ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠤᠳᠠᠭᠠᠨ ᠤ ᠬᠤᠷᠠᠯ ᠤᠨ ᠮᠠᠲ᠋ᠧᠷᠢᠶᠠᠯ ︵ᠠᠷᠪᠠᠨ ᠬᠤᠶᠠᠷ︶ | ᠵᠠᠰᠠᠭ ᠤᠨ ᠣᠷᠳᠣᠨ ᠤ ᠠᠵᠢᠯ ᠤᠨ ᠢᠯᠡᠳᠬᠡᠯ | 2021 ᠣᠨ ᠤ 3 ᠰᠠᠷ᠎ᠠ ᠶᠢᠨ 10 ᠤ ᠡᠳᠦᠷ ᠤᠨ ᠰᠢᠯᠤᠭᠤᠨ ᠬᠦᠬᠡ ᠬᠤᠰᠢᠭᠤᠨ ᠤ ᠠᠷᠪᠠᠨ | ᠲᠠᠪᠤᠳᠣᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠳᠡᠭᠡᠷ᠎ᠡ | ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠪᠣᠶᠠᠨᠲᠤ | ᠲᠥᠯᠥᠭᠡᠯᠡᠭᠴᠢᠳ ᠡ᠄ | ᠤᠳᠤ ᠪᠢ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ | ᠠᠵᠢᠯ ᠤᠨ ᠮᠡᠳᠡᠭᠦᠯᠦᠯᠳᠡ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ | ᠬᠤᠷᠠᠯ ᠳᠤ ᠰᠤᠯᠠ ᠣᠷᠣᠯᠴᠠᠭᠰᠠᠳ ᠰᠠᠨᠠᠯ ᠳᠤᠷᠠᠳᠬᠤ ᠪᠣᠯᠪᠠᠤ᠃ | ᠨᠢᠭᠡ᠂ 2020 ᠣᠨ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠠᠵᠢᠯ ᠤᠨ ᠡᠷᠭᠢᠴᠡᠭᠦᠯᠦᠯ | 2020 ᠣᠨ ᠳᠤ᠂ ᠪᠥᠬᠦ ᠬᠤᠰᠢᠭᠤ ᠪᠠᠷ ᠢᠶᠠᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠪᠠ ᠶᠡᠷᠦᠩᠬᠡᠶ ᠱᠦᠵᠢ ᠰᠢ | ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ | ᠶᠢ ᠭᠦᠨᠵᠡᠭᠡᠶ ᠰᠤᠷᠤᠯᠴᠠᠨ ᠲᠣᠣᠱᠯᠠᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ | ᠳᠤ ᠬᠦᠴᠦᠨ ᠢᠶᠠᠨ ᠲᠥᠪᠯᠡᠷᠡᠭᠦᠯᠦᠨ᠂ ᠬᠢᠵᠢᠭ ᠢ ᠰᠡᠷᠭᠡᠶᠢᠯᠡᠨ ᠬᠤᠷᠢᠭᠯᠠᠬᠤ ᠵᠡᠷᠭᠡ ᠬᠦᠴᠢᠷ ᠢ ᠢᠯᠡᠨ ᠳᠠᠪᠠᠵᠤ᠂ ᠠᠵᠤ | ᠠᠬᠤᠶ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠬᠦᠭᠵᠢᠯᠳᠡ ᠶᠢ ᠪᠠᠲᠤᠯᠠᠪᠠ᠃ | ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠄ | ︵ᠨᠢᠭᠡ︶ ︽ᠬᠤᠤᠰ ᠰᠡᠷᠭᠡᠶᠢᠯᠡᠯᠲᠡ︾ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠦᠨᠳᠦ ᠬᠡᠴᠡᠭᠦᠦ | ᠬᠢᠵᠢᠭ ᠤᠳ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠪᠠᠨ ᠢᠯᠡᠳᠲᠡ ᠳᠡᠭᠡᠭᠰᠢᠯᠡᠭᠦᠯᠪᠡ | ᠬᠤᠯᠤᠭᠠᠨ᠎ᠠ ᠶᠢᠨ ᠬᠢᠵᠢᠭ ᠪᠣᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠮᠦᠨ᠎ᠡ᠂ ᠪᠥᠬᠦ ᠬᠤᠰᠢᠭᠤᠨ ᠤ ᠠᠷᠠᠳ | ᠲᠦᠮᠡᠨ ᠪᠦᠯᠬᠦᠮᠳᠡᠨ ᠨᠢᠭᠡᠳᠴᠦ᠂ ᠬᠠᠮᠲᠤᠷᠠᠨ ᠰᠡᠷᠭᠡᠶᠢᠯᠡᠵᠦ ᠬᠠᠮᠲᠤᠷᠠᠨ ᠬᠤᠷᠢᠭᠯᠠᠬᠤ᠂ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠬᠤᠷᠢᠭᠯᠠᠬᠤ ᠪᠠᠲᠤ ᠴᠢᠩᠭ᠎ᠠ ᠪᠠᠬᠢᠯᠡᠯᠲᠡ ᠶᠢ ᠪᠠᠶᠢᠭᠤᠯᠪᠠ᠃ ᠬᠢᠵᠢᠭ ᠢ ᠰᠡᠷᠭᠡᠶᠢᠯᠡᠨ ᠬᠤᠷᠢᠭᠯᠠᠬᠤ | ᠳᠣᠭᠳᠠᠯᠴᠠᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠣᠭᠳᠠᠯᠴᠠᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠪᠠᠯᠠ ᠮᠥᠩᠭᠦ ᠡᠳ᠋ ᠪᠣᠳᠠᠰ ᠢ ᠴᠠᠭ ᠲᠤᠬᠠᠶ ᠳᠤᠨᠢ ᠬᠠᠩᠭᠠᠮᠵᠢᠲᠠᠢ ᠪᠠᠲᠤᠯᠠᠵᠤ᠂ ᠶᠡᠷᠦᠩᠬᠡᠶᠢᠯᠡᠭᠰᠡᠨ ᠡᠮᠴᠢᠯᠡᠭᠡᠨ ᠤ | ᠪᠠᠶᠢᠭᠤᠯᠤᠮᠵᠢ ᠶᠢᠨ ᠬᠠᠯᠠᠭᠤᠷᠠᠭᠰᠠᠨ ᠡᠪᠡᠳᠴᠢᠳᠠᠨ ᠢ ᠡᠮᠴᠢᠯᠡᠬᠦ ᠡᠭᠦᠳᠡᠨ ᠡᠮᠨᠡᠯᠭᠡ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ | ᠬᠢᠵᠢᠭ ᠢ ᠰᠡᠷᠭᠡᠶᠢᠯᠡᠨ ᠬᠤᠷᠢᠭᠯᠠᠬᠤ ᠲᠥᠪ ᠤᠨ PCR ᠲᠤᠷᠰᠢᠯᠲᠠ ᠶᠢᠨ ᠲᠠᠰᠤᠭ ᠪᠠ ᠬᠤᠰᠢᠭᠤ ᠡᠮᠨᠡᠯᠭᠡ ᠶᠢᠨ | ᠬᠤᠷᠢᠶᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠢ ᠠᠰᠢᠭᠯᠠᠯᠲᠠ ᠳᠤ ᠣᠷᠣᠭᠤᠯᠵᠤ᠂ | ᠨᠡᠶᠢᠲᠡ 1170 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠪᠦᠬᠦᠢ ᠭᠠᠵᠠᠷ ᠲᠤ ᠬᠤᠯᠤᠭᠠᠨ᠎ᠠ ᠶᠢᠨ ᠬᠢᠵᠢᠭ ᠤᠨ | ᠪᠠᠶᠢᠴᠠᠭᠠᠯᠳᠠ ᠬᠢᠪᠡ᠃ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ 8862 ᠬᠥᠮᠦᠨ ᠤᠳᠠᠭ᠎ᠠ᠂ ᠣᠷᠴᠢᠨ | ᠲᠣᠭᠤᠷᠢᠨ ᠤ ᠰᠢᠯᠭᠠᠨ ᠪᠠᠶᠢᠴᠠᠭᠠᠯᠲᠠ ᠶᠢ 168 ᠤᠳᠠᠭ᠎ᠠ ᠬᠢᠵᠦ᠂ 313 ᠬᠤᠭᠤᠴᠠᠭ᠎ᠠ 4143 ᠬᠥᠮᠦᠨ ᠤᠳᠠᠭᠠᠨ ᠤ | ᠰᠤᠷᠢᠯᠳᠠ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠡᠷᠡᠭᠦᠯ ᠮᠡᠨᠳᠦ ᠶᠢ ᠪᠠᠳᠤᠯᠠᠪᠠ᠃ | ︵ᠬᠤᠶᠠᠷ︶ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠠᠵᠤ | ᠠᠬᠤᠢ ᠲᠣᠭᠲᠠᠭᠤᠨ ᠢᠶᠠᠷ ᠰᠠᠶᠢᠵᠢᠷᠠᠪᠠ | ᠬᠢᠵᠢᠭ ᠢ ᠪᠦᠲᠦᠮᠵᠢᠲᠡᠢ ᠰᠡᠷᠭᠡᠶᠢᠯᠡᠨ ᠬᠤᠷᠢᠭᠯᠠᠭᠰᠠᠨ ᠤᠷᠢᠲᠠᠯ ᠳᠣᠣᠷ᠎ᠠ᠂ ᠠᠵᠤ ᠠᠬᠤᠢ ᠶᠢᠨ ᠰᠡᠷᠭᠦᠯᠲᠡ ᠶᠢ ᠠᠬᠢᠭᠤᠯᠬᠤ | ︽ᠲᠦᠷᠭᠡᠨ ᠳᠠᠷᠤᠪᠴᠢ︾ ᠶᠢ ᠳᠠᠷᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠯ᠎ᠡ ᠵᠦᠢᠯ ᠤᠨ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠦᠷᠦᠯ ᠵᠦᠢᠯ ᠢ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ︾ ᠵᠡᠷᠭᠡ ᠠᠵᠤ | ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠵᠢᠯ ᠤᠨ ᠳᠣᠲᠣᠷ᠎ᠠ ᠠᠷᠠᠯᠵᠢᠶᠠᠴᠢᠨ | ᠤᠷᠢᠵᠤ ᠪᠡᠯᠡ ᠣᠷᠣᠭᠤᠯᠬᠤ 12 ᠲᠦᠷᠦᠯ ᠵᠦᠢᠯ ᠢ ᠬᠡᠷᠡᠭᠵᠢᠭᠦᠯᠵᠦ᠂ ᠠᠶᠢᠮᠠᠭ ᠤᠨ ᠭᠠᠳᠠᠨᠠᠬᠢ ᠪᠡᠯᠡ ᠮᠥᠩᠭᠦ ᠶᠢ 12 . | 07 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠨᠡᠮᠡᠭᠳᠡᠯ ᠤᠨ ᠬᠤᠷᠳᠤᠴᠠ 70 . 24 % ᠳᠤ ᠬᠦᠷᠪᠡ᠃ ︽ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ︾ ᠲᠥᠷᠥ ᠶᠢᠨ ᠪᠤᠳᠣᠯᠭ᠎ᠠ ᠪᠠᠷ 1.35 ᠳ᠋ᠦᠩᠰᠢᠭᠤᠷ ᠭᠠᠷᠤᠢ | ᠲᠥᠭᠦᠷᠢᠭ ᠤᠨ ᠭᠠᠶᠢᠯᠢ ᠶᠢ ᠬᠡᠯᠲᠦᠷᠢᠭᠦᠯᠵᠦ᠂ ᠪᠠᠭ᠎ᠠ ᠵᠢᠵᠢᠭ ᠠᠵᠤ ᠠᠬᠤᠶᠢᠯᠠᠯ ᠳᠤ 10 ᠳ᠋ᠦᠩᠰᠢᠭᠤᠷ ᠲᠥᠭᠦᠷᠢᠭ ᠤᠨ | ᠵᠢᠭᠡᠯᠡᠯᠭᠡ ᠲᠠᠯᠪᠢᠵᠤ᠂ 32 . 3 % ᠪᠠᠷ ᠨᠡᠮᠡᠭᠳᠡᠪᠡ᠃ ᠪᠦᠬᠦ ᠵᠢᠯ ᠤᠨ ᠣᠷᠣᠨ ᠨᠤᠳᠤᠭ ᠤᠨ ᠦᠢᠯᠡᠳᠪᠦᠷᠢᠯᠡᠯ ᠤᠨ | ᠶᠡᠷᠦᠩᠬᠡᠢ ᠥᠷᠳᠡᠭ 54 . 41 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠦᠬᠦ ᠠᠶᠢᠮᠠᠭ ᠲᠤ ᠲᠠᠪᠤᠳᠤᠭᠠᠷ ᠲᠤ | ᠪᠠᠶᠢᠷᠢᠯᠠᠪᠠ᠃ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 17 ᠳ᠋ᠦᠩᠰᠢᠭᠤᠷ ᠲᠥᠭᠦᠷᠢᠭ | ᠪᠡᠶᠡᠯᠡᠭᠦᠯᠵᠦ᠂ 7 . 9 % ᠪᠠᠷ ᠨᠡᠮᠡᠭᠳᠡᠪᠡ᠃ ᠪᠦᠬᠦ ᠵᠢᠯ ᠳᠤ ᠠᠵᠤ ᠦᠶᠯᠡᠳᠪᠦᠷᠢ ᠶᠢᠨ ᠨᠡᠮᠡᠭᠳᠡᠯ ᠥᠷᠳᠡᠭ 23 . 44 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠦᠬᠦ ᠠᠶᠢᠮᠠᠭ ᠲᠤ ᠭᠤᠷᠪᠠᠳᠤᠭᠠᠷ ᠲᠤ ᠪᠠᠶᠢᠷᠢᠯᠠᠪᠠ᠃ ᠠᠵᠤ ᠦᠶᠯᠡᠳᠪᠦᠷᠢ | ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 4 . 9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 172 % ᠪᠠᠷ ᠨᠡᠮᠡᠭᠳᠡᠪᠡ᠃ | ︵ᠭᠤᠷᠪᠠ︶ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢ ᠪᠦᠬᠦ ᠬᠦᠴᠦᠨ ᠢᠶᠠᠷ ᠢᠶᠠᠨ | ᠪᠠᠬᠢᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ | ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠳᠣᠭᠲᠠᠭᠠᠬᠤ ᠠᠵᠢᠯ ᠢ ᠪᠦᠬᠦ ᠲᠠᠯ᠎ᠠ ᠪᠠᠷ | ᠡᠬᠢᠯᠡᠭᠦᠯᠵᠦ᠂ ︽ᠭᠤᠷᠪᠠᠨ ᠱᠤᠭᠤᠮ ᠨᠢᠭᠡ ᠬᠠᠭᠤᠳᠠᠰᠤ︾ ᠶᠢ ᠲᠤᠭᠤᠷᠪᠢᠨ ᠵᠣᠬᠢᠶᠠᠵᠤ᠂ ᠤᠯᠤᠰ ᠤᠨ ᠭᠠᠵᠠᠷ ᠰᠢᠷᠤᠢ | ᠣᠷᠣᠨ ᠵᠠᠢ᠂ ᠠᠮᠢ ᠠᠬᠤᠢ ᠶᠢᠨ ᠣᠷᠣᠨ ᠵᠠᠢ ᠪᠠ ᠠᠵᠤ ᠠᠬᠤᠢ ᠶᠢᠨ ᠣᠷᠣᠨ ᠵᠠᠢ ᠶᠢ ᠨᠢᠭᠡ ᠴᠤᠭᠴᠠᠵᠢᠭᠤᠯᠤᠨ | ᠬᠥᠭᠵᠢᠭᠦᠯᠬᠦ ᠳᠤ ᠰᠠᠭᠤᠷᠢ ᠲᠠᠯᠪᠢᠵᠤ ᠥᠭᠪᠡ᠃ ᠲᠠᠯ᠎ᠠ ᠨᠤᠲᠤᠭ ᠢ ᠬᠡᠲᠦᠷᠬᠡᠶ ᠨᠡᠭᠡᠭᠡᠨ ᠠᠰᠢᠭᠯᠠᠬᠤ ᠶᠢ ᠬᠤᠷᠢᠭᠯᠠᠬᠤ᠂ | ᠲᠠᠯ᠎ᠠ ᠨᠤᠲᠤᠭ ᠤᠨ ᠡᠬᠢ ᠪᠠᠶᠠᠯᠢᠭ ᠢ ᠳᠠᠭᠠᠭᠠᠮᠠᠭᠠᠢ ᠠᠰᠢᠭᠯᠠᠬᠤ ᠶᠢ ᠠᠬᠢᠭᠤᠯᠬᠤ᠂ ᠲᠠᠯ᠎ᠠ ᠨᠤᠲᠤᠭ ᠤᠨ ᠠᠮᠢ ᠠᠬᠤᠶ ᠶᠢᠨ | ᠴᠢᠳᠠᠮᠵᠢ ᠶᠢ ᠰᠢᠨᠵᠢᠯᠡᠬᠦ ᠤᠬᠠᠭᠠᠨᠴᠢ ᠪᠠᠷ ᠰᠡᠷᠭᠦᠭᠡᠬᠦ ᠡᠯ᠎ᠡ ᠵᠦᠶᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ | ᠰᠢᠨ᠎ᠡ ᠠᠭᠤᠷᠬᠠᠢ ᠶᠢᠨ ᠲᠥᠷᠥᠯ ᠵᠦᠢᠯ ᠢ ᠨᠡᠭᠡᠭᠡᠵᠦ ᠪᠣᠯᠬᠤ ᠦᠭᠡᠢ᠃ ᠵᠢᠯ ᠤᠨ ᠳᠣᠲᠣᠷ᠎ᠠ 39.5 ᠲᠦᠮᠡᠨ ᠮᠥ ᠲᠠᠯᠠᠪᠠᠢ | ᠪᠦᠬᠦᠢ ᠨᠤᠲᠤᠭ ᠪᠡᠯᠴᠢᠭᠡᠷ ᠲᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠬᠢᠵᠦ᠂ ᠪᠠᠶᠢᠭᠠᠯᠢᠯᠢᠭ ᠪᠡᠯᠴᠢᠭᠡᠷ ᠤᠨ | ᠤᠷᠭᠤᠴᠠ ᠶᠢᠨ ᠬᠡᠮᠵᠢᠶ᠎ᠡ ᠳᠤᠮᠳᠠᠴᠢ ᠪᠠᠷ 1cm ᠨᠡᠮᠡᠭᠳᠡᠵᠦ᠂ ᠪᠦᠷᠬᠦᠴᠡ ᠶᠢᠨ ᠬᠡᠮᠵᠢᠶ᠎ᠡ 2 ᠵᠠᠭᠤᠨ ᠤ ᠴᠡᠭ ᠨᠡᠮᠡᠭᠳᠡᠵᠦ | 57 % ᠪᠣᠯᠪᠠ᠃ ᠠᠭᠤᠷᠬᠠᠶ ᠶᠢᠨ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠲᠦᠷᠭᠡᠳᠬᠡᠵᠦ᠂ ᠵᠠᠰᠠᠯᠲᠠ ᠶᠢᠨ | ᠦᠷ᠎ᠡ ᠪᠦᠲᠦᠮᠵᠢ ᠪᠥᠬᠦ ᠠᠶᠢᠮᠠᠭ ᠲᠤ ᠳᠥᠷᠪᠡᠳᠦᠭᠡᠷ ᠲᠤ ᠣᠷᠣᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠨᠢ 600 ᠲᠦᠮᠡᠨ ᠲᠥᠭᠦᠷᠢᠭ ᠤᠨ ᠠᠶᠢᠮᠠᠭ ᠤᠨ ᠱᠠᠲᠤᠨ ᠤ ᠱᠠᠩᠨᠠᠯ ᠮᠥᠩᠭᠦ ᠶᠢ ᠣᠯᠵᠤ᠂ ᠪᠥᠬᠦ ᠣᠷᠣᠨ | ᠪᠦᠰᠡ ᠶᠢᠨ ᠬᠦᠷᠦᠰᠦ ᠰᠢᠷᠣᠢ ᠶᠢ ᠵᠠᠰᠠᠬᠤ ᠪᠠ ᠠᠮᠢ ᠠᠬᠤᠶ ᠶᠢ ᠰᠡᠷᠭᠦᠭᠡᠬᠦ ᠪᠠᠯᠠ ᠮᠥᠩᠭᠦ ᠶᠢ 6215 ᠲᠦᠮᠡᠨ | ᠲᠥᠭᠦᠷᠢᠭ ᠡᠷᠡᠮᠡᠯᠵᠡᠯᠡᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠳᠣᠭᠳᠠᠯᠴᠠᠭ᠎ᠠ ᠶᠢ ᠠᠩᠬ᠎ᠠ ᠠᠯᠬᠤᠮ ᠪᠦᠷᠢᠯᠳᠦᠭᠦᠯᠪᠡ᠃ | ︵ᠲᠦᠷᠪᠡ︶ ᠲᠤᠳᠠᠭᠳᠠᠯ ᠢᠶᠠᠨ ᠨᠥᠬᠦᠪᠥᠷᠢᠯᠡᠵᠦ᠂ ᠭᠤᠷᠪᠠᠨ ᠶᠡᠭᠡ ᠰᠢᠪᠳᠣᠯᠣᠯᠳᠠ ᠶᠢᠨ ᠢᠨᠵᠧᠨᠧᠷᠢᠩ ᠢᠯᠡᠳᠳᠡ | ᠠᠮᠵᠢᠯᠲᠠ ᠤᠯᠪᠠ | ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠢᠨᠵᠧᠨᠧᠷᠢᠩ ᠤᠨ ᠰᠢᠢᠳᠪᠦᠷᠢᠲᠦ ᠢᠯᠠᠯᠲᠠ ᠶᠢ ᠣᠯᠵᠤ᠂ 4710 | ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ 63 ᠲᠦᠷᠦᠯ ᠵᠦᠢᠯ ᠢ ᠪᠦᠲᠦᠮᠵᠢᠲᠡᠢ ᠬᠡᠷᠡᠭᠵᠢᠭᠦᠯᠵᠦ᠂ 3 . 2 | ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠡᠳ᠋ ᠬᠦᠷᠦᠩᠭᠡ ᠶᠢ ︽ᠨᠢᠭᠡ ᠳᠠᠩᠰᠠ ᠪᠠᠷ ᠨᠢᠭᠡᠳᠦᠯᠲᠡᠢ ᠬᠠᠮᠢᠶᠠᠷᠴᠤ︾ | ᠂ 1858 ᠡᠷᠦᠬᠡ ᠶᠢᠨ 4375 ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤᠷᠠᠯ ᠤᠨ | ᠨᠤᠷᠮ᠎ᠠ ᠠᠩᠬ᠎ᠠ ᠤᠳᠠᠭ᠎ᠠ ᠲᠡᠭ ᠪᠣᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠤᠯᠤᠰ | ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠬᠤᠰᠢᠭᠤ ᠰᠢᠶᠠᠨ ᠤ ᠠᠮᠢ ᠠᠬᠤᠶ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ᠂ ᠦᠨᠡᠯᠡᠬᠦ ᠪᠠ ᠬᠢᠨᠠᠨ ᠳᠣᠭᠲᠠᠭᠠᠬᠤ ᠠᠵᠢᠯ ᠢ ᠪᠥᠬᠦ ᠲᠠᠯ᠎ᠠ ᠪᠠᠷ | ᠪᠡᠶᠡᠯᠡᠭᠦᠯᠵᠦ᠂ ︽ᠪᠤᠬᠢᠷᠳᠣᠯ ᠲᠠᠢ᠂ ᠬᠠᠮᠢᠶᠠᠷᠤᠯᠳᠠ ᠵᠠᠳᠠᠭᠠᠢ︾ ᠠᠵᠤ ᠠᠬᠤᠶᠢᠯᠠᠯ ᠢ ᠲᠤᠰᠬᠠᠶ ᠴᠡᠭᠴᠡᠯᠡᠨ ᠵᠠᠰᠠᠬᠤ ᠠᠵᠢᠯ | ᠢ ᠦᠷᠭᠦᠯᠵᠢᠯᠡᠨ ᠥᠷᠨᠢᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠪᠠ ︽ | ᠳᠠᠬᠢᠨ ᠪᠠᠶᠢᠴᠠᠭᠠᠯᠳᠠ︾ ᠳᠤ ᠬᠠᠷᠢᠭᠤ ᠲᠤᠰᠬᠠᠭᠰᠠᠨ ᠠᠰᠠᠭᠤᠳᠠᠯ ᠢ ᠰᠢᠢᠳᠪᠦᠷᠢᠯᠡᠬᠦ ᠨᠣᠷᠮ᠎ᠠ ᠶᠢ 100% ᠳᠤ ᠬᠦᠷᠴᠦ᠂ | ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠶᠢ 95% ᠪᠣᠯᠲᠠᠯ᠎ᠠ ᠳᠡᠭᠡᠭᠰᠢᠯᠡᠭᠦᠯᠪᠡ᠃ ᠬᠦᠨᠳᠦ ᠶᠡᠭᠡ ᠠᠶᠤᠯ ᠲᠦᠭᠰᠢᠭᠦᠷᠢ | ᠶᠢ ᠰᠡᠷᠭᠡᠶᠢᠯᠡᠨ ᠬᠤᠷᠢᠭᠯᠠᠬᠤ ᠢᠨᠵᠧᠨᠧᠷᠢᠩ ᠢ ᠬᠦᠴᠦᠲᠡᠶ ᠪᠥᠭᠡᠳ ᠪᠦᠲᠦᠮᠵᠢᠲᠡᠶ ᠥᠷᠨᠢᠭᠦᠯᠪᠡ᠃ ᠵᠠᠰᠠᠭ ᠤᠨ ᠣᠷᠳᠣᠨ ᠤ | ᠳᠠᠯᠳᠠ ᠥᠷᠢ ᠥᠭᠴᠡᠭᠡ ᠶᠢ ︽ᠨᠡᠮᠡᠭᠳᠡᠭᠦᠯᠬᠦ ᠥᠬᠡᠶ᠂ ᠪᠠᠶᠢᠭ᠎ᠠ ᠶᠢ ᠪᠠᠭᠠᠰᠬᠠᠬᠤ︾ ᠬᠠᠷᠠᠯᠲᠠ ᠶᠢ ᠪᠡᠶᠡᠯᠡᠭᠦᠯᠵᠦ᠂ ᠪᠥᠬᠦ | ᠵᠢᠯ ᠳᠤ 2 . 28 ᠳ᠋ᠦᠩᠰᠢᠭᠤᠷ ᠲᠥᠭᠦᠷᠢᠭ ᠤᠨ ᠳᠠᠯᠳᠠ ᠥᠷᠢ ᠥᠭᠴᠡᠭᠡ ᠶᠢ ᠰᠢᠢᠳᠪᠦᠷᠢᠯᠡᠵᠦ᠂ 1.44 ᠳ᠋ᠦᠩᠰᠢᠭᠤᠷ | ᠲᠥᠭᠦᠷᠢᠭ ᠤᠨ ᠮᠠᠷᠭᠤᠭᠠᠨ ᠦᠭᠡᠢ ᠥᠷᠢ ᠶᠢ ᠳᠥᠯᠥᠵᠦ᠂ 924 ᠲᠦᠮᠡᠨ ᠲᠥᠭᠦᠷᠢᠭ ᠤᠨ ᠥᠪᠡᠷᠲᠡᠭᠡᠨ ᠵᠠᠰᠠᠬᠤ ᠣᠷᠣᠨ | ᠤ ᠱᠠᠩᠨᠠᠯ ᠤᠨ ᠪᠠᠯᠠ ᠮᠥᠩᠭᠦ ᠶᠢ ᠣᠯᠵᠤ᠂ 1.08 ᠳ᠋ᠦᠩᠰᠢᠭᠤᠷ ᠲᠥᠭᠦᠷᠢᠭ ᠤᠨ ᠲᠦᠷ ᠥᠭᠬᠦ ᠵᠣᠭᠤᠰ ᠢ ᠪᠦᠬᠦ | ᠬᠦᠴᠦᠨ ᠢᠶᠠᠷ ᠰᠢᠢᠳᠪᠦᠷᠢᠯᠡᠵᠦ᠂ 7.47 ᠳ᠋ᠦᠩᠰᠢᠭᠤᠷ ᠲᠥᠭᠦᠷᠢᠭ ᠤᠨ ᠲᠤᠰᠬᠠᠢ ᠪᠡᠯᠡ ᠮᠥᠩᠭᠦ ᠶᠢ ᠪᠡᠶᠡᠯᠡᠭᠦᠯᠪᠡ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠡᠪ ᠤᠨ ᠪᠤᠰᠤ ᠵᠢᠭᠡᠯᠡᠯᠭᠡ ᠶᠢᠨ ᠨᠤᠷᠮ᠎ᠠ ᠦᠷᠭᠦᠯᠵᠢᠯᠡᠨ ᠪᠠᠭᠤᠷᠠᠪᠠ᠃ | ︵ᠲᠠᠪᠤ︶ ᠴᠢᠨᠠᠷᠯᠢᠭ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠦᠢᠯᠡᠰ ᠤᠨ ᠪᠦᠲᠦᠴᠡ | ᠦᠷᠭᠦᠯᠵᠢᠯᠡᠨ ᠰᠢᠯᠢᠳᠡᠭᠵᠢᠪᠡ | ᠭᠤᠣᠯᠯᠠᠬᠤ ᠠᠵᠤ ᠦᠢᠯᠡᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠬᠤᠨᠢ ᠶᠢ ᠴᠥᠬᠡᠳᠬᠡᠵᠦ᠂ ᠦᠬᠡᠷ | ᠮᠠᠯᠵᠢᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠦᠷ᠎ᠡ ᠠᠰᠢᠭ ᠢ ᠨᠡᠮᠡᠭᠳᠡᠭᠦᠯᠬᠦ︾ ᠵᠢᠱᠢᠶ᠎ᠡ ᠦᠵᠡᠭᠦᠯᠬᠦ ᠬᠤᠰᠢᠭᠤᠨ ᠤ | ᠲᠥᠷᠥᠯ ᠵᠦᠢᠯ ᠢ ᠭᠦᠨᠵᠡᠭᠡᠢ ᠠᠬᠢᠭᠤᠯᠵᠤ᠂ ᠬᠤᠨᠢ ᠶᠢ 29.5 ᠲᠦᠮᠡᠨ ᠲᠣᠯᠣᠭᠠᠢ ᠪᠣᠯᠭᠠᠨ ᠴᠥᠬᠡᠳᠬᠡᠵᠦ᠂ ︽ᠠᠷᠪᠠᠨ | ᠬᠤᠶᠠᠳᠤᠭᠠᠷ ᠲᠠᠪᠤᠨ ᠵᠢᠯ︾ ᠤᠨ ᠰᠡᠭᠦᠯᠴᠢ ᠶᠢᠨ ᠬᠢ ᠠᠴᠠ 43.9 % ᠪᠠᠷ ᠪᠠᠭᠤᠷᠠᠭᠤᠯᠪᠠ᠃ ᠦᠬᠡᠷ ᠤᠨ ᠲᠤᠭ᠎ᠠ | ᠲᠣᠯᠣᠭᠠᠢ ᠨᠡᠮᠡᠭᠳᠡᠭᠡᠳ 30.4 ᠲᠦᠮᠡ ᠪᠣᠯᠵᠤ᠂ ︽ᠠᠷᠪᠠᠨ ᠬᠤᠶᠠᠳᠣᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯᠴᠢ ᠶᠢᠨ ᠬᠤᠭᠤᠴᠠᠭᠠᠨ ᠤ ᠬᠢ ᠠᠴᠠ 19.8 % ᠪᠠᠷ ᠨᠡᠮᠡᠭᠳᠡᠪᠡ᠃ ᠱᠦᠨ ᠰᠢᠨ ᠰᠢᠨ ᠶᠤᠸᠠᠨ ᠮᠢᠬᠠᠨ ᠤ ᠦᠬᠡᠷ | ᠤᠨ ᠠᠵᠤ ᠦᠢᠯᠡᠰ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠂ ᠪᠦᠬᠦ ᠣᠷᠣᠨ ᠤ ᠠᠩᠬᠠᠳᠠᠭᠴᠢ ︽ᠦᠬᠡᠷ | ᠮᠠᠯᠵᠢᠬᠤ ᠵᠢᠭᠡᠯᠡᠯᠭᠡ ᠶᠢᠨ ᠲᠤᠰᠬᠠᠢ ᠰᠠᠯᠪᠤᠷᠢ ᠪᠠᠩᠬᠢ︾ ︵ᠦᠢᠯᠡᠳᠪᠦᠷᠢ ᠬᠤᠳᠠᠯᠳᠤᠭᠠᠨ ᠤ ᠪᠠᠩᠬᠢ︶ ᠶᠢ ᠪᠠᠶᠢᠭᠤᠯᠪᠠ᠃ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠰᠠᠭᠤᠷᠢ ᠶᠢ ᠤᠯᠠᠮ ᠪᠠᠬᠢᠵᠢᠭᠦᠯᠵᠦ᠂ ᠣᠨᠴᠠ ᠥᠨᠳᠦᠷ ᠳᠡᠰ ᠤᠨ | ᠴᠠᠬᠢᠯᠭᠠᠨ ᠢ ᠭᠠᠳᠠᠭᠰᠢ ᠳᠠᠮᠵᠢᠭᠤᠯᠬᠤ᠂ 500 ᠺᠢᠯᠤᠸᠤᠯᠲ ᠤᠨ ᠬᠤᠷᠠᠮᠳᠣᠯ ᠥᠷᠳᠡᠭᠡ ᠪᠠ ᠢᠵᠢ ᠲᠦᠭᠦᠷᠴᠢᠯᠡᠭᠰᠡ᠊ | ᠱᠣᠭᠤᠮ ᠤᠨ ᠢᠨᠵᠧᠨᠧᠷᠢᠩ ᠵᠡᠷᠭᠡ ᠲᠥᠷᠥᠯ ᠵᠦᠢᠯ ᠢ ᠪᠠᠶᠢᠭᠤᠯᠤᠨ᠂ ᠠᠰᠢᠭᠯᠠᠯᠲᠠ ᠳᠤ ᠣᠷᠣᠭᠤᠯᠪᠠ᠃ ᠴᠡᠪᠡᠷ ᠡᠨᠧᠷᠭᠢ | ᠶᠢᠨ ᠮᠠᠰᠢᠨ ᠴᠣᠭᠴᠠᠯᠠᠪᠤᠷᠢ ᠶᠢᠨ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠳᠠᠬᠢ ᠡᠵᠡᠯᠡᠬᠦ ᠬᠤᠪᠢ ᠶᠢᠨ | ᠵᠢᠩ ᠢ 10.8 % ᠳᠤ ᠬᠦᠷᠭᠡᠪᠡ᠃ ᠱᠠᠩᠳᠤ ᠵᠠᠭᠤᠨ ᠲᠦᠮᠡᠨ ᠺᠢᠯᠣᠸᠠᠲ ᠤᠨ ᠰᠠᠯᠬᠢᠨ ᠤ ᠬᠦᠴᠦ ᠪᠠᠷ ᠴᠠᠬᠢᠯᠭᠠᠨ | ᠭᠠᠷᠭᠠᠬᠤ ᠰᠠᠭᠤᠷᠢᠨ ᠭᠠᠵᠠᠷ ᠤᠨ ᠲᠥᠷᠥᠯ ᠵᠦᠢᠯ ᠨᠢ ᠠᠶᠢᠮᠠᠭ ᠤᠨ ᠡᠨᠧᠷᠭᠢ ᠶᠢᠨ ᠲᠣᠪᠴᠢᠶᠠᠨ ᠤ ᠬᠢᠨᠠᠨ ᠵᠥᠪᠰᠢᠶᠡᠷᠡᠯ ᠢ | ᠣᠯᠪᠠ᠃ ᠤᠯᠠᠮᠵᠢᠯᠠᠯᠲᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠮᠣᠩᠭᠤᠯ ᠭᠡᠷ ᠤᠨ ᠠᠵᠤ ᠦᠢᠯᠡᠰ ᠤᠨ | ᠬᠦᠷᠢᠶᠡᠯᠡᠩ ᠤᠨ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠵᠢᠯ ᠤᠨ ᠳᠣᠲᠣᠷ᠎ᠠ 4 ᠪᠠᠷᠢᠮᠵᠢᠶᠠᠵᠢᠭᠰᠠᠨ | ᠦᠢᠯᠡᠳᠪᠦᠷᠢ ᠶᠢᠨ ᠳᠠᠰᠤᠭ ᠪᠠᠶᠢᠭᠤᠯᠪᠠ᠃ ᠵᠢᠭᠤᠯᠴᠢᠯᠠᠯ ᠤᠨ ᠦᠢᠯᠡᠰ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠪᠦᠬᠦ ᠵᠢᠯ ᠤᠨ ᠵᠢᠭᠤᠯᠴᠢᠯᠠᠯ ᠤᠨ ᠬᠥᠮᠦᠨ ᠤ ᠲᠤᠭ᠎ᠠ 20 ᠲᠥᠮᠡᠨ ᠬᠦᠮᠦᠨ ᠤᠳᠠᠭ᠎ᠠ ᠳᠤ | ᠬᠦᠷᠴᠦ᠂ 1 . 