᠠᠪᠤᠷᠢᠵᠢᠭᠤᠯᠵᠤ᠂ ᠲᠦᠷᠦᠯ ᠵᠦᠢᠯ ᠢ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ︾ ᠵᠡᠷᠭᠡ ᠠᠵᠤ

ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠵᠢᠯ ᠤᠨ ᠳᠣᠲᠣᠷ᠎ᠠ ᠠᠷᠠᠯᠵᠢᠶᠠᠴᠢᠨ

ᠤᠷᠢᠵᠤ ᠪᠡᠯᠡ ᠣᠷᠣᠭᠤᠯᠬᠤ 12 ᠲᠦᠷᠦᠯ ᠵᠦᠢᠯ ᠢ ᠬᠡᠷᠡᠭᠵᠢᠭᠦᠯᠵᠦ᠂ ᠠᠶᠢᠮᠠᠭ ᠤᠨ ᠭᠠᠳᠠᠨᠠᠬᠢ ᠪᠡᠯᠡ ᠮᠥᠩᠭᠦ ᠶᠢ 12 .

07 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠨᠡᠮᠡᠭᠳᠡᠯ ᠤᠨ ᠬᠤᠷᠳᠤᠴᠠ 70 . 24 %᠎ ᠳᠤ ᠬᠦᠷᠪᠡ᠃ ︽

ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ︾ ᠲᠥᠷᠥ ᠶᠢᠨ ᠪᠤᠳᠣᠯᠭ᠎ᠠ ᠪᠠᠷ 1.35 ᠳ᠋ᠦᠩᠰᠢᠭᠤᠷ ᠭᠠᠷᠤᠢ

ᠲᠥᠭᠦᠷᠢᠭ ᠤᠨ ᠭᠠᠶᠢᠯᠢ ᠶᠢ ᠬᠡᠯᠲᠦᠷᠢᠭᠦᠯᠵᠦ᠂ ᠪᠠᠭ᠎ᠠ ᠵᠢᠵᠢᠭ ᠠᠵᠤ ᠠᠬᠤᠶᠢᠯᠠᠯ ᠳᠤ 10 ᠳ᠋ᠦᠩᠰᠢᠭᠤᠷ ᠲᠥᠭᠦᠷᠢᠭ ᠤᠨ

ᠵᠢᠭᠡᠯᠡᠯᠭᠡ ᠲᠠᠯᠪᠢᠵᠤ᠂ 32 . 3 %᠎ ᠪᠠᠷ ᠨᠡᠮᠡᠭᠳᠡᠪᠡ᠃ ᠪᠦᠬᠦ ᠵᠢᠯ ᠤᠨ ᠣᠷᠣᠨ ᠨᠤᠳᠤᠭ ᠤᠨ ᠦᠢᠯᠡᠳᠪᠦᠷᠢᠯᠡᠯ ᠤᠨ

ᠶᠡᠷᠦᠩᠬᠡᠢ ᠥᠷᠳᠡᠭ 54 . 41 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠦᠬᠦ ᠠᠶᠢᠮᠠᠭ ᠲᠤ ᠲᠠᠪᠤᠳᠤᠭᠠᠷ ᠲᠤ

ᠪᠠᠶᠢᠷᠢᠯᠠᠪᠠ᠃ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 17 ᠳ᠋ᠦᠩᠰᠢᠭᠤᠷ ᠲᠥᠭᠦᠷᠢᠭ

ᠪᠡᠶᠡᠯᠡᠭᠦᠯᠵᠦ᠂ 7 . 9 %᠎ ᠪᠠᠷ ᠨᠡᠮᠡᠭᠳᠡᠪᠡ᠃ ᠪᠦᠬᠦ ᠵᠢᠯ ᠳᠤ ᠠᠵᠤ ᠦᠶᠯᠡᠳᠪᠦᠷᠢ ᠶᠢᠨ ᠨᠡᠮᠡᠭᠳᠡᠯ ᠥᠷᠳᠡᠭ 23 . 44

ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠦᠬᠦ ᠠᠶᠢᠮᠠᠭ ᠲᠤ ᠭᠤᠷᠪᠠᠳᠤᠭᠠᠷ ᠲᠤ ᠪᠠᠶᠢᠷᠢᠯᠠᠪᠠ᠃ ᠠᠵᠤ ᠦᠶᠯᠡᠳᠪᠦᠷᠢ

᠎ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 4 . 9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ

ᠬᠤᠭᠤᠴᠠᠭᠠᠨ ᠤ ᠬᠢ ᠠᠴᠠ 172 % ᠎ ᠪᠠᠷ ᠨᠡᠮᠡᠭᠳᠡᠪᠡ᠃

︵ᠭᠤᠷᠪᠠ︶ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢ ᠪᠦᠬᠦ ᠬᠦᠴᠦᠨ ᠢᠶᠠᠷ ᠢᠶᠠᠨ

ᠪᠠᠬᠢᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ

ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠳᠣᠭᠲᠠᠭᠠᠬᠤ ᠠᠵᠢᠯ ᠢ ᠪᠦᠬᠦ ᠲᠠᠯ᠎ᠠ ᠪᠠᠷ

ᠡᠬᠢᠯᠡᠭᠦᠯᠵᠦ᠂ ︽ᠭᠤᠷᠪᠠᠨ ᠱᠤᠭᠤᠮ ᠨᠢᠭᠡ ᠬᠠᠭᠤᠳᠠᠰᠤ︾᠎ ᠶᠢ ᠲᠤᠭᠤᠷᠪᠢᠨ ᠵᠣᠬᠢᠶᠠᠵᠤ᠂ ᠤᠯᠤᠰ ᠤᠨ ᠭᠠᠵᠠᠷ ᠰᠢᠷᠤᠢ

ᠣᠷᠣᠨ ᠵᠠᠢ᠂ ᠠᠮᠢ ᠠᠬᠤᠢ ᠶᠢᠨ ᠣᠷᠣᠨ ᠵᠠᠢ ᠪᠠ ᠠᠵᠤ ᠠᠬᠤᠢ ᠶᠢᠨ ᠣᠷᠣᠨ ᠵᠠᠢ ᠶᠢ ᠨᠢᠭᠡ ᠴᠤᠭᠴᠠᠵᠢᠭᠤᠯᠤᠨ

ᠬᠥᠭᠵᠢᠭᠦᠯᠬᠦ ᠳᠤ ᠰᠠᠭᠤᠷᠢ ᠲᠠᠯᠪᠢᠵᠤ ᠥᠭᠪᠡ᠃ ᠲᠠᠯ᠎ᠠ ᠨᠤᠲᠤᠭ ᠢ ᠬᠡᠲᠦᠷᠬᠡᠶ ᠨᠡᠭᠡᠭᠡᠨ ᠠᠰᠢᠭᠯᠠᠬᠤ ᠶᠢ ᠬᠤᠷᠢᠭᠯᠠᠬᠤ᠂

ᠲᠠᠯ᠎ᠠ ᠨᠤᠲᠤᠭ ᠤᠨ ᠡᠬᠢ ᠪᠠᠶᠠᠯᠢᠭ ᠢ ᠳᠠᠭᠠᠭᠠᠮᠠᠭᠠᠢ ᠠᠰᠢᠭᠯᠠᠬᠤ ᠶᠢ ᠠᠬᠢᠭᠤᠯᠬᠤ᠂ ᠲᠠᠯ᠎ᠠ ᠨᠤᠲᠤᠭ ᠤᠨ ᠠᠮᠢ ᠠᠬᠤᠶ ᠶᠢᠨ

ᠴᠢᠳᠠᠮᠵᠢ ᠶᠢ ᠰᠢᠨᠵᠢᠯᠡᠬᠦ ᠤᠬᠠᠭᠠᠨᠴᠢ ᠪᠠᠷ ᠰᠡᠷᠭᠦᠭᠡᠬᠦ ᠡᠯ᠎ᠡ ᠵᠦᠶᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂

ᠰᠢᠨ᠎ᠡ ᠠᠭᠤᠷᠬᠠᠢ ᠶᠢᠨ ᠲᠥᠷᠥᠯ ᠵᠦᠢᠯ ᠢ ᠨᠡᠭᠡᠭᠡᠵᠦ ᠪᠣᠯᠬᠤ ᠦᠭᠡᠢ᠃ ᠵᠢᠯ ᠤᠨ ᠳᠣᠲᠣᠷ᠎ᠠ 39.5 ᠲᠦᠮᠡᠨ ᠮᠥ ᠲᠠᠯᠠᠪᠠᠢ

ᠪᠦᠬᠦᠢ ᠨᠤᠲᠤᠭ ᠪᠡᠯᠴᠢᠭᠡᠷ ᠲᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠬᠢᠵᠦ᠂ ᠪᠠᠶᠢᠭᠠᠯᠢᠯᠢᠭ ᠪᠡᠯᠴᠢᠭᠡᠷ ᠤᠨ

ᠤᠷᠭᠤᠴᠠ ᠶᠢᠨ ᠬᠡᠮᠵᠢᠶ᠎ᠡ ᠳᠤᠮᠳᠠᠴᠢ ᠪᠠᠷ 1cm ᠨᠡᠮᠡᠭᠳᠡᠵᠦ᠂ ᠪᠦᠷᠬᠦᠴᠡ ᠶᠢᠨ ᠬᠡᠮᠵᠢᠶ᠎ᠡ 2 ᠵᠠᠭᠤᠨ ᠤ ᠴᠡᠭ ᠨᠡᠮᠡᠭᠳᠡᠵᠦ

57 % ᠪᠣᠯᠪᠠ᠃ ᠠᠭᠤᠷᠬᠠᠶ ᠶᠢᠨ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠲᠦᠷᠭᠡᠳᠬᠡᠵᠦ᠂ ᠵᠠᠰᠠᠯᠲᠠ ᠶᠢᠨ

ᠦᠷ᠎ᠡ ᠪᠦᠲᠦᠮᠵᠢ ᠪᠥᠬᠦ ᠠᠶᠢᠮᠠᠭ ᠲᠤ ᠳᠥᠷᠪᠡᠳᠦᠭᠡᠷ ᠲᠤ ᠣᠷᠣᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ

ᠪᠠᠶᠢᠭᠤᠯᠤᠯᠲᠠ ᠨᠢ 600 ᠲᠦᠮᠡᠨ ᠲᠥᠭᠦᠷᠢᠭ ᠤᠨ ᠠᠶᠢᠮᠠᠭ ᠤᠨ ᠱᠠᠲᠤᠨ ᠤ ᠱᠠᠩᠨᠠᠯ ᠮᠥᠩᠭᠦ ᠶᠢ ᠣᠯᠵᠤ᠂ ᠪᠥᠬᠦ ᠣᠷᠣᠨ

ᠪᠦᠰᠡ ᠶᠢᠨ  ᠬᠦᠷᠦᠰᠦ ᠰᠢᠷᠣᠢ ᠶᠢ ᠵᠠᠰᠠᠬᠤ ᠪᠠ ᠠᠮᠢ ᠠᠬᠤᠶ ᠶᠢ ᠰᠡᠷᠭᠦᠭᠡᠬᠦ ᠪᠠᠯᠠ ᠮᠥᠩᠭᠦ ᠶᠢ 6215 ᠲᠦᠮᠡᠨ

ᠲᠥᠭᠦᠷᠢᠭ ᠡᠷᠡᠮᠡᠯᠵᠡᠯᠡᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠳᠣᠭᠳᠠᠯᠴᠠᠭ᠎ᠠ ᠶᠢ ᠠᠩᠬ᠎ᠠ ᠠᠯᠬᠤᠮ ᠪᠦᠷᠢᠯᠳᠦᠭᠦᠯᠪᠡ᠃

︵ᠲᠦᠷᠪᠡ︶  ᠲᠤᠳᠠᠭᠳᠠᠯ ᠢᠶᠠᠨ ᠨᠥᠬᠦᠪᠥᠷᠢᠯᠡᠵᠦ᠂ ᠭᠤᠷᠪᠠᠨ ᠶᠡᠭᠡ ᠰᠢᠪᠳᠣᠯᠣᠯᠳᠠ ᠶᠢᠨ ᠢᠨᠵᠧᠨᠧᠷᠢᠩ ᠢᠯᠡᠳᠳᠡ

ᠠᠮᠵᠢᠯᠲᠠ ᠤᠯᠪᠠ

ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠢᠨᠵᠧᠨᠧᠷᠢᠩ ᠤᠨ ᠰᠢᠢᠳᠪᠦᠷᠢᠲᠦ ᠢᠯᠠᠯᠲᠠ ᠶᠢ ᠣᠯᠵᠤ᠂ 4710

ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ 63 ᠲᠦᠷᠦᠯ ᠵᠦᠢᠯ ᠢ ᠪᠦᠲᠦᠮᠵᠢᠲᠡᠢ ᠬᠡᠷᠡᠭᠵᠢᠭᠦᠯᠵᠦ᠂ 3 . 2

ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠡᠳ᠋ ᠬᠦᠷᠦᠩᠭᠡ ᠶᠢ ︽ᠨᠢᠭᠡ ᠳᠠᠩᠰᠠ ᠪᠠᠷ ᠨᠢᠭᠡᠳᠦᠯᠲᠡᠢ ᠬᠠᠮᠢᠶᠠᠷᠴᠤ︾

᠂ 1858 ᠡᠷᠦᠬᠡ ᠶᠢᠨ 4375 ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤᠷᠠᠯ ᠤᠨ

ᠨᠤᠷᠮ᠎ᠠ ᠠᠩᠬ᠎ᠠ ᠤᠳᠠᠭ᠎ᠠ ᠲᠡᠭ ᠪᠣᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠤᠯᠤᠰ

᠎ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠬᠤᠰᠢᠭᠤ ᠰᠢᠶᠠᠨ ᠤ ᠠᠮᠢ ᠠᠬᠤᠶ ᠶᠢᠨ ᠣᠷᠴᠢᠨ

ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ᠂ ᠦᠨᠡᠯᠡᠬᠦ ᠪᠠ ᠬᠢᠨᠠᠨ ᠳᠣᠭᠲᠠᠭᠠᠬᠤ ᠠᠵᠢᠯ ᠢ ᠪᠥᠬᠦ ᠲᠠᠯ᠎ᠠ ᠪᠠᠷ

ᠪᠡᠶᠡᠯᠡᠭᠦᠯᠵᠦ᠂ ︽ᠪᠤᠬᠢᠷᠳᠣᠯ ᠲᠠᠢ᠂ ᠬᠠᠮᠢᠶᠠᠷᠤᠯᠳᠠ ᠵᠠᠳᠠᠭᠠᠢ︾ ᠠᠵᠤ ᠠᠬᠤᠶᠢᠯᠠᠯ ᠢ ᠲᠤᠰᠬᠠᠶ ᠴᠡᠭᠴᠡᠯᠡᠨ ᠵᠠᠰᠠᠬᠤ ᠠᠵᠢᠯ

᠎ ᠢ ᠦᠷᠭᠦᠯᠵᠢᠯᠡᠨ ᠥᠷᠨᠢᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠬᠢᠨᠠᠨ ᠪᠠᠶᠢᠴᠠᠭᠠᠯᠳᠠ ᠪᠠ ︽

ᠳᠠᠬᠢᠨ ᠪᠠᠶᠢᠴᠠᠭᠠᠯᠳᠠ︾᠎ ᠳᠤ ᠬᠠᠷᠢᠭᠤ ᠲᠤᠰᠬᠠᠭᠰᠠᠨ ᠠᠰᠠᠭᠤᠳᠠᠯ ᠢ ᠰᠢᠢᠳᠪᠦᠷᠢᠯᠡᠬᠦ ᠨᠣᠷᠮ᠎ᠠ ᠶᠢ 100%᠎ ᠳᠤ ᠬᠦᠷᠴᠦ᠂

ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠶᠢ 95% ᠪᠣᠯᠲᠠᠯ᠎ᠠ ᠳᠡᠭᠡᠭᠰᠢᠯᠡᠭᠦᠯᠪᠡ᠃ ᠬᠦᠨᠳᠦ ᠶᠡᠭᠡ ᠠᠶᠤᠯ ᠲᠦᠭᠰᠢᠭᠦᠷᠢ

᠎ ᠶᠢ ᠰᠡᠷᠭᠡᠶᠢᠯᠡᠨ  ᠬᠤᠷᠢᠭᠯᠠᠬᠤ ᠢᠨᠵᠧᠨᠧᠷᠢᠩ ᠢ ᠬᠦᠴᠦᠲᠡᠶ ᠪᠥᠭᠡᠳ ᠪᠦᠲᠦᠮᠵᠢᠲᠡᠶ ᠥᠷᠨᠢᠭᠦᠯᠪᠡ᠃ ᠵᠠᠰᠠᠭ ᠤᠨ ᠣᠷᠳᠣᠨ ᠤ

ᠳᠠᠯᠳᠠ ᠥᠷᠢ ᠥᠭᠴᠡᠭᠡ ᠶᠢ ︽ᠨᠡᠮᠡᠭᠳᠡᠭᠦᠯᠬᠦ ᠥᠬᠡᠶ᠂ ᠪᠠᠶᠢᠭ᠎ᠠ ᠶᠢ ᠪᠠᠭᠠᠰᠬᠠᠬᠤ︾ ᠬᠠᠷᠠᠯᠲᠠ ᠶᠢ ᠪᠡᠶᠡᠯᠡᠭᠦᠯᠵᠦ᠂ ᠪᠥᠬᠦ

ᠵᠢᠯ ᠳᠤ 2 . 28 ᠳ᠋ᠦᠩᠰᠢᠭᠤᠷ ᠲᠥᠭᠦᠷᠢᠭ ᠤᠨ ᠳᠠᠯᠳᠠ ᠥᠷᠢ ᠥᠭᠴᠡᠭᠡ ᠶᠢ ᠰᠢᠢᠳᠪᠦᠷᠢᠯᠡᠵᠦ᠂ 1.44 ᠳ᠋ᠦᠩᠰᠢᠭᠤᠷ

ᠲᠥᠭᠦᠷᠢᠭ ᠤᠨ ᠮᠠᠷᠭᠤᠭᠠᠨ ᠦᠭᠡᠢ ᠥᠷᠢ ᠶᠢ ᠳᠥᠯᠥᠵᠦ᠂  924 ᠲᠦᠮᠡᠨ ᠲᠥᠭᠦᠷᠢᠭ ᠤᠨ ᠥᠪᠡᠷᠲᠡᠭᠡᠨ ᠵᠠᠰᠠᠬᠤ ᠣᠷᠣᠨ

᠎ ᠤ ᠱᠠᠩᠨᠠᠯ ᠤᠨ ᠪᠠᠯᠠ ᠮᠥᠩᠭᠦ ᠶᠢ ᠣᠯᠵᠤ᠂ 1.08 ᠳ᠋ᠦᠩᠰᠢᠭᠤᠷ ᠲᠥᠭᠦᠷᠢᠭ ᠤᠨ ᠲᠦᠷ ᠥᠭᠬᠦ ᠵᠣᠭᠤᠰ ᠢ ᠪᠦᠬᠦ

ᠬᠦᠴᠦᠨ ᠢᠶᠠᠷ ᠰᠢᠢᠳᠪᠦᠷᠢᠯᠡᠵᠦ᠂ 7.47 ᠳ᠋ᠦᠩᠰᠢᠭᠤᠷ ᠲᠥᠭᠦᠷᠢᠭ ᠤᠨ ᠲᠤᠰᠬᠠᠢ ᠪᠡᠯᠡ ᠮᠥᠩᠭᠦ ᠶᠢ ᠪᠡᠶᠡᠯᠡᠭᠦᠯᠪᠡ᠃

ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠡᠪ ᠤᠨ ᠪᠤᠰᠤ ᠵᠢᠭᠡᠯᠡᠯᠭᠡ ᠶᠢᠨ ᠨᠤᠷᠮ᠎ᠠ ᠦᠷᠭᠦᠯᠵᠢᠯᠡᠨ ᠪᠠᠭᠤᠷᠠᠪᠠ᠃

︵ᠲᠠᠪᠤ︶ ᠴᠢᠨᠠᠷᠯᠢᠭ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠦᠢᠯᠡᠰ ᠤᠨ ᠪᠦᠲᠦᠴᠡ

ᠦᠷᠭᠦᠯᠵᠢᠯᠡᠨ ᠰᠢᠯᠢᠳᠡᠭᠵᠢᠪᠡ

ᠭᠤᠣᠯᠯᠠᠬᠤ ᠠᠵᠤ ᠦᠢᠯᠡᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠬᠤᠨᠢ ᠶᠢ ᠴᠥᠬᠡᠳᠬᠡᠵᠦ᠂ ᠦᠬᠡᠷ

ᠮᠠᠯᠵᠢᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠦᠷ᠎ᠡ ᠠᠰᠢᠭ ᠢ ᠨᠡᠮᠡᠭᠳᠡᠭᠦᠯᠬᠦ︾ ᠵᠢᠱᠢᠶ᠎ᠡ ᠦᠵᠡᠭᠦᠯᠬᠦ ᠬᠤᠰᠢᠭᠤᠨ ᠤ

ᠲᠥᠷᠥᠯ ᠵᠦᠢᠯ ᠢ ᠭᠦᠨᠵᠡᠭᠡᠢ ᠠᠬᠢᠭᠤᠯᠵᠤ᠂ ᠬᠤᠨᠢ ᠶᠢ 29.5 ᠲᠦᠮᠡᠨ ᠲᠣᠯᠣᠭᠠᠢ ᠪᠣᠯᠭᠠᠨ ᠴᠥᠬᠡᠳᠬᠡᠵᠦ᠂ ︽ᠠᠷᠪᠠᠨ

ᠬᠤᠶᠠᠳᠤᠭᠠᠷ ᠲᠠᠪᠤᠨ ᠵᠢᠯ︾᠎ ᠤᠨ ᠰᠡᠭᠦᠯᠴᠢ ᠶᠢᠨ ᠬᠢ ᠠᠴᠠ 43.9 %᠎ ᠪᠠᠷ  ᠪᠠᠭᠤᠷᠠᠭᠤᠯᠪᠠ᠃ ᠦᠬᠡᠷ ᠤᠨ ᠲᠤᠭ᠎ᠠ

ᠲᠣᠯᠣᠭᠠᠢ ᠨᠡᠮᠡᠭᠳᠡᠭᠡᠳ 30.4 ᠲᠦᠮᠡ ᠪᠣᠯᠵᠤ᠂ ︽ᠠᠷᠪᠠᠨ ᠬᠤᠶᠠᠳᠣᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ

ᠰᠡᠭᠦᠯᠴᠢ ᠶᠢᠨ ᠬᠤᠭᠤᠴᠠᠭᠠᠨ ᠤ ᠬᠢ ᠠᠴᠠ 19.8 %᠎ ᠪᠠᠷ ᠨᠡᠮᠡᠭᠳᠡᠪᠡ᠃ ᠱᠦᠨ ᠰᠢᠨ ᠰᠢᠨ ᠶᠤᠸᠠᠨ ᠮᠢᠬᠠᠨ ᠤ ᠦᠬᠡᠷ

᠎ ᠤᠨ ᠠᠵᠤ ᠦᠢᠯᠡᠰ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠂ ᠪᠦᠬᠦ ᠣᠷᠣᠨ ᠤ ᠠᠩᠬᠠᠳᠠᠭᠴᠢ  ︽ᠦᠬᠡᠷ

ᠮᠠᠯᠵᠢᠬᠤ ᠵᠢᠭᠡᠯᠡᠯᠭᠡ ᠶᠢᠨ ᠲᠤᠰᠬᠠᠢ ᠰᠠᠯᠪᠤᠷᠢ ᠪᠠᠩᠬᠢ︾ ︵ᠦᠢᠯᠡᠳᠪᠦᠷᠢ ᠬᠤᠳᠠᠯᠳᠤᠭᠠᠨ ᠤ ᠪᠠᠩᠬᠢ︶᠎ ᠶᠢ ᠪᠠᠶᠢᠭᠤᠯᠪᠠ᠃

ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠰᠠᠭᠤᠷᠢ ᠶᠢ ᠤᠯᠠᠮ ᠪᠠᠬᠢᠵᠢᠭᠦᠯᠵᠦ᠂ ᠣᠨᠴᠠ ᠥᠨᠳᠦᠷ ᠳᠡᠰ ᠤᠨ

ᠴᠠᠬᠢᠯᠭᠠᠨ ᠢ ᠭᠠᠳᠠᠭᠰᠢ ᠳᠠᠮᠵᠢᠭᠤᠯᠬᠤ᠂ 500 ᠺᠢᠯᠤᠸᠤᠯᠲ ᠤᠨ ᠬᠤᠷᠠᠮᠳᠣᠯ ᠥᠷᠳᠡᠭᠡ ᠪᠠ ᠢᠵᠢ ᠲᠦᠭᠦᠷᠴᠢᠯᠡᠭᠰᠡ᠊

ᠱᠣᠭᠤᠮ ᠤᠨ ᠢᠨᠵᠧᠨᠧᠷᠢᠩ ᠵᠡᠷᠭᠡ ᠲᠥᠷᠥᠯ ᠵᠦᠢᠯ ᠢ ᠪᠠᠶᠢᠭᠤᠯᠤᠨ᠂ ᠠᠰᠢᠭᠯᠠᠯᠲᠠ ᠳᠤ ᠣᠷᠣᠭᠤᠯᠪᠠ᠃ ᠴᠡᠪᠡᠷ ᠡᠨᠧᠷᠭᠢ

᠎ ᠶᠢᠨ ᠮᠠᠰᠢᠨ ᠴᠣᠭᠴᠠᠯᠠᠪᠤᠷᠢ ᠶᠢᠨ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠳᠠᠬᠢ ᠡᠵᠡᠯᠡᠬᠦ ᠬᠤᠪᠢ ᠶᠢᠨ

ᠵᠢᠩ ᠢ 10.8 %᠎ ᠳᠤ ᠬᠦᠷᠭᠡᠪᠡ᠃ ᠱᠠᠩᠳᠤ ᠵᠠᠭᠤᠨ ᠲᠦᠮᠡᠨ ᠺᠢᠯᠣᠸᠠᠲ ᠤᠨ ᠰᠠᠯᠬᠢᠨ ᠤ ᠬᠦᠴᠦ ᠪᠠᠷ ᠴᠠᠬᠢᠯᠭᠠᠨ

ᠭᠠᠷᠭᠠᠬᠤ ᠰᠠᠭᠤᠷᠢᠨ ᠭᠠᠵᠠᠷ ᠤᠨ ᠲᠥᠷᠥᠯ ᠵᠦᠢᠯ ᠨᠢ ᠠᠶᠢᠮᠠᠭ ᠤᠨ ᠡᠨᠧᠷᠭᠢ ᠶᠢᠨ ᠲᠣᠪᠴᠢᠶᠠᠨ ᠤ ᠬᠢᠨᠠᠨ ᠵᠥᠪᠰᠢᠶᠡᠷᠡᠯ ᠢ

ᠣᠯᠪᠠ᠃ ᠤᠯᠠᠮᠵᠢᠯᠠᠯᠲᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠮᠣᠩᠭᠤᠯ ᠭᠡᠷ ᠤᠨ ᠠᠵᠤ ᠦᠢᠯᠡᠰ ᠤᠨ

ᠬᠦᠷᠢᠶᠡᠯᠡᠩ ᠤᠨ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠵᠢᠯ ᠤᠨ ᠳᠣᠲᠣᠷ᠎ᠠ 4 ᠪᠠᠷᠢᠮᠵᠢᠶᠠᠵᠢᠭᠰᠠᠨ

ᠦᠢᠯᠡᠳᠪᠦᠷᠢ ᠶᠢᠨ ᠳᠠᠰᠤᠭ ᠪᠠᠶᠢᠭᠤᠯᠪᠠ᠃ ᠵᠢᠭᠤᠯᠴᠢᠯᠠᠯ ᠤᠨ ᠦᠢᠯᠡᠰ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ

ᠲᠠᠯ᠎ᠠ ᠪᠠᠷ ᠳᠡᠭᠡᠭᠰᠢᠯᠡᠭᠦᠯᠵᠦ᠂ ᠪᠦᠬᠦ ᠵᠢᠯ ᠤᠨ ᠵᠢᠭᠤᠯᠴᠢᠯᠠᠯ ᠤᠨ ᠬᠥᠮᠦᠨ ᠤ ᠲᠤᠭ᠎ᠠ 20 ᠲᠥᠮᠡᠨ ᠬᠦᠮᠦᠨ ᠤᠳᠠᠭ᠎ᠠ ᠳᠤ

ᠬᠦᠷᠴᠦ᠂ 1 . 5 ᠳ᠋ᠦᠩᠰᠢᠭᠤᠷ ᠲᠥᠭᠦᠷᠢᠭ ᠤᠨ  ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠦᠨ᠂ ︽ᠮᠠᠯᠴᠢᠨ ᠠᠶᠢᠯ︾

ᠵᠢᠭᠤᠯᠴᠢᠯᠠᠯ ᠤᠨ ᠭᠠᠵᠠᠷ ᠢ ᠲᠡᠰ ᠳᠡᠪᠰᠢᠭᠦᠯᠦᠨ᠂ 130 ᠡᠷᠦᠬᠡ ᠶᠢ ᠬᠠᠰᠤᠵᠤ᠂ 41 %᠎ ᠪᠠᠷ  ᠪᠠᠭᠠᠰᠬᠠᠪᠠ᠃ ᠮᠠᠨ ᠤ

ᠬᠤᠰᠢᠭᠤ ᠨᠢ ᠥᠪᠡᠷᠳᠡᠭᠡᠨ ᠵᠠᠰᠠᠬᠤ ᠤᠷᠤᠨ ᠤ ᠴᠤᠷ ᠤᠨ ᠭᠠᠭᠴᠠ ᠪᠦᠬᠦ ᠤᠯᠤᠰ ᠤᠨ ᠪᠣᠳᠠᠰ ᠤᠨ ᠪᠤᠰᠤ ᠰᠣᠶᠣᠯ ᠤᠨ

ᠥᠪ ᠤᠨ ᠭᠤᠣᠯ ᠰᠡᠳᠦᠪᠲᠦ ᠵᠢᠭᠤᠯᠴᠢᠯᠠᠯ ᠤᠨ ᠱᠤᠭᠤᠮ ᠤᠨ ᠨᠢᠭᠡ ᠪᠣᠯᠵᠤ ︽ᠮᠢᠩᠭᠠᠨ ᠭᠠᠵᠠᠷ ᠤᠨ ᠦᠵᠡᠮᠵᠢ ᠶᠢᠨ

ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠬᠤ ᠵᠢᠭᠤᠯᠴᠢᠯᠠᠯ ᠤᠨ ᠰᠠᠯᠪᠤᠷᠢ ᠱᠤᠭᠤᠮ︾᠎ ᠢᠶᠠᠷ ᠰᠣᠩᠭᠤᠭᠳᠠᠪᠠ᠃

︵ᠵᠢᠷᠭᠤᠭ᠎ᠠ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠦᠳᠡᠯᠭᠡᠭᠴᠢ ᠬᠦᠴᠦᠨ ᠢ ᠬᠥᠭᠵᠢᠭᠡᠵᠦ᠂

ᠭᠤᠣᠯ ᠡᠯᠧᠮᠧᠨ᠋ᠲ ᠤᠨ ᠪᠠᠳᠣᠯᠠᠭ᠎ᠠ ᠡᠷᠴᠢᠮᠳᠠᠢ ᠮᠦᠷᠳᠡᠭᠡᠨ ᠪᠦᠳᠦᠮᠵᠢᠲᠠᠢ ᠪᠠᠶᠢᠨ᠎ᠠ

 ︽ᠰᠤᠯᠠᠯᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ 1472 ᠲᠥᠷᠥᠯ ᠤᠨ

ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠨᠢᠭᠡ

ᠴᠣᠭᠴᠠᠵᠢᠭᠤᠯᠤᠨ ᠭᠦᠶᠴᠡᠳᠬᠡᠬᠦ ᠶᠢ ᠪᠡᠶᠡᠯᠡᠭᠦᠯᠵᠦ᠂ ᠭᠦᠶᠴᠡᠳᠬᠡᠬᠦ ᠭᠤᠭᠴᠤᠭ᠎ᠠ ᠪᠠ ᠴᠠᠭ ᠢ 55 %᠎ ᠪᠠᠷ ᠪᠣᠭᠤᠨᠢᠰᠬᠠᠵᠤ

᠂ ᠰᠦᠯᠵᠢᠶ᠎ᠡ ᠪᠠᠷ ᠭᠦᠶᠴᠡᠳᠬᠡᠬᠦ ᠨᠣᠷᠮ᠎ᠠ ᠶᠢ 88 %᠎ ᠳᠤ ᠬᠦᠷᠭᠡᠪᠡ᠃ ᠪᠠᠷᠢᠯᠭ᠎ᠠ ᠪᠦᠲᠦᠭᠡᠨ ᠪᠠᠶᠢᠭᠤᠯᠤᠯᠲᠠ ᠶᠢᠨ

ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠦᠬᠦ ᠠᠶᠢᠮᠠᠭ ᠤᠨ ᠲᠡᠷᠢᠭᠦᠨ ᠡᠩᠨᠡᠭᠡᠨ ᠳᠤ 

ᠵᠢᠭᠰᠠᠵᠤ᠂ ᠬᠢᠨᠠᠨ ᠵᠥᠪᠰᠢᠶᠡᠷᠡᠬᠦ ᠬᠤᠭᠤᠴᠠᠭ᠎ᠠ ᠶᠢ 87 ᠠᠵᠢᠯᠯᠠᠬᠤ ᠡᠳᠦᠷ ᠤᠨ ᠳᠣᠲᠣᠷ᠎ᠠ ᠪᠣᠭᠤᠨᠢᠰᠬᠠᠪᠠ᠃ ︽

ᠦᠨᠡᠮᠯᠡᠯ ᠢ ᠬᠠᠰᠤᠵᠤ ᠠᠷᠠᠳ ᠲᠤ ᠲᠥᠬᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 13 ᠵᠦᠢᠯ ᠤᠨ

ᠭᠡᠷᠡᠴᠢᠯᠡᠬᠦ ᠵᠦᠢᠯᠡᠰ ᠢ ᠦᠯᠡᠳᠡᠭᠡᠪᠡ᠃ ᠵᠠᠰᠠᠭ᠂ ᠪᠠᠩᠬᠢ᠂ ᠠᠵᠤ ᠠᠬᠤᠶᠢᠯᠠᠯ ᠢ ᠤᠶᠠᠯᠳᠣᠭᠤᠯᠬᠤ ᠲᠠᠪᠴᠠᠩ ᠢ ᠢᠳᠡᠪᠬᠢᠲᠡᠢ

ᠪᠠᠶᠢᠭᠤᠯᠵᠤ᠂ ᠵᠠᠰᠠᠭ᠂ ᠪᠠᠩᠬᠢ᠂ ᠠᠵᠤ ᠠᠬᠤᠶᠢᠯᠠᠯ ᠤᠨ ᠠᠭᠤᠯᠵᠠᠯᠲᠠ ᠶᠢᠨ ᠬᠤᠷᠠᠯ ᠢ 2 ᠤᠳᠠᠭ᠎ᠠ ᠬᠤᠷᠠᠯᠳᠤᠭᠤᠯᠪᠠ᠃ ︽

ᠪᠠᠲᠤᠯᠠᠭᠠᠲᠤ ᠵᠢᠭᠡᠯᠡᠯᠭᠡ ᠶᠢ ᠳᠡᠮᠵᠢᠬᠦ︾ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ 16 ᠬᠤᠪᠢ 2166 ᠲᠦᠮᠡᠨ

ᠲᠥᠭᠦᠷᠢᠭ ᠤᠨ ᠪᠠᠲᠤᠯᠠᠭᠠᠲᠤ ᠵᠢᠭᠡᠯᠡᠯᠭᠡ ᠶᠢ ᠭᠦᠢᠴᠡᠳᠬᠡᠪᠡ᠃ ᠨᠡᠶᠢᠭᠡᠮ ᠤᠨ ᠢᠲᠡᠭᠡᠮᠵᠢ ᠶᠢᠨ ᠳᠣᠭᠳᠠᠯᠴᠠᠭᠠᠨ ᠤ

ᠪᠠᠶᠢᠭᠤᠯᠤᠯᠲᠠ ᠶᠢ ᠴᠢᠩᠭᠠᠳᠬᠠᠵᠤ᠂ 12 ᠠᠵᠤ ᠠᠬᠤᠶᠢᠯᠠᠯ ᠢᠳᠡᠬᠡᠮᠵᠢᠲᠠᠢ ᠠᠵᠤ ᠠᠬᠤᠶᠢᠯᠠᠯ ᠤᠨ ᠨᠡᠶᠢᠳᠡᠯᠢᠭ ᠵᠢᠱᠢᠶ᠎ᠡ ᠪᠠᠷ

ᠰᠣᠩᠭᠤᠭᠳᠠᠪᠠ᠃ ᠣᠯᠠᠨ ᠨᠡᠢᠲᠡ ᠶᠢᠨ ᠡᠬᠢ ᠪᠠᠶᠠᠯᠢᠭ ᠤᠨ ᠰᠣᠯᠢᠯᠴᠠᠭ᠎ᠠ ᠶᠢ ᠳᠦᠷᠢᠮᠵᠢᠭᠦᠯᠵᠦ᠂ 80 ᠬᠤᠪᠢ

ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠢ ᠬᠦᠯᠢᠶᠡᠨ ᠠᠪᠴᠤ᠂ ᠡᠳ᠋ ᠤᠨ ᠵᠠᠰᠠᠭ ᠤᠨ ᠪᠡᠯᠡ ᠮᠥᠩᠭᠦ ᠶᠢ 511 ᠲᠦᠮᠡᠨ

ᠲᠥᠭᠦᠷᠢᠭ ᠠᠷᠪᠢᠯᠠᠪᠠ᠃ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠥᠭᠡᠷᠡᠴᠢᠯᠡᠯᠲᠡ ᠶᠢ ᠪᠦᠬᠦ

ᠲᠠᠯ᠎ᠠ ᠪᠠᠷ ᠡᠬᠢᠯᠡᠭᠦᠯᠵᠦ᠂ ᠥᠭᠡᠷᠡᠴᠢᠯᠡᠯᠲᠡ ᠶᠢᠨ ᠰᠡᠳᠬᠢᠴᠡ ᠶᠢ ᠠᠩᠬ᠎ᠠ ᠠᠯᠬᠤᠮ ᠲᠣᠳᠣᠷᠬᠠᠶᠢᠯᠠᠪᠠ᠃

︵ᠳᠣᠯᠤᠭ᠎ᠠ︶  ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠪᠦᠬᠦ ᠬᠦᠴᠦᠨ ᠢᠶᠠᠷ ᠴᠢᠩᠭᠠᠳᠬᠠᠵᠤ᠂

ᠬᠤᠲᠠ ᠬᠥᠳᠡᠭᠡ ᠶᠢᠨ ᠳᠦᠷᠢ ᠲᠥᠷᠬᠦ ᠶᠢ ᠢᠯᠡᠳᠲᠡ ᠰᠠᠶᠢᠵᠢᠷᠠᠭᠤᠯᠪᠠ

ᠬᠤᠲᠠ ᠶᠢᠨ ᠴᠢᠳᠠᠪᠬᠢ ᠶᠢ ᠲᠠᠰᠤᠷᠠᠯᠲᠠ ᠥᠬᠡᠢ ᠳᠡᠭᠡᠭᠰᠢᠯᠡᠭᠦᠯᠵᠦ᠂ ᠪᠥᠬᠦ ᠵᠢᠯ ᠳᠤ ᠬᠤᠲᠠ ᠶᠢᠨ ᠰᠠᠭᠤᠷᠢ

ᠲᠥᠬᠦᠭᠡᠷᠦᠮᠵᠢ ᠶᠢᠨ ᠪᠠᠶᠢᠭᠤᠯᠤᠯᠳᠠ ᠳᠤ 5900 ᠲᠦᠮᠡᠨ ᠲᠥᠭᠦᠷᠢᠭ ᠤᠨ ᠪᠡᠯᠡ ᠣᠷᠤᠭᠤᠯᠪᠠ᠃ ᠵᠠᠰᠠᠭ ᠤᠨ

ᠣᠷᠳᠣᠨ ᠠᠴᠠ ᠬᠤᠸᠠ ᠶᠤᠸᠠᠨ ᠢᠯᠴᠢ ᠬᠠᠩᠭᠠᠬᠤ ᠺᠤᠮᠫᠠᠨᠢ ᠶᠢᠨ ᠡᠳ᠋ ᠬᠥᠷᠥᠩᠭᠡ ᠶᠢ ᠬᠤᠳᠠᠯᠳᠣᠨ ᠠᠪᠴᠣ᠂ ᠱᠠᠩᠳᠤ

ᠴᠠᠬᠢᠯᠭᠠᠨ ᠦᠢᠯᠡᠳᠪᠦᠷᠢ ᠳᠤ ᠰᠢᠯᠵᠢᠭᠦᠯᠦᠨ ᠥᠭᠴᠦ᠂ 21.85 ᠺᠢᠯᠤᠮᠧᠲᠷ ᠤᠨ ᠢᠯᠴᠢ ᠳᠠᠮᠵᠢᠭᠤᠯᠬᠤ ᠬᠤᠭᠤᠯᠠᠢ

ᠵᠠᠰᠠᠵᠤ᠂ 6 ᠢᠯᠴᠢ ᠰᠣᠯᠢᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ 9 ᠬᠠᠭᠤᠴᠢᠨ ᠢᠯᠴᠢ ᠰᠣᠯᠢᠬᠤ ᠥᠷᠲᠡᠭᠡ ᠶᠢ

