ᠰᠢᠯᠣᠭᠤᠨ ᠬᠦᠬᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠣᠭᠠᠨ ᠤ ᠮᠠᠲ᠋ᠧᠷᠢᠶᠠᠯ ︵ᠠᠷᠪᠠᠨ ᠭᠤᠷᠪᠠ︶ | | ᠵᠠᠰᠠᠭ ᠤᠨ ᠣᠷᠳᠣᠨ ᠤ ᠠᠵᠢᠯ ᠤᠨ ᠢᠯᠡᠳᠬᠡᠯ | —2022 ᠣᠨ ᠤ | 1 ᠰᠠᠷ᠎ᠠ ᠶᠢᠨ 7 ᠤ ᠡᠳᠦᠷ ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ | ᠰᠢᠯᠤᠭᠤᠨ | ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠯᠢᠦ ᠰᠢᠶᠤᠤ ᠮᠢᠨ | ᠲᠥᠯᠥᠭᠡᠯᠡᠭᠴᠢᠳ ᠡ᠄ | ᠣᠲᠣ ᠪᠢ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠨ ᠶᠡᠭᠡ ᠬᠤᠷᠠᠯ ᠳᠤ | ᠠᠵᠢᠯ ᠤᠨ ᠢᠯᠡᠳᠭᠡᠯ ᠬᠢᠶ᠎ᠡ᠂ ᠲᠠ ᠪᠦᠬᠦᠨ ᠬᠢᠨᠠᠨ ᠵᠥᠪᠯᠡᠬᠦ ᠪᠣᠯᠪᠠᠤ᠂ ᠮᠥᠨᠴᠦ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠣᠯᠤᠨ ᠬᠤᠷᠠᠯ ᠳᠤ ᠰᠤᠯᠠ ᠣᠷᠤᠯᠴᠠᠭᠰᠠᠳ ᠰᠠᠨᠠᠯ ᠢᠶᠠᠨ ᠲᠤᠷᠠᠳᠬᠤ ᠶᠢ ᠬᠦᠰᠡᠵᠦ ᠪᠠᠶᠢᠨ᠎ᠠ᠃ | ᠨᠢᠭᠡ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳ᠋ᠦᠩᠨᠡᠯᠲᠡ | 2018 ᠣᠨ ᠠᠴᠠ ᠨᠠᠰᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠤᠷ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠤᠳᠤᠷᠢᠳᠤᠮᠵᠢ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠡᠯ᠎ᠡ | ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠬᠥᠭᠵᠢᠯ ᠤᠨ | ᠠᠵᠠ ᠲᠣᠬᠢᠶᠠᠯ ᠢ ᠠᠰᠢᠭᠯᠠᠨ᠂ ᠬᠦᠭᠵᠢᠯ ᠤᠨ ᠦᠨᠳᠦᠰᠦ ᠰᠠᠭᠤᠷᠢ ᠶᠢ ᠪᠠᠬᠢᠵᠢᠭᠦᠯᠵᠦ᠂ ᠬᠥᠭᠵᠢᠯ ᠤᠨ ᠳᠠᠪᠠᠭᠤᠯᠢᠭ ᠢᠶᠠᠨ | ᠪᠠᠳᠠᠷᠠᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠯᠡᠭᠡ ᠪᠠᠨ ᠰᠠᠶᠢᠳᠤᠷ ᠪᠡᠶᠡᠯᠡᠬᠦᠯᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠯᠡᠭᠡ ᠳᠤ ᠰᠠᠶᠢᠨ ᠡᠬᠢᠯᠡᠯᠲᠡ ᠲᠠᠯᠪᠢᠪᠠ᠃ | ᠪᠢᠳᠡ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠪᠠᠷᠢᠮᠲᠠᠯᠠᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ︽ | ᠶᠡᠷᠦᠩᠬᠡᠢ ᠪᠦᠳᠦᠭᠦᠯᠢᠭ︾ ᠪᠠᠶᠢᠭᠰᠠᠨ ᠠᠴᠠ ᠪᠠᠨ ︽ᠡᠷᠴᠢᠮᠯᠢᠭ︾ ᠬᠦᠭᠵᠢᠯᠲᠡ ᠲᠡᠶᠢᠰᠢ ᠲᠣᠭᠲᠠᠪᠤᠷᠢᠲᠠᠢ ᠰᠢᠯᠵᠢᠪᠡ᠃ | ︽ᠠᠮᠢ ᠠᠬᠤᠶ ᠶᠢ ᠲᠡᠷᠢᠭᠦᠨ ᠳᠤ ᠲᠠᠯᠪᠢᠵᠦ ᠪᠣᠬᠢᠷᠲᠤᠯ ᠥᠬᠡᠶ ᠬᠦᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ | ᠬᠦᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠣᠷᠣᠨ ᠨᠤᠲᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠵᠢᠱᠢᠯᠲᠡ | ᠪᠠᠷ 58 . 8 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤᠮᠳᠠᠴᠢ ᠪᠠᠷ 0 . 7 % ᠪᠠᠷ ᠨᠡᠮᠡᠭᠳᠡᠪᠡ᠃ ᠨᠡᠶᠢᠲᠡ | 79 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠠᠶᠢᠮᠠᠭ ᠤᠨ ᠭᠠᠳᠠᠨ᠎ᠠ ᠠᠴᠠ 41 . 