5 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠦᠨ᠂ ︽ᠮᠠᠯᠴᠢᠨ ᠠᠶᠢᠯ︾ | ᠵᠢᠭᠤᠯᠴᠢᠯᠠᠯ ᠤᠨ ᠭᠠᠵᠠᠷ ᠢ ᠲᠡᠰ ᠳᠡᠪᠰᠢᠭᠦᠯᠦᠨ᠂ 130 ᠡᠷᠦᠬᠡ ᠶᠢ ᠬᠠᠰᠤᠵᠤ᠂ 41 % ᠪᠠᠷ ᠪᠠᠭᠠᠰᠬᠠᠪᠠ᠃ ᠮᠠᠨ ᠤ | ᠬᠤᠰᠢᠭᠤ ᠨᠢ ᠥᠪᠡᠷᠳᠡᠭᠡᠨ ᠵᠠᠰᠠᠬᠤ ᠤᠷᠤᠨ ᠤ ᠴᠤᠷ ᠤᠨ ᠭᠠᠭᠴᠠ ᠪᠦᠬᠦ ᠤᠯᠤᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠭᠤᠣᠯ ᠰᠡᠳᠦᠪᠲᠦ ᠵᠢᠭᠤᠯᠴᠢᠯᠠᠯ ᠤᠨ ᠱᠤᠭᠤᠮ ᠤᠨ ᠨᠢᠭᠡ ᠪᠣᠯᠵᠤ ︽ᠮᠢᠩᠭᠠᠨ ᠭᠠᠵᠠᠷ ᠤᠨ ᠦᠵᠡᠮᠵᠢ ᠶᠢᠨ | ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠬᠤ ᠵᠢᠭᠤᠯᠴᠢᠯᠠᠯ ᠤᠨ ᠰᠠᠯᠪᠤᠷᠢ ᠱᠤᠭᠤᠮ︾ ᠢᠶᠠᠷ ᠰᠣᠩᠭᠤᠭᠳᠠᠪᠠ᠃ | ︵ᠵᠢᠷᠭᠤᠭ᠎ᠠ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠦᠳᠡᠯᠭᠡᠭᠴᠢ ᠬᠦᠴᠦᠨ ᠢ ᠬᠥᠭᠵᠢᠭᠡᠵᠦ᠂ | ᠭᠤᠣᠯ ᠡᠯᠧᠮᠧᠨ᠋ᠲ ᠤᠨ ᠪᠠᠳᠣᠯᠠᠭ᠎ᠠ ᠡᠷᠴᠢᠮᠳᠠᠢ ᠮᠦᠷᠳᠡᠭᠡᠨ ᠪᠦᠳᠦᠮᠵᠢᠲᠠᠢ ᠪᠠᠶᠢᠨ᠎ᠠ | ︽ᠰᠤᠯᠠᠯᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ 1472 ᠲᠥᠷᠥᠯ ᠤᠨ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠨᠢᠭᠡ | ᠴᠣᠭᠴᠠᠵᠢᠭᠤᠯᠤᠨ ᠭᠦᠶᠴᠡᠳᠬᠡᠬᠦ ᠶᠢ ᠪᠡᠶᠡᠯᠡᠭᠦᠯᠵᠦ᠂ ᠭᠦᠶᠴᠡᠳᠬᠡᠬᠦ ᠭᠤᠭᠴᠤᠭ᠎ᠠ ᠪᠠ ᠴᠠᠭ ᠢ 55 % ᠪᠠᠷ ᠪᠣᠭᠤᠨᠢᠰᠬᠠᠵᠤ | ᠂ ᠰᠦᠯᠵᠢᠶ᠎ᠡ ᠪᠠᠷ ᠭᠦᠶᠴᠡᠳᠬᠡᠬᠦ ᠨᠣᠷᠮ᠎ᠠ ᠶᠢ 88 % ᠳᠤ ᠬᠦᠷᠭᠡᠪᠡ᠃ ᠪᠠᠷᠢᠯᠭ᠎ᠠ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠦᠬᠦ ᠠᠶᠢᠮᠠᠭ ᠤᠨ ᠲᠡᠷᠢᠭᠦᠨ ᠡᠩᠨᠡᠭᠡᠨ ᠳᠤ | ᠵᠢᠭᠰᠠᠵᠤ᠂ ᠬᠢᠨᠠᠨ ᠵᠥᠪᠰᠢᠶᠡᠷᠡᠬᠦ ᠬᠤᠭᠤᠴᠠᠭ᠎ᠠ ᠶᠢ 87 ᠠᠵᠢᠯᠯᠠᠬᠤ ᠡᠳᠦᠷ ᠤᠨ ᠳᠣᠲᠣᠷ᠎ᠠ ᠪᠣᠭᠤᠨᠢᠰᠬᠠᠪᠠ᠃ ︽ | ᠦᠨᠡᠮᠯᠡᠯ ᠢ ᠬᠠᠰᠤᠵᠤ ᠠᠷᠠᠳ ᠲᠤ ᠲᠥᠬᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 13 ᠵᠦᠢᠯ ᠤᠨ | ᠭᠡᠷᠡᠴᠢᠯᠡᠬᠦ ᠵᠦᠢᠯᠡᠰ ᠢ ᠦᠯᠡᠳᠡᠭᠡᠪᠡ᠃ ᠵᠠᠰᠠᠭ᠂ ᠪᠠᠩᠬᠢ᠂ ᠠᠵᠤ ᠠᠬᠤᠶᠢᠯᠠᠯ ᠢ ᠤᠶᠠᠯᠳᠣᠭᠤᠯᠬᠤ ᠲᠠᠪᠴᠠᠩ ᠢ ᠢᠳᠡᠪᠬᠢᠲᠡᠢ | ᠪᠠᠶᠢᠭᠤᠯᠵᠤ᠂ ᠵᠠᠰᠠᠭ᠂ ᠪᠠᠩᠬᠢ᠂ ᠠᠵᠤ ᠠᠬᠤᠶᠢᠯᠠᠯ ᠤᠨ ᠠᠭᠤᠯᠵᠠᠯᠲᠠ ᠶᠢᠨ ᠬᠤᠷᠠᠯ ᠢ 2 ᠤᠳᠠᠭ᠎ᠠ ᠬᠤᠷᠠᠯᠳᠤᠭᠤᠯᠪᠠ᠃ ︽ | ᠪᠠᠲᠤᠯᠠᠭᠠᠲᠤ ᠵᠢᠭᠡᠯᠡᠯᠭᠡ ᠶᠢ ᠳᠡᠮᠵᠢᠬᠦ︾ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ 16 ᠬᠤᠪᠢ 2166 ᠲᠦᠮᠡᠨ | ᠲᠥᠭᠦᠷᠢᠭ ᠤᠨ ᠪᠠᠲᠤᠯᠠᠭᠠᠲᠤ ᠵᠢᠭᠡᠯᠡᠯᠭᠡ ᠶᠢ ᠭᠦᠢᠴᠡᠳᠬᠡᠪᠡ᠃ ᠨᠡᠶᠢᠭᠡᠮ ᠤᠨ ᠢᠲᠡᠭᠡᠮᠵᠢ ᠶᠢᠨ ᠳᠣᠭᠳᠠᠯᠴᠠᠭᠠᠨ ᠤ | ᠪᠠᠶᠢᠭᠤᠯᠤᠯᠲᠠ ᠶᠢ ᠴᠢᠩᠭᠠᠳᠬᠠᠵᠤ᠂ 12 ᠠᠵᠤ ᠠᠬᠤᠶᠢᠯᠠᠯ ᠢᠳᠡᠬᠡᠮᠵᠢᠲᠠᠢ ᠠᠵᠤ ᠠᠬᠤᠶᠢᠯᠠᠯ ᠤᠨ ᠨᠡᠶᠢᠳᠡᠯᠢᠭ ᠵᠢᠱᠢᠶ᠎ᠡ ᠪᠠᠷ | ᠰᠣᠩᠭᠤᠭᠳᠠᠪᠠ᠃ ᠣᠯᠠᠨ ᠨᠡᠢᠲᠡ ᠶᠢᠨ ᠡᠬᠢ ᠪᠠᠶᠠᠯᠢᠭ ᠤᠨ ᠰᠣᠯᠢᠯᠴᠠᠭ᠎ᠠ ᠶᠢ ᠳᠦᠷᠢᠮᠵᠢᠭᠦᠯᠵᠦ᠂ 80 ᠬᠤᠪᠢ | ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠢ ᠬᠦᠯᠢᠶᠡᠨ ᠠᠪᠴᠤ᠂ ᠡᠳ᠋ ᠤᠨ ᠵᠠᠰᠠᠭ ᠤᠨ ᠪᠡᠯᠡ ᠮᠥᠩᠭᠦ ᠶᠢ 511 ᠲᠦᠮᠡᠨ | ᠲᠥᠭᠦᠷᠢᠭ ᠠᠷᠪᠢᠯᠠᠪᠠ᠃ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠡᠬᠢᠯᠡᠭᠦᠯᠵᠦ᠂ ᠥᠭᠡᠷᠡᠴᠢᠯᠡᠯᠲᠡ ᠶᠢᠨ ᠰᠡᠳᠬᠢᠴᠡ ᠶᠢ ᠠᠩᠬ᠎ᠠ ᠠᠯᠬᠤᠮ ᠲᠣᠳᠣᠷᠬᠠᠶᠢᠯᠠᠪᠠ᠃ | ︵ᠳᠣᠯᠤᠭ᠎ᠠ︶ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠪᠦᠬᠦ ᠬᠦᠴᠦᠨ ᠢᠶᠠᠷ ᠴᠢᠩᠭᠠᠳᠬᠠᠵᠤ᠂ | ᠬᠤᠲᠠ ᠬᠥᠳᠡᠭᠡ ᠶᠢᠨ ᠳᠦᠷᠢ ᠲᠥᠷᠬᠦ ᠶᠢ ᠢᠯᠡᠳᠲᠡ ᠰᠠᠶᠢᠵᠢᠷᠠᠭᠤᠯᠪᠠ | ᠬᠤᠲᠠ ᠶᠢᠨ ᠴᠢᠳᠠᠪᠬᠢ ᠶᠢ ᠲᠠᠰᠤᠷᠠᠯᠲᠠ ᠥᠬᠡᠢ ᠳᠡᠭᠡᠭᠰᠢᠯᠡᠭᠦᠯᠵᠦ᠂ ᠪᠥᠬᠦ ᠵᠢᠯ ᠳᠤ ᠬᠤᠲᠠ ᠶᠢᠨ ᠰᠠᠭᠤᠷᠢ | ᠲᠥᠬᠦᠭᠡᠷᠦᠮᠵᠢ ᠶᠢᠨ ᠪᠠᠶᠢᠭᠤᠯᠤᠯᠳᠠ ᠳᠤ 5900 ᠲᠦᠮᠡᠨ ᠲᠥᠭᠦᠷᠢᠭ ᠤᠨ ᠪᠡᠯᠡ ᠣᠷᠤᠭᠤᠯᠪᠠ᠃ ᠵᠠᠰᠠᠭ ᠤᠨ | ᠣᠷᠳᠣᠨ ᠠᠴᠠ ᠬᠤᠸᠠ ᠶᠤᠸᠠᠨ ᠢᠯᠴᠢ ᠬᠠᠩᠭᠠᠬᠤ ᠺᠤᠮᠫᠠᠨᠢ ᠶᠢᠨ ᠡᠳ᠋ ᠬᠥᠷᠥᠩᠭᠡ ᠶᠢ ᠬᠤᠳᠠᠯᠳᠣᠨ ᠠᠪᠴᠣ᠂ ᠱᠠᠩᠳᠤ | ᠴᠠᠬᠢᠯᠭᠠᠨ ᠦᠢᠯᠡᠳᠪᠦᠷᠢ ᠳᠤ ᠰᠢᠯᠵᠢᠭᠦᠯᠦᠨ ᠥᠭᠴᠦ᠂ 21.85 ᠺᠢᠯᠤᠮᠧᠲᠷ ᠤᠨ ᠢᠯᠴᠢ ᠳᠠᠮᠵᠢᠭᠤᠯᠬᠤ ᠬᠤᠭᠤᠯᠠᠢ | ᠵᠠᠰᠠᠵᠤ᠂ 6 ᠢᠯᠴᠢ ᠰᠣᠯᠢᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ 9 ᠬᠠᠭᠤᠴᠢᠨ ᠢᠯᠴᠢ ᠰᠣᠯᠢᠬᠤ ᠥᠷᠲᠡᠭᠡ ᠶᠢ | ᠰᠢᠯᠢᠳᠡᠭᠵᠢᠭᠦᠯᠵᠦ᠂ ᠣᠶᠤᠨᠴᠢ ᠢᠯᠴᠢ ᠬᠠᠩᠭᠠᠬᠤ ᠲᠣᠬᠢᠷᠠᠭᠤᠯᠤᠯᠲᠠ ᠶᠢᠨ ᠲᠥᠪ ᠢ ᠡᠬᠢᠯᠡᠨ ᠠᠰᠢᠭᠯᠠᠯᠳᠠ ᠳᠤ | ᠣᠷᠣᠭᠤᠯᠵᠤ᠂ ᠱᠠᠩᠳᠣ ᠪᠠᠯᠭᠠᠰᠣᠨ ᠤ ᠪᠦᠬᠦ ᠬᠡᠪᠴᠢᠶᠡᠨ ᠳᠤ ᠴᠢᠨᠠᠷ ᠰᠠᠶᠢᠲᠠᠢ ᠳᠤᠯᠠᠭᠠᠯᠭ᠎ᠠ ᠬᠠᠩᠭᠠᠪᠠ᠃ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠪᠠ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ | ᠢᠯᠡᠳᠲᠡ ᠰᠠᠶᠢᠵᠢᠷᠠᠭᠤᠯᠵᠤ᠂ ᠵᠣᠷᠯᠣᠩ ᠤᠨ ᠥᠭᠡᠷᠡᠴᠢᠯᠡᠯᠳᠡ ᠶᠢ ᠪᠦᠬᠦ ᠲᠠᠯ᠎ᠠ ᠪᠠᠷ ᠪᠡᠶᠡᠯᠡᠬᠦᠯᠵᠦ᠂ ᠡᠷᠣᠬᠡ ᠶᠢᠨ | ᠵᠣᠷᠯᠣᠩ ᠤᠨ ᠲᠥᠭᠡᠮᠡᠯᠵᠢᠭᠰᠡᠨ ᠨᠣᠷᠮ᠎ᠠ 26% ᠠᠴᠠ ᠳᠡᠭᠡᠭᠰᠢ ᠳᠤ ᠬᠦᠷᠪᠡ᠃ ᠪᠣᠶᠢᠳᠠ ᠪᠥᠭᠯᠡᠭᠦᠦ ᠭᠠᠵᠠᠷ ᠤᠷᠤᠨ ᠤ | 307 ᠮᠠᠯᠵᠢᠬᠤ ᠲᠠᠷᠢᠶᠠᠯᠠᠬᠤ ᠡᠷᠦᠬᠡ ᠶᠢ ᠪᠠᠶᠢᠩᠭᠤ ᠶᠢᠨ ᠴᠠᠬᠢᠯᠭᠠᠨ ᠨᠡᠪᠲᠡᠷᠡᠭᠦᠯᠬᠦ ᠲᠦᠯᠦᠪᠵᠢᠬᠦᠯᠭᠡ ᠳᠤ ᠣᠷᠣᠭᠤᠯᠵᠦ᠂ | 1941 ᠡᠷᠦᠬᠡ ᠶᠢᠨ 4899 ᠬᠥᠮᠦᠨ ᠠᠮᠠ ᠶᠢᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ᠃ ᠵᠠᠮ | ᠬᠠᠷᠢᠯᠴᠠᠭ᠎ᠠ ᠶᠢ ᠨᠠᠩ ᠲᠡᠭᠦᠯᠳᠡᠷᠵᠢᠭᠦᠯᠦᠨ᠂ ᠰᠢᠯᠢ ᠶᠢᠨ ᠬᠤᠲᠠ ᠠᠴᠠ ᠲᠠᠶᠢᠽᠢ ᠴᠧᠩ ᠬᠦᠷᠬᠦ ᠲᠦᠷᠭᠡᠨ ᠬᠤᠷᠳᠤᠴᠠᠲᠤ | ᠲᠡᠮᠦᠷ ᠵᠠᠮ᠂ ᠵᠢᠢ ᠲᠦᠩ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠢᠨᠵᠧᠨᠧᠷᠢᠩ ᠢ ᠡᠬᠢᠯᠡᠭᠦᠯᠵᠦ᠂ | ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠴᠡᠷᠢᠭ ᠠᠩᠭᠢ ᠪᠠ ᠣᠷᠣᠨ ᠨᠤᠲᠤᠭ ᠤᠨ | ᠵᠥᠪᠳᠡᠯᠴᠡᠬᠡᠷ ︵ᠲᠥᠰᠦᠯ︶ ᠨᠢ ᠴᠡᠷᠢᠭ ᠤᠨ ᠲᠠᠯ᠎ᠠ ᠶᠢᠨ ᠵᠥᠪᠰᠢᠶᠡᠷᠡᠯ ᠢ ᠣᠯᠵᠤ᠂ 103 ᠵᠠᠰᠠᠭ ᠵᠠᠬᠢᠷᠭᠠᠨ ᠤ | ᠭᠠᠴᠠᠭ᠎ᠠ ᠲᠣᠰᠬᠤᠨ ᠤ ᠵᠠᠰᠠᠮᠠᠯ ᠵᠠᠮ ᠢ ᠪᠦᠬᠦᠨ ᠢ ᠨᠡᠪᠲᠡᠷᠡᠭᠦᠯᠪᠡ᠃ | ︵ᠨᠠᠢᠮᠠ︶ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ ᠪᠠᠲᠤᠯᠠᠨ ᠰᠠᠢᠵᠢᠷᠠᠭᠤᠯᠵᠤ᠂ ᠣᠯᠠᠨ ᠲᠦᠮᠡᠨ ᠤ ᠵᠣᠯ | ᠵᠢᠷᠭᠠᠯᠲᠤ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠪᠡ | ᠠᠵᠤ ᠠᠬᠤᠶ ᠮᠠᠭᠤᠳᠠᠬᠤ ᠳᠠᠷᠤᠯᠲᠠ ᠶᠢ ᠢᠯᠠᠨ ᠳᠠᠪᠠᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠢ | ᠪᠠᠲᠤᠯᠠᠪᠠ᠃ ᠪᠦᠬᠦ ᠵᠢᠯ ᠤᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ 1.16 ᠳ᠋ᠦᠩᠰᠢᠭᠤᠷ ᠲᠥᠭᠦᠷᠢᠭ ᠲᠤ | ᠬᠦᠷᠴᠦ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 4.3% ᠪᠠᠷ ᠨᠡᠮᠡᠭᠳᠡᠪᠡ᠃ | ︽ᠰᠣᠷᠣᠯᠴᠠᠬᠤ ᠠᠴᠠ ᠰᠤᠷᠭᠠᠨ ᠬᠦᠮᠦᠵᠢᠯ ᠲᠠᠢ ᠪᠠᠶᠢᠬᠤ︾ ᠠᠵᠢᠯ ᠰᠢᠨ᠎ᠡ ᠦᠷ᠎ᠡ ᠪᠦᠳᠦᠮᠵᠢ ᠣᠯᠵᠤ᠂ ᠰᠤᠷᠭᠠᠭᠤᠯᠢ | ᠡᠷᠬᠢᠯᠡᠬᠦ ᠨᠥᠬᠦᠴᠡᠯ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ 3 | ᠰᠠᠭᠤᠷᠢ ᠦᠨᠳᠦᠰᠦᠨ ᠱᠠᠲᠤᠨ ᠤ ᠬᠡᠦᠬᠡᠳ ᠤᠨ ᠴᠡᠴᠡᠷᠯᠢᠭ ᠢ ᠵᠠᠰᠠᠨ ᠠᠰᠢᠭᠯᠠᠯᠲᠠ ᠳᠤ ᠣᠷᠣᠭᠤᠯᠤᠨ᠂ ᠰᠠᠭᠤᠭᠠᠯᠢ | ᠲᠣᠭᠤᠷᠢᠭ ᠤᠨ ᠢᠵᠢ ᠲᠦᠭᠦᠷᠴᠢᠯᠡᠭᠰᠡᠨ 2 ᠰᠠᠭᠤᠷᠢ ᠬᠡᠦᠬᠡᠳ ᠤᠨ ᠴᠡᠴᠡᠷᠯᠢᠭ ᠢ ᠴᠡᠭᠴᠡᠯᠡᠵᠦ᠂ 8 ᠰᠠᠭᠤᠷᠢ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠥᠭᠡᠷᠡᠴᠢᠯᠡᠨ ᠪᠠᠢᠭᠤᠯᠬᠤ ᠳᠥᠰᠦᠯ ᠢ ᠪᠦᠬᠦ ᠲᠠᠯ᠎ᠠ ᠪᠠᠷ | ᠥᠷᠨᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠲᠤᠳᠬᠠᠭᠰᠠᠨ ᠨᠣᠷᠮ᠎ᠠ 100% ᠳᠤ ᠬᠦᠷᠪᠡ᠃ | ᠮᠣᠩᠭᠤᠯ ᠢᠶᠠᠷ ᠬᠢᠴᠢᠶᠡᠯᠯᠡᠬᠦ ᠠᠩᠭᠢ ᠶᠢᠨ ᠵᠢᠩᠬᠢᠨᠢ ᠠᠩᠭᠢ ᠶᠢᠨ ᠡᠯᠰᠡᠯᠲᠡ ᠶᠢᠨ ᠬᠤᠪᠢ ᠳᠤ ᠬᠦᠷᠦᠭᠰᠡᠨ ᠨᠣᠷᠮ᠎ᠠ 88. | 2% ᠳᠤ ᠬᠦᠷᠴᠣ᠂ ᠬᠢᠲᠠᠳ ᠢᠶᠠᠷ ᠬᠢᠴᠢᠶᠡᠯᠯᠡᠬᠦ ᠠᠩᠭᠢ ᠶᠢᠨ ᠵᠢᠩᠬᠢᠨᠢ ᠠᠩᠭᠢ ᠶᠢᠨ ᠡᠯᠰᠡᠯᠲᠡ ᠶᠢᠨ ᠬᠤᠪᠢ ᠳᠤ | ᠬᠦᠷᠦᠭᠰᠡᠨ ᠨᠤᠷᠮ᠎ᠠ 24.7% ᠪᠠᠷ ᠨᠡᠮᠡᠭᠳᠡᠪᠡ᠃ ︽ᠬᠥᠳᠡᠯᠮᠦᠷᠢᠯᠡᠪᠡᠯ ᠬᠦᠯᠦᠰᠦ ᠣᠯᠭᠤᠮᠵᠢᠲᠠᠢ ᠪᠠᠶᠢᠬᠤ︾ ᠰᠢᠨ᠎ᠡ | ᠲᠥᠷᠥ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠵᠤ᠂ ᠦᠢᠯᠡᠰ ᠪᠣᠰᠬᠠᠵᠤ ᠠᠵᠢᠯ ᠣᠯᠭᠤᠬᠤ ︽ᠬᠠᠰᠣᠬᠤ ᠬᠡᠯᠲᠦᠷᠢᠭᠦᠯᠬᠦ | ᠪᠤᠴᠠᠭᠠᠬᠤ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠶᠢᠨ 1785 ᠲᠦᠮᠡᠨ ᠲᠥᠭᠦᠷᠢᠭ ᠤᠨ ᠪᠡᠯᠡ ᠮᠥᠩᠭᠦ ᠶᠢ | ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠤ 943 ᠬᠥᠮᠦᠨ ᠳᠤ ᠰᠢᠨ᠎ᠡ ᠪᠠᠷ ᠠᠵᠢᠯ ᠣᠯᠭᠤᠵᠤ᠂ 7293 ᠮᠠᠯᠴᠢᠨ | ᠲᠠᠷᠢᠶᠠᠴᠢᠨ ᠢ ᠰᠢᠯᠵᠢᠭᠦᠯᠦᠨ ᠠᠵᠢᠯ ᠤᠯᠭᠤᠵᠦ᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠨᠣᠷᠮ᠎ᠠ ᠶᠢ 2.82% | ᠳᠣᠲᠣᠷ᠎ᠠ ᠬᠢᠵᠠᠭᠠᠷᠯᠠᠪᠠ᠃ ︽ᠪᠠᠭᠤᠷᠠᠢ ᠶᠢ ᠲᠡᠳᠬᠦᠬᠦ︾ ᠶᠢ ᠦᠷᠭᠦᠯᠵᠢᠯᠡᠨ ᠲᠥᠭᠡᠮᠡᠯᠵᠢᠭᠦᠯᠦᠨ᠂ ᠬᠤᠲᠠ ᠬᠥᠳᠡᠭᠡ ᠶᠢᠨ | ᠳᠣᠣᠷ᠎ᠠ ᠪᠠᠳᠣᠯᠠᠭᠠᠳᠣ ᠡᠷᠣᠬᠡ᠂ ᠣᠨᠴᠠ ᠬᠦᠴᠢᠷᠳᠡᠯᠲᠡᠢ ᠬᠥᠮᠦᠰ᠂ ᠵᠡᠮᠳᠡᠭᠴᠦᠳ ᠤᠨ ᠨᠥᠬᠦᠪᠥᠷᠢ ᠶᠢᠨ ᠪᠠᠷᠢᠮᠵᠢᠶ᠎ᠠ ᠶᠢ | ᠤᠯᠠᠮ ᠳᠡᠭᠡᠭᠰᠢᠯᠡᠭᠦᠯᠵᠦ᠂ ᠡᠯ᠎ᠡ ᠲᠥᠷᠥᠯ ᠤᠨ ᠨᠥᠬᠦᠪᠥᠷᠢ ᠶᠢᠨ ᠪᠡᠯᠡ ᠮᠥᠩᠭᠦ ᠶᠢ 4000 ᠭᠠᠷᠤᠢ ᠲᠦᠮᠡᠨ ᠲᠥᠭᠦᠷᠢᠭ | ᠲᠠᠷᠬᠠᠭᠠᠪᠠ᠃ ︽ᠨᠠᠰᠣᠲᠠᠶᠢᠴᠤᠳ ᠢ ᠠᠰᠠᠷᠠᠮᠵᠢ ᠲᠠᠢ ᠪᠣᠯᠭᠠᠬᠤ︾ ᠠᠵᠢᠯ ᠰᠢᠨ᠎ᠡ ᠰᠢᠪᠲᠤᠯᠤᠯᠤᠳᠠ ᠲᠠᠢ ᠪᠣᠯᠪᠠ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠣᠵᠢᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ 96% ᠳᠤ | ᠬᠦᠷᠴᠦ᠂ ᠴᠡᠷᠢᠭ ᠠᠴᠠ ᠬᠠᠯᠠᠭᠳᠠᠭᠰᠠᠳ ᠤᠨ ᠨᠠᠰᠤᠵᠢᠯ ᠤᠨ ᠳᠠᠭᠠᠳᠬᠠᠯ ᠢ ᠵᠠᠯᠭᠠᠨ ᠬᠦᠢᠴᠡᠳᠭᠡᠭᠰᠡᠨ ᠨᠣᠷᠮ᠎ᠠ | 100% ᠳᠤ ᠬᠦᠷᠴᠦ᠂ ︽ᠬᠠᠰᠣᠬᠤ ᠬᠡᠯᠲᠦᠷᠢᠭᠦᠯᠬᠦ ᠠᠯᠭᠤᠷᠯᠠᠬᠤ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | 1510 ᠲᠦᠮᠡᠨ ᠲᠥᠭᠦᠷᠢᠭ ᠤᠨ ᠨᠠᠰᠤᠵᠢᠯ ᠤᠨ ᠳᠠᠭᠠᠳᠬᠠᠯ ᠢ ᠬᠡᠯᠲᠦᠷᠢᠭᠦᠯᠪᠡ᠃ ᠭᠤᠷᠪᠠ᠂ ᠤᠯᠤᠰ ᠤᠨ ᠥᠮᠴᠢᠯᠡᠯᠲᠦ | ᠲᠠᠷᠢᠶᠠᠯᠠᠩ ᠮᠠᠯᠵᠢᠯ ᠤᠨ ᠲᠠᠯᠠᠪᠠᠢ ᠶᠢᠨ 154 ᠬᠥᠮᠦᠨ ᠤ ᠠᠵᠢᠯ ᠠᠴᠠ ᠪᠠᠨ ᠠᠮᠠᠷᠠᠬᠤ ᠠᠰᠠᠭᠤᠳᠠᠯ ᠢ ᠰᠢᠢᠳᠪᠦᠷᠢᠯᠡᠪᠡ᠃ | ᠠᠮᠤᠭᠤᠯᠠᠩ ᠨᠠᠰᠤᠳᠠᠶᠢᠴᠤᠳ ᠤᠨ ᠦᠢᠯᠡᠴᠢᠯᠡᠭᠡᠨ ᠤ ᠲᠥᠪ ᠠᠰᠢᠭᠯᠠᠯᠲᠠ ᠳᠤ ᠣᠷᠣᠵᠤ᠂ ᠣᠨᠴᠠ ᠬᠦᠴᠢᠷᠳᠡᠯᠳᠡᠢ 40 | ᠨᠠᠰᠣᠳᠠᠨ ᠢ ᠠᠰᠠᠷᠠᠨ ᠬᠠᠷᠠᠭᠠᠯᠵᠠᠵᠦ᠂ ᠮᠧᠩ ᠯᠦᠩ ᠨᠠᠰᠣᠳᠠᠨ ᠤ ᠬᠦᠷᠢᠶᠡᠯᠡᠩ 7000 ᠲᠦᠮᠡᠨ ᠲᠦᠭᠦᠷᠢᠭ ᠤᠨ ᠪᠡᠯᠡ | ᠣᠷᠣᠭᠤᠯᠣᠯᠳᠠ ᠶᠢ ᠬᠦᠢᠴᠡᠳᠭᠡᠵᠦ᠂ 48 ᠡᠷᠦᠬᠡ ᠶᠢᠨ 96 ᠬᠥᠮᠦᠨ ᠰᠠᠭᠤᠵᠤ᠂ ᠣᠷᠣᠨ ᠪᠦᠰᠡ ᠶᠢᠨ ᠴᠢᠨᠠᠷᠲᠠᠢ | ᠨᠠᠰᠣᠳᠠᠨ ᠤ ᠠᠰᠠᠷᠠᠮᠵᠢ ᠶᠢᠨ ᠬᠦᠷᠢᠶᠡᠯᠡᠩ ᠢ ᠨᠢᠭᠡᠨᠳᠠ ᠪᠠᠶᠢᠭᠤᠯᠵᠦ᠂ ᠮᠢᠩᠭᠠᠨ ᠨᠠᠰᠤᠲᠠᠨ ᠳᠤ 89 ᠣᠷᠣ ᠨᠤᠭᠳᠠᠬᠤ | ᠪᠠᠷᠢᠮᠵᠢᠶ᠎ᠠ ᠶᠢ ᠪᠡᠶᠡᠯᠡᠭᠦᠯᠵᠦ᠂ ᠤᠯᠤᠰ ᠤᠨ ᠳᠤᠮᠳᠠᠴᠢ ᠬᠢᠷᠢ ᠲᠦᠪᠰᠢᠨ ᠠᠴᠠ 2 ᠳᠠᠬᠢᠨ ᠢᠯᠡᠭᠦᠦ ᠥᠨᠳᠥᠷ ᠪᠣᠯᠵᠠᠶ ᠃ | ︽ᠡᠪᠡᠳᠴᠢᠯᠡᠪᠡᠯ ᠦᠵᠡᠭᠦᠯᠬᠦ ᠡᠮᠨᠡᠯᠭᠡ︾ ᠲᠠᠢ ᠪᠠᠶᠢᠬᠤ ᠠᠵᠢᠯ ᠪᠠᠲᠤᠯᠠᠭ᠎ᠠ ᠲᠠᠢ ᠪᠣᠯᠵᠤ᠂ ᠥᠪᠡᠷᠲᠡᠭᠡᠨ ᠵᠠᠰᠠᠬᠤ ᠣᠷᠣᠨ ᠤ | ᠣᠨᠴᠠᠯᠢᠭᠲᠤ ᠭᠤᠣᠯᠳᠠᠯᠭ᠎ᠠ ᠲᠠᠢ ᠲᠤᠰᠬᠠᠢ ᠰᠠᠯᠠᠭ᠎ᠠ 1 ᠶᠢ ᠪᠠᠶᠢᠭᠤᠯᠵᠦ᠂ ᠰᠢᠯᠢ ᠶᠢᠨ ᠭᠤᠣᠯ ᠠᠶᠢᠮᠠᠭ ᠤᠨ ᠵᠢᠷᠤᠬᠡᠨ | ᠬᠠᠳᠬᠤᠯᠭ᠎ᠠ ᠶᠢᠨ ᠡᠮᠴᠢᠯᠡᠭᠡᠨ ᠤ ᠲᠥᠪ ᠤᠨ ᠰᠠᠯᠪᠤᠷᠢ ᠲᠥᠪ ᠢ ᠪᠠᠶᠢᠭᠤᠯᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 96% ᠳᠤ ᠬᠦᠷᠴᠦ᠂ ᠪᠦᠬᠦ | ᠠᠶᠢᠮᠠᠭ ᠤᠨ ᠳᠤᠮᠳᠠᠴᠢ ᠬᠡᠮᠵᠢᠶᠡᠨ ᠠᠴᠠ ᠳᠠᠪᠠᠪᠠ᠃ ︽ᠰᠠᠭᠤᠬᠤ ᠠᠴᠠ ᠭᠡᠷ ᠲᠠᠢ ᠪᠠᠶᠢᠬᠤ︾ ᠠᠵᠢᠯ ᠰᠢᠨ᠎ᠡ ᠠᠬᠢᠴᠠ ᠲᠠᠢ | ᠪᠠᠶᠢᠵᠤ᠂ ᠵᠢᠯ ᠤᠨ ᠳᠣᠳᠣᠷ᠎ᠠ 12 ᠬᠠᠭᠤᠴᠢᠨ ᠰᠠᠭᠤᠭᠠᠯᠢ ᠲᠣᠭᠤᠷᠢᠭ᠂ 52 ᠢᠵᠢ ᠨᠡᠶᠢᠳᠡ ᠶᠢᠨ ᠲᠦᠷᠢᠶᠡᠰᠦᠨ ᠭᠡᠷ ᠢ | ᠬᠤᠪᠢᠳᠠᠵᠤ᠂12 ᠡᠷᠦᠬᠡ ᠶᠢᠨ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ 4825 ᠡᠷᠦᠭᠡ ᠶᠢᠨ ᠲᠣᠭᠳᠠᠮᠠᠯ | ᠬᠥᠷᠥᠩᠭᠡ ᠶᠢ ᠳᠠᠩᠰᠠᠯᠠᠨ ᠦᠨᠡᠮᠯᠡᠯ ᠪᠦᠷᠢᠳᠭᠡᠭᠦ ᠦᠯᠡᠳᠡᠭᠳᠡᠯ ᠠᠵᠢᠯ ᠢ ᠲᠠᠭᠤᠰᠬᠠᠨ᠂ ︽ᠬᠡᠷ ᠪᠠᠶᠢᠰᠢᠩ ᠭᠠᠵᠠᠷ ᠰᠢᠷᠣᠶ ᠶᠢ | ᠨᠢᠭᠡ ᠴᠣᠭᠴᠠᠵᠢᠭᠤᠯᠬᠤ︾ ᠣᠷᠣᠨ ᠰᠠᠭᠤᠴᠠ ᠶᠢᠨ ᠳᠡᠩᠰᠡᠯᠡᠯᠲᠡ ᠶᠢ 1.22 ᠲᠥᠮᠡᠨ ᠬᠤᠪᠢ ᠪᠡᠶᠡᠯᠡᠭᠦᠯᠵᠦ᠂ | ᠬᠠᠮᠲᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠳᠡᠩᠰᠡᠯᠡᠯᠲᠡ ᠶᠢ 95 ᠬᠤᠪᠢ ᠪᠡᠶᠡᠯᠡᠭᠦᠯᠪᠡ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯ ᠲᠣᠪᠤᠶᠢᠮ᠎ᠠ ᠦᠷ᠎ᠡ ᠪᠦᠲᠦᠮᠵᠢ ᠣᠯᠵᠤ᠂ ᠶᠤᠸᠠᠨ ᠤ ᠳᠡᠭᠡᠳᠦ | ᠨᠡᠶᠢᠰᠯᠡᠯ ᠤᠨ ᠬᠠᠭᠠᠨ ᠣᠷᠳᠣᠨ ᠤ ᠴᠠᠭᠠᠨ ᠢᠳᠡᠭᠡᠨ ᠤ ᠰᠣᠶᠣᠯ ᠤᠨ ᠨᠠᠶᠢᠷ ᠵᠢᠴᠢ ᠪᠥᠬᠡ ᠶᠢᠨ ᠴᠤᠯᠠ ᠣᠯᠭᠤᠬᠤ ᠨᠠᠶᠢᠷ᠂ | ᠶᠤᠸᠠᠨ ᠤ ᠳᠡᠭᠡᠳᠦ ᠨᠡᠶᠢᠰᠯᠡᠯ ᠤᠨ ᠭᠦᠶᠦᠭᠴᠢ ᠤᠷᠤᠯᠳᠤᠭᠠᠨ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ ᠠᠮᠵᠢᠯᠲᠠ ᠲᠠᠢ | ᠡᠷᠭᠢᠯᠡᠪᠡ᠃ ︽ᠭᠤᠷᠪᠠᠨ ᠣᠷᠳᠣᠨ ᠨᠢᠭᠡ ᠥᠷᠲᠡᠭᠡ︾ ᠶᠢᠨ ᠪᠦᠷᠬᠦᠴᠡ ᠶᠢᠨ ᠨᠣᠷᠮ᠎ᠠ ᠶᠢ 100 % ᠳᠤ ᠬᠦᠷᠭᠡᠵᠦ᠂ | ᠷᠠᠳᠢᠣ᠋ ᠲᠧᠯᠸᠢᠰ ᠤᠨ ᠨᠡᠪᠲᠡᠷᠡᠭᠦᠯᠭᠡ ᠶᠢᠨ ᠪᠦᠷᠬᠦᠴᠡ ᠶᠢᠨ ᠨᠣᠷᠮ᠎ᠠ ᠶᠢ 98 .7 % ᠳᠤ ᠬᠦᠷᠭᠡᠪᠡ᠃ | ︵ᠶᠢᠰᠦ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠦᠢᠯᠡᠴᠢᠯᠡᠭᠡᠨ ᠤ ᠴᠢᠳᠠᠪᠬᠢ ᠶᠢ | ᠳᠡᠭᠡᠭᠰᠢᠯᠡᠬᠦᠯᠪᠡ᠃ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ | ᠪᠠᠶᠢᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠵᠤ᠂ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠥᠷᠨᠢᠭᠦᠯᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯᠳᠣ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠠᠮ ᠪᠥᠯᠥᠭ ᠤᠨ ᠪᠤᠰᠣ ᠪᠠ ᠦᠢᠯᠡᠳᠪᠦᠷᠢ | ᠬᠤᠳᠠᠯᠳᠤᠭᠠᠨ ᠤ ᠬᠤᠯᠪᠤᠭᠠᠨ ᠤ ᠬᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ | ᠰᠠᠨᠠᠯ ᠰᠠᠨᠠᠭᠤᠯᠭ᠎ᠠ ᠶᠢ 107 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ | 105 ᠬᠤᠪᠢ ᠭᠦᠢᠴᠡᠳᠬᠡᠪᠡ᠃ ᠡᠳ᠋ ᠤᠨ ᠵᠠᠰᠠᠭ ᠤᠨ ᠡᠷᠭᠢᠯᠲᠡ ᠲᠣᠭᠲᠠᠭᠤᠨ ᠪᠥᠭᠡᠳ ᠡᠮᠬᠢ ᠴᠡᠭᠴᠡ ᠲᠠᠢ ᠪᠠᠶᠢᠵᠦ᠂ | ᠤᠶᠢᠷ᠎ᠠ ᠶᠢᠨ ᠬᠡᠳᠦᠨ ᠵᠢᠯ ᠳᠤ ᠡᠳ᠋ ᠤᠨ ᠵᠠᠰᠠᠭ ᠤᠨ ᠲᠥᠰᠥᠪ ᠢ ᠬᠠᠮᠤᠭ ᠰᠠᠶᠢᠨ ᠬᠡᠷᠡᠭᠵᠢᠭᠦᠯᠦᠭᠰᠡᠨ ᠨᠢᠭᠡ ᠵᠢᠯ ᠪᠣᠯᠣᠨ᠎ᠠ᠃ | ᠳᠡᠭᠡᠳᠦ ᠱᠠᠲᠤᠨ ᠤ ᠨᠥᠬᠦᠪᠥᠷᠢ᠂ ᠡᠯ᠎ᠡ ᠲᠥᠷᠥᠯ ᠤᠨ ᠵᠢᠭᠡᠯᠡᠯᠭᠡ ᠶᠢᠨ ᠲᠡᠮᠳᠡᠭᠳᠦ ᠶᠢᠨ ᠪᠡᠯᠡ ᠮᠥᠩᠭᠦ ᠶᠢ 5.55 | ᠳ᠋ᠦᠩᠰᠢᠭᠤᠷ ᠲᠥᠭᠦᠷᠢᠭ ᠵᠢᠴᠢ ᠢᠷᠡᠬᠦ ᠭᠤᠷᠪᠠᠨ ᠵᠢᠯ ᠳᠤ 4.6 ᠳ᠋ᠦᠩᠰᠢᠭᠤᠷ ᠲᠥᠭᠦᠷᠢᠭ ᠤᠨ ︽ᠬᠠᠰᠤᠵᠤ ᠬᠡᠯᠲᠦᠷᠢᠭᠦᠯᠬᠦ | ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠶᠢᠨ ᠪᠡᠯᠡ ᠮᠦᠩᠬᠦ ᠶᠢ ᠡᠷᠡᠮᠡᠯᠵᠡᠯᠡᠨ ᠣᠯᠪᠠ᠃ ᠳᠣᠲᠣᠭᠠᠳᠤ ᠶᠢ ᠬᠠᠮᠠᠭᠠᠯᠠᠬᠤ | ᠰᠢᠰᠲ᠋ᠧᠮ ᠤᠨ ᠦᠨᠳᠦᠰᠦᠨ ᠱᠠᠲᠤᠨ ᠤ ᠠᠵᠢᠯ ᠴᠢᠨᠠᠷᠯᠢᠭ ᠬᠥᠭᠵᠢᠯᠳᠡ ᠶᠢ ᠪᠡᠶᠡᠯᠡᠭᠦᠯᠵᠦ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠭᠦᠯᠵᠢᠯᠡᠨ ᠭᠦᠨᠵᠡᠭᠡᠢ ᠥᠷᠨᠢᠭᠦᠯᠪᠡ᠃ ᠵᠠᠬᠢᠳᠠᠯ ᠰᠤᠷᠪᠤᠯᠵᠢᠯᠠᠭ᠎ᠠ᠂ | ᠳᠣᠭᠲᠠᠭᠤᠨ ᠢ ᠪᠠᠲᠤᠯᠠᠬᠤ ᠠᠵᠢᠯ ᠢ ᠯᠠᠪᠳᠠᠭᠤᠨ ᠪᠠᠳᠣᠳᠠᠢ ᠠᠬᠢᠭᠤᠯᠵᠦ᠂ ᠵᠢᠯ ᠤᠨ ᠵᠠᠬᠢᠳᠠᠯ ᠰᠤᠷᠪᠤᠯᠵᠢᠯᠠᠭ᠎ᠠ 22% ᠢᠶᠠᠷ | ᠪᠠᠭᠤᠷᠠᠪᠠ᠃ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠴᠢᠳᠠᠪᠬᠢ ᠶᠢ | ᠦᠷᠭᠦᠯᠵᠢᠯᠡᠨ ᠳᠡᠭᠡᠭᠰᠢᠯᠡᠬᠦᠯᠵᠦ᠂ ᠢᠳᠡᠭᠡᠨ ᠣᠮᠳᠠᠭᠠᠨ᠂ ᠡᠮ ᠤᠨ ᠵᠦᠢᠯᠡᠰ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠲᠠᠰᠤᠷᠠᠯᠲᠠ ᠥᠬᠡᠢ ᠳᠦᠷᠢᠮᠵᠢᠭᠦᠯᠦᠨ᠂ ᠪᠥᠬᠦ ᠵᠢᠯ ᠳᠤ ᠣᠨᠴᠠ ᠶᠡᠭᠡ ᠬᠡᠷᠡᠭ ᠡᠭᠦᠰᠦᠭᠰᠡᠨ ᠥᠬᠡᠢ᠃ ᠬᠠᠤᠯᠢ ᠶᠢ | ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠬᠦᠯᠵᠦ᠂ ᠬᠠᠤᠯᠢ ᠪᠠᠷ ᠬᠤᠰᠢᠭᠤ ᠪᠠᠨ ᠵᠠᠰᠠᠬᠤ | ᠠᠬᠢᠴᠠ ᠶᠢ ᠲᠠᠰᠤᠷᠠᠯᠲᠠ ᠦᠭᠡᠢ ᠲᠦᠷᠭᠡᠳᠬᠡᠪᠡ᠃ ᠬᠥᠳᠡᠯᠮᠦᠷᠢ ᠶᠢᠨ ᠪᠠᠲᠤᠯᠠᠭ᠎ᠠ ᠶᠢ ᠬᠢᠨᠠᠨ ᠪᠠᠶᠢᠴᠠᠭᠠᠬᠤ | ᠲᠣᠭᠲᠠᠯᠴᠠᠭ᠎ᠠ ᠶᠢ ᠤᠯᠠᠮ ᠲᠡᠭᠦᠯᠳᠡᠷᠵᠢᠭᠦᠯᠵᠦ᠂ ᠪᠥᠬᠦ ᠵᠢᠯ ᠳᠤ ᠢᠯᠡᠴᠢᠯᠡᠨ ᠵᠠᠭᠠᠯᠳᠤᠭᠰᠠᠨ 17 ᠬᠡᠷᠡᠭ ᠢ ᠭᠥᠯᠢᠶᠡᠨ | ᠰᠢᠶᠳᠪᠦᠷᠢᠯᠡᠵᠦ᠂ 133 ᠮᠠᠯᠴᠢᠨ ᠲᠠᠷᠢᠶᠠᠴᠢᠨ ᠬᠦᠯᠦᠰᠦᠨ ᠠᠵᠢᠯᠳᠠᠳ ᠤᠨ 135 . 87 ᠲᠦᠮᠡᠨ ᠲᠥᠭᠦᠷᠢᠭ ᠤᠨ | ᠬᠦᠯᠦᠰᠦ ᠣᠯᠭᠤᠮᠵᠢ ᠲᠠᠢ ᠬᠤᠯᠪᠤᠭᠳᠠᠵᠤ᠂ ᠬᠡᠷᠡᠭ ᠭᠦᠢᠴᠡᠳᠬᠡᠭᠰᠡᠨ ᠨᠣᠷᠮ᠎ᠠ 100% ᠳᠤ ᠬᠥᠷᠪᠡ᠃ ᠲᠤᠭ᠎ᠠ | ᠪᠦᠷᠢᠳᠬᠡᠯ ᠤᠨ ᠠᠵᠢᠯ ᠳᠣᠪᠣᠶᠢᠮ᠎ᠠ ᠦᠷ᠎ᠡ ᠪᠦᠲᠦᠮᠵᠢ ᠣᠯᠵᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠷᠠᠳ ᠤᠨ ᠵᠡᠪᠰᠡᠭᠲᠦ ᠬᠦᠴᠦᠨ᠂ | ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠭᠠᠵᠠᠷ ᠬᠥᠳᠡᠯᠦᠯᠲᠡ ᠴᠠᠭ ᠠᠭᠤᠷ᠂ ᠳᠠᠩᠰᠠ ᠡᠪᠬᠡᠮᠡᠯ ᠲᠡᠦᠬᠡ ᠤᠶᠢᠯᠠᠯᠠᠭᠠ᠂ ᠭᠠᠵᠠᠷ | ᠰᠢᠷᠣᠢ ᠶᠢᠨ ᠬᠠᠮᠢᠶᠠᠷᠤᠯᠲᠠ᠂ ᠲᠠᠯ᠎ᠠ ᠨᠤᠲᠤᠭ ᠣᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠤᠯᠠᠮ | ᠴᠢᠩᠭᠠᠳᠬᠠᠪᠠ᠃ ᠤᠯᠠᠭᠠᠨ ᠵᠠᠯᠠᠮᠠᠭᠠᠶᠢᠳᠠᠨ ᠤ ᠨᠡᠶᠢᠭᠡᠮᠯᠢᠭ᠂ ᠡᠬᠡ ᠨᠢᠯᠬᠠᠰ᠂ ᠨᠠᠰᠤᠲᠠᠶᠢᠴᠤᠤᠯ ᠪᠣᠯᠣᠨ ᠵᠡᠮᠳᠡᠭᠴᠦᠳ ᠤᠨ | ᠠᠵᠢᠯ ᠦᠢᠯᠡᠰ ᠰᠢᠨ᠎ᠡ ᠠᠬᠢᠴᠠ ᠲᠠᠢ ᠪᠣᠯᠪᠠ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠦᠢᠯᠡᠰ ᠤᠨ ᠰᠢᠨ᠎ᠡ | ᠣᠷᠴᠢᠨ ᠢ ᠡᠭᠦᠳᠴᠦ ᠂ ᠱᠠᠰᠢᠨ ᠰᠤᠷᠲᠠᠬᠤᠨ ᠤ ᠬᠦᠷᠢᠶ᠎ᠡ ᠴᠠᠷ᠎ᠠ ᠡᠶ᠎ᠡ ᠵᠣᠬᠢᠴᠠᠩᠭᠤᠢ ᠪᠠᠶᠢᠨ᠎ᠠ᠃ ︽ᠭᠤᠷᠪᠠᠨ ᠴᠢᠬᠤᠯᠠ | ᠨᠢᠭᠡ ᠶᠡᠭᠡ︾ ᠵᠦᠢᠯ ᠳᠤ ᠬᠠᠮᠲᠤ ᠪᠠᠷ ᠰᠢᠢᠳᠪᠦᠷᠢ ᠭᠠᠷᠭᠠᠬᠤ᠂ ᠵᠠᠰᠠᠭ ᠤᠨ ᠣᠷᠳᠣᠨ ᠤ ᠬᠡᠷᠡᠭ ᠵᠥᠪᠯᠡᠬᠦ ᠳᠦᠷᠢᠮ᠂ | ᠨᠠᠷᠢᠯᠢᠭᠵᠢᠭᠰᠠᠨ ᠬᠠᠮᠢᠶᠠᠷᠣᠯᠳᠠ᠂ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠳᠦᠷᠢᠮ ᠢ ᠪᠥᠷᠢᠡᠰᠢᠭᠦᠯᠵᠥ᠂ | ᠬᠢᠨᠠᠨ ᠪᠠᠶᠢᠴᠠᠭᠠᠬᠤ᠂ ᠬᠢᠨᠠᠨ ᠪᠣᠳᠣᠬᠤ ᠬᠦᠴᠦᠯᠡᠴᠡ ᠪᠠ ᠲᠤᠰᠬᠠᠢ ᠲᠥᠷᠥᠯ ᠤᠨ ᠱᠠᠭᠠᠷᠳᠠᠨ ᠪᠠᠢᠴᠠᠭᠠᠯᠲᠠ ᠶᠢ | ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠶᠢ ᠢᠯᠡᠳᠲᠡ ᠴᠢᠩᠭᠠᠳᠬᠠᠵᠤ᠂ ᠵᠠᠰᠠᠭ ᠤᠨ | ᠣᠷᠳᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠳᠠᠪᠤᠷᠢ ᠪᠠ ᠦᠷ᠎ᠡ ᠪᠦᠲᠦᠮᠵᠢ ᠶᠢ ᠪᠦᠲᠦᠮᠵᠢᠲᠡᠢ | ᠳᠡᠭᠡᠭᠰᠢᠯᠡᠭᠦᠯᠪᠡ᠃ | ᠲᠥᠯᠥᠭᠡᠯᠡᠭᠴᠢᠳ ᠡ᠂ 2020 ᠣᠨ ᠤ ᠭᠤᠣᠯ ᠬᠠᠷᠠᠯᠲᠠ ᠶᠢ ᠢᠯᠭᠤᠮ ᠤᠷᠤᠭᠰᠢᠲᠠᠢ ᠪᠡᠶᠡᠯᠡᠭᠦᠯᠦᠭᠰᠡᠨ ᠨᠢ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠯᠡᠭᠡ ᠠᠮᠵᠢᠯᠲᠠ ᠲᠠᠢ ᠪᠣᠯᠣᠭᠰᠠᠨ ᠢ ᠬᠠᠷᠠᠭᠤᠯᠵᠤ ᠪᠣᠢ᠃ ᠲᠠᠪᠤᠨ ᠵᠢᠯ ᠤᠨ | ᠲᠤᠷᠰᠢ᠂ ᠪᠢᠳᠠ ᠰᠢᠨ᠎ᠡ ᠬᠥᠭᠵᠢᠯᠲᠡ ᠶᠢᠨ ᠦᠵᠡᠯᠲᠡ ᠶᠢ ᠭᠤᠶᠢᠪᠢᠰᠢ ᠦᠭᠡᠢ ᠲᠣᠣᠱᠯᠠᠭᠤᠯᠵᠤ᠂ ᠬᠥᠭᠵᠢᠯᠲᠡ ᠶᠢᠨ | ᠰᠡᠳᠬᠢᠴᠡ ᠪᠠᠨ ᠰᠢᠨᠡᠳᠬᠡᠵᠦ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠤᠭᠰᠠᠨ ᠠᠴᠠ ᠬᠥᠭᠵᠢᠯᠲᠡ ᠶᠢᠨ ᠶᠠᠰᠤ | ᠴᠢᠨᠠᠷ ᠪᠠ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ᠃ ᠪᠦᠬᠦ ᠬᠤᠰᠢᠭᠤᠨ ᠤ ᠣᠷᠣᠨ ᠨᠤᠳᠤᠭ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ 54.4 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠪᠦᠷᠢ ᠳᠤᠮᠳᠠᠴᠢ ᠪᠠᠷ 1. | 5% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠤᠯᠠᠮ ᠰᠢᠯᠢᠳᠡᠭᠵᠢᠵᠦ᠂ ︽ᠠᠷᠪᠠᠨ ᠬᠤᠶᠠᠳᠤᠭᠠᠷ | ᠲᠠᠪᠤᠨ ᠵᠢᠯ︾ ᠤᠨ ᠡᠴᠦᠰ ᠲᠠᠬᠢ 13᠄ 60.7᠄ 26.3 ᠪᠠᠶᠢᠭᠰᠠᠨ ᠠᠴᠠ ᠪᠠᠨ 16.3᠄ 48.2᠄ 35.3 ᠪᠤᠯᠵᠦ | ᠬᠤᠪᠢᠷᠠᠪᠠ᠃ ᠣᠯᠠᠨ ᠨᠡᠶᠢᠳᠡ ᠶᠢᠨ ᠲᠥᠰᠥᠪ ᠤᠨ ᠣᠷᠣᠯᠭ᠎ᠠ ᠨᠡᠶᠢᠳᠠ 19 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ | ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠶᠢᠲᠡ 140.7 ᠳ᠋ᠦᠩᠰᠢᠭᠤᠷ ᠲᠥᠭᠦᠷᠢᠭ ᠢ | ᠪᠡᠶᠡᠯᠡᠭᠦᠯᠵᠡᠢ᠃ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠲᠤᠭ᠎ᠠ ᠪᠦᠷᠢᠳᠬᠡᠯ 99.96% ᠳᠤ | ᠬᠦᠷᠴᠦ᠂ ᠳᠣᠭᠲᠠᠭᠰᠠᠨ ᠲᠥᠯᠥᠪᠯᠡᠭᠡ ᠪᠠᠨ ᠣᠬᠢ ᠰᠠᠶᠢᠨ ᠪᠡᠶᠡᠯᠡᠭᠦᠯᠵᠦ᠂ ᠲᠠᠪᠤᠨ ᠵᠢᠯ ᠤᠨ ᠲᠥᠯᠥᠪᠯᠡᠭᠡᠨ ᠤ ᠬᠠᠷᠠᠯᠳᠠ | ᠡᠭᠦᠷᠭᠡ ᠪᠠᠨ ᠠᠮᠵᠢᠯᠲᠠ ᠲᠠᠢ ᠪᠡᠶᠡᠯᠡᠭᠦᠯᠪᠡ᠃ | ᠠᠮᠢ ᠠᠬᠤᠶ ᠶᠢ ᠲᠡᠷᠢᠭᠦᠨ ᠳᠤ ᠲᠠᠯᠪᠢᠬᠤ ᠠᠵᠢᠯ ᠳᠣᠪᠣᠶᠢᠮ᠎ᠠ ᠠᠮᠵᠢᠯᠲᠠ ᠣᠯᠪᠠ᠃ ᠲᠠᠯ᠎ᠠ ᠨᠤᠲᠤᠭ ᠤᠨ ᠠᠮᠢ ᠠᠬᠤᠢ ᠶᠢᠨ | ᠣᠷᠴᠢᠨ ᠲᠣᠭᠤᠷᠢᠨ ᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠳᠣᠪᠣᠶᠢᠮ᠎ᠠ ᠦᠷ᠎ᠡ ᠪᠦᠲᠦᠮᠵᠢ ᠣᠯᠵᠤ᠂ ᠬᠤᠯᠠᠨ ᠰᠢᠷᠭ᠎ᠠ | ᠲᠠᠭ᠎ᠠ ᠶᠢᠨ ᠮᠠᠩᠬᠠᠨ ᠭᠠᠵᠠᠷ ᠤᠨ ᠬᠦᠨᠳᠦ ᠨᠣᠴᠢᠳᠠᠢ ᠡᠪᠳᠡᠭᠳᠡᠭᠰᠡᠨ ᠭᠠᠵᠠᠷ ᠢ ᠪᠦᠲᠦᠮᠵᠢᠲᠡᠢ ᠵᠠᠰᠠᠵᠤ᠂ ᠲᠠᠯ᠎ᠠ ᠨᠤᠲᠤᠭ | ᠤᠨ ᠳᠤᠮᠳᠠᠴᠢ ᠤᠷᠭᠤᠮᠠᠯ ᠬᠤᠴᠢᠯᠭ᠎ᠠ ᠶᠢᠨ ᠪᠦᠷᠬᠦᠴᠡ 50 % ᠳᠤ ᠬᠦᠷᠴᠦ᠂ ᠣᠢ ᠰᠢᠭᠤᠢ ᠶᠢᠨ ᠪᠦᠷᠬᠦᠴᠡ 20 . 5 | % ᠳᠤ ᠬᠦᠷᠴᠦ᠂ ᠬᠠᠶᠠᠭᠳᠠᠭᠰᠠᠨ ᠠᠭᠤᠷᠬᠠᠢ ᠶᠢ ᠪᠦᠬᠦᠨ ᠢ ᠵᠠᠰᠠᠵᠤ᠂ ᠭᠤᠣᠯ ᠤᠨ ᠳᠠᠷᠤᠭ᠎ᠠ ᠶᠢᠨ ᠳᠥᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠱᠠᠩᠳᠣ ᠶᠢᠨ ᠭᠤᠣᠯ ᠤᠨ ᠣᠯᠣᠰ ᠤᠨ ᠨᠤᠭᠤ ᠭᠠᠵᠠᠷ ᠤᠨ ᠴᠡᠴᠡᠷᠯᠢᠭ ᠢ ᠠᠮᠵᠢᠯᠲᠠ ᠲᠠᠢ | ᠡᠷᠡᠮᠡᠯᠵᠡᠯᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠴᠢᠳᠠᠪᠤᠷᠢ ᠲᠠᠰᠤᠷᠠᠯᠲᠠ ᠥᠬᠡᠶ ᠴᠢᠩᠭᠠᠷᠠᠵᠤ᠂ ᠱᠠᠩᠳᠤ ᠴᠠᠬᠢᠯᠭᠠᠨ | ᠦᠶᠯᠡᠳᠪᠦᠷᠢ ᠶᠢᠨ 6 ᠰᠠᠤᠷᠢ ᠮᠠᠰᠢᠨ ᠴᠣᠭᠴᠠᠯᠠᠪᠤᠷᠢ ᠶᠢᠨ ᠪᠤᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ | ᠥᠭᠡᠷᠡᠴᠢᠯᠡᠯᠲᠡ ᠶᠢ ᠪᠡᠶᠡᠯᠡᠭᠦᠯᠪᠡ᠃ ᠪᠣᠬᠢᠷ ᠤᠰᠤ ᠰᠢᠢᠳᠪᠦᠷᠢᠯᠡᠬᠦ ᠦᠶᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ | ᠨᠣᠷᠮ᠎ᠠ ᠪᠠ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠨᠣᠷᠮ᠎ᠠ ᠴᠥᠮ 100 % ᠳᠤ ᠬᠦᠷᠴᠦ᠂ ᠴᠡᠪᠡᠷᠵᠢᠭᠰᠡᠨ | ᠤᠰᠤ ᠶᠢ ᠳᠠᠬᠢᠨ ᠠᠰᠢᠭᠯᠠᠬᠤ ᠨᠣᠷᠮ᠎ᠠ 52 % ᠲᠤ ᠬᠦᠷᠪᠡ᠃ ᠲᠥᠪ ᠪᠠ ᠥᠪᠡᠷᠳᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠪᠣᠬᠢᠷᠲᠤᠯ ᠢ ᠵᠠᠰᠠᠬᠤ ᠠᠰᠠᠭᠤᠳᠠᠯ ᠢ ᠪᠦᠬᠦ ᠲᠠᠯ᠎ᠠ ᠪᠠᠷ ᠳᠠᠭᠤᠰᠬᠠᠵᠤ᠂ ᠬᠥᠬᠡ ᠣᠭᠲᠠᠷᠭᠤᠢ ᠬᠥᠬᠡᠮᠳᠦᠭ | ᠤᠰᠤᠨ ᠤ ᠬᠠᠷᠠᠯᠲᠠ ᠶᠢ ᠪᠡᠶᠡᠯᠡᠭᠦᠯᠪᠡ᠃ ᠲᠠᠪᠤᠨ ᠵᠢᠯ ᠤᠨ ᠳᠤᠷᠠᠰᠢᠬᠤᠢ ᠠᠵᠢᠯ ᠤᠨ ᠠᠮᠵᠢᠯᠲᠠ ᠪᠦᠳᠦᠮᠵᠢ ᠶᠢ ᠳᠤᠷᠠᠳᠪᠠᠯ | ᠄ | ᠠᠵᠤ ᠠᠬᠤᠢ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ | ᠤᠨ ᠪᠦᠲᠦᠴᠡ ᠶᠢ ᠤᠯᠠᠮ ᠰᠢᠯᠢᠳᠡᠭᠵᠢᠭᠦᠯᠦᠨ ᠲᠠᠰ ᠳᠡᠪᠰᠢᠭᠦᠯᠵᠦ᠂ ︽ᠬᠤᠨᠢ ᠶᠢ ᠴᠥᠬᠡᠳᠬᠡᠵᠦ ᠦᠬᠡᠷ ᠮᠠᠯᠵᠢᠬᠤ︾ | ᠪᠠᠶᠢᠯᠳᠤᠬᠤ ᠪᠣᠳᠣᠯᠭ᠎ᠠ ᠳᠣᠪᠣᠶᠢᠮ᠎ᠠ ᠦᠷ᠎ᠡ ᠪᠦᠲᠦᠮᠵᠢ ᠣᠯᠵᠤ᠂ ︽ᠦᠷᠡᠵᠢᠭᠦᠯᠦᠨ ᠪᠣᠶᠢᠵᠢᠭᠤᠯᠬᠤ᠂ ᠪᠣᠶᠢᠵᠢᠭᠤᠯᠬᠤ᠂ | ᠪᠣᠷᠳᠣᠬᠤ᠂ ᠡᠳ᠋ᠰᠢᠭᠦᠯᠬᠦ᠂ ᠪᠣᠷᠣᠯᠠᠭᠤᠯᠬᠤ︾ ᠶᠢ ᠨᠢᠭᠡ ᠴᠣᠠᠠᠴᠠᠵᠢᠭᠤᠯᠥᠠᠠᠰᠠᠨ ᠰᠢᠯᠢᠳᠡᠭ ᠡᠭᠦᠯᠳᠡᠷ ᠤᠨ ᠮᠢᠬᠠᠨ ᠤ ᠦᠬᠡᠷ | ᠤᠨ ᠠᠵᠤ ᠦᠶᠯᠡᠰ ᠤᠨ ᠬᠡᠯᠬᠢᠶᠠᠵᠢᠯ ᠢ ᠠᠩᠬ᠎ᠠ ᠠᠯᠬᠤᠮ ᠪᠠᠶᠢᠭᠤᠯᠵᠤ᠂ ︽ᠠᠷᠪᠠᠨ ᠭᠤᠷᠪᠠᠳᠣᠭᠠᠷ ᠲᠠᠪᠤᠨ ᠵᠢᠯ︾ ᠤᠨ | ᠲᠥᠯᠥᠪᠯᠡᠭᠡᠨ ᠤ ᠰᠡᠭᠦᠯᠴᠢ ᠶᠢᠨ ᠬᠤᠭᠤᠴᠠᠭᠠᠨ ᠤ ᠮᠠᠯ ᠠᠵᠤ ᠠᠬᠤᠶ ᠶᠢᠨ ᠵᠢᠯ ᠤᠨ ᠪᠥᠬᠦ ᠮᠠᠯ ᠤᠨ ᠲᠤᠭ᠎ᠠ ᠲᠣᠯᠣᠭᠠᠶ 61 | . 6 ᠲᠦᠮᠡ ᠳᠤ ᠬᠦᠷᠴᠦ᠂ ᠪᠣᠳᠠ ᠪᠣᠭ ᠮᠠᠯ ᠤᠨ ᠬᠠᠷᠢᠴᠠᠯ ᠨᠢ ︽ᠠᠷᠪᠠᠨ ᠬᠤᠶᠠᠳᠣᠭᠠᠷ ᠲᠠᠪᠤᠨ ᠵᠢᠯ︾ ᠤᠨ | ᠲᠥᠯᠥᠪᠯᠡᠭᠡᠨ ᠤ ᠰᠡᠭᠦᠯᠴᠢ ᠶᠢᠨ ᠬᠤᠭᠤᠴᠠᠭᠠᠨ ᠤ 36 . 7᠄ 63 . 3 ᠪᠠᠶᠢᠭᠰᠠᠨ ᠠᠴᠠ ᠪᠠᠨ 51 . 9᠄ 48 . 1 | ᠪᠣᠯᠪᠠ᠃ ᠣᠷᠴᠢᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ᠂ ᠦᠷ᠎ᠡ ᠠᠰᠢᠭ ᠢ ᠳᠡᠭᠡᠭᠰᠢᠯᠡᠭᠦᠯᠵᠦ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠬᠤ ᠡᠭᠦᠷᠭᠡ ᠶᠢ ᠳᠠᠪᠠᠭᠤᠯᠤᠨ | ᠪᠡᠶᠡᠯᠡᠭᠦᠯᠵᠦ᠂ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ 8 ᠠᠵᠤ ᠠᠬᠤᠶᠢᠯᠠᠯ ᠤᠨ ᠮᠠᠰᠢᠨ ᠴᠣᠭᠴᠠᠯᠠᠪᠤᠷᠢ ᠶᠢᠨ | ᠪᠠᠭᠲᠠᠭᠠᠮᠵᠢ ᠶᠢ 45 ᠲᠦᠮᠡᠨ ᠺᠢᠯᠣᠸᠠᠲ ᠲᠤ ᠬᠦᠷᠭᠡᠵᠦ᠂ ᠪᠦᠬᠦ ᠬᠤᠰᠢᠭᠤᠨ ᠤ ᠴᠠᠬᠢᠯᠭᠠᠨ ᠬᠦᠴᠦᠨ ᠤ ᠡᠨᠧᠷᠭᠢ ᠶᠢᠨ | ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 417 ᠲᠦᠮᠡᠨ ᠺᠢᠯᠣᠸᠠᠲ ᠲᠤ ᠬᠦᠷᠭᠡᠪᠡ᠃ ᠨᠤᠨᠲᠠᠭ ᠨᠡᠭᠦᠷᠡᠰᠦ᠂ | ᠬᠦᠬᠦᠷ ᠥᠬᠡᠶᠢᠳᠡᠭᠦᠯᠦᠭᠰᠡᠨ ᠵᠤᠭᠠᠩ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠢᠯ ᠳᠤ 180 ᠲᠦᠮᠡᠨ ᠲᠣᠨ | ᠰᠢᠶᠳᠪᠦᠷᠢᠯᠡᠵᠦ᠂ ᠠᠰᠢᠭᠯᠠᠯᠲᠠ ᠶᠢᠨ ᠨᠣᠷᠮ᠎ᠠ ᠶᠢ 60 % ᠠᠴᠠ ᠳᠡᠭᠡᠭᠰᠢ ᠳᠤ ᠬᠦᠷᠪᠡ᠃ ᠰᠣᠶᠣᠯ ᠵᠢᠭᠤᠯᠴᠢᠯᠠᠯ ᠤᠨ | ᠦᠢᠯᠡᠰ ᠨᠢ ᠠᠷᠠᠳ ᠢ ᠪᠠᠶᠠᠵᠢᠭᠤᠯᠬᠤ ᠦᠢᠯᠡᠰ᠂ ᠪᠦᠬᠦ ᠣᠷᠣᠨ ᠪᠦᠰᠡ ᠶᠢᠨ ᠦᠢᠯᠡᠰ ᠪᠠ ᠳᠥᠷᠪᠡᠨ ᠤᠯᠠᠷᠢᠯ ᠤᠨ | ᠵᠢᠭᠤᠯᠴᠢᠯᠠᠯ ᠪᠣᠯᠭᠠᠨ ᠬᠥᠭᠵᠢᠭᠦᠯᠵᠦ᠂ ᠨᠡᠶᠢᠲᠡ 388 ᠲᠦᠮᠡᠨ ᠬᠥᠮᠦᠨ ᠤᠳᠠᠭᠠᠨ ᠤ ᠵᠢᠭᠤᠯᠴᠢᠨ ᠢ ᠬᠦᠯᠢᠶᠡᠨ ᠠᠪᠴᠤ᠂ | 26 . 83 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ᠃ | ᠠᠷᠠᠳ ᠤᠨ ᠵᠣᠯ ᠵᠢᠷᠭᠠᠯᠳᠣ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠪᠡ᠃ ᠠᠷᠠᠳ ᠤᠨ ᠠᠮᠢᠳᠤᠷᠠᠯ ᠳᠠᠬᠢ ᠪᠡᠯᠡ | ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠦᠨ᠂ ᠣᠯᠠᠨ ᠲᠥᠮᠡᠨ ᠤ ᠠᠮᠢᠳᠤᠷᠠᠯ ᠤᠨ ᠬᠢᠷᠢ ᠲᠦᠪᠰᠢᠨ ᠢ | ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠳ᠋ ᠤᠨ ᠵᠠᠰᠠᠭ ᠤᠨ ᠵᠠᠷᠤᠯᠭ᠎ᠠ ᠳᠤ ᠡᠵᠡᠯᠡᠬᠦ ᠨᠤᠷᠮ᠎ᠠ ᠶᠢ | 80 % ᠠᠴᠠ ᠳᠡᠭᠡᠭᠰᠢ ᠪᠠᠶᠢᠬᠤ ᠶᠢ ᠪᠠᠲᠤᠯᠠᠵᠤ᠂ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ 12 . | 99 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ ᠤᠨ | ᠢᠯᠠᠯᠲᠠ ᠶᠢ ᠣᠯᠵᠤ᠂ ᠬᠤᠲᠠ ᠬᠥᠳᠡᠭᠡᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠤᠯᠠᠬᠤᠶᠢᠴᠠ ᠣᠷᠣᠯᠭ᠎ᠠ ᠲᠣᠰ ᠲᠣᠰ 39544 ᠲᠥᠭᠦᠷᠢᠭ᠂ 21194 ᠲᠥᠭᠦᠷᠢᠭ ᠪᠠᠶᠢᠵᠤ᠂ ᠵᠢᠯ ᠳᠤ ᠳᠤᠮᠳᠠᠴᠢ ᠪᠠᠷ | 5.7 % ᠪᠠ 9.2 % ᠪᠠᠷ ᠨᠡᠮᠡᠭᠳᠡᠪᠡ᠃ ᠦᠢᠯᠡᠰ ᠪᠣᠰᠬᠠᠵᠤ ᠠᠵᠢᠯ ᠣᠯᠭᠤᠬᠤ ᠲᠥᠷᠦ ᠶᠢᠨ ᠪᠣᠳᠣᠯᠭ᠎ᠠ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠵᠦ᠂23845 ᠠᠵᠢᠯ ᠤᠨ ᠪᠠᠶᠢᠷᠢ ᠭᠠᠷᠭᠠᠵᠤ᠂ 2798 ᠲᠥᠮᠡᠨ ᠲᠦᠭᠦᠷᠢᠭ ᠤᠨ | ᠦᠢᠯᠡᠰ ᠪᠣᠰᠬᠠᠬᠤ ᠵᠢᠭᠡᠯᠡᠯᠭᠡ ᠲᠠᠯᠪᠢᠵᠤ᠂ ᠬᠤᠲᠠ ᠪᠠᠯᠭᠠᠰᠤᠨ ᠤ 5600 ᠬᠥᠮᠦᠨ ᠳᠤ ᠰᠢᠨ᠎ᠡ ᠪᠠᠷ ᠠᠵᠢᠯ ᠣᠯᠭᠤᠵᠤ᠂ | 2 . 1 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ 4 ᠦᠢᠯᠡᠰ ᠪᠣᠰᠬᠠᠬᠤ ᠬᠦᠷᠢᠶᠡᠯᠡᠩ ᠢ | ᠪᠠᠶᠢᠭᠤᠯᠵᠤ᠂ 295 ᠦᠢᠯᠡᠰ ᠪᠣᠰᠬᠠᠬᠤ ᠡᠷᠦᠬᠡ᠂ 1856 ᠬᠥᠮᠦᠨ ᠳᠤ ᠠᠵᠢᠯ ᠣᠯᠭᠤᠪᠠ᠃ ᠤᠯᠤᠰ ᠤᠨ | ᠭᠤᠷᠪᠠᠳᠤᠭᠠᠷ ᠪᠦᠯᠦᠭ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠲᠠᠢ ᠤᠶᠠᠯᠳᠤᠭᠤᠯᠤᠨ ᠮᠠᠯᠴᠢᠨ ᠲᠠᠷᠢᠶᠠᠴᠢᠨ | ᠬᠥᠯᠥᠰᠦᠨ ᠠᠵᠢᠯᠳᠠᠨ ᠤ ᠨᠤᠲᠤᠭ ᠲᠠᠭᠠᠨ ᠪᠤᠴᠠᠵᠤ ᠠᠳᠠᠯ ᠦᠶᠯᠡᠰ ᠴᠣᠭᠴᠠᠯᠠᠬᠤ ᠶᠢ ᠳᠡᠮᠵᠢᠬᠦ ᠲᠤᠷᠰᠢᠯᠲᠠ ᠶᠢᠨ ᠴᠢᠭ | ᠤᠨ ᠭᠠᠵᠠᠷ ᠣᠷᠣᠨ ᠳᠤ ᠠᠮᠵᠢᠯᠲᠠ ᠲᠠᠢ ᠵᠢᠭᠰᠠᠭᠠᠭᠳᠠᠪᠠ᠃ ᠬᠤᠲᠠ ᠬᠥᠳᠡᠭᠡᠨ ᠤ ᠨᠡᠶᠢᠭᠡᠮ ᠤᠨ ᠠᠪᠤᠷᠠᠨ ᠲᠤᠰᠠᠯᠠᠬᠤ | ᠰᠢᠰᠲ᠋ᠧᠮ ᠢ ᠨᠠᠩ ᠲᠡᠭᠦᠯᠳᠡᠷᠵᠢᠭᠦᠯᠵᠦ᠂ ᠠᠮᠢᠳᠣᠯᠢᠭ ᠬᠠᠮᠢᠶᠠᠷᠤᠯᠲᠠ ᠪᠠᠷ ᠬᠤᠲᠠ ᠬᠥᠳᠡᠭᠡᠨ ᠤ ᠳᠣᠣᠷ᠎ᠠ ᠪᠠᠲᠤᠯᠠᠭᠠᠳᠣ | ᠡᠷᠥᠬᠡ ᠶᠢᠨ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠬᠤᠳᠠ ᠬᠥᠳᠡᠭᠡᠨ ᠤ ᠰᠠᠭᠤᠭᠠᠯᠢ ᠠᠷᠠᠳ ᠢ | ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠳᠣᠭᠳᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠵᠤ᠂ ᠨᠠᠰᠤᠵᠢᠯ᠂ | ᠡᠮᠴᠢᠯᠡᠭᠡ᠂ ᠠᠵᠢᠯ ᠠᠴᠠ ᠪᠣᠯᠤᠭᠰᠠᠨ ᠭᠡᠮᠲᠦᠯ᠂ ᠬᠥᠩᠭᠡᠵᠢᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ | ᠥᠬᠡᠶ ᠥᠷᠭᠡᠳᠬᠡᠨ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ ᠴᠥᠮ 96 % ᠳᠤ ᠬᠦᠷᠭᠡᠵᠦ᠂ ᠪᠠᠲᠤᠯᠠᠪᠠᠰᠤ ᠵᠣᠬᠢᠬᠤ ᠶᠢ | ᠨᠢ ᠪᠦᠬᠦᠨ ᠢ ᠪᠠᠲᠤᠯᠠᠬᠤ᠂ ᠣᠨᠳᠣᠤ ᠭᠠᠵᠠᠷ ᠲᠤ ᠡᠮᠨᠡᠭᠦᠯᠦᠭᠰᠡᠨ ᠰᠦᠢᠳᠬᠡᠯ ᠢ ᠰᠢᠭᠤᠳ ᠴᠠᠶᠢᠷᠠᠭᠤᠯᠬᠤ ᠬᠠᠷᠠᠯᠲᠠ ᠶᠢ | ᠦᠨᠳᠦᠰᠦᠨ ᠳᠡᠭᠡᠨ ᠪᠡᠶᠡᠯᠡᠭᠦᠯᠪᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠲᠣᠭᠲᠠᠭᠤᠨ ᠢᠶᠠᠷ | ᠳᠡᠭᠡᠭᠰᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠲᠡᠩᠴᠡᠭᠦᠷᠢᠲᠡᠢ ᠬᠥᠭᠵᠢᠵᠦ᠂ ᠰᠤᠷᠬᠤ ᠨᠠᠰᠤᠨ ᠤ | ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠭᠰᠡᠨ ᠨᠣᠷᠮ᠎ᠠ 100 % ᠳᠤ ᠬᠦᠷᠴᠦ᠂ ᠥᠨᠳᠥᠷ ᠵᠡᠷᠭᠡ | ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠭᠰᠠᠨ ᠨᠣᠷᠮ᠎ᠠ 95 . 98 % ᠳᠤ ᠬᠦᠷᠴᠦ᠂ | 10 . 5 % ᠪᠠᠷ ᠨᠡᠮᠡᠭᠳᠡᠨ᠂ ᠪᠦᠬᠦ ᠠᠶᠢᠮᠠᠭ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠡᠷᠢᠭᠦᠨ ᠤ ᠰᠤᠷᠭᠠᠭᠤᠯᠢ | 3 ᠶᠢ ᠪᠠᠶᠢᠭᠤᠯᠪᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠰ ᠢ ᠴᠢᠩᠭᠠᠳᠬᠠᠵᠤ᠂ ᠬᠤᠰᠢᠭᠤᠨ ᠳᠣᠳᠣᠷ᠎ᠠ | ᠡᠮᠴᠢᠯᠡᠭᠡᠨ ᠤ ᠬᠠᠮᠲᠤ ᠶᠢᠨ ᠴᠣᠭᠴᠠ ᠶᠢ 14 ᠶᠢ ᠪᠠᠶᠢᠭᠤᠯᠵᠤ᠂ ᠮᠣᠩᠭᠤᠯ ᠬᠢᠲᠠᠳ ᠡᠮᠨᠡᠯᠭᠡ ᠶᠢᠨ ᠭᠠᠵᠠᠷ 7 ᠶᠢ | ᠪᠠᠶᠢᠭᠤᠯᠵᠤ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠨᠢ ᠪᠦᠬᠦ ᠠᠶᠢᠮᠠᠭ ᠤᠨ ᠴᠣᠷ ᠤᠨ ᠭᠠᠭᠴᠠ ᠮᠣᠩᠭᠤᠯ ᠡᠮ | ᠨᠠᠶᠢᠷᠠᠭᠤᠯᠬᠤ ᠬᠢᠷᠢ ᠬᠡᠮ ᠲᠠᠢ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠪᠣᠯᠪᠠ᠃ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠲᠣᠭᠲᠠᠯᠴᠠᠭ᠎ᠠ ᠲᠠᠰᠤᠷᠠᠯᠲᠠ ᠦᠭᠡᠢ ᠲᠡᠭᠦᠯᠳᠡᠷᠵᠢᠵᠦ᠂ ᠬᠦᠰᠡᠯᠡᠩ ᠬᠡᠦᠬᠡᠳ ᠤᠨ | ᠴᠡᠴᠡᠷᠯᠢᠭ ᠨᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠᠷ | ᠦᠨᠡᠯᠡᠭᠳᠡᠪᠡ᠃ ᠰᠠᠩ ᠤᠨ ᠲᠡᠯᠡᠶ ᠪᠠᠯᠭᠠᠰᠣᠨ ᠤ ᠶᠡᠬᠡᠲᠠᠯ᠎ᠠ ᠭᠠᠴᠠᠭ᠎ᠠ ᠨᠢ ᠪᠥᠬᠦ ᠤᠯᠤᠰ ᠤᠨ ᠪᠣᠯᠪᠠᠰᠤᠨ ᠭᠠᠴᠠᠭ᠎ᠠ | ᠲᠤᠰᠬᠤᠨ ᠢᠶᠠᠷ ᠦᠨᠡᠯᠡᠭᠳᠡᠪᠡ᠃ ︽ᠭᠦᠶᠦᠭᠴᠢ︾ ᠬᠤᠯᠠ ᠭᠦᠶᠦᠬᠦ ᠤᠷᠤᠯᠳᠤᠭᠠᠨ ᠨᠢ ᠰᠢᠯᠢ ᠶᠢᠨ ᠭᠤᠣᠯ ᠠᠶᠢᠮᠠᠭ ᠤᠨ | ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ᠂ ᠥᠪᠡᠷᠲᠡᠭᠡᠨ ᠵᠠᠰᠠᠬᠤ ᠣᠷᠣᠨ ᠤ ᠤᠨᠴᠠᠯᠢᠬᠳᠤ ᠪᠡᠶ᠎ᠡ ᠲᠠᠮᠢᠷ | ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠰᠣᠳᠣᠨ ᠪᠡᠶ᠎ᠡ ᠲᠠᠮᠢᠷ ᠤᠨ ᠤᠷᠤᠯᠳᠤᠭᠠᠨ ᠢᠶᠠᠷ ᠦᠨᠡᠯᠡᠭᠳᠡᠪᠡ᠃ | ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠪᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠳᠠᠭᠠᠭᠠᠴᠠ ᠶᠢᠨ ᠴᠢᠳᠠᠪᠤᠷᠢ ᠲᠠᠰᠤᠷᠠᠯᠲᠠ ᠦᠭᠡᠢ | ᠴᠢᠩᠭᠠᠷᠠᠵᠤ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠳᠤ 427 ᠺᠢᠯᠤᠮᠧᠲᠷ ᠵᠠᠰᠠᠮᠠᠯ ᠵᠠᠮ ᠵᠠᠰᠠᠵᠤ᠂ | ᠤᠯᠤᠰ ᠮᠤᠵᠢ ᠶᠢᠨ ᠲᠡᠰ ᠤᠨ ᠭᠤᠣᠯ ᠪᠣᠯᠬᠤ ᠵᠠᠮ ᠢ ᠦᠨᠳᠦᠰᠦᠨ ᠳᠡᠭᠡᠨ ᠵᠠᠰᠠᠵᠤ ᠳᠠᠭᠤᠰᠬᠠᠪᠠ᠃ 330 ᠺᠢᠯᠤᠮᠧᠲᠷ ᠤᠨ | ᠥᠨᠳᠥᠷ᠂ ᠳᠣᠣᠷ᠎ᠠ ᠬᠦᠴᠦᠳᠡᠯᠲᠦ ᠴᠠᠬᠢᠯᠭᠠᠨ ᠱᠤᠭᠤᠮ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 10 ᠺᠢᠯᠣᠸᠠᠲ ᠤᠨ | ᠴᠠᠬᠢᠯᠭᠠᠨ ᠱᠤᠭᠤᠮ ᠢ 200 ᠺᠢᠯᠤᠮᠧᠲᠷ ᠳᠠᠲᠠᠪᠠ᠃ ᠪᠥᠬᠦ ᠬᠤᠰᠢᠭᠤᠨ ᠤ ᠤᠰᠤ ᠬᠠᠩᠭᠠᠬᠤ᠂ ᠬᠡᠶ ᠬᠠᠩᠭᠠᠬᠤ ᠨᠣᠷᠮ᠎ᠠ | ᠲᠣᠰ ᠲᠣᠰ 96.4 %᠂ 80.5% ᠳᠤ ᠬᠥᠷᠪᠡ᠃ ᠴᠢᠮᠡᠭᠡ ᠬᠤᠯᠪᠣᠭᠠᠨ ᠤ 4G ᠰᠠᠭᠤᠷᠢ ᠥᠷᠲᠡᠭᠡ 274᠂ | 1216 ᠺᠢᠯᠣᠮᠧᠲᠷ ᠤᠨ ᠭᠡᠷᠡᠯᠯᠢᠭ ᠰᠢᠷᠬᠡᠭ ᠲᠠᠢ ᠪᠠᠶᠢᠵᠤ᠂ ᠭᠠᠷ ᠤᠲᠠᠰᠤᠨ ᠤ ᠳᠣᠬᠢᠶᠠᠨ ᠤ ᠪᠦᠷᠬᠦᠴᠡ 85 % ᠳᠤ | ᠬᠥᠷᠪᠡ᠃ ᠬᠤᠲᠠ ᠶᠢᠨ ᠭᠡᠷᠡᠯᠲᠦᠭᠦᠯᠭᠡ ᠶᠢᠨ ᠨᠣᠷᠮ᠎ᠠ ᠪᠣᠯᠤᠨ ᠵᠠᠮ ᠤᠨ ᠭᠡᠷᠡᠯᠲᠦᠭᠦᠯᠭᠡ ᠶᠢᠨ ᠨᠣᠷᠮ᠎ᠠ ᠶᠢ ᠲᠤᠰ ᠲᠤᠰ 95 | % ᠪᠣᠯᠤᠨ 100 % ᠳᠤ ᠬᠦᠷᠴᠦ᠂ ᠬᠤᠲᠠ ᠪᠠᠯᠭᠠᠰᠣᠨ ᠤ ᠨᠣᠭᠤᠭᠠᠷᠠᠭᠤᠯᠤᠯᠲᠠ ᠶᠢᠨ ᠶᠡᠷᠦᠩᠬᠡᠶ ᠲᠠᠯᠠᠪᠠᠶ ᠶᠢ 481 | ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ︽ᠠᠷᠪᠠᠨ ᠬᠤᠶᠠᠳᠣᠭᠠᠷ ᠲᠠᠪᠤᠨ ᠵᠢᠯ︾ ᠤᠨ ᠲᠥᠯᠥᠪᠯᠡᠭᠡᠨ ᠤ | ᠰᠡᠭᠦᠯᠴᠢ ᠶᠢᠨ ᠬᠤᠭᠤᠴᠠᠭᠠᠨ ᠤ ᠬᠢ ᠠᠴᠠ 31 % ᠪᠠᠷ ᠨᠡᠮᠡᠭᠳᠡᠪᠡ᠃ | ᠨᠡᠶᠢᠭᠡᠮ ᠤᠨ ᠡᠶ᠎ᠡ ᠵᠣᠬᠢᠴᠠᠯ ᠳᠣᠪᠣᠶᠢᠮ᠎ᠠ ᠰᠠᠶᠢᠵᠢᠷᠠᠪᠠ᠃ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠳᠠ | ᠳᠠᠰᠤᠷᠠᠯᠳᠠ ᠦᠭᠡᠢ ᠴᠢᠩᠭᠠᠷᠠᠵᠤ᠂ ᠴᠡᠭᠴᠡᠯᠡᠯᠲᠡ ᠶᠢᠨ ᠬᠢᠷᠢ ᠲᠥᠪᠰᠢᠨ ᠤ ᠣᠳᠣᠬᠢᠴᠢᠯᠠᠯᠳᠠ ᠳᠠᠰᠤᠷᠠᠯᠳᠠ ᠦᠭᠡᠢ | ᠳᠡᠭᠡᠭᠰᠢᠯᠡᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠳᠤ ᠴᠤᠬᠢᠯᠲᠠ ᠥᠭᠬᠦ ᠠᠵᠢᠯᠯᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠵᠠᠬᠢᠳᠠᠯ ᠰᠤᠷᠪᠤᠯᠵᠢᠯᠠᠭ᠎ᠠ ᠳᠣᠭᠲᠠᠭᠤᠨ ᠢ ᠬᠠᠮᠠᠭᠠᠯᠠᠬᠤ ᠠᠵᠢᠯ ᠳᠣᠭᠲᠠᠭᠤᠨ ᠠᠬᠢᠵᠤ᠂ ᠵᠠᠬᠢᠳᠠᠯ | ᠰᠤᠷᠪᠤᠯᠵᠢᠯᠠᠭ᠎ᠠ ᠶᠢᠨ ᠵᠦᠢᠯ ᠵᠢᠯ ᠳᠤ ᠳᠣᠮᠳᠠᠴᠢ ᠪᠠᠷ 14% ᠪᠠᠷ ᠪᠠᠭᠠᠰᠪᠠ᠃ ᠲᠡᠦᠬᠡ ᠶᠢᠨ ᠦᠯᠡᠳᠡᠭᠳᠡᠯ ᠠᠰᠠᠭᠤᠳᠠᠯ ᠢ | ᠰᠢᠶᠳᠪᠦᠷᠢᠯᠡᠬᠦ ᠶᠢ ᠴᠢᠩᠭᠠᠳᠬᠠᠵᠤ᠂ ᠣᠯᠠᠨ ᠲᠦᠮᠡᠨ ᠤ ᠰᠠᠨᠠᠯ ᠪᠣᠳᠣᠯ ᠢ ᠬᠢᠨᠠᠮᠠᠭᠠᠶ ᠰᠣᠨᠣᠰᠴᠤ᠂ ᠬᠦᠴᠢᠷ ᠲᠥᠪᠡᠭᠳᠡᠢ | ᠠᠰᠠᠭᠤᠳᠠᠯ ᠢ ᠢᠳᠡᠪᠬᠢᠲᠡᠶ ᠰᠢᠶᠳᠪᠦᠷᠢᠯᠡᠵᠦ᠂ ᠪᠣᠳᠠᠲᠤ ᠶᠠᠪᠤᠳᠠᠯ ᠬᠢᠵᠦ᠂ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ | ᠲᠤᠰᠬᠠᠶ ᠮᠡᠷᠭᠡᠵᠢᠯ ︵ᠳᠣᠰᠬᠠᠢ ᠮᠡᠷᠭᠡᠵᠢᠯ ᠤᠨ ᠰᠤᠷᠭᠠᠭᠤᠯᠢ︶ ᠠᠴᠠ ᠲᠡᠭᠦᠰᠦᠭᠰᠡᠨ ᠰᠣᠷᠣᠭᠴᠢ᠂ ᠴᠡᠷᠢᠭ ᠠᠴᠠ | ᠬᠠᠯᠠᠭᠳᠠᠭᠰᠠᠳ ᠢ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠭᠦᠨ ᠳᠤ ᠴᠡᠷᠢᠭ ᠠᠴᠠ | ᠬᠠᠯᠠᠭᠳᠠᠭᠰᠠᠳ ᠢ ᠲᠥᠪᠬᠢᠨᠡᠭᠦᠯᠬᠦ ᠠᠵᠢᠯ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠤᠯᠤᠰ ᠤᠨ ᠥᠮᠴᠢᠯᠡᠯᠲᠦ | ᠲᠠᠷᠢᠶᠠᠯᠠᠩ ᠮᠠᠯᠵᠢᠯ ᠤᠨ ᠲᠠᠯᠠᠪᠠᠶ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠯᠠᠨ ᠠᠷᠭ᠎ᠠ ᠵᠠᠮ ᠢᠶᠠᠷ ᠪᠡᠯᠡ | ᠮᠥᠩᠭᠦ ᠬᠤᠷᠠᠮᠳᠤᠭᠤᠯᠵᠤ᠂ ︽ᠨᠢᠭᠡ ᠬᠦᠮᠦᠨ ᠠᠵᠢᠯ ᠠᠴᠠ ᠪᠠᠨ ᠠᠮᠠᠷᠠᠪᠠᠯ ᠨᠢᠭᠡ ᠬᠦᠮᠦᠨ ᠤ ᠬᠢ ᠨᠥᠬᠦᠪᠦᠷᠢᠯᠡᠬᠦ︾ | ᠲᠥᠷᠥ ᠶᠢᠨ ᠪᠤᠳᠣᠯᠭ᠎ᠠ ᠶᠢ ᠬᠡᠷᠡᠭᠵᠢᠭᠦᠯᠵᠦ᠂ ᠥᠪᠡᠷᠳᠡᠭᠡᠨ ᠵᠠᠰᠠᠬᠤ ᠣᠷᠣᠨ ᠤ ᠨᠢᠭᠡᠳᠣᠯᠳᠠᠢ ᠲᠥᠯᠥᠪᠵᠢᠭᠦᠯᠬᠦ ᠵᠦᠢᠯ ᠤᠨ | ᠪᠡᠯᠡᠳᠬᠡᠯ ᠠᠵᠢᠯ ᠢ ᠰᠠᠶᠢᠨ ᠬᠢᠪᠡ᠃ ᠬᠤᠲᠠ ᠪᠠᠯᠭᠠᠰᠤᠨ ᠤ ᠳᠤᠯᠠᠭᠠᠯᠠᠭ᠎ᠠ ᠬᠠᠩᠭᠠᠬᠤ ᠨᠥᠬᠦᠴᠡᠯ ᠢ ᠲᠤᠶᠢᠯᠪᠤᠷᠢᠲᠠᠢ | ᠬᠤᠪᠢᠷᠠᠭᠤᠯᠵᠤ᠂ 2020 ᠣᠨ ᠳᠤ ᠱᠠᠩᠳᠤ ᠪᠠᠯᠭᠠᠰᠤᠨ ᠤ ᠳᠤᠯᠠᠭᠠᠯᠠᠭ᠎ᠠ ᠬᠠᠩᠭᠠᠬᠤ ᠴᠢᠳᠠᠪᠬᠢ ᠶᠢ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠠᠴᠠ ᠤᠯᠤᠰ ᠤᠨ ᠥᠮᠴᠢᠯᠠᠯᠲᠦ ᠠᠵᠤ ᠠᠬᠤᠶᠢᠯᠠᠯ ᠲᠡᠰᠢ ᠵᠣᠬᠢᠴᠠᠭᠤᠯᠤᠨ ᠬᠤᠪᠢᠷᠠᠭᠤᠯᠬᠤ | ᠠᠵᠢᠯ ᠢ ᠪᠡᠶᠡᠯᠡᠭᠦᠯᠵᠦ᠂ ᠣᠳᠣᠬᠠᠨ ᠳᠤ ᠱᠠᠩᠳᠣ ᠪᠠᠯᠭᠠᠰᠤᠨ ᠤ 284 ᠲᠦᠮᠡᠨ ᠲᠡᠭᠰᠢ ᠳᠥᠷᠪᠡᠯᠵᠢᠨ ᠮᠧᠲᠷ ᠲᠤ | ᠳᠤᠯᠠᠭᠠᠯᠠᠭ᠎ᠠ ᠬᠠᠩᠭᠠᠬᠤ ᠶᠢ ᠪᠡᠶᠡᠯᠡᠭᠦᠯᠵᠦ᠂ ᠢᠷᠡᠭᠡᠳᠦᠢ ᠳᠤ ᠪᠠᠰᠠ 500 ᠲᠦᠮᠡᠨ ᠲᠡᠭᠰᠢ ᠳᠥᠷᠪᠡᠯᠵᠢᠨ ᠮᠧᠲᠷ ᠲᠤ | ᠳᠤᠯᠠᠭᠠᠯᠠᠭ᠎ᠠ ᠬᠠᠩᠭᠠᠬᠤ ᠶᠢ ᠳᠠᠭᠠᠭᠠᠴᠢᠯᠠᠬᠤ ᠴᠢᠳᠠᠪᠬᠢ ᠲᠠᠢ ᠪᠠᠶᠢᠵᠤ᠂ ᠣᠯᠠᠨ ᠵᠢᠯ ᠣᠷᠣᠰᠢᠵᠤ ᠪᠠᠶᠢᠭ᠎ᠠ ᠳᠤᠯᠠᠭᠠᠯᠠᠭ᠎ᠠ | ᠬᠠᠩᠭᠠᠬᠤ ᠴᠢᠨᠠᠷ ᠮᠠᠭᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠯᠡᠭᠡᠨ ᠤ ᠬᠤᠭᠤᠴᠠᠭᠠᠨ ᠳᠤ ᠮᠠᠨ ᠤ ᠬᠤᠰᠢᠭᠤᠨ ᠤ ᠭᠤᠣᠯᠯᠠᠨ ᠤᠳᠤᠷᠢᠳᠴᠤ ᠬᠡᠷᠡᠭᠵᠢᠭᠦᠯᠦᠭᠰᠡᠨ ᠬᠠᠮᠤᠭ ᠶᠡᠭᠡ | ᠢᠨᠵᠧᠨᠧᠷᠢᠩ ᠪᠣᠯᠵᠠᠢ᠃ | ᠡᠳᠡᠭᠡᠷ ᠠᠮᠵᠢᠯᠳᠠ ᠪᠦᠳᠦᠮᠵᠢ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠳᠤ | ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ ᠤ ᠬᠢᠨᠠᠯᠲᠠ ᠲᠠᠯᠪᠢᠵᠤ ᠳᠡᠮᠵᠢᠭᠰᠡᠨ ᠤ ᠦᠷ᠎ᠡ ᠳ᠋ᠦᠩ᠂ ᠪᠦᠬᠦ ᠬᠤᠰᠢᠭᠤᠨ ᠤ ᠠᠷᠠᠳ ᠲᠥᠮᠡᠨ ᠤ | ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠪᠤᠯᠤᠨ᠎ᠠ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠵᠦ ᠰᠢᠷᠭᠠᠭᠤ ᠬᠠᠲᠠᠭᠤᠵᠢᠯᠲᠠᠢ ᠬᠥᠳᠡᠯᠮᠦᠷᠢᠯᠡᠵᠦ ᠪᠠᠶᠢᠭ᠎ᠠ ᠥᠷᠭᠡᠨ ᠣᠯᠠᠨ ᠺᠠᠳ᠋ᠷ ᠣᠯᠠᠨ ᠲᠦᠮᠡᠨ᠂ ᠵᠠᠰᠠᠭ ᠤᠨ | ᠣᠷᠳᠣᠨ ᠤ ᠠᠵᠢᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢᠳ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ ᠰᠢᠯᠤᠭᠤᠨ ᠬᠥᠬᠡ | ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠳᠡᠭ ᠨᠡᠶᠢᠭᠡᠮ ᠤᠨ ᠡᠯ᠎ᠡ ᠡᠲᠡᠭᠡᠳ ᠤᠨ ᠬᠦᠮᠦᠰ ᠲᠤ | ᠡᠷᠬᠢᠮ ᠳᠡᠭᠡᠳᠦ ᠬᠦᠨᠳᠦᠳᠭᠡᠯ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ | ᠪᠢᠳᠡ ᠠᠮᠵᠢᠯᠲᠠ ᠪᠠᠨ ᠨᠤᠲᠠᠯᠠᠬᠤ ᠶᠢᠨ ᠬᠠᠮᠲᠤ ᠪᠠᠰᠠ ᠣᠳᠣᠬᠠᠨ ᠤ ᠬᠢᠵᠢᠭ ᠤᠨ ᠪᠠᠶᠢᠳᠠᠯ ᠪᠠ ᠭᠠᠳᠠᠭᠠᠳᠤ ᠣᠷᠴᠢᠨ ᠤ | ᠳᠣᠭᠲᠠᠪᠤᠷᠢ ᠦᠭᠡᠢ ᠪᠠᠶᠢᠳᠠᠯ᠂ ᠳᠡᠯᠡᠬᠡᠢ ᠶᠢᠨ ᠪᠤᠳᠤᠯᠢᠶᠠᠨᠲᠠᠢ ᠪᠠᠶᠢᠳᠠᠯ ᠪᠣᠯᠤᠨ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ | ᠲᠣᠭᠲᠠᠭᠤᠨ ᠪᠤᠰᠤ ᠪᠠᠶᠢᠬᠤ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠪᠠᠭᠤᠷᠠᠢ | ᠪᠠᠶᠢᠬᠤ ᠵᠡᠷᠭᠡ ᠣᠯᠠᠨ ᠬᠦᠴᠢᠷ ᠲᠥᠪᠡᠭ ᠢ ᠰᠡᠷᠭᠡᠭ ᠢᠶᠠᠷ ᠣᠯᠵᠤ ᠲᠠᠨᠢᠬᠤ ᠬᠡᠷᠡᠭᠲᠡᠢ᠃ ᠮᠠᠨ ᠤ ᠬᠤᠰᠢᠭᠤ ᠲᠡᠦᠬᠡᠨ ᠠᠴᠠ | ᠦᠯᠡᠳᠡᠭᠳᠡᠭᠰᠡᠨ ᠠᠯᠢ ᠣᠯᠠᠨ ᠠᠰᠠᠭᠤᠳᠠᠯ ᠪᠣᠯᠤᠨ ᠪᠦᠳᠦᠭᠦᠯᠢᠭ ᠬᠥᠭᠵᠢᠯᠲᠡ ᠶᠢᠨ ᠭᠡᠮ ᠰᠣᠭᠤᠭ ᠢ ᠬᠠᠷᠠᠬᠠᠨ | ᠰᠢᠢᠳᠪᠦᠷᠢᠯᠡᠭᠡ ᠦᠭᠡᠢ ᠪᠠᠶᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠷᠤᠯᠲᠠ ᠬᠦᠨᠳᠦ ᠨᠣᠴᠢᠲᠠᠢ᠂ | ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ ᠪᠣᠯᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠡᠳᠦᠷ ᠢᠷᠡᠬᠦᠶ᠎ᠡ | ᠬᠢᠵᠠᠭᠠᠷᠯᠠᠵᠤ ᠪᠠᠶᠢᠭ᠎ᠠ ᠲᠤᠯᠠᠳᠠ᠂ ᠤᠯᠠᠮᠵᠢᠯᠠᠯᠲᠤ ᠭᠠᠯ᠂ ᠴᠠᠬᠢᠯᠭᠠᠨ ᠤ ᠡᠨᠧᠷᠭᠢ ᠶᠢᠨ ᠭᠤᠤᠯᠯᠬᠠᠥ ᠠᠵᠤ ᠦᠢᠯᠡᠰ ᠤᠨ | ᠪᠦᠲᠦᠴᠡ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠠᠶᠢᠬᠤ ᠶᠢ ᠰᠡᠷᠬᠡᠭ ᠢᠶᠠᠷ ᠣᠯᠵᠤ ᠲᠠᠨᠢᠬᠤ ᠬᠡᠷᠡᠭᠳᠡᠢ᠃ ᠡᠨᠡ ᠵᠢᠯ | ᠪᠦᠬᠦ ᠬᠤᠰᠢᠭᠤᠨ ᠤ ᠡᠳ᠋ ᠤᠨ ᠵᠠᠰᠠᠭ ᠤᠨ ᠬᠦᠴᠢᠷᠳᠡᠯ ᠤᠯᠠᠮ ᠳᠣᠪᠣᠶᠢᠮ᠎ᠠ ᠪᠣᠯᠵᠤ᠂ ︽ᠭᠤᠷᠪᠠᠨ ᠪᠠᠲᠤᠯᠠᠭ᠎ᠠ︾ ᠶᠢ | ᠪᠠᠲᠤᠯᠠᠬᠤ᠂ ᠥᠷᠢ ᠥᠭᠴᠡᠭᠡ ᠶᠢ ᠰᠢᠢᠳᠪᠦᠷᠢᠯᠡᠬᠦ᠂ ᠲᠦᠷ ᠥᠭᠬᠦ ᠵᠤᠭᠤᠰ ᠢ ᠰᠢᠢᠳᠪᠦᠷᠢᠯᠡᠬᠦ᠂ ᠳᠣᠰᠬᠠᠢ ᠪᠡᠯᠡ ᠮᠦᠩᠬᠦ ᠶᠢ | ᠨᠠᠶᠢᠳᠠᠪᠤᠷᠢᠵᠢᠭᠤᠯᠬᠤ ᠵᠡᠷᠭᠡ ᠡᠭᠦᠷᠭᠡ ᠳᠠᠪᠬᠤᠴᠠᠵᠤ᠂ ᠣᠷᠣᠯᠭ᠎ᠠ ᠵᠠᠷᠤᠯᠭ᠎ᠠ ᠶᠢᠨ ᠵᠥᠷᠢᠴᠡᠯ ᠤᠯᠠᠮ ᠳᠣᠪᠣᠶᠢᠮ᠎ᠠ ᠪᠣᠯᠬᠤ ᠶᠢ | ᠰᠡᠷᠬᠡᠭ ᠢᠶᠠᠷ ᠲᠠᠨᠢᠬᠤ ᠬᠡᠷᠡᠭᠳᠡᠢ᠃ ᠰᠢᠨ᠎ᠡ ᠲᠥᠰᠦᠯ᠂ ᠲᠣᠮᠣ ᠲᠥᠰᠦᠯ ᠢ ᠲᠥᠰᠥᠪᠯᠡᠨ ᠨᠥᠭᠡᠴᠡᠯᠡᠭᠰᠡᠨ ᠢᠶᠠᠷ ᠬᠦᠷᠦᠯᠴᠡᠬᠦ | ᠦᠭᠡᠢ ᠪᠠᠶᠢᠵᠤ᠂ ᠰᠠᠭᠤᠷᠢ ᠲᠦᠭᠦᠭᠡᠷᠦᠮᠵᠢ ᠪᠣᠯᠤᠨ ᠠᠷᠠᠳ ᠤᠨ ᠠᠮᠢᠳᠣᠷᠠᠯ ᠤᠨ ᠴᠠᠷ᠎ᠠ ᠬᠦᠷᠢᠶᠡᠨ ᠳᠤ ᠮᠠᠰᠢ ᠣᠯᠠᠨ | ᠳᠤᠲᠠᠭᠳᠠᠯ ᠣᠷᠣᠰᠢᠵᠤ ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠥᠷᠢᠰᠦᠯᠳᠦᠭᠡᠨ ᠪᠠ | ᠬᠦᠴᠢᠷ ᠢ ᠢᠯᠠᠨ ᠳᠠᠪᠠᠵᠤ᠂ ᠡᠯ᠎ᠡ ᠲᠥᠷᠥᠯ ᠤᠨ ᠠᠵᠢᠯ ᠢᠶᠠᠨ ᠰᠡᠳᠬᠢᠯ ᠨᠢᠭᠡᠳᠦᠨ ᠰᠠᠶᠢᠳᠣᠷ ᠬᠢᠬᠦ ᠬᠡᠷᠡᠭᠲᠡᠢ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠯᠡᠭᠡ ᠶᠢ ᠨᠢᠮᠪᠠᠢ ᠰᠥᠪᠡᠭᠴᠢᠯᠡᠬᠦ | ᠬᠡᠷᠡᠭᠳᠡᠢ | ᠬᠤᠶᠢᠰᠢᠳᠠ ᠶᠢᠨ ᠲᠠᠪᠤᠨ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠲᠡᠮᠡᠴᠡᠬᠦ | ᠬᠠᠷᠠᠯᠲᠠ ᠪᠣᠯ ᠬᠤᠰᠢᠭᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠢ ᠲᠠᠰᠤᠷᠠᠯᠲᠠ ᠦᠭᠡᠢ | ᠪᠤᠵᠠᠭᠠᠶᠢᠷᠠᠭᠤᠯᠵᠤ᠂ ᠠᠵᠤ ᠠᠬᠤᠢ ᠶᠢᠨ ᠳᠤᠮᠳᠠ ᠦᠨᠳᠦᠷ ᠬᠤᠷᠳᠤᠴᠠᠲᠤ ᠨᠡᠮᠡᠭᠳᠡᠯ ᠢ ᠴᠢᠷᠮᠠᠶᠢᠨ ᠪᠠᠲᠤᠯᠠᠵᠤ᠂ ᠠᠵᠤ | ᠦᠢᠯᠡᠰ ᠤᠨ ᠬᠥᠭᠵᠢᠯᠲᠡ ᠶᠢ ᠳᠤᠮᠳᠠ ᠦᠨᠳᠦᠷ ᠬᠡᠮᠵᠢᠶᠡᠨ ᠳᠤ ᠲᠦᠯᠬᠢᠨ ᠠᠬᠢᠭᠤᠯᠵᠤ᠂ ᠣᠯᠠᠨ ᠡᠰᠢᠲᠦ ᠬᠥᠭᠵᠢᠯᠲᠡ᠂ | ᠣᠯᠠᠨ ᠲᠤᠯᠭᠠᠭᠤᠷᠢᠯᠠᠯ ᠲᠠᠢ ᠣᠳᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠪᠦᠷᠢᠯᠳᠦᠭᠦᠯᠵᠦ᠂ ᠪᠦᠬᠦ | ᠬᠤᠰᠢᠭᠤᠨ ᠤ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 70 ᠳ᠋ᠦᠩᠰᠢᠭᠤᠷ ᠲᠥᠭᠦᠷᠢᠭ ᠲᠤ | ᠬᠦᠷᠭᠡᠵᠦ᠂ ᠵᠢᠯ ᠳᠤ ᠳᠤᠮᠳᠠᠴᠢ ᠪᠠᠷ 5% ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠪᠦᠬᠦ ᠨᠡᠶᠢᠭᠡᠮ ᠤᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 25 ᠳ᠋ᠦᠩᠰᠢᠭᠤᠷ ᠲᠥᠭᠦᠷᠢᠭ ᠲᠤ ᠬᠦᠷᠭᠡᠵᠦ᠂ ᠵᠢᠯ ᠳᠤ ᠳᠤᠮᠳᠠᠴᠢ ᠪᠠᠷ | 8% ᠪᠠᠷ ᠨᠡᠮᠡᠭᠳᠡᠭᠦᠯᠦᠨ᠎ᠡ᠃ ᠡᠩ ᠤᠨ ᠣᠯᠠᠨ ᠨᠡᠶᠢᠳᠡ ᠶᠢᠨ ᠲᠥᠰᠥᠪ ᠤᠨ ᠣᠷᠣᠯᠭ᠎ᠠ ᠶᠢ 2.87 ᠳ᠋ᠦᠩᠰᠢᠭᠤᠷ | ᠲᠥᠭᠦᠷᠢᠭ ᠣᠷᠴᠢᠮ ᠳᠤ ᠬᠦᠷᠭᠡᠵᠦ᠂ ᠵᠢᠯ ᠳᠤ ᠳᠤᠮᠳᠠᠴᠢ ᠪᠠᠷ 1.2% ᠪᠠᠷ ᠨᠡᠮᠡᠭᠳᠡᠭᠦᠯᠦᠨ᠎ᠡ᠃ ᠨᠡᠶᠢᠭᠡᠮ ᠤᠨ | ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 16.5 ᠳ᠋ᠦᠩᠰᠢᠭᠤᠷ ᠲᠥᠭᠦᠷᠢᠭ ᠣᠷᠴᠢᠮ ᠳᠤ | ᠬᠦᠷᠭᠡᠵᠦ᠂ ᠵᠢᠯ ᠳᠤ ᠳᠤᠮᠳᠠᠴᠢ ᠪᠠᠷ 6% ᠪᠠᠷ ᠨᠡᠮᠡᠭᠳᠡᠭᠦᠯᠦᠨ᠎ᠡ᠃ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ 40070 ᠲᠦᠭᠦᠷᠢᠭ ᠲᠤ ᠬᠦᠷᠭᠡᠵᠦ᠂ ᠵᠢᠯ ᠳᠤ ᠳᠣᠮᠳᠠᠴᠢ ᠪᠠᠷ 5% ᠪᠠᠷ | ᠨᠡᠮᠡᠭᠳᠡᠭᠦᠯᠦᠨ᠎ᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠯᠡᠭᠡᠨ ᠤ ᠬᠤᠭᠤᠴᠠᠭ᠎ᠠ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠤᠭᠠᠷ ᠲᠠᠪᠤᠨ ᠵᠢᠯ ᠪᠣᠯᠤᠨ᠎ᠠ᠃ | ᠪᠢᠳᠡ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠦᠵᠡᠯᠲᠡ ᠶᠢ | ᠭᠦᠨᠵᠡᠭᠡᠶ ᠲᠣᠣᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠲᠠᠢ ᠡᠷᠴᠢᠮᠳᠠᠢ ᠤᠶᠠᠯᠳᠣᠵᠤ᠂ ᠥᠪᠡᠷᠲᠡᠭᠡᠨ ᠵᠠᠰᠠᠬᠤ | ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾ ᠶᠢᠨ ᠪᠠᠶᠢᠯᠳᠤᠬᠤ | ᠪᠣᠳᠣᠯᠭ᠎ᠠ ᠶᠣᠰᠣᠭᠠᠷ᠂ ᠣᠲᠣ ᠦᠶ᠎ᠡ ᠶᠢᠨ ᠮᠢᠬᠠᠨ ᠤ ᠦᠬᠡᠷ ᠤᠨ ᠠᠵᠤ ᠦᠶᠯᠡᠰ ᠤᠨ ᠬᠡᠯᠬᠢᠶᠡᠵᠢᠯ᠂ ᠣᠲᠣ ᠦᠶ᠎ᠡ ᠶᠢᠨ | ᠡᠨᠧᠷᠭᠢ ᠶᠢᠨ ᠠᠵᠤ ᠠᠬᠤᠶ ᠶᠢᠨ ᠣᠷᠴᠢᠯ ᠠᠵᠤ ᠦᠶᠯᠡᠰ ᠤᠨ ᠬᠡᠯᠬᠢᠶᠡᠵᠢᠯ᠂ ᠬᠤᠯᠠᠨ ᠰᠢᠷᠭ᠎ᠠ ᠲᠠᠭ᠎ᠠ ᠶᠢᠨ ᠮᠠᠩᠬᠠᠨ | ᠭᠠᠵᠠᠷ ᠤᠨ ᠠᠮᠢ ᠠᠬᠤᠶ ᠶᠢᠨ ᠵᠠᠰᠠᠯᠲᠠ ᠶᠢᠨ ᠣᠷᠣᠨ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠢ ᠣᠶᠠᠯᠳᠣᠭᠤᠯᠤᠨ | ᠬᠥᠭᠵᠢᠭᠦᠯᠬᠦ ᠣᠷᠣᠨ ᠤ ︽ᠬᠤᠶᠠᠷ ᠬᠡᠯᠬᠢᠶᠡᠵᠢᠯ ᠬᠤᠶᠠᠷ ᠣᠷᠣᠨ︾ ᠤ ᠬᠥᠭᠵᠢᠯᠲᠡ ᠶᠢᠨ ᠲᠣᠭᠤᠷᠢᠨ ᠳᠤ᠂ ᠠᠮᠢ ᠠᠬᠤᠶ | ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠪᠠᠶᠢᠯᠳᠤᠬᠤ ᠪᠣᠳᠣᠯᠭ᠎ᠠ | ᠲᠠᠢ ᠨᠡᠶᠢᠴᠡᠭᠰᠡᠨ᠂ ᠰᠢᠯᠤᠭᠤᠨ ᠬᠥᠬᠡ ᠬᠤᠰᠢᠭᠤᠨ ᠤ ᠣᠨᠴᠠᠯᠢᠭ ᠢ ᠢᠯᠡᠷᠡᠭᠦᠯᠦᠭᠰᠡᠨ ᠴᠢᠨᠠᠷᠯᠢᠭ ᠬᠥᠭᠵᠢᠯᠲᠡ ᠶᠢᠨ ᠰᠢᠨ᠎ᠡ | ᠵᠠᠮ ᠢ ᠡᠭᠦᠳᠬᠦ ᠬᠡᠷᠡᠭᠲᠡᠶ᠃ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠵᠣᠯ ᠵᠢᠷᠭᠠᠯᠳᠣ ᠲᠥᠷᠥᠭᠳᠡᠯ ᠢ ᠨᠡᠮᠡᠭᠳᠡᠭᠦᠯᠦᠨ᠎ᠡ᠃ | ᠬᠥᠭᠵᠢᠯᠲᠡ ᠶᠢᠨ ᠬᠠᠷᠠᠯᠲᠠ ᠵᠤᠷᠢᠯᠳᠠ ᠶᠢ ᠠᠷᠠᠳ ᠲᠦᠮᠡᠨ ᠤ ᠵᠣᠯ ᠵᠢᠷᠭᠠᠯᠳᠣ ᠲᠥᠷᠥᠭᠳᠡᠯ ᠢ ᠨᠡᠮᠡᠭᠳᠡᠭᠦᠯᠬᠦ᠂ ᠬᠠᠮᠲᠤ ᠪᠠᠷ | ᠴᠢᠨᠡᠭᠡᠯᠢᠭᠵᠢᠬᠦ ᠶᠢ ᠲᠦᠯᠬᠢᠨ ᠠᠬᠢᠭᠤᠯᠬᠤ ᠳᠡᠭᠡᠷ᠎ᠡ ᠲᠠᠯᠪᠢᠵᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ | ᠪᠠᠲᠤᠯᠠᠭ᠎ᠠ ᠵᠡᠷᠭᠡ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠣᠭᠳᠠᠯᠴᠠᠭᠠᠨ ᠤ ᠪᠠᠶᠢᠭᠤᠯᠤᠯᠲᠠ ᠶᠢ ᠡᠷᠴᠢᠮᠳᠠᠢ | ᠠᠬᠢᠭᠤᠯᠤᠨ᠎ᠠ᠃ ᠬᠤᠲᠠ ᠬᠥᠳᠡᠭᠡᠨ ᠤ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠡᠷᠴᠢᠮ ᠢ ᠲᠦᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠬᠦᠮᠦᠨ ᠠᠷᠠᠳ ᠤᠨ | ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ | ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠲᠠ ᠪᠠᠯᠭᠠᠰᠣᠨ ᠤ ᠶᠡᠷᠦᠩᠬᠡᠶᠢᠯᠡᠭᠰᠡᠨ ᠳᠠᠭᠠᠭᠠᠴᠢᠯᠠᠯᠳᠠ ᠶᠢᠨ ᠴᠢᠳᠠᠪᠬᠢ ᠶᠢ | ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠤᠨ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠳᠠᠬᠢ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠪᠡᠶᠡᠯᠡᠭᠦᠯᠦᠨ᠎ᠡ᠃ | ᠰᠢᠨ᠎ᠡ ᠬᠥᠭᠵᠢᠯᠲᠡ ᠶᠢᠨ ᠦᠵᠡᠯᠳᠡ ᠶᠢ ᠲᠣᠣᠱᠯᠠᠭᠤᠯᠵᠤ᠂ ᠠᠮᠢ ᠠᠬᠤᠢ ᠶᠢᠨ ᠪᠣᠯᠪᠠᠰᠤᠨ ᠤ ᠳᠠᠪᠠᠭᠤᠯᠢᠭ ᠢᠶᠠᠨ | ᠢᠯᠡᠷᠡᠭᠦᠯᠦᠨ᠎ᠡ᠃ ᠦᠵᠡᠰᠬᠦᠯᠡᠩᠲᠦ ᠰᠠᠶᠢᠬᠠᠨ ᠰᠢᠯᠤᠭᠤᠨ ᠬᠥᠬᠡ ᠬᠤᠰᠢᠭᠤ ᠶᠢ ᠪᠦᠲᠦᠭᠡᠨ ᠪᠠᠶᠢᠭᠤᠯᠬᠤ ᠶᠢ ᠣᠷᠣᠨ | ᠨᠤᠲᠤᠭ ᠤᠨ ᠪᠠᠶᠢᠯᠳᠤᠬᠤ ᠪᠣᠳᠣᠯᠭ᠎ᠠ ᠶᠢᠨ ᠴᠢᠨᠠᠷᠯᠢᠭ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ | ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠡᠯ᠎ᠡ ᠲᠥᠷᠥᠯ ᠤᠨ ᠠᠵᠢᠯ ᠤᠨ ᠴᠢᠬᠤᠯᠠ ᠤᠷᠢᠲᠠᠯ | ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠨ | ᠦᠢᠯᠡᠳᠦᠯᠭᠡᠵᠢᠭᠦᠯᠵᠦ᠂ ᠬᠢᠵᠠᠭᠠᠷᠯᠠᠬᠤ ᠪᠠ ᠵᠣᠷᠢᠭᠵᠢᠭᠤᠯᠬᠤ ᠶᠢ ᠵᠡᠷᠭᠡᠪᠡᠷ ᠴᠢᠬᠤᠯᠠᠴᠢᠯᠠᠭᠰᠠᠨ ᠠᠮᠢ ᠠᠬᠤᠢ ᠶᠢᠨ ᠪᠣᠯᠪᠠᠰᠤᠨ | ᠤ ᠳᠦᠷᠢᠮ ᠤᠨ ᠳᠣᠭᠳᠠᠯᠴᠠᠭ᠎ᠠ ᠶᠢ ᠡᠷᠴᠢᠮᠳᠠᠢ ᠪᠠᠶᠢᠭᠤᠯᠵᠤ᠂ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠤᠨ ᠲᠤᠷᠤᠭ | ᠪᠤᠲᠠᠯᠢᠭ ᠡᠪᠡᠰᠦᠨ ᠤ ᠠᠮᠢ ᠠᠬᠤᠢ ᠶᠢᠨ ᠰᠡᠷᠭᠡᠶᠢᠯᠡᠯᠲᠡ ᠶᠢᠨ ᠱᠤᠭᠤᠮ ᠢ ᠬᠦᠴᠦᠯᠡᠨ ᠪᠠᠶᠢᠭᠤᠯᠵᠤ᠂ ᠠᠵᠤ ᠠᠬᠤᠢ ᠨᠡᠶᠢᠭᠡᠮ | ᠤᠨ ᠬᠥᠭᠵᠢᠯᠲᠡ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠰᠠᠶᠢᠨ ᠰᠠᠶᠢᠬᠠᠨ ᠣᠷᠴᠢᠨ ᠲᠣᠭᠤᠷᠢᠨ ᠢ | ᠡᠭᠦᠳᠦᠨ᠎ᠡ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠶᠡᠷᠦᠩᠬᠡᠶᠢᠯᠡᠭᠰᠡᠨ | ᠪᠣᠳᠠᠲᠤ ᠬᠦᠴᠦᠨ ᠰᠢᠨ᠎ᠡ ᠦᠰᠦᠷᠦᠯᠲᠡ ᠲᠠᠢ ᠪᠠᠶᠢᠬᠤ ᠶᠢ ᠪᠡᠶᠡᠯᠡᠭᠦᠯᠦᠨ᠎ᠡ᠃ ︽ᠳᠥᠷᠪᠡᠨ ᠠᠮᠤᠷ ᠲᠦᠪᠰᠢᠨ︾ ᠢ ᠨᠠᠩ | ᠰᠠᠶᠢᠲᠤᠷ ᠪᠠᠲᠤᠯᠠᠬᠤ ᠶᠢᠨ ᠲᠣᠭᠤᠷᠢᠨ ᠳᠤ᠂ ᠣᠷᠣᠨ ᠪᠠᠶᠢᠷᠢ᠂ ᠠᠮᠢ ᠠᠬᠤᠶ᠂ ᠰᠣᠶᠣᠯ ᠤᠨ ᠳᠠᠪᠠᠭᠤᠯᠢᠭ ᠲᠠᠭᠠᠨ | ᠲᠦᠰᠢᠭᠯᠡᠨ᠂ ᠤᠯᠠᠮᠵᠢᠯᠠᠯᠲᠤ ᠠᠵᠤ ᠦᠶᠯᠡᠰ ᠢ ᠡᠷᠴᠢᠮᠳᠠᠢ ᠥᠭᠡᠷᠡᠴᠢᠯᠡᠨ᠂ ᠣᠯᠠᠨ ᠡᠰᠢᠵᠢᠨ ᠬᠥᠭᠵᠢᠭᠰᠡᠨ᠂ ᠣᠯᠠᠨ | ᠲᠤᠶᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠠᠵᠤ ᠦᠶᠯᠡᠰ ᠤᠨ ᠳᠣᠭᠳᠠᠯᠴᠠᠭ᠎ᠠ ᠶᠢ ᠪᠠᠶᠢᠭᠤᠯᠤᠨ᠎ᠠ᠃ ᠬᠤᠷᠢᠭ᠎ᠠ | ᠱᠤᠭᠤᠮ ᠤᠨ ᠰᠡᠳᠬᠢᠬᠦᠢ ᠪᠠ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ | ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ | ᠶᠢ ᠪᠠᠲᠤ ᠴᠣᠭᠴᠠᠯᠠᠬᠤ ᠬᠡᠷᠡᠭᠲᠡᠢ᠃ | ᠭᠤᠷᠪᠠ᠂ 2021 ᠣᠨ ᠤ ᠭᠤᠤᠯᠳᠠᠯᠭ᠎ᠠ ᠲᠠᠢ ᠠᠵᠢᠯ ᠢ ᠯᠠᠪᠳᠠᠭᠤᠨ ᠢᠶᠠᠷ ᠥᠷᠨᠢᠭᠦᠯᠦᠨ᠎ᠡ | 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠯᠡᠭᠡ ᠶᠢᠨ ᠡᠬᠢᠯᠡᠯᠲᠡ ᠶᠢᠨ ᠵᠢᠯ ᠪᠤᠯᠤᠨ᠎ᠠ᠃ | ᠡᠨᠡ ᠵᠢᠯ ᠤᠨ ᠡᠯ᠎ᠡ ᠲᠥᠷᠥᠯ ᠤᠨ ᠠᠵᠢᠯ ᠢ ᠰᠠᠶᠢᠳᠣᠷ ᠡᠬᠢᠯᠡᠭᠦᠯᠬᠦ ᠨᠢ ᠬᠤᠶᠢᠰᠢᠳᠠ ᠶᠢᠨ ᠲᠠᠪᠤᠨ ᠵᠢᠯ ᠤᠨ ᠬᠥᠭᠵᠢᠯᠳᠡ ᠶᠢᠨ | ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ᠃ | ᠥᠨᠥ ᠵᠢᠯ ᠤᠨ ᠬᠤᠰᠢᠭᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠣᠭᠠᠷ᠂ ᠲᠦᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠣᠣᠱᠯᠠᠭᠤᠯᠵᠣ᠂ ᠲᠣᠭᠲᠠᠭᠤᠨ ᠤ ᠲᠣᠮᠳᠠ ᠣᠷᠣᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠦ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠣᠣᠱᠯᠠᠭᠤᠯᠣᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠤᠢ ᠪᠤᠯᠭᠠᠨ᠎ᠠ᠃ ᠴᠢᠨᠠᠷᠯᠢᠭ ᠬᠦᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ | ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠨ᠎ᠠ᠃ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠪᠠᠷ ᠦᠨᠳᠦᠰᠦᠨ ᠵᠣᠷᠢᠯᠭ᠎ᠠ ᠪᠠᠨ ᠪᠣᠯᠭᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠳᠦᠮᠵᠢ ᠶᠢ ᠪᠠᠬᠢᠵᠢᠭᠦᠯᠦᠨ ᠥᠷᠭᠡᠳᠬᠡᠨ᠎ᠡ᠃ ᠬᠥᠭᠵᠢᠯᠲᠡ ᠪᠣᠯᠤᠨ ᠠᠮᠤᠷ | ᠲᠦᠪᠰᠢᠨ ᠢ ᠨᠢᠭᠡᠳᠭᠡᠨ ᠲᠦᠯᠦᠪᠵᠢᠬᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ | ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠡᠶᠢᠳᠠᠪᠦᠷᠢᠵᠢᠭᠤᠯᠤᠨ ᠠᠬᠢᠭᠤᠯᠵᠦ᠂ ᠬᠤᠷᠸ᠎ᠠ | ᠲᠣᠬᠢᠷᠠᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠬᠡᠷᠡᠭᠵᠢᠭᠦᠯᠵᠦ᠂ ᠠᠵᠤ ᠠᠬᠤᠢ | ᠶᠢᠨ ᠬᠦᠭᠵᠢᠯᠲᠡ ᠶᠢᠨ ᠪᠠᠶᠢᠳᠠᠯ ᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠶᠢ ᠪᠠᠳᠣᠯᠠᠵᠦ᠂ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠰᠢᠨᠵᠢᠯᠡᠬᠦ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ | ᠲᠣᠯᠭᠠᠭᠤᠷᠢ ᠬᠦᠴᠦᠨ ᠢ ᠴᠢᠩᠭᠠᠳᠬᠠᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠯᠡᠭᠡ ᠶᠢᠨ ᠰᠠᠶᠢᠨ ᠡᠬᠢᠯᠡᠯᠲᠡ ᠶᠢ ᠪᠠᠳᠣᠯᠠᠵᠦ᠂ ᠰᠢᠯᠢᠳᠡᠭ ᠬᠢᠷᠢ | ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ᠃ | ᠡᠨᠡ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠳᠠ ᠪᠣᠯ᠄ ᠣᠷᠣᠨ | ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 57.6 ᠳ᠋ᠦᠩᠰᠢᠭᠤᠷ ᠲᠥᠭᠦᠷᠢᠭ ᠲᠤ ᠬᠦᠷᠭᠡᠵᠦ᠂ 6% ᠪᠠᠷ | ᠨᠡᠮᠡᠭᠳᠡᠭᠦᠯᠦᠨ᠎ᠡ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2.47 ᠳ᠋ᠦᠩᠰᠢᠭᠤᠷ ᠲᠥᠭᠦᠷᠢᠭ | ᠪᠡᠶᠡᠯᠡᠭᠦᠯᠦᠨ᠎ᠡ᠃ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 19 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 11.8% ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ 13 ᠳ᠋ᠦᠩᠰᠢᠭᠤᠷ ᠲᠥᠭᠦᠷᠢᠭ ᠲᠤ ᠬᠦᠷᠭᠡᠵᠦ᠂ 6% ᠪᠠᠷ ᠨᠡᠮᠡᠭᠳᠡᠭᠦᠯᠦᠨ᠎ᠡ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠶᠢ ᠲᠣᠰᠪᠣᠷᠢ | 40930 ᠲᠥᠭᠦᠷᠢᠭ᠂ 22680 ᠲᠥᠭᠦᠷᠢᠭ ᠲᠤ ᠬᠦᠷᠭᠡᠵᠦ᠂ ᠲᠣᠰᠪᠣᠷᠢ 3.5% ᠪᠠ 7% ᠣᠷᠴᠢᠮ | ᠨᠡᠮᠡᠭᠳᠡᠭᠦᠯᠦᠨ᠎ᠡ᠃ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠰᠠᠶᠢᠵᠢᠷᠠᠭᠤᠯᠵᠤ᠂ ᠣᠷᠣᠨ ᠨᠤᠲᠤᠭ ᠤᠨ | ᠦᠶᠯᠡᠳᠪᠦᠷᠢᠯᠡᠯ ᠤᠨ ᠶᠡᠷᠦᠩᠬᠡᠶ ᠥᠷᠲᠡᠭ ᠤᠨ ᠡᠨᠧᠷᠭᠢ ᠶᠢᠨ ᠬᠤᠷᠣᠭᠳᠠᠯ ᠢ 3% ᠪᠠᠷ ᠪᠠᠭᠤᠷᠠᠭᠤᠯᠤᠨ᠎ᠠ᠃ ᠠᠶᠢᠮᠠᠭ ᠤᠨ | ᠵᠠᠬᠢᠷᠭ᠎ᠠ ᠠᠴᠠ ᠱᠠᠭᠠᠷᠳᠠᠭᠰᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠦᠨ᠎ᠡ᠃ | ︵ᠨᠢᠭᠡ︶ ᠠᠮᠢ ᠠᠬᠤᠢ ᠶᠢᠨ ᠬᠠᠮᠠᠭᠠᠯᠠᠯᠲᠠ ᠳᠤ ᠬᠦᠴᠦᠨ ᠢᠶᠠᠨ ᠲᠥᠪᠯᠡᠷᠡᠭᠦᠯᠦᠨ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠬᠦᠴᠦᠯᠡᠨ ᠪᠠᠶᠢᠭᠤᠯᠤᠨ᠎ᠠ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠥᠬᠡᠶ | ᠬᠥᠭᠵᠢᠯᠲᠡ ᠶᠢᠨ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ | ᠲᠣᠭᠲᠠᠪᠤᠷᠢᠲᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠠᠮᠢ ᠠᠬᠤᠶ ᠶᠢᠨ ᠬᠠᠮᠠᠭᠠᠯᠠᠯᠳᠠ ᠪᠠᠷ ᠬᠥᠭᠵᠢᠯᠲᠡ ᠶᠢᠨ ᠬᠢᠷᠢ | ᠲᠥᠪᠰᠢᠨ ᠢ ᠢᠯᠡᠷᠡᠭᠦᠯᠦᠨ᠎ᠡ᠃ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠨ᠎ᠠ᠃ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ︽ᠭᠤᠷᠪᠠᠨ ᠱᠤᠭᠤᠮ ᠨᠢᠭᠡ ᠲᠠᠩᠰᠠ︾ ᠶᠢᠨ | ᠠᠮᠢ ᠠᠬᠤᠶ ᠣᠷᠴᠢᠨ ᠲᠣᠭᠤᠷᠢᠨ ᠤ ᠣᠷᠣᠨ ᠬᠤᠪᠢᠳᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠨᠠᠭᠤᠷ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠶ ᠮᠣᠳᠣᠨ ᠤ ᠳᠠᠷᠤᠭ᠎ᠠ ᠶᠢᠨ ᠲᠦᠷᠢᠮ | ᠂ ᠲᠠᠯ᠎ᠠ ᠨᠤᠳᠤᠭ ᠤᠨ ᠳᠠᠷᠤᠭ᠎ᠠ ᠶᠢᠨ ᠲᠦᠷᠢᠮ ᠢ ᠬᠡᠷᠡᠭᠵᠢᠭᠦᠯᠵᠦ᠂ ᠪᠡᠭᠡᠵᠢᠩ ᠲᠢᠶᠠᠨᠵᠢᠨ ᠤ ᠡᠯᠡᠰᠦᠨᠰᠢᠭᠤᠷᠭᠠᠨ ᠤ ᠡᠬᠢ | ᠶᠢ ᠵᠠᠰᠠᠬᠤ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ︵ᠲᠠᠴᠢᠷᠰᠢᠭᠰᠠᠨ ᠬᠠᠳᠤᠯᠠᠩ ᠪᠡᠯᠴᠢᠭᠡᠷ ᠢ | ᠰᠡᠷᠭᠦᠭᠡᠬᠦ︶᠂ ᠨᠤᠭᠤ ᠭᠠᠵᠠᠷ ᠢ ᠬᠠᠮᠠᠭᠠᠯᠠᠬᠤ ᠪᠠ ᠰᠡᠷᠭᠦᠭᠡᠬᠦ ᠵᠡᠷᠭᠡ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ | ᠤᠨ ᠲᠥᠯᠥᠪᠵᠢᠭᠦᠯᠭᠡ ᠶᠢ ᠲᠤᠭᠤᠷᠪᠢᠨ ᠨᠠᠶᠢᠷᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ ᠮᠠᠯ | ᠪᠡᠯᠴᠢᠭᠡᠷ ᠢ ᠲᠡᠩᠴᠡᠭᠦᠷᠢᠰᠢᠭᠦᠯᠬᠦ᠂ ᠪᠡᠯᠴᠢᠭᠡᠷᠯᠡᠭᠦᠯᠬᠦ ᠶᠢ ᠵᠣᠭᠰᠣᠭᠠᠬᠤ ᠵᠡᠷᠭᠡ ᠲᠦᠷᠢᠮ ᠢ ᠪᠦᠲᠦᠮᠵᠢᠲᠡᠶ | ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠣᠢ ᠰᠢᠭᠤᠢ ᠶᠢ ᠡᠪᠳᠡᠭᠰᠡᠨ ᠬᠠᠤᠯᠢ ᠵᠥᠷᠢᠴᠡᠭᠰᠡᠨ ᠠᠰᠠᠭᠤᠳᠠᠯ ᠢ ᠴᠡᠭᠴᠡᠯᠡᠨ | ᠵᠠᠰᠠᠨ᠎ᠠ᠃ ᠲᠠᠯ᠎ᠠ ᠨᠤᠳᠤᠭ ᠤᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠵᠠᠰᠠᠬᠤ ᠪᠠ ᠨᠤᠲᠤᠭ ᠪᠡᠯᠴᠢᠭᠡᠷ ᠢ ᠬᠢᠨᠠᠨ | ᠬᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭᠠᠨ ᠤ ︽ᠶᠡᠷᠦᠩᠬᠡᠢ | ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢ ᠬᠢᠨᠠᠨ | ᠵᠥᠪᠯᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠯ᠎ᠠ ᠨᠤᠲᠤᠭ | ᠤᠨ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠤᠯᠠᠮ ᠴᠢᠩᠭᠠᠳᠬᠠᠬᠤ ᠲᠤᠬᠠᠢ ᠲᠣᠭᠲᠠᠭᠠᠯ︾ ᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠣᠭᠲᠠᠭᠠᠯ︾ ᠤᠨ 22 ᠭᠤᠣᠯᠳᠠᠯᠭ᠎ᠠ ᠲᠠᠢ ᠡᠭᠦᠷᠭᠡ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠮᠠᠨ ᠤ ᠬᠤᠰᠢᠭᠤᠨ ᠤ ᠪᠣᠳᠠᠲᠠᠢ ᠳᠤ ᠨᠡᠶᠢᠴᠡᠭᠰᠡᠨ ᠳᠦᠷᠢᠮ ᠤᠨ | ᠳᠣᠭᠲᠠᠯᠴᠠᠭ᠎ᠠ ᠶᠢ ᠲᠡᠭᠦᠯᠳᠡᠷᠵᠢᠭᠦᠯᠦᠨ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠡᠷᠴᠢᠮᠳᠠᠢ ᠠᠬᠢᠭᠤᠯᠤᠨ᠎ᠠ᠃ | ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠭᠤᠷᠬᠠᠢ ᠶᠢᠨ ᠵᠠᠰᠠᠯᠲᠠ ᠶᠢᠨ | ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ︽ | ᠠᠷᠪᠠᠨ ᠳᠥᠷᠪᠡᠳᠦᠭᠡᠷ ᠲᠠᠪᠤᠨ ᠵᠢᠯ︾ ᠲᠥᠯᠦᠪᠯᠡᠭᠡ ᠶᠢᠨ ᠡᠬᠢᠯᠡᠯᠲᠡ ᠶᠢᠨ ᠵᠢᠯ ᠤᠨ ᠴᠢᠬᠤᠯᠠ ᠡᠭᠦᠷᠭᠡ ᠪᠣᠯᠭᠠᠨ᠂ | ᠦᠯᠡᠳᠡᠭᠳᠡᠯ ᠠᠰᠠᠭᠤᠳᠠᠯ᠂ ᠥᠩᠭᠡᠷᠡᠭᠰᠡᠨ ᠤ ᠥᠷᠢ ᠰᠢᠷᠢ ᠪᠠᠨ ᠰᠢᠢᠳᠪᠦᠷᠢᠯᠡᠵᠦ᠂ ᠠᠵᠤ ᠠᠬᠤᠶᠢᠯᠠᠯ ᠤᠨ ᠭᠤᠤᠯ ᠴᠣᠭᠴᠠ | ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠴᠢᠩᠭᠠᠷᠠᠭᠤᠯᠵᠤ᠂ ᠪᠥᠬᠦ ᠣᠷᠣᠨ ᠪᠦᠰᠡ ᠳᠤ ᠣᠷᠴᠢᠨ ᠲᠣᠭᠤᠷᠢᠨ ᠢ ᠵᠠᠰᠠᠬᠤ ᠪᠠ ᠠᠮᠢ ᠠᠬᠤᠶ ᠶᠢ ᠵᠠᠰᠠᠨ ᠰᠡᠷᠭᠦᠭᠡᠬᠦ | ᠲᠥᠷᠥᠯ ᠵᠦᠶᠯ ᠢ ᠬᠡᠷᠡᠭᠵᠢᠬᠦᠯᠦᠨ᠂ ᠬᠠᠶᠠᠭᠳᠠᠮᠠᠯ ᠠᠭᠤᠷᠬᠠᠶ᠂ ᠡᠯ᠎ᠡ ᠲᠥᠷᠥᠯ ᠤᠨ ᠠᠭᠤᠷᠬᠠᠶ ᠶᠢᠨ ᠣᠷᠴᠢᠨ ᠲᠣᠭᠤᠷᠢᠨ᠂ | ᠦᠶᠯᠡᠳᠪᠦᠷᠢ ᠶᠢᠨ ᠲᠣᠭᠤᠷᠢᠭ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠵᠠᠰᠠᠬᠤ ᠠᠵᠢᠯ ᠢ ᠰᠠᠶᠢᠲᠤᠷ | ᠠᠳᠬᠤᠵᠤ᠂ ᠣᠷᠴᠢᠨ ᠠᠬᠤᠢ ᠶᠢ ᠰᠡᠷᠭᠦᠭᠡᠨ᠎ᠡ᠃ ︽ᠰᠢᠯᠤᠭᠤᠨ ᠬᠥᠬᠡ ᠬᠤᠰᠢᠭᠤᠨ ᠤ ᠪᠠᠷᠢᠯᠭ᠎ᠠ ᠳᠤ ᠬᠡᠷᠡᠭᠯᠡᠬᠦ ᠬᠠᠶᠢᠷ | ᠴᠢᠯᠠᠭᠤ ᠶᠢ ᠨᠡᠭᠡᠭᠡᠨ ᠠᠰᠢᠭᠯᠠᠬᠤ ᠲᠤᠰᠬᠠᠢ ᠲᠥᠷᠥᠯ ᠤᠨ ᠲᠥᠯᠦᠪᠵᠢᠭᠦᠯᠭᠡ︾ ᠶᠢ ᠨᠠᠶᠢᠳᠠᠪᠤᠷᠢᠵᠢᠭᠤᠯᠤᠨ ᠵᠣᠬᠢᠰᠲᠠᠢ | ᠪᠠᠶᠢᠷᠢᠯᠠᠭᠤᠯᠵᠤ᠂ ᠶᠡᠷᠦᠩᠬᠡᠶᠢᠯᠡᠨ ᠠᠵᠢᠭᠯᠠᠵᠤ᠂ ᠦᠷ᠎ᠡ ᠪᠦᠳᠦᠮᠵᠢᠲᠦ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠬᠦᠯᠦᠨ᠂ | ᠥᠨᠥ ᠵᠢᠯ ᠳᠤ᠂ 2 ᠰᠠᠭᠤᠷᠢ ᠴᠢᠯᠠᠭᠤ ᠮᠠᠯᠲᠠᠬᠤ ᠲᠠᠯᠠᠪᠠᠢ ᠶᠢ ᠬᠠᠭᠠᠵᠤ᠂ 1 ᠰᠠᠭᠤᠷᠢ ᠥᠪᠡᠷᠲᠡᠭᠡᠨ ᠵᠠᠰᠠᠬᠤ ᠣᠷᠣᠨ ᠤ | ᠲᠡᠰ ᠤᠨ ᠪᠣᠬᠢᠷᠲᠤᠯ ᠦᠭᠡᠢ ᠠᠭᠤᠷᠬᠠᠢ ᠶᠢ ᠪᠠᠶᠢᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯ ᠢ ᠰᠠᠶᠢᠳᠤᠷ ᠬᠢᠨ᠎ᠡ᠃ ᠴᠢᠭᠯᠡᠯ ᠢ ᠪᠠᠷᠢᠮᠲᠠᠯᠠᠵᠤ᠂ | ᠡᠷᠴᠢᠮ ᠢᠶᠠᠨ ᠴᠢᠩᠭᠠᠳᠬᠠᠨ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ᠂ ᠨᠠᠷᠢᠯᠢᠭ ᠣᠨᠣᠪᠴᠢᠲᠠᠢ ᠪᠠᠷ ᠵᠠᠰᠠᠬᠤ ᠶᠢ | ᠳᠣᠪᠤᠶᠢᠯᠭᠠᠨ᠂ ᠪᠣᠬᠢᠷᠲᠤᠯ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠱᠠᠲᠤᠴᠢ ᠴᠢᠨᠠᠷᠲᠠᠢ ᠡᠭᠦᠷᠭᠡ ᠶᠢ ᠪᠦᠬᠦ ᠲᠠᠯ᠎ᠠ ᠪᠠᠷ | ᠠᠬᠢᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠢᠨᠠᠨ ᠪᠠᠶᠢᠴᠠᠭᠠᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠢᠨᠠᠨ ᠪᠠᠶᠢᠴᠠᠭᠠᠯᠲᠠ ᠶᠢ | ᠤᠭᠲᠤᠬᠤ ᠪᠠ 2021 ᠣᠨ ᠤ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠬᠤᠰᠢᠭᠤ | ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠯᠡᠬᠦ ᠪᠠ ᠬᠢᠨᠠᠨ ᠳᠣᠭᠲᠠᠭᠠᠬᠤ ᠪᠡᠯᠡᠳᠬᠡᠯ ᠠᠵᠢᠯ ᠢ | ᠰᠠᠶᠢᠳᠤᠷ ᠬᠢᠨ᠎ᠡ᠃ ᠠᠭᠠᠷ ᠤᠨ ᠪᠣᠬᠢᠷᠳᠤᠯ ᠢ ᠵᠠᠰᠠᠬᠤ ᠠᠵᠢᠯ ᠢ ᠴᠢᠩᠭᠠᠳᠬᠠᠨ᠂ ᠣᠷᠴᠢᠨ ᠲᠣᠭᠤᠷᠢᠨ ᠤ ᠶᠠᠰᠤ ᠴᠢᠨᠠᠷ ᠢ | ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃ ︽ᠪᠣᠬᠢᠷᠳᠤᠯ ᠲᠠᠢ᠂ ᠬᠠᠮᠢᠶᠠᠷᠤᠯᠲᠠ ᠵᠠᠳᠠᠭᠠᠢ︾ ᠠᠵᠤ ᠠᠬᠤᠶᠢᠯᠠᠯ ᠢ | ᠵᠠᠰᠠᠬᠤ ᠠᠵᠢᠯ ᠢ ᠪᠠᠶᠢᠩᠭᠤᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢᠨ | ᠪᠣᠬᠢᠷᠳᠤᠯ ᠢ ᠰᠡᠷᠭᠡᠶᠢᠯᠡᠨ ᠵᠠᠰᠠᠨ᠎ᠠ᠃ ︽ᠭᠤᠷᠪᠠᠨ ᠲᠣᠭᠤᠷᠢᠭ︾ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ | ᠨᠠᠶᠢᠳᠠᠪᠤᠷᠢᠵᠢᠭᠤᠯᠤᠨ᠂ ᠠᠭᠠᠷ ᠤᠨ ᠪᠣᠬᠢᠷᠳᠤᠯ ᠢ ᠵᠠᠰᠠᠨ᠎ᠠ᠃ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠪᠠ ᠵᠠᠰᠠᠨ ᠴᠡᠭᠴᠡᠯᠡᠯᠲᠡ ᠶᠢ ᠴᠢᠩᠭᠠᠳᠬᠠᠵᠤ᠂ ᠪᠦᠬᠦ ᠬᠤᠰᠢᠭᠤᠨ ᠤ 2021 ᠣᠨ ᠤ ᠤᠰᠤᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠯᠡᠭᠡ ᠶᠢ ᠲᠤᠭᠲᠠᠭᠠᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢ | ᠬᠠᠮᠠᠭᠠᠯᠠᠨ᠂ ᠤᠰᠤᠨ ᠰᠣᠷᠪᠤᠯᠵᠢ ᠶᠢᠨ ᠠᠮᠤᠷ ᠲᠦᠪᠰᠢᠨ ᠢ ᠪᠠᠲᠤᠯᠠᠨ᠎ᠠ᠃ ᠠᠮᠤᠷ ᠳᠥᠪᠰᠢᠨ ᠤ ᠠᠰᠠᠭᠤᠳᠠᠯ ᠲᠠᠢ | ᠬᠠᠶᠠᠭᠳᠠᠮᠠᠯ ᠪᠤᠳᠠᠰ ᠤᠨ ᠬᠠᠮᠢᠶᠠᠷᠤᠯᠲᠠ ᠶᠢᠨ ᠲᠥᠯᠥᠪᠯᠡᠭᠡ ᠶᠢ ᠡᠯᠧᠺᠲᠷᠣᠨᠴᠢᠯᠠᠨ ᠳᠠᠩᠰᠠᠯᠠᠨ᠎ᠠ᠃ ᠠᠮᠢ ᠠᠬᠤᠶ ᠶᠢᠨ | ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ︽ᠬᠤᠣᠰ ᠳᠠᠰᠢᠷᠠᠮ︾ ᠢᠶᠠᠷ ᠪᠠᠶᠢᠴᠠᠭᠠᠬᠤ ᠠᠵᠢᠯ ᠢ | ᠦᠷᠭᠦᠯᠵᠢᠯᠡᠨ ᠥᠷᠨᠢᠭᠦᠯᠵᠦ᠂ 2021 ᠣᠨ ᠤ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠡ ᠶᠢᠨ ᠨᠡᠷᠡᠰ ᠢ | ᠲᠣᠭᠲᠠᠭᠠᠵᠤ᠂ ᠬᠢᠨᠠᠨ ᠡᠵᠡᠮᠳᠡᠬᠦ ᠪᠠᠶᠢᠭᠤᠯᠤᠯᠲᠠ ᠶᠢᠨ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠵᠦ᠂ ᠬᠢᠨᠠᠨ ᠡᠵᠡᠮᠳᠡᠬᠦ | ᠲᠤᠭ᠎ᠠ ᠪᠠᠷᠢᠮᠲᠠ ᠶᠢᠨ ᠪᠦᠲᠦᠮᠵᠢᠲᠡᠶ ᠳᠠᠮᠵᠢᠭᠤᠯᠬᠤ ᠨᠣᠷᠮ᠎ᠠ ᠶᠢ 95 % ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠶᠢ | ᠦᠨᠡᠨᠬᠦ ᠪᠠᠲᠤᠯᠠᠨ᠎ᠠ᠃ | ︵ᠬᠤᠶᠠᠷ︶ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ᠬᠦᠴᠦᠯᠡᠨ᠂ ᠴᠢᠨᠠᠷᠯᠢᠭ ᠠᠵᠤ ᠦᠶᠯᠡᠰ ᠤᠨ | ᠰᠢᠰᠲ᠋ᠧᠮ ᠢ ᠪᠣᠶ ᠪᠣᠯᠭᠠᠨ᠎ᠠ᠃ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠢᠢᠵᠢᠭᠤᠯᠬᠤ ᠴᠢᠭᠯᠡᠯ | ᠢ ᠭᠤᠶᠢᠪᠢᠰᠢ ᠥᠬᠡᠶ ᠪᠠᠷᠢᠮᠲᠠᠯᠠᠵᠤ᠂ ᠳᠠᠪᠠᠭᠤᠯᠢᠭ ᠠᠵᠤ ᠦᠢᠯᠡᠰ ᠢ ᠳᠡᠰ ᠳᠡᠪᠰᠢᠭᠦᠯᠦᠨ᠂ ᠰᠢᠨ᠎ᠡ ᠬᠡᠯᠪᠡᠷᠢ ᠶᠢᠨ ᠠᠵᠤ | ᠦᠢᠯᠡᠰ ᠢ ᠬᠦᠭᠵᠢᠬᠦᠯᠵᠦ᠂ ᠶᠡᠷᠦᠩᠬᠡᠢ ᠬᠡᠮᠵᠢᠶ᠎ᠡ ᠶᠢ ᠥᠷᠭᠡᠳᠬᠡᠨ᠂ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠦᠢᠯᠡᠰ ᠤᠨ | ᠬᠥᠭᠵᠢᠯᠲᠡ ᠶᠢᠨ ᠳᠠᠪᠠᠭᠤᠯᠢᠭ ᠪᠠ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠤᠭᠲᠠᠭᠠᠯᠲᠠ ᠶᠢ ᠨᠠᠶᠢᠳᠠᠪᠤᠷᠢᠵᠢᠭᠤᠯᠤᠨ᠎ᠠ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠡᠷᠡᠰ ᠲᠤᠤᠱᠯᠠᠭᠤᠯᠵᠤ᠂ ᠱᠢ ᠲᠠᠢ ᠹᠧᠩ ᠱᠦᠵᠢ ᠶᠢᠨ ᠳᠤᠷᠠᠳᠤᠭᠰᠠᠨ ︽ᠳᠥᠷᠪᠡᠨ ᠥᠯᠥ ᠪᠣᠯᠬᠤ︾ | ᠵᠠᠷᠴᠢᠮ ᠢ ᠵᠢᠷᠤᠮᠯᠠᠨ᠂ ︽ᠳᠥᠷᠪᠡᠨ ᠠᠮᠤᠷ ᠲᠦᠪᠰᠢᠨ︾ ᠢ ᠪᠠᠲᠤᠯᠠᠬᠤ ᠲᠣᠭᠤᠷᠢᠨ ᠳᠤ ᠠᠵᠤ ᠦᠶᠯᠡᠰ ᠤᠨ ᠬᠡᠯᠪᠡᠷᠢ ᠶᠢ | ᠬᠤᠪᠢᠷᠠᠭᠤᠯᠤᠨ ᠲᠠᠰ ᠳᠡᠪᠰᠢᠭᠦᠯᠦᠨ᠎ᠡ᠃ ᠬᠠᠩᠭᠠᠯᠭ᠎ᠠ ᠶᠢᠨ ᠲᠠᠯ᠎ᠠ᠂ ᠬᠡᠷᠡᠭᠴᠡᠭᠡᠨ ᠤ ᠲᠠᠯ᠎ᠠ ᠪᠠᠷ ᠬᠦᠴᠦᠯᠡᠵᠦ᠂ ᠪᠡᠭᠡᠵᠢᠩ | ᠲᠢᠶᠠᠨᠵᠢᠨ ᠾᠧᠪᠸᠢ ᠶᠢ ᠲᠠᠭᠠᠨ ᠬᠥᠭᠵᠢᠬᠦ᠂ ᠪᠦᠸᠧᠬᠠᠢ ᠲᠠᠩᠭᠢᠰ ᠳᠠᠭᠠᠤ ᠣᠷᠣᠨ ᠤ ᠠᠵᠤ ᠠᠬᠤᠢ ᠶᠢᠨ ᠣᠷᠣᠨ ᠲᠠᠢ | ᠠᠭᠤᠰᠤᠯᠴᠠᠨ ᠬᠥᠭᠵᠢᠬᠦ ᠲᠠᠢ ᠤᠶᠠᠯᠳᠤᠭᠤᠯᠤᠨ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ | ᠬᠢᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠲᠠᠢ | ᠤᠶᠠᠯᠳᠤᠭᠤᠯᠤᠨ᠂ ᠭᠤᠤᠯ ᠴᠣᠭᠴᠠ ᠶᠢᠨ ᠴᠢᠳᠠᠮᠵᠢᠲᠤ ᠪᠠᠶᠢᠷᠢ ᠲᠣᠭᠲᠠᠭᠠᠯᠲᠠ ᠳᠤ ᠥᠯᠥ ᠨᠡᠶᠢᠴᠡᠬᠦ ᠠᠵᠤ ᠦᠶᠯᠡᠰ ᠤᠨ | ᠪᠠᠶᠢᠷᠢᠰᠢᠭᠤᠯᠤᠯᠲᠠ᠂ ᠬᠡᠪᠴᠢᠶ᠎ᠡ ᠪᠠ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ᠭᠤᠤᠯ ᠴᠣᠭᠴᠠ ᠶᠢᠨ ᠴᠢᠳᠠᠮᠵᠢ | ᠶᠢᠨ ᠪᠠᠶᠢᠷᠢ ᠲᠣᠭᠲᠠᠭᠠᠯᠲᠠ ᠳᠤ ᠥᠯᠥ ᠨᠡᠶᠢᠴᠡᠬᠦ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠡᠨᠧᠷᠭᠢ | ᠶᠢᠨ ᠬᠤᠷᠣᠭᠳᠠᠯ ᠶᠡᠬᠡᠲᠡᠶ ᠠᠵᠤ ᠦᠶᠯᠡᠰ ᠢ ᠴᠢᠩᠭ᠎ᠠ ᠬᠢᠵᠠᠭᠠᠷᠯᠠᠨ᠎ᠠ᠃ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ | ᠪᠠ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ | ᠬᠡᠮᠵᠢᠵᠦ᠂ ᠱᠠᠩᠳᠤ ᠴᠠᠬᠢᠯᠭᠠᠨ ᠦᠢᠯᠡᠳᠪᠦᠷᠢ ᠵᠡᠷᠭᠡ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ | ᠬᠤᠷᠣᠭᠳᠠᠯ ᠢ ᠬᠢᠨᠠᠨ ᠬᠡᠮᠵᠢᠵᠦ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ᠎ᠠ᠃ ᠲᠥᠪᠯᠡᠷᠡᠭᠦᠯᠦᠨ | ᠭᠦᠢᠴᠡᠳᠬᠡᠬᠦ ᠰᠠᠷ᠎ᠠ ᠶᠢᠨ ᠠᠵᠢᠯᠯᠠᠭ᠎ᠠ ᠶᠢ ᠳᠥᠷᠢᠮᠵᠢᠭᠦᠯᠵᠦ᠂ 36 ᠵᠦᠢᠯ ᠤᠨ ᠬᠤᠰᠢᠭᠤ ᠲᠡᠰ ᠤᠨ ᠭᠤᠣᠯᠳᠠᠯᠭ᠎ᠠ ᠲᠠᠢ | ᠲᠥᠷᠥᠯ ᠵᠦᠢᠯ ᠢ ᠰᠠᠶᠢᠲᠤᠷ ᠠᠳᠬᠤᠵᠤ᠂ ᠭᠤᠣᠯᠳᠠᠯᠭ᠎ᠠ ᠶᠢᠨ ᠲᠥᠷᠥᠯ ᠵᠦᠢᠯ ᠤᠨ ᠪᠠᠶᠢᠭᠤᠯᠤᠭᠳᠠᠨ᠂ ᠦᠢᠯᠡᠳᠪᠦᠷᠢᠯᠡᠯ | ᠡᠬᠢᠯᠡᠵᠦ ᠦᠷ᠎ᠡ ᠠᠰᠢᠭ ᠣᠯᠬᠤ ᠶᠢ ᠪᠠᠳᠣᠯᠠᠨ᠎ᠠ᠃ | ᠣᠳᠣᠬᠢᠴᠢᠯᠠᠭᠰᠠᠨ ᠬᠦᠳᠡᠭᠡ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ᠮᠠᠯ ᠠᠵᠤ ᠠᠬᠤᠶ ᠶᠢᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠤᠨ᠂ ︽ᠬᠤᠨᠢ ᠶᠢ ᠴᠥᠭᠡᠳᠬᠡᠨ ᠦᠬᠡᠷ ᠮᠠᠯᠵᠢᠬᠤ︾ | ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ︽ᠦᠷᠡᠵᠢᠬᠦᠯᠦᠨ ᠪᠣᠶᠢᠵᠢᠭᠤᠯᠬᠤ᠂ ᠪᠣᠶᠢᠵᠢᠭᠤᠯᠬᠤ᠂ ᠪᠣᠷᠳᠤᠬᠤ᠂ | ᠡᠳ᠋ᠰᠢᠭᠦᠯᠬᠦ᠂ ᠪᠣᠷᠣᠯᠠᠭᠤᠯᠬᠤ︾ ᠶᠢ ᠨᠢᠭᠡ ᠴᠣᠭᠴᠠᠵᠢᠭᠤᠯᠤᠭᠰᠠᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠪᠥᠬᠦ | ᠠᠵᠤ ᠦᠶᠯᠡᠰ ᠤᠨ ᠬᠡᠯᠬᠢᠶ᠎ᠡ ᠶᠢ ᠪᠠᠶᠢᠭᠤᠯᠤᠨ᠎ᠠ᠃ ᠰᠢᠯᠢᠳᠡᠭ ᠡᠭᠦᠯᠳᠡᠷ ᠢ ᠪᠣᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ᠂ | ︽ᠪᠣᠶᠢᠵᠢᠭᠤᠯᠤᠯᠲᠠ ᠶᠢᠨ ᠢᠨᠵᠧᠨᠧᠷᠢᠩ︾ ᠢ ᠶᠡᠬᠡᠪᠡᠷ ᠬᠡᠷᠡᠭᠵᠢᠭᠦᠯᠵᠦ᠂ ︽ᠦᠬᠡᠷ ᠮᠠᠯᠵᠢᠬᠤ ᠵᠢᠭᠡᠯᠡᠯᠭᠡ︾ ᠶᠢᠨ | ᠪᠦᠷᠬᠦᠴᠡ ᠶᠢ ᠥᠷᠭᠡᠳᠬᠡᠨ᠂ ᠪᠦᠬᠦ ᠬᠤᠰᠢᠭᠤᠨ ᠳᠤ 60 ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠢ | ᠪᠣᠶᠢᠵᠢᠭᠤᠯᠵᠤ᠂ ᠵᠢᠯ ᠤᠨ ᠳᠣᠲᠣᠷ᠎ᠠ 2 ᠰᠠᠭᠤᠷᠢ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠡᠭᠦᠯᠳᠡᠷ ᠪᠣᠶᠢᠵᠢᠭᠤᠯᠬᠤ | ᠲᠠᠯᠠᠪᠠᠢ ᠶᠢ ᠪᠠᠶᠢᠭᠤᠯᠤᠨ᠂ 3112 ᠲᠣᠯᠣᠭᠠᠢ ᠰᠢᠯᠢᠳᠡᠭ ᠡᠭᠦᠯᠳᠡᠷ ᠤᠨ ᠦᠬᠡᠷ ᠢ ᠪᠣᠶᠢᠵᠢᠭᠤᠯᠤᠨ᠂ ᠠᠶᠢᠮᠠᠭ ᠤᠨ | ᠳᠣᠲᠤᠭᠠᠳᠤ ᠠᠴᠠ 2100 ᠲᠣᠯᠣᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠣᠷᠣᠭᠤᠯᠤᠨ ᠠᠪᠴᠢᠷᠠᠵᠤ᠂ 15 | ᠲᠦᠮᠡᠨ ᠲᠣᠯᠣᠭᠠᠢ ᠦᠬᠡᠷ ᠤᠨ ᠡᠭᠦᠯᠳᠡᠷ ᠰᠠᠶᠢᠵᠢᠷᠠᠭᠤᠯᠤᠯᠲᠠ ᠶᠢ ᠪᠡᠶᠡᠯᠡᠭᠦᠯᠦᠨ᠂ ᠪᠦᠬᠦ ᠬᠤᠰᠢᠭᠤᠨ ᠤ ᠦᠬᠡᠷ ᠤᠨ | ᠡᠭᠦᠯᠳᠡᠷ ᠰᠠᠶᠢᠵᠢᠷᠠᠭᠤᠯᠤᠭᠰᠠᠨ ᠨᠣᠷᠮ᠎ᠠ ᠶᠢ 96 % ᠳᠤ ᠬᠦᠷᠭᠡᠵᠦ᠂ ᠦᠷᠡᠵᠢᠯᠲᠡ ᠶᠢᠨ ᠨᠣᠷᠮ᠎ᠠ ᠶᠢ 86 % ᠳᠤ | ᠬᠦᠷᠭᠡᠨ᠎ᠡ᠃ ᠮᠢᠬᠠᠨ ᠤ ᠦᠬᠡᠷ ᠢ ᠪᠣᠷᠳᠣᠨ ᠲᠡᠵᠢᠭᠡᠬᠦ ᠪᠠ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠳᠤᠲᠠᠭᠳᠠᠯ ᠢ | ᠬᠦᠴᠦᠯᠡᠨ ᠨᠥᠬᠦᠪᠥᠷᠢᠯᠡᠵᠦ᠂ 3 ᠰᠠᠭᠤᠷᠢ ᠬᠡᠪᠴᠢᠶᠡᠵᠢᠭᠰᠡᠨ ᠪᠣᠷᠳᠣᠨ ᠮᠠᠯᠵᠢᠬᠤ ᠲᠠᠯᠠᠪᠠᠢ ᠶᠢ ᠰᠢᠨ᠎ᠡ ᠪᠠᠷ ᠪᠠᠶᠢᠭᠤᠯᠤᠨ᠂ | ᠬᠡᠪᠴᠢᠶᠡᠵᠢᠭᠰᠡᠨ ᠪᠣᠷᠳᠣᠨ ᠮᠠᠯᠵᠢᠬᠤ ᠲᠠᠯᠠᠪᠠᠢ ᠶᠢᠨ ᠶᠡᠷᠦᠩᠬᠡᠢ ᠲᠤᠭ᠎ᠠ ᠶᠢ 20 ᠰᠠᠭᠤᠷᠢ ᠳᠤ ᠬᠦᠷᠭᠡᠵᠦ᠂ ᠪᠣᠷᠳᠤᠭᠰᠠᠨ | ᠦᠬᠡᠷ ᠤᠨ ᠵᠢᠯ ᠤᠨ ᠪᠣᠷᠤᠯᠠᠭᠤᠯᠤᠯᠲᠠ ᠶᠢ 3 ᠲᠦᠮᠡᠨ ᠲᠣᠯᠣᠭᠠᠢ ᠳᠤ ᠬᠦᠷᠭᠡᠬᠦ ᠪᠠᠷ ᠴᠢᠷᠮᠠᠶᠢᠨ᠎ᠠ᠃ ᠮᠠᠯᠵᠢᠯ ᠤᠨ | ᠬᠤᠳᠠᠯᠳᠤᠭᠠᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠶᠡᠬᠡᠰᠭᠡᠨ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ | ᠰᠡᠷᠭᠡᠶᠢᠯᠡᠬᠦ ᠵᠢᠴᠢ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠨ᠂ ᠥᠷᠭᠡᠨ ᠣᠯᠠᠨ | ᠮᠠᠯᠴᠢᠨ ᠡᠷᠦᠬᠡ ᠶᠢᠨ ᠠᠰᠢᠭ ᠲᠤᠰᠠ ᠶᠢ ᠪᠠᠲᠤᠯᠠᠨ᠎ᠠ᠃ ᠰᠠᠭᠠᠯᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ | ᠰᠢ ᠪᠧᠢ ᠮᠠᠯᠵᠢᠯ ᠤᠨ ᠲᠠᠯᠠᠪᠠᠢ ᠶᠢ ᠪᠠᠶᠢᠭᠤᠯᠬᠤ ᠡᠷᠴᠢᠮ ᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ | ᠴᠠᠭᠠᠨ ᠢᠳᠡᠭᠡᠨ ᠤ ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠢ ᠢᠳᠡᠪᠬᠢᠲᠡᠶ ᠮᠡᠳᠡᠭᠦᠯᠦᠨ᠎ᠡ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ | ᠰᠠᠭᠤᠷᠢ ᠳᠥᠬᠦᠭᠡᠷᠦᠮᠵᠢ ᠶᠢ ᠤᠯᠠᠮ ᠲᠡᠭᠦᠯᠳᠡᠷᠵᠢᠬᠦᠯᠦᠨ᠂ ᠵᠢᠯ ᠤᠨ ᠳᠣᠲᠤᠷ᠎ᠠ 1 ᠲᠥᠮᠡᠨ ᠳᠡᠭᠰᠢ ᠳᠥᠷᠪᠡᠯᠵᠢᠨ | ᠮᠧᠲᠷ ᠤᠨ ᠫᠧᠩ ᠬᠤᠷᠤᠭ᠎ᠠ᠂ 0.5 ᠲᠡᠭᠰᠢ ᠳᠥᠷᠪᠡᠯᠵᠢᠨ ᠮᠧᠲᠷ ᠤᠨ ᠡᠪᠡᠰᠦᠨ ᠬᠤᠷᠤᠭ᠎ᠠ᠂ 1 ᠲᠥᠮᠡᠨ ᠪᠣᠰᠤᠭ᠎ᠠ | ᠳᠥᠷᠪᠡᠯᠵᠢᠨ ᠮᠧᠲᠷ ᠤᠨ ᠨᠣᠭᠤᠭᠠᠨ ᠳᠠᠷᠤᠰᠢ ᠶᠢᠨ ᠵᠤᠭᠤᠷᠢ ᠪᠠᠶᠢᠭᠤᠯᠤᠨ᠎ᠠ᠃ ᠬᠠᠪᠢᠷᠭ᠎ᠠ ᠪᠠᠯᠭᠠᠰᠤ᠂ ᠪᠣᠷᠣᠬᠤᠲᠠ ᠵᠢᠱᠢᠶ᠎ᠡ | ᠦᠵᠡᠭᠦᠯᠬᠦ ᠲᠣᠭᠤᠷᠢᠭ᠂ ᠲᠠᠪᠦ ᠨᠢᠭᠡ ᠦᠷ᠎ᠡ ᠶᠢᠨ ᠮᠠᠯ ᠤᠨ ᠲᠠᠯᠠᠪᠠᠢ ᠳᠤ 1 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠪᠠᠶᠢᠭᠤᠯᠤᠨ᠎ᠠ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢ ᠶᠡᠬᠡᠪᠡᠷ ᠬᠥᠭᠵᠢᠭᠦᠯᠦᠨ᠎ᠡ᠃ ︽ᠬᠤᠶᠠᠷ ᠬᠡᠯᠬᠢᠶ᠎ᠡ ᠬᠤᠶᠠᠷ ᠲᠣᠭᠤᠷᠢᠭ︾ | ᠤᠨ ᠬᠥᠭᠵᠢᠯᠲᠡ ᠶᠢᠨ ᠲᠤᠭᠲᠠᠴᠠ ᠶᠢ ᠵᠢᠷᠤᠮᠯᠠᠨ᠂ ᠰᠢᠨ᠎ᠡ ᠡᠨᠧᠷᠭᠢ ᠬᠢᠭᠡᠳ ᠠᠮᠢ ᠠᠬᠤᠢ ᠶᠢᠨ ᠰᠡᠷᠭᠦᠭᠡᠯᠲᠡ᠂ ᠰᠢᠨ᠎ᠡ | ᠮᠡᠷᠭᠡᠵᠢᠯ ᠢ ᠠᠭᠤᠰᠤᠯᠴᠠᠭᠤᠯᠤᠨ ᠬᠦᠭᠵᠢᠬᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 23 ᠡᠷᠦᠬᠡ | ᠨᠡᠮᠡᠭᠳᠡᠭᠦᠯᠬᠦ ᠪᠠᠷ ᠴᠢᠷᠮᠠᠶᠢᠨ᠂ 24.7 ᠳ᠋ᠦᠩᠰᠢᠭᠤᠷ ᠲᠥᠭᠦᠷᠢᠭ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ | ᠪᠡᠶᠡᠯᠡᠭᠦᠯᠦᠨ᠎ᠡ᠃ ᠣᠳᠣᠬᠢᠴᠢᠠᠯᠭᠰᠠᠨ ᠡᠨᠧᠷᠭᠢ ᠶᠢᠨ ᠠᠵᠤ ᠠᠬᠤᠢ ᠶᠢᠨ ᠣᠷᠴᠢᠯ ᠠᠵᠤ ᠦᠢᠯᠡᠰ ᠤᠨ ᠬᠡᠯᠬᠢᠶ᠎ᠡ ᠶᠢ | ᠪᠤᠵᠠᠭᠠᠶᠢᠷᠠᠭᠤᠯᠵᠤ᠂ ᠬᠤᠸᠠ ᠳ᠋ᠢᠶᠠᠨ᠂ ᠰᠢᠨ ᠹᠧᠩ ᠵᠡᠷᠭᠡ ᠰᠢᠨ᠎ᠡ ᠡᠨᠧᠷᠭᠢ ᠶᠢᠨ ᠲᠥᠷᠦᠯ ᠵᠦᠢᠯ ᠢ ᠠᠰᠢᠭᠯᠠᠯᠲᠠ ᠳᠤ | ᠣᠷᠤᠭᠤᠯᠤᠨ᠂ ᠱᠠᠩᠳᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠰᠠᠭᠤᠷᠢᠨ ᠪᠠ 2 | ᠲᠦᠮᠡᠨ ᠺᠢᠯᠣᠸᠠᠲ ᠤᠨ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠷᠦᠯ ᠵᠦᠢᠯ ᠢ ᠠᠵᠢᠯ | ᠡᠬᠢᠯᠡᠭᠦᠯᠦᠨ᠂ ᠢᠯᠴᠢ ᠶᠢᠨ ᠴᠠᠬᠢᠯᠭᠠᠨ ᠪᠠ ᠰᠠᠯᠬᠢᠨ ᠬᠦᠴᠦᠨ ᠤ ᠴᠠᠬᠢᠯᠭᠠᠨ ᠢ ᠬᠠᠮᠲᠤ ᠳᠤᠨᠢ ᠭᠠᠳᠠᠭᠰᠢ ᠳᠠᠮᠵᠢᠭᠤᠯᠤᠨ᠎ᠠ᠃ | ᠱᠠᠩᠳᠤ ᠴᠠᠬᠢᠯᠭᠠᠨ ᠦᠶᠯᠡᠳᠪᠦᠷᠢ ᠶᠢᠨ ᠡᠨᠧᠷᠭᠢ ᠬᠠᠳᠠᠭᠠᠯᠠᠬᠤ ᠲᠥᠷᠥᠯ ᠵᠦᠢᠯ ᠤᠨ ᠭᠠᠷ ᠭᠦᠢᠴᠡᠳᠭᠡᠯ ᠢ ᠪᠡᠶᠡᠯᠡᠬᠦᠯᠦᠨ᠂ | ᠰᠠᠯᠬᠢ ᠭᠡᠷᠡᠯ ᠢᠯᠴᠢ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ ᠦᠵᠡᠭᠦᠯᠬᠦ | ᠴᠣᠭᠴᠠ ᠶᠢ ᠪᠠᠶᠢᠭᠤᠯᠤᠨ᠎ᠠ᠃ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠳᠠᠬᠢᠨ ᠠᠰᠢᠭᠯᠠᠬᠤ | ᠠᠵᠤ ᠦᠶᠯᠡᠰ ᠢ ᠲᠦᠷᠭᠡᠳᠬᠡᠨ ᠠᠬᠢᠭᠤᠯᠵᠤ᠂ ᠱᠠᠩᠳᠤ ᠴᠠᠬᠢᠯᠭᠠᠨ ᠦᠶᠯᠡᠳᠪᠦᠷᠢ ᠶᠢᠨ ᠨᠤᠨᠲᠠᠭ ᠨᠡᠭᠦᠷᠡᠰᠦᠨ ᠤ ᠦᠨᠡᠰᠦ᠂ | ᠬᠦᠬᠦᠷ ᠥᠬᠡᠶᠢᠳᠡᠭᠦᠯᠦᠭᠰᠡᠨ ᠵᠤᠭᠠᠩ ᠤᠨ ᠡᠬᠢ ᠪᠠᠶᠠᠯᠢᠭ ᠢ ᠭᠦᠶᠴᠡᠳ ᠠᠰᠢᠭᠯᠠᠨ᠂ ᠹᠦ᠋ ᠶᠠᠩ ᠵᠤᠭᠠᠩ᠂ ᠰᠢᠨ ᠫᠧᠩ | ᠪᠠᠷᠢᠯᠭ᠎ᠠ ᠶᠢᠨ ᠮᠠᠲ᠋ᠧᠷᠢᠶᠠᠯ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠠᠵᠤ ᠠᠬᠤᠶᠢᠯᠠᠯ ᠢ ᠳᠡᠳᠭᠦᠨ | ᠬᠦᠴᠦᠷᠬᠡᠭᠵᠢᠭᠦᠯᠵᠦ᠂ ᠵᠥᠩ ᠱᠧᠩ ᠭᠤᠸᠠᠩ ᠲᠠᠢ᠂ ᠱᠠᠨ ᠬᠠᠶ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠥᠷᠥᠯ ᠵᠦᠶᠯ ᠢ | ᠠᠰᠢᠭᠯᠠᠯᠲᠠ ᠳᠤ ᠣᠷᠣᠭᠤᠯᠤᠨ ᠦᠷ᠎ᠡ ᠠᠰᠢᠭ ᠣᠯᠭᠤᠵᠤ᠂ ︽ᠨᠡᠭᠦᠷᠡᠰᠦᠨ ᠴᠠᠬᠢᠯᠭᠠᠨ - ᠪᠠᠷᠢᠯᠭ᠎ᠠ ᠶᠢᠨ ᠮᠠᠲ᠋ᠧᠷᠢᠶᠠᠯ - | ᠰᠢᠨ᠎ᠡ ᠮᠠᠲ᠋ᠧᠷᠢᠶᠠᠯ︾ ᠤᠨ ᠣᠷᠴᠢᠯ ᠠᠵᠤ ᠦᠶᠯᠡᠰ ᠤᠨ ᠬᠡᠯᠬᠢᠶ᠎ᠡ ᠶᠢ ᠬᠦᠭᠵᠢᠬᠦᠯᠵᠦ᠂ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠱᠦᠨ ᠰᠢᠨ ᠰᠢᠨ ᠶᠤᠸᠠᠨ᠂ ᠴᠠᠩ ᠬᠤᠩ ᠴᠠᠭᠠᠨ ᠢᠳᠡᠭᠡ᠂ | ᠱᠠᠩᠳᠤ ᠦᠬᠡᠷ ᠤᠨ ᠮᠢᠬ᠎ᠠ᠂ ᠱᠠᠩᠳᠤ ᠮᠠᠯ ᠠᠵᠤ ᠠᠬᠤᠢ᠂ ᠼᠣᠣ ᠶᠤᠸᠠᠨ ᠲᠢᠶᠠᠨ ᠮᠦ᠂ ᠰᠢ ᠪᠧᠢ ᠵᠡᠷᠭᠡ ᠭᠤᠣᠯᠳᠠᠯᠭ᠎ᠠ | ᠲᠠᠢ ᠠᠵᠤ ᠠᠬᠤᠶᠢᠯᠠᠯ ᠢ ᠬᠦᠴᠦᠷᠬᠡᠭᠵᠢᠬᠦᠯᠦᠨ᠎ᠡ᠃ ᠮᠣᠩᠭᠤᠯ ᠭᠡᠷ ᠤᠨ ᠠᠵᠤ ᠦᠶᠯᠡᠰ ᠤᠨ ᠬᠦᠷᠢᠶᠡᠯᠡᠩ ᠢ ᠡᠨᠡ ᠵᠢᠯ ᠤᠨ | ᠳᠣᠲᠤᠷ᠎ᠠ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠦᠢᠯᠡᠳᠪᠦᠷᠢ ᠶᠢᠨ ᠬᠦᠷᠢᠶᠡᠯᠡᠩ ᠤᠨ ᠵᠠᠮ᠂ ᠳᠤᠯᠠᠭᠠᠯᠠᠭ᠎ᠠ᠂ | ᠤᠰᠤ ᠬᠠᠩᠭᠠᠯᠲᠠ ᠵᠡᠷᠭᠡ ᠰᠠᠭᠤᠷᠢ ᠳᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠦᠷᠢᠶᠡᠯᠡᠩ ᠳᠤ | ᠣᠷᠤᠬᠤ ᠠᠵᠤ ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠵᠣᠬᠢᠴᠠᠭᠤᠯᠤᠨ ᠰᠢᠶᠳᠪᠦᠷᠢᠯᠡᠨ᠎ᠡ᠃ | ᠦᠶᠯᠡᠴᠢᠯᠡᠭᠡᠨ ᠤ ᠦᠶᠯᠡᠰ ᠢ ᠠᠳᠬᠤᠵᠤ ᠬᠡᠷᠡᠭᠯᠡᠭᠡ ᠶᠢ ᠠᠬᠢᠭᠤᠯᠤᠨ᠎ᠠ᠃ ᠬᠢᠵᠢᠭ ᠢ ᠪᠠᠶᠢᠩᠭᠤ ᠶᠢᠨ ᠴᠢᠨᠠᠷᠲᠠᠢ ᠰᠡᠷᠭᠡᠶᠢᠯᠡᠨ | ᠬᠤᠷᠢᠭᠯᠠᠭᠰᠠᠨ ᠤᠷᠢᠲᠠᠯ ᠳᠣᠤᠷ᠎ᠠ᠂ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠤᠨ ᠲᠠᠰ ᠳᠡᠪᠰᠢᠬᠦᠯᠵᠦ᠂ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢ ᠠᠭᠤᠰᠤᠯᠴᠠᠭᠤᠯᠬᠤ ᠵᠠᠭᠪᠤᠷ ᠢ ᠶᠡᠭᠡ ᠪᠠᠷ ᠨᠡᠭᠡᠭᠡᠨ ᠬᠥᠭᠵᠢᠭᠦᠯᠵᠦ᠂ | ᠢᠳᠡᠭᠡᠨ ᠤᠮᠳᠠᠭᠠᠨ ᠬᠤᠨᠤᠭ ᠪᠠᠭᠤᠳᠠᠯ ᠵᠡᠷᠭᠡ ᠤᠯᠠᠮᠵᠢᠯᠠᠯᠲᠤ ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢ | ᠵᠢᠷᠤᠮᠵᠢᠭᠤᠯᠤᠨ᠂ ᠡᠯᠧᠺᠲᠷᠣᠨ ᠬᠤᠳᠠᠯᠳᠤᠭᠠᠨ ᠤ ᠵᠢᠱᠢᠶ᠎ᠡ ᠦᠵᠡᠭᠦᠯᠬᠦ ᠰᠢᠶᠠᠨ ᠢ ᠲᠠᠰ ᠳᠡᠪᠰᠢᠭᠦᠯᠬᠦ ᠲᠥᠷᠥᠯ ᠵᠦᠶᠯ ᠢ | ᠭᠤᠤᠯᠳᠠᠯᠭ᠎ᠠ ᠲᠠᠢ ᠬᠡᠷᠡᠭᠵᠢᠭᠦᠯᠵᠦ᠂ ᠦᠶᠯᠡᠴᠢᠯᠡᠭᠡᠨ ᠤ ᠦᠶᠯᠡᠰ ᠤᠨ ᠰᠡᠷᠭᠦᠨ ᠬᠥᠭᠵᠢᠬᠦ ᠶᠢ ᠠᠬᠢᠭᠤᠯᠤᠨ᠎ᠠ᠃ ᠲᠠᠯ᠎ᠠ | ᠨᠤᠲᠤᠭ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠲᠤᠭᠲᠠᠴᠠ ᠶᠢ ᠲᠡᠭᠦᠯᠳᠡᠷᠵᠢᠭᠦᠯᠵᠦ᠂ ᠬᠤᠪᠢᠰᠬᠠᠯᠲᠤ ᠣᠷᠣᠨ ᠤ ᠵᠢᠭᠤᠯᠴᠢᠯᠠᠯ ᠤᠨ ᠰᠠᠭᠤᠷᠢᠨ ᠢ ᠪᠠᠶᠢᠭᠤᠯᠤᠨ᠂ | ᠬᠤᠪᠢᠰᠬᠠᠯᠲᠤ ᠣᠷᠣᠨ ᠤ ᠵᠢᠭᠤᠯᠴᠢᠯᠠᠯ ᠤᠨ ᠵᠠᠮ ᠱᠤᠭᠤᠮ ᠢ ᠴᠣᠭᠴᠠᠯᠠᠨ᠎ᠠ᠃ 2022 ᠣᠨ ᠤ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ ᠤ ᠠᠰᠢᠭᠲᠠᠶ ᠲᠣᠬᠢᠶᠠᠯ ᠢ ᠠᠰᠢᠭᠯᠠᠨ᠂ ᠮᠥᠰᠥ ᠴᠠᠰᠤᠨ ᠤ ᠵᠢᠭᠤᠯᠴᠢᠯᠠᠯ ᠤᠨ | ᠲᠥᠷᠥᠯ ᠵᠦᠶᠯ ᠢ ᠢᠳᠡᠪᠬᠢᠲᠡᠶ ᠰᠦᠪᠡᠭᠴᠢᠯᠡᠨ ᠨᠡᠭᠡᠭᠡᠨ ᠬᠥᠭᠵᠢᠭᠦᠯᠦᠨ᠎ᠡ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ | ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠥᠪᠯᠡᠷᠡᠭᠰᠡᠨ ᠣᠷᠣᠨ᠂ ᠭᠤᠭᠤᠰᠤᠲᠠᠢ ᠭᠤᠣᠯ ᠤᠨ ᠵᠢᠭᠤᠯᠴᠢᠯᠠᠯ ᠤᠨ | ᠠᠵᠤ ᠦᠢᠯᠡᠰ ᠤᠨ ᠲᠥᠪᠯᠡᠷᠡᠭᠰᠡᠨ ᠣᠷᠣᠨ ᠢ ᠲᠦᠷᠭᠡᠳᠬᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠦᠨ᠂ ︽ᠮᠠᠯᠴᠢᠨ ᠠᠶᠢᠯ ᠵᠢᠭᠤᠯᠴᠢᠯᠠᠯ ᠤᠨ ᠭᠠᠵᠠᠷ︾ ᠢ ᠲᠡᠰ ᠳᠡᠪᠰᠢᠭᠦᠯᠦᠨ᠎ᠡ᠃ ᠪᠦᠬᠦ ᠣᠷᠣᠨ | ᠨᠤᠲᠤᠭ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠶᠤᠸᠠᠨ ᠤ ᠳᠡᠭᠡᠳᠦ | ᠨᠡᠶᠢᠰᠯᠡᠯ ᠤᠨ ᠪᠠᠭᠤᠷᠢ ᠶᠢᠨ ᠵᠢᠭᠤᠯᠴᠢᠳ ᠲᠤ ᠦᠢᠯᠡᠴᠢᠯᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ 5 A ᠲᠡᠰ ᠤᠨ ᠦᠵᠡᠮᠵᠢ ᠶᠢᠨ ᠣᠷᠣᠨ ᠪᠣᠯᠭᠠᠬᠤ ᠪᠠᠷ ᠴᠢᠷᠮᠠᠶᠢᠨ᠎ᠠ᠃ | ᠱᠠᠩᠬᠠᠢ ᠶᠢᠨ ᠵᠦᠩ ᠶᠢᠦ ᠪᠦᠯᠦᠭᠯᠡᠯ ᠤᠨ ᠶᠤᠸᠠᠨ ᠤ ᠳᠡᠭᠡᠳᠦ ᠨᠡᠶᠢᠰᠯᠡᠯ ᠤᠨ ᠰᠣᠶᠣᠯ ᠵᠢᠭᠤᠯᠴᠢᠯᠠᠯ ᠤᠨ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠣᠷᠣᠨ ᠨᠤᠲᠤᠭ ᠤᠨ ᠵᠠᠮ ᠬᠠᠷᠢᠯᠴᠠᠭᠠᠨ ᠤ ᠳᠠᠪᠠᠭᠤᠯᠢᠭ ᠢ | ᠭᠦᠶᠴᠡᠳ ᠠᠰᠢᠭᠯᠠᠨ᠂ ᠱᠠᠩᠳᠤ ᠪᠠᠯᠭᠠᠰᠤ ᠪᠠᠷ ᠲᠥᠪ ᠪᠣᠯᠭᠠᠨ᠂ ᠵᠠᠰᠠᠮᠠᠯ ᠵᠠᠮ᠂ ᠲᠡᠮᠦᠷ ᠵᠠᠮ ᠢ ᠠᠰᠢᠭᠯᠠᠨ᠂ ᠥᠨᠳᠥᠷ | ᠦᠷ᠎ᠡ ᠪᠦᠲᠦᠮᠵᠢᠲᠡᠶ ᠪᠥᠭᠡᠳ ᠳᠥᠭᠦᠮ ᠳᠥᠲᠡ᠂ ᠶᠡᠷᠦᠩᠬᠡᠶᠢᠯᠡᠭᠰᠡᠨ ᠪᠠᠷᠠᠭᠠᠨ ᠤ ᠭᠦᠶᠯᠭᠡᠭᠡᠨ ᠤ ᠲᠡᠭᠡᠭᠡᠪᠦᠷᠢ ᠶᠢᠨ | ᠰᠢᠰᠲ᠋ᠧᠮ ᠢ ᠪᠠᠶᠢᠭᠤᠯᠵᠤ᠂ ᠲᠡᠭᠡᠭᠡᠪᠦᠷᠢ ᠶᠢᠨ ᠦᠶᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠲᠠᠷᠢᠶᠠᠯᠠᠩ ᠤᠨ ᠪᠦᠳᠦᠭᠡᠭᠳᠡᠭᠦᠨ ᠪᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ | ᠮᠠᠲ᠋ᠧᠷᠢᠶᠠᠯ ᠢ ᠭᠠᠳᠠᠭᠰᠢ ᠬᠦᠷᠭᠡᠬᠦ ᠳᠤ ᠥᠨᠳᠥᠷ ᠦᠷ᠎ᠡ ᠪᠦᠲᠦᠮᠵᠢᠲᠡᠶ ᠬᠥᠭᠵᠢᠯᠲᠡ ᠶᠢᠨ ᠲᠠᠪᠴᠠᠩ ᠬᠠᠩᠭᠠᠨ᠎ᠠ᠃ | ︵ᠭᠤᠷᠪᠠ︶ ᠥᠭᠡᠷᠡᠴᠢᠯᠡᠯᠲᠡ ᠨᠡᠭᠡᠭᠡᠯᠲᠡ ᠳᠤ ᠬᠦᠴᠦᠨ ᠢᠶᠠᠨ ᠲᠥᠪᠯᠡᠷᠡᠭᠦᠯᠦᠨ᠂ ᠠᠵᠤ ᠠᠬᠤᠢ ᠶᠢᠨ ᠬᠥᠭᠵᠢᠯᠲᠡ ᠶᠢᠨ | ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠵᠠᠬ᠎ᠠ | ᠳᠡᠯᠭᠡᠭᠦᠷᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠡᠴᠢᠯᠡᠯᠲᠡ ᠶᠢ ᠠᠬᠢᠭᠤᠯᠵᠤ᠂ ᠰᠢᠯᠤᠭᠤᠨ ᠬᠥᠬᠡ ᠬᠤᠰᠢᠭᠤᠨ ᠤ | ᠬᠥᠭᠵᠢᠯᠲᠡ ᠶᠢ ᠲᠦᠷᠭᠡᠳᠭᠡᠨ᠎ᠡ᠃ | ︽ᠰᠤᠯᠠᠯᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠲᠤᠰᠬᠠᠶ ᠪᠠᠶᠢᠴᠠᠭᠠᠯᠲᠠ ᠪᠠᠷ ᠲᠤᠰᠬᠠᠭᠰᠠᠨ 4 ᠲᠠᠯ᠎ᠠ ᠶᠢᠨ 19 ᠵᠦᠶᠯ ᠤᠨ ᠠᠰᠠᠭᠤᠳᠠᠯ ᠢ ᠴᠡᠭᠴᠡᠯᠡᠨ | ᠵᠠᠰᠠᠬᠤ ᠠᠵᠢᠯ ᠢ ᠲᠣᠬᠢᠶᠠᠯᠳᠤᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ ᠠᠷᠠᠯᠵᠢᠶ᠎ᠠ ᠡᠷᠬᠢᠯᠡᠬᠦ ᠣᠷᠴᠢᠨ | ᠨᠥᠬᠦᠴᠡᠯ ᠢ ᠬᠦᠴᠦᠯᠡᠨ ᠪᠣᠶ ᠪᠣᠯᠭᠠᠨ᠎ᠠ᠃ ᠪᠠᠷᠢᠯᠭ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠬᠦ᠂ ᠲᠣᠭᠲᠠᠮᠠᠯ ᠬᠥᠷᠥᠩᠭᠡ ᠶᠢ ᠳᠠᠩᠰᠠᠯᠠᠨ ᠲᠡᠮᠳᠡᠭᠯᠡᠬᠦ ᠵᠡᠷᠭᠡ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠵᠤ᠂ | ᠵᠠᠰᠠᠭ ᠵᠠᠬᠢᠷᠭᠠᠨ ᠤ ᠵᠥᠪᠰᠢᠶᠡᠷᠡᠯ ᠪᠠ ᠳᠠᠩᠰᠠᠯᠠᠨ ᠲᠡᠮᠳᠡᠭᠯᠡᠬᠦ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ | ᠬᠡᠷᠡᠭᠵᠢᠭᠦᠯᠵᠦ᠂ ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠲᠥᠭᠡᠮᠡᠯᠵᠢᠭᠦᠯᠦᠨ᠎ᠡ᠃ ᠭᠡᠷᠡᠴᠢᠯᠡᠬᠦ ᠵᠦᠶᠯᠡᠰ | ᠪᠠ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠶᠯᠡᠰ ᠢ ᠮᠡᠳᠡᠭᠳᠡᠬᠦ ᠠᠮᠠᠯᠠᠯᠲᠠ ᠶᠢᠨ | ᠲᠦᠷᠢᠮ ᠢ ᠬᠡᠷᠡᠭᠵᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠢᠲᠡᠭᠡᠯ ᠠᠯᠳᠠᠭᠰᠠᠳ ᠢ | ᠵᠠᠯᠬᠠᠭᠠᠨ ᠴᠡᠭᠡᠷᠯᠡᠬᠦᠯᠵᠦ᠂ ᠲᠥᠪ ᠭᠤᠣᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠬᠠᠮᠠᠭᠠᠯᠠᠨ᠎ᠠ᠃ ᠭᠠᠶᠢᠯᠢ | ᠬᠥᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠠᠰᠢᠭ ᠢ ᠦᠷᠭᠦᠯᠵᠢᠯᠡᠨ ᠪᠠᠳᠠᠷᠠᠭᠤᠯᠵᠤ᠂ | ᠲᠣᠭᠲᠠᠭᠠᠯ ᠠᠴᠠ ᠵᠥᠷᠢᠴᠡᠭᠰᠡᠨ ᠠᠵᠤ ᠠᠬᠤᠶᠢᠯᠠᠯ ᠤᠨ ᠰᠦᠶᠳᠬᠡᠯ ᠬᠤᠷᠢᠶᠠᠯᠲᠠ ᠶᠢ ᠴᠡᠭᠴᠡᠯᠡᠨ ᠵᠠᠰᠠᠵᠤ᠂ ᠵᠠᠬ᠎ᠠ ᠳᠡᠯᠭᠡᠭᠦᠷ | ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠨ᠎ᠡ᠃ ︽ᠨᠢᠭᠡ ᠰᠦᠯᠵᠢᠶ᠎ᠡ ᠪᠠᠷ | ᠨᠡᠶᠢᠳᠡᠮ ᠭᠦᠶᠴᠡᠳᠬᠡᠬᠦ︾ ︽ᠤᠲᠠᠰᠤ ᠪᠠᠷ ᠭᠦᠶᠴᠡᠳᠬᠡᠬᠦ︾ ᠵᠢᠴᠢ ᠣᠷᠣᠯᠠᠨ ᠭᠦᠢᠴᠡᠳᠭᠡᠬᠦ ᠬᠠᠪᠰᠤᠷᠤᠨ ᠭᠦᠶᠴᠡᠳᠬᠡᠬᠦ | ᠵᠡᠷᠭᠡ ᠠᠵᠢᠯ ᠢ ᠠᠬᠢᠭᠤᠯᠵᠤ᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠬᠠᠯᠠᠮᠰᠢᠯ ᠤᠲᠠᠰᠤ ᠶᠢ ᠨᠢᠭᠡᠳᠭᠡᠨ᠂ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠣᠷᠴᠢᠨ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠎ᠠ᠃ ᠲᠥᠷᠥᠯ ᠵᠦᠶᠯ ᠢ | ᠴᠢᠩᠭ᠎ᠠ ᠠᠳᠬᠤᠨ᠂ ᠲᠣᠮᠣ ᠲᠥᠷᠥᠯ ᠵᠦᠶᠯ ᠢ ᠰᠠᠶᠢᠳᠤᠷ ᠠᠳᠬᠤᠵᠤ᠂ ᠴᠢᠨᠠᠷᠯᠢᠭ ᠲᠥᠷᠥᠯ ᠵᠦᠶᠯ ᠢ | ᠨᠠᠶᠢᠳᠠᠪᠤᠷᠢᠵᠢᠭᠤᠯᠤᠨ᠎ᠠ᠃ ᠰᠣᠶᠣᠯ ᠵᠢᠭᠤᠯᠴᠢᠯᠠᠯ᠂ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ᠂ ᠮᠠᠯ ᠤᠨ ᠠᠰᠢᠭ | ᠰᠢᠮ᠎ᠡ ᠵᠡᠷᠭᠡ ᠭᠤᠣᠯᠳᠠᠯᠭ᠎ᠠ ᠲᠠᠢ ᠬᠤᠳᠠᠯᠳᠤᠭᠠᠴᠢᠨ ᠤᠷᠢᠬᠤ ᠬᠦᠷᠢᠶᠡᠨ ᠳᠤ᠂ ᠪᠣᠯᠪᠠᠰᠤᠷᠠᠩᠭᠤᠶ᠂ ᠳᠠᠶᠢᠴᠢᠯᠠᠬᠤ ᠴᠢᠨᠠᠷ | ᠢᠶᠠᠷ ᠴᠢᠩᠭ᠎ᠠ ᠲᠥᠷᠥᠯ ᠵᠦᠢᠯ ᠢ ᠨᠢᠮᠪᠠᠶ ᠲᠥᠰᠦᠪᠯᠡᠨ᠂ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠬᠦᠯᠦᠨ᠎ᠡ᠃ ︽ | 2021 ᠣᠨ ᠤ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠲᠥᠰᠦᠯ︾ ᠢ ᠲᠣᠭᠲᠠᠭᠠᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠨ᠂ ᠭᠠᠵᠠᠷ ᠤᠨ ᠲᠠᠰ ᠤᠨ | ᠤᠳᠤᠷᠢᠳᠤᠯᠭ᠎ᠠ᠂ ᠭᠤᠤᠯᠳᠠᠯᠭ᠎ᠠ ᠲᠠᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠤ ᠳᠠᠭᠠᠭᠠᠴᠢᠯᠠᠨ ᠪᠠᠲᠤᠯᠠᠬᠤ | ᠲᠦᠷᠢᠮ ᠢ ᠬᠡᠷᠡᠭᠵᠢᠬᠦᠯᠵᠦ᠂ ᠲᠥᠷᠥᠯ ᠵᠦᠶᠯ ᠢ ᠳᠠᠩᠰᠠᠯᠠᠨ᠂ ᠪᠥᠬᠦ ᠵᠢᠯ ᠳᠤ 12.7 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠪᠠᠯᠠ ᠮᠥᠩᠭᠦ ︵ᠦᠷᠭᠦᠯᠵᠢᠯᠡᠨ ᠪᠠᠶᠢᠭᠤᠯᠬᠤ ᠲᠦᠷᠦᠯ ᠵᠦᠢᠯ ᠢ ᠪᠠᠭᠲᠠᠭᠠᠨ᠎ᠠ︶ ᠶᠢ ᠣᠷᠣᠭᠤᠯᠤᠨ ᠠᠪᠴᠢᠷᠠᠬᠤ | ᠪᠠᠷ ᠴᠢᠷᠮᠠᠶᠢᠨ᠎ᠠ᠃ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ | ᠨᠢᠭᠡᠳᠦᠯᠲᠡᠢ ᠬᠢᠨᠠᠨ ᠵᠥᠪᠰᠢᠶᠡᠷᠡᠵᠦ᠂ ᠬᠤᠰᠢᠭᠤ ᠲᠡᠰ ᠤᠨ 36 ᠭᠤᠣᠯᠳᠠᠯᠭ᠎ᠠ ᠲᠠᠢ ᠲᠥᠷᠥᠯ ᠵᠦᠢᠯ ᠢ ᠰᠠᠶᠢᠲᠤᠷ | ᠠᠳᠬᠤᠨ᠂ ᠭᠤᠣᠯᠳᠠᠯᠭ᠎ᠠ ᠲᠠᠢ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ | ᠠᠰᠢᠭᠯᠠᠯᠲᠠ ᠳᠤ ᠣᠷᠤᠭᠤᠯᠤᠨ᠎ᠠ᠃ | ︽ᠰᠢᠨᠵᠢᠯᠡᠬᠦ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ | ᠃ ᠲᠥᠭᠡᠮᠡᠯ ᠤᠯᠠᠨ ᠢᠶᠠᠷ ᠢᠶᠠᠨ ᠦᠢᠯᠡᠰ ᠪᠣᠰᠬᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠲᠡᠮᠵᠢᠵᠤ᠂ | ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠂ ᠠᠮᠢ ᠠᠬᠤᠢ ᠶᠢᠨ ᠬᠠᠮᠠᠭᠠᠯᠠᠯᠲᠠ᠂ ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠪᠦᠲᠦᠮᠵᠢᠲᠡᠢ ᠪᠠᠷ ᠠᠰᠢᠭᠯᠠᠬᠤ᠂ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠬᠦ ᠵᠡᠷᠭᠡ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠡᠴᠢᠯᠡᠯ ᠲᠠᠢ ᠡᠬᠢ ᠪᠠᠶᠠᠯᠢᠭ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠣᠷᠣᠭᠤᠯᠤᠨ ᠠᠪᠴᠢᠷᠠᠨ᠎ᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠯᠦᠭᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨ᠎ᠡ ᠶᠢ ᠡᠭᠦᠳᠬᠦ ᠴᠢᠳᠠᠪᠤᠷᠢ ᠪᠠᠨ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ | ᠡᠯ᠎ᠡ ᠲᠦᠷᠦᠯ ᠤᠨ ᠰᠢᠨ᠎ᠡ ᠶᠢ ᠡᠭᠦᠳᠬᠦ ᠡᠯᠧᠮᠧᠨ᠋ᠲ ᠤᠨ ᠠᠵᠤ ᠠᠬᠤᠶᠢᠯᠠᠯ ᠲᠡᠶᠢᠰᠢ ᠲᠥᠪᠯᠡᠷᠡᠬᠦ ᠶᠢ ᠠᠬᠢᠭᠤᠯᠵᠤ᠂ ᠺᠦᠨ | ᠶᠤᠸᠠᠨ ᠲᠠᠢ ᠾᠧ ᠵᠡᠷᠭᠡ ᠰᠢᠨᠵᠢᠯᠡᠬᠦ ᠮᠡᠷᠭᠡᠵᠢᠯ ᠤᠨ ᠰᠢᠨᠡᠴᠢᠯᠡᠯᠲᠡ ᠲᠠᠢ ᠠᠵᠤ ᠠᠬᠤᠶᠢᠯᠠᠯ ᠤᠨ ᠬᠤᠯᠪᠣᠭᠠᠲᠤ ᠴᠣᠭᠴᠠ | ᠪᠠᠶᠢᠭᠤᠯᠬᠤ ᠠᠵᠢᠯ ᠢ ᠳᠡᠮᠵᠢᠵᠦ᠂ ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠪᠴᠠᠩ ᠢ ᠪᠠᠶᠢᠭᠤᠯᠤᠨ᠂ ᠵᠠᠬ᠎ᠠ ᠳᠡᠯᠭᠡᠭᠦᠷ ᠤᠨ | ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠰᠢᠨᠵᠢᠯᠡᠬᠦ ᠮᠡᠷᠭᠡᠵᠢᠯ ᠤᠨ ᠰᠢᠨᠡᠴᠢᠯᠡᠯᠲᠡ ᠶᠢᠨ ᠦᠷ᠎ᠡ ᠪᠦᠲᠦᠭᠡᠯ ᠢ | ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠰᠢᠨᠵᠢᠯᠡᠬᠦ | ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠵᠡᠷᠭᠡ ᠭᠤᠣᠯᠳᠠᠯᠭ᠎ᠠ ᠲᠠᠢ ᠠᠵᠤ ᠦᠢᠯᠡᠰ ᠲᠠᠢ ᠤᠶᠠᠯᠳᠤᠭᠤᠯᠤᠨ᠂ | ᠡᠬᠢ ᠪᠠᠶᠠᠯᠢᠭ ᠪᠠ ᠬᠦᠴᠦᠨ ᠢᠶᠠᠨ ᠲᠥᠪᠯᠡᠷᠡᠭᠦᠯᠵᠦ ᠰᠢᠰᠲ᠋ᠧᠮᠲᠦ ᠰᠤᠳᠤᠯᠭᠠᠨ ᠪᠠ ᠮᠡᠷᠭᠡᠵᠢᠯ ᠤᠨ ᠠᠰᠠᠭᠤᠳᠠᠯ ᠢ | ᠰᠢᠢᠳᠪᠦᠷᠢᠯᠡᠨ᠎ᠡ᠃ ᠡᠯ᠎ᠡ ᠵᠦᠢᠯ ᠤᠨ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠴᠢᠳᠠᠪᠤᠷᠢᠲᠠᠨ | ᠢ ᠬᠦᠮᠦᠵᠢᠭᠦᠯᠦᠨ᠂ ᠣᠷᠤᠭᠤᠯᠤᠨ ᠠᠪᠴᠢᠷᠠᠵᠤ ᠬᠡᠷᠡᠭᠯᠡᠨ᠎ᠡ᠃ | ᠡᠯ᠎ᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠠᠷᠪᠢᠯᠠᠨ ᠭᠠᠮᠨᠠᠬᠤ ᠦᠵᠡᠯ ᠢ | ᠪᠠᠷᠢᠮᠲᠠᠯᠠᠵᠤ᠂ ᠡᠳ᠋ ᠤᠨ ᠵᠠᠰᠠᠭ ᠤᠨ ᠲᠣᠭᠲᠠᠭᠤᠨ ᠡᠷᠭᠢᠯᠲᠡ ᠶᠢ ᠪᠦᠬᠦ ᠬᠦᠴᠦᠨ ᠢᠶᠠᠷ ᠢᠶᠠᠨ ᠪᠠᠲᠤᠯᠠᠨ᠂ ︽ᠭᠤᠷᠪᠠ ᠶᠢ | ᠪᠠᠲᠤᠯᠠᠬᠤ︾ ᠶᠢ ᠪᠠᠷᠢᠮᠲᠠᠯᠠᠨ᠂ ᠲᠣᠭᠲᠠᠮᠠᠯ ᠪᠤᠰᠤ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠰᠢᠨ᠎ᠡ ᠪᠠᠷ ᠨᠡᠮᠡᠭᠳᠡᠬᠦ | ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠨᠡᠶᠢᠲᠡ ᠶᠢᠨ ᠬᠡᠷᠡᠭᠯᠡᠭᠡᠨ ᠤ ᠵᠠᠷᠤᠯᠭ᠎ᠠ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ | ᠠᠯᠪᠠᠨ ᠵᠠᠷᠤᠳᠠᠯ ᠳᠤ ᠪᠠᠷᠢᠮᠵᠢᠶ᠎ᠠ ᠲᠤᠭᠲᠠᠭᠠᠨ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ 30 % ᠪᠠᠷ | ᠪᠠᠭᠠᠰᠬᠠᠨ᠎ᠠ᠃ ᠲᠥᠰᠦᠪ ᠤᠨ ᠦᠷ᠎ᠡ ᠪᠦᠳᠦᠮᠵᠢᠲᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ᠂ ᠲᠥᠷᠥᠯ ᠵᠦᠢᠯ ᠢ | ᠬᠥᠮᠥᠷᠭᠡ ᠳᠤ ᠣᠷᠤᠭᠤᠯᠤᠨ ᠠᠮᠢᠳᠤᠯᠢᠭ ᠢᠶᠠᠷ ᠬᠠᠮᠢᠶᠠᠷᠬᠤ᠂ ᠪᠡᠯᠡ ᠮᠥᠩᠭᠦᠨ ᠤ ᠵᠠᠷᠤᠯᠭ᠎ᠠ ᠶᠢ ᠬᠢᠨᠠᠨ ᠵᠥᠪᠰᠢᠶᠡᠷᠡᠬᠦ ᠪᠠ | ᠤᠯᠤᠰ ᠤᠨ ᠬᠥᠮᠥᠷᠭᠡ ᠠᠴᠠ ᠪᠠᠭᠤᠯᠭᠠᠨ ᠥᠭᠬᠦ ᠵᠡᠷᠭᠡ ᠠᠵᠢᠯ ᠢ ᠰᠠᠶᠢᠲᠤᠷ ᠠᠳᠬᠤᠵᠤ᠂ ᠵᠠᠷᠤᠯᠭ᠎ᠠ ᠶᠢ ᠰᠢᠨᠵᠢᠯᠡᠬᠦ | ᠤᠬᠠᠭᠠᠨᠴᠢ᠂ ᠤᠨᠤᠪᠴᠢᠲᠠᠢ᠂ ᠦᠷ᠎ᠡ ᠪᠦᠳᠦᠮᠵᠢᠲᠠᠢ ᠪᠣᠯᠭᠠᠨ᠎ᠠ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ | ᠠᠷᠢᠯᠭᠠᠬᠤ ᠠᠵᠢᠯ ᠢ ᠱᠠᠯᠠᠪᠳᠠᠨ ᠠᠬᠢᠭᠤᠯᠵᠤ᠂ ᠲᠣᠭᠲᠠᠭᠠᠯ ᠠᠴᠠ ᠵᠥᠷᠢᠴᠡᠨ ᠥᠷᠢ ᠭᠠᠷᠭᠠᠬᠤ ᠶᠢ ᠴᠠᠭᠠᠵᠠᠯᠠᠵᠤ᠂ ᠥᠷᠢ | ᠥᠭᠴᠡᠭᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ᠂ ᠭᠠᠵᠠᠷ ᠨᠤᠲᠤᠭ ᠤᠨ ᠥᠷᠢ ᠥᠭᠴᠡᠭᠡᠨ ᠤ ᠲᠦᠭᠰᠢᠭᠦᠷᠢ ᠶᠢ | ᠪᠠᠭᠤᠷᠠᠭᠤᠯᠤᠨ᠎ᠠ᠃ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦᠨ ᠤ ︽ᠵᠢᠭᠡᠯᠡᠵᠦ ᠬᠡᠷᠡᠭᠯᠡᠵᠦ | ᠬᠠᠮᠢᠶᠠᠷᠴᠤ ᠪᠤᠴᠠᠭᠠᠬᠤ︾ ᠬᠠᠮᠢᠶᠠᠷᠤᠯᠲᠠ ᠪᠠ ᠳᠦᠷᠢᠮ ᠤᠨ ᠰᠢᠰᠲ᠋ᠧᠮ ᠢ ᠪᠠᠶᠢᠭᠤᠯᠵᠤ᠂ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠲᠥᠷᠥᠯ ᠵᠦᠶᠯ ᠢ ᠵᠦᠶ ᠵᠣᠬᠢᠰᠲᠠᠶ ᠲᠥᠯᠥᠪᠵᠢᠭᠦᠯᠦᠨ᠂ ᠲᠥᠷᠥᠯ ᠵᠦᠶᠯ ᠤᠨ ᠪᠠᠯᠠ ᠮᠥᠩᠭᠦ ᠶᠢ | ᠣᠨᠣᠪᠴᠢᠲᠠᠶ ᠵᠢᠷᠤᠮᠵᠢᠯ ᠲᠠᠢ ᠬᠡᠷᠡᠭᠯᠡᠵᠦ᠂ ᠬᠢᠵᠠᠭᠠᠷ ᠲᠠᠢ ᠪᠠᠯᠠ ᠮᠥᠩᠭᠦ ᠶᠢ ᠴᠢᠬᠤᠯᠠ ᠲᠠᠢ ᠭᠠᠵᠠᠷ ᠬᠡᠷᠡᠭᠯᠡᠬᠦ ᠶᠢ ᠦᠨᠡᠨᠬᠦ | ᠪᠠᠲᠤᠯᠠᠨ᠎ᠠ᠃ | ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠢᠶᠠᠨ ᠲᠥᠪᠯᠡᠷᠡᠭᠦᠯᠵᠦ᠂ ᠬᠤᠲᠠ | ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠰᠢᠨ᠎ᠡ ᠨᠢᠭᠡ ᠡᠭᠡᠯᠵᠢ ᠶᠢᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠬᠠᠷᠢᠴᠠᠭ᠎ᠠ ᠶᠢ | ᠭᠦᠨᠵᠡᠭᠡᠶ ᠡᠵᠡᠮᠳᠡᠨ᠂ ᠪᠠᠶᠢᠷᠢ ᠲᠣᠭᠲᠠᠭᠠᠯᠲᠠ ᠪᠠ ᠡᠬᠢᠯᠡᠯᠲᠡ ᠶᠢᠨ ᠴᠡᠭ ᠢ ᠣᠨᠣᠪᠴᠢᠲᠠᠶ ᠣᠯᠵᠤ᠂ ᠬᠤᠲᠠ ᠬᠥᠳᠡᠭᠡ ᠶᠢ | ᠨᠢᠭᠡᠳᠦᠯᠲᠡᠶ ᠳᠦᠯᠦᠪᠵᠢᠬᠦᠯᠦᠨ᠂ ᠵᠣᠬᠢᠴᠠᠩᠭᠤᠶ ᠪᠠᠷ ᠬᠦᠭᠵᠢᠬᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠰᠢᠰᠲ᠋ᠧᠮ ᠤᠨ ᠲᠣᠭᠲᠠᠭᠤᠨ ᠢᠶᠠᠷ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠵᠤ᠂ ᠪᠥᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠦᠷᠭᠦᠯᠵᠢᠯᠡᠨ ᠠᠬᠢᠭᠤᠯᠬᠤ ᠬᠢᠭᠡᠳ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠬᠢᠴᠠᠭᠤᠯᠤᠨ᠎ᠠ᠃ ︽ᠳᠥᠷᠪᠡ ᠶᠢ ᠪᠠᠷᠢᠮᠲᠠᠯᠠᠬᠤ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ | ᠪᠠᠯᠠ ᠮᠥᠩᠭᠦᠨ ᠤ ᠳᠡᠮᠵᠢᠯᠭᠡ᠂ ᠬᠠᠪᠰᠤᠷᠤᠨ ᠲᠡᠳᠬᠦᠬᠦ ᠬᠦᠴᠦᠨ ᠢ ᠶᠡᠷᠦᠩᠬᠡᠶ ᠳᠡᠭᠡᠨ ᠲᠤᠭᠲᠠᠪᠤᠷᠢᠵᠢᠭᠤᠯᠵᠤ᠂ ᠶᠠᠳᠠᠭᠤ | ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠶᠠᠳᠠᠭᠤ ᠶᠢ ᠲᠡᠳᠬᠦᠬᠦ | ᠪᠡᠯᠡ ᠮᠥᠩᠭᠦᠨ ᠤ ᠲᠥᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠠᠵᠤ ᠦᠢᠯᠡᠰ ᠢ | ᠦᠷᠭᠦᠯᠵᠢᠯᠡᠨ ᠬᠦᠭᠵᠢᠬᠦᠯᠦᠨ᠂ 8767 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠡᠷᠦᠬᠡ ᠳᠤ | ᠬᠦᠷᠭᠡᠬᠦ 6 ᠲᠥᠷᠦᠯ ᠵᠦᠢᠯ᠂ ᠠᠵᠤ ᠦᠢᠯᠡᠰ ᠤᠨ ᠬᠥᠭᠵᠢᠯᠲᠡ ᠶᠢᠨ 4 ᠲᠥᠷᠦᠯ ᠵᠦᠢᠯ᠂ ᠪᠠᠭ᠎ᠠ ᠬᠡᠯᠪᠡᠷᠢ ᠶᠢᠨ ᠨᠡᠶᠢᠲᠡ | ᠶᠢᠨ ᠠᠰᠠᠷᠠᠮᠵᠢ ᠶᠢᠨ ᠴᠢᠨᠠᠷᠲᠠᠢ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠶᠢᠨ 3 ᠲᠥᠷᠦᠯ ᠵᠦᠢᠯ ᠢ | ᠬᠡᠷᠡᠭᠵᠢᠬᠦᠯᠦᠨ᠎ᠡ᠃ ᠳᠠᠬᠢᠨ ᠶᠠᠳᠠᠭᠤᠷᠠᠬᠤ ᠶᠢ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠤᠯᠠᠮ | ᠪᠦᠷᠢᠨᠰᠢᠬᠦᠯᠵᠦ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ᠂ ᠵᠠᠬ᠎ᠠ ᠶᠢᠨ ᠡᠷᠦᠬᠡ᠂ ᠠᠮᠠᠷᠬᠠᠨ | ᠶᠠᠳᠠᠭᠤᠷᠠᠬᠤ ᠡᠷᠦᠬᠡ ᠶᠢ ᠳᠠᠷᠤᠶᠢᠬᠠᠨ ᠢᠯᠡᠷᠡᠭᠦᠯᠬᠦ ᠪᠠ ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠥᠳᠡᠭᠡ | ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠶᠢᠨ ᠣᠷᠣᠯᠭ᠎ᠠ ᠪᠠᠨ ᠨᠡᠮᠡᠭᠳᠡᠭᠦᠯᠬᠦ ᠪᠠ ᠠᠮᠢᠳᠤᠷᠠᠯ ᠢᠶᠠᠨ ᠰᠠᠶᠢᠵᠢᠷᠠᠭᠤᠯᠬᠤ | ᠶᠢ ᠶᠡᠬᠡᠪᠡᠷ ᠬᠠᠪᠰᠤᠷᠤᠨ ᠲᠡᠳᠬᠦᠵᠦ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠪᠠᠬᠢᠯᠡᠯᠲᠡ ᠶᠢ | ᠪᠠᠳᠤᠳᠬᠠᠨ᠎ᠠ᠃ | ᠬᠤᠲᠠ ᠪᠠᠯᠭᠠᠰᠤ ᠶᠢ ᠨᠠᠷᠢᠯᠢᠭᠵᠢᠭᠤᠯᠤᠨ ᠬᠠᠮᠢᠶᠠᠷᠤᠨ᠎ᠠ᠃ ᠬᠤᠲᠠ ᠪᠠᠯᠭᠠᠰᠤᠵᠢᠯᠲᠠ ᠶᠢᠨ ᠲᠦᠬᠦᠷᠴᠢᠯᠠᠭᠰᠠᠨ ᠪᠦᠳᠦᠭᠡᠨ | ᠪᠠᠶᠢᠭᠤᠯᠤᠯᠲᠠ ᠶᠢ ᠨᠠᠷᠢᠯᠢᠭᠵᠢᠭᠤᠯᠵᠤ᠂ ᠬᠤᠲᠠ ᠪᠠᠯᠭᠠᠰᠤᠨ ᠤ ᠵᠠᠮ ᠱᠤᠭᠤᠮ ᠢ ᠰᠡᠯᠪᠢᠨ ᠵᠠᠰᠠᠬᠤ᠂ ᠭᠠᠵᠠᠷ ᠳᠣᠤᠷᠠᠬᠢ | ᠲᠣᠣᠷ ᠬᠤᠭᠤᠯᠠᠶ ᠶᠢ ᠰᠡᠯᠪᠢᠨ ᠵᠠᠰᠠᠬᠤ ᠠᠵᠢᠯ ᠢ ᠠᠬᠢᠭᠤᠯᠤᠨ᠂ ᠬᠤᠳᠠ ᠶᠢᠨ ᠪᠦᠳᠦᠭᠡᠨ ᠪᠠᠶᠢᠭᠤᠯᠤᠯᠳᠠ ᠤᠨ ᠡᠳᠦᠷ | ᠲᠤᠳᠤᠮ ᠤᠨ ᠠᠷᠠᠴᠢᠯᠠᠯᠲᠠ ᠶᠢ ᠴᠢᠩᠭᠠᠳᠬᠠᠵᠤ᠂ ᠬᠠᠭᠤᠴᠢᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ | ᠬᠠᠮᠢᠶᠠᠷᠤᠯᠳᠠ ᠵᠠᠳᠠᠭᠠᠢ ᠵᠡᠭᠡᠯᠢ ᠳᠠᠭᠠᠤ ᠣᠷᠣᠨ ᠤ ᠭᠤᠸᠠᠵᠢᠭᠤᠯᠤᠯᠳᠠ ᠬᠦᠷᠦᠯᠴᠡᠬᠦ ᠦᠭᠡᠢ ᠵᠡᠷᠭᠡ ᠠᠰᠠᠭᠤᠳᠠᠯ ᠢ | ᠰᠢᠢᠳᠪᠦᠷᠢᠯᠡᠨ᠎ᠡ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠬ᠎ᠠ ᠳᠡᠯᠭᠡᠭᠦᠷᠴᠢᠯᠡᠭᠰᠡᠨ ᠬᠠᠮᠢᠶᠠᠷᠤᠯᠲᠠ ᠶᠢ ᠪᠦᠬᠦ | ᠲᠠᠯ᠎ᠠ ᠪᠠᠷ ᠬᠡᠷᠡᠭᠵᠢᠭᠦᠯᠦᠨ᠂ ᠪᠥᠬᠦᠯᠢ ᠡᠳᠦᠷ ᠤᠨ ᠪᠦᠬᠦ ᠲᠠᠯ᠎ᠠ ᠶᠢ ᠬᠠᠮᠤᠷᠤᠭᠰᠠᠨ ᠣᠷᠴᠢᠨ ᠲᠤᠭᠤᠷᠢᠨ ᠤ ᠴᠡᠪᠡᠷᠯᠡᠭᠡ ᠶᠢᠨ | ᠠᠵᠢᠯ ᠢ ᠪᠠᠶᠢᠩᠭᠤᠵᠢᠭᠤᠯᠵᠤ᠂ ᠴᠡᠴᠡᠷᠯᠢᠭ ᠠᠭᠤᠳᠠᠮ ᠲᠠᠯᠠᠪᠠᠢ ᠵᠡᠭᠡᠯᠢ ᠭᠤᠳᠣᠮᠵᠢ ᠶᠢᠨ ᠨᠣᠭᠤᠭᠠᠷᠠᠭᠤᠯᠤᠯᠳᠠ ᠶᠢᠨ ᠲᠠᠯᠠᠪᠠᠢ᠂ | ᠬᠤᠳᠠ ᠪᠠᠯᠭᠠᠰᠣᠨ ᠤ ᠣᠷᠣᠵᠤ ᠭᠠᠷᠬᠤ ᠬᠡᠰᠡᠭ ᠤᠨ ᠦᠵᠡᠮᠵᠢ ᠶᠢ ᠰᠢᠯᠢᠳᠡᠭᠵᠢᠭᠦᠯᠦᠨ᠎ᠡ᠃ ᠠᠳᠠᠯ ᠠᠬᠤᠢ ᠶᠢᠨ | ᠦᠢᠯᠡᠴᠢᠯᠡᠭᠡ ᠬᠠᠮᠢᠶᠠᠷᠤᠯᠳᠠ ᠶᠢ ᠳᠥᠷᠢᠮᠵᠢᠭᠦᠯᠦᠨ ᠴᠢᠩᠭᠠᠳᠬᠠᠵᠤ᠂ ᠪᠦᠳᠦᠮᠵᠢᠳᠠᠢ ᠠᠷᠭ᠎ᠠ ᠬᠡᠮᠵᠢᠶ᠎ᠡ ᠪᠠᠷ ᠰᠠᠭᠤᠭᠠᠯᠢ | ᠲᠤᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠥᠪᠰᠢᠨ ᠢ ᠰᠠᠶᠢᠵᠢᠷᠠᠭᠤᠯᠵᠤ᠂ ᠠᠳᠠᠯ ᠠᠬᠤᠢ ᠶᠢᠨ | ᠰᠦᠢᠳᠬᠡᠯ ᠢᠶᠠᠨ ᠲᠤᠰᠢᠶᠠᠬᠤ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠣᠳᠣᠬᠢᠴᠢᠯᠠᠭᠰᠠᠨ ᠪᠥᠲᠥᠭᠡᠨ | ᠪᠠᠶᠢᠭᠤᠯᠤᠯᠲᠠ ᠶᠢᠨ ᠴᠢᠬᠤᠯᠠ ᠪᠠᠶᠢᠷᠢᠨ ᠳᠤ ᠲᠠᠯᠪᠢᠵᠤ᠂ ᠲᠥᠷᠥᠯ ᠵᠦᠶᠯ ᠢ ᠬᠡᠷᠡᠭᠵᠢᠭᠦᠯᠬᠦ ᠪᠠ ᠡᠭᠦᠷᠭᠡ ᠶᠢ | ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠵᠢᠭᠦᠯᠦᠨ᠂ ᠬᠦᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠰᠢᠨᠵᠢᠯᠡᠬᠦ | ᠤᠬᠠᠭᠠᠨᠴᠢ ᠪᠠᠷ ᠪᠠᠶᠢᠷᠢᠰᠢᠭᠤᠯᠤᠨ᠎ᠠ᠃ ᠵᠢᠯ ᠤᠨ ᠳᠣᠲᠣᠷ᠎ᠠ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ 5 ᠵᠢᠯ ᠤᠨ ᠲᠥᠯᠦᠪᠯᠡᠭᠡ ᠪᠠ 15 ᠵᠢᠯ ᠤᠨ ᠲᠥᠯᠦᠪᠯᠡᠭᠡ ᠶᠢ ᠨᠠᠶᠢᠷᠠᠭᠤᠯᠤᠨ | ᠲᠣᠭᠲᠠᠭᠠᠨ᠎ᠠ᠃ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠭᠰᠠᠨ ᠦᠷ᠎ᠡ | ᠪᠦᠲᠦᠭᠡᠯ ᠢ ᠪᠥᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠵᠦ᠂ ᠬᠦᠳᠡᠭᠡ ᠲᠣᠰᠬᠤᠨ ᠤ ᠠᠷᠢᠭᠤᠨ ᠴᠡᠪᠡᠷ ᠢ ᠤᠷᠲᠤ | ᠬᠤᠭᠤᠴᠠᠭ᠎ᠠ ᠪᠠᠷ ᠪᠠᠲᠤᠯᠠᠬᠤ ᠲᠦᠷᠢᠮ ᠢ ᠪᠠᠶᠢᠭᠤᠯᠤᠨ᠂ ᠬᠤᠭ ᠨᠣᠪᠰᠢ ᠶᠢ ᠡᠬᠢ ᠡᠭᠦᠰᠦᠯ ᠠᠴᠠ ᠨᠢ ᠪᠠᠭᠠᠰᠬᠠᠨ | ᠬᠠᠮᠢᠶᠠᠷᠴᠤ᠂ ᠠᠮᠢᠳᠤᠷᠠᠯ ᠦᠶᠯᠡᠳᠪᠦᠷᠢᠯᠡᠯ ᠤᠨ ᠬᠤᠭ ᠨᠣᠪᠰᠢ ᠶᠢ ᠪᠥᠬᠦ ᠲᠠᠯ᠎ᠠ ᠪᠠᠷ ᠴᠡᠭᠴᠡᠯᠡᠨ ᠵᠠᠰᠠᠨ᠎ᠠ᠃ ︽2021 | ᠣᠨ ᠤ ᠬᠤᠰᠢᠭᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ | ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠰᠦᠯ︾ ᠢ ᠲᠣᠭᠲᠠᠭᠠᠨ ᠲᠠᠷᠬᠠᠭᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠤᠭᠰᠠᠨ 10 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠪᠥᠲᠥᠭᠡᠨ ᠪᠠᠶᠢᠭᠤᠯᠵᠤ᠂ ᠱᠠᠩᠨᠠᠨ | ᠬᠥᠬᠢᠭᠦᠯᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢ ᠠᠬᠢᠭᠤᠯᠬᠤ ᠠᠬᠤᠶ ᠲᠠᠯᠠᠪᠠᠶ ᠶᠢᠨ ᠦᠵᠡᠭᠦᠯᠦᠯᠭᠡ ᠶᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ︽ᠰᠢᠯᠤᠭᠤᠨ ᠬᠥᠬᠡ ᠬᠤᠰᠢᠭᠤᠨ ᠤ ᠷᠠᠳᠢᠣ᠋ ᠨᠡᠪᠲᠡᠷᠡᠭᠦᠯᠭᠡ ᠶᠢᠨ ᠲᠣᠣᠷ ᠰᠦᠯᠵᠢᠶᠡᠨ︾ ᠤ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠪᠠ ︽ᠣᠳᠣᠬᠢᠴᠢᠯᠠᠭᠰᠠᠨ ᠮᠠᠯ ᠠᠵᠤ ᠠᠬᠤᠢ ᠶᠢᠨ ᠣᠶᠣᠨᠴᠢᠯᠠᠭᠰᠠᠨ | ᠷᠠᠳᠢᠣ᠋ ᠨᠡᠪᠲᠡᠷᠡᠭᠦᠯᠭᠡ ᠶᠢᠨ ᠦᠢᠯᠡᠴᠢᠯᠡᠭᠡ︾ ᠶᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ ᠤ ᠲᠣᠣᠷ ᠰᠦᠯᠵᠢᠶᠡᠨ ᠤ | ᠲᠥᠭᠡᠮᠡᠯᠵᠢᠯᠲᠡ ᠶᠢ ᠪᠡᠶᠡᠯᠡᠬᠦᠯᠦᠨ᠎ᠡ᠃ | ︵ᠲᠠᠪᠤ︶ ᠠᠷᠠᠳ ᠲᠤ ᠠᠰᠢᠭ ᠬᠦᠷᠲᠡᠭᠡᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠤᠯᠠᠨ | ᠲᠦᠮᠡᠨ ᠤ ᠰᠠᠨᠠᠭᠠᠰᠢᠷᠠᠵᠤ ᠪᠠᠶᠢᠭ᠎ᠠ᠂ ᠬᠦᠰᠡᠵᠦ ᠪᠠᠶᠢᠭ᠎ᠠ ᠵᠦᠢᠯ ᠳᠤ ᠠᠩᠬᠠᠷᠤᠯ ᠢᠶᠠᠨ ᠬᠠᠨᠳᠤᠭᠤᠯᠵᠤ᠂ ᠠᠷᠠᠳ ᠤᠨ | ᠠᠮᠢᠳᠤᠷᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠂ ᠤᠯᠠᠨ ᠲᠦᠮᠡᠨ ᠤ | ᠰᠠᠨᠠᠭᠠᠰᠢᠷᠠᠵᠤ ᠪᠠᠶᠢᠭ᠎ᠠ ᠶᠠᠪᠤᠳᠠᠯ᠂ ᠲᠦᠪᠡᠭᠳᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ | ᠠᠮᠢᠳᠤᠷᠠᠯ ᠢ ᠰᠠᠶᠢᠵᠢᠷᠠᠭᠤᠯᠤᠨ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠢ ᠴᠢᠷᠮᠠᠶᠢᠨ ᠡᠭᠦᠳᠦᠨ᠎ᠡ᠃ | ᠠᠷᠠᠳ ᠤᠨ ᠠᠮᠢᠳᠤᠷᠠᠯ ᠳᠤ ᠬᠤᠯᠪᠤᠭᠳᠠᠬᠤ ᠲᠥᠷᠦᠯ ᠵᠦᠢᠯ ᠢ ᠰᠠᠶᠢᠳᠤᠷ ᠭᠦᠢᠴᠡᠳᠭᠡᠨ᠎ᠡ᠃ ︽ᠨᠢᠭᠡᠳᠦᠯᠲᠡᠶ ᠲᠥᠯᠥᠪᠯᠡᠨ | ᠨᠡᠶᠢᠲᠡ ᠳᠤᠨᠢ ᠬᠠᠷᠠᠭᠠᠯᠵᠠᠬᠤ᠂ ᠭᠤᠣᠯᠳᠠᠯᠭ᠎ᠠ ᠶᠢ ᠡᠵᠡᠮᠳᠡᠬᠦ᠂ ᠠᠷᠠᠳ ᠤᠨ ᠰᠠᠨᠠᠭ᠎ᠠ ᠶᠢ ᠬᠦᠨᠳᠦᠳᠬᠡᠬᠦ᠂ ᠠᠷᠠᠳ ᠤᠨ | ᠠᠮᠢᠳᠤᠷᠠᠯ ᠢ ᠲᠣᠪᠣᠶᠢᠯᠭᠠᠬᠤ᠂ ᠴᠢᠳᠠᠯ ᠤᠨ ᠬᠢᠷᠢ ᠪᠠᠷ ᠢᠶᠠᠨ ᠬᠢᠬᠦ᠂ ᠦᠷ᠎ᠡ ᠠᠰᠢᠭ ᠢ ᠴᠢᠬᠤᠯᠠᠴᠢᠯᠠᠬᠤ︾ ᠵᠠᠷᠴᠢᠮ ᠤᠨ | ᠶᠣᠰᠣᠭᠠᠷ᠂ ᠥᠷᠭᠡᠨ ᠣᠯᠠᠨ ᠤ ︽ᠢᠳᠡᠵᠦ ᠡᠮᠦᠰᠬᠦ ᠶᠠᠪᠤᠵᠤ ᠰᠠᠭᠤᠬᠤ᠂ ᠠᠮᠤᠷ ᠲᠠᠶᠢᠪᠤᠩ ᠠᠵᠤ ᠲᠦᠷᠦᠭᠦ︾ ᠪᠠᠷ | ᠭᠤᠣᠯᠳᠠᠯᠭ᠎ᠠ ᠪᠣᠯᠭᠠᠨ᠂ ᠨᠡᠶᠢᠭᠡᠮ ᠳᠤ ᠬᠠᠨᠳᠤᠭᠤᠯᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠲᠥᠷᠥᠯ ᠵᠦᠢᠯ | ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠰᠣᠩᠭᠤᠨ ᠲᠣᠭᠲᠠᠭᠠᠵᠤ᠂ ᠲᠥᠰᠦᠪ ᠤᠨ ᠪᠡᠯᠡ ᠮᠥᠩᠭᠦ ᠶᠢ ᠭᠦᠢᠴᠡᠳ | ᠲᠤᠭ᠎ᠠ ᠪᠠᠷ ᠲᠣᠬᠢᠷᠠᠭᠤᠯᠤᠨ᠂ ᠵᠢᠯ ᠤᠨ ᠳᠣᠲᠣᠷ᠎ᠠ ᠡᠭᠦᠷᠭᠡ ᠪᠠᠨ ᠥᠨᠳᠥᠷ ᠪᠠᠷᠢᠮᠵᠢᠶ᠎ᠠ ᠲᠠᠢ᠂ ᠴᠢᠨᠠᠷᠯᠢᠭ ᠪᠡᠶᠡᠯᠡᠭᠦᠯᠬᠦ ᠶᠢ | ᠦᠨᠡᠨᠬᠦ ᠪᠠᠲᠤᠯᠠᠨ᠎ᠠ᠃ ᠰᠤᠷᠭᠠᠨ ᠬᠥᠮᠦᠵᠢᠯ᠂ ᠵᠠᠮ ᠬᠠᠷᠢᠯᠴᠠᠭ᠎ᠠ᠂ ᠡᠮ ᠡᠮᠨᠡᠯᠭᠡ᠂ ᠳᠤᠯᠠᠭᠠᠯᠠᠭ᠎ᠠ ᠵᠡᠷᠭᠡ ᠬᠦᠷᠢᠶ᠎ᠡ | ᠬᠡᠪᠴᠢᠶᠡᠨ ᠳᠤ ᠬᠤᠯᠪᠣᠭᠳᠠᠭᠰᠠᠨ ᠠᠷᠠᠳ ᠤᠨ ᠠᠮᠢᠳᠤᠷᠠᠯ ᠤᠨ 5 ᠲᠥᠷᠥᠯ ᠵᠦᠢᠯ ᠢ ᠲᠣᠭᠲᠠᠭᠠᠨ᠎ᠠ᠃ ᠡᠭᠦᠨ ᠤ ᠬᠠᠮᠲᠤ | ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠦ ᠶᠢᠨ ᠪᠣᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠲᠥᠷᠦᠯ | ᠵᠦᠢᠯ ᠲᠣᠭᠲᠠᠭᠠᠨ᠂ ᠪᠡᠯᠡ ᠮᠥᠩᠭᠦ ᠬᠤᠷᠠᠮᠳᠤᠭᠤᠯᠤᠭᠰᠠᠨ ᠲᠣᠣᠷᠠᠬᠢ ᠮᠡᠲᠦ 7 ᠲᠠᠯ᠎ᠠ ᠶᠢᠨ ᠠᠷᠠᠳ ᠤᠨ ᠠᠮᠢᠳᠤᠷᠠᠯ ᠳᠤ | ᠬᠤᠯᠪᠤᠭᠳᠠᠬᠤ ᠪᠣᠳᠠᠲᠤ ᠵᠦᠢᠯ ᠢ ᠬᠢᠨ᠎ᠡ᠃ ᠨᠢᠭᠡ ᠳᠤ᠂ ᠣᠷᠣᠰᠢᠨ ᠰᠠᠭᠤᠬᠤ ᠣᠷᠴᠢᠨ ᠲᠤᠭᠤᠷᠢᠨ ᠢ ᠰᠠᠶᠢᠵᠢᠷᠠᠭᠤᠯᠤᠨ᠎ᠠ᠃ | ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠠᠷᠠᠴᠢᠯᠠᠨ ᠬᠠᠮᠠᠭᠠᠯᠠᠬᠤ᠂ ᠬᠤᠲᠠ ᠶᠢᠨ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠵᠢᠴᠢ ᠴᠡᠴᠡᠷᠯᠢᠭ ᠤᠨ ᠨᠣᠭᠤᠭᠠᠷᠠᠭᠤᠯᠤᠯᠲᠠ ᠶᠢ ᠰᠠᠶᠢᠳᠤᠷ ᠠᠳᠬᠤᠨ᠎ᠠ᠃ ᠶᠤᠸᠠᠨ ᠹᠦ᠋ | ᠰᠠᠭᠤᠭᠠᠯᠢ ᠲᠤᠭᠤᠷᠢᠭ ᠤᠨ B ᠲᠣᠭᠤᠷᠢᠭ ᠵᠡᠷᠭᠡ ᠬᠠᠭᠤᠴᠢᠨ ᠰᠠᠭᠤᠭᠠᠯᠢ ᠲᠤᠭᠤᠷᠢᠭ ᠢ ᠰᠢᠨᠡᠳᠬᠡᠨ ᠥᠭᠡᠷᠡᠴᠢᠯᠡᠨ᠎ᠡ᠃ | ᠬᠤᠲᠠ ᠪᠠᠯᠭᠠᠰᠤᠨ ᠤ ᠬᠠᠮᠠᠷ ᠤᠨ ᠭᠡᠶᠢᠭᠦᠯᠦᠭᠴᠢ ᠨᠣᠪᠰᠢ ᠵᠥᠭᠡᠭᠡᠪᠦᠷᠢᠯᠡᠬᠦ ᠲᠣᠨᠤᠭ ᠳᠥᠬᠦᠭᠡᠷᠦᠮᠵᠢ ᠶᠢ | ᠲᠡᠭᠦᠯᠳᠡᠷᠵᠢᠬᠦᠯᠦᠨ᠎ᠡ᠃ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ 1200 | ᠡᠷᠦᠬᠡ ᠶᠢᠨ ᠵᠣᠷᠯᠣᠩ ᠢ ᠥᠭᠡᠷᠡᠴᠢᠯᠡᠵᠦ᠂ ᠠᠷᠢᠭᠤᠨ ᠴᠡᠪᠡᠷ ᠵᠣᠷᠯᠤᠩ ᠤᠨ ᠲᠥᠭᠡᠮᠡᠯᠵᠢᠯᠲᠡ ᠶᠢ 37% ᠠᠴᠠ | ᠳᠡᠭᠡᠭᠰᠢ ᠳᠤ ᠬᠦᠷᠭᠡᠨ᠎ᠡ᠃ ᠬᠤᠶᠠᠷ ᠲᠤ᠂ ᠳᠦᠭᠦᠮ ᠳᠥᠲᠡ ᠵᠠᠮ ᠨᠡᠪᠲᠡᠷᠡᠯᠭᠡ ᠶᠢ ᠪᠥᠷᠢᠯᠳᠦᠭᠦᠯᠦᠨ᠎ᠡ᠃ ᠨᠡᠶᠢᠲᠡ ᠶᠢᠨ ᠵᠠᠮ | ᠬᠠᠷᠢᠯᠴᠠᠭᠠᠨ ᠤ ᠡᠵᠡᠩᠨᠡᠯᠲᠡ ᠶᠢᠨ ᠺᠣᠮᠫᠠᠨᠢ ᠶᠢ ᠪᠠᠶᠢᠭᠤᠯᠵᠤ᠂ ᠬᠤᠳᠠ ᠪᠠᠯᠭᠠᠰᠤᠨ ᠤ ᠨᠡᠶᠢᠲᠡ ᠶᠢᠨ ᠵᠠᠮ ᠬᠠᠷᠢᠯᠴᠠᠭᠠᠨ ᠤ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠬᠦᠯᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠵᠤ᠂ ︽ᠭᠠᠴᠠᠭ᠎ᠠ ᠲᠣᠰᠬᠤᠨ ᠳᠤ ᠨᠡᠪᠲᠡᠷᠡᠬᠦ ᠵᠠᠮ︾ ᠤᠨ ᠶᠠᠰᠤ ᠴᠢᠨᠠᠷ ᠢ ᠳᠡᠭᠡᠭᠰᠢᠯᠡᠬᠦᠯᠵᠦ᠂ | ᠬᠦᠳᠡᠭᠡ ᠲᠣᠰᠬᠤᠨ ᠳᠤ 27.7 ᠺᠢᠯᠣᠮᠧᠲᠷ ᠽᠧᠮᠧᠨ᠋ᠲ ᠵᠠᠮ᠂ 80 ᠺᠢᠯᠣᠮᠧᠲᠷ ᠬᠠᠶᠢᠷ ᠴᠢᠯᠤᠭᠤᠨ ᠵᠠᠮ ᠳᠡᠪᠢᠰᠦᠨ᠎ᠡ᠃ | ᠲᠠᠶᠢᠽᠢ ᠴᠧᠩ ᠠᠴᠠ ᠰᠢᠯᠢ ᠶᠢᠨ ᠬᠤᠳᠠ ᠬᠦᠷᠬᠦ ᠲᠦᠷᠭᠡᠨ ᠬᠤᠷᠳᠣᠴᠠᠲᠤ ᠲᠡᠮᠦᠷ ᠵᠠᠮ ᠪᠠ ᠵᠢᠨᠢᠩ ᠠᠴᠠ ᠲᠦᠩᠯᠢᠶᠣᠣ | ᠬᠦᠷᠬᠦ ᠲᠡᠮᠦᠷ ᠵᠠᠮ ᠢ ᠴᠠᠬᠢᠯᠭᠠᠨᠵᠢᠭᠤᠯᠬᠤ ᠥᠭᠡᠷᠡᠴᠢᠯᠡᠯᠳᠡ ᠶᠢ ᠲᠦᠷᠭᠡᠳᠬᠡᠨ᠎ᠡ᠃ ᠠᠷᠠᠳ ᠤᠨ ᠬᠡᠷᠡᠭᠯᠡᠭᠡᠨ ᠤ ᠨᠢᠰᠭᠡᠯ ᠤᠨ | ᠪᠠᠭᠤᠳᠠᠯ ᠤᠨ ᠪᠠᠶᠢᠭᠤᠯᠤᠯᠲᠠ ᠶᠢ ᠲᠦᠷᠭᠡᠳᠭᠡᠵᠦ᠂ ᠳᠥᠬᠦᠮ ᠲᠥᠳᠡ ᠵᠠᠮ ᠨᠡᠪᠲᠡᠷᠡᠯᠭᠡ ᠶᠢᠨ ᠨᠥᠬᠦᠴᠡᠯ ᠢ | ᠪᠦᠷᠢᠯᠳᠦᠭᠦᠯᠦᠨ᠎ᠡ᠃ ᠭᠤᠷᠪᠠ ᠳᠤ᠂ ᠮᠠᠯᠴᠢᠨ ᠲᠠᠷᠢᠶᠠᠴᠢᠳ ᠤᠨ ᠣᠷᠤᠯᠭ᠎ᠠ ᠶᠢ ᠨᠡᠮᠡᠭᠳᠡᠭᠦᠯᠦᠨ᠎ᠡ᠃ ︽ᠰᠠᠭᠠᠯᠢ ᠶᠢᠨ | ᠦᠨᠢᠶᠡᠨ ᠤ ᠮᠠᠯᠵᠢᠯ ᠤᠨ ᠲᠠᠯᠠᠪᠠᠢ + ᠵᠢᠵᠢᠭ ᠦᠢᠯᠡᠳᠭᠡᠯ ᠤᠨ ᠭᠠᠵᠠᠷ︾ ᠮᠠᠶ᠋ᠢᠭ ᠤᠨ ᠦᠢᠯᠡᠳᠪᠦᠷᠢᠯᠡᠯ ᠡᠵᠡᠩᠨᠡᠯᠲᠡ ᠶᠢᠨ | ᠬᠡᠯᠪᠡᠷᠢ ᠶᠢ ᠠᠰᠢᠭᠯᠠᠵᠤ᠂ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡᠨ ᠤ ᠵᠢᠵᠢᠭ ᠦᠢᠯᠡᠳᠭᠡᠯ ᠤᠨ ᠭᠠᠵᠠᠷ ᠪᠠ | ᠳᠤᠮᠳᠠ ᠵᠢᠵᠢᠭ ᠬᠡᠯᠪᠡᠷᠢ ᠶᠢᠨ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠤᠷ ᠤᠨ ᠳᠡᠰ ᠳᠡᠪᠰᠢᠨ ᠰᠢᠯᠢᠳᠡᠭᠵᠢᠬᠦ ᠶᠢ | ᠠᠬᠢᠭᠤᠯᠤᠨ᠎ᠠ᠃ ᠳᠥᠷᠪᠡ ᠳᠤ᠂ ᠰᠤᠷᠭᠠᠨ ᠬᠦᠮᠦᠵᠢᠯ ᠡᠷᠡᠭᠦᠯ ᠬᠠᠮᠠᠭᠠᠯᠠᠯ ᠤᠨ ᠦᠢᠯᠡᠰ ᠢ ᠬᠥᠭᠵᠢᠭᠦᠯᠦᠨ᠎ᠡ᠃ ᠰᠠᠩ ᠤᠨ | ᠲᠡᠯᠡᠶ ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠰᠠᠩ ᠤᠨ ᠲᠡᠯᠡᠶ | ᠪᠠᠯᠭᠠᠰᠤᠨ ᠤ ᠶᠢᠰᠦᠨ ᠵᠢᠯ ᠤᠨ ᠳᠦᠷᠢᠮᠲᠦ ᠠᠩᠬ᠎ᠠ ᠳᠤᠮᠳᠠᠳᠤ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ᠂ ᠥᠭᠡᠯᠦᠨ | ᠬᠡᠦᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠎ᠠ᠃ ᠬᠤᠰᠢᠭᠤ ᠡᠮᠨᠡᠯᠭᠡ ᠶᠢᠨ ᠬᠤᠷᠢᠶᠠᠨ ᠤ ᠲᠦᠷᠭᠡᠨ ᠠᠪᠤᠷᠠᠯᠳᠠ ᠶᠢᠨ ᠶᠡᠷᠦᠩᠬᠡᠶᠢᠯᠡᠭᠰᠡᠨ ᠠᠰᠠᠷ᠂ | ᠬᠠᠯᠳᠠᠪᠤᠷᠢᠳᠦ ᠡᠪᠡᠳᠴᠢᠨ ᠤ ᠡᠮᠴᠢᠯᠡᠭᠡᠨ ᠤ ᠠᠰᠠᠷ ᠤᠨ ᠲᠥᠷᠥᠯ ᠵᠦᠢᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ | ᠲᠠᠪᠤ ᠳᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠢᠩᠬᠢᠮ ᠢ ᠥᠭᠡᠷᠡᠴᠢᠯᠡᠨ ᠪᠠᠶᠢᠭᠤᠯᠬᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ | ᠡᠯᠧᠺᠲᠷᠣᠨ ᠳᠠᠭᠠᠭᠠᠴᠢᠯᠠᠨ ᠦᠨᠡᠯᠡᠬᠦ ᠲᠠᠰᠤᠭ ᠤᠨ ᠪᠠᠶᠢᠭᠤᠯᠤᠯᠲᠠ ᠶᠢ ᠲᠦᠷᠭᠡᠳᠬᠡᠨ᠂ ︽ᠨᠢᠭᠡ ᠥᠷᠲᠡᠭᠡᠨ ᠤ | ᠦᠢᠯᠡᠴᠢᠯᠡᠭᠡ︾᠂ ︽ᠨᠢᠭᠡ ᠥᠷᠲᠡᠭᠡᠨ ᠳᠤ ᠭᠦᠢᠴᠡᠳᠬᠡᠬᠦ︾ ᠶᠢ ᠪᠣᠳᠠᠲᠠᠶᠢᠵᠢᠭᠤᠯᠤᠨ᠎ᠠ᠃ ᠵᠢᠷᠭᠤᠭ᠎ᠠ ᠳᠤ᠂ ᠡᠷᠡᠭᠦᠯᠵᠢᠯ | ᠰᠤᠪᠢᠯᠠᠯᠲᠠ ᠶᠢᠨ ᠠᠵᠢᠯ ᠦᠢᠯᠡᠰ ᠢ ᠬᠥᠭᠵᠢᠭᠦᠯᠦᠨ᠎ᠡ᠃ ᠡᠮᠴᠢᠯᠡᠭᠡ ᠡᠷᠡᠭᠦᠯᠵᠢᠯ ᠰᠤᠪᠢᠯᠠᠯᠲᠠ᠂ ︽ᠨᠡᠭᠦᠳᠡᠯ ᠤᠨ ᠰᠢᠪᠠᠭᠤ | ᠮᠠᠶ᠋ᠢᠭ︾ ᠤᠨ ᠵᠢᠭᠤᠯᠴᠢᠯᠠᠨ ᠰᠠᠭᠤᠷᠢᠰᠢᠬᠤ ᠨᠠᠰᠤᠵᠢᠯ ᠤᠨ ᠠᠰᠠᠷᠠᠮᠵᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠶᠢ | ᠢᠳᠡᠪᠬᠢᠲᠡᠶ ᠬᠥᠭᠵᠢᠭᠦᠯᠵᠦ᠂ ᠠᠵᠠᠲᠠᠢ ᠡᠷᠡᠭᠦᠯᠵᠢᠯ ᠰᠤᠪᠢᠯᠠᠯᠲᠠ ᠶᠢᠨ ᠲᠥᠪ ᠤᠨ ᠬᠦᠭᠵᠢᠯᠲᠡ ᠶᠢ ᠠᠬᠢᠭᠤᠯᠤᠨ᠎ᠠ᠃ | ᠳᠣᠯᠤᠭ᠎ᠠ ᠳᠤ᠂ ᠬᠤᠲᠠ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠳᠣᠬᠢᠴᠢᠯᠠᠭᠰᠠᠨ ᠰᠢᠨᠵᠢᠯᠡᠭᠡ | ᠲᠧᠭᠨᠢᠭ ᠤᠨ ᠠᠷᠭ᠎ᠠ ᠬᠡᠯᠪᠡᠷᠢ ᠪᠠᠷ ︽ᠣᠶᠤᠨᠴᠢᠢᠯᠠᠭᠰᠨ ᠰᠠᠭᠤᠭᠠᠯᠢ ᠲᠤᠭᠤᠷᠢᠭ︾ ᠤᠨ ᠲᠥᠷᠥᠯ ᠵᠦᠢᠯ ᠤᠨ ᠪᠦᠳᠦᠭᠡᠨ | ᠪᠠᠶᠢᠭᠤᠯᠤᠯᠳᠠ ᠶᠢ ᠠᠬᠢᠭᠤᠯᠤᠨ᠎ᠠ᠃ | ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠤᠨ ᠪᠠᠶᠢᠷᠢ ᠶᠢ ᠨᠡᠮᠡᠭᠳᠡᠭᠦᠯᠬᠦ᠂ ᠠᠵᠢᠯ ᠤᠨ ᠪᠠᠶᠢᠷᠢ ᠶᠢ ᠲᠠᠨᠢᠯᠴᠠᠭᠤᠯᠬᠤ | ᠵᠡᠷᠭᠡ ᠦᠶᠯᠡᠴᠢᠯᠡᠭᠡ ᠶᠢ ᠰᠠᠶᠢᠲᠤᠷ ᠬᠢᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠴᠢᠬᠤᠯᠠ ᠲᠥᠷᠥᠯ ᠵᠦᠶᠯ ᠤᠨ | ᠠᠵᠢᠯ ᠣᠯᠭᠤᠯᠲᠠ᠂ ᠠᠷᠠᠳ ᠠᠴᠠ ᠡᠵᠡᠩᠨᠡᠭᠰᠡᠨ ᠪᠠᠭ᠎ᠠ ᠵᠢᠵᠢᠭ ᠬᠡᠯᠪᠡᠷᠢ ᠶᠢᠨ ᠠᠵᠤ ᠠᠬᠤᠶᠢᠯᠠᠯ ᠤᠨ ᠠᠵᠢᠯ ᠣᠯᠭᠤᠯᠲᠠ | ᠶᠢ ᠠᠬᠢᠭᠤᠯᠵᠤ᠂ 4500 ᠠᠵᠢᠯ ᠤᠨ ᠪᠠᠶᠢᠷᠢ ᠶᠢ ᠴᠤᠭᠯᠠᠭᠤᠯᠬᠤ ᠪᠠᠷ ᠲᠥᠯᠥᠪᠯᠡᠵᠦ ᠪᠣᠶ᠃ ᠠᠵᠢᠯ ᠣᠯᠭᠤᠯᠲᠠ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠨᠠᠷᠢᠯᠢᠭ ᠬᠡᠷᠡᠭᠯᠡᠵᠦ᠂ ᠭᠤᠤᠯᠳᠠᠯᠭ᠎ᠠ ᠲᠠᠢ ᠬᠥᠮᠦᠰ ᠢ ᠲᠥᠷᠦᠯ ᠬᠤᠪᠢᠶᠠᠨ | ᠲᠣᠭᠲᠠᠭᠤᠨ ᠢᠶᠠᠷ ᠠᠵᠢᠯ ᠣᠯᠭᠤᠨ᠂ ᠬᠤᠲᠠ ᠪᠠᠯᠭᠠᠰᠤᠨ ᠤ ᠰᠤᠯᠠ ᠠᠵᠢᠯ ᠬᠢᠭᠰᠡᠳ ᠤᠨ ᠠᠵᠢᠯ ᠢ ᠲᠣᠭᠲᠠᠪᠤᠷᠢᠵᠢᠭᠤᠯᠵᠤ | ᠂ 680 ᠲᠦᠮᠡᠨ ᠲᠥᠭᠦᠷᠢᠭ ᠤᠨ ᠦᠶᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠲᠠᠯᠪᠢᠬᠤ ᠪᠠᠷ ᠲᠥᠯᠥᠪᠯᠡᠵᠦ ᠪᠠᠶᠢᠨ᠎ᠠ᠃ | ᠱᠦᠨ ᠰᠢᠨ ᠰᠢᠨ ᠶᠤᠸᠠᠨ᠂ ᠰᠢ ᠪᠸᠢ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠢᠶᠠᠷ ᠳᠠᠶᠢᠴᠢᠯᠠᠨ ᠳᠠᠭᠠᠭᠤᠯᠵᠤ᠂ ︽ | ᠨᠢᠭᠡ ᠵᠡᠭᠡᠯᠢ ᠬᠤᠶᠠᠷ ᠰᠠᠭᠤᠷᠢᠨ ᠭᠤᠷᠪᠠᠨ ᠬᠦᠷᠢᠶᠡᠯᠡᠩ︾ ᠳᠤ ᠲᠦᠰᠢᠭᠯᠡᠨ᠂ ᠦᠢᠯᠡᠰ ᠪᠣᠰᠬᠠᠨ ᠠᠵᠢᠯ ᠣᠯᠭᠤᠬᠤ ᠶᠢ | ᠠᠬᠢᠭᠤᠯᠵᠤ᠂ ᠵᠢᠯ ᠤᠨ ᠳᠣᠲᠣᠷ᠎ᠠ ᠬᠤᠲᠠ ᠪᠠᠯᠭᠠᠰᠤᠨ ᠤ 800 ᠬᠥᠮᠦᠨ ᠳᠤ ᠰᠢᠨ᠎ᠡ ᠪᠠᠷ ᠠᠵᠢᠯ ᠣᠯᠭᠤᠵᠤ᠂ 5000 | ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠭᠰᠠᠳ ᠤᠨ ᠨᠣᠷᠮ᠎ᠠ ᠶᠢ 3.5 % ᠶᠢᠨ ᠳᠣᠲᠣᠷ᠎ᠠ ᠬᠢᠵᠠᠭᠠᠷᠯᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠪᠠᠬᠢᠵᠢᠭᠦᠯᠦᠨ᠎ᠡ᠃ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ | ᠬᠠᠷᠠᠭᠠᠯᠵᠠᠯ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ᠂ ᠦᠨᠳᠦᠰᠦᠨ ᠵᠦᠶᠯ ᠢ ᠪᠠᠲᠤᠯᠠᠬᠤ ᠶᠢ ᠪᠠᠷᠢᠮᠲᠠᠯᠠᠵᠤ᠂ ᠬᠤᠲᠠ | ᠣᠷᠣᠵᠤ ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠨ᠂ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠪᠣᠯᠤᠨ | ᠰᠤᠯᠠ ᠠᠵᠢᠯ ᠬᠢᠭᠰᠡᠳ᠂ ᠰᠢᠨ᠎ᠡ ᠬᠡᠯᠪᠡᠷᠢ ᠶᠢᠨ ᠠᠵᠢᠯ ᠲᠦᠷᠦᠯ ᠳᠤ ᠠᠵᠢᠯᠯᠠᠵᠤ ᠪᠠᠶᠢᠭ᠎ᠠ ᠬᠥᠮᠦᠰ ᠢᠶᠠᠷ ᠭᠤᠤᠯᠳᠠᠯᠭ᠎ᠠ | ᠪᠣᠯᠭᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠨᠡᠶᠢᠭᠡᠮ ᠤᠨ ᠳᠠᠭᠠᠳᠬᠠᠯ ᠤᠨ ᠬᠠᠮᠤᠷᠬᠤ | ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠨᠠᠰᠤᠵᠢᠯ ᠤᠨ ᠳᠠᠭᠠᠳᠬᠠᠯ ᠤᠨ ᠣᠷᠣᠨ ᠤ ᠱᠠᠲᠤᠨ ᠤ ᠨᠢᠭᠡᠳᠦᠯᠲᠡᠢ | ᠪᠠᠲᠤᠯᠠᠭ᠎ᠠ ᠶᠢ ᠰᠠᠶᠢᠲᠤᠷ ᠬᠢᠵᠦ᠂ ᠤᠯᠤᠰ ᠤᠨ ᠥᠮᠴᠢᠯᠡᠯᠳᠤ ᠲᠠᠷᠢᠶᠠᠯᠠᠩ ᠮᠠᠯᠵᠢᠯ ᠤᠨ ᠲᠠᠯᠠᠪᠠᠢ ᠶᠢᠨ ᠥᠩᠭᠡᠷᠡᠭᠰᠡᠨ ᠤ | ᠥᠷᠢᠲᠦᠭᠰᠡᠨ ᠳᠠᠭᠠᠳᠬᠠᠯ ᠤᠨ ᠰᠦᠢᠳᠭᠡᠯ ᠢ ᠬᠤᠶᠢᠰᠢᠯᠠᠭᠤᠯᠵᠤ ᠲᠤᠰᠢᠶᠠᠬᠤ ᠲᠥᠷᠥ ᠶᠢᠨ ᠪᠤᠳᠤᠯᠭ᠎ᠠ ᠶᠢ ᠴᠢᠷᠮᠠᠶᠢᠨ ᠣᠯᠵᠤ | ᠂ ᠵᠢᠯ ᠬᠤᠪᠢᠶᠠᠨ ᠲᠥᠯᠥᠪᠯᠡᠭᠡ ᠶᠣᠰᠣᠭᠠᠷ ᠰᠢᠢᠳᠪᠦᠷᠢᠯᠡᠨ᠎ᠡ᠃ ᠣᠯᠠᠨ ᠠᠷᠭ᠎ᠠ ᠵᠠᠮ ᠢᠶᠠᠷ ᠪᠡᠯᠡ ᠮᠥᠩᠭᠦ ᠬᠤᠷᠠᠮᠳᠤᠭᠤᠯᠤᠨ᠂ | ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠲᠡᠳᠭᠦᠪᠦᠷᠢ ᠳᠤ ᠭᠠᠷᠤᠭᠰᠠᠳ ᠲᠤ ᠳᠡᠳᠭᠦᠪᠦᠷᠢ | ᠣᠯᠭᠤᠬᠤ ᠠᠰᠠᠭᠤᠳᠠᠯ ᠢ ᠰᠢᠶᠳᠪᠦᠷᠢᠯᠡᠨ᠎ᠡ᠃ ︽ᠨᠠᠰᠤᠲᠠᠶᠢᠴᠤᠳ ᠢ ᠭᠡᠷ ᠲᠡᠭᠡᠨ ᠠᠰᠠᠷᠠᠨ ᠰᠤᠪᠢᠯᠠᠬᠤ ᠪᠠᠷ ᠰᠠᠭᠤᠷᠢ | ᠪᠣᠯᠭᠠᠵᠤ᠂ ᠨᠡᠶᠢᠭᠡᠮ ᠲᠣᠭᠤᠷᠢᠭ ᠲᠤ ᠠᠰᠠᠷᠠᠬᠤ ᠪᠠᠷ ᠲᠦᠰᠢᠭ ᠪᠣᠯᠭᠠᠨ᠂ ᠪᠠᠶᠢᠭᠤᠯᠤᠮᠵᠢ ᠪᠠᠷ ᠲᠤᠯᠭᠠᠭᠤᠷᠢᠯᠠᠯ ᠪᠣᠯᠭᠠᠬᠤ︾ | ᠨᠠᠰᠤᠵᠢᠯ ᠤᠨ ᠦᠶᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠡᠮᠴᠢᠯᠡᠭᠡ ᠡᠷᠡᠭᠦᠯᠵᠢᠯ ᠰᠤᠪᠢᠯᠠᠯᠲᠠ᠂ ᠵᠢᠭᠤᠯᠴᠢᠯᠠᠨ | ᠰᠣᠪᠢᠯᠠᠬᠤ ᠮᠠᠶ᠋ᠢᠭ ᠤᠨ ᠨᠠᠰᠤᠲᠠᠶᠢᠴᠤᠳ ᠢ ᠠᠰᠠᠷᠠᠬᠤ ᠠᠵᠤ ᠦᠶᠯᠡᠰ ᠤᠨ ᠬᠥᠭᠵᠢᠯᠲᠡ ᠶᠢ ᠳᠣᠪᠣᠶᠢᠯᠭᠠᠨ᠂ ᠨᠠᠰᠤᠵᠢᠯ ᠤᠨ | ᠵᠠᠬ᠎ᠠ ᠳᠡᠯᠭᠡᠭᠦᠷ ᠤᠨ ᠣᠯᠠᠨ ᠡᠰᠢᠲᠦ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠎ᠠ᠃ | ᠰᠤᠷᠭᠠᠨ ᠬᠥᠮᠦᠵᠢᠯ ᠢ ᠰᠠᠶᠢᠲᠤᠷ ᠠᠳᠬᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠲᠠᠭᠳᠠᠯ ᠢ | ᠨᠥᠬᠦᠪᠥᠷᠢᠯᠡᠵᠦ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ | ᠦᠷᠭᠦᠯᠵᠢᠯᠡᠨ ᠪᠠᠬᠢᠵᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ | ᠢ ᠲᠣᠪᠣᠶᠢᠮ᠎ᠠ ᠠᠳᠬᠤᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ | ᠃ ᠰᠤᠷᠭᠠᠭᠤᠯᠢ ᠡᠷᠬᠢᠯᠡᠬᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠯ᠂ ᠪᠠᠲᠤᠯᠠᠭ᠎ᠠ ᠶᠢᠨ ᠲᠣᠭᠲᠠᠴᠠ ᠶᠢᠨ ᠥᠭᠡᠷᠡᠴᠢᠯᠡᠯᠲᠡ | ᠶᠢ ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠵᠤ᠂ ᠰᠤᠷᠭᠠᠭᠤᠯᠢ ᠶᠢᠨ ᠳᠠᠷᠤᠭ᠎ᠠ ᠶᠢᠨ ᠡᠩᠨᠡᠭᠡ᠂ ᠵᠢᠭᠠᠨ ᠰᠤᠳᠤᠯᠬᠤ | ᠡᠩᠨᠡᠭᠡ ᠪᠣᠯᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠠᠵᠢᠯᠲᠠᠨ ᠤ ᠴᠠᠯᠢᠩ ᠣᠯᠭᠤᠮᠵᠢ ᠶᠢ | ᠪᠠᠲᠤᠯᠠᠨ᠎ᠠ᠃ ︽ᠨᠢᠭᠡ ᠰᠤᠷᠭᠠᠭᠤᠯᠢ ᠨᠢᠭᠡ ᠣᠨᠴᠠᠯᠢᠭ︾ ᠲᠠᠢ ᠪᠠᠶᠢᠬᠤ ᠦᠷ᠎ᠡ ᠪᠦᠳᠦᠮᠵᠢ ᠶᠢ ᠭᠦᠨᠵᠡᠭᠡᠶᠢᠷᠡᠭᠦᠯᠦᠨ᠂ ᠪᠡᠶ᠎ᠡ | ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠢ ᠴᠢᠩᠭᠠᠳᠬᠠᠨ᠂ ᠪᠥᠬᠦ ᠠᠶᠢᠮᠠᠭ ᠤᠨ ᠬᠤᠷᠢᠳᠤᠭᠠᠷ ᠬᠤᠭᠤᠴᠠᠭᠠᠨ ᠤ | ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠪᠡᠶ᠎ᠡ ᠲᠠᠮᠢᠷ ᠤᠨ ᠴᠤᠭᠯᠠᠭᠠᠨ ᠵᠢᠴᠢ ᠳᠣᠯᠣᠳᠤᠭᠠᠷ | ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠯᠠᠮᠵᠢᠯᠠᠯᠲᠤ ᠪᠡᠶ᠎ᠡ ᠶᠢᠨ ᠲᠠᠮᠢᠷ ᠤᠨ | ᠤᠷᠤᠯᠳᠤᠭᠠᠨ ᠢ ᠳᠠᠭᠠᠭᠠᠴᠢᠯᠠᠨ ᠡᠷᠭᠢᠯᠡᠨ᠎ᠡ᠃ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠠᠵᠢᠯ ᠢ ᠭᠦᠨᠵᠡᠭᠡᠶ | ᠥᠷᠨᠢᠭᠦᠯᠵᠦ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ᠎ᠠ᠃ ︽ᠭᠤᠷᠪᠠᠨ | ᠲᠦᠷᠦᠯ ᠤᠨ ᠬᠢᠴᠢᠶᠡᠯ︾ ᠪᠠ ᠬᠡᠦᠬᠡᠳ ᠤᠨ ᠴᠡᠴᠡᠷᠯᠢᠭ ᠤᠨ ᠬᠤᠤᠰ ᠬᠡᠯᠡᠨ ᠤ ᠪᠠᠭᠰᠢ ᠶᠢᠨ ᠲᠣᠬᠢᠷᠠᠭᠤᠯᠤᠯᠲᠠ ᠶᠢ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠥᠭᠡᠮᠡᠯᠵᠢᠬᠦᠯᠬᠦ ᠠᠵᠢᠯ ᠢ ᠪᠡᠶᠡᠯᠡᠬᠦᠯᠦᠨ᠎ᠡ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠦᠨᠳᠦ ᠶᠡᠭᠡ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠬᠤᠷᠢᠭᠯᠠᠬᠤ ᠪᠠ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠡᠷᠴᠢᠮ | ᠢᠶᠠᠨ ᠴᠢᠩᠭᠠᠷᠠᠭᠤᠯᠵᠤ᠂ ᠬᠢᠵᠢᠭ ᠢ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠶᠢᠨ ᠲᠤᠷᠰᠢᠯᠲᠠ ᠶᠢᠨ ᠲᠠᠰᠤᠭ ᠤᠨ ᠰᠢᠯᠭᠠᠨ | ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠬᠦᠯᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠶᠢ | ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ︽ᠬᠥᠮᠦᠨ︾᠂ ︽ᠪᠣᠳᠠᠰ︾ ᠢ ᠵᠡᠷᠭᠡᠪᠡᠷ ᠰᠡᠷᠭᠡᠶᠢᠯᠡᠬᠦ ᠶᠢ | ᠪᠠᠷᠢᠮᠲᠠᠯᠠᠵᠤ᠂ ᠭᠠᠳᠠᠭᠠᠳᠤ ᠠᠴᠠ ᠣᠷᠣᠭᠤᠯᠬᠤ ᠬᠦᠯᠳᠡᠭᠦᠦ ᠢᠳᠡᠭᠡᠨ ᠢ ᠰᠢᠯᠭᠠᠨ ᠪᠠᠶᠢᠴᠠᠭᠠᠬᠤ ᠪᠠ ᠠᠷᠢᠭᠤᠳᠬᠠᠬᠤ | ᠠᠵᠢᠯ ᠢ ᠴᠢᠩᠭᠠᠳᠬᠠᠵᠤ᠂ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠲᠠᠯᠠᠪᠤᠷ ᠲᠤ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠬᠢᠬᠦ ᠪᠠ ᠬᠢᠨᠠᠨ ᠬᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠢᠵᠢᠭ ᠢᠯᠡᠷᠡᠮᠡᠭᠴᠡ ᠳᠠᠷᠤᠶ ᠲᠦᠷᠭᠡᠨ᠂ | ᠰᠢᠨᠵᠢᠯᠡᠬᠦ ᠤᠬᠠᠭᠠᠨᠴᠢ᠂ ᠣᠨᠣᠪᠴᠢᠲᠠᠶ ᠪᠠᠷ ᠰᠡᠷᠭᠡᠶᠢᠯᠡᠨ ᠬᠤᠷᠢᠭᠯᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠶᠡᠷᠦᠩᠬᠡᠶᠢᠯᠡᠭᠰᠡᠨ ᠠᠵᠢᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠭᠡᠨᠡᠳᠲᠡ ᠡᠭᠦᠰᠬᠦ ᠣᠯᠠᠨ ᠨᠡᠶᠢᠲᠡ | ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠢᠶᠳᠪᠦᠷᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ | ᠰᠠᠭᠤᠷᠢ ᠮᠥᠩᠭᠦᠨ ᠤ ᠬᠢᠨᠠᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠵᠦ᠂ ᠲᠣᠭᠲᠠᠭᠤᠨ ᠪᠥᠭᠡᠳ ᠲᠥᠪ ᠭᠤᠤᠯᠴᠢ ᠣᠯᠭᠤᠮᠵᠢ ᠶᠢᠨ ᠪᠠᠲᠤᠯᠠᠭ᠎ᠠ ᠶᠢᠨ ᠲᠣᠭᠲᠠᠴᠠ | ᠵᠢᠴᠢ ᠦᠷᠭᠦᠯᠵᠢᠯᠡᠭᠰᠡᠨ ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠠᠵᠢᠯᠯᠠᠭᠠᠨ ᠤ ᠲᠣᠭᠲᠠᠴᠠ ᠶᠢ | ᠲᠡᠭᠦᠯᠳᠡᠷᠵᠢᠭᠦᠯᠦᠨ᠂ ᠪᠠᠲᠤᠯᠠᠭ᠎ᠠ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠭᠦᠨ᠎ᠡ᠃ ᠰᠠᠩ ᠤᠨ ᠳᠠᠯᠠᠢ ᠡᠷᠡᠭᠦᠯ ᠬᠠᠮᠠᠭᠠᠯᠠᠯ | ᠤᠨ ᠬᠤᠷᠢᠶ᠎ᠠ᠂ ᠲᠠᠪᠦ ᠨᠢᠭᠡ ᠮᠠᠯᠵᠢᠯ ᠤᠨ ᠲᠠᠯᠠᠪᠠᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠰᠠᠶᠢᠨᠬᠤᠳᠳᠤᠭ ᠰᠤᠮᠤᠨ ᠤ | ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠭᠤᠷᠪᠠᠨ ᠰᠠᠭᠤᠷᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ | ᠪᠠᠶᠢᠭᠤᠯᠤᠯᠲᠠ ᠶᠢ ᠠᠬᠢᠭᠤᠯᠵᠤ᠂ ᠥᠷᠭᠡᠨ ᠣᠯᠠᠨ ᠠᠷᠠᠳ ᠲᠦᠮᠡᠨ ᠳᠤ ᠨᠠᠩ ᠰᠠᠶᠢᠨ ᠦᠢᠯᠡᠴᠢᠯᠡᠨ᠎ᠡ᠃ | ᠠᠶᠤᠯᠭᠦᠶ ᠦᠶᠯᠡᠳᠪᠦᠷᠢᠯᠡᠯ ᠢ ᠪᠠᠲᠤᠯᠠᠨ᠎ᠠ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ | ᠪᠠᠶᠢᠷᠢ ᠶᠢᠨ ᠬᠤᠣᠰ ᠬᠠᠷᠢᠭᠤᠴᠠᠯᠭ᠎ᠠ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠᠨ | ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠶᠯᠡᠳᠪᠦᠷᠢᠯᠡᠯ ᠪᠠ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠶᠤᠯᠬᠦᠢ ᠦᠢᠯᠡᠳᠪᠦᠷᠢᠯᠡᠯ ᠤᠨ | ᠲᠤᠰᠬᠠᠶ ᠴᠡᠭᠴᠡᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ | ᠲᠥᠷᠥᠯ ᠤᠨ ᠬᠦᠷᠢᠶᠡᠨ ᠤ ᠠᠶᠤᠯᠬᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠢᠳᠡᠭᠡᠨ ᠤᠮᠳᠠᠭᠠᠨ ᠪᠠ ᠡᠮ ᠤᠨ | ᠵᠦᠢᠯᠡᠰ ᠤᠨ ᠠᠮᠤᠷ ᠲᠥᠪᠰᠢᠨ ᠢ ᠪᠠᠳᠣᠯᠠᠵᠤ᠂ ᠴᠢᠩᠭ᠎ᠠ ᠬᠠᠮᠢᠶᠠᠷᠤᠨ ᠬᠦᠨᠳᠦ ᠪᠠᠷ ᠰᠢᠢᠳᠪᠦᠷᠢᠯᠡᠬᠦ᠂ ᠪᠠᠷᠢᠮᠵᠢᠶ᠎ᠠ | ᠲᠤᠭᠲᠠᠭᠠᠨ ᠰᠢᠢᠳᠭᠡᠨ ᠲᠣᠷᠭᠠᠬᠤ ᠶᠢ ᠪᠠᠷᠢᠮᠲᠠᠯᠠᠨ᠂ ᠠᠮᠤᠷ ᠳᠥᠪᠰᠢᠨ ᠤ ᠳᠠᠯᠳᠠ ᠭᠡᠮ ᠢ ᠠᠷᠢᠯᠭᠠᠵᠤ᠂ ᠬᠦᠨᠳᠦ ᠶᠡᠭᠡ | ᠣᠰᠣᠯ ᠠᠳᠡᠯ ᠭᠠᠷᠬᠤ ᠶᠢ ᠡᠷᠡᠰ ᠬᠤᠷᠢᠭᠯᠠᠨ᠎ᠠ᠃ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠤᠯᠢ ᠶᠣᠰᠣᠭᠠᠷ ᠬᠤᠰᠢᠭᠤ ᠪᠠᠨ ᠵᠠᠰᠠᠬᠤ ᠶᠢ | ᠯᠠᠪᠳᠠᠭᠤᠨ ᠪᠠᠲᠤᠲᠠᠶ ᠠᠬᠢᠭᠤᠯᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠦᠷᠭᠦᠯᠵᠢᠯᠡᠨ | ᠭᠦᠨᠵᠡᠭᠡᠶᠢᠷᠡᠭᠦᠯᠦᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤ ᠶᠢᠨ ᠴᠢᠨᠠᠷᠲᠠᠢ | ᠥᠷᠨᠢᠭᠦᠯᠵᠦ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠬᠦ ᠪᠠ ᠪᠠᠴᠢᠮ ᠪᠠᠶᠢᠳᠠᠯ ᠢ | ᠰᠢᠶᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠦᠯᠵᠢᠶᠡᠨ ᠤ ᠠᠮᠤᠷ ᠲᠦᠪᠰᠢᠨ ᠪᠠ ᠰᠦᠯᠵᠢᠶᠡᠨ ᠤ ᠶᠠᠷᠢᠶ᠎ᠠ | ᠬᠡᠯᠡᠯᠴᠡᠭᠡᠨ ᠤ ᠪᠠᠶᠢᠳᠠᠯ ᠢ ᠴᠢᠩᠭ᠎ᠠ ᠬᠢᠨᠠᠨ ᠬᠠᠮᠢᠶᠠᠷᠴᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ | ᠰᠢᠰᠲ᠋ᠧᠮ ᠢ ᠪᠠᠶᠢᠭᠤᠯᠤᠨ᠂ ᠠᠮᠤᠭᠤᠯᠠᠩ ᠰᠢᠯᠤᠭᠤᠨ ᠬᠥᠬᠡ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠭᠤᠷᠪᠠᠨ ᠵᠢᠯ ᠤᠨ ᠲᠤᠰᠬᠠᠢ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠵᠥᠷᠢᠴᠡᠯ ᠤᠨ ᠲᠠᠯᠳᠠ ᠭᠡᠮ ᠢ ᠠᠷᠢᠯᠭᠠᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ | ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ | ᠶᠢᠨ ᠠᠵᠢᠯ ᠥᠷᠨᠢᠭᠦᠯᠬᠦ ᠶᠢ ᠳᠡᠮᠵᠢᠵᠦ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠬᠢᠨᠠᠨ ᠪᠣᠳᠣᠬᠤ᠂ ᠴᠠᠭ ᠠᠭᠤᠷ | ᠂ ᠬᠠᠩᠭᠠᠨ ᠪᠣᠷᠣᠯᠠᠭᠤᠯᠬᠤ᠂ ᠳᠠᠩᠰᠠ ᠡᠪᠬᠡᠮᠡᠯ᠂ ᠠᠬᠠᠮᠠᠳ ᠺᠠᠳ᠋ᠷ ᠪᠣᠯᠤᠨ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠡᠯ᠎ᠡ | ᠵᠦᠢᠯ ᠤᠨ ᠠᠵᠢᠯ ᠢ ᠰᠠᠶᠢᠲᠤᠷ ᠬᠢᠨ᠎ᠡ᠃ | ︵ᠵᠢᠷᠭᠤᠭ᠎ᠠ︶ ᠵᠠᠰᠠᠭ ᠤᠨ ᠣᠷᠳᠣᠨ ᠤ ᠪᠠᠶᠢᠭᠤᠯᠤᠯᠲᠠ ᠳᠤ ᠬᠦᠴᠦᠨ ᠢᠶᠠᠨ ᠲᠥᠪᠯᠡᠷᠡᠭᠦᠯᠵᠦ᠂ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠲᠠᠢ | ᠨᠢᠭᠲᠠ ᠤᠶᠠᠯᠳᠤᠭᠤᠯᠤᠨ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠵᠠᠰᠠᠭ ᠤᠨ ᠣᠷᠳᠣᠨ ᠤ ᠭᠦᠢᠴᠡᠳᠬᠡᠬᠦ ᠴᠢᠳᠠᠪᠤᠷᠢ ᠶᠢ ᠨᠡᠮᠡᠭᠳᠡᠭᠦᠯᠦᠨ᠂ ᠵᠠᠰᠠᠭ ᠤᠨ ᠣᠷᠳᠣᠨ ᠤ ᠤᠯᠠᠨ ᠨᠡᠶᠢᠲᠡ ᠶᠢ | ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠨᠠᠮ ᠳᠠᠭᠠᠨ ᠢᠲᠡᠭᠡᠮᠵᠢᠲᠡᠢ᠂ ᠣᠯᠠᠨ ᠲᠥᠡᠮᠨ ᠳᠤ ᠡᠭᠡᠯᠢᠲᠡᠢ ᠦᠢᠯᠡᠴᠢᠯᠡᠭᠡᠨ | ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠤᠯᠤᠰ | ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠴᠢᠭᠯᠡᠯ ᠢᠶᠠᠨ | ᠪᠠᠳᠤᠳᠬᠠᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ᠂ ᠵᠠᠷᠯᠢᠭ ᠴᠠᠭᠠᠵᠠ ᠶᠢ | ᠳᠠᠭᠠᠬᠤ ᠶᠢ ᠦᠨᠡᠨ ᠬᠦ ᠪᠠᠲᠤᠯᠠᠨ᠎ᠠ᠃ ᠦᠵᠡᠯ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠠᠮᠤᠷ | ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠢ ᠲᠠᠰᠤᠷᠠᠯᠲᠠ ᠥᠬᠡᠶ ᠪᠠᠲᠤᠳᠬᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠢ ᠠᠬᠢᠭᠤᠯᠤᠨ᠂ ᠡᠷᠬᠡ ᠲᠡᠭᠰᠢ᠂ | ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ | ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠦᠨ᠎ᠡ᠃ ᠦᠵᠡᠯ ᠤᠬᠠᠮᠰᠠᠷ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠢᠳᠡᠪᠬᠢᠳᠠᠢ ᠡᠵᠡᠮᠰᠢᠵᠦ᠂ | ᠦᠵᠡᠯ ᠤᠬᠠᠮᠰᠠᠷ ᠬᠡᠯᠪᠡᠷᠢ ᠶᠢᠨ ᠴᠠᠷ᠎ᠠ ᠬᠦᠷᠢᠶᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠬᠠᠮᠤᠷᠬᠤ ᠬᠡᠪᠴᠢᠶ᠎ᠡ ᠶᠢ ᠤᠯᠠᠮ ᠥᠷᠭᠡᠳᠬᠡᠵᠦ᠂ ᠦᠨᠳᠦᠰᠦᠲᠡᠨ ᠤ | ᠪᠦᠯᠬᠦᠮᠳᠡᠯ ᠪᠣᠯᠤᠨ ᠨᠡᠶᠢᠭᠡᠮ ᠤᠨ ᠡᠶ᠎ᠡ ᠵᠣᠬᠢᠴᠠᠯ ᠢ ᠨᠥᠯᠥᠭᠡᠯᠡᠬᠦ ᠭᠤᠣᠯᠳᠠᠯᠭ᠎ᠠ ᠲᠠᠢ ᠠᠰᠠᠭᠤᠳᠠᠯ ᠢ ᠬᠦᠴᠦᠯᠡᠨ | ᠰᠢᠶᠳᠪᠦᠷᠢᠯᠡᠵᠦ᠂ ᠳᠠᠶᠢᠰᠤᠩᠨᠠᠭᠴᠢ ᠬᠦᠴᠦᠨ ᠤ ᠡᠪᠳᠡᠯᠭᠡ ᠬᠢᠬᠦ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠢᠩᠭ᠎ᠠ ᠴᠣᠬᠢᠯᠲᠠ | ᠥᠭᠬᠦ ᠬᠡᠷᠡᠭᠲᠡᠶ᠃ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠴᠢᠩᠭ᠎ᠠ | ᠵᠢᠷᠤᠮᠯᠠᠨ᠂ ᠬᠠᠤᠯᠢ ᠪᠠᠷ ᠵᠠᠰᠠᠬᠤ ᠶᠢ ᠵᠠᠰᠠᠭ ᠤᠨ ᠣᠷᠳᠣᠨ ᠤ ᠵᠠᠰᠠᠯᠲᠠ ᠶᠢᠨ ᠦᠨᠳᠦᠰᠦᠨ ᠠᠷᠭ᠎ᠠ ᠮᠠᠶ᠋ᠢᠭ ᠪᠣᠯᠭᠠᠨ᠂ | ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠥᠭᠵᠢᠯᠲᠡ ᠶᠢ ᠠᠬᠢᠭᠤᠯᠤᠨ᠂ ᠵᠥᠷᠢᠴᠡᠯ ᠢ ᠠᠷᠢᠯᠭᠠᠵᠤ᠂ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ︽ᠢᠷᠭᠡᠨ ᠤ ᠬᠠᠣᠯᠢ ᠶᠢᠨ ᠲᠤᠪᠴᠢ︾ ᠶᠢ ᠭᠦᠨᠵᠡᠭᠡᠢ ᠤᠬᠠᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠶᠢ ᠵᠥᠪᠯᠡᠨ | ᠰᠢᠢᠳᠪᠦᠷᠢᠯᠡᠬᠦ ᠳᠥᠷᠢᠮ ᠢ ᠬᠡᠷᠡᠭᠵᠢᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠵᠠ ᠪᠠ | ᠠᠵᠢᠯ ᠤᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯᠳᠤ ᠬᠢᠨᠠᠯᠲᠠ᠂ ᠬᠢᠨᠠᠨ ᠪᠤᠳᠣᠯᠳᠠ ᠶᠢᠨ ᠬᠢᠨᠠᠯᠳᠠ | ᠵᠢᠴᠢ ᠨᠡᠶᠢᠭᠡᠮ ᠤᠨ ᠶᠡᠷᠢᠶ᠎ᠡ ᠬᠡᠯᠡᠯᠴᠡᠭᠡᠨ ᠤ ᠬᠢᠨᠠᠯᠳᠠ ᠶᠢ ᠰᠠᠶᠢᠨ ᠳᠤᠷ᠎ᠠ ᠠᠴᠠ ᠪᠠᠨ ᠬᠦᠯᠢᠶᠡᠵᠦ᠂ ᠵᠠᠰᠠᠭ ᠤᠨ ᠠᠵᠢᠯ ᠢ | ᠬᠠᠣᠯᠢᠵᠢᠭᠰᠠᠨ ᠵᠠᠮ ᠳᠤ ᠣᠷᠣᠭᠤᠯᠤᠨ᠎ᠠ᠃ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠨᠢᠭᠡᠳᠦᠭᠡᠷ ᠱᠠᠭᠠᠷᠳᠠᠯᠭ᠎ᠠ ᠪᠣᠯᠭᠠᠵᠤ᠂ | ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠦᠨ | ᠂ ᠠᠵᠢᠯ ᠤᠨ ᠬᠡᠷᠡᠭᠵᠢᠭᠦᠯᠬᠦ ᠬᠦᠴᠦᠨ ᠪᠠ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠠᠨ ᠦᠨᠡᠨᠬᠦ | ᠳᠡᠭᠡᠭᠰᠢᠯᠡᠭᠦᠯᠵᠦ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠥᠭᠵᠢᠭᠡᠨ᠎ᠡ᠃ ᠴᠢᠭᠡᠴᠢ | ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠱᠠᠭᠠᠷᠳᠠᠯᠭ᠎ᠠ ᠶᠢ | ᠡᠷᠡᠰ ᠲᠤᠤᠱᠯᠠᠭᠤᠯᠤᠨ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ | ᠪᠠᠶᠢᠭᠤᠯᠭ᠎ᠠ ᠨᠢᠭᠡᠴᠡ᠂ ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠴᠢᠭᠡᠴᠢ ᠵᠠᠰᠠᠭ ᠢ ᠴᠢᠩᠭᠠᠳᠬᠠᠵᠤ᠂ ᠠᠷᠪᠢᠯᠠᠨ | ᠭᠠᠮᠨᠠᠬᠤ ᠶᠢ ᠡᠷᠬᠢᠮᠯᠡᠨ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠰᠤᠷᠲᠠᠯ ᠴᠢᠬᠡᠴᠢ ᠣᠪᠣᠷ ᠲᠥᠪ᠂ ᠠᠷᠢᠭᠤᠨ | ᠴᠢᠬᠡᠴᠢ᠂ ᠪᠣᠳᠠᠲᠠᠢ ᠶᠢ ᠡᠷᠬᠢᠮᠯᠡᠬᠦ ᠰᠠᠶᠢᠨ ᠰᠠᠶᠢᠬᠠᠨ ᠤᠯᠤᠰ ᠲᠦᠷᠦ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃ | ᠡᠷᠬᠢᠮ ᠲᠥᠯᠥᠭᠡᠯᠡᠭᠴᠢᠳ ᠡ᠂ ᠨᠥᠬᠦᠳ ᠡ︕ ᠪᠢᠳᠡ ᠬᠤᠰᠢᠭᠤ ᠨᠠᠮ ᠤᠨ ᠬᠤᠷᠢᠶᠠᠨ ᠤ ᠬᠦᠴᠦᠲᠡᠢ ᠤᠳᠤᠷᠢᠳᠤᠯᠭ᠎ᠠ | ᠳᠣᠣᠷ᠎ᠠ ᠤᠷᠤᠭᠰᠢ ᠲᠡᠮᠡᠤᠯᠡᠨ᠂ ᠡᠷᠡᠮᠡᠬᠡᠶᠢᠯᠡᠨ ᠲᠡᠮᠡᠴᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠠᠶᠠᠨ ᠢᠶᠠᠨ ᠡᠬᠢᠯᠡᠭᠦᠯᠦᠯ᠎ᠡ᠂ ᠬᠠᠮᠲᠤ ᠪᠠᠷ ᠢᠶᠠᠨ ᠰᠢᠯᠤᠭᠤᠨ ᠬᠥᠬᠡ ᠬᠤᠰᠢᠭᠤᠨ ᠤ ᠪᠠᠨ ᠭᠡᠭᠡᠨ | ᠰᠠᠷᠠᠭᠤᠯ ᠢᠷᠡᠭᠡᠳᠦᠢ ᠶᠢᠨ ᠲᠥᠯᠦᠭᠡ ᠥᠪᠡᠷ ᠤᠨ ᠬᠦᠴᠦᠨ ᠴᠢᠳᠠᠯ ᠢᠶᠠᠨ ᠨᠡᠮᠡᠷᠢᠯᠡᠵᠦ᠂ ᠰᠢᠯᠢᠳᠡᠭ ᠬᠢᠷᠢ | ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠤᠭᠲᠤᠴᠠᠭᠠᠶᠠ︕ | | | |