ᠰᠢᠯᠢᠳᠡᠭᠵᠢᠭᠦᠯᠵᠦ᠂ ᠣᠶᠤᠨᠴᠢ ᠢᠯᠴᠢ ᠬᠠᠩᠭᠠᠬᠤ ᠲᠣᠬᠢᠷᠠᠭᠤᠯᠤᠯᠲᠠ ᠶᠢᠨ ᠲᠥᠪ ᠢ ᠡᠬᠢᠯᠡᠨ ᠠᠰᠢᠭᠯᠠᠯᠳᠠ ᠳᠤ

ᠣᠷᠣᠭᠤᠯᠵᠤ᠂ ᠱᠠᠩᠳᠣ ᠪᠠᠯᠭᠠᠰᠣᠨ ᠤ ᠪᠦᠬᠦ ᠬᠡᠪᠴᠢᠶᠡᠨ ᠳᠤ ᠴᠢᠨᠠᠷ ᠰᠠᠶᠢᠲᠠᠢ ᠳᠤᠯᠠᠭᠠᠯᠭ᠎ᠠ ᠬᠠᠩᠭᠠᠪᠠ᠃ ᠮᠠᠯᠵᠢᠬᠤ

ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠪᠠ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ

ᠢᠯᠡᠳᠲᠡ ᠰᠠᠶᠢᠵᠢᠷᠠᠭᠤᠯᠵᠤ᠂ ᠵᠣᠷᠯᠣᠩ ᠤᠨ ᠥᠭᠡᠷᠡᠴᠢᠯᠡᠯᠳᠡ ᠶᠢ ᠪᠦᠬᠦ ᠲᠠᠯ᠎ᠠ ᠪᠠᠷ ᠪᠡᠶᠡᠯᠡᠬᠦᠯᠵᠦ᠂ ᠡᠷᠣᠬᠡ ᠶᠢᠨ

ᠵᠣᠷᠯᠣᠩ ᠤᠨ ᠲᠥᠭᠡᠮᠡᠯᠵᠢᠭᠰᠡᠨ ᠨᠣᠷᠮ᠎ᠠ 26%᠎ ᠎ ᠠᠴᠠ ᠳᠡᠭᠡᠭᠰᠢ ᠳᠤ ᠬᠦᠷᠪᠡ᠃ ᠪᠣᠶᠢᠳᠠ ᠪᠥᠭᠯᠡᠭᠦᠦ ᠭᠠᠵᠠᠷ ᠤᠷᠤᠨ ᠤ

307 ᠮᠠᠯᠵᠢᠬᠤ ᠲᠠᠷᠢᠶᠠᠯᠠᠬᠤ ᠡᠷᠦᠬᠡ ᠶᠢ ᠪᠠᠶᠢᠩᠭᠤ ᠶᠢᠨ ᠴᠠᠬᠢᠯᠭᠠᠨ ᠨᠡᠪᠲᠡᠷᠡᠭᠦᠯᠬᠦ ᠲᠦᠯᠦᠪᠵᠢᠬᠦᠯᠭᠡ ᠳᠤ ᠣᠷᠣᠭᠤᠯᠵᠦ᠂

1941 ᠡᠷᠦᠬᠡ ᠶᠢᠨ 4899 ᠬᠥᠮᠦᠨ ᠠᠮᠠ ᠶᠢᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ᠃ ᠵᠠᠮ

ᠬᠠᠷᠢᠯᠴᠠᠭ᠎ᠠ ᠶᠢ ᠨᠠᠩ ᠲᠡᠭᠦᠯᠳᠡᠷᠵᠢᠭᠦᠯᠦᠨ᠂ ᠰᠢᠯᠢ ᠶᠢᠨ ᠬᠤᠲᠠ ᠠᠴᠠ ᠲᠠᠶᠢᠽᠢ ᠴᠧᠩ ᠬᠦᠷᠬᠦ ᠲᠦᠷᠭᠡᠨ ᠬᠤᠷᠳᠤᠴᠠᠲᠤ

ᠲᠡᠮᠦᠷ ᠵᠠᠮ᠂ ᠵᠢᠢ ᠲᠦᠩ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠢᠨᠵᠧᠨᠧᠷᠢᠩ ᠢ ᠡᠬᠢᠯᠡᠭᠦᠯᠵᠦ᠂

ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠴᠡᠷᠢᠭ ᠠᠩᠭᠢ ᠪᠠ ᠣᠷᠣᠨ ᠨᠤᠲᠤᠭ ᠤᠨ

ᠵᠥᠪᠳᠡᠯᠴᠡᠬᠡᠷ ︵ᠲᠥᠰᠦᠯ︶ ᠎ ᠨᠢ ᠴᠡᠷᠢᠭ ᠤᠨ ᠲᠠᠯ᠎ᠠ ᠶᠢᠨ ᠵᠥᠪᠰᠢᠶᠡᠷᠡᠯ ᠢ ᠣᠯᠵᠤ᠂ 103 ᠵᠠᠰᠠᠭ ᠵᠠᠬᠢᠷᠭᠠᠨ ᠤ

ᠭᠠᠴᠠᠭ᠎ᠠ ᠲᠣᠰᠬᠤᠨ ᠤ ᠵᠠᠰᠠᠮᠠᠯ ᠵᠠᠮ ᠢ ᠪᠦᠬᠦᠨ ᠢ ᠨᠡᠪᠲᠡᠷᠡᠭᠦᠯᠪᠡ᠃

︵ᠨᠠᠢᠮᠠ︶ ᠪᠦᠬᠦ  ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ ᠪᠠᠲᠤᠯᠠᠨ ᠰᠠᠢᠵᠢᠷᠠᠭᠤᠯᠵᠤ᠂ ᠣᠯᠠᠨ ᠲᠦᠮᠡᠨ ᠤ ᠵᠣᠯ

ᠵᠢᠷᠭᠠᠯᠲᠤ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠪᠡ

ᠠᠵᠤ ᠠᠬᠤᠶ ᠮᠠᠭᠤᠳᠠᠬᠤ ᠳᠠᠷᠤᠯᠲᠠ ᠶᠢ ᠢᠯᠠᠨ ᠳᠠᠪᠠᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠢ

ᠪᠠᠲᠤᠯᠠᠪᠠ᠃ ᠪᠦᠬᠦ ᠵᠢᠯ ᠤᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ 1.16 ᠳ᠋ᠦᠩᠰᠢᠭᠤᠷ ᠲᠥᠭᠦᠷᠢᠭ ᠲᠤ

ᠬᠦᠷᠴᠦ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 4.3%᠎ ᠪᠠᠷ ᠨᠡᠮᠡᠭᠳᠡᠪᠡ᠃

︽ᠰᠣᠷᠣᠯᠴᠠᠬᠤ ᠠᠴᠠ ᠰᠤᠷᠭᠠᠨ ᠬᠦᠮᠦᠵᠢᠯ ᠲᠠᠢ ᠪᠠᠶᠢᠬᠤ︾ ᠠᠵᠢᠯ ᠰᠢᠨ᠎ᠡ ᠦᠷ᠎ᠡ ᠪᠦᠳᠦᠮᠵᠢ ᠣᠯᠵᠤ᠂ ᠰᠤᠷᠭᠠᠭᠤᠯᠢ

ᠡᠷᠬᠢᠯᠡᠬᠦ ᠨᠥᠬᠦᠴᠡᠯ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ 3

ᠰᠠᠭᠤᠷᠢ ᠦᠨᠳᠦᠰᠦᠨ ᠱᠠᠲᠤᠨ ᠤ ᠬᠡᠦᠬᠡᠳ ᠤᠨ ᠴᠡᠴᠡᠷᠯᠢᠭ ᠢ ᠵᠠᠰᠠᠨ ᠠᠰᠢᠭᠯᠠᠯᠲᠠ ᠳᠤ ᠣᠷᠣᠭᠤᠯᠤᠨ᠂ ᠰᠠᠭᠤᠭᠠᠯᠢ

ᠲᠣᠭᠤᠷᠢᠭ ᠤᠨ ᠢᠵᠢ ᠲᠦᠭᠦᠷᠴᠢᠯᠡᠭᠰᠡᠨ 2 ᠰᠠᠭᠤᠷᠢ ᠬᠡᠦᠬᠡᠳ ᠤᠨ ᠴᠡᠴᠡᠷᠯᠢᠭ ᠢ ᠴᠡᠭᠴᠡᠯᠡᠵᠦ᠂ 8 ᠰᠠᠭᠤᠷᠢ ᠠᠯᠪᠠᠨ

ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠥᠭᠡᠷᠡᠴᠢᠯᠡᠨ ᠪᠠᠢᠭᠤᠯᠬᠤ ᠳᠥᠰᠦᠯ ᠢ ᠪᠦᠬᠦ ᠲᠠᠯ᠎ᠠ ᠪᠠᠷ

ᠥᠷᠨᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠲᠤᠳᠬᠠᠭᠰᠠᠨ ᠨᠣᠷᠮ᠎ᠠ 100%᠎ ᠳᠤ ᠬᠦᠷᠪᠡ᠃ 

ᠮᠣᠩᠭᠤᠯ ᠢᠶᠠᠷ  ᠬᠢᠴᠢᠶᠡᠯᠯᠡᠬᠦ ᠠᠩᠭᠢ ᠶᠢᠨ ᠵᠢᠩᠬᠢᠨᠢ ᠠᠩᠭᠢ ᠶᠢᠨ ᠡᠯᠰᠡᠯᠲᠡ ᠶᠢᠨ ᠬᠤᠪᠢ ᠳᠤ ᠬᠦᠷᠦᠭᠰᠡᠨ ᠨᠣᠷᠮ᠎ᠠ 88.

2%᠎ ᠳᠤ ᠬᠦᠷᠴᠣ᠂  ᠬᠢᠲᠠᠳ ᠢᠶᠠᠷ ᠬᠢᠴᠢᠶᠡᠯᠯᠡᠬᠦ ᠠᠩᠭᠢ ᠶᠢᠨ ᠵᠢᠩᠬᠢᠨᠢ ᠠᠩᠭᠢ ᠶᠢᠨ ᠡᠯᠰᠡᠯᠲᠡ ᠶᠢᠨ ᠬᠤᠪᠢ ᠳᠤ

ᠬᠦᠷᠦᠭᠰᠡᠨ ᠨᠤᠷᠮ᠎ᠠ 24.7%᠎ ᠪᠠᠷ ᠨᠡᠮᠡᠭᠳᠡᠪᠡ᠃ ︽ᠬᠥᠳᠡᠯᠮᠦᠷᠢᠯᠡᠪᠡᠯ ᠬᠦᠯᠦᠰᠦ ᠣᠯᠭᠤᠮᠵᠢᠲᠠᠢ ᠪᠠᠶᠢᠬᠤ︾ ᠰᠢᠨ᠎ᠡ

ᠲᠥᠷᠥ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠵᠤ᠂ ᠦᠢᠯᠡᠰ ᠪᠣᠰᠬᠠᠵᠤ ᠠᠵᠢᠯ ᠣᠯᠭᠤᠬᠤ ︽ᠬᠠᠰᠣᠬᠤ ᠬᠡᠯᠲᠦᠷᠢᠭᠦᠯᠬᠦ

ᠪᠤᠴᠠᠭᠠᠬᠤ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠶᠢᠨ 1785 ᠲᠦᠮᠡᠨ ᠲᠥᠭᠦᠷᠢᠭ ᠤᠨ ᠪᠡᠯᠡ ᠮᠥᠩᠭᠦ ᠶᠢ

ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠤ 943 ᠬᠥᠮᠦᠨ ᠳᠤ ᠰᠢᠨ᠎ᠡ ᠪᠠᠷ ᠠᠵᠢᠯ ᠣᠯᠭᠤᠵᠤ᠂ 7293 ᠮᠠᠯᠴᠢᠨ

ᠲᠠᠷᠢᠶᠠᠴᠢᠨ ᠢ ᠰᠢᠯᠵᠢᠭᠦᠯᠦᠨ ᠠᠵᠢᠯ  ᠤᠯᠭᠤᠵᠦ᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠨᠣᠷᠮ᠎ᠠ ᠶᠢ 2.82%

ᠳᠣᠲᠣᠷ᠎ᠠ ᠬᠢᠵᠠᠭᠠᠷᠯᠠᠪᠠ᠃ ︽ᠪᠠᠭᠤᠷᠠᠢ ᠶᠢ ᠲᠡᠳᠬᠦᠬᠦ︾᠎ ᠶᠢ ᠦᠷᠭᠦᠯᠵᠢᠯᠡᠨ ᠲᠥᠭᠡᠮᠡᠯᠵᠢᠭᠦᠯᠦᠨ᠂ ᠬᠤᠲᠠ ᠬᠥᠳᠡᠭᠡ ᠶᠢᠨ

ᠳᠣᠣᠷ᠎ᠠ ᠪᠠᠳᠣᠯᠠᠭᠠᠳᠣ ᠡᠷᠣᠬᠡ᠂ ᠣᠨᠴᠠ ᠬᠦᠴᠢᠷᠳᠡᠯᠲᠡᠢ ᠬᠥᠮᠦᠰ᠂ ᠵᠡᠮᠳᠡᠭᠴᠦᠳ ᠤᠨ ᠨᠥᠬᠦᠪᠥᠷᠢ ᠶᠢᠨ ᠪᠠᠷᠢᠮᠵᠢᠶ᠎ᠠ ᠶᠢ

ᠤᠯᠠᠮ ᠳᠡᠭᠡᠭᠰᠢᠯᠡᠭᠦᠯᠵᠦ᠂ ᠡᠯ᠎ᠡ ᠲᠥᠷᠥᠯ ᠤᠨ ᠨᠥᠬᠦᠪᠥᠷᠢ ᠶᠢᠨ ᠪᠡᠯᠡ ᠮᠥᠩᠭᠦ ᠶᠢ 4000 ᠭᠠᠷᠤᠢ ᠲᠦᠮᠡᠨ ᠲᠥᠭᠦᠷᠢᠭ

ᠲᠠᠷᠬᠠᠭᠠᠪᠠ᠃ ︽ᠨᠠᠰᠣᠲᠠᠶᠢᠴᠤᠳ ᠢ ᠠᠰᠠᠷᠠᠮᠵᠢ ᠲᠠᠢ ᠪᠣᠯᠭᠠᠬᠤ︾ ᠠᠵᠢᠯ ᠰᠢᠨ᠎ᠡ ᠰᠢᠪᠲᠤᠯᠤᠯᠤᠳᠠ ᠲᠠᠢ ᠪᠣᠯᠪᠠ᠃

ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠣᠵᠢᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ 96%᠎ ᠳᠤ

ᠬᠦᠷᠴᠦ᠂ ᠴᠡᠷᠢᠭ ᠎ ᠠᠴᠠ ᠬᠠᠯᠠᠭᠳᠠᠭᠰᠠᠳ ᠤᠨ ᠨᠠᠰᠤᠵᠢᠯ ᠤᠨ ᠳᠠᠭᠠᠳᠬᠠᠯ ᠢ ᠵᠠᠯᠭᠠᠨ ᠬᠦᠢᠴᠡᠳᠭᠡᠭᠰᠡᠨ ᠨᠣᠷᠮ᠎ᠠ

100%᠎ ᠳᠤ ᠬᠦᠷᠴᠦ᠂ ︽ᠬᠠᠰᠣᠬᠤ ᠬᠡᠯᠲᠦᠷᠢᠭᠦᠯᠬᠦ ᠠᠯᠭᠤᠷᠯᠠᠬᠤ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂

1510 ᠲᠦᠮᠡᠨ ᠲᠥᠭᠦᠷᠢᠭ ᠤᠨ ᠨᠠᠰᠤᠵᠢᠯ ᠤᠨ ᠳᠠᠭᠠᠳᠬᠠᠯ ᠢ ᠬᠡᠯᠲᠦᠷᠢᠭᠦᠯᠪᠡ᠃ ᠭᠤᠷᠪᠠ᠂ ᠤᠯᠤᠰ ᠤᠨ ᠥᠮᠴᠢᠯᠡᠯᠲᠦ

ᠲᠠᠷᠢᠶᠠᠯᠠᠩ ᠮᠠᠯᠵᠢᠯ ᠤᠨ ᠲᠠᠯᠠᠪᠠᠢ ᠶᠢᠨ 154 ᠬᠥᠮᠦᠨ ᠤ ᠠᠵᠢᠯ ᠠᠴᠠ ᠪᠠᠨ ᠠᠮᠠᠷᠠᠬᠤ ᠠᠰᠠᠭᠤᠳᠠᠯ ᠢ ᠰᠢᠢᠳᠪᠦᠷᠢᠯᠡᠪᠡ᠃

ᠠᠮᠤᠭᠤᠯᠠᠩ ᠨᠠᠰᠤᠳᠠᠶᠢᠴᠤᠳ ᠤᠨ ᠦᠢᠯᠡᠴᠢᠯᠡᠭᠡᠨ ᠤ ᠲᠥᠪ ᠠᠰᠢᠭᠯᠠᠯᠲᠠ ᠳᠤ ᠣᠷᠣᠵᠤ᠂ ᠣᠨᠴᠠ ᠬᠦᠴᠢᠷᠳᠡᠯᠳᠡᠢ 40

ᠨᠠᠰᠣᠳᠠᠨ ᠢ ᠠᠰᠠᠷᠠᠨ ᠬᠠᠷᠠᠭᠠᠯᠵᠠᠵᠦ᠂ ᠮᠧᠩ ᠯᠦᠩ ᠨᠠᠰᠣᠳᠠᠨ ᠤ ᠬᠦᠷᠢᠶᠡᠯᠡᠩ 7000 ᠲᠦᠮᠡᠨ ᠲᠦᠭᠦᠷᠢᠭ ᠤᠨ ᠪᠡᠯᠡ

ᠣᠷᠣᠭᠤᠯᠣᠯᠳᠠ ᠶᠢ ᠬᠦᠢᠴᠡᠳᠭᠡᠵᠦ᠂ 48 ᠡᠷᠦᠬᠡ ᠶᠢᠨ 96 ᠬᠥᠮᠦᠨ ᠰᠠᠭᠤᠵᠤ᠂ ᠣᠷᠣᠨ ᠪᠦᠰᠡ ᠶᠢᠨ ᠴᠢᠨᠠᠷᠲᠠᠢ

ᠨᠠᠰᠣᠳᠠᠨ ᠤ ᠠᠰᠠᠷᠠᠮᠵᠢ ᠶᠢᠨ ᠬᠦᠷᠢᠶᠡᠯᠡᠩ ᠢ ᠨᠢᠭᠡᠨᠳᠠ ᠪᠠᠶᠢᠭᠤᠯᠵᠦ᠂ ᠮᠢᠩᠭᠠᠨ ᠨᠠᠰᠤᠲᠠᠨ ᠳᠤ 89 ᠣᠷᠣ ᠨᠤᠭᠳᠠᠬᠤ

ᠪᠠᠷᠢᠮᠵᠢᠶ᠎ᠠ ᠶᠢ ᠪᠡᠶᠡᠯᠡᠭᠦᠯᠵᠦ᠂ ᠤᠯᠤᠰ ᠤᠨ ᠳᠤᠮᠳᠠᠴᠢ ᠬᠢᠷᠢ ᠲᠦᠪᠰᠢᠨ ᠠᠴᠠ 2 ᠳᠠᠬᠢᠨ ᠢᠯᠡᠭᠦᠦ ᠥᠨᠳᠥᠷ ᠪᠣᠯᠵᠠᠶ ᠃

︽ᠡᠪᠡᠳᠴᠢᠯᠡᠪᠡᠯ ᠦᠵᠡᠭᠦᠯᠬᠦ ᠡᠮᠨᠡᠯᠭᠡ︾᠎ ᠲᠠᠢ ᠪᠠᠶᠢᠬᠤ ᠠᠵᠢᠯ ᠪᠠᠲᠤᠯᠠᠭ᠎ᠠ ᠲᠠᠢ ᠪᠣᠯᠵᠤ᠂ ᠥᠪᠡᠷᠲᠡᠭᠡᠨ ᠵᠠᠰᠠᠬᠤ ᠣᠷᠣᠨ ᠤ

ᠣᠨᠴᠠᠯᠢᠭᠲᠤ ᠭᠤᠣᠯᠳᠠᠯᠭ᠎ᠠ ᠲᠠᠢ ᠲᠤᠰᠬᠠᠢ ᠰᠠᠯᠠᠭ᠎ᠠ 1᠎ ᠶᠢ ᠪᠠᠶᠢᠭᠤᠯᠵᠦ᠂ ᠰᠢᠯᠢ ᠶᠢᠨ ᠭᠤᠣᠯ ᠠᠶᠢᠮᠠᠭ ᠤᠨ ᠵᠢᠷᠤᠬᠡᠨ

ᠬᠠᠳᠬᠤᠯᠭ᠎ᠠ ᠶᠢᠨ ᠡᠮᠴᠢᠯᠡᠭᠡᠨ ᠤ ᠲᠥᠪ ᠤᠨ ᠰᠠᠯᠪᠤᠷᠢ ᠲᠥᠪ ᠢ ᠪᠠᠶᠢᠭᠤᠯᠵᠤ᠂ ᠬᠤᠲᠠ ᠬᠥᠳᠡᠭᠡ ᠶᠢᠨ ᠰᠠᠭᠤᠭᠠᠯᠢ

ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 96%᠎ ᠳᠤ ᠬᠦᠷᠴᠦ᠂ ᠪᠦᠬᠦ

ᠠᠶᠢᠮᠠᠭ ᠤᠨ ᠳᠤᠮᠳᠠᠴᠢ ᠬᠡᠮᠵᠢᠶᠡᠨ ᠠᠴᠠ ᠳᠠᠪᠠᠪᠠ᠃ ︽ᠰᠠᠭᠤᠬᠤ ᠠᠴᠠ ᠭᠡᠷ ᠲᠠᠢ ᠪᠠᠶᠢᠬᠤ︾ ᠠᠵᠢᠯ ᠰᠢᠨ᠎ᠡ ᠠᠬᠢᠴᠠ ᠲᠠᠢ

ᠪᠠᠶᠢᠵᠤ᠂ ᠵᠢᠯ ᠤᠨ ᠳᠣᠳᠣᠷ᠎ᠠ 12 ᠬᠠᠭᠤᠴᠢᠨ ᠰᠠᠭᠤᠭᠠᠯᠢ ᠲᠣᠭᠤᠷᠢᠭ᠂ 52 ᠢᠵᠢ ᠨᠡᠶᠢᠳᠡ ᠶᠢᠨ ᠲᠦᠷᠢᠶᠡᠰᠦᠨ ᠭᠡᠷ ᠢ

ᠬᠤᠪᠢᠳᠠᠵᠤ᠂12 ᠡᠷᠦᠬᠡ ᠶᠢᠨ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ 4825 ᠡᠷᠦᠭᠡ ᠶᠢᠨ ᠲᠣᠭᠳᠠᠮᠠᠯ

ᠬᠥᠷᠥᠩᠭᠡ ᠶᠢ ᠳᠠᠩᠰᠠᠯᠠᠨ ᠦᠨᠡᠮᠯᠡᠯ ᠪᠦᠷᠢᠳᠭᠡᠭᠦ ᠦᠯᠡᠳᠡᠭᠳᠡᠯ ᠠᠵᠢᠯ ᠢ ᠲᠠᠭᠤᠰᠬᠠᠨ᠂ ︽ᠬᠡᠷ ᠪᠠᠶᠢᠰᠢᠩ ᠭᠠᠵᠠᠷ ᠰᠢᠷᠣᠶ ᠶᠢ

ᠨᠢᠭᠡ ᠴᠣᠭᠴᠠᠵᠢᠭᠤᠯᠬᠤ︾ ᠣᠷᠣᠨ ᠰᠠᠭᠤᠴᠠ ᠶᠢᠨ ᠳᠡᠩᠰᠡᠯᠡᠯᠲᠡ ᠶᠢ 1.22 ᠲᠥᠮᠡᠨ ᠬᠤᠪᠢ ᠪᠡᠶᠡᠯᠡᠭᠦᠯᠵᠦ᠂

ᠬᠠᠮᠲᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠳᠡᠩᠰᠡᠯᠡᠯᠲᠡ ᠶᠢ 95 ᠬᠤᠪᠢ ᠪᠡᠶᠡᠯᠡᠭᠦᠯᠪᠡ᠃

ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯ ᠲᠣᠪᠤᠶᠢᠮ᠎ᠠ ᠦᠷ᠎ᠡ ᠪᠦᠲᠦᠮᠵᠢ ᠣᠯᠵᠤ᠂ ᠶᠤᠸᠠᠨ ᠤ ᠳᠡᠭᠡᠳᠦ

ᠨᠡᠶᠢᠰᠯᠡᠯ ᠤᠨ ᠬᠠᠭᠠᠨ ᠣᠷᠳᠣᠨ ᠤ ᠴᠠᠭᠠᠨ ᠢᠳᠡᠭᠡᠨ ᠤ ᠰᠣᠶᠣᠯ ᠤᠨ ᠨᠠᠶᠢᠷ ᠵᠢᠴᠢ ᠪᠥᠬᠡ ᠶᠢᠨ ᠴᠤᠯᠠ ᠣᠯᠭᠤᠬᠤ ᠨᠠᠶᠢᠷ᠂

ᠶᠤᠸᠠᠨ ᠤ ᠳᠡᠭᠡᠳᠦ ᠨᠡᠶᠢᠰᠯᠡᠯ ᠤᠨ ᠭᠦᠶᠦᠭᠴᠢ ᠤᠷᠤᠯᠳᠤᠭᠠᠨ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ ᠠᠮᠵᠢᠯᠲᠠ ᠲᠠᠢ

ᠡᠷᠭᠢᠯᠡᠪᠡ᠃ ︽ᠭᠤᠷᠪᠠᠨ ᠣᠷᠳᠣᠨ ᠨᠢᠭᠡ ᠥᠷᠲᠡᠭᠡ︾᠎ ᠶᠢᠨ ᠪᠦᠷᠬᠦᠴᠡ ᠶᠢᠨ ᠨᠣᠷᠮ᠎ᠠ ᠶᠢ 100 %᠎ ᠳᠤ ᠬᠦᠷᠭᠡᠵᠦ᠂

ᠷᠠᠳᠢᠣ᠋ ᠲᠧᠯᠸᠢᠰ ᠤᠨ ᠨᠡᠪᠲᠡᠷᠡᠭᠦᠯᠭᠡ ᠶᠢᠨ ᠪᠦᠷᠬᠦᠴᠡ ᠶᠢᠨ ᠨᠣᠷᠮ᠎ᠠ ᠶᠢ 98 .7 %᠎ ᠳᠤ ᠬᠦᠷᠭᠡᠪᠡ᠃

︵ᠶᠢᠰᠦ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠦᠢᠯᠡᠴᠢᠯᠡᠭᠡᠨ ᠤ ᠴᠢᠳᠠᠪᠬᠢ ᠶᠢ

ᠳᠡᠭᠡᠭᠰᠢᠯᠡᠬᠦᠯᠪᠡ᠃

ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ

ᠪᠠᠶᠢᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠵᠤ᠂ ᠨᠠᠮ ᠤᠨ ᠰᠤᠷᠲᠠᠯ

ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠥᠷᠨᠢᠭᠦᠯᠪᠡ᠃ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ

ᠠᠷᠠᠳᠴᠢᠯᠠᠯᠳᠣ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠠᠮ ᠪᠥᠯᠥᠭ ᠤᠨ ᠪᠤᠰᠣ ᠪᠠ ᠦᠢᠯᠡᠳᠪᠦᠷᠢ

ᠬᠤᠳᠠᠯᠳᠤᠭᠠᠨ ᠤ ᠬᠤᠯᠪᠤᠭᠠᠨ ᠤ ᠬᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ

ᠰᠠᠨᠠᠯ ᠰᠠᠨᠠᠭᠤᠯᠭ᠎ᠠ ᠶᠢ 107 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ

105 ᠬᠤᠪᠢ ᠭᠦᠢᠴᠡᠳᠬᠡᠪᠡ᠃ ᠡᠳ᠋ ᠤᠨ ᠵᠠᠰᠠᠭ ᠤᠨ ᠡᠷᠭᠢᠯᠲᠡ ᠲᠣᠭᠲᠠᠭᠤᠨ ᠪᠥᠭᠡᠳ ᠡᠮᠬᠢ ᠴᠡᠭᠴᠡ ᠲᠠᠢ ᠪᠠᠶᠢᠵᠦ᠂

ᠤᠶᠢᠷ᠎ᠠ ᠶᠢᠨ ᠬᠡᠳᠦᠨ ᠵᠢᠯ ᠳᠤ ᠡᠳ᠋ ᠤᠨ ᠵᠠᠰᠠᠭ ᠤᠨ ᠲᠥᠰᠥᠪ ᠢ ᠬᠠᠮᠤᠭ ᠰᠠᠶᠢᠨ ᠬᠡᠷᠡᠭᠵᠢᠭᠦᠯᠦᠭᠰᠡᠨ ᠨᠢᠭᠡ ᠵᠢᠯ ᠪᠣᠯᠣᠨ᠎ᠠ᠃

ᠳᠡᠭᠡᠳᠦ ᠱᠠᠲᠤᠨ ᠤ ᠨᠥᠬᠦᠪᠥᠷᠢ᠂ ᠡᠯ᠎ᠡ ᠲᠥᠷᠥᠯ ᠤᠨ ᠵᠢᠭᠡᠯᠡᠯᠭᠡ ᠶᠢᠨ ᠲᠡᠮᠳᠡᠭᠳᠦ ᠶᠢᠨ ᠪᠡᠯᠡ ᠮᠥᠩᠭᠦ ᠶᠢ 5.55

ᠳ᠋ᠦᠩᠰᠢᠭᠤᠷ ᠲᠥᠭᠦᠷᠢᠭ ᠵᠢᠴᠢ ᠢᠷᠡᠬᠦ ᠭᠤᠷᠪᠠᠨ ᠵᠢᠯ ᠳᠤ 4.6 ᠳ᠋ᠦᠩᠰᠢᠭᠤᠷ ᠲᠥᠭᠦᠷᠢᠭ ᠤᠨ ︽ᠬᠠᠰᠤᠵᠤ ᠬᠡᠯᠲᠦᠷᠢᠭᠦᠯᠬᠦ

ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠶᠢᠨ ᠪᠡᠯᠡ ᠮᠦᠩᠬᠦ ᠶᠢ ᠡᠷᠡᠮᠡᠯᠵᠡᠯᠡᠨ ᠣᠯᠪᠠ᠃ ᠳᠣᠲᠣᠭᠠᠳᠤ ᠶᠢ ᠬᠠᠮᠠᠭᠠᠯᠠᠬᠤ

ᠰᠢᠰᠲ᠋ᠧᠮ ᠤᠨ ᠦᠨᠳᠦᠰᠦᠨ ᠱᠠᠲᠤᠨ ᠤ ᠠᠵᠢᠯ ᠴᠢᠨᠠᠷᠯᠢᠭ ᠬᠥᠭᠵᠢᠯᠳᠡ ᠶᠢ ᠪᠡᠶᠡᠯᠡᠭᠦᠯᠵᠦ᠂ ᠬᠠᠷ᠎ᠠ ᠪᠦᠯᠦᠭᠲᠡᠨ ᠬᠠᠷᠭᠢᠰ

ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠭᠦᠯᠵᠢᠯᠡᠨ ᠭᠦᠨᠵᠡᠭᠡᠢ ᠥᠷᠨᠢᠭᠦᠯᠪᠡ᠃ ᠵᠠᠬᠢᠳᠠᠯ ᠰᠤᠷᠪᠤᠯᠵᠢᠯᠠᠭ᠎ᠠ᠂

ᠳᠣᠭᠲᠠᠭᠤᠨ ᠢ ᠪᠠᠲᠤᠯᠠᠬᠤ ᠠᠵᠢᠯ ᠢ ᠯᠠᠪᠳᠠᠭᠤᠨ ᠪᠠᠳᠣᠳᠠᠢ ᠠᠬᠢᠭᠤᠯᠵᠦ᠂ ᠵᠢᠯ ᠤᠨ ᠵᠠᠬᠢᠳᠠᠯ ᠰᠤᠷᠪᠤᠯᠵᠢᠯᠠᠭ᠎ᠠ 22%᠎ ᠢᠶᠠᠷ

ᠪᠠᠭᠤᠷᠠᠪᠠ᠃ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠴᠢᠳᠠᠪᠬᠢ ᠶᠢ

ᠦᠷᠭᠦᠯᠵᠢᠯᠡᠨ ᠳᠡᠭᠡᠭᠰᠢᠯᠡᠬᠦᠯᠵᠦ᠂ ᠢᠳᠡᠭᠡᠨ ᠣᠮᠳᠠᠭᠠᠨ᠂ ᠡᠮ ᠤᠨ ᠵᠦᠢᠯᠡᠰ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ

ᠲᠠᠰᠤᠷᠠᠯᠲᠠ ᠥᠬᠡᠢ ᠳᠦᠷᠢᠮᠵᠢᠭᠦᠯᠦᠨ᠂ ᠪᠥᠬᠦ ᠵᠢᠯ ᠳᠤ ᠣᠨᠴᠠ ᠶᠡᠭᠡ ᠬᠡᠷᠡᠭ ᠡᠭᠦᠰᠦᠭᠰᠡᠨ ᠥᠬᠡᠢ᠃ ᠬᠠᠤᠯᠢ ᠶᠢ

ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠬᠦᠯᠵᠦ᠂ ᠬᠠᠤᠯᠢ ᠪᠠᠷ ᠬᠤᠰᠢᠭᠤ ᠪᠠᠨ ᠵᠠᠰᠠᠬᠤ

ᠠᠬᠢᠴᠠ ᠶᠢ ᠲᠠᠰᠤᠷᠠᠯᠲᠠ ᠦᠭᠡᠢ ᠲᠦᠷᠭᠡᠳᠬᠡᠪᠡ᠃ ᠬᠥᠳᠡᠯᠮᠦᠷᠢ ᠶᠢᠨ ᠪᠠᠲᠤᠯᠠᠭ᠎ᠠ ᠶᠢ ᠬᠢᠨᠠᠨ ᠪᠠᠶᠢᠴᠠᠭᠠᠬᠤ

ᠲᠣᠭᠲᠠᠯᠴᠠᠭ᠎ᠠ ᠶᠢ ᠤᠯᠠᠮ ᠲᠡᠭᠦᠯᠳᠡᠷᠵᠢᠭᠦᠯᠵᠦ᠂ ᠪᠥᠬᠦ ᠵᠢᠯ ᠳᠤ ᠢᠯᠡᠴᠢᠯᠡᠨ ᠵᠠᠭᠠᠯᠳᠤᠭᠰᠠᠨ 17 ᠬᠡᠷᠡᠭ ᠢ ᠭᠥᠯᠢᠶᠡᠨ

ᠰᠢᠶᠳᠪᠦᠷᠢᠯᠡᠵᠦ᠂ 133 ᠮᠠᠯᠴᠢᠨ ᠲᠠᠷᠢᠶᠠᠴᠢᠨ ᠬᠦᠯᠦᠰᠦᠨ ᠠᠵᠢᠯᠳᠠᠳ ᠤᠨ 135 . 87 ᠲᠦᠮᠡᠨ ᠲᠥᠭᠦᠷᠢᠭ ᠤᠨ

ᠬᠦᠯᠦᠰᠦ ᠣᠯᠭᠤᠮᠵᠢ ᠲᠠᠢ ᠬᠤᠯᠪᠤᠭᠳᠠᠵᠤ᠂ ᠬᠡᠷᠡᠭ ᠭᠦᠢᠴᠡᠳᠬᠡᠭᠰᠡᠨ ᠨᠣᠷᠮ᠎ᠠ 100%᠎ ᠳᠤ ᠬᠥᠷᠪᠡ᠃ ᠲᠤᠭ᠎ᠠ

ᠪᠦᠷᠢᠳᠬᠡᠯ ᠤᠨ ᠠᠵᠢᠯ ᠳᠣᠪᠣᠶᠢᠮ᠎ᠠ ᠦᠷ᠎ᠡ ᠪᠦᠲᠦᠮᠵᠢ ᠣᠯᠵᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ

ᠠᠮᠠ ᠶᠢᠨ ᠨᠡᠶᠢᠳᠡᠮ ᠪᠠᠶᠢᠴᠠᠭᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠷᠠᠳ ᠤᠨ ᠵᠡᠪᠰᠡᠭᠲᠦ ᠬᠦᠴᠦᠨ᠂

ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯ ᠢ ᠯᠠᠪᠳᠠᠭᠤᠨ

ᠪᠠᠲᠤᠲᠠᠢ ᠥᠷᠨᠢᠭᠦᠯᠵᠦ᠂ ᠭᠠᠵᠠᠷ ᠬᠥᠳᠡᠯᠦᠯᠲᠡ ᠴᠠᠭ ᠠᠭᠤᠷ᠂ ᠳᠠᠩᠰᠠ ᠡᠪᠬᠡᠮᠡᠯ ᠲᠡᠦᠬᠡ ᠤᠶᠢᠯᠠᠯᠠᠭ᠎ᠠ᠂ ᠭᠠᠵᠠᠷ

ᠰᠢᠷᠣᠢ ᠶᠢᠨ ᠬᠠᠮᠢᠶᠠᠷᠤᠯᠲᠠ᠂ ᠲᠠᠯ᠎ᠠ ᠨᠤᠲᠤᠭ ᠣᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠤᠯᠠᠮ

ᠴᠢᠩᠭᠠᠳᠬᠠᠪᠠ᠃ ᠤᠯᠠᠭᠠᠨ ᠵᠠᠯᠠᠮᠠᠭᠠᠶᠢᠳᠠᠨ ᠤ ᠨᠡᠶᠢᠭᠡᠮᠯᠢᠭ᠂ ᠡᠬᠡ ᠨᠢᠯᠬᠠᠰ᠂ ᠨᠠᠰᠤᠲᠠᠶᠢᠴᠤᠤᠯ ᠪᠣᠯᠣᠨ ᠵᠡᠮᠳᠡᠭᠴᠦᠳ ᠤᠨ

ᠠᠵᠢᠯ ᠦᠢᠯᠡᠰ ᠰᠢᠨ᠎ᠡ ᠠᠬᠢᠴᠠ ᠲᠠᠢ ᠪᠣᠯᠪᠠ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠦᠢᠯᠡᠰ ᠤᠨ ᠰᠢᠨ᠎ᠡ

ᠣᠷᠴᠢᠨ ᠢ ᠡᠭᠦᠳᠴᠦ ᠂ ᠱᠠᠰᠢᠨ ᠰᠤᠷᠲᠠᠬᠤᠨ ᠤ ᠬᠦᠷᠢᠶ᠎ᠡ ᠴᠠᠷ᠎ᠠ ᠡᠶ᠎ᠡ ᠵᠣᠬᠢᠴᠠᠩᠭᠤᠢ ᠪᠠᠶᠢᠨ᠎ᠠ᠃ ︽ᠭᠤᠷᠪᠠᠨ ᠴᠢᠬᠤᠯᠠ

ᠨᠢᠭᠡ ᠶᠡᠭᠡ︾ ᠵᠦᠢᠯ ᠳᠤ ᠬᠠᠮᠲᠤ ᠪᠠᠷ ᠰᠢᠢᠳᠪᠦᠷᠢ ᠭᠠᠷᠭᠠᠬᠤ᠂ ᠵᠠᠰᠠᠭ ᠤᠨ ᠣᠷᠳᠣᠨ ᠤ ᠬᠡᠷᠡᠭ ᠵᠥᠪᠯᠡᠬᠦ ᠳᠦᠷᠢᠮ᠂

ᠨᠠᠷᠢᠯᠢᠭᠵᠢᠭᠰᠠᠨ ᠬᠠᠮᠢᠶᠠᠷᠣᠯᠳᠠ᠂ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠳᠦᠷᠢᠮ ᠢ ᠪᠥᠷᠢᠡᠰᠢᠭᠦᠯᠵᠥ᠂

ᠬᠢᠨᠠᠨ ᠪᠠᠶᠢᠴᠠᠭᠠᠬᠤ᠂ ᠬᠢᠨᠠᠨ ᠪᠣᠳᠣᠬᠤ ᠬᠦᠴᠦᠯᠡᠴᠡ ᠪᠠ ᠲᠤᠰᠬᠠᠢ ᠲᠥᠷᠥᠯ ᠤᠨ ᠱᠠᠭᠠᠷᠳᠠᠨ ᠪᠠᠢᠴᠠᠭᠠᠯᠲᠠ ᠶᠢ

ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠶᠢ ᠢᠯᠡᠳᠲᠡ ᠴᠢᠩᠭᠠᠳᠬᠠᠵᠤ᠂ ᠵᠠᠰᠠᠭ ᠤᠨ

ᠣᠷᠳᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠳᠠᠪᠤᠷᠢ ᠪᠠ ᠦᠷ᠎ᠡ ᠪᠦᠲᠦᠮᠵᠢ ᠶᠢ ᠪᠦᠲᠦᠮᠵᠢᠲᠡᠢ

ᠳᠡᠭᠡᠭᠰᠢᠯᠡᠭᠦᠯᠪᠡ᠃

ᠲᠥᠯᠥᠭᠡᠯᠡᠭᠴᠢᠳ ᠡ᠂ 2020 ᠣᠨ ᠤ ᠭᠤᠣᠯ ᠬᠠᠷᠠᠯᠲᠠ ᠶᠢ ᠢᠯᠭᠤᠮ ᠤᠷᠤᠭᠰᠢᠲᠠᠢ ᠪᠡᠶᠡᠯᠡᠭᠦᠯᠦᠭᠰᠡᠨ ᠨᠢ ︽ᠠᠷᠪᠠᠨ

ᠭᠤᠷᠪᠠᠳᠤᠭᠠᠷ ᠲᠠᠪᠤᠨ ᠵᠢᠯ︾᠎ ᠤᠨ ᠲᠥᠯᠥᠪᠯᠡᠭᠡ ᠠᠮᠵᠢᠯᠲᠠ ᠲᠠᠢ ᠪᠣᠯᠣᠭᠰᠠᠨ ᠢ ᠬᠠᠷᠠᠭᠤᠯᠵᠤ ᠪᠣᠢ᠃ ᠲᠠᠪᠤᠨ ᠵᠢᠯ ᠤᠨ

ᠲᠤᠷᠰᠢ᠂ ᠪᠢᠳᠠ ᠰᠢᠨ᠎ᠡ ᠬᠥᠭᠵᠢᠯᠲᠡ ᠶᠢᠨ  ᠦᠵᠡᠯᠲᠡ ᠶᠢ ᠭᠤᠶᠢᠪᠢᠰᠢ ᠦᠭᠡᠢ ᠲᠣᠣᠱᠯᠠᠭᠤᠯᠵᠤ᠂ ᠬᠥᠭᠵᠢᠯᠲᠡ ᠶᠢᠨ

ᠰᠡᠳᠬᠢᠴᠡ ᠪᠠᠨ ᠰᠢᠨᠡᠳᠬᠡᠵᠦ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠤᠭᠰᠠᠨ ᠠᠴᠠ ᠬᠥᠭᠵᠢᠯᠲᠡ ᠶᠢᠨ ᠶᠠᠰᠤ

ᠴᠢᠨᠠᠷ ᠪᠠ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ᠃ ᠪᠦᠬᠦ ᠬᠤᠰᠢᠭᠤᠨ ᠤ ᠣᠷᠣᠨ ᠨᠤᠳᠤᠭ ᠤᠨ

ᠦᠢᠯᠡᠳᠪᠦᠷᠢᠯᠡᠯ ᠤᠨ ᠶᠡᠷᠦᠩᠬᠡᠢ ᠥᠷᠲᠡᠭ 54.4 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠪᠦᠷᠢ ᠳᠤᠮᠳᠠᠴᠢ ᠪᠠᠷ 1.