9 ᠳ᠋ᠦᠩᠰᠢᠭᠤᠷ | ᠲᠥᠭᠦᠷᠢᠭ ᠪᠡᠯᠡ ᠮᠥᠩᠭᠦ ᠣᠷᠤᠭᠤᠯᠤᠨ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 76 . | 8 ᠳ᠋ᠦᠩᠰᠢᠭᠤᠷ ᠲᠥᠭᠦᠷᠢᠭ ᠲᠤ ᠬᠦᠷᠴᠦ᠂ ᠭᠤᠷᠪᠠᠨ ᠠᠵᠤ ᠦᠢᠯᠡᠰ ᠤᠨ ᠪᠦᠲᠦᠴᠡ 15 . 5᠄ 51 . 8᠄ 32.7 | ᠪᠠᠶᠢᠵᠤ᠂ ᠨᠢᠭᠡᠳᠦᠭᠡᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠲᠣᠰᠪᠣᠷᠢ 3 . 9 ᠪᠠ 2 . 2 ᠵᠠᠭᠤᠨ ᠤ | ᠬᠤᠪᠢ ᠪᠠᠷ ᠨᠡᠮᠡᠭᠳᠡᠨ᠂ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 12 .33 ᠳ᠋ᠦᠩᠰᠢᠭᠤᠷ ᠲᠥᠭᠦᠷᠢᠭ ᠲᠤ ᠬᠦᠷᠪᠡ | ᠃ ᠣᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠳᠡᠭᠡᠭᠰᠢᠯᠡᠵᠦ ᠦᠷ᠎ᠡ ᠠᠰᠢᠭ ᠨᠡᠮᠡᠭᠳᠡᠪᠡ᠃ ︽ | ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠢ ᠶᠡᠷᠦᠩᠬᠡᠶᠢᠯᠡᠨ ᠵᠠᠰᠠᠬᠤ ᠠᠵᠤ ᠦᠶᠯᠡᠰ ᠤᠨ ᠬᠥᠭᠵᠢᠯᠲᠡ ᠶᠢᠨ ᠲᠥᠷᠥᠯ | ᠵᠦᠶᠯ︾᠂ ︽ᠬᠤᠨᠢ ᠶᠢ ᠴᠥᠭᠡᠳᠭᠡᠨ ᠦᠬᠡᠷ ᠮᠠᠯᠵᠢᠬᠤ ᠵᠢᠱᠢᠶ᠎ᠡ ᠦᠵᠡᠭᠦᠯᠬᠦ ᠬᠤᠰᠢᠭᠤ︾ ᠶᠢ ᠪᠠᠶᠢᠭᠤᠯᠬᠤ ᠪᠠ ︽ | ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠦᠴᠦᠷᠬᠡᠭ ᠪᠠᠯᠭᠠᠰᠤ ᠶᠢ ᠪᠦᠳᠦᠭᠡᠨ ᠪᠠᠶᠢᠭᠤᠯᠬᠤ︾ ᠠᠵᠢᠯ ᠢ | ᠭᠦᠨᠵᠡᠭᠡᠶ ᠬᠡᠷᠡᠭᠵᠢᠭᠦᠯᠵᠦ᠂ ᠣᠨ ᠤ ᠲᠣᠭᠠᠯᠠᠯᠭ᠎ᠠ ᠳᠤ ᠮᠠᠯ ᠤᠨ ᠶᠡᠷᠦᠩᠬᠡᠶ ᠲᠤᠭ᠎ᠠ ᠲᠣᠯᠣᠭᠠᠶ 63 ᠲᠦᠮᠡ ᠳᠤ ᠬᠦᠷᠴᠦ᠂ | ᠮᠢᠬᠠᠨ ᠤ ᠦᠬᠡᠷ ᠤᠨ ᠲᠤᠭ᠎ᠠ ᠶᠡᠷᠦᠩᠬᠡᠶ ᠮᠠᠯ ᠤᠨ ᠲᠤᠭᠠᠨ ᠤ ᠬᠠᠭᠠᠰ ᠠᠴᠠ ᠳᠡᠭᠡᠭᠰᠢ ᠶᠢ ᠡᠵᠡᠯᠡᠵᠦ᠂ 2000 ᠲᠣᠯᠣᠭᠠᠶ | ᠡᠬᠡ ᠮᠠᠯ ᠪᠣᠶᠢᠵᠢᠭᠤᠯᠤᠨ᠂ 2 ᠲᠦᠮᠡᠨ ᠲᠣᠯᠣᠭᠠᠶ ᠦᠬᠡᠷ ᠪᠣᠷᠳᠤᠨ ᠲᠠᠷᠭᠤᠯᠠᠭᠤᠯᠵᠤ᠂ ᠡᠭᠦᠯᠳᠡᠷ ᠰᠠᠶᠢᠵᠢᠷᠠᠭᠤᠯᠤᠭᠰᠠᠨ | ᠨᠣᠷᠮ᠎ᠠ 96 % ᠳᠤ ᠬᠦᠷᠴᠦ᠂ ︽ᠪᠣᠶᠢᠵᠢᠭᠤᠯᠬᠤ᠂ ᠡᠭᠦᠯᠳᠡᠷ ᠰᠠᠶᠢᠵᠢᠷᠠᠭᠤᠯᠬᠤ᠂ ᠪᠣᠷᠳᠣᠬᠤ᠂ ᠡᠳ᠋ᠰᠢᠭᠦᠯᠬᠦ᠂ | ᠪᠣᠷᠣᠯᠠᠭᠤᠯᠬᠤ︾ ᠶᠢ ᠨᠢᠭᠡ ᠴᠣᠭᠴᠠᠵᠢᠭᠤᠯᠤᠭᠰᠠᠨ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠪᠥᠬᠦ ᠠᠵᠤ ᠦᠶᠯᠡᠰ ᠤᠨ | ᠬᠡᠯᠬᠢᠶ᠎ᠡ ᠶᠢ ᠠᠩᠬ᠎ᠠ ᠠᠯᠬᠤᠮ ᠪᠠᠶᠢᠭᠤᠯᠵᠤ᠂ ᠮᠢᠬᠠᠨ ᠤ ᠦᠬᠡᠷ ᠮᠠᠯᠵᠢᠬᠤ ᠬᠡᠪᠴᠢᠶ᠎ᠡ ᠪᠥᠬᠦ ᠠᠶᠢᠮᠠᠭ ᠤᠨ ᠲᠡᠷᠢᠭᠦᠨ ᠳᠤ | ᠣᠷᠣᠪᠠ᠃ ᠦᠬᠡᠷ ᠤᠨ ᠬᠦᠪᠲᠤᠷᠤᠤᠲᠤ ᠠᠷᠠᠰᠤᠨ ᠤ ᠡᠪᠡᠳᠴᠢᠨ᠂ ᠠᠹᠷᠢᠺᠠ ᠭᠠᠭ᠋ᠠᠶ ᠶᠢᠨ ᠮᠢᠯᠵᠠᠩ ᠡᠪᠡᠳᠴᠢᠨ ᠢ | ᠪᠦᠲᠦᠮᠵᠢᠲᠡᠶ ᠠᠷᠭᠠᠴᠠᠪᠠ᠃ ᠪᠥᠬᠦ ᠠᠶᠢᠮᠠᠭ ᠤᠨ ᠣᠳᠣᠬᠢᠴᠢᠯᠠᠭᠰᠠᠨ ᠮᠢᠬᠠᠨ ᠤ ᠦᠬᠡᠷ ᠤᠨ ᠠᠵᠤ ᠦᠶᠯᠡᠰ ᠤᠨ | ᠬᠥᠭᠵᠢᠯᠲᠡ ᠶᠢ ᠠᠬᠢᠭᠤᠯᠬᠤ ᠠᠬᠤᠶ ᠲᠠᠯᠠᠪᠠᠶ ᠶᠢᠨ ᠬᠤᠷᠠᠯ ᠪᠠ ᠪᠥᠬᠦ ᠠᠶᠢᠮᠠᠭ ᠤᠨ ᠰᠠᠶᠢᠨ ᠡᠭᠦᠯᠳᠡᠷ ᠤᠨ ᠮᠠᠯ ᠢ | ᠠᠳᠠᠯᠢᠳᠬᠠᠨ ᠰᠢᠯᠭᠠᠷᠠᠭᠤᠯᠬᠤ ᠳᠡᠯᠭᠡᠨ ᠪᠣᠷᠤᠯᠠᠭᠤᠯᠬᠤ ᠠᠵᠢᠯᠯᠠᠭ᠎ᠠ ᠶᠢ ᠳᠠᠭᠠᠭᠠᠴᠢᠯᠠᠨ ᠡᠷᠭᠢᠯᠡᠵᠦ᠂ ᠠᠩᠬᠠᠳᠤᠭᠠᠷ | ᠬᠤᠭᠤᠴᠠᠭᠠᠨ ᠤ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠨᠠᠶᠢᠷ ᠢ ᠠᠮᠵᠢᠯᠲᠠ ᠲᠠᠢ ᠡᠷᠭᠢᠯᠡᠪᠡ᠃ ᠲᠥᠬᠦᠭᠡᠷᠦᠮᠵᠢᠲᠦ | ᠲᠠᠷᠢᠶᠠᠯᠠᠩ ᠤᠨ ᠦᠢᠯᠡᠰ ᠲᠣᠭᠲᠠᠭᠤᠨ ᠢᠶᠠᠷ ᠬᠥᠭᠵᠢᠵᠦ᠂ 37 ᠲᠦᠮᠡᠨ ᠮᠦ ᠲᠠᠷᠢᠮᠠᠯ ᠤᠨ ᠲᠠᠯᠠᠪᠠᠢ᠂ 18 ᠲᠦᠮᠡᠨ ᠮᠦ | ᠤᠰᠤᠨ ᠳᠤ ᠭᠠᠮᠲᠠᠢ ᠲᠠᠷᠢᠮᠠᠯ ᠲᠠᠢ ᠪᠣᠯᠵᠤ᠂ ᠵᠢᠯ ᠳᠤᠮᠳᠠᠴᠢ ᠪᠠᠷ 3 . 