5%᠎ ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠤᠯᠠᠮ ᠰᠢᠯᠢᠳᠡᠭᠵᠢᠵᠦ᠂ ︽ᠠᠷᠪᠠᠨ ᠬᠤᠶᠠᠳᠤᠭᠠᠷ

ᠲᠠᠪᠤᠨ ᠵᠢᠯ︾᠎ ᠤᠨ ᠡᠴᠦᠰ ᠲᠠᠬᠢ 13᠄ 60.7᠄ 26.3  ᠪᠠᠶᠢᠭᠰᠠᠨ ᠠᠴᠠ ᠪᠠᠨ 16.3᠄ 48.2᠄ 35.3 ᠪᠤᠯᠵᠦ

ᠬᠤᠪᠢᠷᠠᠪᠠ᠃ ᠣᠯᠠᠨ ᠨᠡᠶᠢᠳᠡ ᠶᠢᠨ ᠲᠥᠰᠥᠪ ᠤᠨ ᠣᠷᠣᠯᠭ᠎ᠠ ᠨᠡᠶᠢᠳᠠ 19 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃

ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠶᠢᠲᠡ 140.7 ᠳ᠋ᠦᠩᠰᠢᠭᠤᠷ ᠲᠥᠭᠦᠷᠢᠭ ᠢ

ᠪᠡᠶᠡᠯᠡᠭᠦᠯᠵᠡᠢ᠃ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠲᠤᠭ᠎ᠠ ᠪᠦᠷᠢᠳᠬᠡᠯ 99.96%᠎ ᠳᠤ

ᠬᠦᠷᠴᠦ᠂ ᠳᠣᠭᠲᠠᠭᠰᠠᠨ ᠲᠥᠯᠥᠪᠯᠡᠭᠡ ᠪᠠᠨ ᠣᠬᠢ ᠰᠠᠶᠢᠨ ᠪᠡᠶᠡᠯᠡᠭᠦᠯᠵᠦ᠂ ᠲᠠᠪᠤᠨ ᠵᠢᠯ ᠤᠨ ᠲᠥᠯᠥᠪᠯᠡᠭᠡᠨ ᠤ ᠬᠠᠷᠠᠯᠳᠠ

ᠡᠭᠦᠷᠭᠡ ᠪᠠᠨ ᠠᠮᠵᠢᠯᠲᠠ ᠲᠠᠢ ᠪᠡᠶᠡᠯᠡᠭᠦᠯᠪᠡ᠃

ᠠᠮᠢ ᠠᠬᠤᠶ ᠶᠢ ᠲᠡᠷᠢᠭᠦᠨ ᠳᠤ ᠲᠠᠯᠪᠢᠬᠤ ᠠᠵᠢᠯ ᠳᠣᠪᠣᠶᠢᠮ᠎ᠠ ᠠᠮᠵᠢᠯᠲᠠ ᠣᠯᠪᠠ᠃ ᠲᠠᠯ᠎ᠠ ᠨᠤᠲᠤᠭ ᠤᠨ ᠠᠮᠢ ᠠᠬᠤᠢ ᠶᠢᠨ

ᠣᠷᠴᠢᠨ ᠲᠣᠭᠤᠷᠢᠨ ᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠳᠣᠪᠣᠶᠢᠮ᠎ᠠ ᠦᠷ᠎ᠡ ᠪᠦᠲᠦᠮᠵᠢ ᠣᠯᠵᠤ᠂ ᠬᠤᠯᠠᠨ ᠰᠢᠷᠭ᠎ᠠ

ᠲᠠᠭ᠎ᠠ ᠶᠢᠨ ᠮᠠᠩᠬᠠᠨ ᠭᠠᠵᠠᠷ ᠤᠨ ᠬᠦᠨᠳᠦ ᠨᠣᠴᠢᠳᠠᠢ ᠡᠪᠳᠡᠭᠳᠡᠭᠰᠡᠨ ᠭᠠᠵᠠᠷ ᠢ ᠪᠦᠲᠦᠮᠵᠢᠲᠡᠢ ᠵᠠᠰᠠᠵᠤ᠂ ᠲᠠᠯ᠎ᠠ ᠨᠤᠲᠤᠭ

᠎ ᠤᠨ ᠳᠤᠮᠳᠠᠴᠢ ᠤᠷᠭᠤᠮᠠᠯ ᠬᠤᠴᠢᠯᠭ᠎ᠠ ᠶᠢᠨ ᠪᠦᠷᠬᠦᠴᠡ 50 %᠎ ᠳᠤ ᠬᠦᠷᠴᠦ᠂ ᠣᠢ ᠰᠢᠭᠤᠢ ᠶᠢᠨ ᠪᠦᠷᠬᠦᠴᠡ 20 . 5

%᠎ ᠳᠤ ᠬᠦᠷᠴᠦ᠂ ᠬᠠᠶᠠᠭᠳᠠᠭᠰᠠᠨ ᠠᠭᠤᠷᠬᠠᠢ ᠶᠢ ᠪᠦᠬᠦᠨ ᠢ ᠵᠠᠰᠠᠵᠤ᠂ ᠭᠤᠣᠯ ᠤᠨ ᠳᠠᠷᠤᠭ᠎ᠠ ᠶᠢᠨ ᠳᠥᠷᠢᠮ ᠢ ᠪᠦᠬᠦ

ᠲᠠᠯ᠎ᠠ ᠪᠠᠷ ᠨᠠᠶᠢᠳᠠᠪᠤᠷᠢᠵᠢᠭᠤᠯᠵᠤ᠂ ᠱᠠᠩᠳᠣ ᠶᠢᠨ ᠭᠤᠣᠯ ᠤᠨ ᠣᠯᠣᠰ ᠤᠨ ᠨᠤᠭᠤ ᠭᠠᠵᠠᠷ ᠤᠨ ᠴᠡᠴᠡᠷᠯᠢᠭ ᠢ ᠠᠮᠵᠢᠯᠲᠠ ᠲᠠᠢ

ᠡᠷᠡᠮᠡᠯᠵᠡᠯᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠴᠢᠳᠠᠪᠤᠷᠢ ᠲᠠᠰᠤᠷᠠᠯᠲᠠ ᠥᠬᠡᠶ ᠴᠢᠩᠭᠠᠷᠠᠵᠤ᠂ ᠱᠠᠩᠳᠤ ᠴᠠᠬᠢᠯᠭᠠᠨ

ᠦᠶᠯᠡᠳᠪᠦᠷᠢ ᠶᠢᠨ 6 ᠰᠠᠤᠷᠢ ᠮᠠᠰᠢᠨ ᠴᠣᠭᠴᠠᠯᠠᠪᠤᠷᠢ ᠶᠢᠨ ᠪᠤᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ

ᠥᠭᠡᠷᠡᠴᠢᠯᠡᠯᠲᠡ ᠶᠢ ᠪᠡᠶᠡᠯᠡᠭᠦᠯᠪᠡ᠃ ᠪᠣᠬᠢᠷ ᠤᠰᠤ ᠰᠢᠢᠳᠪᠦᠷᠢᠯᠡᠬᠦ ᠦᠶᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ

ᠨᠣᠷᠮ᠎ᠠ ᠪᠠ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠨᠣᠷᠮ᠎ᠠ ᠴᠥᠮ 100 %᠎ ᠳᠤ ᠬᠦᠷᠴᠦ᠂ ᠴᠡᠪᠡᠷᠵᠢᠭᠰᠡᠨ

ᠤᠰᠤ ᠶᠢ ᠳᠠᠬᠢᠨ ᠠᠰᠢᠭᠯᠠᠬᠤ ᠨᠣᠷᠮ᠎ᠠ 52 %᠎ ᠲᠤ ᠬᠦᠷᠪᠡ᠃ ᠲᠥᠪ ᠪᠠ ᠥᠪᠡᠷᠳᠡᠭᠡᠨ ᠵᠠᠰᠠᠬᠤ ᠣᠷᠣᠨ ᠤ ᠣᠷᠴᠢᠨ

ᠲᠣᠭᠤᠷᠢᠨ ᠤ ᠪᠣᠬᠢᠷᠲᠤᠯ ᠢ ᠵᠠᠰᠠᠬᠤ ᠠᠰᠠᠭᠤᠳᠠᠯ ᠢ ᠪᠦᠬᠦ ᠲᠠᠯ᠎ᠠ ᠪᠠᠷ ᠳᠠᠭᠤᠰᠬᠠᠵᠤ᠂ ᠬᠥᠬᠡ ᠣᠭᠲᠠᠷᠭᠤᠢ ᠬᠥᠬᠡᠮᠳᠦᠭ

ᠤᠰᠤᠨ ᠤ ᠬᠠᠷᠠᠯᠲᠠ ᠶᠢ ᠪᠡᠶᠡᠯᠡᠭᠦᠯᠪᠡ᠃ ᠲᠠᠪᠤᠨ ᠵᠢᠯ ᠤᠨ ᠳᠤᠷᠠᠰᠢᠬᠤᠢ ᠠᠵᠢᠯ ᠤᠨ ᠠᠮᠵᠢᠯᠲᠠ ᠪᠦᠳᠦᠮᠵᠢ ᠶᠢ ᠳᠤᠷᠠᠳᠪᠠᠯ

ᠠᠵᠤ ᠠᠬᠤᠢ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ

᠎ ᠤᠨ ᠪᠦᠲᠦᠴᠡ ᠶᠢ ᠤᠯᠠᠮ ᠰᠢᠯᠢᠳᠡᠭᠵᠢᠭᠦᠯᠦᠨ ᠲᠠᠰ ᠳᠡᠪᠰᠢᠭᠦᠯᠵᠦ᠂ ︽ᠬᠤᠨᠢ ᠶᠢ ᠴᠥᠬᠡᠳᠬᠡᠵᠦ ᠦᠬᠡᠷ ᠮᠠᠯᠵᠢᠬᠤ︾

ᠪᠠᠶᠢᠯᠳᠤᠬᠤ ᠪᠣᠳᠣᠯᠭ᠎ᠠ ᠳᠣᠪᠣᠶᠢᠮ᠎ᠠ ᠦᠷ᠎ᠡ ᠪᠦᠲᠦᠮᠵᠢ ᠣᠯᠵᠤ᠂ ︽ᠦᠷᠡᠵᠢᠭᠦᠯᠦᠨ ᠪᠣᠶᠢᠵᠢᠭᠤᠯᠬᠤ᠂ ᠪᠣᠶᠢᠵᠢᠭᠤᠯᠬᠤ᠂

ᠪᠣᠷᠳᠣᠬᠤ᠂ ᠡᠳ᠋ᠰᠢᠭᠦᠯᠬᠦ᠂ ᠪᠣᠷᠣᠯᠠᠭᠤᠯᠬᠤ︾᠎ ᠶᠢ ᠨᠢᠭᠡ ᠴᠣᠠᠠᠴᠠᠵᠢᠭᠤᠯᠥᠠᠠᠰᠠᠨ ᠰᠢᠯᠢᠳᠡᠭ ᠡᠭᠦᠯᠳᠡᠷ ᠤᠨ ᠮᠢᠬᠠᠨ ᠤ ᠦᠬᠡᠷ

᠎ ᠤᠨ ᠠᠵᠤ ᠦᠶᠯᠡᠰ ᠤᠨ ᠬᠡᠯᠬᠢᠶᠠᠵᠢᠯ ᠢ ᠠᠩᠬ᠎ᠠ ᠠᠯᠬᠤᠮ ᠪᠠᠶᠢᠭᠤᠯᠵᠤ᠂ ︽ᠠᠷᠪᠠᠨ ᠭᠤᠷᠪᠠᠳᠣᠭᠠᠷ ᠲᠠᠪᠤᠨ ᠵᠢᠯ︾᠎ ᠤᠨ

ᠲᠥᠯᠥᠪᠯᠡᠭᠡᠨ ᠤ ᠰᠡᠭᠦᠯᠴᠢ ᠶᠢᠨ ᠬᠤᠭᠤᠴᠠᠭᠠᠨ ᠤ ᠮᠠᠯ ᠠᠵᠤ ᠠᠬᠤᠶ ᠶᠢᠨ ᠵᠢᠯ ᠤᠨ ᠪᠥᠬᠦ ᠮᠠᠯ ᠤᠨ ᠲᠤᠭ᠎ᠠ ᠲᠣᠯᠣᠭᠠᠶ 61

. 6 ᠲᠦᠮᠡ ᠳᠤ ᠬᠦᠷᠴᠦ᠂ ᠪᠣᠳᠠ ᠪᠣᠭ ᠮᠠᠯ ᠤᠨ ᠬᠠᠷᠢᠴᠠᠯ ᠨᠢ ︽ᠠᠷᠪᠠᠨ ᠬᠤᠶᠠᠳᠣᠭᠠᠷ ᠲᠠᠪᠤᠨ ᠵᠢᠯ︾᠎ ᠤᠨ

ᠲᠥᠯᠥᠪᠯᠡᠭᠡᠨ ᠤ ᠰᠡᠭᠦᠯᠴᠢ ᠶᠢᠨ ᠬᠤᠭᠤᠴᠠᠭᠠᠨ ᠤ 36 . 7᠄ 63 . 3 ᠪᠠᠶᠢᠭᠰᠠᠨ ᠠᠴᠠ ᠪᠠᠨ 51 . 9᠄ 48 . 1

ᠪᠣᠯᠪᠠ᠃ ᠣᠷᠴᠢᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ᠂ ᠦᠷ᠎ᠡ ᠠᠰᠢᠭ ᠢ ᠳᠡᠭᠡᠭᠰᠢᠯᠡᠭᠦᠯᠵᠦ᠂ ︽ᠠᠷᠪᠠᠨ

ᠭᠤᠷᠪᠠᠳᠤᠭᠠᠷ ᠲᠠᠪᠤᠨ ᠵᠢᠯ︾᠎ ᠤᠨ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠬᠤ ᠡᠭᠦᠷᠭᠡ ᠶᠢ ᠳᠠᠪᠠᠭᠤᠯᠤᠨ

ᠪᠡᠶᠡᠯᠡᠭᠦᠯᠵᠦ᠂ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ 8 ᠠᠵᠤ ᠠᠬᠤᠶᠢᠯᠠᠯ ᠤᠨ ᠮᠠᠰᠢᠨ ᠴᠣᠭᠴᠠᠯᠠᠪᠤᠷᠢ ᠶᠢᠨ

ᠪᠠᠭᠲᠠᠭᠠᠮᠵᠢ ᠶᠢ 45 ᠲᠦᠮᠡᠨ ᠺᠢᠯᠣᠸᠠᠲ ᠲᠤ ᠬᠦᠷᠭᠡᠵᠦ᠂ ᠪᠦᠬᠦ ᠬᠤᠰᠢᠭᠤᠨ ᠤ ᠴᠠᠬᠢᠯᠭᠠᠨ ᠬᠦᠴᠦᠨ ᠤ ᠡᠨᠧᠷᠭᠢ ᠶᠢᠨ

ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 417 ᠲᠦᠮᠡᠨ ᠺᠢᠯᠣᠸᠠᠲ ᠲᠤ ᠬᠦᠷᠭᠡᠪᠡ᠃ ᠨᠤᠨᠲᠠᠭ ᠨᠡᠭᠦᠷᠡᠰᠦ᠂

ᠬᠦᠬᠦᠷ ᠥᠬᠡᠶᠢᠳᠡᠭᠦᠯᠦᠭᠰᠡᠨ ᠵᠤᠭᠠᠩ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠢᠯ ᠳᠤ 180 ᠲᠦᠮᠡᠨ ᠲᠣᠨ

ᠰᠢᠶᠳᠪᠦᠷᠢᠯᠡᠵᠦ᠂ ᠠᠰᠢᠭᠯᠠᠯᠲᠠ ᠶᠢᠨ ᠨᠣᠷᠮ᠎ᠠ ᠶᠢ 60 %᠎ ᠠᠴᠠ ᠳᠡᠭᠡᠭᠰᠢ ᠳᠤ ᠬᠦᠷᠪᠡ᠃ ᠰᠣᠶᠣᠯ ᠵᠢᠭᠤᠯᠴᠢᠯᠠᠯ ᠤᠨ

ᠦᠢᠯᠡᠰ ᠨᠢ ᠠᠷᠠᠳ ᠢ ᠪᠠᠶᠠᠵᠢᠭᠤᠯᠬᠤ ᠦᠢᠯᠡᠰ᠂ ᠪᠦᠬᠦ ᠣᠷᠣᠨ ᠪᠦᠰᠡ ᠶᠢᠨ ᠦᠢᠯᠡᠰ ᠪᠠ ᠳᠥᠷᠪᠡᠨ ᠤᠯᠠᠷᠢᠯ ᠤᠨ

ᠵᠢᠭᠤᠯᠴᠢᠯᠠᠯ ᠪᠣᠯᠭᠠᠨ ᠬᠥᠭᠵᠢᠭᠦᠯᠵᠦ᠂ ᠨᠡᠶᠢᠲᠡ 388 ᠲᠦᠮᠡᠨ ᠬᠥᠮᠦᠨ ᠤᠳᠠᠭᠠᠨ ᠤ ᠵᠢᠭᠤᠯᠴᠢᠨ ᠢ ᠬᠦᠯᠢᠶᠡᠨ ᠠᠪᠴᠤ᠂

26 . 83 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ᠃

ᠠᠷᠠᠳ ᠤᠨ ᠵᠣᠯ ᠵᠢᠷᠭᠠᠯᠳᠣ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠪᠡ᠃ ᠠᠷᠠᠳ ᠤᠨ ᠠᠮᠢᠳᠤᠷᠠᠯ ᠳᠠᠬᠢ ᠪᠡᠯᠡ

ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠦᠨ᠂ ᠣᠯᠠᠨ ᠲᠥᠮᠡᠨ ᠤ ᠠᠮᠢᠳᠤᠷᠠᠯ ᠤᠨ ᠬᠢᠷᠢ ᠲᠦᠪᠰᠢᠨ ᠢ

ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠳ᠋ ᠤᠨ ᠵᠠᠰᠠᠭ ᠤᠨ ᠵᠠᠷᠤᠯᠭ᠎ᠠ ᠳᠤ ᠡᠵᠡᠯᠡᠬᠦ ᠨᠤᠷᠮ᠎ᠠ ᠶᠢ

80 %᠎ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ 12 .

99 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ ᠤᠨ

ᠢᠯᠠᠯᠲᠠ ᠶᠢ ᠣᠯᠵᠤ᠂ ᠬᠤᠲᠠ ᠬᠥᠳᠡᠭᠡᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ

ᠪᠤᠯᠠᠬᠤᠶᠢᠴᠠ ᠣᠷᠣᠯᠭ᠎ᠠ ᠲᠣᠰ ᠲᠣᠰ 39544 ᠲᠥᠭᠦᠷᠢᠭ᠂ 21194 ᠲᠥᠭᠦᠷᠢᠭ ᠪᠠᠶᠢᠵᠤ᠂ ᠵᠢᠯ ᠳᠤ ᠳᠤᠮᠳᠠᠴᠢ ᠪᠠᠷ

5.7 % ᠪᠠ 9.2 %᠎ ᠪᠠᠷ ᠨᠡᠮᠡᠭᠳᠡᠪᠡ᠃ ᠦᠢᠯᠡᠰ ᠪᠣᠰᠬᠠᠵᠤ ᠠᠵᠢᠯ ᠣᠯᠭᠤᠬᠤ ᠲᠥᠷᠦ ᠶᠢᠨ ᠪᠣᠳᠣᠯᠭ᠎ᠠ ᠶᠢ ᠠᠯᠬᠤᠮ

ᠠᠯᠬᠤᠮ ᠢᠶᠠᠷ  ᠲᠡᠭᠦᠯᠳᠡᠷᠵᠢᠭᠦᠯᠵᠦ᠂23845 ᠠᠵᠢᠯ ᠤᠨ ᠪᠠᠶᠢᠷᠢ ᠭᠠᠷᠭᠠᠵᠤ᠂ 2798 ᠲᠥᠮᠡᠨ ᠲᠦᠭᠦᠷᠢᠭ ᠤᠨ

ᠦᠢᠯᠡᠰ ᠪᠣᠰᠬᠠᠬᠤ ᠵᠢᠭᠡᠯᠡᠯᠭᠡ ᠲᠠᠯᠪᠢᠵᠤ᠂ ᠬᠤᠲᠠ ᠪᠠᠯᠭᠠᠰᠤᠨ ᠤ 5600 ᠬᠥᠮᠦᠨ ᠳᠤ ᠰᠢᠨ᠎ᠡ ᠪᠠᠷ ᠠᠵᠢᠯ ᠣᠯᠭᠤᠵᠤ᠂

2 . 1 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ 4 ᠦᠢᠯᠡᠰ ᠪᠣᠰᠬᠠᠬᠤ ᠬᠦᠷᠢᠶᠡᠯᠡᠩ ᠢ

ᠪᠠᠶᠢᠭᠤᠯᠵᠤ᠂ 295 ᠦᠢᠯᠡᠰ ᠪᠣᠰᠬᠠᠬᠤ ᠡᠷᠦᠬᠡ᠂ 1856 ᠬᠥᠮᠦᠨ ᠳᠤ ᠠᠵᠢᠯ ᠣᠯᠭᠤᠪᠠ᠃ ᠤᠯᠤᠰ ᠤᠨ

ᠭᠤᠷᠪᠠᠳᠤᠭᠠᠷ ᠪᠦᠯᠦᠭ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠲᠠᠢ ᠤᠶᠠᠯᠳᠤᠭᠤᠯᠤᠨ ᠮᠠᠯᠴᠢᠨ ᠲᠠᠷᠢᠶᠠᠴᠢᠨ

ᠬᠥᠯᠥᠰᠦᠨ ᠠᠵᠢᠯᠳᠠᠨ ᠤ ᠨᠤᠲᠤᠭ ᠲᠠᠭᠠᠨ ᠪᠤᠴᠠᠵᠤ ᠠᠳᠠᠯ ᠦᠶᠯᠡᠰ ᠴᠣᠭᠴᠠᠯᠠᠬᠤ ᠶᠢ ᠳᠡᠮᠵᠢᠬᠦ ᠲᠤᠷᠰᠢᠯᠲᠠ ᠶᠢᠨ ᠴᠢᠭ

᠎ ᠤᠨ ᠭᠠᠵᠠᠷ ᠣᠷᠣᠨ ᠳᠤ ᠠᠮᠵᠢᠯᠲᠠ ᠲᠠᠢ ᠵᠢᠭᠰᠠᠭᠠᠭᠳᠠᠪᠠ᠃ ᠬᠤᠲᠠ ᠬᠥᠳᠡᠭᠡᠨ ᠤ ᠨᠡᠶᠢᠭᠡᠮ ᠤᠨ ᠠᠪᠤᠷᠠᠨ ᠲᠤᠰᠠᠯᠠᠬᠤ

ᠰᠢᠰᠲ᠋ᠧᠮ ᠢ ᠨᠠᠩ ᠲᠡᠭᠦᠯᠳᠡᠷᠵᠢᠭᠦᠯᠵᠦ᠂ ᠠᠮᠢᠳᠣᠯᠢᠭ ᠬᠠᠮᠢᠶᠠᠷᠤᠯᠲᠠ ᠪᠠᠷ ᠬᠤᠲᠠ ᠬᠥᠳᠡᠭᠡᠨ ᠤ ᠳᠣᠣᠷ᠎ᠠ ᠪᠠᠲᠤᠯᠠᠭᠠᠳᠣ

ᠡᠷᠥᠬᠡ ᠶᠢᠨ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠬᠤᠳᠠ ᠬᠥᠳᠡᠭᠡᠨ ᠤ ᠰᠠᠭᠤᠭᠠᠯᠢ ᠠᠷᠠᠳ ᠢ

ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠳᠣᠭᠳᠠᠯᠴᠠᠭ᠎ᠠ ᠶᠢ ᠦᠨᠳᠦᠰᠦᠨ ᠎ ᠳᠡᠭᠡᠨ ᠪᠠᠶᠢᠭᠤᠯᠵᠤ᠂ ᠨᠠᠰᠤᠵᠢᠯ᠂

ᠡᠮᠴᠢᠯᠡᠭᠡ᠂ ᠠᠵᠢᠯ ᠠᠴᠠ ᠪᠣᠯᠤᠭᠰᠠᠨ ᠭᠡᠮᠲᠦᠯ᠂ ᠬᠥᠩᠭᠡᠵᠢᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ

ᠥᠬᠡᠶ ᠥᠷᠭᠡᠳᠬᠡᠨ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠦᠨᠳᠦᠰᠦᠨ

ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ ᠴᠥᠮ  96 %᠎ ᠳᠤ ᠬᠦᠷᠭᠡᠵᠦ᠂ ᠪᠠᠲᠤᠯᠠᠪᠠᠰᠤ ᠵᠣᠬᠢᠬᠤ ᠶᠢ

᠎ ᠨᠢ ᠪᠦᠬᠦᠨ ᠢ ᠪᠠᠲᠤᠯᠠᠬᠤ᠂ ᠣᠨᠳᠣᠤ ᠭᠠᠵᠠᠷ ᠲᠤ ᠡᠮᠨᠡᠭᠦᠯᠦᠭᠰᠡᠨ ᠰᠦᠢᠳᠬᠡᠯ ᠢ ᠰᠢᠭᠤᠳ ᠴᠠᠶᠢᠷᠠᠭᠤᠯᠬᠤ ᠬᠠᠷᠠᠯᠲᠠ ᠶᠢ

ᠦᠨᠳᠦᠰᠦᠨ ᠳᠡᠭᠡᠨ ᠪᠡᠶᠡᠯᠡᠭᠦᠯᠪᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠲᠣᠭᠲᠠᠭᠤᠨ ᠢᠶᠠᠷ

ᠳᠡᠭᠡᠭᠰᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂

ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠲᠡᠩᠴᠡᠭᠦᠷᠢᠲᠡᠢ ᠬᠥᠭᠵᠢᠵᠦ᠂ ᠰᠤᠷᠬᠤ ᠨᠠᠰᠤᠨ ᠤ

ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠭᠰᠡᠨ ᠨᠣᠷᠮ᠎ᠠ 100 %᠎ ᠳᠤ ᠬᠦᠷᠴᠦ᠂ ᠥᠨᠳᠥᠷ ᠵᠡᠷᠭᠡ

᠎ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠭᠰᠠᠨ ᠨᠣᠷᠮ᠎ᠠ 95 . 98 %᠎ ᠳᠤ ᠬᠦᠷᠴᠦ᠂

10 . 5 %᠎ ᠪᠠᠷ ᠨᠡᠮᠡᠭᠳᠡᠨ᠂ ᠪᠦᠬᠦ ᠠᠶᠢᠮᠠᠭ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠡᠷᠢᠭᠦᠨ ᠤ ᠰᠤᠷᠭᠠᠭᠤᠯᠢ

3᠎ ᠶᠢ ᠪᠠᠶᠢᠭᠤᠯᠪᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠰ ᠢ ᠴᠢᠩᠭᠠᠳᠬᠠᠵᠤ᠂ ᠬᠤᠰᠢᠭᠤᠨ ᠳᠣᠳᠣᠷ᠎ᠠ

ᠡᠮᠴᠢᠯᠡᠭᠡᠨ ᠤ ᠬᠠᠮᠲᠤ ᠶᠢᠨ ᠴᠣᠭᠴᠠ ᠶᠢ 14᠎ ᠶᠢ ᠪᠠᠶᠢᠭᠤᠯᠵᠤ᠂ ᠮᠣᠩᠭᠤᠯ ᠬᠢᠲᠠᠳ ᠡᠮᠨᠡᠯᠭᠡ ᠶᠢᠨ ᠭᠠᠵᠠᠷ 7᠎ ᠶᠢ

ᠪᠠᠶᠢᠭᠤᠯᠵᠤ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠨᠢ ᠪᠦᠬᠦ ᠠᠶᠢᠮᠠᠭ ᠤᠨ ᠴᠣᠷ  ᠤᠨ ᠭᠠᠭᠴᠠ ᠮᠣᠩᠭᠤᠯ ᠡᠮ

ᠨᠠᠶᠢᠷᠠᠭᠤᠯᠬᠤ ᠬᠢᠷᠢ ᠬᠡᠮ ᠲᠠᠢ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠪᠣᠯᠪᠠ᠃ ᠣᠯᠠᠨ ᠨᠡᠶᠢᠲᠡ ᠶᠢᠨ

ᠰᠣᠶᠣᠯ ᠤᠨ ᠦᠢᠯᠡᠴᠢᠯᠡᠭᠡᠨ ᠤ ᠲᠣᠭᠲᠠᠯᠴᠠᠭ᠎ᠠ ᠲᠠᠰᠤᠷᠠᠯᠲᠠ ᠦᠭᠡᠢ ᠲᠡᠭᠦᠯᠳᠡᠷᠵᠢᠵᠦ᠂ ᠬᠦᠰᠡᠯᠡᠩ ᠬᠡᠦᠬᠡᠳ ᠤᠨ

ᠴᠡᠴᠡᠷᠯᠢᠭ ᠨᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠᠷ

ᠦᠨᠡᠯᠡᠭᠳᠡᠪᠡ᠃ ᠰᠠᠩ ᠤᠨ ᠲᠡᠯᠡᠶ ᠪᠠᠯᠭᠠᠰᠣᠨ ᠤ ᠶᠡᠬᠡᠲᠠᠯ᠎ᠠ ᠭᠠᠴᠠᠭ᠎ᠠ ᠨᠢ ᠪᠥᠬᠦ ᠤᠯᠤᠰ ᠤᠨ ᠪᠣᠯᠪᠠᠰᠤᠨ ᠭᠠᠴᠠᠭ᠎ᠠ

ᠲᠤᠰᠬᠤᠨ ᠢᠶᠠᠷ ᠦᠨᠡᠯᠡᠭᠳᠡᠪᠡ᠃ ︽ᠭᠦᠶᠦᠭᠴᠢ︾ ᠬᠤᠯᠠ ᠭᠦᠶᠦᠬᠦ ᠤᠷᠤᠯᠳᠤᠭᠠᠨ ᠨᠢ ᠰᠢᠯᠢ ᠶᠢᠨ ᠭᠤᠣᠯ ᠠᠶᠢᠮᠠᠭ ᠤᠨ

ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ᠂ ᠥᠪᠡᠷᠲᠡᠭᠡᠨ ᠵᠠᠰᠠᠬᠤ ᠣᠷᠣᠨ ᠤ ᠤᠨᠴᠠᠯᠢᠬᠳᠤ ᠪᠡᠶ᠎ᠡ ᠲᠠᠮᠢᠷ

᠎ ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠰᠣᠳᠣᠨ ᠪᠡᠶ᠎ᠡ ᠲᠠᠮᠢᠷ ᠤᠨ ᠤᠷᠤᠯᠳᠤᠭᠠᠨ ᠢᠶᠠᠷ ᠦᠨᠡᠯᠡᠭᠳᠡᠪᠡ᠃

ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠪᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ

ᠪᠠᠶᠢᠭᠤᠯᠤᠯᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠳᠠᠭᠠᠭᠠᠴᠠ ᠶᠢᠨ ᠴᠢᠳᠠᠪᠤᠷᠢ ᠲᠠᠰᠤᠷᠠᠯᠲᠠ ᠦᠭᠡᠢ

ᠴᠢᠩᠭᠠᠷᠠᠵᠤ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠳᠤ 427 ᠺᠢᠯᠤᠮᠧᠲᠷ ᠵᠠᠰᠠᠮᠠᠯ ᠵᠠᠮ ᠵᠠᠰᠠᠵᠤ᠂

ᠤᠯᠤᠰ ᠮᠤᠵᠢ ᠶᠢᠨ ᠲᠡᠰ ᠤᠨ ᠭᠤᠣᠯ ᠪᠣᠯᠬᠤ ᠵᠠᠮ ᠢ ᠦᠨᠳᠦᠰᠦᠨ ᠳᠡᠭᠡᠨ ᠵᠠᠰᠠᠵᠤ ᠳᠠᠭᠤᠰᠬᠠᠪᠠ᠃ 330 ᠺᠢᠯᠤᠮᠧᠲᠷ ᠤᠨ

ᠥᠨᠳᠥᠷ᠂ ᠳᠣᠣᠷ᠎ᠠ ᠬᠦᠴᠦᠳᠡᠯᠲᠦ ᠴᠠᠬᠢᠯᠭᠠᠨ ᠱᠤᠭᠤᠮ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 10 ᠺᠢᠯᠣᠸᠠᠲ ᠤᠨ

ᠴᠠᠬᠢᠯᠭᠠᠨ ᠱᠤᠭᠤᠮ ᠢ 200 ᠺᠢᠯᠤᠮᠧᠲᠷ   ᠳᠠᠲᠠᠪᠠ᠃ ᠪᠥᠬᠦ ᠬᠤᠰᠢᠭᠤᠨ ᠤ ᠤᠰᠤ ᠬᠠᠩᠭᠠᠬᠤ᠂ ᠬᠡᠶ ᠬᠠᠩᠭᠠᠬᠤ ᠨᠣᠷᠮ᠎ᠠ

ᠲᠣᠰ ᠲᠣᠰ 96.4 %᠂ 80.5%᠎ ᠳᠤ ᠬᠥᠷᠪᠡ᠃ ᠴᠢᠮᠡᠭᠡ ᠬᠤᠯᠪᠣᠭᠠᠨ ᠤ 4G ᠰᠠᠭᠤᠷᠢ ᠥᠷᠲᠡᠭᠡ 274᠂

1216 ᠺᠢᠯᠣᠮᠧᠲᠷ ᠤᠨ ᠭᠡᠷᠡᠯᠯᠢᠭ ᠰᠢᠷᠬᠡᠭ ᠲᠠᠢ ᠪᠠᠶᠢᠵᠤ᠂ ᠭᠠᠷ ᠤᠲᠠᠰᠤᠨ ᠤ ᠳᠣᠬᠢᠶᠠᠨ ᠤ ᠪᠦᠷᠬᠦᠴᠡ 85 %᠎ ᠳᠤ

ᠬᠥᠷᠪᠡ᠃ ᠬᠤᠲᠠ ᠶᠢᠨ ᠭᠡᠷᠡᠯᠲᠦᠭᠦᠯᠭᠡ ᠶᠢᠨ ᠨᠣᠷᠮ᠎ᠠ ᠪᠣᠯᠤᠨ ᠵᠠᠮ ᠤᠨ ᠭᠡᠷᠡᠯᠲᠦᠭᠦᠯᠭᠡ ᠶᠢᠨ ᠨᠣᠷᠮ᠎ᠠ ᠶᠢ ᠲᠤᠰ ᠲᠤᠰ 95

% ᠪᠣᠯᠤᠨ 100 %᠎ ᠳᠤ ᠬᠦᠷᠴᠦ᠂ ᠬᠤᠲᠠ ᠪᠠᠯᠭᠠᠰᠣᠨ ᠤ ᠨᠣᠭᠤᠭᠠᠷᠠᠭᠤᠯᠤᠯᠲᠠ ᠶᠢᠨ ᠶᠡᠷᠦᠩᠬᠡᠶ ᠲᠠᠯᠠᠪᠠᠶ ᠶᠢ 481

ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ︽ᠠᠷᠪᠠᠨ ᠬᠤᠶᠠᠳᠣᠭᠠᠷ ᠲᠠᠪᠤᠨ ᠵᠢᠯ︾᠎ ᠤᠨ  ᠲᠥᠯᠥᠪᠯᠡᠭᠡᠨ ᠤ

ᠰᠡᠭᠦᠯᠴᠢ ᠶᠢᠨ ᠬᠤᠭᠤᠴᠠᠭᠠᠨ ᠤ ᠬᠢ ᠠᠴᠠ 31 %᠎ ᠪᠠᠷ ᠨᠡᠮᠡᠭᠳᠡᠪᠡ᠃

ᠨᠡᠶᠢᠭᠡᠮ ᠤᠨ ᠡᠶ᠎ᠡ ᠵᠣᠬᠢᠴᠠᠯ ᠳᠣᠪᠣᠶᠢᠮ᠎ᠠ ᠰᠠᠶᠢᠵᠢᠷᠠᠪᠠ᠃ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠳᠠ

ᠳᠠᠰᠤᠷᠠᠯᠳᠠ ᠦᠭᠡᠢ ᠴᠢᠩᠭᠠᠷᠠᠵᠤ᠂ ᠴᠡᠭᠴᠡᠯᠡᠯᠲᠡ ᠶᠢᠨ ᠬᠢᠷᠢ ᠲᠥᠪᠰᠢᠨ ᠤ ᠣᠳᠣᠬᠢᠴᠢᠯᠠᠯᠳᠠ ᠳᠠᠰᠤᠷᠠᠯᠳᠠ ᠦᠭᠡᠢ

ᠳᠡᠭᠡᠭᠰᠢᠯᠡᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠳᠤ ᠴᠤᠬᠢᠯᠲᠠ ᠥᠭᠬᠦ ᠠᠵᠢᠯᠯᠠᠭ᠎ᠠ ᠶᠢ ᠦᠷᠭᠦᠯᠵᠢᠯᠡᠨ

ᠭᠦᠨᠵᠡᠭᠡᠶᠢᠷᠡᠭᠦᠯᠵᠦ᠂ ᠵᠠᠬᠢᠳᠠᠯ ᠰᠤᠷᠪᠤᠯᠵᠢᠯᠠᠭ᠎ᠠ ᠳᠣᠭᠲᠠᠭᠤᠨ ᠢ ᠬᠠᠮᠠᠭᠠᠯᠠᠬᠤ ᠠᠵᠢᠯ ᠳᠣᠭᠲᠠᠭᠤᠨ ᠠᠬᠢᠵᠤ᠂ ᠵᠠᠬᠢᠳᠠᠯ

ᠰᠤᠷᠪᠤᠯᠵᠢᠯᠠᠭ᠎ᠠ ᠶᠢᠨ ᠵᠦᠢᠯ ᠵᠢᠯ ᠳᠤ ᠳᠣᠮᠳᠠᠴᠢ ᠪᠠᠷ 14%᠎ ᠪᠠᠷ ᠪᠠᠭᠠᠰᠪᠠ᠃ ᠲᠡᠦᠬᠡ ᠶᠢᠨ ᠦᠯᠡᠳᠡᠭᠳᠡᠯ ᠠᠰᠠᠭᠤᠳᠠᠯ ᠢ

ᠰᠢᠶᠳᠪᠦᠷᠢᠯᠡᠬᠦ ᠶᠢ ᠴᠢᠩᠭᠠᠳᠬᠠᠵᠤ᠂ ᠣᠯᠠᠨ ᠲᠦᠮᠡᠨ ᠤ ᠰᠠᠨᠠᠯ ᠪᠣᠳᠣᠯ ᠢ ᠬᠢᠨᠠᠮᠠᠭᠠᠶ ᠰᠣᠨᠣᠰᠴᠤ᠂ ᠬᠦᠴᠢᠷ ᠲᠥᠪᠡᠭᠳᠡᠢ

ᠠᠰᠠᠭᠤᠳᠠᠯ ᠢ ᠢᠳᠡᠪᠬᠢᠲᠡᠶ ᠰᠢᠶᠳᠪᠦᠷᠢᠯᠡᠵᠦ᠂ ᠪᠣᠳᠠᠲᠤ ᠶᠠᠪᠤᠳᠠᠯ ᠬᠢᠵᠦ᠂ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ

ᠲᠤᠰᠬᠠᠶ ᠮᠡᠷᠭᠡᠵᠢᠯ ︵ᠳᠣᠰᠬᠠᠢ ᠮᠡᠷᠭᠡᠵᠢᠯ ᠤᠨ ᠰᠤᠷᠭᠠᠭᠤᠯᠢ︶᠎ ᠠᠴᠠ ᠲᠡᠭᠦᠰᠦᠭᠰᠡᠨ ᠰᠣᠷᠣᠭᠴᠢ᠂ ᠴᠡᠷᠢᠭ ᠠᠴᠠ

ᠬᠠᠯᠠᠭᠳᠠᠭᠰᠠᠳ ᠢ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠭᠦᠨ ᠳᠤ ᠴᠡᠷᠢᠭ ᠠᠴᠠ

ᠬᠠᠯᠠᠭᠳᠠᠭᠰᠠᠳ ᠢ ᠲᠥᠪᠬᠢᠨᠡᠭᠦᠯᠬᠦ ᠠᠵᠢᠯ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠤᠯᠤᠰ ᠤᠨ ᠥᠮᠴᠢᠯᠡᠯᠲᠦ

ᠲᠠᠷᠢᠶᠠᠯᠠᠩ ᠮᠠᠯᠵᠢᠯ ᠤᠨ ᠲᠠᠯᠠᠪᠠᠶ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠯᠠᠨ ᠠᠷᠭ᠎ᠠ ᠵᠠᠮ ᠢᠶᠠᠷ ᠪᠡᠯᠡ

ᠮᠥᠩᠭᠦ ᠬᠤᠷᠠᠮᠳᠤᠭᠤᠯᠵᠤ᠂ ︽ᠨᠢᠭᠡ ᠬᠦᠮᠦᠨ ᠠᠵᠢᠯ ᠠᠴᠠ ᠪᠠᠨ ᠠᠮᠠᠷᠠᠪᠠᠯ ᠨᠢᠭᠡ ᠬᠦᠮᠦᠨ ᠤ ᠬᠢ ᠨᠥᠬᠦᠪᠦᠷᠢᠯᠡᠬᠦ︾

ᠲᠥᠷᠥ ᠶᠢᠨ ᠪᠤᠳᠣᠯᠭ᠎ᠠ ᠶᠢ ᠬᠡᠷᠡᠭᠵᠢᠭᠦᠯᠵᠦ᠂ ᠥᠪᠡᠷᠳᠡᠭᠡᠨ ᠵᠠᠰᠠᠬᠤ ᠣᠷᠣᠨ ᠤ ᠨᠢᠭᠡᠳᠣᠯᠳᠠᠢ ᠲᠥᠯᠥᠪᠵᠢᠭᠦᠯᠬᠦ ᠵᠦᠢᠯ ᠤᠨ

ᠪᠡᠯᠡᠳᠬᠡᠯ ᠠᠵᠢᠯ ᠢ ᠰᠠᠶᠢᠨ ᠬᠢᠪᠡ᠃ ᠬᠤᠲᠠ ᠪᠠᠯᠭᠠᠰᠤᠨ ᠤ ᠳᠤᠯᠠᠭᠠᠯᠠᠭ᠎ᠠ ᠬᠠᠩᠭᠠᠬᠤ ᠨᠥᠬᠦᠴᠡᠯ ᠢ ᠲᠤᠶᠢᠯᠪᠤᠷᠢᠲᠠᠢ

ᠬᠤᠪᠢᠷᠠᠭᠤᠯᠵᠤ᠂ 2020 ᠣᠨ ᠳᠤ ᠱᠠᠩᠳᠤ ᠪᠠᠯᠭᠠᠰᠤᠨ ᠤ ᠳᠤᠯᠠᠭᠠᠯᠠᠭ᠎ᠠ ᠬᠠᠩᠭᠠᠬᠤ ᠴᠢᠳᠠᠪᠬᠢ ᠶᠢ ᠠᠷᠠᠳ ᠠᠴᠠ

ᠡᠵᠡᠩᠨᠡᠭᠰᠡᠨ ᠠᠵᠤ ᠠᠬᠤᠶᠢᠯᠠᠯ ᠠᠴᠠ ᠤᠯᠤᠰ ᠤᠨ ᠥᠮᠴᠢᠯᠠᠯᠲᠦ ᠠᠵᠤ ᠠᠬᠤᠶᠢᠯᠠᠯ ᠲᠡᠰᠢ ᠵᠣᠬᠢᠴᠠᠭᠤᠯᠤᠨ ᠬᠤᠪᠢᠷᠠᠭᠤᠯᠬᠤ

ᠠᠵᠢᠯ ᠢ ᠪᠡᠶᠡᠯᠡᠭᠦᠯᠵᠦ᠂ ᠣᠳᠣᠬᠠᠨ ᠳᠤ ᠱᠠᠩᠳᠣ ᠪᠠᠯᠭᠠᠰᠤᠨ ᠤ 284 ᠲᠦᠮᠡᠨ ᠲᠡᠭᠰᠢ ᠳᠥᠷᠪᠡᠯᠵᠢᠨ ᠮᠧᠲᠷ ᠲᠤ

ᠳᠤᠯᠠᠭᠠᠯᠠᠭ᠎ᠠ ᠬᠠᠩᠭᠠᠬᠤ ᠶᠢ ᠪᠡᠶᠡᠯᠡᠭᠦᠯᠵᠦ᠂ ᠢᠷᠡᠭᠡᠳᠦᠢ ᠳᠤ ᠪᠠᠰᠠ 500 ᠲᠦᠮᠡᠨ ᠲᠡᠭᠰᠢ ᠳᠥᠷᠪᠡᠯᠵᠢᠨ ᠮᠧᠲᠷ ᠲᠤ

ᠳᠤᠯᠠᠭᠠᠯᠠᠭ᠎ᠠ ᠬᠠᠩᠭᠠᠬᠤ ᠶᠢ ᠳᠠᠭᠠᠭᠠᠴᠢᠯᠠᠬᠤ ᠴᠢᠳᠠᠪᠬᠢ ᠲᠠᠢ ᠪᠠᠶᠢᠵᠤ᠂ ᠣᠯᠠᠨ ᠵᠢᠯ ᠣᠷᠣᠰᠢᠵᠤ ᠪᠠᠶᠢᠭ᠎ᠠ ᠳᠤᠯᠠᠭᠠᠯᠠᠭ᠎ᠠ

ᠬᠠᠩᠭᠠᠬᠤ ᠴᠢᠨᠠᠷ ᠮᠠᠭᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ

ᠲᠥᠯᠥᠪᠯᠡᠭᠡᠨ ᠤ ᠬᠤᠭᠤᠴᠠᠭᠠᠨ ᠳᠤ ᠮᠠᠨ ᠤ ᠬᠤᠰᠢᠭᠤᠨ ᠤ ᠭᠤᠣᠯᠯᠠᠨ ᠤᠳᠤᠷᠢᠳᠴᠤ ᠬᠡᠷᠡᠭᠵᠢᠭᠦᠯᠦᠭᠰᠡᠨ ᠬᠠᠮᠤᠭ ᠶᠡᠭᠡ

ᠢᠨᠵᠧᠨᠧᠷᠢᠩ ᠪᠣᠯᠵᠠᠢ᠃

ᠡᠳᠡᠭᠡᠷ ᠠᠮᠵᠢᠯᠳᠠ ᠪᠦᠳᠦᠮᠵᠢ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠳᠤ

ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ

ᠲᠥᠷᠥ ᠶᠢᠨ ᠵᠥᠪᠯᠡᠯᠭᠡᠨ ᠤ ᠬᠢᠨᠠᠯᠲᠠ ᠲᠠᠯᠪᠢᠵᠤ ᠳᠡᠮᠵᠢᠭᠰᠡᠨ ᠤ ᠦᠷ᠎ᠡ ᠳ᠋ᠦᠩ᠂ ᠪᠦᠬᠦ ᠬᠤᠰᠢᠭᠤᠨ ᠤ ᠠᠷᠠᠳ ᠲᠥᠮᠡᠨ ᠤ

ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠪᠤᠯᠤᠨ᠎ᠠ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ

ᠲᠥᠯᠥᠭᠡᠯᠡᠵᠦ ᠰᠢᠷᠭᠠᠭᠤ ᠬᠠᠲᠠᠭᠤᠵᠢᠯᠲᠠᠢ ᠬᠥᠳᠡᠯᠮᠦᠷᠢᠯᠡᠵᠦ ᠪᠠᠶᠢᠭ᠎ᠠ ᠥᠷᠭᠡᠨ ᠣᠯᠠᠨ ᠺᠠᠳ᠋ᠷ ᠣᠯᠠᠨ ᠲᠦᠮᠡᠨ᠂ ᠵᠠᠰᠠᠭ ᠤᠨ

ᠣᠷᠳᠣᠨ ᠤ ᠠᠵᠢᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢᠳ᠂ ᠤᠯᠤᠰ ᠲᠥᠷᠥ ᠶᠢᠨ

ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ ᠰᠢᠯᠤᠭᠤᠨ ᠬᠥᠬᠡ

ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠳᠡᠭ ᠨᠡᠶᠢᠭᠡᠮ ᠤᠨ ᠡᠯ᠎ᠡ ᠡᠲᠡᠭᠡᠳ ᠤᠨ ᠬᠦᠮᠦᠰ ᠲᠤ

ᠡᠷᠬᠢᠮ ᠳᠡᠭᠡᠳᠦ ᠬᠦᠨᠳᠦᠳᠭᠡᠯ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃

 ᠪᠢᠳᠡ ᠠᠮᠵᠢᠯᠲᠠ ᠪᠠᠨ ᠨᠤᠲᠠᠯᠠᠬᠤ ᠶᠢᠨ ᠬᠠᠮᠲᠤ ᠪᠠᠰᠠ ᠣᠳᠣᠬᠠᠨ ᠤ ᠬᠢᠵᠢᠭ ᠤᠨ ᠪᠠᠶᠢᠳᠠᠯ ᠪᠠ ᠭᠠᠳᠠᠭᠠᠳᠤ ᠣᠷᠴᠢᠨ ᠤ

ᠳᠣᠭᠲᠠᠪᠤᠷᠢ ᠦᠭᠡᠢ ᠪᠠᠶᠢᠳᠠᠯ᠂ ᠳᠡᠯᠡᠬᠡᠢ ᠶᠢᠨ ᠪᠤᠳᠤᠯᠢᠶᠠᠨᠲᠠᠢ ᠪᠠᠶᠢᠳᠠᠯ ᠪᠣᠯᠤᠨ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ

ᠲᠣᠭᠲᠠᠭᠤᠨ ᠪᠤᠰᠤ ᠪᠠᠶᠢᠬᠤ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠪᠠᠭᠤᠷᠠᠢ

ᠪᠠᠶᠢᠬᠤ ᠵᠡᠷᠭᠡ ᠣᠯᠠᠨ ᠬᠦᠴᠢᠷ ᠲᠥᠪᠡᠭ ᠢ ᠰᠡᠷᠭᠡᠭ ᠢᠶᠠᠷ ᠣᠯᠵᠤ ᠲᠠᠨᠢᠬᠤ ᠬᠡᠷᠡᠭᠲᠡᠢ᠃ ᠮᠠᠨ ᠤ ᠬᠤᠰᠢᠭᠤ ᠲᠡᠦᠬᠡᠨ ᠠᠴᠠ

ᠦᠯᠡᠳᠡᠭᠳᠡᠭᠰᠡᠨ ᠠᠯᠢ ᠣᠯᠠᠨ ᠠᠰᠠᠭᠤᠳᠠᠯ ᠪᠣᠯᠤᠨ ᠪᠦᠳᠦᠭᠦᠯᠢᠭ ᠬᠥᠭᠵᠢᠯᠲᠡ ᠶᠢᠨ ᠭᠡᠮ ᠰᠣᠭᠤᠭ ᠢ ᠬᠠᠷᠠᠬᠠᠨ

ᠰᠢᠢᠳᠪᠦᠷᠢᠯᠡᠭᠡ ᠦᠭᠡᠢ ᠪᠠᠶᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠷᠤᠯᠲᠠ ᠬᠦᠨᠳᠦ ᠨᠣᠴᠢᠲᠠᠢ᠂

ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ ᠪᠣᠯᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠡᠳᠦᠷ ᠢᠷᠡᠬᠦᠶ᠎ᠡ

ᠬᠢᠵᠠᠭᠠᠷᠯᠠᠵᠤ ᠪᠠᠶᠢᠭ᠎ᠠ ᠲᠤᠯᠠᠳᠠ᠂ ᠤᠯᠠᠮᠵᠢᠯᠠᠯᠲᠤ ᠭᠠᠯ᠂ ᠴᠠᠬᠢᠯᠭᠠᠨ ᠤ ᠡᠨᠧᠷᠭᠢ ᠶᠢᠨ ᠭᠤᠤᠯᠯᠬᠠᠥ ᠠᠵᠤ ᠦᠢᠯᠡᠰ ᠤᠨ

ᠪᠦᠲᠦᠴᠡ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠠᠶᠢᠬᠤ ᠶᠢ ᠰᠡᠷᠬᠡᠭ ᠢᠶᠠᠷ ᠣᠯᠵᠤ ᠲᠠᠨᠢᠬᠤ ᠬᠡᠷᠡᠭᠳᠡᠢ᠃ ᠡᠨᠡ ᠵᠢᠯ

ᠪᠦᠬᠦ ᠬᠤᠰᠢᠭᠤᠨ ᠤ ᠡᠳ᠋ ᠤᠨ ᠵᠠᠰᠠᠭ ᠤᠨ ᠬᠦᠴᠢᠷᠳᠡᠯ ᠤᠯᠠᠮ ᠳᠣᠪᠣᠶᠢᠮ᠎ᠠ ᠪᠣᠯᠵᠤ᠂ ︽ᠭᠤᠷᠪᠠᠨ ᠪᠠᠲᠤᠯᠠᠭ᠎ᠠ︾᠎ ᠶᠢ

ᠪᠠᠲᠤᠯᠠᠬᠤ᠂ ᠥᠷᠢ ᠥᠭᠴᠡᠭᠡ ᠶᠢ ᠰᠢᠢᠳᠪᠦᠷᠢᠯᠡᠬᠦ᠂ ᠲᠦᠷ ᠥᠭᠬᠦ ᠵᠤᠭᠤᠰ ᠢ ᠰᠢᠢᠳᠪᠦᠷᠢᠯᠡᠬᠦ᠂ ᠳᠣᠰᠬᠠᠢ ᠪᠡᠯᠡ ᠮᠦᠩᠬᠦ ᠶᠢ

ᠨᠠᠶᠢᠳᠠᠪᠤᠷᠢᠵᠢᠭᠤᠯᠬᠤ ᠵᠡᠷᠭᠡ ᠡᠭᠦᠷᠭᠡ ᠳᠠᠪᠬᠤᠴᠠᠵᠤ᠂ ᠣᠷᠣᠯᠭ᠎ᠠ ᠵᠠᠷᠤᠯᠭ᠎ᠠ ᠶᠢᠨ ᠵᠥᠷᠢᠴᠡᠯ ᠤᠯᠠᠮ ᠳᠣᠪᠣᠶᠢᠮ᠎ᠠ ᠪᠣᠯᠬᠤ ᠶᠢ

ᠰᠡᠷᠬᠡᠭ ᠢᠶᠠᠷ ᠲᠠᠨᠢᠬᠤ ᠬᠡᠷᠡᠭᠳᠡᠢ᠃ ᠰᠢᠨ᠎ᠡ ᠲᠥᠰᠦᠯ᠂ ᠲᠣᠮᠣ ᠲᠥᠰᠦᠯ ᠢ ᠲᠥᠰᠥᠪᠯᠡᠨ ᠨᠥᠭᠡᠴᠡᠯᠡᠭᠰᠡᠨ ᠢᠶᠠᠷ ᠬᠦᠷᠦᠯᠴᠡᠬᠦ

ᠦᠭᠡᠢ ᠪᠠᠶᠢᠵᠤ᠂ ᠰᠠᠭᠤᠷᠢ ᠲᠦᠭᠦᠭᠡᠷᠦᠮᠵᠢ ᠪᠣᠯᠤᠨ ᠠᠷᠠᠳ ᠤᠨ ᠠᠮᠢᠳᠣᠷᠠᠯ ᠤᠨ ᠴᠠᠷ᠎ᠠ ᠬᠦᠷᠢᠶᠡᠨ ᠳᠤ ᠮᠠᠰᠢ ᠣᠯᠠᠨ

ᠳᠤᠲᠠᠭᠳᠠᠯ ᠣᠷᠣᠰᠢᠵᠤ ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠥᠷᠢᠰᠦᠯᠳᠦᠭᠡᠨ ᠪᠠ

ᠬᠦᠴᠢᠷ ᠢ ᠢᠯᠠᠨ ᠳᠠᠪᠠᠵᠤ᠂ ᠡᠯ᠎ᠡ ᠲᠥᠷᠥᠯ ᠤᠨ ᠠᠵᠢᠯ ᠢᠶᠠᠨ ᠰᠡᠳᠬᠢᠯ ᠨᠢᠭᠡᠳᠦᠨ ᠰᠠᠶᠢᠳᠣᠷ ᠬᠢᠬᠦ ᠬᠡᠷᠡᠭᠲᠡᠢ᠃

ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠶᠢᠨ ᠲᠥᠯᠥᠪᠯᠡᠭᠡ ᠶᠢ ᠨᠢᠮᠪᠠᠢ ᠰᠥᠪᠡᠭᠴᠢᠯᠡᠬᠦ

ᠬᠡᠷᠡᠭᠳᠡᠢ

 ᠬᠤᠶᠢᠰᠢᠳᠠ ᠶᠢᠨ ᠲᠠᠪᠤᠨ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠲᠡᠮᠡᠴᠡᠬᠦ

ᠬᠠᠷᠠᠯᠲᠠ ᠪᠣᠯ ᠬᠤᠰᠢᠭᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠢ ᠲᠠᠰᠤᠷᠠᠯᠲᠠ ᠦᠭᠡᠢ

ᠪᠤᠵᠠᠭᠠᠶᠢᠷᠠᠭᠤᠯᠵᠤ᠂ ᠠᠵᠤ ᠠᠬᠤᠢ ᠶᠢᠨ ᠳᠤᠮᠳᠠ ᠦᠨᠳᠦᠷ ᠬᠤᠷᠳᠤᠴᠠᠲᠤ ᠨᠡᠮᠡᠭᠳᠡᠯ ᠢ ᠴᠢᠷᠮᠠᠶᠢᠨ ᠪᠠᠲᠤᠯᠠᠵᠤ᠂ ᠠᠵᠤ

ᠦᠢᠯᠡᠰ ᠤᠨ ᠬᠥᠭᠵᠢᠯᠲᠡ ᠶᠢ ᠳᠤᠮᠳᠠ ᠦᠨᠳᠦᠷ ᠬᠡᠮᠵᠢᠶᠡᠨ ᠳᠤ ᠲᠦᠯᠬᠢᠨ ᠠᠬᠢᠭᠤᠯᠵᠤ᠂ ᠣᠯᠠᠨ ᠡᠰᠢᠲᠦ ᠬᠥᠭᠵᠢᠯᠲᠡ᠂

ᠣᠯᠠᠨ ᠲᠤᠯᠭᠠᠭᠤᠷᠢᠯᠠᠯ ᠲᠠᠢ ᠣᠳᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ  ᠪᠦᠷᠢᠯᠳᠦᠭᠦᠯᠵᠦ᠂ ᠪᠦᠬᠦ

ᠬᠤᠰᠢᠭᠤᠨ ᠤ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 70 ᠳ᠋ᠦᠩᠰᠢᠭᠤᠷ ᠲᠥᠭᠦᠷᠢᠭ ᠲᠤ

ᠬᠦᠷᠭᠡᠵᠦ᠂ ᠵᠢᠯ ᠳᠤ ᠳᠤᠮᠳᠠᠴᠢ ᠪᠠᠷ 5%᠎ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠪᠦᠬᠦ ᠨᠡᠶᠢᠭᠡᠮ ᠤᠨ ᠲᠣᠭᠲᠠᠮᠠᠯ

ᠬᠥᠷᠥᠩᠭᠡ ᠶᠢᠨ ᠪᠡᠯᠡ ᠣᠷᠣᠭᠤᠯᠤᠯᠲᠠ ᠶᠢ 25 ᠳ᠋ᠦᠩᠰᠢᠭᠤᠷ ᠲᠥᠭᠦᠷᠢᠭ ᠲᠤ ᠬᠦᠷᠭᠡᠵᠦ᠂ ᠵᠢᠯ ᠳᠤ ᠳᠤᠮᠳᠠᠴᠢ ᠪᠠᠷ

8%᠎ ᠪᠠᠷ ᠨᠡᠮᠡᠭᠳᠡᠭᠦᠯᠦᠨ᠎ᠡ᠃ ᠡᠩ ᠤᠨ ᠣᠯᠠᠨ ᠨᠡᠶᠢᠳᠡ ᠶᠢᠨ ᠲᠥᠰᠥᠪ ᠤᠨ ᠣᠷᠣᠯᠭ᠎ᠠ ᠶᠢ 2.87 ᠳ᠋ᠦᠩᠰᠢᠭᠤᠷ

ᠲᠥᠭᠦᠷᠢᠭ ᠣᠷᠴᠢᠮ ᠳᠤ ᠬᠦᠷᠭᠡᠵᠦ᠂ ᠵᠢᠯ ᠳᠤ ᠳᠤᠮᠳᠠᠴᠢ ᠪᠠᠷ 1.2%᠎ ᠪᠠᠷ ᠨᠡᠮᠡᠭᠳᠡᠭᠦᠯᠦᠨ᠎ᠡ᠃ ᠨᠡᠶᠢᠭᠡᠮ ᠤᠨ

ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 16.5 ᠳ᠋ᠦᠩᠰᠢᠭᠤᠷ ᠲᠥᠭᠦᠷᠢᠭ ᠣᠷᠴᠢᠮ ᠳᠤ

ᠬᠦᠷᠭᠡᠵᠦ᠂ ᠵᠢᠯ ᠳᠤ ᠳᠤᠮᠳᠠᠴᠢ ᠪᠠᠷ 6%᠎ ᠪᠠᠷ ᠨᠡᠮᠡᠭᠳᠡᠭᠦᠯᠦᠨ᠎ᠡ᠃ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ

ᠡᠵᠡᠮᠳᠡᠵᠦ ᠪᠣᠯᠬᠤ ᠣᠷᠣᠯᠭ᠎ᠠ ᠶᠢ 40070 ᠲᠦᠭᠦᠷᠢᠭ ᠲᠤ ᠬᠦᠷᠭᠡᠵᠦ᠂ ᠵᠢᠯ ᠳᠤ ᠳᠣᠮᠳᠠᠴᠢ ᠪᠠᠷ 5%᠎ ᠪᠠᠷ

ᠨᠡᠮᠡᠭᠳᠡᠭᠦᠯᠦᠨ᠎ᠡ᠃

︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠯᠡᠭᠡᠨ ᠤ ᠬᠤᠭᠤᠴᠠᠭ᠎ᠠ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ

ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠤᠭᠠᠷ ᠲᠠᠪᠤᠨ ᠵᠢᠯ ᠪᠣᠯᠤᠨ᠎ᠠ᠃

ᠪᠢᠳᠡ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠦᠵᠡᠯᠲᠡ ᠶᠢ

ᠭᠦᠨᠵᠡᠭᠡᠶ ᠲᠣᠣᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠲᠠᠢ ᠡᠷᠴᠢᠮᠳᠠᠢ ᠤᠶᠠᠯᠳᠣᠵᠤ᠂ ᠥᠪᠡᠷᠲᠡᠭᠡᠨ ᠵᠠᠰᠠᠬᠤ

ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾᠎ ᠶᠢᠨ ᠪᠠᠶᠢᠯᠳᠤᠬᠤ

ᠪᠣᠳᠣᠯᠭ᠎ᠠ ᠶᠣᠰᠣᠭᠠᠷ᠂ ᠣᠲᠣ ᠦᠶ᠎ᠡ ᠶᠢᠨ ᠮᠢᠬᠠᠨ ᠤ ᠦᠬᠡᠷ ᠤᠨ ᠠᠵᠤ ᠦᠶᠯᠡᠰ ᠤᠨ ᠬᠡᠯᠬᠢᠶᠡᠵᠢᠯ᠂ ᠣᠲᠣ ᠦᠶ᠎ᠡ ᠶᠢᠨ

ᠡᠨᠧᠷᠭᠢ ᠶᠢᠨ ᠠᠵᠤ ᠠᠬᠤᠶ ᠶᠢᠨ ᠣᠷᠴᠢᠯ ᠠᠵᠤ ᠦᠶᠯᠡᠰ ᠤᠨ ᠬᠡᠯᠬᠢᠶᠡᠵᠢᠯ᠂ ᠬᠤᠯᠠᠨ ᠰᠢᠷᠭ᠎ᠠ ᠲᠠᠭ᠎ᠠ ᠶᠢᠨ ᠮᠠᠩᠬᠠᠨ

ᠭᠠᠵᠠᠷ ᠤᠨ ᠠᠮᠢ ᠠᠬᠤᠶ ᠶᠢᠨ ᠵᠠᠰᠠᠯᠲᠠ ᠶᠢᠨ ᠣᠷᠣᠨ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠢ ᠣᠶᠠᠯᠳᠣᠭᠤᠯᠤᠨ

ᠬᠥᠭᠵᠢᠭᠦᠯᠬᠦ ᠣᠷᠣᠨ ᠤ ︽ᠬᠤᠶᠠᠷ ᠬᠡᠯᠬᠢᠶᠡᠵᠢᠯ ᠬᠤᠶᠠᠷ ᠣᠷᠣᠨ︾᠎ ᠤ ᠬᠥᠭᠵᠢᠯᠲᠡ ᠶᠢᠨ ᠲᠣᠭᠤᠷᠢᠨ ᠳᠤ᠂ ᠠᠮᠢ ᠠᠬᠤᠶ

᠎ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠪᠠᠶᠢᠯᠳᠤᠬᠤ ᠪᠣᠳᠣᠯᠭ᠎ᠠ

᠎ ᠲᠠᠢ ᠨᠡᠶᠢᠴᠡᠭᠰᠡᠨ᠂ ᠰᠢᠯᠤᠭᠤᠨ ᠬᠥᠬᠡ ᠬᠤᠰᠢᠭᠤᠨ ᠤ ᠣᠨᠴᠠᠯᠢᠭ ᠢ ᠢᠯᠡᠷᠡᠭᠦᠯᠦᠭᠰᠡᠨ ᠴᠢᠨᠠᠷᠯᠢᠭ ᠬᠥᠭᠵᠢᠯᠲᠡ ᠶᠢᠨ ᠰᠢᠨ᠎ᠡ

ᠵᠠᠮ ᠢ ᠡᠭᠦᠳᠬᠦ ᠬᠡᠷᠡᠭᠲᠡᠶ᠃

ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠵᠣᠯ ᠵᠢᠷᠭᠠᠯᠳᠣ ᠲᠥᠷᠥᠭᠳᠡᠯ ᠢ ᠨᠡᠮᠡᠭᠳᠡᠭᠦᠯᠦᠨ᠎ᠡ᠃

ᠬᠥᠭᠵᠢᠯᠲᠡ ᠶᠢᠨ ᠬᠠᠷᠠᠯᠲᠠ ᠵᠤᠷᠢᠯᠳᠠ ᠶᠢ ᠠᠷᠠᠳ ᠲᠦᠮᠡᠨ ᠤ ᠵᠣᠯ ᠵᠢᠷᠭᠠᠯᠳᠣ ᠲᠥᠷᠥᠭᠳᠡᠯ ᠢ ᠨᠡᠮᠡᠭᠳᠡᠭᠦᠯᠬᠦ᠂ ᠬᠠᠮᠲᠤ ᠪᠠᠷ

ᠴᠢᠨᠡᠭᠡᠯᠢᠭᠵᠢᠬᠦ ᠶᠢ ᠲᠦᠯᠬᠢᠨ ᠠᠬᠢᠭᠤᠯᠬᠤ ᠳᠡᠭᠡᠷ᠎ᠡ ᠲᠠᠯᠪᠢᠵᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ

ᠪᠠᠲᠤᠯᠠᠭ᠎ᠠ ᠵᠡᠷᠭᠡ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠣᠭᠳᠠᠯᠴᠠᠭᠠᠨ ᠤ ᠪᠠᠶᠢᠭᠤᠯᠤᠯᠲᠠ ᠶᠢ ᠡᠷᠴᠢᠮᠳᠠᠢ

ᠠᠬᠢᠭᠤᠯᠤᠨ᠎ᠠ᠃ ᠬᠤᠲᠠ ᠬᠥᠳᠡᠭᠡᠨ ᠤ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠡᠷᠴᠢᠮ ᠢ ᠲᠦᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠬᠦᠮᠦᠨ ᠠᠷᠠᠳ ᠤᠨ

ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ

ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠲᠠ ᠪᠠᠯᠭᠠᠰᠣᠨ ᠤ ᠶᠡᠷᠦᠩᠬᠡᠶᠢᠯᠡᠭᠰᠡᠨ ᠳᠠᠭᠠᠭᠠᠴᠢᠯᠠᠯᠳᠠ ᠶᠢᠨ ᠴᠢᠳᠠᠪᠬᠢ ᠶᠢ

ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠤᠨ᠂ ᠠᠷᠠᠳ ᠲᠦᠮᠡᠨ ᠤ ᠰᠠᠶᠢᠨ ᠰᠠᠶᠢᠬᠠᠨ

ᠠᠮᠢᠳᠤᠷᠠᠯ ᠳᠠᠬᠢ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠪᠡᠶᠡᠯᠡᠭᠦᠯᠦᠨ᠎ᠡ᠃

ᠰᠢᠨ᠎ᠡ ᠬᠥᠭᠵᠢᠯᠲᠡ ᠶᠢᠨ ᠦᠵᠡᠯᠳᠡ ᠶᠢ ᠲᠣᠣᠱᠯᠠᠭᠤᠯᠵᠤ᠂ ᠠᠮᠢ ᠠᠬᠤᠢ ᠶᠢᠨ ᠪᠣᠯᠪᠠᠰᠤᠨ ᠤ ᠳᠠᠪᠠᠭᠤᠯᠢᠭ ᠢᠶᠠᠨ

ᠢᠯᠡᠷᠡᠭᠦᠯᠦᠨ᠎ᠡ᠃ ᠦᠵᠡᠰᠬᠦᠯᠡᠩᠲᠦ ᠰᠠᠶᠢᠬᠠᠨ ᠰᠢᠯᠤᠭᠤᠨ ᠬᠥᠬᠡ ᠬᠤᠰᠢᠭᠤ ᠶᠢ ᠪᠦᠲᠦᠭᠡᠨ ᠪᠠᠶᠢᠭᠤᠯᠬᠤ ᠶᠢ ᠣᠷᠣᠨ

ᠨᠤᠲᠤᠭ ᠤᠨ ᠪᠠᠶᠢᠯᠳᠤᠬᠤ ᠪᠣᠳᠣᠯᠭ᠎ᠠ ᠶᠢᠨ ᠴᠢᠨᠠᠷᠯᠢᠭ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ

ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠡᠯ᠎ᠡ ᠲᠥᠷᠥᠯ ᠤᠨ ᠠᠵᠢᠯ ᠤᠨ ᠴᠢᠬᠤᠯᠠ ᠤᠷᠢᠲᠠᠯ

ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠨ

ᠦᠢᠯᠡᠳᠦᠯᠭᠡᠵᠢᠭᠦᠯᠵᠦ᠂ ᠬᠢᠵᠠᠭᠠᠷᠯᠠᠬᠤ ᠪᠠ ᠵᠣᠷᠢᠭᠵᠢᠭᠤᠯᠬᠤ ᠶᠢ ᠵᠡᠷᠭᠡᠪᠡᠷ ᠴᠢᠬᠤᠯᠠᠴᠢᠯᠠᠭᠰᠠᠨ ᠠᠮᠢ ᠠᠬᠤᠢ ᠶᠢᠨ ᠪᠣᠯᠪᠠᠰᠤᠨ

᠎ ᠤ ᠳᠦᠷᠢᠮ ᠤᠨ ᠳᠣᠭᠳᠠᠯᠴᠠᠭ᠎ᠠ ᠶᠢ ᠡᠷᠴᠢᠮᠳᠠᠢ ᠪᠠᠶᠢᠭᠤᠯᠵᠤ᠂ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠤᠨ ᠲᠤᠷᠤᠭ

ᠪᠤᠲᠠᠯᠢᠭ ᠡᠪᠡᠰᠦᠨ ᠤ ᠠᠮᠢ ᠠᠬᠤᠢ ᠶᠢᠨ ᠰᠡᠷᠭᠡᠶᠢᠯᠡᠯᠲᠡ ᠶᠢᠨ ᠱᠤᠭᠤᠮ ᠢ ᠬᠦᠴᠦᠯᠡᠨ ᠪᠠᠶᠢᠭᠤᠯᠵᠤ᠂ ᠠᠵᠤ ᠠᠬᠤᠢ ᠨᠡᠶᠢᠭᠡᠮ

᠎ ᠤᠨ ᠬᠥᠭᠵᠢᠯᠲᠡ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠰᠠᠶᠢᠨ ᠰᠠᠶᠢᠬᠠᠨ ᠣᠷᠴᠢᠨ ᠲᠣᠭᠤᠷᠢᠨ ᠢ

ᠡᠭᠦᠳᠦᠨ᠎ᠡ᠃

ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠶᠡᠷᠦᠩᠬᠡᠶᠢᠯᠡᠭᠰᠡᠨ

ᠪᠣᠳᠠᠲᠤ ᠬᠦᠴᠦᠨ ᠰᠢᠨ᠎ᠡ  ᠦᠰᠦᠷᠦᠯᠲᠡ ᠲᠠᠢ ᠪᠠᠶᠢᠬᠤ ᠶᠢ ᠪᠡᠶᠡᠯᠡᠭᠦᠯᠦᠨ᠎ᠡ᠃ ︽ᠳᠥᠷᠪᠡᠨ ᠠᠮᠤᠷ ᠲᠦᠪᠰᠢᠨ︾᠎ ᠢ ᠨᠠᠩ

ᠰᠠᠶᠢᠲᠤᠷ ᠪᠠᠲᠤᠯᠠᠬᠤ ᠶᠢᠨ ᠲᠣᠭᠤᠷᠢᠨ ᠳᠤ᠂ ᠣᠷᠣᠨ ᠪᠠᠶᠢᠷᠢ᠂ ᠠᠮᠢ ᠠᠬᠤᠶ᠂ ᠰᠣᠶᠣᠯ ᠤᠨ ᠳᠠᠪᠠᠭᠤᠯᠢᠭ ᠲᠠᠭᠠᠨ

ᠲᠦᠰᠢᠭᠯᠡᠨ᠂ ᠤᠯᠠᠮᠵᠢᠯᠠᠯᠲᠤ ᠠᠵᠤ ᠦᠶᠯᠡᠰ ᠢ ᠡᠷᠴᠢᠮᠳᠠᠢ ᠥᠭᠡᠷᠡᠴᠢᠯᠡᠨ᠂ ᠣᠯᠠᠨ ᠡᠰᠢᠵᠢᠨ ᠬᠥᠭᠵᠢᠭᠰᠡᠨ᠂ ᠣᠯᠠᠨ

ᠲᠤᠶᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠠᠵᠤ ᠦᠶᠯᠡᠰ ᠤᠨ ᠳᠣᠭᠳᠠᠯᠴᠠᠭ᠎ᠠ ᠶᠢ ᠪᠠᠶᠢᠭᠤᠯᠤᠨ᠎ᠠ᠃ ᠬᠤᠷᠢᠭ᠎ᠠ

ᠱᠤᠭᠤᠮ ᠤᠨ ᠰᠡᠳᠬᠢᠬᠦᠢ ᠪᠠ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ

᠎ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ

᠎ ᠶᠢ ᠪᠠᠲᠤ ᠴᠣᠭᠴᠠᠯᠠᠬᠤ ᠬᠡᠷᠡᠭᠲᠡᠢ᠃

ᠭᠤᠷᠪᠠ᠂ 2021 ᠣᠨ ᠤ ᠭᠤᠤᠯᠳᠠᠯᠭ᠎ᠠ ᠲᠠᠢ ᠠᠵᠢᠯ ᠢ ᠯᠠᠪᠳᠠᠭᠤᠨ ᠢᠶᠠᠷ ᠥᠷᠨᠢᠭᠦᠯᠦᠨ᠎ᠡ

2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠦᠯᠦᠪᠯᠡᠭᠡ ᠶᠢᠨ ᠡᠬᠢᠯᠡᠯᠲᠡ ᠶᠢᠨ ᠵᠢᠯ ᠪᠤᠯᠤᠨ᠎ᠠ᠃

ᠡᠨᠡ ᠵᠢᠯ ᠤᠨ ᠡᠯ᠎ᠡ ᠲᠥᠷᠥᠯ ᠤᠨ ᠠᠵᠢᠯ ᠢ ᠰᠠᠶᠢᠳᠣᠷ ᠡᠬᠢᠯᠡᠭᠦᠯᠬᠦ ᠨᠢ ᠬᠤᠶᠢᠰᠢᠳᠠ ᠶᠢᠨ ᠲᠠᠪᠤᠨ ᠵᠢᠯ ᠤᠨ ᠬᠥᠭᠵᠢᠯᠳᠡ ᠶᠢᠨ

ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ᠃

ᠥᠨᠥ ᠵᠢᠯ ᠤᠨ ᠬᠤᠰᠢᠭᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ

ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ

ᠬᠤᠶᠠᠳᠤᠭᠠᠷ᠂ ᠭᠤᠷᠪᠠᠳᠣᠭᠠᠷ᠂ ᠲᠦᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ

ᠲᠣᠣᠱᠯᠠᠭᠤᠯᠵᠣ᠂ ᠲᠣᠭᠲᠠᠭᠤᠨ ᠤ ᠲᠣᠮᠳᠠ ᠣᠷᠣᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠦ᠂ ᠰᠢᠨ᠎ᠡ

ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠣᠣᠱᠯᠠᠭᠤᠯᠣᠨ᠂ ᠰᠢᠨ᠎ᠡ

ᠬᠥᠭᠵᠢᠯᠲᠡ ᠶᠢᠨ ᠪᠠᠶᠢᠷᠢᠰᠢᠯ ᠢ ᠪᠤᠢ ᠪᠤᠯᠭᠠᠨ᠎ᠠ᠃ ᠴᠢᠨᠠᠷᠯᠢᠭ ᠬᠦᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠂

ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ

ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠨ᠎ᠠ᠃ ᠠᠷᠠᠳ

ᠲᠦᠮᠡᠨ ᠤ ᠡᠳᠦᠷ ᠢᠷᠡᠬᠦᠶ᠎ᠡ ᠨᠡᠮᠡᠭᠳᠡᠵᠦ  ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ

ᠬᠠᠩᠭᠠᠬᠤ ᠪᠠᠷ ᠦᠨᠳᠦᠰᠦᠨ ᠵᠣᠷᠢᠯᠭ᠎ᠠ ᠪᠠᠨ ᠪᠣᠯᠭᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠪᠠ ᠠᠵᠤ

ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠳᠦᠮᠵᠢ ᠶᠢ ᠪᠠᠬᠢᠵᠢᠭᠦᠯᠦᠨ ᠥᠷᠭᠡᠳᠬᠡᠨ᠎ᠡ᠃ ᠬᠥᠭᠵᠢᠯᠲᠡ ᠪᠣᠯᠤᠨ ᠠᠮᠤᠷ

ᠲᠦᠪᠰᠢᠨ ᠢ ᠨᠢᠭᠡᠳᠭᠡᠨ ᠲᠦᠯᠦᠪᠵᠢᠬᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ

ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠡᠶᠢᠳᠠᠪᠦᠷᠢᠵᠢᠭᠤᠯᠤᠨ ᠠᠬᠢᠭᠤᠯᠵᠦ᠂ ᠬᠤᠷᠸ᠎ᠠ

ᠲᠣᠬᠢᠷᠠᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠬᠡᠷᠡᠭᠵᠢᠭᠦᠯᠵᠦ᠂ ᠠᠵᠤ ᠠᠬᠤᠢ

᠎ ᠶᠢᠨ ᠬᠦᠭᠵᠢᠯᠲᠡ ᠶᠢᠨ ᠪᠠᠶᠢᠳᠠᠯ ᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠶᠢ ᠪᠠᠳᠣᠯᠠᠵᠦ᠂ ᠳᠣᠲᠣᠭᠠᠳᠤ ᠬᠡᠷᠡᠭᠴᠡᠭᠡ ᠶᠢ

ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠰᠢᠨᠵᠢᠯᠡᠬᠦ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ

ᠲᠣᠯᠭᠠᠭᠤᠷᠢ ᠬᠦᠴᠦᠨ ᠢ ᠴᠢᠩᠭᠠᠳᠬᠠᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ︽

ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠦᠯᠦᠪᠯᠡᠭᠡ ᠶᠢᠨ ᠰᠠᠶᠢᠨ ᠡᠬᠢᠯᠡᠯᠲᠡ ᠶᠢ ᠪᠠᠳᠣᠯᠠᠵᠦ᠂ ᠰᠢᠯᠢᠳᠡᠭ ᠬᠢᠷᠢ

ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ᠃

ᠡᠨᠡ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠳᠠ ᠪᠣᠯ᠄ ᠣᠷᠣᠨ

ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 57.6 ᠳ᠋ᠦᠩᠰᠢᠭᠤᠷ ᠲᠥᠭᠦᠷᠢᠭ ᠲᠤ ᠬᠦᠷᠭᠡᠵᠦ᠂ 6%᠎ ᠪᠠᠷ

ᠨᠡᠮᠡᠭᠳᠡᠭᠦᠯᠦᠨ᠎ᠡ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2.47 ᠳ᠋ᠦᠩᠰᠢᠭᠤᠷ ᠲᠥᠭᠦᠷᠢᠭ

ᠪᠡᠶᠡᠯᠡᠭᠦᠯᠦᠨ᠎ᠡ᠃ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 19 ᠳ᠋ᠦᠩᠰᠢᠭᠤᠷ

ᠲᠥᠭᠦᠷᠢᠭ ᠪᠡᠶᠡᠯᠡᠭᠦᠯᠵᠦ᠂ 11.8%᠎ ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ

ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ 13 ᠳ᠋ᠦᠩᠰᠢᠭᠤᠷ ᠲᠥᠭᠦᠷᠢᠭ ᠲᠤ ᠬᠦᠷᠭᠡᠵᠦ᠂ 6%᠎ ᠪᠠᠷ ᠨᠡᠮᠡᠭᠳᠡᠭᠦᠯᠦᠨ᠎ᠡ᠂

ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠶᠢ ᠲᠣᠰᠪᠣᠷᠢ

40930 ᠲᠥᠭᠦᠷᠢᠭ᠂ 22680 ᠲᠥᠭᠦᠷᠢᠭ ᠲᠤ ᠬᠦᠷᠭᠡᠵᠦ᠂ ᠲᠣᠰᠪᠣᠷᠢ 3.5% ᠪᠠ 7% ᠣᠷᠴᠢᠮ

ᠨᠡᠮᠡᠭᠳᠡᠭᠦᠯᠦᠨ᠎ᠡ᠃ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠰᠠᠶᠢᠵᠢᠷᠠᠭᠤᠯᠵᠤ᠂ ᠣᠷᠣᠨ ᠨᠤᠲᠤᠭ ᠤᠨ

ᠦᠶᠯᠡᠳᠪᠦᠷᠢᠯᠡᠯ ᠤᠨ ᠶᠡᠷᠦᠩᠬᠡᠶ ᠥᠷᠲᠡᠭ ᠤᠨ ᠡᠨᠧᠷᠭᠢ ᠶᠢᠨ ᠬᠤᠷᠣᠭᠳᠠᠯ ᠢ 3%᠎ ᠪᠠᠷ ᠪᠠᠭᠤᠷᠠᠭᠤᠯᠤᠨ᠎ᠠ᠃ ᠠᠶᠢᠮᠠᠭ ᠤᠨ

ᠵᠠᠬᠢᠷᠭ᠎ᠠ ᠠᠴᠠ ᠱᠠᠭᠠᠷᠳᠠᠭᠰᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠦᠬᠦ ᠲᠠᠯ᠎ᠠ ᠪᠠᠷ

ᠪᠡᠶᠡᠯᠡᠭᠦᠯᠦᠨ᠎ᠡ᠃

︵ᠨᠢᠭᠡ︶ ᠠᠮᠢ ᠠᠬᠤᠢ ᠶᠢᠨ ᠬᠠᠮᠠᠭᠠᠯᠠᠯᠲᠠ ᠳᠤ ᠬᠦᠴᠦᠨ ᠢᠶᠠᠨ ᠲᠥᠪᠯᠡᠷᠡᠭᠦᠯᠦᠨ᠂ ᠠᠮᠢ ᠠᠬᠤᠢ ᠶᠢᠨ ᠠᠮᠤᠷ ᠲᠦᠪᠰᠢᠨ ᠤ

ᠬᠠᠯᠬᠠᠪᠴᠢ ᠶᠢ ᠬᠦᠴᠦᠯᠡᠨ ᠪᠠᠶᠢᠭᠤᠯᠤᠨ᠎ᠠ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠥᠬᠡᠶ

ᠬᠥᠭᠵᠢᠯᠲᠡ ᠶᠢᠨ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ

ᠲᠣᠭᠲᠠᠪᠤᠷᠢᠲᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠠᠮᠢ ᠠᠬᠤᠶ ᠶᠢᠨ ᠬᠠᠮᠠᠭᠠᠯᠠᠯᠳᠠ ᠪᠠᠷ ᠬᠥᠭᠵᠢᠯᠲᠡ ᠶᠢᠨ ᠬᠢᠷᠢ

ᠲᠥᠪᠰᠢᠨ ᠢ ᠢᠯᠡᠷᠡᠭᠦᠯᠦᠨ᠎ᠡ᠃

ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠨ᠎ᠠ᠃ ᠤᠯᠤᠰ ᠤᠨ ᠭᠠᠵᠠᠷ ᠰᠢᠷᠣᠶ ᠶᠢᠨ

ᠣᠷᠣᠨ ᠵᠠᠶ ᠶᠢᠨ ᠲᠥᠯᠥᠪᠵᠢᠭᠦᠯᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ︽ᠭᠤᠷᠪᠠᠨ ᠱᠤᠭᠤᠮ ᠨᠢᠭᠡ ᠲᠠᠩᠰᠠ︾᠎ ᠶᠢᠨ

ᠠᠮᠢ ᠠᠬᠤᠶ ᠣᠷᠴᠢᠨ ᠲᠣᠭᠤᠷᠢᠨ ᠤ ᠣᠷᠣᠨ  ᠬᠤᠪᠢᠳᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃

ᠨᠠᠭᠤᠷ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠶ ᠮᠣᠳᠣᠨ ᠤ ᠳᠠᠷᠤᠭ᠎ᠠ ᠶᠢᠨ ᠲᠦᠷᠢᠮ

᠂ ᠲᠠᠯ᠎ᠠ ᠨᠤᠳᠤᠭ ᠤᠨ ᠳᠠᠷᠤᠭ᠎ᠠ ᠶᠢᠨ ᠲᠦᠷᠢᠮ ᠢ ᠬᠡᠷᠡᠭᠵᠢᠭᠦᠯᠵᠦ᠂ ᠪᠡᠭᠡᠵᠢᠩ ᠲᠢᠶᠠᠨᠵᠢᠨ ᠤ ᠡᠯᠡᠰᠦᠨ‌‍ᠰᠢᠭᠤᠷᠭᠠᠨ ᠤ ᠡᠬᠢ

᠎ ᠶᠢ ᠵᠠᠰᠠᠬᠤ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ︵ᠲᠠᠴᠢᠷᠰᠢᠭᠰᠠᠨ ᠬᠠᠳᠤᠯᠠᠩ ᠪᠡᠯᠴᠢᠭᠡᠷ ᠢ

ᠰᠡᠷᠭᠦᠭᠡᠬᠦ︶᠂ ᠨᠤᠭᠤ ᠭᠠᠵᠠᠷ ᠢ ᠬᠠᠮᠠᠭᠠᠯᠠᠬᠤ ᠪᠠ ᠰᠡᠷᠭᠦᠭᠡᠬᠦ ᠵᠡᠷᠭᠡ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ

᠎ ᠤᠨ ᠲᠥᠯᠥᠪᠵᠢᠭᠦᠯᠭᠡ ᠶᠢ ᠲᠤᠭᠤᠷᠪᠢᠨ ᠨᠠᠶᠢᠷᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ ᠮᠠᠯ

ᠪᠡᠯᠴᠢᠭᠡᠷ ᠢ ᠲᠡᠩᠴᠡᠭᠦᠷᠢᠰᠢᠭᠦᠯᠬᠦ᠂ ᠪᠡᠯᠴᠢᠭᠡᠷᠯᠡᠭᠦᠯᠬᠦ ᠶᠢ ᠵᠣᠭᠰᠣᠭᠠᠬᠤ ᠵᠡᠷᠭᠡ ᠲᠦᠷᠢᠮ ᠢ ᠪᠦᠲᠦᠮᠵᠢᠲᠡᠶ

ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠣᠢ ᠰᠢᠭᠤᠢ ᠶᠢ ᠡᠪᠳᠡᠭᠰᠡᠨ ᠬᠠᠤᠯᠢ ᠵᠥᠷᠢᠴᠡᠭᠰᠡᠨ ᠠᠰᠠᠭᠤᠳᠠᠯ ᠢ ᠴᠡᠭᠴᠡᠯᠡᠨ

ᠵᠠᠰᠠᠨ᠎ᠠ᠃ ᠲᠠᠯ᠎ᠠ ᠨᠤᠳᠤᠭ ᠤᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠵᠠᠰᠠᠬᠤ ᠪᠠ ᠨᠤᠲᠤᠭ ᠪᠡᠯᠴᠢᠭᠡᠷ ᠢ ᠬᠢᠨᠠᠨ

ᠬᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠠᠶᠢᠮᠠᠭ ᠤᠨ ᠨᠠᠮ ᠤᠨ ᠬᠤᠷᠢᠶ᠎ᠠ᠂  ᠵᠠᠬᠢᠷᠭᠠᠨ ᠤ ︽ᠶᠡᠷᠦᠩᠬᠡᠢ

ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ

᠎ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢ ᠬᠢᠨᠠᠨ

ᠵᠥᠪᠯᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠯ᠎ᠠ ᠨᠤᠲᠤᠭ

᠎ ᠤᠨ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠤᠯᠠᠮ ᠴᠢᠩᠭᠠᠳᠬᠠᠬᠤ ᠲᠤᠬᠠᠢ ᠲᠣᠭᠲᠠᠭᠠᠯ︾᠎ ᠢ

ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠣᠭᠲᠠᠭᠠᠯ︾᠎ ᠤᠨ 22 ᠭᠤᠣᠯᠳᠠᠯᠭ᠎ᠠ ᠲᠠᠢ ᠡᠭᠦᠷᠭᠡ ᠶᠢ

ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠮᠠᠨ ᠤ ᠬᠤᠰᠢᠭᠤᠨ ᠤ ᠪᠣᠳᠠᠲᠠᠢ ᠳᠤ ᠨᠡᠶᠢᠴᠡᠭᠰᠡᠨ ᠳᠦᠷᠢᠮ ᠤᠨ

ᠳᠣᠭᠲᠠᠯᠴᠠᠭ᠎ᠠ ᠶᠢ ᠲᠡᠭᠦᠯᠳᠡᠷᠵᠢᠭᠦᠯᠦᠨ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠡᠷᠴᠢᠮᠳᠠᠢ ᠠᠬᠢᠭᠤᠯᠤᠨ᠎ᠠ᠃

ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠭᠤᠷᠬᠠᠢ ᠶᠢᠨ ᠵᠠᠰᠠᠯᠲᠠ ᠶᠢᠨ

ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ︽

ᠠᠷᠪᠠᠨ ᠳᠥᠷᠪᠡᠳᠦᠭᠡᠷ ᠲᠠᠪᠤᠨ ᠵᠢᠯ︾ ᠲᠥᠯᠦᠪᠯᠡᠭᠡ ᠶᠢᠨ ᠡᠬᠢᠯᠡᠯᠲᠡ ᠶᠢᠨ ᠵᠢᠯ ᠤᠨ ᠴᠢᠬᠤᠯᠠ ᠡᠭᠦᠷᠭᠡ ᠪᠣᠯᠭᠠᠨ᠂

ᠦᠯᠡᠳᠡᠭᠳᠡᠯ ᠠᠰᠠᠭᠤᠳᠠᠯ᠂ ᠥᠩᠭᠡᠷᠡᠭᠰᠡᠨ ᠤ ᠥᠷᠢ ᠰᠢᠷᠢ ᠪᠠᠨ ᠰᠢᠢᠳᠪᠦᠷᠢᠯᠡᠵᠦ᠂ ᠠᠵᠤ ᠠᠬᠤᠶᠢᠯᠠᠯ ᠤᠨ ᠭᠤᠤᠯ ᠴᠣᠭᠴᠠ

᠎ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ

ᠴᠢᠩᠭᠠᠷᠠᠭᠤᠯᠵᠤ᠂ ᠪᠥᠬᠦ ᠣᠷᠣᠨ ᠪᠦᠰᠡ ᠳᠤ ᠣᠷᠴᠢᠨ ᠲᠣᠭᠤᠷᠢᠨ ᠢ ᠵᠠᠰᠠᠬᠤ ᠪᠠ ᠠᠮᠢ ᠠᠬᠤᠶ ᠶᠢ ᠵᠠᠰᠠᠨ ᠰᠡᠷᠭᠦᠭᠡᠬᠦ

ᠲᠥᠷᠥᠯ ᠵᠦᠶᠯ ᠢ ᠬᠡᠷᠡᠭᠵᠢᠬᠦᠯᠦᠨ᠂ ᠬᠠᠶᠠᠭᠳᠠᠮᠠᠯ ᠠᠭᠤᠷᠬᠠᠶ᠂ ᠡᠯ᠎ᠡ ᠲᠥᠷᠥᠯ ᠤᠨ ᠠᠭᠤᠷᠬᠠᠶ ᠶᠢᠨ ᠣᠷᠴᠢᠨ ᠲᠣᠭᠤᠷᠢᠨ᠂

ᠦᠶᠯᠡᠳᠪᠦᠷᠢ ᠶᠢᠨ ᠲᠣᠭᠤᠷᠢᠭ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠵᠠᠰᠠᠬᠤ ᠠᠵᠢᠯ ᠢ ᠰᠠᠶᠢᠲᠤᠷ

ᠠᠳᠬᠤᠵᠤ᠂ ᠣᠷᠴᠢᠨ ᠠᠬᠤᠢ ᠶᠢ ᠰᠡᠷᠭᠦᠭᠡᠨ᠎ᠡ᠃ ︽ᠰᠢᠯᠤᠭᠤᠨ ᠬᠥᠬᠡ ᠬᠤᠰᠢᠭᠤᠨ ᠤ ᠪᠠᠷᠢᠯᠭ᠎ᠠ ᠳᠤ ᠬᠡᠷᠡᠭᠯᠡᠬᠦ ᠬᠠᠶᠢᠷ

ᠴᠢᠯᠠᠭᠤ ᠶᠢ ᠨᠡᠭᠡᠭᠡᠨ ᠠᠰᠢᠭᠯᠠᠬᠤ ᠲᠤᠰᠬᠠᠢ ᠲᠥᠷᠥᠯ ᠤᠨ ᠲᠥᠯᠦᠪᠵᠢᠭᠦᠯᠭᠡ︾᠎ ᠶᠢ ᠨᠠᠶᠢᠳᠠᠪᠤᠷᠢᠵᠢᠭᠤᠯᠤᠨ ᠵᠣᠬᠢᠰᠲᠠᠢ

ᠪᠠᠶᠢᠷᠢᠯᠠᠭᠤᠯᠵᠤ᠂ ᠶᠡᠷᠦᠩᠬᠡᠶᠢᠯᠡᠨ ᠠᠵᠢᠭᠯᠠᠵᠤ᠂ ᠦᠷ᠎ᠡ ᠪᠦᠳᠦᠮᠵᠢᠲᠦ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠬᠦᠯᠦᠨ᠂

ᠥᠨᠥ ᠵᠢᠯ ᠳᠤ᠂ 2 ᠰᠠᠭᠤᠷᠢ ᠴᠢᠯᠠᠭᠤ ᠮᠠᠯᠲᠠᠬᠤ ᠲᠠᠯᠠᠪᠠᠢ ᠶᠢ ᠬᠠᠭᠠᠵᠤ᠂ 1 ᠰᠠᠭᠤᠷᠢ ᠥᠪᠡᠷᠲᠡᠭᠡᠨ ᠵᠠᠰᠠᠬᠤ ᠣᠷᠣᠨ ᠤ

ᠲᠡᠰ ᠤᠨ ᠪᠣᠬᠢᠷᠲᠤᠯ ᠦᠭᠡᠢ ᠠᠭᠤᠷᠬᠠᠢ ᠶᠢ ᠪᠠᠶᠢᠭᠤᠯᠤᠨ᠎ᠠ᠃

ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯ ᠢ ᠰᠠᠶᠢᠳᠤᠷ ᠬᠢᠨ᠎ᠡ᠃ ᠴᠢᠭᠯᠡᠯ ᠢ ᠪᠠᠷᠢᠮᠲᠠᠯᠠᠵᠤ᠂

ᠡᠷᠴᠢᠮ ᠢᠶᠠᠨ ᠴᠢᠩᠭᠠᠳᠬᠠᠨ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ᠂ ᠨᠠᠷᠢᠯᠢᠭ ᠣᠨᠣᠪᠴᠢᠲᠠᠢ ᠪᠠᠷ ᠵᠠᠰᠠᠬᠤ ᠶᠢ

ᠳᠣᠪᠤᠶᠢᠯᠭᠠᠨ᠂ ᠪᠣᠬᠢᠷᠲᠤᠯ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠱᠠᠲᠤᠴᠢ ᠴᠢᠨᠠᠷᠲᠠᠢ ᠡᠭᠦᠷᠭᠡ ᠶᠢ ᠪᠦᠬᠦ ᠲᠠᠯ᠎ᠠ ᠪᠠᠷ

ᠠᠬᠢᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠢᠨᠠᠨ ᠪᠠᠶᠢᠴᠠᠭᠠᠯᠲᠠ ᠶᠢᠨ ᠦᠷ᠎ᠡ

ᠪᠦᠲᠦᠭᠡᠯ ᠢ ᠪᠠᠬᠢᠵᠢᠭᠦᠯᠦᠨ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠢᠨᠠᠨ ᠪᠠᠶᠢᠴᠠᠭᠠᠯᠲᠠ ᠶᠢ

ᠤᠭᠲᠤᠬᠤ ᠪᠠ 2021 ᠣᠨ ᠤ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠬᠤᠰᠢᠭᠤ

ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠯᠡᠬᠦ ᠪᠠ ᠬᠢᠨᠠᠨ ᠳᠣᠭᠲᠠᠭᠠᠬᠤ ᠪᠡᠯᠡᠳᠬᠡᠯ ᠠᠵᠢᠯ ᠢ

ᠰᠠᠶᠢᠳᠤᠷ ᠬᠢᠨ᠎ᠡ᠃ ᠠᠭᠠᠷ ᠤᠨ ᠪᠣᠬᠢᠷᠳᠤᠯ ᠢ ᠵᠠᠰᠠᠬᠤ ᠠᠵᠢᠯ ᠢ ᠴᠢᠩᠭᠠᠳᠬᠠᠨ᠂ ᠣᠷᠴᠢᠨ ᠲᠣᠭᠤᠷᠢᠨ ᠤ ᠶᠠᠰᠤ ᠴᠢᠨᠠᠷ ᠢ

ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃ ︽ᠪᠣᠬᠢᠷᠳᠤᠯ ᠲᠠᠢ᠂ ᠬᠠᠮᠢᠶᠠᠷᠤᠯᠲᠠ ᠵᠠᠳᠠᠭᠠᠢ︾ ᠠᠵᠤ ᠠᠬᠤᠶᠢᠯᠠᠯ ᠢ

ᠵᠠᠰᠠᠬᠤ ᠠᠵᠢᠯ ᠢ ᠪᠠᠶᠢᠩᠭᠤᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢᠨ

ᠪᠣᠬᠢᠷᠳᠤᠯ ᠢ ᠰᠡᠷᠭᠡᠶᠢᠯᠡᠨ ᠵᠠᠰᠠᠨ᠎ᠠ᠃ ︽ᠭᠤᠷᠪᠠᠨ ᠲᠣᠭᠤᠷᠢᠭ︾᠎ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ

ᠨᠠᠶᠢᠳᠠᠪᠤᠷᠢᠵᠢᠭᠤᠯᠤᠨ᠂ ᠠᠭᠠᠷ ᠤᠨ ᠪᠣᠬᠢᠷᠳᠤᠯ ᠢ ᠵᠠᠰᠠᠨ᠎ᠠ᠃ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ

ᠬᠠᠮᠠᠭᠠᠯᠠᠯᠲᠠ ᠪᠠ ᠵᠠᠰᠠᠨ ᠴᠡᠭᠴᠡᠯᠡᠯᠲᠡ ᠶᠢ ᠴᠢᠩᠭᠠᠳᠬᠠᠵᠤ᠂ ᠪᠦᠬᠦ ᠬᠤᠰᠢᠭᠤᠨ ᠤ 2021 ᠣᠨ ᠤ ᠤᠰᠤᠨ ᠤ

ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠯᠡᠭᠡ ᠶᠢ ᠲᠤᠭᠲᠠᠭᠠᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢ

ᠬᠠᠮᠠᠭᠠᠯᠠᠨ᠂ ᠤᠰᠤᠨ ᠰᠣᠷᠪᠤᠯᠵᠢ ᠶᠢᠨ ᠠᠮᠤᠷ ᠲᠦᠪᠰᠢᠨ ᠢ ᠪᠠᠲᠤᠯᠠᠨ᠎ᠠ᠃ ᠠᠮᠤᠷ ᠳᠥᠪᠰᠢᠨ ᠤ ᠠᠰᠠᠭᠤᠳᠠᠯ ᠲᠠᠢ

ᠬᠠᠶᠠᠭᠳᠠᠮᠠᠯ ᠪᠤᠳᠠᠰ ᠤᠨ ᠬᠠᠮᠢᠶᠠᠷᠤᠯᠲᠠ ᠶᠢᠨ ᠲᠥᠯᠥᠪᠯᠡᠭᠡ ᠶᠢ ᠡᠯᠧᠺᠲᠷᠣᠨᠴᠢᠯᠠᠨ ᠳᠠᠩᠰᠠᠯᠠᠨ᠎ᠠ᠃ ᠠᠮᠢ ᠠᠬᠤᠶ ᠶᠢᠨ

ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ︽ᠬᠤᠣᠰ ᠳᠠᠰᠢᠷᠠᠮ︾᠎ ᠢᠶᠠᠷ ᠪᠠᠶᠢᠴᠠᠭᠠᠬᠤ ᠠᠵᠢᠯ ᠢ

ᠦᠷᠭᠦᠯᠵᠢᠯᠡᠨ ᠥᠷᠨᠢᠭᠦᠯᠵᠦ᠂ 2021 ᠣᠨ ᠤ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠡ ᠶᠢᠨ ᠨᠡᠷᠡᠰ ᠢ

ᠲᠣᠭᠲᠠᠭᠠᠵᠤ᠂ ᠬᠢᠨᠠᠨ ᠡᠵᠡᠮᠳᠡᠬᠦ ᠪᠠᠶᠢᠭᠤᠯᠤᠯᠲᠠ ᠶᠢᠨ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠵᠦ᠂ ᠬᠢᠨᠠᠨ ᠡᠵᠡᠮᠳᠡᠬᠦ

ᠲᠤᠭ᠎ᠠ ᠪᠠᠷᠢᠮᠲᠠ ᠶᠢᠨ ᠪᠦᠲᠦᠮᠵᠢᠲᠡᠶ ᠳᠠᠮᠵᠢᠭᠤᠯᠬᠤ ᠨᠣᠷᠮ᠎ᠠ ᠶᠢ 95 %᠎ ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠶᠢ

ᠦᠨᠡᠨᠬᠦ ᠪᠠᠲᠤᠯᠠᠨ᠎ᠠ᠃

 ︵ᠬᠤᠶᠠᠷ︶ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ᠬᠦᠴᠦᠯᠡᠨ᠂ ᠴᠢᠨᠠᠷᠯᠢᠭ ᠠᠵᠤ ᠦᠶᠯᠡᠰ ᠤᠨ

ᠰᠢᠰᠲ᠋ᠧᠮ ᠢ ᠪᠣᠶ ᠪᠣᠯᠭᠠᠨ᠎ᠠ᠃ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠢᠢᠵᠢᠭᠤᠯᠬᠤ ᠴᠢᠭᠯᠡᠯ

᠎ ᠢ ᠭᠤᠶᠢᠪᠢᠰᠢ ᠥᠬᠡᠶ ᠪᠠᠷᠢᠮᠲᠠᠯᠠᠵᠤ᠂ ᠳᠠᠪᠠᠭᠤᠯᠢᠭ ᠠᠵᠤ ᠦᠢᠯᠡᠰ ᠢ ᠳᠡᠰ ᠳᠡᠪᠰᠢᠭᠦᠯᠦᠨ᠂ ᠰᠢᠨ᠎ᠡ ᠬᠡᠯᠪᠡᠷᠢ ᠶᠢᠨ ᠠᠵᠤ

ᠦᠢᠯᠡᠰ ᠢ ᠬᠦᠭᠵᠢᠬᠦᠯᠵᠦ᠂ ᠶᠡᠷᠦᠩᠬᠡᠢ ᠬᠡᠮᠵᠢᠶ᠎ᠡ ᠶᠢ ᠥᠷᠭᠡᠳᠬᠡᠨ᠂ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠦᠢᠯᠡᠰ ᠤᠨ

ᠬᠥᠭᠵᠢᠯᠲᠡ ᠶᠢᠨ ᠳᠠᠪᠠᠭᠤᠯᠢᠭ ᠪᠠ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃

ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠤᠭᠲᠠᠭᠠᠯᠲᠠ ᠶᠢ ᠨᠠᠶᠢᠳᠠᠪᠤᠷᠢᠵᠢᠭᠤᠯᠤᠨ᠎ᠠ᠃ ᠰᠢᠨ᠎ᠡ ᠬᠥᠭᠵᠢᠯᠲᠡ ᠶᠢᠨ

ᠣᠶᠢᠯᠠᠭᠠᠭᠳᠠᠬᠤᠨ ᠢ ᠡᠷᠡᠰ ᠲᠤᠤᠱᠯᠠᠭᠤᠯᠵᠤ᠂ ᠱᠢ ᠲᠠᠢ ᠹᠧᠩ ᠱᠦᠵᠢ ᠶᠢᠨ ᠳᠤᠷᠠᠳᠤᠭᠰᠠᠨ ︽ᠳᠥᠷᠪᠡᠨ ᠥᠯᠥ ᠪᠣᠯᠬᠤ︾

ᠵᠠᠷᠴᠢᠮ ᠢ ᠵᠢᠷᠤᠮᠯᠠᠨ᠂ ︽ᠳᠥᠷᠪᠡᠨ ᠠᠮᠤᠷ ᠲᠦᠪᠰᠢᠨ︾᠎ ᠢ ᠪᠠᠲᠤᠯᠠᠬᠤ ᠲᠣᠭᠤᠷᠢᠨ ᠳᠤ ᠠᠵᠤ ᠦᠶᠯᠡᠰ ᠤᠨ ᠬᠡᠯᠪᠡᠷᠢ ᠶᠢ

ᠬᠤᠪᠢᠷᠠᠭᠤᠯᠤᠨ ᠲᠠᠰ ᠳᠡᠪᠰᠢᠭᠦᠯᠦᠨ᠎ᠡ᠃ ᠬᠠᠩᠭᠠᠯᠭ᠎ᠠ ᠶᠢᠨ ᠲᠠᠯ᠎ᠠ᠂ ᠬᠡᠷᠡᠭᠴᠡᠭᠡᠨ ᠤ ᠲᠠᠯ᠎ᠠ ᠪᠠᠷ ᠬᠦᠴᠦᠯᠡᠵᠦ᠂ ᠪᠡᠭᠡᠵᠢᠩ

ᠲᠢᠶᠠᠨᠵᠢᠨ ᠾᠧᠪᠸᠢ ᠶᠢ ᠲᠠᠭᠠᠨ ᠬᠥᠭᠵᠢᠬᠦ᠂ ᠪᠦᠸᠧᠬᠠᠢ ᠲᠠᠩᠭᠢᠰ ᠳᠠᠭᠠᠤ ᠣᠷᠣᠨ ᠤ ᠠᠵᠤ ᠠᠬᠤᠢ ᠶᠢᠨ ᠣᠷᠣᠨ ᠲᠠᠢ

ᠠᠭᠤᠰᠤᠯᠴᠠᠨ ᠬᠥᠭᠵᠢᠬᠦ ᠲᠠᠢ ᠤᠶᠠᠯᠳᠤᠭᠤᠯᠤᠨ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ

ᠬᠢᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠲᠠᠢ

ᠤᠶᠠᠯᠳᠤᠭᠤᠯᠤᠨ᠂ ᠭᠤᠤᠯ ᠴᠣᠭᠴᠠ ᠶᠢᠨ ᠴᠢᠳᠠᠮᠵᠢᠲᠤ ᠪᠠᠶᠢᠷᠢ ᠲᠣᠭᠲᠠᠭᠠᠯᠲᠠ ᠳᠤ ᠥᠯᠥ ᠨᠡᠶᠢᠴᠡᠬᠦ ᠠᠵᠤ ᠦᠶᠯᠡᠰ ᠤᠨ

ᠪᠠᠶᠢᠷᠢᠰᠢᠭᠤᠯᠤᠯᠲᠠ᠂ ᠬᠡᠪᠴᠢᠶ᠎ᠡ ᠪᠠ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ᠭᠤᠤᠯ ᠴᠣᠭᠴᠠ ᠶᠢᠨ ᠴᠢᠳᠠᠮᠵᠢ

᠎ ᠶᠢᠨ ᠪᠠᠶᠢᠷᠢ ᠲᠣᠭᠲᠠᠭᠠᠯᠲᠠ ᠳᠤ ᠥᠯᠥ ᠨᠡᠶᠢᠴᠡᠬᠦ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠡᠨᠧᠷᠭᠢ

᠎ ᠶᠢᠨ ᠬᠤᠷᠣᠭᠳᠠᠯ ᠶᠡᠬᠡᠲᠡᠶ ᠠᠵᠤ ᠦᠶᠯᠡᠰ ᠢ ᠴᠢᠩᠭ᠎ᠠ ᠬᠢᠵᠠᠭᠠᠷᠯᠠᠨ᠎ᠠ᠃ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ

ᠪᠠ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ

ᠬᠡᠮᠵᠢᠵᠦ᠂ ᠱᠠᠩᠳᠤ ᠴᠠᠬᠢᠯᠭᠠᠨ ᠦᠢᠯᠡᠳᠪᠦᠷᠢ ᠵᠡᠷᠭᠡ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ

ᠬᠤᠷᠣᠭᠳᠠᠯ ᠢ ᠬᠢᠨᠠᠨ ᠬᠡᠮᠵᠢᠵᠦ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ᠎ᠠ᠃ ᠲᠥᠪᠯᠡᠷᠡᠭᠦᠯᠦᠨ

ᠭᠦᠢᠴᠡᠳᠬᠡᠬᠦ ᠰᠠᠷ᠎ᠠ ᠶᠢᠨ ᠠᠵᠢᠯᠯᠠᠭ᠎ᠠ ᠶᠢ ᠳᠥᠷᠢᠮᠵᠢᠭᠦᠯᠵᠦ᠂ 36 ᠵᠦᠢᠯ ᠤᠨ ᠬᠤᠰᠢᠭᠤ ᠲᠡᠰ ᠤᠨ ᠭᠤᠣᠯᠳᠠᠯᠭ᠎ᠠ ᠲᠠᠢ

ᠲᠥᠷᠥᠯ ᠵᠦᠢᠯ ᠢ ᠰᠠᠶᠢᠲᠤᠷ ᠠᠳᠬᠤᠵᠤ᠂ ᠭᠤᠣᠯᠳᠠᠯᠭ᠎ᠠ ᠶᠢᠨ ᠲᠥᠷᠥᠯ ᠵᠦᠢᠯ ᠤᠨ ᠪᠠᠶᠢᠭᠤᠯᠤᠭᠳᠠᠨ᠂ ᠦᠢᠯᠡᠳᠪᠦᠷᠢᠯᠡᠯ

ᠡᠬᠢᠯᠡᠵᠦ ᠦᠷ᠎ᠡ ᠠᠰᠢᠭ ᠣᠯᠬᠤ ᠶᠢ ᠪᠠᠳᠣᠯᠠᠨ᠎ᠠ᠃

ᠣᠳᠣᠬᠢᠴᠢᠯᠠᠭᠰᠠᠨ ᠬᠦᠳᠡᠭᠡ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ᠮᠠᠯ ᠠᠵᠤ ᠠᠬᠤᠶ ᠶᠢᠨ ᠬᠠᠩᠭᠠᠯᠭ᠎ᠠ ᠶᠢᠨ

ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠤᠨ᠂ ︽ᠬᠤᠨᠢ ᠶᠢ ᠴᠥᠭᠡᠳᠬᠡᠨ ᠦᠬᠡᠷ ᠮᠠᠯᠵᠢᠬᠤ︾

ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ︽ᠦᠷᠡᠵᠢᠬᠦᠯᠦᠨ ᠪᠣᠶᠢᠵᠢᠭᠤᠯᠬᠤ᠂ ᠪᠣᠶᠢᠵᠢᠭᠤᠯᠬᠤ᠂ ᠪᠣᠷᠳᠤᠬᠤ᠂

ᠡᠳ᠋ᠰᠢᠭᠦᠯᠬᠦ᠂ ᠪᠣᠷᠣᠯᠠᠭᠤᠯᠬᠤ︾᠎ ᠶᠢ ᠨᠢᠭᠡ ᠴᠣᠭᠴᠠᠵᠢᠭᠤᠯᠤᠭᠰᠠᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠪᠥᠬᠦ

ᠠᠵᠤ ᠦᠶᠯᠡᠰ ᠤᠨ ᠬᠡᠯᠬᠢᠶ᠎ᠡ ᠶᠢ ᠪᠠᠶᠢᠭᠤᠯᠤᠨ᠎ᠠ᠃ ᠰᠢᠯᠢᠳᠡᠭ ᠡᠭᠦᠯᠳᠡᠷ ᠢ ᠪᠣᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ᠂ 

︽ᠪᠣᠶᠢᠵᠢᠭᠤᠯᠤᠯᠲᠠ ᠶᠢᠨ ᠢᠨᠵᠧᠨᠧᠷᠢᠩ︾᠎ ᠢ ᠶᠡᠬᠡᠪᠡᠷ ᠬᠡᠷᠡᠭᠵᠢᠭᠦᠯᠵᠦ᠂ ︽ᠦᠬᠡᠷ ᠮᠠᠯᠵᠢᠬᠤ ᠵᠢᠭᠡᠯᠡᠯᠭᠡ︾᠎ ᠶᠢᠨ

ᠪᠦᠷᠬᠦᠴᠡ ᠶᠢ ᠥᠷᠭᠡᠳᠬᠡᠨ᠂ ᠪᠦᠬᠦ ᠬᠤᠰᠢᠭᠤᠨ ᠳᠤ 60 ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠢ

ᠪᠣᠶᠢᠵᠢᠭᠤᠯᠵᠤ᠂ ᠵᠢᠯ ᠤᠨ ᠳᠣᠲᠣᠷ᠎ᠠ 2 ᠰᠠᠭᠤᠷᠢ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠡᠭᠦᠯᠳᠡᠷ ᠪᠣᠶᠢᠵᠢᠭᠤᠯᠬᠤ

ᠲᠠᠯᠠᠪᠠᠢ ᠶᠢ ᠪᠠᠶᠢᠭᠤᠯᠤᠨ᠂ 3112 ᠲᠣᠯᠣᠭᠠᠢ ᠰᠢᠯᠢᠳᠡᠭ ᠡᠭᠦᠯᠳᠡᠷ ᠤᠨ ᠦᠬᠡᠷ ᠢ ᠪᠣᠶᠢᠵᠢᠭᠤᠯᠤᠨ᠂ ᠠᠶᠢᠮᠠᠭ ᠤᠨ

ᠳᠣᠲᠤᠭᠠᠳᠤ ᠠᠴᠠ 2100 ᠲᠣᠯᠣᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠣᠷᠣᠭᠤᠯᠤᠨ ᠠᠪᠴᠢᠷᠠᠵᠤ᠂ 15

ᠲᠦᠮᠡᠨ ᠲᠣᠯᠣᠭᠠᠢ ᠦᠬᠡᠷ ᠤᠨ ᠡᠭᠦᠯᠳᠡᠷ ᠰᠠᠶᠢᠵᠢᠷᠠᠭᠤᠯᠤᠯᠲᠠ ᠶᠢ ᠪᠡᠶᠡᠯᠡᠭᠦᠯᠦᠨ᠂ ᠪᠦᠬᠦ ᠬᠤᠰᠢᠭᠤᠨ ᠤ ᠦᠬᠡᠷ ᠤᠨ

ᠡᠭᠦᠯᠳᠡᠷ ᠰᠠᠶᠢᠵᠢᠷᠠᠭᠤᠯᠤᠭᠰᠠᠨ ᠨᠣᠷᠮ᠎ᠠ ᠶᠢ 96 %᠎ ᠳᠤ ᠬᠦᠷᠭᠡᠵᠦ᠂ ᠦᠷᠡᠵᠢᠯᠲᠡ ᠶᠢᠨ ᠨᠣᠷᠮ᠎ᠠ ᠶᠢ 86 %᠎ ᠳᠤ

ᠬᠦᠷᠭᠡᠨ᠎ᠡ᠃ ᠮᠢᠬᠠᠨ ᠤ ᠦᠬᠡᠷ ᠢ ᠪᠣᠷᠳᠣᠨ ᠲᠡᠵᠢᠭᠡᠬᠦ ᠪᠠ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠳᠤᠲᠠᠭᠳᠠᠯ ᠢ

ᠬᠦᠴᠦᠯᠡᠨ ᠨᠥᠬᠦᠪᠥᠷᠢᠯᠡᠵᠦ᠂ 3 ᠰᠠᠭᠤᠷᠢ ᠬᠡᠪᠴᠢᠶᠡᠵᠢᠭᠰᠡᠨ ᠪᠣᠷᠳᠣᠨ ᠮᠠᠯᠵᠢᠬᠤ ᠲᠠᠯᠠᠪᠠᠢ ᠶᠢ ᠰᠢᠨ᠎ᠡ ᠪᠠᠷ ᠪᠠᠶᠢᠭᠤᠯᠤᠨ᠂

ᠬᠡᠪᠴᠢᠶᠡᠵᠢᠭᠰᠡᠨ ᠪᠣᠷᠳᠣᠨ ᠮᠠᠯᠵᠢᠬᠤ ᠲᠠᠯᠠᠪᠠᠢ ᠶᠢᠨ ᠶᠡᠷᠦᠩᠬᠡᠢ ᠲᠤᠭ᠎ᠠ ᠶᠢ 20 ᠰᠠᠭᠤᠷᠢ ᠳᠤ ᠬᠦᠷᠭᠡᠵᠦ᠂ ᠪᠣᠷᠳᠤᠭᠰᠠᠨ

ᠦᠬᠡᠷ ᠤᠨ ᠵᠢᠯ ᠤᠨ ᠪᠣᠷᠤᠯᠠᠭᠤᠯᠤᠯᠲᠠ ᠶᠢ 3 ᠲᠦᠮᠡᠨ ᠲᠣᠯᠣᠭᠠᠢ ᠳᠤ ᠬᠦᠷᠭᠡᠬᠦ ᠪᠠᠷ ᠴᠢᠷᠮᠠᠶᠢᠨ᠎ᠠ᠃ ᠮᠠᠯᠵᠢᠯ ᠤᠨ

ᠬᠤᠳᠠᠯᠳᠤᠭᠠᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠶᠡᠬᠡᠰᠭᠡᠨ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ

ᠰᠡᠷᠭᠡᠶᠢᠯᠡᠬᠦ ᠵᠢᠴᠢ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠨ᠂ ᠥᠷᠭᠡᠨ ᠣᠯᠠᠨ

ᠮᠠᠯᠴᠢᠨ ᠡᠷᠦᠬᠡ ᠶᠢᠨ ᠠᠰᠢᠭ ᠲᠤᠰᠠ ᠶᠢ ᠪᠠᠲᠤᠯᠠᠨ᠎ᠠ᠃ ᠰᠠᠭᠠᠯᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂

ᠰᠢ ᠪᠧᠢ ᠮᠠᠯᠵᠢᠯ ᠤᠨ ᠲᠠᠯᠠᠪᠠᠢ ᠶᠢ ᠪᠠᠶᠢᠭᠤᠯᠬᠤ ᠡᠷᠴᠢᠮ ᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ

ᠴᠠᠭᠠᠨ ᠢᠳᠡᠭᠡᠨ ᠤ ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠢ ᠢᠳᠡᠪᠬᠢᠲᠡᠶ ᠮᠡᠳᠡᠭᠦᠯᠦᠨ᠎ᠡ᠃ ᠥᠨᠳᠥᠷ

ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ

ᠰᠠᠭᠤᠷᠢ ᠳᠥᠬᠦᠭᠡᠷᠦᠮᠵᠢ ᠶᠢ ᠤᠯᠠᠮ ᠲᠡᠭᠦᠯᠳᠡᠷᠵᠢᠬᠦᠯᠦᠨ᠂ ᠵᠢᠯ ᠤᠨ ᠳᠣᠲᠤᠷ᠎ᠠ 1 ᠲᠥᠮᠡᠨ ᠳᠡᠭᠰᠢ ᠳᠥᠷᠪᠡᠯᠵᠢᠨ

ᠮᠧᠲᠷ ᠤᠨ ᠫᠧᠩ ᠬᠤᠷᠤᠭ᠎ᠠ᠂ 0.5 ᠲᠡᠭᠰᠢ ᠳᠥᠷᠪᠡᠯᠵᠢᠨ ᠮᠧᠲᠷ ᠤᠨ ᠡᠪᠡᠰᠦᠨ ᠬᠤᠷᠤᠭ᠎ᠠ᠂ 1 ᠲᠥᠮᠡᠨ ᠪᠣᠰᠤᠭ᠎ᠠ

ᠳᠥᠷᠪᠡᠯᠵᠢᠨ ᠮᠧᠲᠷ ᠤᠨ ᠨᠣᠭᠤᠭᠠᠨ ᠳᠠᠷᠤᠰᠢ ᠶᠢᠨ ᠵᠤᠭᠤᠷᠢ ᠪᠠᠶᠢᠭᠤᠯᠤᠨ᠎ᠠ᠃ ᠬᠠᠪᠢᠷᠭ᠎ᠠ ᠪᠠᠯᠭᠠᠰᠤ᠂ ᠪᠣᠷᠣᠬᠤᠲᠠ ᠵᠢᠱᠢᠶ᠎ᠡ

ᠦᠵᠡᠭᠦᠯᠬᠦ ᠲᠣᠭᠤᠷᠢᠭ᠂ ᠲᠠᠪᠦ‍ ᠨᠢᠭᠡ ᠦᠷ᠎ᠡ ᠶᠢᠨ ᠮᠠᠯ ᠤᠨ ᠲᠠᠯᠠᠪᠠᠢ ᠳᠤ 1 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ

ᠭᠠᠵᠠᠷ ᠪᠠᠶᠢᠭᠤᠯᠤᠨ᠎ᠠ᠃

ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢ ᠶᠡᠬᠡᠪᠡᠷ ᠬᠥᠭᠵᠢᠭᠦᠯᠦᠨ᠎ᠡ᠃  ︽ᠬᠤᠶᠠᠷ ᠬᠡᠯᠬᠢᠶ᠎ᠡ ᠬᠤᠶᠠᠷ ᠲᠣᠭᠤᠷᠢᠭ︾

᠎ ᠤᠨ ᠬᠥᠭᠵᠢᠯᠲᠡ ᠶᠢᠨ ᠲᠤᠭᠲᠠᠴᠠ ᠶᠢ ᠵᠢᠷᠤᠮᠯᠠᠨ᠂ ᠰᠢᠨ᠎ᠡ ᠡᠨᠧᠷᠭᠢ ᠬᠢᠭᠡᠳ ᠠᠮᠢ ᠠᠬᠤᠢ ᠶᠢᠨ ᠰᠡᠷᠭᠦᠭᠡᠯᠲᠡ᠂ ᠰᠢᠨ᠎ᠡ

ᠮᠡᠷᠭᠡᠵᠢᠯ ᠢ ᠠᠭᠤᠰᠤᠯᠴᠠᠭᠤᠯᠤᠨ ᠬᠦᠭᠵᠢᠬᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 23 ᠡᠷᠦᠬᠡ

ᠨᠡᠮᠡᠭᠳᠡᠭᠦᠯᠬᠦ ᠪᠠᠷ ᠴᠢᠷᠮᠠᠶᠢᠨ᠂ 24.7 ᠳ᠋ᠦᠩᠰᠢᠭᠤᠷ ᠲᠥᠭᠦᠷᠢᠭ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ

ᠪᠡᠶᠡᠯᠡᠭᠦᠯᠦᠨ᠎ᠡ᠃ ᠣᠳᠣᠬᠢᠴᠢᠠᠯᠭᠰᠠᠨ ᠡᠨᠧᠷᠭᠢ ᠶᠢᠨ ᠠᠵᠤ ᠠᠬᠤᠢ ᠶᠢᠨ ᠣᠷᠴᠢᠯ ᠠᠵᠤ ᠦᠢᠯᠡᠰ ᠤᠨ ᠬᠡᠯᠬᠢᠶ᠎ᠡ ᠶᠢ

ᠪᠤᠵᠠᠭᠠᠶᠢᠷᠠᠭᠤᠯᠵᠤ᠂ ᠬᠤᠸᠠ ᠳ᠋ᠢᠶᠠᠨ᠂ ᠰᠢᠨ ᠹᠧᠩ ᠵᠡᠷᠭᠡ ᠰᠢᠨ᠎ᠡ ᠡᠨᠧᠷᠭᠢ ᠶᠢᠨ ᠲᠥᠷᠦᠯ ᠵᠦᠢᠯ ᠢ ᠠᠰᠢᠭᠯᠠᠯᠲᠠ ᠳᠤ

ᠣᠷᠤᠭᠤᠯᠤᠨ᠂ ᠱᠠᠩᠳᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠰᠠᠭᠤᠷᠢᠨ ᠪᠠ 2

ᠲᠦᠮᠡᠨ ᠺᠢᠯᠣᠸᠠᠲ ᠤᠨ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠷᠦᠯ ᠵᠦᠢᠯ ᠢ ᠠᠵᠢᠯ

ᠡᠬᠢᠯᠡᠭᠦᠯᠦᠨ᠂ ᠢᠯᠴᠢ ᠶᠢᠨ ᠴᠠᠬᠢᠯᠭᠠᠨ ᠪᠠ ᠰᠠᠯᠬᠢᠨ ᠬᠦᠴᠦᠨ ᠤ ᠴᠠᠬᠢᠯᠭᠠᠨ ᠢ ᠬᠠᠮᠲᠤ ᠳᠤᠨᠢ ᠭᠠᠳᠠᠭᠰᠢ ᠳᠠᠮᠵᠢᠭᠤᠯᠤᠨ᠎ᠠ᠃

ᠱᠠᠩᠳᠤ ᠴᠠᠬᠢᠯᠭᠠᠨ ᠦᠶᠯᠡᠳᠪᠦᠷᠢ ᠶᠢᠨ ᠡᠨᠧᠷᠭᠢ ᠬᠠᠳᠠᠭᠠᠯᠠᠬᠤ ᠲᠥᠷᠥᠯ ᠵᠦᠢᠯ ᠤᠨ ᠭᠠᠷ ᠭᠦᠢᠴᠡᠳᠭᠡᠯ ᠢ ᠪᠡᠶᠡᠯᠡᠬᠦᠯᠦᠨ᠂

ᠰᠠᠯᠬᠢ ᠭᠡᠷᠡᠯ ᠢᠯᠴᠢ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ ᠦᠵᠡᠭᠦᠯᠬᠦ

ᠴᠣᠭᠴᠠ ᠶᠢ ᠪᠠᠶᠢᠭᠤᠯᠤᠨ᠎ᠠ᠃ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠳᠠᠬᠢᠨ ᠠᠰᠢᠭᠯᠠᠬᠤ

ᠠᠵᠤ ᠦᠶᠯᠡᠰ ᠢ ᠲᠦᠷᠭᠡᠳᠬᠡᠨ ᠠᠬᠢᠭᠤᠯᠵᠤ᠂ ᠱᠠᠩᠳᠤ ᠴᠠᠬᠢᠯᠭᠠᠨ ᠦᠶᠯᠡᠳᠪᠦᠷᠢ ᠶᠢᠨ ᠨᠤᠨᠲᠠᠭ ᠨᠡᠭᠦᠷᠡᠰᠦᠨ ᠤ ᠦᠨᠡᠰᠦ᠂

ᠬᠦᠬᠦᠷ ᠥᠬᠡᠶᠢᠳᠡᠭᠦᠯᠦᠭᠰᠡᠨ ᠵᠤᠭᠠᠩ ᠤᠨ ᠡᠬᠢ ᠪᠠᠶᠠᠯᠢᠭ ᠢ ᠭᠦᠶᠴᠡᠳ ᠠᠰᠢᠭᠯᠠᠨ᠂ ᠹᠦ᠋ ᠶᠠᠩ ᠵᠤᠭᠠᠩ᠂ ᠰᠢᠨ ᠫᠧᠩ

ᠪᠠᠷᠢᠯᠭ᠎ᠠ ᠶᠢᠨ ᠮᠠᠲ᠋ᠧᠷᠢᠶᠠᠯ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠠᠵᠤ ᠠᠬᠤᠶᠢᠯᠠᠯ ᠢ ᠳᠡᠳᠭᠦᠨ

ᠬᠦᠴᠦᠷᠬᠡᠭᠵᠢᠭᠦᠯᠵᠦ᠂ ᠵᠥᠩ ᠱᠧᠩ ᠭᠤᠸᠠᠩ ᠲᠠᠢ᠂ ᠱᠠᠨ ᠬᠠᠶ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠥᠷᠥᠯ ᠵᠦᠶᠯ ᠢ

ᠠᠰᠢᠭᠯᠠᠯᠲᠠ ᠳᠤ ᠣᠷᠣᠭᠤᠯᠤᠨ ᠦᠷ᠎ᠡ ᠠᠰᠢᠭ ᠣᠯᠭᠤᠵᠤ᠂ ︽ᠨᠡᠭᠦᠷᠡᠰᠦᠨ ᠴᠠᠬᠢᠯᠭᠠᠨ - ᠪᠠᠷᠢᠯᠭ᠎ᠠ ᠶᠢᠨ ᠮᠠᠲ᠋ᠧᠷᠢᠶᠠᠯ -

ᠰᠢᠨ᠎ᠡ ᠮᠠᠲ᠋ᠧᠷᠢᠶᠠᠯ︾᠎ ᠤᠨ ᠣᠷᠴᠢᠯ ᠠᠵᠤ ᠦᠶᠯᠡᠰ ᠤᠨ ᠬᠡᠯᠬᠢᠶ᠎ᠡ ᠶᠢ ᠬᠦᠭᠵᠢᠬᠦᠯᠵᠦ᠂ ᠡᠬᠢ ᠪᠠᠶᠠᠯᠢᠭ ᠢ ᠶᠡᠷᠦᠩᠬᠡᠶᠢᠯᠡᠨ

ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠱᠦᠨ ᠰᠢᠨ ᠰᠢᠨ ᠶᠤᠸᠠᠨ᠂ ᠴᠠᠩ ᠬᠤᠩ ᠴᠠᠭᠠᠨ ᠢᠳᠡᠭᠡ᠂

ᠱᠠᠩᠳᠤ ᠦᠬᠡᠷ ᠤᠨ ᠮᠢᠬ᠎ᠠ᠂ ᠱᠠᠩᠳᠤ ᠮᠠᠯ ᠠᠵᠤ ᠠᠬᠤᠢ᠂ ᠼᠣᠣ ᠶᠤᠸᠠᠨ ᠲᠢᠶᠠᠨ ᠮᠦ᠂ ᠰᠢ ᠪᠧᠢ ᠵᠡᠷᠭᠡ ᠭᠤᠣᠯᠳᠠᠯᠭ᠎ᠠ

᠎ ᠲᠠᠢ ᠠᠵᠤ ᠠᠬᠤᠶᠢᠯᠠᠯ ᠢ ᠬᠦᠴᠦᠷᠬᠡᠭᠵᠢᠬᠦᠯᠦᠨ᠎ᠡ᠃ ᠮᠣᠩᠭᠤᠯ ᠭᠡᠷ ᠤᠨ ᠠᠵᠤ ᠦᠶᠯᠡᠰ ᠤᠨ ᠬᠦᠷᠢᠶᠡᠯᠡᠩ ᠢ ᠡᠨᠡ ᠵᠢᠯ ᠤᠨ

ᠳᠣᠲᠤᠷ᠎ᠠ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠦᠢᠯᠡᠳᠪᠦᠷᠢ ᠶᠢᠨ ᠬᠦᠷᠢᠶᠡᠯᠡᠩ ᠤᠨ ᠵᠠᠮ᠂ ᠳᠤᠯᠠᠭᠠᠯᠠᠭ᠎ᠠ᠂

ᠤᠰᠤ ᠬᠠᠩᠭᠠᠯᠲᠠ ᠵᠡᠷᠭᠡ ᠰᠠᠭᠤᠷᠢ ᠳᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠦᠷᠢᠶᠡᠯᠡᠩ ᠳᠤ

ᠣᠷᠤᠬᠤ ᠠᠵᠤ ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠵᠣᠬᠢᠴᠠᠭᠤᠯᠤᠨ ᠰᠢᠶᠳᠪᠦᠷᠢᠯᠡᠨ᠎ᠡ᠃

ᠦᠶᠯᠡᠴᠢᠯᠡᠭᠡᠨ ᠤ ᠦᠶᠯᠡᠰ ᠢ ᠠᠳᠬᠤᠵᠤ ᠬᠡᠷᠡᠭᠯᠡᠭᠡ ᠶᠢ ᠠᠬᠢᠭᠤᠯᠤᠨ᠎ᠠ᠃ ᠬᠢᠵᠢᠭ ᠢ ᠪᠠᠶᠢᠩᠭᠤ ᠶᠢᠨ ᠴᠢᠨᠠᠷᠲᠠᠢ ᠰᠡᠷᠭᠡᠶᠢᠯᠡᠨ

ᠬᠤᠷᠢᠭᠯᠠᠭᠰᠠᠨ ᠤᠷᠢᠲᠠᠯ ᠳᠣᠤᠷ᠎ᠠ᠂ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠤᠨ ᠲᠠᠰ ᠳᠡᠪᠰᠢᠬᠦᠯᠵᠦ᠂ ᠰᠦᠯᠵᠢᠶᠡᠨ

ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢ ᠠᠭᠤᠰᠤᠯᠴᠠᠭᠤᠯᠬᠤ ᠵᠠᠭᠪᠤᠷ ᠢ ᠶᠡᠭᠡ ᠪᠠᠷ ᠨᠡᠭᠡᠭᠡᠨ ᠬᠥᠭᠵᠢᠭᠦᠯᠵᠦ᠂

ᠢᠳᠡᠭᠡᠨ ᠤᠮᠳᠠᠭᠠᠨ ᠬᠤᠨᠤᠭ ᠪᠠᠭᠤᠳᠠᠯ ᠵᠡᠷᠭᠡ ᠤᠯᠠᠮᠵᠢᠯᠠᠯᠲᠤ ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢ

ᠵᠢᠷᠤᠮᠵᠢᠭᠤᠯᠤᠨ᠂ ᠡᠯᠧᠺᠲᠷᠣᠨ ᠬᠤᠳᠠᠯᠳᠤᠭᠠᠨ ᠤ ᠵᠢᠱᠢᠶ᠎ᠡ ᠦᠵᠡᠭᠦᠯᠬᠦ ᠰᠢᠶᠠᠨ ᠢ ᠲᠠᠰ ᠳᠡᠪᠰᠢᠭᠦᠯᠬᠦ ᠲᠥᠷᠥᠯ ᠵᠦᠶᠯ ᠢ

ᠭᠤᠤᠯᠳᠠᠯᠭ᠎ᠠ ᠲᠠᠢ ᠬᠡᠷᠡᠭᠵᠢᠭᠦᠯᠵᠦ᠂ ᠦᠶᠯᠡᠴᠢᠯᠡᠭᠡᠨ ᠤ ᠦᠶᠯᠡᠰ ᠤᠨ ᠰᠡᠷᠭᠦᠨ ᠬᠥᠭᠵᠢᠬᠦ ᠶᠢ ᠠᠬᠢᠭᠤᠯᠤᠨ᠎ᠠ᠃ ᠲᠠᠯ᠎ᠠ

ᠨᠤᠲᠤᠭ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠨ

ᠬᠥᠭᠵᠢᠬᠦ ᠲᠤᠭᠲᠠᠴᠠ ᠶᠢ ᠲᠡᠭᠦᠯᠳᠡᠷᠵᠢᠭᠦᠯᠵᠦ᠂ ᠬᠤᠪᠢᠰᠬᠠᠯᠲᠤ ᠣᠷᠣᠨ ᠤ ᠵᠢᠭᠤᠯᠴᠢᠯᠠᠯ ᠤᠨ ᠰᠠᠭᠤᠷᠢᠨ ᠢ ᠪᠠᠶᠢᠭᠤᠯᠤᠨ᠂

ᠬᠤᠪᠢᠰᠬᠠᠯᠲᠤ ᠣᠷᠣᠨ ᠤ ᠵᠢᠭᠤᠯᠴᠢᠯᠠᠯ ᠤᠨ ᠵᠠᠮ ᠱᠤᠭᠤᠮ ᠢ ᠴᠣᠭᠴᠠᠯᠠᠨ᠎ᠠ᠃ 2022 ᠣᠨ ᠤ ᠡᠪᠦᠯ ᠤᠨ ᠤᠯᠠᠷᠢᠯ ᠤᠨ

ᠣᠯᠢᠮᠫᠢᠺ ᠤᠨ ᠲᠠᠮᠢᠷ ᠤᠨ ᠴᠤᠭᠯᠠᠭᠠᠨ ᠤ ᠠᠰᠢᠭᠲᠠᠶ ᠲᠣᠬᠢᠶᠠᠯ ᠢ ᠠᠰᠢᠭᠯᠠᠨ᠂ ᠮᠥᠰᠥ ᠴᠠᠰᠤᠨ ᠤ ᠵᠢᠭᠤᠯᠴᠢᠯᠠᠯ ᠤᠨ

ᠲᠥᠷᠥᠯ ᠵᠦᠶᠯ ᠢ ᠢᠳᠡᠪᠬᠢᠲᠡᠶ ᠰᠦᠪᠡᠭᠴᠢᠯᠡᠨ ᠨᠡᠭᠡᠭᠡᠨ ᠬᠥᠭᠵᠢᠭᠦᠯᠦᠨ᠎ᠡ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ

᠎ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠥᠪᠯᠡᠷᠡᠭᠰᠡᠨ ᠣᠷᠣᠨ᠂ ᠭᠤᠭᠤᠰᠤᠲᠠᠢ ᠭᠤᠣᠯ ᠤᠨ ᠵᠢᠭᠤᠯᠴᠢᠯᠠᠯ ᠤᠨ

ᠠᠵᠤ ᠦᠢᠯᠡᠰ ᠤᠨ ᠲᠥᠪᠯᠡᠷᠡᠭᠰᠡᠨ ᠣᠷᠣᠨ ᠢ ᠲᠦᠷᠭᠡᠳᠬᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢ

ᠲᠡᠭᠦᠯᠳᠡᠷᠵᠢᠭᠦᠯᠦᠨ᠂ ︽ᠮᠠᠯᠴᠢᠨ ᠠᠶᠢᠯ ᠵᠢᠭᠤᠯᠴᠢᠯᠠᠯ ᠤᠨ ᠭᠠᠵᠠᠷ︾᠎ ᠢ ᠲᠡᠰ ᠳᠡᠪᠰᠢᠭᠦᠯᠦᠨ᠎ᠡ᠃ ᠪᠦᠬᠦ ᠣᠷᠣᠨ

ᠨᠤᠲᠤᠭ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠶᠤᠸᠠᠨ ᠤ ᠳᠡᠭᠡᠳᠦ

ᠨᠡᠶᠢᠰᠯᠡᠯ ᠤᠨ ᠪᠠᠭᠤᠷᠢ ᠶᠢᠨ ᠵᠢᠭᠤᠯᠴᠢᠳ ᠲᠤ ᠦᠢᠯᠡᠴᠢᠯᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂

ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ 5 A ᠲᠡᠰ ᠤᠨ ᠦᠵᠡᠮᠵᠢ ᠶᠢᠨ ᠣᠷᠣᠨ ᠪᠣᠯᠭᠠᠬᠤ ᠪᠠᠷ ᠴᠢᠷᠮᠠᠶᠢᠨ᠎ᠠ᠃

ᠱᠠᠩᠬᠠᠢ ᠶᠢᠨ ᠵᠦᠩ ᠶᠢᠦ ᠪᠦᠯᠦᠭᠯᠡᠯ ᠤᠨ ᠶᠤᠸᠠᠨ ᠤ ᠳᠡᠭᠡᠳᠦ ᠨᠡᠶᠢᠰᠯᠡᠯ ᠤᠨ ᠰᠣᠶᠣᠯ ᠵᠢᠭᠤᠯᠴᠢᠯᠠᠯ ᠤᠨ ᠬᠦᠷᠢᠶᠡᠯᠡᠩ ᠤᠨ

ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠣᠷᠣᠨ ᠨᠤᠲᠤᠭ ᠤᠨ ᠵᠠᠮ ᠬᠠᠷᠢᠯᠴᠠᠭᠠᠨ ᠤ ᠳᠠᠪᠠᠭᠤᠯᠢᠭ ᠢ

ᠭᠦᠶᠴᠡᠳ ᠠᠰᠢᠭᠯᠠᠨ᠂ ᠱᠠᠩᠳᠤ ᠪᠠᠯᠭᠠᠰᠤ ᠪᠠᠷ ᠲᠥᠪ ᠪᠣᠯᠭᠠᠨ᠂ ᠵᠠᠰᠠᠮᠠᠯ ᠵᠠᠮ᠂ ᠲᠡᠮᠦᠷ ᠵᠠᠮ ᠢ ᠠᠰᠢᠭᠯᠠᠨ᠂ ᠥᠨᠳᠥᠷ

ᠦᠷ᠎ᠡ ᠪᠦᠲᠦᠮᠵᠢᠲᠡᠶ ᠪᠥᠭᠡᠳ ᠳᠥᠭᠦᠮ ᠳᠥᠲᠡ᠂ ᠶᠡᠷᠦᠩᠬᠡᠶᠢᠯᠡᠭᠰᠡᠨ ᠪᠠᠷᠠᠭᠠᠨ ᠤ ᠭᠦᠶᠯᠭᠡᠭᠡᠨ ᠤ ᠲᠡᠭᠡᠭᠡᠪᠦᠷᠢ ᠶᠢᠨ

ᠰᠢᠰᠲ᠋ᠧᠮ ᠢ ᠪᠠᠶᠢᠭᠤᠯᠵᠤ᠂ ᠲᠡᠭᠡᠭᠡᠪᠦᠷᠢ ᠶᠢᠨ ᠦᠶᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂

ᠲᠠᠷᠢᠶᠠᠯᠠᠩ ᠤᠨ ᠪᠦᠳᠦᠭᠡᠭᠳᠡᠭᠦᠨ ᠪᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ

ᠮᠠᠲ᠋ᠧᠷᠢᠶᠠᠯ ᠢ ᠭᠠᠳᠠᠭᠰᠢ ᠬᠦᠷᠭᠡᠬᠦ ᠳᠤ ᠥᠨᠳᠥᠷ ᠦᠷ᠎ᠡ ᠪᠦᠲᠦᠮᠵᠢᠲᠡᠶ ᠬᠥᠭᠵᠢᠯᠲᠡ ᠶᠢᠨ ᠲᠠᠪᠴᠠᠩ ᠬᠠᠩᠭᠠᠨ᠎ᠠ᠃

 ︵ᠭᠤᠷᠪᠠ︶ ᠥᠭᠡᠷᠡᠴᠢᠯᠡᠯᠲᠡ ᠨᠡᠭᠡᠭᠡᠯᠲᠡ ᠳᠤ ᠬᠦᠴᠦᠨ ᠢᠶᠠᠨ ᠲᠥᠪᠯᠡᠷᠡᠭᠦᠯᠦᠨ᠂ ᠠᠵᠤ ᠠᠬᠤᠢ ᠶᠢᠨ ᠬᠥᠭᠵᠢᠯᠲᠡ ᠶᠢᠨ

ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠵᠠᠬ᠎ᠠ

ᠳᠡᠯᠭᠡᠭᠦᠷᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠡᠴᠢᠯᠡᠯᠲᠡ ᠶᠢ ᠠᠬᠢᠭᠤᠯᠵᠤ᠂ ᠰᠢᠯᠤᠭᠤᠨ ᠬᠥᠬᠡ ᠬᠤᠰᠢᠭᠤᠨ ᠤ

ᠬᠥᠭᠵᠢᠯᠲᠡ ᠶᠢ ᠲᠦᠷᠭᠡᠳᠭᠡᠨ᠎ᠡ᠃

 ︽ᠰᠤᠯᠠᠯᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠤᠳᠠᠯᠳᠤᠭ᠎ᠠ

ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶᠠᠨ ᠤ ᠲᠤᠰᠬᠠᠶ ᠪᠠᠶᠢᠴᠠᠭᠠᠯᠲᠠ ᠪᠠᠷ ᠲᠤᠰᠬᠠᠭᠰᠠᠨ 4 ᠲᠠᠯ᠎ᠠ ᠶᠢᠨ 19 ᠵᠦᠶᠯ ᠤᠨ ᠠᠰᠠᠭᠤᠳᠠᠯ ᠢ ᠴᠡᠭᠴᠡᠯᠡᠨ

ᠵᠠᠰᠠᠬᠤ ᠠᠵᠢᠯ ᠢ ᠲᠣᠬᠢᠶᠠᠯᠳᠤᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ ᠠᠷᠠᠯᠵᠢᠶ᠎ᠠ ᠡᠷᠬᠢᠯᠡᠬᠦ ᠣᠷᠴᠢᠨ

ᠨᠥᠬᠦᠴᠡᠯ ᠢ ᠬᠦᠴᠦᠯᠡᠨ ᠪᠣᠶ ᠪᠣᠯᠭᠠᠨ᠎ᠠ᠃ ᠪᠠᠷᠢᠯᠭ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ

ᠵᠥᠪᠰᠢᠶᠡᠷᠡᠬᠦ᠂ ᠲᠣᠭᠲᠠᠮᠠᠯ ᠬᠥᠷᠥᠩᠭᠡ ᠶᠢ ᠳᠠᠩᠰᠠᠯᠠᠨ ᠲᠡᠮᠳᠡᠭᠯᠡᠬᠦ ᠵᠡᠷᠭᠡ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠵᠤ᠂

ᠵᠠᠰᠠᠭ ᠵᠠᠬᠢᠷᠭᠠᠨ ᠤ ᠵᠥᠪᠰᠢᠶᠡᠷᠡᠯ ᠪᠠ ᠳᠠᠩᠰᠠᠯᠠᠨ ᠲᠡᠮᠳᠡᠭᠯᠡᠬᠦ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ

ᠬᠡᠷᠡᠭᠵᠢᠭᠦᠯᠵᠦ᠂ ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠲᠥᠭᠡᠮᠡᠯᠵᠢᠭᠦᠯᠦᠨ᠎ᠡ᠃ ᠭᠡᠷᠡᠴᠢᠯᠡᠬᠦ ᠵᠦᠶᠯᠡᠰ

ᠪᠠ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠶᠯᠡᠰ ᠢ ᠮᠡᠳᠡᠭᠳᠡᠬᠦ ᠠᠮᠠᠯᠠᠯᠲᠠ ᠶᠢᠨ

ᠲᠦᠷᠢᠮ ᠢ ᠬᠡᠷᠡᠭᠵᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠢᠲᠡᠭᠡᠯ ᠠᠯᠳᠠᠭᠰᠠᠳ ᠢ

ᠵᠠᠯᠬᠠᠭᠠᠨ ᠴᠡᠭᠡᠷᠯᠡᠬᠦᠯᠵᠦ᠂ ᠲᠥᠪ ᠭᠤᠣᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠬᠠᠮᠠᠭᠠᠯᠠᠨ᠎ᠠ᠃ ᠭᠠᠶᠢᠯᠢ

ᠬᠥᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠠᠰᠢᠭ ᠢ ᠦᠷᠭᠦᠯᠵᠢᠯᠡᠨ ᠪᠠᠳᠠᠷᠠᠭᠤᠯᠵᠤ᠂

ᠲᠣᠭᠲᠠᠭᠠᠯ ᠠᠴᠠ ᠵᠥᠷᠢᠴᠡᠭᠰᠡᠨ ᠠᠵᠤ ᠠᠬᠤᠶᠢᠯᠠᠯ ᠤᠨ ᠰᠦᠶᠳᠬᠡᠯ ᠬᠤᠷᠢᠶᠠᠯᠲᠠ ᠶᠢ ᠴᠡᠭᠴᠡᠯᠡᠨ ᠵᠠᠰᠠᠵᠤ᠂ ᠵᠠᠬ᠎ᠠ ᠳᠡᠯᠭᠡᠭᠦᠷ

᠎ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠨ᠎ᠡ᠃ ︽ᠨᠢᠭᠡ ᠰᠦᠯᠵᠢᠶ᠎ᠡ ᠪᠠᠷ

ᠨᠡᠶᠢᠳᠡᠮ ᠭᠦᠶᠴᠡᠳᠬᠡᠬᠦ︾ ︽ᠤᠲᠠᠰᠤ ᠪᠠᠷ ᠭᠦᠶᠴᠡᠳᠬᠡᠬᠦ︾ ᠵᠢᠴᠢ ᠣᠷᠣᠯᠠᠨ ᠭᠦᠢᠴᠡᠳᠭᠡᠬᠦ ᠬᠠᠪᠰᠤᠷᠤᠨ ᠭᠦᠶᠴᠡᠳᠬᠡᠬᠦ

ᠵᠡᠷᠭᠡ ᠠᠵᠢᠯ ᠢ ᠠᠬᠢᠭᠤᠯᠵᠤ᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠬᠠᠯᠠᠮᠰᠢᠯ ᠤᠲᠠᠰᠤ ᠶᠢ ᠨᠢᠭᠡᠳᠭᠡᠨ᠂

ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠣᠷᠴᠢᠨ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃

ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠎ᠠ᠃ ᠲᠥᠷᠥᠯ ᠵᠦᠶᠯ ᠢ

ᠴᠢᠩᠭ᠎ᠠ ᠠᠳᠬᠤᠨ᠂ ᠲᠣᠮᠣ ᠲᠥᠷᠥᠯ ᠵᠦᠶᠯ ᠢ ᠰᠠᠶᠢᠳᠤᠷ ᠠᠳᠬᠤᠵᠤ᠂ ᠴᠢᠨᠠᠷᠯᠢᠭ ᠲᠥᠷᠥᠯ ᠵᠦᠶᠯ ᠢ

ᠨᠠᠶᠢᠳᠠᠪᠤᠷᠢᠵᠢᠭᠤᠯᠤᠨ᠎ᠠ᠃ ᠰᠣᠶᠣᠯ ᠵᠢᠭᠤᠯᠴᠢᠯᠠᠯ᠂ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ᠂ ᠮᠠᠯ ᠤᠨ ᠠᠰᠢᠭ

ᠰᠢᠮ᠎ᠡ ᠵᠡᠷᠭᠡ ᠭᠤᠣᠯᠳᠠᠯᠭ᠎ᠠ ᠲᠠᠢ ᠬᠤᠳᠠᠯᠳᠤᠭᠠᠴᠢᠨ ᠤᠷᠢᠬᠤ ᠬᠦᠷᠢᠶᠡᠨ ᠳᠤ᠂ ᠪᠣᠯᠪᠠᠰᠤᠷᠠᠩᠭᠤᠶ᠂ ᠳᠠᠶᠢᠴᠢᠯᠠᠬᠤ ᠴᠢᠨᠠᠷ

᠎ ᠢᠶᠠᠷ ᠴᠢᠩᠭ᠎ᠠ ᠲᠥᠷᠥᠯ ᠵᠦᠢᠯ ᠢ ᠨᠢᠮᠪᠠᠶ ᠲᠥᠰᠦᠪᠯᠡᠨ᠂ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠬᠦᠯᠦᠨ᠎ᠡ᠃ ︽

2021 ᠣᠨ ᠤ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶᠯ ᠤᠨ

ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠲᠥᠰᠦᠯ︾᠎ ᠢ ᠲᠣᠭᠲᠠᠭᠠᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ

ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠨ᠂ ᠭᠠᠵᠠᠷ ᠤᠨ ᠲᠠᠰ ᠤᠨ

ᠤᠳᠤᠷᠢᠳᠤᠯᠭ᠎ᠠ᠂ ᠭᠤᠤᠯᠳᠠᠯᠭ᠎ᠠ ᠲᠠᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠤ ᠳᠠᠭᠠᠭᠠᠴᠢᠯᠠᠨ ᠪᠠᠲᠤᠯᠠᠬᠤ

ᠲᠦᠷᠢᠮ ᠢ ᠬᠡᠷᠡᠭᠵᠢᠬᠦᠯᠵᠦ᠂ ᠲᠥᠷᠥᠯ ᠵᠦᠶᠯ ᠢ ᠳᠠᠩᠰᠠᠯᠠᠨ᠂ ᠪᠥᠬᠦ ᠵᠢᠯ ᠳᠤ 12.7 ᠳ᠋ᠦᠩᠰᠢᠭᠤᠷ ᠲᠥᠭᠦᠷᠢᠭ ᠠᠴᠠ

ᠳᠡᠭᠡᠭᠰᠢᠬᠢ ᠪᠠᠯᠠ ᠮᠥᠩᠭᠦ ︵ᠦᠷᠭᠦᠯᠵᠢᠯᠡᠨ ᠪᠠᠶᠢᠭᠤᠯᠬᠤ ᠲᠦᠷᠦᠯ ᠵᠦᠢᠯ ᠢ ᠪᠠᠭᠲᠠᠭᠠᠨ᠎ᠠ︶᠎ ᠶᠢ ᠣᠷᠣᠭᠤᠯᠤᠨ ᠠᠪᠴᠢᠷᠠᠬᠤ

᠎ ᠪᠠᠷ ᠴᠢᠷᠮᠠᠶᠢᠨ᠎ᠠ᠃ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂

ᠨᠢᠭᠡᠳᠦᠯᠲᠡᠢ ᠬᠢᠨᠠᠨ ᠵᠥᠪᠰᠢᠶᠡᠷᠡᠵᠦ᠂ ᠬᠤᠰᠢᠭᠤ ᠲᠡᠰ ᠤᠨ 36 ᠭᠤᠣᠯᠳᠠᠯᠭ᠎ᠠ ᠲᠠᠢ ᠲᠥᠷᠥᠯ ᠵᠦᠢᠯ ᠢ ᠰᠠᠶᠢᠲᠤᠷ

ᠠᠳᠬᠤᠨ᠂ ᠭᠤᠣᠯᠳᠠᠯᠭ᠎ᠠ ᠲᠠᠢ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂

ᠠᠰᠢᠭᠯᠠᠯᠲᠠ ᠳᠤ ᠣᠷᠤᠭᠤᠯᠤᠨ᠎ᠠ᠃

 ︽ᠰᠢᠨᠵᠢᠯᠡᠬᠦ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ

᠃ ᠲᠥᠭᠡᠮᠡᠯ ᠤᠯᠠᠨ ᠢᠶᠠᠷ ᠢᠶᠠᠨ ᠦᠢᠯᠡᠰ ᠪᠣᠰᠬᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠲᠡᠮᠵᠢᠵᠤ᠂

ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠂ ᠠᠮᠢ ᠠᠬᠤᠢ ᠶᠢᠨ ᠬᠠᠮᠠᠭᠠᠯᠠᠯᠲᠠ᠂ ᠠᠵᠤ ᠦᠢᠯᠡᠳᠪᠦᠷᠢ ᠶᠢᠨ ᠬᠠᠲᠠᠭᠤ

ᠪᠡᠶᠡᠲᠦ ᠬᠠᠶᠠᠭᠳᠠᠮᠠᠯ ᠪᠣᠳᠠᠰ ᠢ ᠪᠦᠲᠦᠮᠵᠢᠲᠡᠢ ᠪᠠᠷ ᠠᠰᠢᠭᠯᠠᠬᠤ᠂ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠬᠦ ᠵᠡᠷᠭᠡ

ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠡᠴᠢᠯᠡᠯ ᠲᠠᠢ ᠡᠬᠢ ᠪᠠᠶᠠᠯᠢᠭ ᠪᠠ ᠰᠢᠨᠵᠢᠯᠡᠬᠦ ᠤᠬᠠᠭᠠᠨ ᠤ

ᠰᠤᠳᠤᠯᠭᠠᠨ ᠤ ᠦᠷ᠎ᠡ ᠪᠦᠲᠦᠭᠡᠯ ᠢ ᠣᠷᠣᠭᠤᠯᠤᠨ ᠠᠪᠴᠢᠷᠠᠨ᠎ᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ

ᠰᠤᠳᠤᠯᠭᠠᠨ ᠤ ᠬᠦᠷᠢᠶᠡᠯᠡᠩ ᠯᠦᠭᠡ ᠬᠠᠮᠲᠤᠷᠠᠯᠴᠠᠭ᠎ᠠ ᠪᠠᠨ ᠴᠢᠩᠭᠠᠳᠬᠠᠵᠤ᠂  ᠰᠢᠨ᠎ᠡ ᠶᠢ ᠡᠭᠦᠳᠬᠦ ᠴᠢᠳᠠᠪᠤᠷᠢ ᠪᠠᠨ

ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂

ᠡᠯ᠎ᠡ ᠲᠦᠷᠦᠯ ᠤᠨ ᠰᠢᠨ᠎ᠡ ᠶᠢ ᠡᠭᠦᠳᠬᠦ ᠡᠯᠧᠮᠧᠨ᠋ᠲ ᠤᠨ ᠠᠵᠤ ᠠᠬᠤᠶᠢᠯᠠᠯ ᠲᠡᠶᠢᠰᠢ ᠲᠥᠪᠯᠡᠷᠡᠬᠦ ᠶᠢ ᠠᠬᠢᠭᠤᠯᠵᠤ᠂ ᠺᠦᠨ

ᠶᠤᠸᠠᠨ ᠲᠠᠢ ᠾᠧ ᠵᠡᠷᠭᠡ ᠰᠢᠨᠵᠢᠯᠡᠬᠦ ᠮᠡᠷᠭᠡᠵᠢᠯ ᠤᠨ ᠰᠢᠨᠡᠴᠢᠯᠡᠯᠲᠡ ᠲᠠᠢ ᠠᠵᠤ ᠠᠬᠤᠶᠢᠯᠠᠯ ᠤᠨ ᠬᠤᠯᠪᠣᠭᠠᠲᠤ ᠴᠣᠭᠴᠠ

ᠪᠠᠶᠢᠭᠤᠯᠬᠤ ᠠᠵᠢᠯ ᠢ ᠳᠡᠮᠵᠢᠵᠦ᠂ ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠪᠴᠠᠩ ᠢ ᠪᠠᠶᠢᠭᠤᠯᠤᠨ᠂ ᠵᠠᠬ᠎ᠠ ᠳᠡᠯᠭᠡᠭᠦᠷ ᠤᠨ

ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠰᠢᠨᠵᠢᠯᠡᠬᠦ ᠮᠡᠷᠭᠡᠵᠢᠯ ᠤᠨ ᠰᠢᠨᠡᠴᠢᠯᠡᠯᠲᠡ ᠶᠢᠨ ᠦᠷ᠎ᠡ ᠪᠦᠲᠦᠭᠡᠯ ᠢ

ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠰᠢᠨᠵᠢᠯᠡᠬᠦ

ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ

ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠵᠡᠷᠭᠡ ᠭᠤᠣᠯᠳᠠᠯᠭ᠎ᠠ ᠲᠠᠢ ᠠᠵᠤ ᠦᠢᠯᠡᠰ ᠲᠠᠢ ᠤᠶᠠᠯᠳᠤᠭᠤᠯᠤᠨ᠂

ᠡᠬᠢ ᠪᠠᠶᠠᠯᠢᠭ ᠪᠠ ᠬᠦᠴᠦᠨ ᠢᠶᠠᠨ ᠲᠥᠪᠯᠡᠷᠡᠭᠦᠯᠵᠦ ᠰᠢᠰᠲ᠋ᠧᠮᠲᠦ ᠰᠤᠳᠤᠯᠭᠠᠨ ᠪᠠ ᠮᠡᠷᠭᠡᠵᠢᠯ ᠤᠨ ᠠᠰᠠᠭᠤᠳᠠᠯ ᠢ

ᠰᠢᠢᠳᠪᠦᠷᠢᠯᠡᠨ᠎ᠡ᠃ ᠡᠯ᠎ᠡ ᠵᠦᠢᠯ ᠤᠨ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠴᠢᠳᠠᠪᠤᠷᠢᠲᠠᠨ

᠎ ᠢ ᠬᠦᠮᠦᠵᠢᠭᠦᠯᠦᠨ᠂ ᠣᠷᠤᠭᠤᠯᠤᠨ ᠠᠪᠴᠢᠷᠠᠵᠤ ᠬᠡᠷᠡᠭᠯᠡᠨ᠎ᠡ᠃

 ᠡᠯ᠎ᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠠᠷᠪᠢᠯᠠᠨ ᠭᠠᠮᠨᠠᠬᠤ ᠦᠵᠡᠯ ᠢ

ᠪᠠᠷᠢᠮᠲᠠᠯᠠᠵᠤ᠂ ᠡᠳ᠋ ᠤᠨ ᠵᠠᠰᠠᠭ ᠤᠨ ᠲᠣᠭᠲᠠᠭᠤᠨ ᠡᠷᠭᠢᠯᠲᠡ ᠶᠢ ᠪᠦᠬᠦ ᠬᠦᠴᠦᠨ ᠢᠶᠠᠷ ᠢᠶᠠᠨ ᠪᠠᠲᠤᠯᠠᠨ᠂ ︽ᠭᠤᠷᠪᠠ ᠶᠢ

ᠪᠠᠲᠤᠯᠠᠬᠤ︾᠎ ᠶᠢ ᠪᠠᠷᠢᠮᠲᠠᠯᠠᠨ᠂ ᠲᠣᠭᠲᠠᠮᠠᠯ ᠪᠤᠰᠤ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠰᠢᠨ᠎ᠡ ᠪᠠᠷ ᠨᠡᠮᠡᠭᠳᠡᠬᠦ

ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠨᠡᠶᠢᠲᠡ ᠶᠢᠨ ᠬᠡᠷᠡᠭᠯᠡᠭᠡᠨ ᠤ ᠵᠠᠷᠤᠯᠭ᠎ᠠ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂

ᠠᠯᠪᠠᠨ ᠵᠠᠷᠤᠳᠠᠯ ᠳᠤ ᠪᠠᠷᠢᠮᠵᠢᠶ᠎ᠠ ᠲᠤᠭᠲᠠᠭᠠᠨ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠢ 30 %᠎ ᠪᠠᠷ

ᠪᠠᠭᠠᠰᠬᠠᠨ᠎ᠠ᠃ ᠲᠥᠰᠦᠪ ᠤᠨ ᠦᠷ᠎ᠡ ᠪᠦᠳᠦᠮᠵᠢᠲᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ᠂ ᠲᠥᠷᠥᠯ ᠵᠦᠢᠯ ᠢ

ᠬᠥᠮᠥᠷᠭᠡ ᠳᠤ ᠣᠷᠤᠭᠤᠯᠤᠨ ᠠᠮᠢᠳᠤᠯᠢᠭ ᠢᠶᠠᠷ ᠬᠠᠮᠢᠶᠠᠷᠬᠤ᠂ ᠪᠡᠯᠡ ᠮᠥᠩᠭᠦᠨ ᠤ ᠵᠠᠷᠤᠯᠭ᠎ᠠ ᠶᠢ ᠬᠢᠨᠠᠨ ᠵᠥᠪᠰᠢᠶᠡᠷᠡᠬᠦ ᠪᠠ

ᠤᠯᠤᠰ ᠤᠨ ᠬᠥᠮᠥᠷᠭᠡ ᠠᠴᠠ ᠪᠠᠭᠤᠯᠭᠠᠨ ᠥᠭᠬᠦ ᠵᠡᠷᠭᠡ ᠠᠵᠢᠯ ᠢ ᠰᠠᠶᠢᠲᠤᠷ ᠠᠳᠬᠤᠵᠤ᠂ ᠵᠠᠷᠤᠯᠭ᠎ᠠ ᠶᠢ ᠰᠢᠨᠵᠢᠯᠡᠬᠦ

ᠤᠬᠠᠭᠠᠨᠴᠢ᠂ ᠤᠨᠤᠪᠴᠢᠲᠠᠢ᠂ ᠦᠷ᠎ᠡ ᠪᠦᠳᠦᠮᠵᠢᠲᠠᠢ ᠪᠣᠯᠭᠠᠨ᠎ᠠ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ

ᠠᠷᠢᠯᠭᠠᠬᠤ ᠠᠵᠢᠯ ᠢ ᠱᠠᠯᠠᠪᠳᠠᠨ ᠠᠬᠢᠭᠤᠯᠵᠤ᠂ ᠲᠣᠭᠲᠠᠭᠠᠯ ᠠᠴᠠ ᠵᠥᠷᠢᠴᠡᠨ ᠥᠷᠢ ᠭᠠᠷᠭᠠᠬᠤ ᠶᠢ ᠴᠠᠭᠠᠵᠠᠯᠠᠵᠤ᠂ ᠥᠷᠢ

ᠥᠭᠴᠡᠭᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ᠂ ᠭᠠᠵᠠᠷ ᠨᠤᠲᠤᠭ ᠤᠨ ᠥᠷᠢ ᠥᠭᠴᠡᠭᠡᠨ ᠤ ᠲᠦᠭᠰᠢᠭᠦᠷᠢ ᠶᠢ

ᠪᠠᠭᠤᠷᠠᠭᠤᠯᠤᠨ᠎ᠠ᠃ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦᠨ ᠤ ︽ᠵᠢᠭᠡᠯᠡᠵᠦ ᠬᠡᠷᠡᠭᠯᠡᠵᠦ

ᠬᠠᠮᠢᠶᠠᠷᠴᠤ ᠪᠤᠴᠠᠭᠠᠬᠤ︾ ᠬᠠᠮᠢᠶᠠᠷᠤᠯᠲᠠ ᠪᠠ ᠳᠦᠷᠢᠮ ᠤᠨ ᠰᠢᠰᠲ᠋ᠧᠮ ᠢ ᠪᠠᠶᠢᠭᠤᠯᠵᠤ᠂ ᠵᠠᠰᠠᠭ ᠤᠨ ᠣᠷᠳᠣᠨ ᠤ ᠪᠠᠯᠠ

ᠣᠷᠣᠭᠤᠯᠤᠯᠲᠠ ᠶᠢᠨ ᠲᠥᠷᠥᠯ ᠵᠦᠶᠯ ᠢ ᠵᠦᠶ ᠵᠣᠬᠢᠰᠲᠠᠶ ᠲᠥᠯᠥᠪᠵᠢᠭᠦᠯᠦᠨ᠂ ᠲᠥᠷᠥᠯ ᠵᠦᠶᠯ ᠤᠨ ᠪᠠᠯᠠ ᠮᠥᠩᠭᠦ ᠶᠢ

ᠣᠨᠣᠪᠴᠢᠲᠠᠶ ᠵᠢᠷᠤᠮᠵᠢᠯ ᠲᠠᠢ ᠬᠡᠷᠡᠭᠯᠡᠵᠦ᠂ ᠬᠢᠵᠠᠭᠠᠷ ᠲᠠᠢ ᠪᠠᠯᠠ ᠮᠥᠩᠭᠦ ᠶᠢ ᠴᠢᠬᠤᠯᠠ ᠲᠠᠢ ᠭᠠᠵᠠᠷ ᠬᠡᠷᠡᠭᠯᠡᠬᠦ ᠶᠢ ᠦᠨᠡᠨᠬᠦ

ᠪᠠᠲᠤᠯᠠᠨ᠎ᠠ᠃

 ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠢᠶᠠᠨ ᠲᠥᠪᠯᠡᠷᠡᠭᠦᠯᠵᠦ᠂ ᠬᠤᠲᠠ

ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠪᠠ ᠰᠢᠨ᠎ᠡ ᠨᠢᠭᠡ ᠡᠭᠡᠯᠵᠢ ᠶᠢᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠬᠠᠷᠢᠴᠠᠭ᠎ᠠ ᠶᠢ

ᠭᠦᠨᠵᠡᠭᠡᠶ ᠡᠵᠡᠮᠳᠡᠨ᠂ ᠪᠠᠶᠢᠷᠢ ᠲᠣᠭᠲᠠᠭᠠᠯᠲᠠ ᠪᠠ ᠡᠬᠢᠯᠡᠯᠲᠡ ᠶᠢᠨ ᠴᠡᠭ ᠢ ᠣᠨᠣᠪᠴᠢᠲᠠᠶ ᠣᠯᠵᠤ᠂ ᠬᠤᠲᠠ ᠬᠥᠳᠡᠭᠡ ᠶᠢ

ᠨᠢᠭᠡᠳᠦᠯᠲᠡᠶ ᠳᠦᠯᠦᠪᠵᠢᠬᠦᠯᠦᠨ᠂ ᠵᠣᠬᠢᠴᠠᠩᠭᠤᠶ ᠪᠠᠷ ᠬᠦᠭᠵᠢᠬᠦᠯᠦᠨ᠎ᠡ᠃

ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠶᠠᠳᠠᠭᠤ ᠠᠴᠠ

ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠰᠢᠰᠲ᠋ᠧᠮ ᠤᠨ ᠲᠣᠭᠲᠠᠭᠤᠨ ᠢᠶᠠᠷ ᠬᠡᠯᠪᠡᠷᠢ ᠪᠠᠨ ᠬᠤᠪᠢᠷᠠᠭᠤᠯᠬᠤ ᠶᠢ

ᠠᠬᠢᠭᠤᠯᠵᠤ᠂ ᠪᠥᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠦᠷᠭᠦᠯᠵᠢᠯᠡᠨ ᠠᠬᠢᠭᠤᠯᠬᠤ ᠬᠢᠭᠡᠳ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠬᠢᠴᠠᠭᠤᠯᠤᠨ᠎ᠠ᠃ ︽ᠳᠥᠷᠪᠡ ᠶᠢ ᠪᠠᠷᠢᠮᠲᠠᠯᠠᠬᠤ︾

ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂

ᠪᠠᠯᠠ ᠮᠥᠩᠭᠦᠨ ᠤ ᠳᠡᠮᠵᠢᠯᠭᠡ᠂ ᠬᠠᠪᠰᠤᠷᠤᠨ ᠲᠡᠳᠬᠦᠬᠦ ᠬᠦᠴᠦᠨ ᠢ ᠶᠡᠷᠦᠩᠬᠡᠶ ᠳᠡᠭᠡᠨ ᠲᠤᠭᠲᠠᠪᠤᠷᠢᠵᠢᠭᠤᠯᠵᠤ᠂ ᠶᠠᠳᠠᠭᠤ

᠎ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠶᠠᠳᠠᠭᠤ ᠶᠢ ᠲᠡᠳᠬᠦᠬᠦ

ᠪᠡᠯᠡ ᠮᠥᠩᠭᠦᠨ ᠤ ᠲᠥᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠠᠵᠤ ᠦᠢᠯᠡᠰ ᠢ

ᠦᠷᠭᠦᠯᠵᠢᠯᠡᠨ ᠬᠦᠭᠵᠢᠬᠦᠯᠦᠨ᠂ 8767 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠡᠷᠦᠬᠡ ᠳᠤ

ᠬᠦᠷᠭᠡᠬᠦ 6 ᠲᠥᠷᠦᠯ ᠵᠦᠢᠯ᠂ ᠠᠵᠤ ᠦᠢᠯᠡᠰ ᠤᠨ ᠬᠥᠭᠵᠢᠯᠲᠡ ᠶᠢᠨ 4 ᠲᠥᠷᠦᠯ ᠵᠦᠢᠯ᠂ ᠪᠠᠭ᠎ᠠ ᠬᠡᠯᠪᠡᠷᠢ ᠶᠢᠨ ᠨᠡᠶᠢᠲᠡ

᠎ ᠶᠢᠨ ᠠᠰᠠᠷᠠᠮᠵᠢ ᠶᠢᠨ ᠴᠢᠨᠠᠷᠲᠠᠢ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠶᠢᠨ 3 ᠲᠥᠷᠦᠯ ᠵᠦᠢᠯ ᠢ

ᠬᠡᠷᠡᠭᠵᠢᠬᠦᠯᠦᠨ᠎ᠡ᠃ ᠳᠠᠬᠢᠨ ᠶᠠᠳᠠᠭᠤᠷᠠᠬᠤ ᠶᠢ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠤᠯᠠᠮ

ᠪᠦᠷᠢᠨᠰᠢᠬᠦᠯᠵᠦ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ᠂ ᠵᠠᠬ᠎ᠠ ᠶᠢᠨ ᠡᠷᠦᠬᠡ᠂ ᠠᠮᠠᠷᠬᠠᠨ

ᠶᠠᠳᠠᠭᠤᠷᠠᠬᠤ ᠡᠷᠦᠬᠡ ᠶᠢ ᠳᠠᠷᠤᠶᠢᠬᠠᠨ ᠢᠯᠡᠷᠡᠭᠦᠯᠬᠦ ᠪᠠ ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠥᠳᠡᠭᠡ

ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠶᠢᠨ ᠣᠷᠣᠯᠭ᠎ᠠ ᠪᠠᠨ ᠨᠡᠮᠡᠭᠳᠡᠭᠦᠯᠬᠦ ᠪᠠ ᠠᠮᠢᠳᠤᠷᠠᠯ ᠢᠶᠠᠨ ᠰᠠᠶᠢᠵᠢᠷᠠᠭᠤᠯᠬᠤ

᠎ ᠶᠢ ᠶᠡᠬᠡᠪᠡᠷ ᠬᠠᠪᠰᠤᠷᠤᠨ ᠲᠡᠳᠬᠦᠵᠦ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠪᠠᠬᠢᠯᠡᠯᠲᠡ ᠶᠢ

ᠪᠠᠳᠤᠳᠬᠠᠨ᠎ᠠ᠃

ᠬᠤᠲᠠ ᠪᠠᠯᠭᠠᠰᠤ ᠶᠢ ᠨᠠᠷᠢᠯᠢᠭᠵᠢᠭᠤᠯᠤᠨ ᠬᠠᠮᠢᠶᠠᠷᠤᠨ᠎ᠠ᠃ ᠬᠤᠲᠠ ᠪᠠᠯᠭᠠᠰᠤᠵᠢᠯᠲᠠ ᠶᠢᠨ ᠲᠦᠬᠦᠷᠴᠢᠯᠠᠭᠰᠠᠨ ᠪᠦᠳᠦᠭᠡᠨ

ᠪᠠᠶᠢᠭᠤᠯᠤᠯᠲᠠ ᠶᠢ ᠨᠠᠷᠢᠯᠢᠭᠵᠢᠭᠤᠯᠵᠤ᠂ ᠬᠤᠲᠠ ᠪᠠᠯᠭᠠᠰᠤᠨ ᠤ ᠵᠠᠮ ᠱᠤᠭᠤᠮ ᠢ ᠰᠡᠯᠪᠢᠨ ᠵᠠᠰᠠᠬᠤ᠂ ᠭᠠᠵᠠᠷ ᠳᠣᠤᠷᠠᠬᠢ

ᠲᠣᠣᠷ ᠬᠤᠭᠤᠯᠠᠶ ᠶᠢ ᠰᠡᠯᠪᠢᠨ ᠵᠠᠰᠠᠬᠤ ᠠᠵᠢᠯ ᠢ ᠠᠬᠢᠭᠤᠯᠤᠨ᠂ ᠬᠤᠳᠠ ᠶᠢᠨ ᠪᠦᠳᠦᠭᠡᠨ ᠪᠠᠶᠢᠭᠤᠯᠤᠯᠳᠠ ᠤᠨ ᠡᠳᠦᠷ

ᠲᠤᠳᠤᠮ ᠤᠨ ᠠᠷᠠᠴᠢᠯᠠᠯᠲᠠ ᠶᠢ ᠴᠢᠩᠭᠠᠳᠬᠠᠵᠤ᠂ ᠬᠠᠭᠤᠴᠢᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ

ᠬᠠᠮᠢᠶᠠᠷᠤᠯᠳᠠ ᠵᠠᠳᠠᠭᠠᠢ  ᠵᠡᠭᠡᠯᠢ ᠳᠠᠭᠠᠤ ᠣᠷᠣᠨ ᠤ ᠭᠤᠸᠠᠵᠢᠭᠤᠯᠤᠯᠳᠠ ᠬᠦᠷᠦᠯᠴᠡᠬᠦ ᠦᠭᠡᠢ ᠵᠡᠷᠭᠡ ᠠᠰᠠᠭᠤᠳᠠᠯ ᠢ

ᠰᠢᠢᠳᠪᠦᠷᠢᠯᠡᠨ᠎ᠡ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠬ᠎ᠠ ᠳᠡᠯᠭᠡᠭᠦᠷᠴᠢᠯᠡᠭᠰᠡᠨ ᠬᠠᠮᠢᠶᠠᠷᠤᠯᠲᠠ ᠶᠢ ᠪᠦᠬᠦ

ᠲᠠᠯ᠎ᠠ ᠪᠠᠷ ᠬᠡᠷᠡᠭᠵᠢᠭᠦᠯᠦᠨ᠂ ᠪᠥᠬᠦᠯᠢ ᠡᠳᠦᠷ ᠤᠨ ᠪᠦᠬᠦ ᠲᠠᠯ᠎ᠠ ᠶᠢ ᠬᠠᠮᠤᠷᠤᠭᠰᠠᠨ ᠣᠷᠴᠢᠨ ᠲᠤᠭᠤᠷᠢᠨ ᠤ ᠴᠡᠪᠡᠷᠯᠡᠭᠡ ᠶᠢᠨ

ᠠᠵᠢᠯ ᠢ ᠪᠠᠶᠢᠩᠭᠤᠵᠢᠭᠤᠯᠵᠤ᠂ ᠴᠡᠴᠡᠷᠯᠢᠭ ᠠᠭᠤᠳᠠᠮ ᠲᠠᠯᠠᠪᠠᠢ ᠵᠡᠭᠡᠯᠢ ᠭᠤᠳᠣᠮᠵᠢ ᠶᠢᠨ ᠨᠣᠭᠤᠭᠠᠷᠠᠭᠤᠯᠤᠯᠳᠠ ᠶᠢᠨ ᠲᠠᠯᠠᠪᠠᠢ᠂

ᠬᠤᠳᠠ ᠪᠠᠯᠭᠠᠰᠣᠨ ᠤ ᠣᠷᠣᠵᠤ ᠭᠠᠷᠬᠤ ᠬᠡᠰᠡᠭ ᠤᠨ ᠦᠵᠡᠮᠵᠢ ᠶᠢ ᠰᠢᠯᠢᠳᠡᠭᠵᠢᠭᠦᠯᠦᠨ᠎ᠡ᠃ ᠠᠳᠠᠯ ᠠᠬᠤᠢ ᠶᠢᠨ

ᠦᠢᠯᠡᠴᠢᠯᠡᠭᠡ ᠬᠠᠮᠢᠶᠠᠷᠤᠯᠳᠠ ᠶᠢ ᠳᠥᠷᠢᠮᠵᠢᠭᠦᠯᠦᠨ ᠴᠢᠩᠭᠠᠳᠬᠠᠵᠤ᠂ ᠪᠦᠳᠦᠮᠵᠢᠳᠠᠢ ᠠᠷᠭ᠎ᠠ ᠬᠡᠮᠵᠢᠶ᠎ᠡ ᠪᠠᠷ ᠰᠠᠭᠤᠭᠠᠯᠢ

ᠲᠤᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠥᠪᠰᠢᠨ ᠢ ᠰᠠᠶᠢᠵᠢᠷᠠᠭᠤᠯᠵᠤ᠂ ᠠᠳᠠᠯ ᠠᠬᠤᠢ ᠶᠢᠨ

ᠰᠦᠢᠳᠬᠡᠯ ᠢᠶᠠᠨ ᠲᠤᠰᠢᠶᠠᠬᠤ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠨ᠎ᠡ᠃

ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠣᠳᠣᠬᠢᠴᠢᠯᠠᠭᠰᠠᠨ ᠪᠥᠲᠥᠭᠡᠨ

ᠪᠠᠶᠢᠭᠤᠯᠤᠯᠲᠠ ᠶᠢᠨ ᠴᠢᠬᠤᠯᠠ ᠪᠠᠶᠢᠷᠢᠨ ᠳᠤ ᠲᠠᠯᠪᠢᠵᠤ᠂ ᠲᠥᠷᠥᠯ ᠵᠦᠶᠯ ᠢ ᠬᠡᠷᠡᠭᠵᠢᠭᠦᠯᠬᠦ ᠪᠠ ᠡᠭᠦᠷᠭᠡ ᠶᠢ

ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠵᠢᠭᠦᠯᠦᠨ᠂ ᠬᠦᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠰᠢᠨᠵᠢᠯᠡᠬᠦ

ᠤᠬᠠᠭᠠᠨᠴᠢ ᠪᠠᠷ ᠪᠠᠶᠢᠷᠢᠰᠢᠭᠤᠯᠤᠨ᠎ᠠ᠃ ᠵᠢᠯ ᠤᠨ ᠳᠣᠲᠣᠷ᠎ᠠ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ 5 ᠵᠢᠯ ᠤᠨ ᠲᠥᠯᠦᠪᠯᠡᠭᠡ ᠪᠠ 15 ᠵᠢᠯ ᠤᠨ ᠲᠥᠯᠦᠪᠯᠡᠭᠡ ᠶᠢ ᠨᠠᠶᠢᠷᠠᠭᠤᠯᠤᠨ

ᠲᠣᠭᠲᠠᠭᠠᠨ᠎ᠠ᠃ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠭᠰᠠᠨ ᠦᠷ᠎ᠡ

ᠪᠦᠲᠦᠭᠡᠯ ᠢ ᠪᠥᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠵᠦ᠂ ᠬᠦᠳᠡᠭᠡ ᠲᠣᠰᠬᠤᠨ ᠤ ᠠᠷᠢᠭᠤᠨ ᠴᠡᠪᠡᠷ ᠢ ᠤᠷᠲᠤ

ᠬᠤᠭᠤᠴᠠᠭ᠎ᠠ ᠪᠠᠷ ᠪᠠᠲᠤᠯᠠᠬᠤ ᠲᠦᠷᠢᠮ ᠢ ᠪᠠᠶᠢᠭᠤᠯᠤᠨ᠂ ᠬᠤᠭ ᠨᠣᠪᠰᠢ ᠶᠢ ᠡᠬᠢ ᠡᠭᠦᠰᠦᠯ ᠠᠴᠠ ᠨᠢ ᠪᠠᠭᠠᠰᠬᠠᠨ

ᠬᠠᠮᠢᠶᠠᠷᠴᠤ᠂ ᠠᠮᠢᠳᠤᠷᠠᠯ ᠦᠶᠯᠡᠳᠪᠦᠷᠢᠯᠡᠯ ᠤᠨ ᠬᠤᠭ ᠨᠣᠪᠰᠢ ᠶᠢ ᠪᠥᠬᠦ ᠲᠠᠯ᠎ᠠ ᠪᠠᠷ ᠴᠡᠭᠴᠡᠯᠡᠨ ᠵᠠᠰᠠᠨ᠎ᠠ᠃ ︽2021

ᠣᠨ ᠤ ᠬᠤᠰᠢᠭᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ

ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠰᠦᠯ︾᠎ ᠢ ᠲᠣᠭᠲᠠᠭᠠᠨ ᠲᠠᠷᠬᠠᠭᠠᠵᠤ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠤᠭᠰᠠᠨ 10 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠪᠥᠲᠥᠭᠡᠨ ᠪᠠᠶᠢᠭᠤᠯᠵᠤ᠂ ᠱᠠᠩᠨᠠᠨ

ᠬᠥᠬᠢᠭᠦᠯᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢ ᠠᠬᠢᠭᠤᠯᠬᠤ ᠠᠬᠤᠶ ᠲᠠᠯᠠᠪᠠᠶ ᠶᠢᠨ ᠦᠵᠡᠭᠦᠯᠦᠯᠭᠡ ᠶᠢ ᠵᠣᠬᠢᠶᠠᠨ

ᠪᠠᠶᠢᠭᠤᠯᠤᠨ ᠥᠷᠨᠢᠭᠦᠯᠦᠨ᠎ᠡ᠃ ︽ᠰᠢᠯᠤᠭᠤᠨ ᠬᠥᠬᠡ ᠬᠤᠰᠢᠭᠤᠨ ᠤ ᠷᠠᠳᠢᠣ᠋ ᠨᠡᠪᠲᠡᠷᠡᠭᠦᠯᠭᠡ ᠶᠢᠨ ᠲᠣᠣᠷ ᠰᠦᠯᠵᠢᠶᠡᠨ︾᠎ ᠤ

ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠪᠠ ︽ᠣᠳᠣᠬᠢᠴᠢᠯᠠᠭᠰᠠᠨ ᠮᠠᠯ ᠠᠵᠤ ᠠᠬᠤᠢ ᠶᠢᠨ ᠣᠶᠣᠨᠴᠢᠯᠠᠭᠰᠠᠨ

ᠷᠠᠳᠢᠣ᠋ ᠨᠡᠪᠲᠡᠷᠡᠭᠦᠯᠭᠡ ᠶᠢᠨ ᠦᠢᠯᠡᠴᠢᠯᠡᠭᠡ︾᠎ ᠶᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ ᠤ ᠲᠣᠣᠷ ᠰᠦᠯᠵᠢᠶᠡᠨ ᠤ

ᠲᠥᠭᠡᠮᠡᠯᠵᠢᠯᠲᠡ ᠶᠢ ᠪᠡᠶᠡᠯᠡᠬᠦᠯᠦᠨ᠎ᠡ᠃

 ︵ᠲᠠᠪᠤ︶ ᠠᠷᠠᠳ ᠲᠤ ᠠᠰᠢᠭ ᠬᠦᠷᠲᠡᠭᠡᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠤᠯᠠᠨ

ᠲᠦᠮᠡᠨ ᠤ ᠰᠠᠨᠠᠭᠠᠰᠢᠷᠠᠵᠤ ᠪᠠᠶᠢᠭ᠎ᠠ᠂ ᠬᠦᠰᠡᠵᠦ ᠪᠠᠶᠢᠭ᠎ᠠ ᠵᠦᠢᠯ ᠳᠤ ᠠᠩᠬᠠᠷᠤᠯ ᠢᠶᠠᠨ ᠬᠠᠨᠳᠤᠭᠤᠯᠵᠤ᠂ ᠠᠷᠠᠳ ᠤᠨ

ᠠᠮᠢᠳᠤᠷᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠂ ᠤᠯᠠᠨ ᠲᠦᠮᠡᠨ ᠤ

ᠰᠠᠨᠠᠭᠠᠰᠢᠷᠠᠵᠤ ᠪᠠᠶᠢᠭ᠎ᠠ ᠶᠠᠪᠤᠳᠠᠯ᠂ ᠲᠦᠪᠡᠭᠳᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ

ᠠᠮᠢᠳᠤᠷᠠᠯ ᠢ ᠰᠠᠶᠢᠵᠢᠷᠠᠭᠤᠯᠤᠨ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠢ ᠴᠢᠷᠮᠠᠶᠢᠨ ᠡᠭᠦᠳᠦᠨ᠎ᠡ᠃

 ᠠᠷᠠᠳ ᠤᠨ ᠠᠮᠢᠳᠤᠷᠠᠯ ᠳᠤ ᠬᠤᠯᠪᠤᠭᠳᠠᠬᠤ ᠲᠥᠷᠦᠯ ᠵᠦᠢᠯ ᠢ ᠰᠠᠶᠢᠳᠤᠷ ᠭᠦᠢᠴᠡᠳᠭᠡᠨ᠎ᠡ᠃ ︽ᠨᠢᠭᠡᠳᠦᠯᠲᠡᠶ ᠲᠥᠯᠥᠪᠯᠡᠨ

ᠨᠡᠶᠢᠲᠡ ᠳᠤᠨᠢ ᠬᠠᠷᠠᠭᠠᠯᠵᠠᠬᠤ᠂ ᠭᠤᠣᠯᠳᠠᠯᠭ᠎ᠠ ᠶᠢ ᠡᠵᠡᠮᠳᠡᠬᠦ᠂ ᠠᠷᠠᠳ ᠤᠨ ᠰᠠᠨᠠᠭ᠎ᠠ ᠶᠢ ᠬᠦᠨᠳᠦᠳᠬᠡᠬᠦ᠂ ᠠᠷᠠᠳ ᠤᠨ

ᠠᠮᠢᠳᠤᠷᠠᠯ ᠢ ᠲᠣᠪᠣᠶᠢᠯᠭᠠᠬᠤ᠂ ᠴᠢᠳᠠᠯ ᠤᠨ ᠬᠢᠷᠢ ᠪᠠᠷ ᠢᠶᠠᠨ ᠬᠢᠬᠦ᠂ ᠦᠷ᠎ᠡ ᠠᠰᠢᠭ ᠢ ᠴᠢᠬᠤᠯᠠᠴᠢᠯᠠᠬᠤ︾ ᠵᠠᠷᠴᠢᠮ ᠤᠨ

ᠶᠣᠰᠣᠭᠠᠷ᠂ ᠥᠷᠭᠡᠨ ᠣᠯᠠᠨ ᠤ ︽ᠢᠳᠡᠵᠦ ᠡᠮᠦᠰᠬᠦ ᠶᠠᠪᠤᠵᠤ ᠰᠠᠭᠤᠬᠤ᠂ ᠠᠮᠤᠷ ᠲᠠᠶᠢᠪᠤᠩ ᠠᠵᠤ ᠲᠦᠷᠦᠭᠦ︾᠎ ᠪᠠᠷ

ᠭᠤᠣᠯᠳᠠᠯᠭ᠎ᠠ ᠪᠣᠯᠭᠠᠨ᠂ ᠨᠡᠶᠢᠭᠡᠮ ᠳᠤ ᠬᠠᠨᠳᠤᠭᠤᠯᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠲᠥᠷᠥᠯ ᠵᠦᠢᠯ

᠎ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠰᠣᠩᠭᠤᠨ ᠲᠣᠭᠲᠠᠭᠠᠵᠤ᠂ ᠲᠥᠰᠦᠪ ᠤᠨ ᠪᠡᠯᠡ ᠮᠥᠩᠭᠦ ᠶᠢ ᠭᠦᠢᠴᠡᠳ

ᠲᠤᠭ᠎ᠠ ᠪᠠᠷ ᠲᠣᠬᠢᠷᠠᠭᠤᠯᠤᠨ᠂ ᠵᠢᠯ ᠤᠨ ᠳᠣᠲᠣᠷ᠎ᠠ ᠡᠭᠦᠷᠭᠡ ᠪᠠᠨ ᠥᠨᠳᠥᠷ ᠪᠠᠷᠢᠮᠵᠢᠶ᠎ᠠ ᠲᠠᠢ᠂ ᠴᠢᠨᠠᠷᠯᠢᠭ ᠪᠡᠶᠡᠯᠡᠭᠦᠯᠬᠦ ᠶᠢ

ᠦᠨᠡᠨᠬᠦ ᠪᠠᠲᠤᠯᠠᠨ᠎ᠠ᠃ ᠰᠤᠷᠭᠠᠨ ᠬᠥᠮᠦᠵᠢᠯ᠂ ᠵᠠᠮ ᠬᠠᠷᠢᠯᠴᠠᠭ᠎ᠠ᠂ ᠡᠮ ᠡᠮᠨᠡᠯᠭᠡ᠂ ᠳᠤᠯᠠᠭᠠᠯᠠᠭ᠎ᠠ ᠵᠡᠷᠭᠡ ᠬᠦᠷᠢᠶ᠎ᠡ

ᠬᠡᠪᠴᠢᠶᠡᠨ ᠳᠤ ᠬᠤᠯᠪᠣᠭᠳᠠᠭᠰᠠᠨ ᠠᠷᠠᠳ ᠤᠨ ᠠᠮᠢᠳᠤᠷᠠᠯ ᠤᠨ 5 ᠲᠥᠷᠥᠯ ᠵᠦᠢᠯ ᠢ ᠲᠣᠭᠲᠠᠭᠠᠨ᠎ᠠ᠃ ᠡᠭᠦᠨ ᠤ ᠬᠠᠮᠲᠤ

ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠦ ᠶᠢᠨ ᠪᠣᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠲᠥᠷᠦᠯ

ᠵᠦᠢᠯ ᠲᠣᠭᠲᠠᠭᠠᠨ᠂ ᠪᠡᠯᠡ ᠮᠥᠩᠭᠦ ᠬᠤᠷᠠᠮᠳᠤᠭᠤᠯᠤᠭᠰᠠᠨ ᠲᠣᠣᠷᠠᠬᠢ ᠮᠡᠲᠦ 7 ᠲᠠᠯ᠎ᠠ ᠶᠢᠨ ᠠᠷᠠᠳ ᠤᠨ ᠠᠮᠢᠳᠤᠷᠠᠯ ᠳᠤ

ᠬᠤᠯᠪᠤᠭᠳᠠᠬᠤ ᠪᠣᠳᠠᠲᠤ ᠵᠦᠢᠯ ᠢ ᠬᠢᠨ᠎ᠡ᠃ ᠨᠢᠭᠡ ᠳᠤ᠂ ᠣᠷᠣᠰᠢᠨ ᠰᠠᠭᠤᠬᠤ ᠣᠷᠴᠢᠨ ᠲᠤᠭᠤᠷᠢᠨ ᠢ ᠰᠠᠶᠢᠵᠢᠷᠠᠭᠤᠯᠤᠨ᠎ᠠ᠃

ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠠᠷᠠᠴᠢᠯᠠᠨ ᠬᠠᠮᠠᠭᠠᠯᠠᠬᠤ᠂ ᠬᠤᠲᠠ ᠶᠢᠨ ᠣᠷᠴᠢᠨ

ᠲᠣᠭᠤᠷᠢᠨ ᠢ ᠴᠡᠭᠴᠡᠯᠡᠨ ᠵᠠᠰᠠᠬᠤ ᠵᠢᠴᠢ ᠴᠡᠴᠡᠷᠯᠢᠭ ᠤᠨ ᠨᠣᠭᠤᠭᠠᠷᠠᠭᠤᠯᠤᠯᠲᠠ ᠶᠢ ᠰᠠᠶᠢᠳᠤᠷ ᠠᠳᠬᠤᠨ᠎ᠠ᠃  ᠶᠤᠸᠠᠨ ᠹᠦ᠋

ᠰᠠᠭᠤᠭᠠᠯᠢ ᠲᠤᠭᠤᠷᠢᠭ ᠤᠨ B ᠲᠣᠭᠤᠷᠢᠭ ᠵᠡᠷᠭᠡ ᠬᠠᠭᠤᠴᠢᠨ ᠰᠠᠭᠤᠭᠠᠯᠢ ᠲᠤᠭᠤᠷᠢᠭ ᠢ ᠰᠢᠨᠡᠳᠬᠡᠨ ᠥᠭᠡᠷᠡᠴᠢᠯᠡᠨ᠎ᠡ᠃

ᠬᠤᠲᠠ ᠪᠠᠯᠭᠠᠰᠤᠨ ᠤ ᠬᠠᠮᠠᠷ ᠤᠨ ᠭᠡᠶᠢᠭᠦᠯᠦᠭᠴᠢ ᠨᠣᠪᠰᠢ ᠵᠥᠭᠡᠭᠡᠪᠦᠷᠢᠯᠡᠬᠦ ᠲᠣᠨᠤᠭ ᠳᠥᠬᠦᠭᠡᠷᠦᠮᠵᠢ ᠶᠢ

ᠲᠡᠭᠦᠯᠳᠡᠷᠵᠢᠬᠦᠯᠦᠨ᠎ᠡ᠃ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ 1200

ᠡᠷᠦᠬᠡ ᠶᠢᠨ ᠵᠣᠷᠯᠣᠩ ᠢ ᠥᠭᠡᠷᠡᠴᠢᠯᠡᠵᠦ᠂ ᠠᠷᠢᠭᠤᠨ ᠴᠡᠪᠡᠷ ᠵᠣᠷᠯᠤᠩ ᠤᠨ ᠲᠥᠭᠡᠮᠡᠯᠵᠢᠯᠲᠡ ᠶᠢ 37%᠎ ᠠᠴᠠ

ᠳᠡᠭᠡᠭᠰᠢ ᠳᠤ ᠬᠦᠷᠭᠡᠨ᠎ᠡ᠃ ᠬᠤᠶᠠᠷ ᠲᠤ᠂ ᠳᠦᠭᠦᠮ ᠳᠥᠲᠡ ᠵᠠᠮ ᠨᠡᠪᠲᠡᠷᠡᠯᠭᠡ ᠶᠢ ᠪᠥᠷᠢᠯᠳᠦᠭᠦᠯᠦᠨ᠎ᠡ᠃ ᠨᠡᠶᠢᠲᠡ ᠶᠢᠨ ᠵᠠᠮ

ᠬᠠᠷᠢᠯᠴᠠᠭᠠᠨ ᠤ ᠡᠵᠡᠩᠨᠡᠯᠲᠡ ᠶᠢᠨ ᠺᠣᠮᠫᠠᠨᠢ ᠶᠢ ᠪᠠᠶᠢᠭᠤᠯᠵᠤ᠂ ᠬᠤᠳᠠ ᠪᠠᠯᠭᠠᠰᠤᠨ ᠤ ᠨᠡᠶᠢᠲᠡ ᠶᠢᠨ ᠵᠠᠮ ᠬᠠᠷᠢᠯᠴᠠᠭᠠᠨ ᠤ

ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠬᠦᠯᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠳᠦᠭᠡᠨ

ᠪᠠᠶᠢᠭᠤᠯᠤᠯᠲᠠ ᠶᠢ ᠴᠢᠩᠭᠠᠳᠬᠠᠵᠤ᠂ ︽ᠭᠠᠴᠠᠭ᠎ᠠ ᠲᠣᠰᠬᠤᠨ ᠳᠤ ᠨᠡᠪᠲᠡᠷᠡᠬᠦ ᠵᠠᠮ︾᠎ ᠤᠨ ᠶᠠᠰᠤ ᠴᠢᠨᠠᠷ ᠢ ᠳᠡᠭᠡᠭᠰᠢᠯᠡᠬᠦᠯᠵᠦ᠂

ᠬᠦᠳᠡᠭᠡ ᠲᠣᠰᠬᠤᠨ ᠳᠤ 27.7 ᠺᠢᠯᠣᠮᠧᠲᠷ ᠽᠧᠮᠧᠨ᠋ᠲ ᠵᠠᠮ᠂ 80 ᠺᠢᠯᠣᠮᠧᠲᠷ ᠬᠠᠶᠢᠷ ᠴᠢᠯᠤᠭᠤᠨ ᠵᠠᠮ ᠳᠡᠪᠢᠰᠦᠨ᠎ᠡ᠃

ᠲᠠᠶᠢᠽᠢ ᠴᠧᠩ ᠠᠴᠠ ᠰᠢᠯᠢ ᠶᠢᠨ ᠬᠤᠳᠠ ᠬᠦᠷᠬᠦ ᠲᠦᠷᠭᠡᠨ ᠬᠤᠷᠳᠣᠴᠠᠲᠤ ᠲᠡᠮᠦᠷ ᠵᠠᠮ ᠪᠠ ᠵᠢᠨᠢᠩ ᠠᠴᠠ ᠲᠦᠩᠯᠢᠶᠣᠣ

ᠬᠦᠷᠬᠦ ᠲᠡᠮᠦᠷ ᠵᠠᠮ ᠢ ᠴᠠᠬᠢᠯᠭᠠᠨᠵᠢᠭᠤᠯᠬᠤ ᠥᠭᠡᠷᠡᠴᠢᠯᠡᠯᠳᠡ ᠶᠢ ᠲᠦᠷᠭᠡᠳᠬᠡᠨ᠎ᠡ᠃ ᠠᠷᠠᠳ ᠤᠨ ᠬᠡᠷᠡᠭᠯᠡᠭᠡᠨ ᠤ ᠨᠢᠰᠭᠡᠯ ᠤᠨ

ᠪᠠᠭᠤᠳᠠᠯ ᠤᠨ ᠪᠠᠶᠢᠭᠤᠯᠤᠯᠲᠠ ᠶᠢ ᠲᠦᠷᠭᠡᠳᠭᠡᠵᠦ᠂ ᠳᠥᠬᠦᠮ ᠲᠥᠳᠡ ᠵᠠᠮ ᠨᠡᠪᠲᠡᠷᠡᠯᠭᠡ ᠶᠢᠨ ᠨᠥᠬᠦᠴᠡᠯ ᠢ

ᠪᠦᠷᠢᠯᠳᠦᠭᠦᠯᠦᠨ᠎ᠡ᠃ ᠭᠤᠷᠪᠠ ᠳᠤ᠂ ᠮᠠᠯᠴᠢᠨ ᠲᠠᠷᠢᠶᠠᠴᠢᠳ ᠤᠨ ᠣᠷᠤᠯᠭ᠎ᠠ ᠶᠢ ᠨᠡᠮᠡᠭᠳᠡᠭᠦᠯᠦᠨ᠎ᠡ᠃ ︽ᠰᠠᠭᠠᠯᠢ ᠶᠢᠨ

ᠦᠨᠢᠶᠡᠨ ᠤ ᠮᠠᠯᠵᠢᠯ ᠤᠨ ᠲᠠᠯᠠᠪᠠᠢ + ᠵᠢᠵᠢᠭ ᠦᠢᠯᠡᠳᠭᠡᠯ ᠤᠨ ᠭᠠᠵᠠᠷ︾ ᠮᠠᠶ᠋ᠢᠭ ᠤᠨ ᠦᠢᠯᠡᠳᠪᠦᠷᠢᠯᠡᠯ ᠡᠵᠡᠩᠨᠡᠯᠲᠡ ᠶᠢᠨ

ᠬᠡᠯᠪᠡᠷᠢ ᠶᠢ ᠠᠰᠢᠭᠯᠠᠵᠤ᠂ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡᠨ ᠤ ᠵᠢᠵᠢᠭ ᠦᠢᠯᠡᠳᠭᠡᠯ ᠤᠨ ᠭᠠᠵᠠᠷ ᠪᠠ

ᠳᠤᠮᠳᠠ ᠵᠢᠵᠢᠭ ᠬᠡᠯᠪᠡᠷᠢ ᠶᠢᠨ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠤᠷ ᠤᠨ ᠳᠡᠰ ᠳᠡᠪᠰᠢᠨ ᠰᠢᠯᠢᠳᠡᠭᠵᠢᠬᠦ ᠶᠢ

ᠠᠬᠢᠭᠤᠯᠤᠨ᠎ᠠ᠃  ᠳᠥᠷᠪᠡ ᠳᠤ᠂ ᠰᠤᠷᠭᠠᠨ ᠬᠦᠮᠦᠵᠢᠯ ᠡᠷᠡᠭᠦᠯ ᠬᠠᠮᠠᠭᠠᠯᠠᠯ ᠤᠨ ᠦᠢᠯᠡᠰ ᠢ ᠬᠥᠭᠵᠢᠭᠦᠯᠦᠨ᠎ᠡ᠃ ᠰᠠᠩ ᠤᠨ

ᠲᠡᠯᠡᠶ ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠰᠠᠩ ᠤᠨ ᠲᠡᠯᠡᠶ

ᠪᠠᠯᠭᠠᠰᠤᠨ ᠤ ᠶᠢᠰᠦᠨ ᠵᠢᠯ ᠤᠨ ᠳᠦᠷᠢᠮᠲᠦ ᠠᠩᠬ᠎ᠠ ᠳᠤᠮᠳᠠᠳᠤ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ᠂ ᠥᠭᠡᠯᠦᠨ

ᠬᠡᠦᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ

ᠠᠬᠢᠭᠤᠯᠤᠨ᠎ᠠ᠃ ᠬᠤᠰᠢᠭᠤ ᠡᠮᠨᠡᠯᠭᠡ ᠶᠢᠨ ᠬᠤᠷᠢᠶᠠᠨ ᠤ ᠲᠦᠷᠭᠡᠨ ᠠᠪᠤᠷᠠᠯᠳᠠ ᠶᠢᠨ ᠶᠡᠷᠦᠩᠬᠡᠶᠢᠯᠡᠭᠰᠡᠨ ᠠᠰᠠᠷ᠂

ᠬᠠᠯᠳᠠᠪᠤᠷᠢᠳᠦ ᠡᠪᠡᠳᠴᠢᠨ ᠤ ᠡᠮᠴᠢᠯᠡᠭᠡᠨ ᠤ ᠠᠰᠠᠷ ᠤᠨ ᠲᠥᠷᠥᠯ ᠵᠦᠢᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃

ᠲᠠᠪᠤ ᠎ ᠳᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ

ᠦᠶᠯᠡᠴᠢᠯᠡᠭᠡᠨ ᠤ ᠲᠢᠩᠬᠢᠮ ᠢ ᠥᠭᠡᠷᠡᠴᠢᠯᠡᠨ ᠪᠠᠶᠢᠭᠤᠯᠬᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ

ᠡᠯᠧᠺᠲᠷᠣᠨ ᠳᠠᠭᠠᠭᠠᠴᠢᠯᠠᠨ ᠦᠨᠡᠯᠡᠬᠦ ᠲᠠᠰᠤᠭ ᠤᠨ ᠪᠠᠶᠢᠭᠤᠯᠤᠯᠲᠠ ᠶᠢ  ᠲᠦᠷᠭᠡᠳᠬᠡᠨ᠂ ︽ᠨᠢᠭᠡ ᠥᠷᠲᠡᠭᠡᠨ ᠤ

ᠦᠢᠯᠡᠴᠢᠯᠡᠭᠡ︾᠂ ︽ᠨᠢᠭᠡ ᠥᠷᠲᠡᠭᠡᠨ ᠳᠤ ᠭᠦᠢᠴᠡᠳᠬᠡᠬᠦ︾᠎ ᠶᠢ ᠪᠣᠳᠠᠲᠠᠶᠢᠵᠢᠭᠤᠯᠤᠨ᠎ᠠ᠃ ᠵᠢᠷᠭᠤᠭ᠎ᠠ ᠳᠤ᠂ ᠡᠷᠡᠭᠦᠯᠵᠢᠯ

ᠰᠤᠪᠢᠯᠠᠯᠲᠠ ᠶᠢᠨ ᠠᠵᠢᠯ ᠦᠢᠯᠡᠰ ᠢ ᠬᠥᠭᠵᠢᠭᠦᠯᠦᠨ᠎ᠡ᠃ ᠡᠮᠴᠢᠯᠡᠭᠡ ᠡᠷᠡᠭᠦᠯᠵᠢᠯ ᠰᠤᠪᠢᠯᠠᠯᠲᠠ᠂ ︽ᠨᠡᠭᠦᠳᠡᠯ ᠤᠨ ᠰᠢᠪᠠᠭᠤ

ᠮᠠᠶ᠋ᠢᠭ︾᠎ ᠤᠨ ᠵᠢᠭᠤᠯᠴᠢᠯᠠᠨ ᠰᠠᠭᠤᠷᠢᠰᠢᠬᠤ ᠨᠠᠰᠤᠵᠢᠯ ᠤᠨ ᠠᠰᠠᠷᠠᠮᠵᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠶᠢ

ᠢᠳᠡᠪᠬᠢᠲᠡᠶ ᠬᠥᠭᠵᠢᠭᠦᠯᠵᠦ᠂ ᠠᠵᠠᠲᠠᠢ ᠡᠷᠡᠭᠦᠯᠵᠢᠯ ᠰᠤᠪᠢᠯᠠᠯᠲᠠ ᠶᠢᠨ ᠲᠥᠪ ᠤᠨ ᠬᠦᠭᠵᠢᠯᠲᠡ ᠶᠢ ᠠᠬᠢᠭᠤᠯᠤᠨ᠎ᠠ᠃

ᠳᠣᠯᠤᠭ᠎ᠠ ᠳᠤ᠂ ᠬᠤᠲᠠ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠳᠣᠬᠢᠴᠢᠯᠠᠭᠰᠠᠨ ᠰᠢᠨᠵᠢᠯᠡᠭᠡ

ᠲᠧᠭᠨᠢᠭ ᠤᠨ ᠠᠷᠭ᠎ᠠ ᠬᠡᠯᠪᠡᠷᠢ ᠪᠠᠷ ︽ᠣᠶᠤᠨᠴᠢᠢᠯᠠᠭᠰᠨ ᠰᠠᠭᠤᠭᠠᠯᠢ ᠲᠤᠭᠤᠷᠢᠭ︾᠎ ᠤᠨ ᠲᠥᠷᠥᠯ ᠵᠦᠢᠯ ᠤᠨ ᠪᠦᠳᠦᠭᠡᠨ

ᠪᠠᠶᠢᠭᠤᠯᠤᠯᠳᠠ ᠶᠢ ᠠᠬᠢᠭᠤᠯᠤᠨ᠎ᠠ᠃

ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠤᠨ ᠪᠠᠶᠢᠷᠢ ᠶᠢ ᠨᠡᠮᠡᠭᠳᠡᠭᠦᠯᠬᠦ᠂ ᠠᠵᠢᠯ ᠤᠨ ᠪᠠᠶᠢᠷᠢ ᠶᠢ ᠲᠠᠨᠢᠯᠴᠠᠭᠤᠯᠬᠤ

ᠵᠡᠷᠭᠡ ᠦᠶᠯᠡᠴᠢᠯᠡᠭᠡ ᠶᠢ ᠰᠠᠶᠢᠲᠤᠷ ᠬᠢᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠴᠢᠬᠤᠯᠠ ᠲᠥᠷᠥᠯ ᠵᠦᠶᠯ ᠤᠨ

ᠠᠵᠢᠯ ᠣᠯᠭᠤᠯᠲᠠ᠂ ᠠᠷᠠᠳ ᠠᠴᠠ ᠡᠵᠡᠩᠨᠡᠭᠰᠡᠨ ᠪᠠᠭ᠎ᠠ ᠵᠢᠵᠢᠭ ᠬᠡᠯᠪᠡᠷᠢ ᠶᠢᠨ ᠠᠵᠤ ᠠᠬᠤᠶᠢᠯᠠᠯ ᠤᠨ ᠠᠵᠢᠯ ᠣᠯᠭᠤᠯᠲᠠ

᠎ ᠶᠢ ᠠᠬᠢᠭᠤᠯᠵᠤ᠂ 4500 ᠠᠵᠢᠯ ᠤᠨ ᠪᠠᠶᠢᠷᠢ ᠶᠢ ᠴᠤᠭᠯᠠᠭᠤᠯᠬᠤ ᠪᠠᠷ ᠲᠥᠯᠥᠪᠯᠡᠵᠦ ᠪᠣᠶ᠃ ᠠᠵᠢᠯ ᠣᠯᠭᠤᠯᠲᠠ ᠶᠢ

ᠳᠡᠮᠵᠢᠬᠦ ᠲᠥᠷᠥ ᠶᠢᠨ ᠪᠣᠳᠣᠯᠭ᠎ᠠ ᠶᠢ ᠨᠠᠷᠢᠯᠢᠭ ᠬᠡᠷᠡᠭᠯᠡᠵᠦ᠂ ᠭᠤᠤᠯᠳᠠᠯᠭ᠎ᠠ ᠲᠠᠢ ᠬᠥᠮᠦᠰ ᠢ ᠲᠥᠷᠦᠯ ᠬᠤᠪᠢᠶᠠᠨ

ᠲᠣᠭᠲᠠᠭᠤᠨ ᠢᠶᠠᠷ ᠠᠵᠢᠯ ᠣᠯᠭᠤᠨ᠂ ᠬᠤᠲᠠ ᠪᠠᠯᠭᠠᠰᠤᠨ ᠤ ᠰᠤᠯᠠ ᠠᠵᠢᠯ ᠬᠢᠭᠰᠡᠳ ᠤᠨ ᠠᠵᠢᠯ ᠢ ᠲᠣᠭᠲᠠᠪᠤᠷᠢᠵᠢᠭᠤᠯᠵᠤ

᠂ 680 ᠲᠦᠮᠡᠨ ᠲᠥᠭᠦᠷᠢᠭ ᠤᠨ ᠦᠶᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠲᠠᠯᠪᠢᠬᠤ ᠪᠠᠷ ᠲᠥᠯᠥᠪᠯᠡᠵᠦ ᠪᠠᠶᠢᠨ᠎ᠠ᠃

ᠱᠦᠨ ᠰᠢᠨ ᠰᠢᠨ ᠶᠤᠸᠠᠨ᠂ ᠰᠢ ᠪᠸᠢ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠢᠶᠠᠷ ᠳᠠᠶᠢᠴᠢᠯᠠᠨ ᠳᠠᠭᠠᠭᠤᠯᠵᠤ᠂ ︽

ᠨᠢᠭᠡ ᠵᠡᠭᠡᠯᠢ ᠬᠤᠶᠠᠷ ᠰᠠᠭᠤᠷᠢᠨ ᠭᠤᠷᠪᠠᠨ ᠬᠦᠷᠢᠶᠡᠯᠡᠩ︾᠎ ᠳᠤ ᠲᠦᠰᠢᠭᠯᠡᠨ᠂ ᠦᠢᠯᠡᠰ ᠪᠣᠰᠬᠠᠨ ᠠᠵᠢᠯ ᠣᠯᠭᠤᠬᠤ ᠶᠢ

ᠠᠬᠢᠭᠤᠯᠵᠤ᠂ ᠵᠢᠯ ᠤᠨ ᠳᠣᠲᠣᠷ᠎ᠠ ᠬᠤᠲᠠ ᠪᠠᠯᠭᠠᠰᠤᠨ ᠤ 800 ᠬᠥᠮᠦᠨ ᠳᠤ ᠰᠢᠨ᠎ᠡ ᠪᠠᠷ ᠠᠵᠢᠯ ᠣᠯᠭᠤᠵᠤ᠂ 5000

ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ

ᠠᠯᠳᠠᠭᠰᠠᠳ ᠤᠨ ᠨᠣᠷᠮ᠎ᠠ ᠶᠢ 3.5 %᠎ ᠶᠢᠨ ᠳᠣᠲᠣᠷ᠎ᠠ ᠬᠢᠵᠠᠭᠠᠷᠯᠠᠨ᠎ᠠ᠃

ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠪᠠᠬᠢᠵᠢᠭᠦᠯᠦᠨ᠎ᠡ᠃ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂

ᠬᠠᠷᠠᠭᠠᠯᠵᠠᠯ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃

ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ᠂ ᠦᠨᠳᠦᠰᠦᠨ ᠵᠦᠶᠯ ᠢ ᠪᠠᠲᠤᠯᠠᠬᠤ ᠶᠢ ᠪᠠᠷᠢᠮᠲᠠᠯᠠᠵᠤ᠂ ᠬᠤᠲᠠ

ᠣᠷᠣᠵᠤ ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠨ᠂ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠪᠣᠯᠤᠨ

ᠰᠤᠯᠠ ᠠᠵᠢᠯ ᠬᠢᠭᠰᠡᠳ᠂ ᠰᠢᠨ᠎ᠡ ᠬᠡᠯᠪᠡᠷᠢ ᠶᠢᠨ ᠠᠵᠢᠯ ᠲᠦᠷᠦᠯ ᠳᠤ ᠠᠵᠢᠯᠯᠠᠵᠤ ᠪᠠᠶᠢᠭ᠎ᠠ ᠬᠥᠮᠦᠰ ᠢᠶᠠᠷ ᠭᠤᠤᠯᠳᠠᠯᠭ᠎ᠠ

ᠪᠣᠯᠭᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠨᠡᠶᠢᠭᠡᠮ ᠤᠨ ᠳᠠᠭᠠᠳᠬᠠᠯ ᠤᠨ ᠬᠠᠮᠤᠷᠬᠤ

ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠨᠠᠰᠤᠵᠢᠯ ᠤᠨ ᠳᠠᠭᠠᠳᠬᠠᠯ ᠤᠨ ᠣᠷᠣᠨ ᠤ ᠱᠠᠲᠤᠨ ᠤ ᠨᠢᠭᠡᠳᠦᠯᠲᠡᠢ

ᠪᠠᠲᠤᠯᠠᠭ᠎ᠠ ᠶᠢ ᠰᠠᠶᠢᠲᠤᠷ ᠬᠢᠵᠦ᠂ ᠤᠯᠤᠰ ᠤᠨ ᠥᠮᠴᠢᠯᠡᠯᠳᠤ ᠲᠠᠷᠢᠶᠠᠯᠠᠩ ᠮᠠᠯᠵᠢᠯ ᠤᠨ ᠲᠠᠯᠠᠪᠠᠢ ᠶᠢᠨ ᠥᠩᠭᠡᠷᠡᠭᠰᠡᠨ ᠤ

ᠥᠷᠢᠲᠦᠭᠰᠡᠨ ᠳᠠᠭᠠᠳᠬᠠᠯ ᠤᠨ ᠰᠦᠢᠳᠭᠡᠯ ᠢ ᠬᠤᠶᠢᠰᠢᠯᠠᠭᠤᠯᠵᠤ ᠲᠤᠰᠢᠶᠠᠬᠤ ᠲᠥᠷᠥ ᠶᠢᠨ ᠪᠤᠳᠤᠯᠭ᠎ᠠ ᠶᠢ ᠴᠢᠷᠮᠠᠶᠢᠨ ᠣᠯᠵᠤ

᠂ ᠵᠢᠯ ᠬᠤᠪᠢᠶᠠᠨ ᠲᠥᠯᠥᠪᠯᠡᠭᠡ ᠶᠣᠰᠣᠭᠠᠷ ᠰᠢᠢᠳᠪᠦᠷᠢᠯᠡᠨ᠎ᠡ᠃ ᠣᠯᠠᠨ ᠠᠷᠭ᠎ᠠ ᠵᠠᠮ ᠢᠶᠠᠷ ᠪᠡᠯᠡ ᠮᠥᠩᠭᠦ ᠬᠤᠷᠠᠮᠳᠤᠭᠤᠯᠤᠨ᠂

ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠲᠡᠳᠭᠦᠪᠦᠷᠢ ᠳᠤ ᠭᠠᠷᠤᠭᠰᠠᠳ ᠲᠤ ᠳᠡᠳᠭᠦᠪᠦᠷᠢ

ᠣᠯᠭᠤᠬᠤ ᠠᠰᠠᠭᠤᠳᠠᠯ ᠢ ᠰᠢᠶᠳᠪᠦᠷᠢᠯᠡᠨ᠎ᠡ᠃ ︽ᠨᠠᠰᠤᠲᠠᠶᠢᠴᠤᠳ ᠢ ᠭᠡᠷ ᠲᠡᠭᠡᠨ ᠠᠰᠠᠷᠠᠨ ᠰᠤᠪᠢᠯᠠᠬᠤ ᠪᠠᠷ ᠰᠠᠭᠤᠷᠢ

ᠪᠣᠯᠭᠠᠵᠤ᠂ ᠨᠡᠶᠢᠭᠡᠮ ᠲᠣᠭᠤᠷᠢᠭ ᠲᠤ ᠠᠰᠠᠷᠠᠬᠤ ᠪᠠᠷ ᠲᠦᠰᠢᠭ ᠪᠣᠯᠭᠠᠨ᠂ ᠪᠠᠶᠢᠭᠤᠯᠤᠮᠵᠢ ᠪᠠᠷ ᠲᠤᠯᠭᠠᠭᠤᠷᠢᠯᠠᠯ ᠪᠣᠯᠭᠠᠬᠤ︾

ᠨᠠᠰᠤᠵᠢᠯ ᠤᠨ ᠦᠶᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠡᠮᠴᠢᠯᠡᠭᠡ ᠡᠷᠡᠭᠦᠯᠵᠢᠯ ᠰᠤᠪᠢᠯᠠᠯᠲᠠ᠂ ᠵᠢᠭᠤᠯᠴᠢᠯᠠᠨ

ᠰᠣᠪᠢᠯᠠᠬᠤ ᠮᠠᠶ᠋ᠢᠭ ᠤᠨ ᠨᠠᠰᠤᠲᠠᠶᠢᠴᠤᠳ ᠢ ᠠᠰᠠᠷᠠᠬᠤ ᠠᠵᠤ ᠦᠶᠯᠡᠰ ᠤᠨ ᠬᠥᠭᠵᠢᠯᠲᠡ ᠶᠢ ᠳᠣᠪᠣᠶᠢᠯᠭᠠᠨ᠂ ᠨᠠᠰᠤᠵᠢᠯ ᠤᠨ

ᠵᠠᠬ᠎ᠠ ᠳᠡᠯᠭᠡᠭᠦᠷ ᠤᠨ ᠣᠯᠠᠨ ᠡᠰᠢᠲᠦ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠎ᠠ᠃

ᠰᠤᠷᠭᠠᠨ ᠬᠥᠮᠦᠵᠢᠯ ᠢ ᠰᠠᠶᠢᠲᠤᠷ ᠠᠳᠬᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠲᠠᠭᠳᠠᠯ ᠢ

ᠨᠥᠬᠦᠪᠥᠷᠢᠯᠡᠵᠦ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ

ᠦᠷᠭᠦᠯᠵᠢᠯᠡᠨ ᠪᠠᠬᠢᠵᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ

᠎ ᠢ ᠲᠣᠪᠣᠶᠢᠮ᠎ᠠ ᠠᠳᠬᠤᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ

᠃ ᠰᠤᠷᠭᠠᠭᠤᠯᠢ ᠡᠷᠬᠢᠯᠡᠬᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠯ᠂ ᠪᠠᠲᠤᠯᠠᠭ᠎ᠠ ᠶᠢᠨ ᠲᠣᠭᠲᠠᠴᠠ ᠶᠢᠨ ᠥᠭᠡᠷᠡᠴᠢᠯᠡᠯᠲᠡ

᠎ ᠶᠢ ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠵᠤ᠂ ᠰᠤᠷᠭᠠᠭᠤᠯᠢ ᠶᠢᠨ ᠳᠠᠷᠤᠭ᠎ᠠ ᠶᠢᠨ ᠡᠩᠨᠡᠭᠡ᠂ ᠵᠢᠭᠠᠨ ᠰᠤᠳᠤᠯᠬᠤ

ᠡᠩᠨᠡᠭᠡ ᠪᠣᠯᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠠᠵᠢᠯᠲᠠᠨ ᠤ ᠴᠠᠯᠢᠩ ᠣᠯᠭᠤᠮᠵᠢ ᠶᠢ

ᠪᠠᠲᠤᠯᠠᠨ᠎ᠠ᠃ ︽ᠨᠢᠭᠡ ᠰᠤᠷᠭᠠᠭᠤᠯᠢ ᠨᠢᠭᠡ ᠣᠨᠴᠠᠯᠢᠭ︾᠎ ᠲᠠᠢ ᠪᠠᠶᠢᠬᠤ ᠦᠷ᠎ᠡ ᠪᠦᠳᠦᠮᠵᠢ ᠶᠢ ᠭᠦᠨᠵᠡᠭᠡᠶᠢᠷᠡᠭᠦᠯᠦᠨ᠂ ᠪᠡᠶ᠎ᠡ

᠎ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠢ ᠴᠢᠩᠭᠠᠳᠬᠠᠨ᠂ ᠪᠥᠬᠦ ᠠᠶᠢᠮᠠᠭ ᠤᠨ ᠬᠤᠷᠢᠳᠤᠭᠠᠷ ᠬᠤᠭᠤᠴᠠᠭᠠᠨ ᠤ

ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠪᠡᠶ᠎ᠡ ᠲᠠᠮᠢᠷ ᠤᠨ ᠴᠤᠭᠯᠠᠭᠠᠨ ᠵᠢᠴᠢ ᠳᠣᠯᠣᠳᠤᠭᠠᠷ

ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠯᠠᠮᠵᠢᠯᠠᠯᠲᠤ ᠪᠡᠶ᠎ᠡ ᠶᠢᠨ ᠲᠠᠮᠢᠷ ᠤᠨ

ᠤᠷᠤᠯᠳᠤᠭᠠᠨ ᠢ ᠳᠠᠭᠠᠭᠠᠴᠢᠯᠠᠨ ᠡᠷᠭᠢᠯᠡᠨ᠎ᠡ᠃ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠠᠵᠢᠯ ᠢ ᠭᠦᠨᠵᠡᠭᠡᠶ

ᠥᠷᠨᠢᠭᠦᠯᠵᠦ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ᠎ᠠ᠃ ︽ᠭᠤᠷᠪᠠᠨ

ᠲᠦᠷᠦᠯ ᠤᠨ ᠬᠢᠴᠢᠶᠡᠯ︾ ᠪᠠ ᠬᠡᠦᠬᠡᠳ ᠤᠨ ᠴᠡᠴᠡᠷᠯᠢᠭ ᠤᠨ ᠬᠤᠤᠰ ᠬᠡᠯᠡᠨ ᠤ ᠪᠠᠭᠰᠢ ᠶᠢᠨ ᠲᠣᠬᠢᠷᠠᠭᠤᠯᠤᠯᠲᠠ ᠶᠢ

ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ ᠤᠯᠤᠰ ᠤᠨ ᠨᠢᠭᠡᠳᠦᠯᠲᠡᠶ

ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠥᠭᠡᠮᠡᠯᠵᠢᠬᠦᠯᠬᠦ ᠠᠵᠢᠯ ᠢ ᠪᠡᠶᠡᠯᠡᠬᠦᠯᠦᠨ᠎ᠡ᠃

ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠦᠨᠳᠦ ᠶᠡᠭᠡ ᠬᠠᠯᠳᠠᠪᠤᠷᠢᠲᠤ

ᠡᠪᠡᠳᠴᠢᠨ ᠢ ᠰᠡᠷᠭᠡᠶᠢᠯᠡᠨ ᠬᠤᠷᠢᠭᠯᠠᠬᠤ ᠪᠠ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠡᠷᠴᠢᠮ

᠎ ᠢᠶᠠᠨ ᠴᠢᠩᠭᠠᠷᠠᠭᠤᠯᠵᠤ᠂ ᠬᠢᠵᠢᠭ ᠢ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠶᠢᠨ ᠲᠤᠷᠰᠢᠯᠲᠠ ᠶᠢᠨ ᠲᠠᠰᠤᠭ ᠤᠨ ᠰᠢᠯᠭᠠᠨ

ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠬᠦᠯᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾᠎ ᠶᠢ

ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ︽ᠬᠥᠮᠦᠨ︾᠂ ︽ᠪᠣᠳᠠᠰ︾᠎ ᠢ ᠵᠡᠷᠭᠡᠪᠡᠷ ᠰᠡᠷᠭᠡᠶᠢᠯᠡᠬᠦ ᠶᠢ

ᠪᠠᠷᠢᠮᠲᠠᠯᠠᠵᠤ᠂ ᠭᠠᠳᠠᠭᠠᠳᠤ ᠠᠴᠠ ᠣᠷᠣᠭᠤᠯᠬᠤ ᠬᠦᠯᠳᠡᠭᠦᠦ ᠢᠳᠡᠭᠡᠨ ᠢ ᠰᠢᠯᠭᠠᠨ ᠪᠠᠶᠢᠴᠠᠭᠠᠬᠤ ᠪᠠ ᠠᠷᠢᠭᠤᠳᠬᠠᠬᠤ

ᠠᠵᠢᠯ ᠢ ᠴᠢᠩᠭᠠᠳᠬᠠᠵᠤ᠂ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠲᠠᠯᠠᠪᠤᠷ ᠲᠤ ᠪᠥᠭᠡᠮ ᠬᠦᠴᠢᠯ ᠤᠨ ᠰᠢᠯᠭᠠᠨ

ᠪᠠᠶᠢᠴᠠᠭᠠᠯᠲᠠ ᠬᠢᠬᠦ ᠪᠠ ᠬᠢᠨᠠᠨ ᠬᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠢᠵᠢᠭ ᠢᠯᠡᠷᠡᠮᠡᠭᠴᠡ ᠳᠠᠷᠤᠶ ᠲᠦᠷᠭᠡᠨ᠂

ᠰᠢᠨᠵᠢᠯᠡᠬᠦ ᠤᠬᠠᠭᠠᠨᠴᠢ᠂ ᠣᠨᠣᠪᠴᠢᠲᠠᠶ ᠪᠠᠷ ᠰᠡᠷᠭᠡᠶᠢᠯᠡᠨ ᠬᠤᠷᠢᠭᠯᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ

ᠬᠤᠷᠢᠶᠠᠨ ᠤ ᠶᠡᠷᠦᠩᠬᠡᠶᠢᠯᠡᠭᠰᠡᠨ ᠠᠵᠢᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠭᠡᠨᠡᠳᠲᠡ ᠡᠭᠦᠰᠬᠦ ᠣᠯᠠᠨ ᠨᠡᠶᠢᠲᠡ

᠎ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠢᠶᠳᠪᠦᠷᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ

ᠰᠠᠭᠤᠷᠢ ᠮᠥᠩᠭᠦᠨ ᠤ ᠬᠢᠨᠠᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ

ᠠᠯᠬᠤᠮ ᠢᠶᠠᠷ ᠲᠡᠭᠦᠯᠳᠡᠷᠵᠢᠭᠦᠯᠵᠦ᠂ ᠲᠣᠭᠲᠠᠭᠤᠨ ᠪᠥᠭᠡᠳ ᠲᠥᠪ ᠭᠤᠤᠯᠴᠢ ᠣᠯᠭᠤᠮᠵᠢ ᠶᠢᠨ ᠪᠠᠲᠤᠯᠠᠭ᠎ᠠ ᠶᠢᠨ ᠲᠣᠭᠲᠠᠴᠠ

ᠵᠢᠴᠢ ᠦᠷᠭᠦᠯᠵᠢᠯᠡᠭᠰᠡᠨ ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠠᠵᠢᠯᠯᠠᠭᠠᠨ ᠤ ᠲᠣᠭᠲᠠᠴᠠ ᠶᠢ

ᠲᠡᠭᠦᠯᠳᠡᠷᠵᠢᠭᠦᠯᠦᠨ᠂ ᠪᠠᠲᠤᠯᠠᠭ᠎ᠠ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠭᠦᠨ᠎ᠡ᠃ ᠰᠠᠩ ᠤᠨ ᠳᠠᠯᠠᠢ ᠡᠷᠡᠭᠦᠯ ᠬᠠᠮᠠᠭᠠᠯᠠᠯ

᠎ ᠤᠨ ᠬᠤᠷᠢᠶ᠎ᠠ᠂ ᠲᠠᠪᠦ‍ ᠨᠢᠭᠡ ᠮᠠᠯᠵᠢᠯ ᠤᠨ ᠲᠠᠯᠠᠪᠠᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠰᠠᠶᠢᠨᠬᠤᠳᠳᠤᠭ ᠰᠤᠮᠤᠨ ᠤ

ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠭᠤᠷᠪᠠᠨ ᠰᠠᠭᠤᠷᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ

ᠪᠠᠶᠢᠭᠤᠯᠤᠯᠲᠠ ᠶᠢ ᠠᠬᠢᠭᠤᠯᠵᠤ᠂ ᠥᠷᠭᠡᠨ ᠣᠯᠠᠨ ᠠᠷᠠᠳ ᠲᠦᠮᠡᠨ ᠳᠤ ᠨᠠᠩ ᠰᠠᠶᠢᠨ ᠦᠢᠯᠡᠴᠢᠯᠡᠨ᠎ᠡ᠃

ᠠᠶᠤᠯᠭᠦᠶ ᠦᠶᠯᠡᠳᠪᠦᠷᠢᠯᠡᠯ ᠢ ᠪᠠᠲᠤᠯᠠᠨ᠎ᠠ᠃  ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ

ᠪᠠᠶᠢᠷᠢ ᠶᠢᠨ ᠬᠤᠣᠰ ᠬᠠᠷᠢᠭᠤᠴᠠᠯᠭ᠎ᠠ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠᠨ

ᠡᠷᠬᠡᠪᠰᠢ︾᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠶᠯᠡᠳᠪᠦᠷᠢᠯᠡᠯ ᠪᠠ ᠪᠠᠴᠢᠮ ᠪᠠᠶᠢᠳᠠᠯ ᠢ

ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠶᠤᠯᠬᠦᠢ ᠦᠢᠯᠡᠳᠪᠦᠷᠢᠯᠡᠯ ᠤᠨ

ᠲᠤᠰᠬᠠᠶ ᠴᠡᠭᠴᠡᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ

ᠲᠥᠷᠥᠯ ᠤᠨ ᠬᠦᠷᠢᠶᠡᠨ ᠤ ᠠᠶᠤᠯᠬᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠢᠳᠡᠭᠡᠨ ᠤᠮᠳᠠᠭᠠᠨ ᠪᠠ ᠡᠮ ᠤᠨ

ᠵᠦᠢᠯᠡᠰ ᠤᠨ ᠠᠮᠤᠷ ᠲᠥᠪᠰᠢᠨ ᠢ ᠪᠠᠳᠣᠯᠠᠵᠤ᠂ ᠴᠢᠩᠭ᠎ᠠ ᠬᠠᠮᠢᠶᠠᠷᠤᠨ ᠬᠦᠨᠳᠦ ᠪᠠᠷ ᠰᠢᠢᠳᠪᠦᠷᠢᠯᠡᠬᠦ᠂ ᠪᠠᠷᠢᠮᠵᠢᠶ᠎ᠠ

ᠲᠤᠭᠲᠠᠭᠠᠨ ᠰᠢᠢᠳᠭᠡᠨ ᠲᠣᠷᠭᠠᠬᠤ ᠶᠢ ᠪᠠᠷᠢᠮᠲᠠᠯᠠᠨ᠂ ᠠᠮᠤᠷ ᠳᠥᠪᠰᠢᠨ ᠤ ᠳᠠᠯᠳᠠ ᠭᠡᠮ ᠢ ᠠᠷᠢᠯᠭᠠᠵᠤ᠂ ᠬᠦᠨᠳᠦ ᠶᠡᠭᠡ

ᠣᠰᠣᠯ ᠠᠳᠡᠯ ᠭᠠᠷᠬᠤ ᠶᠢ ᠡᠷᠡᠰ ᠬᠤᠷᠢᠭᠯᠠᠨ᠎ᠠ᠃

ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠤᠯᠢ ᠶᠣᠰᠣᠭᠠᠷ ᠬᠤᠰᠢᠭᠤ ᠪᠠᠨ ᠵᠠᠰᠠᠬᠤ ᠶᠢ

ᠯᠠᠪᠳᠠᠭᠤᠨ ᠪᠠᠲᠤᠲᠠᠶ ᠠᠬᠢᠭᠤᠯᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠦᠷᠭᠦᠯᠵᠢᠯᠡᠨ

ᠭᠦᠨᠵᠡᠭᠡᠶᠢᠷᠡᠭᠦᠯᠦᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤ ᠶᠢᠨ ᠴᠢᠨᠠᠷᠲᠠᠢ

ᠥᠷᠨᠢᠭᠦᠯᠵᠦ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠬᠦ ᠪᠠ ᠪᠠᠴᠢᠮ ᠪᠠᠶᠢᠳᠠᠯ ᠢ

ᠰᠢᠶᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠦᠯᠵᠢᠶᠡᠨ ᠤ ᠠᠮᠤᠷ ᠲᠦᠪᠰᠢᠨ ᠪᠠ ᠰᠦᠯᠵᠢᠶᠡᠨ ᠤ ᠶᠠᠷᠢᠶ᠎ᠠ

ᠬᠡᠯᠡᠯᠴᠡᠭᠡᠨ ᠤ ᠪᠠᠶᠢᠳᠠᠯ ᠢ ᠴᠢᠩᠭ᠎ᠠ ᠬᠢᠨᠠᠨ ᠬᠠᠮᠢᠶᠠᠷᠴᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ

ᠰᠢᠰᠲ᠋ᠧᠮ ᠢ ᠪᠠᠶᠢᠭᠤᠯᠤᠨ᠂ ᠠᠮᠤᠭᠤᠯᠠᠩ ᠰᠢᠯᠤᠭᠤᠨ ᠬᠥᠬᠡ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃

ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠭᠤᠷᠪᠠᠨ ᠵᠢᠯ ᠤᠨ ᠲᠤᠰᠬᠠᠢ ᠠᠵᠢᠯᠯᠠᠭ᠎ᠠ ᠶᠢ

ᠭᠦᠨᠵᠡᠭᠡᠢ ᠥᠷᠨᠢᠭᠦᠯᠵᠦ᠂ ᠵᠥᠷᠢᠴᠡᠯ ᠤᠨ ᠲᠠᠯᠳᠠ ᠭᠡᠮ ᠢ ᠠᠷᠢᠯᠭᠠᠨ᠎ᠠ᠃

ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ

᠎ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ

ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂

ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ

ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ

᠎ ᠶᠢᠨ ᠠᠵᠢᠯ ᠥᠷᠨᠢᠭᠦᠯᠬᠦ ᠶᠢ ᠳᠡᠮᠵᠢᠵᠦ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠬᠢᠨᠠᠨ ᠪᠣᠳᠣᠬᠤ᠂ ᠴᠠᠭ ᠠᠭᠤᠷ

᠂ ᠬᠠᠩᠭᠠᠨ ᠪᠣᠷᠣᠯᠠᠭᠤᠯᠬᠤ᠂ ᠳᠠᠩᠰᠠ ᠡᠪᠬᠡᠮᠡᠯ᠂ ᠠᠬᠠᠮᠠᠳ ᠺᠠᠳ᠋ᠷ ᠪᠣᠯᠤᠨ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠡᠯ᠎ᠡ

ᠵᠦᠢᠯ ᠤᠨ ᠠᠵᠢᠯ ᠢ ᠰᠠᠶᠢᠲᠤᠷ ᠬᠢᠨ᠎ᠡ᠃

 ︵ᠵᠢᠷᠭᠤᠭ᠎ᠠ︶ ᠵᠠᠰᠠᠭ ᠤᠨ ᠣᠷᠳᠣᠨ ᠤ ᠪᠠᠶᠢᠭᠤᠯᠤᠯᠲᠠ ᠳᠤ ᠬᠦᠴᠦᠨ ᠢᠶᠠᠨ ᠲᠥᠪᠯᠡᠷᠡᠭᠦᠯᠵᠦ᠂ ᠠᠵᠢᠯ ᠤᠨ ᠦᠷ᠎ᠡ

ᠪᠦᠲᠦᠮᠵᠢ ᠶᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠲᠠᠢ

ᠨᠢᠭᠲᠠ ᠤᠶᠠᠯᠳᠤᠭᠤᠯᠤᠨ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂

ᠵᠠᠰᠠᠭ ᠤᠨ ᠣᠷᠳᠣᠨ ᠤ ᠭᠦᠢᠴᠡᠳᠬᠡᠬᠦ ᠴᠢᠳᠠᠪᠤᠷᠢ ᠶᠢ ᠨᠡᠮᠡᠭᠳᠡᠭᠦᠯᠦᠨ᠂ ᠵᠠᠰᠠᠭ ᠤᠨ ᠣᠷᠳᠣᠨ ᠤ ᠤᠯᠠᠨ ᠨᠡᠶᠢᠲᠡ ᠶᠢ

ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠨᠠᠮ ᠳᠠᠭᠠᠨ ᠢᠲᠡᠭᠡᠮᠵᠢᠲᠡᠢ᠂ ᠣᠯᠠᠨ ᠲᠥᠡᠮᠨ ᠳᠤ ᠡᠭᠡᠯᠢᠲᠡᠢ ᠦᠢᠯᠡᠴᠢᠯᠡᠭᠡᠨ

᠎ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃

ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠤᠯᠤᠰ

ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠴᠢᠭᠯᠡᠯ ᠢᠶᠠᠨ

ᠪᠠᠳᠤᠳᠬᠠᠨ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽

ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ᠂ ᠵᠠᠷᠯᠢᠭ ᠴᠠᠭᠠᠵᠠ ᠶᠢ

ᠳᠠᠭᠠᠬᠤ ᠶᠢ ᠦᠨᠡᠨ ᠬᠦ ᠪᠠᠲᠤᠯᠠᠨ᠎ᠠ᠃ ᠦᠵᠡᠯ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠠᠮᠤᠷ

ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠦᠵᠡᠯ ᠤᠬᠠᠮᠰᠠᠷ ᠢ ᠲᠠᠰᠤᠷᠠᠯᠲᠠ ᠥᠬᠡᠶ ᠪᠠᠲᠤᠳᠬᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠎ ᠢ ᠭᠦᠨᠵᠡᠭᠡᠶ ᠲᠤᠤᠱᠯᠠᠭᠤᠯᠤᠨ

ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠢ ᠠᠬᠢᠭᠤᠯᠤᠨ᠂ ᠡᠷᠬᠡ ᠲᠡᠭᠰᠢ᠂

ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ

ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠦᠨ᠎ᠡ᠃ ᠦᠵᠡᠯ ᠤᠬᠠᠮᠰᠠᠷ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ

ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠢᠳᠡᠪᠬᠢᠳᠠᠢ ᠡᠵᠡᠮᠰᠢᠵᠦ᠂

ᠦᠵᠡᠯ ᠤᠬᠠᠮᠰᠠᠷ ᠬᠡᠯᠪᠡᠷᠢ ᠶᠢᠨ ᠴᠠᠷ᠎ᠠ ᠬᠦᠷᠢᠶᠡᠨ ᠤ  ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠬᠠᠮᠤᠷᠬᠤ ᠬᠡᠪᠴᠢᠶ᠎ᠡ ᠶᠢ ᠤᠯᠠᠮ ᠥᠷᠭᠡᠳᠬᠡᠵᠦ᠂ ᠦᠨᠳᠦᠰᠦᠲᠡᠨ ᠤ

ᠪᠦᠯᠬᠦᠮᠳᠡᠯ ᠪᠣᠯᠤᠨ ᠨᠡᠶᠢᠭᠡᠮ ᠤᠨ ᠡᠶ᠎ᠡ ᠵᠣᠬᠢᠴᠠᠯ ᠢ ᠨᠥᠯᠥᠭᠡᠯᠡᠬᠦ ᠭᠤᠣᠯᠳᠠᠯᠭ᠎ᠠ ᠲᠠᠢ ᠠᠰᠠᠭᠤᠳᠠᠯ ᠢ ᠬᠦᠴᠦᠯᠡᠨ

ᠰᠢᠶᠳᠪᠦᠷᠢᠯᠡᠵᠦ᠂ ᠳᠠᠶᠢᠰᠤᠩᠨᠠᠭᠴᠢ ᠬᠦᠴᠦᠨ ᠤ ᠡᠪᠳᠡᠯᠭᠡ ᠬᠢᠬᠦ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠢᠩᠭ᠎ᠠ ᠴᠣᠬᠢᠯᠲᠠ

ᠥᠭᠬᠦ ᠬᠡᠷᠡᠭᠲᠡᠶ᠃ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ

ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠴᠢᠩᠭ᠎ᠠ

ᠵᠢᠷᠤᠮᠯᠠᠨ᠂ ᠬᠠᠤᠯᠢ ᠪᠠᠷ ᠵᠠᠰᠠᠬᠤ ᠶᠢ ᠵᠠᠰᠠᠭ ᠤᠨ ᠣᠷᠳᠣᠨ ᠤ ᠵᠠᠰᠠᠯᠲᠠ ᠶᠢᠨ ᠦᠨᠳᠦᠰᠦᠨ ᠠᠷᠭ᠎ᠠ ᠮᠠᠶ᠋ᠢᠭ ᠪᠣᠯᠭᠠᠨ᠂

ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠵᠦ᠂ ᠬᠥᠭᠵᠢᠯᠲᠡ ᠶᠢ ᠠᠬᠢᠭᠤᠯᠤᠨ᠂ ᠵᠥᠷᠢᠴᠡᠯ ᠢ ᠠᠷᠢᠯᠭᠠᠵᠤ᠂ ᠲᠣᠭᠲᠠᠭᠤᠨ ᠪᠠᠶᠢᠳᠠᠯ ᠢ ᠬᠠᠮᠠᠭᠠᠯᠠᠨ᠎ᠠ᠃

︽ᠢᠷᠭᠡᠨ ᠤ ᠬᠠᠣᠯᠢ ᠶᠢᠨ ᠲᠤᠪᠴᠢ︾᠎ ᠶᠢ ᠭᠦᠨᠵᠡᠭᠡᠢ ᠤᠬᠠᠭᠤᠯᠵᠤ᠂ ︽ᠭᠤᠷᠪᠠᠨ ᠴᠢᠬᠤᠯᠠ ᠨᠢᠭᠡ ᠶᠡᠭᠡ︾᠎ ᠶᠢ ᠵᠥᠪᠯᠡᠨ

ᠰᠢᠢᠳᠪᠦᠷᠢᠯᠡᠬᠦ ᠳᠥᠷᠢᠮ ᠢ ᠬᠡᠷᠡᠭᠵᠢᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠵᠠ ᠪᠠ

ᠠᠵᠢᠯ ᠤᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯᠳᠤ ᠬᠢᠨᠠᠯᠲᠠ᠂ ᠬᠢᠨᠠᠨ ᠪᠤᠳᠣᠯᠳᠠ ᠶᠢᠨ ᠬᠢᠨᠠᠯᠳᠠ

ᠵᠢᠴᠢ ᠨᠡᠶᠢᠭᠡᠮ ᠤᠨ ᠶᠡᠷᠢᠶ᠎ᠡ ᠬᠡᠯᠡᠯᠴᠡᠭᠡᠨ ᠤ ᠬᠢᠨᠠᠯᠳᠠ ᠶᠢ ᠰᠠᠶᠢᠨ ᠳᠤᠷ᠎ᠠ ᠠᠴᠠ ᠪᠠᠨ ᠬᠦᠯᠢᠶᠡᠵᠦ᠂ ᠵᠠᠰᠠᠭ ᠤᠨ ᠠᠵᠢᠯ ᠢ

ᠬᠠᠣᠯᠢᠵᠢᠭᠰᠠᠨ ᠵᠠᠮ ᠳᠤ ᠣᠷᠣᠭᠤᠯᠤᠨ᠎ᠠ᠃ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃

ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠨᠢᠭᠡᠳᠦᠭᠡᠷ ᠱᠠᠭᠠᠷᠳᠠᠯᠭ᠎ᠠ ᠪᠣᠯᠭᠠᠵᠤ᠂

ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠦᠨ

᠂ ᠠᠵᠢᠯ ᠤᠨ ᠬᠡᠷᠡᠭᠵᠢᠭᠦᠯᠬᠦ ᠬᠦᠴᠦᠨ ᠪᠠ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠠᠨ ᠦᠨᠡᠨᠬᠦ

ᠳᠡᠭᠡᠭᠰᠢᠯᠡᠭᠦᠯᠵᠦ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠥᠭᠵᠢᠭᠡᠨ᠎ᠡ᠃ ᠴᠢᠭᠡᠴᠢ

ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠱᠠᠭᠠᠷᠳᠠᠯᠭ᠎ᠠ ᠶᠢ

ᠡᠷᠡᠰ ᠲᠤᠤᠱᠯᠠᠭᠤᠯᠤᠨ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ

ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ

ᠪᠠᠶᠢᠭᠤᠯᠭ᠎ᠠ ᠨᠢᠭᠡᠴᠡ᠂ ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠴᠢᠭᠡᠴᠢ ᠵᠠᠰᠠᠭ ᠢ ᠴᠢᠩᠭᠠᠳᠬᠠᠵᠤ᠂ ᠠᠷᠪᠢᠯᠠᠨ

ᠭᠠᠮᠨᠠᠬᠤ ᠶᠢ ᠡᠷᠬᠢᠮᠯᠡᠨ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠰᠤᠷᠲᠠᠯ ᠴᠢᠬᠡᠴᠢ ᠣᠪᠣᠷ ᠲᠥᠪ᠂ ᠠᠷᠢᠭᠤᠨ

ᠴᠢᠬᠡᠴᠢ᠂ ᠪᠣᠳᠠᠲᠠᠢ ᠶᠢ ᠡᠷᠬᠢᠮᠯᠡᠬᠦ ᠰᠠᠶᠢᠨ ᠰᠠᠶᠢᠬᠠᠨ ᠤᠯᠤᠰ ᠲᠦᠷᠦ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃

ᠡᠷᠬᠢᠮ ᠲᠥᠯᠥᠭᠡᠯᠡᠭᠴᠢᠳ ᠡ᠂ ᠨᠥᠬᠦᠳ ᠡ︕ ᠪᠢᠳᠡ ᠬᠤᠰᠢᠭᠤ ᠨᠠᠮ ᠤᠨ ᠬᠤᠷᠢᠶᠠᠨ ᠤ ᠬᠦᠴᠦᠲᠡᠢ ᠤᠳᠤᠷᠢᠳᠤᠯᠭ᠎ᠠ

ᠳᠣᠣᠷ᠎ᠠ ᠤᠷᠤᠭᠰᠢ ᠲᠡᠮᠡᠤᠯᠡᠨ᠂ ᠡᠷᠡᠮᠡᠬᠡᠶᠢᠯᠡᠨ ᠲᠡᠮᠡᠴᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠪᠦᠲᠦᠭᠡᠨ

ᠪᠠᠶᠢᠭᠤᠯᠤᠯᠲᠠ ᠶᠢᠨ ᠰᠢᠨ᠎ᠡ ᠠᠶᠠᠨ ᠢᠶᠠᠨ ᠡᠬᠢᠯᠡᠭᠦᠯᠦᠯ᠎ᠡ᠂ ᠬᠠᠮᠲᠤ ᠪᠠᠷ ᠢᠶᠠᠨ ᠰᠢᠯᠤᠭᠤᠨ ᠬᠥᠬᠡ ᠬᠤᠰᠢᠭᠤᠨ ᠤ ᠪᠠᠨ ᠭᠡᠭᠡᠨ

ᠰᠠᠷᠠᠭᠤᠯ ᠢᠷᠡᠭᠡᠳᠦᠢ ᠶᠢᠨ ᠲᠥᠯᠦᠭᠡ ᠥᠪᠡᠷ ᠤᠨ ᠬᠦᠴᠦᠨ ᠴᠢᠳᠠᠯ ᠢᠶᠠᠨ ᠨᠡᠮᠡᠷᠢᠯᠡᠵᠦ᠂ ᠰᠢᠯᠢᠳᠡᠭ ᠬᠢᠷᠢ

ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠤᠭᠲᠤᠴᠠᠭᠠᠶ᠎ᠠ︕

 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号