2 % ᠨᠡᠮᠡᠭᠳᠡᠪᠡ᠃ ᠰᠢᠨ᠎ᠡ ᠬᠡᠯᠪᠡᠷᠢ ᠶᠢᠨ ᠠᠵᠤ | ᠦᠢᠯᠡᠳᠪᠦᠷᠢ ᠲᠣᠭᠲᠠᠭᠤᠨ ᠠᠬᠢᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ 13 ᠡᠷᠦᠬᠡ ᠳᠤ ᠬᠦᠷᠴᠦ᠂ | ᠨᠡᠶᠢᠲᠡ 202 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ ᠴᠠᠬᠢᠯᠭᠠᠨ ᠬᠦᠴᠦᠨ ᠤ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 417 ᠲᠦᠮᠡᠨ ᠺᠢᠯᠣᠸᠠᠲ ᠲᠤ ᠬᠦᠷᠴᠦ᠂ ᠴᠡᠪᠡᠷ ᠡᠨᠧᠷᠭᠢ ᠶᠢᠨ | ᠡᠵᠡᠯᠡᠬᠦ ᠬᠠᠷᠢᠴᠠᠯ ᠨᠢ 10 % ᠠᠴᠠ ᠳᠡᠭᠡᠭᠰᠢ ᠳᠤ ᠬᠦᠷᠪᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠵᠢᠯ ᠳᠤ 180 ᠲᠦᠮᠡᠨ ᠲᠣᠨ ᠰᠢᠢᠳᠪᠦᠷᠢᠯᠡᠵᠦ᠂ ᠠᠰᠢᠭᠯᠠᠯᠲᠠ ᠶᠢᠨ ᠨᠤᠷᠮ᠎ᠠ ᠨᠢ 60 % ᠳᠤ ᠬᠦᠷᠪᠡ᠃ | ᠤᠯᠠᠮᠵᠢᠯᠠᠯᠲᠤ ᠳᠠᠪᠠᠭᠤᠯᠢᠭ ᠠᠵᠤ ᠦᠢᠯᠡᠰ ᠲᠦᠷᠭᠡᠨ ᠬᠥᠭᠵᠢᠪᠡ᠃ ᠮᠣᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ | ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ︽ᠰᠦᠨ ᠤ ᠦᠢᠯᠡᠰ ᠢ ᠬᠥᠭᠵᠢᠭᠦᠯᠬᠦ︾ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠭᠡᠷᠡᠭᠵᠢᠬᠦᠯᠦᠨ᠂ ᠰᠢ ᠪᠸᠢ ᠺᠣᠮᠫᠠᠨᠢ ᠶᠢᠨ ᠮᠢᠩᠭᠠᠨ ᠰᠠᠭᠠᠯᠢ ᠶᠢᠨ ᠦᠨᠢᠶᠡᠨ ᠤ | ᠪᠠᠶᠢᠭᠠᠯᠢᠯᠢᠭ ᠮᠠᠯᠵᠢᠯ ᠤᠨ ᠲᠠᠯᠠᠪᠠᠢ ᠶᠢ ᠡᠬᠢᠯᠡᠵᠦ ᠪᠠᠶᠢᠭᠤᠯᠤᠨ᠂ 8 ᠡᠷᠦᠬᠡ ᠴᠠᠭᠠᠨ ᠢᠳᠡᠭᠡ ᠦᠢᠯᠡᠳᠪᠦᠷᠢᠯᠡᠬᠦ ᠨᠢᠭᠡᠴᠡ ᠨᠢ | ᠪᠦᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ | ᠠᠩᠬᠠᠨ ᠤ ᠪᠦᠯᠦᠭ ᠲᠤᠷᠰᠢᠯᠲᠠ ᠶᠢᠨ ᠴᠡᠭ ᠲᠤ ᠵᠢᠭᠰᠠᠭᠠᠭᠳᠠᠵᠤ᠂ ︽ᠰᠢᠯᠢ ᠶᠢᠨ ᠭᠤᠣᠯ ᠤᠨ ᠴᠠᠭᠠᠨ ᠢᠳᠡᠭᠡ︾ | ᠠᠮᠲᠠᠯᠠᠨ ᠰᠢᠯᠭᠠᠷᠠᠭᠤᠯᠬᠤ ᠠᠵᠢᠯᠯᠠᠭ᠎ᠠ ᠵᠢᠴᠢ ᠴᠠᠭᠠᠨ ᠢᠳᠡᠭᠡᠨ ᠤ ᠰᠣᠶᠣᠯ ᠤᠨ ᠨᠠᠶᠢᠷ ᠢ ᠠᠮᠵᠢᠯᠲᠠᠲᠠᠢ ᠡᠷᠬᠢᠯᠡᠪᠡ᠃ | ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠪᠡ᠃ ︽ᠪᠦᠬᠦ ᠣᠷᠣᠨ ᠨᠤᠲᠤᠭ ᠤᠨ | ᠵᠢᠭᠤᠯᠴᠢᠯᠠᠯ ᠤᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠬᠢᠴᠠ ᠶᠢ ᠲᠦᠷᠭᠡᠳᠬᠡᠵᠦ᠂ ᠶᠤᠸᠠᠨ ᠤ ᠳᠡᠭᠡᠳᠦ | ᠨᠡᠶᠢᠰᠯᠡᠯ ᠤᠨ ᠪᠠᠭᠤᠷᠢ ᠶᠢ ᠤᠯᠤᠰ ᠤᠨ 5 A ᠲᠡᠰ ᠤᠨ ᠦᠵᠡᠮᠵᠢ ᠶᠢᠨ ᠣᠷᠣᠨ ᠪᠣᠯᠭᠠᠨ ᠪᠠᠶᠢᠭᠤᠯᠬᠤ ᠠᠵᠢᠯ ᠢ | ᠠᠬᠢᠭᠤᠯᠤᠨ᠂ ᠵᠢᠭᠤᠯᠴᠢᠳ ᠲᠤ ᠦᠢᠯᠡᠴᠢᠯᠡᠬᠦ ᠲᠥᠪ ᠪᠠ ᠳᠡᠯᠭᠡᠨ ᠦᠵᠡᠭᠦᠯᠭᠡ ᠶᠢᠨ ᠦᠢᠯᠡᠴᠢᠯᠡᠭᠡᠨ ᠤ ᠳᠥᠬᠦᠭᠡᠷᠦᠮᠵᠢ ᠶᠢᠨ | ᠪᠠᠶᠢᠭᠤᠯᠤᠯᠲᠠ ᠰᠢᠨ᠎ᠡ ᠠᠬᠢᠴᠠ ᠲᠠᠢ ᠪᠣᠯᠵᠤ᠂ ᠱᠠᠩᠳᠤ ᠨᠠᠭᠤᠷ ᠤᠨ ᠵᠢᠭᠤᠯᠴᠢᠯᠠᠯ ᠤᠨ ᠲᠠᠯᠠᠪᠠᠢ ᠶᠢ 3 A ᠲᠡᠰ ᠤᠨ | ᠦᠵᠡᠮᠵᠢ ᠶᠢᠨ ᠣᠷᠣᠨ ᠪᠣᠯᠭᠠᠨ ᠪᠠᠶᠢᠭᠤᠯᠪᠠ᠃ ︽ᠶᠤᠸᠠᠨ ᠤ ᠳᠡᠭᠡᠳᠦ ᠨᠡᠶᠢᠰᠯᠡᠯ︾ ︽ᠬᠤᠯᠠᠨ ᠰᠢᠷᠭ᠎ᠠ︾ ᠭᠡᠬᠦ ᠨᠡᠷᠡᠲᠦ | ᠲᠡᠮᠳᠡᠭ ᠤᠨ ᠲᠣᠭᠤᠷᠢᠨ ᠳᠤ ︽ᠬᠤᠯᠠᠨ ᠰᠢᠷᠭ᠎ᠠ︾ ᠡᠪᠦᠯ ᠤᠨ ᠨᠠᠭᠠᠳᠤᠮ᠂ ᠠᠯᠲᠠᠩᠬᠸ᠎ᠠ ᠴᠡᠴᠡᠭ ᠰᠣᠨᠢᠷᠬᠠᠬᠤ ᠨᠠᠶᠢᠷ᠂ | ᠴᠠᠭᠠᠨ ᠢᠳᠡᠭᠡᠨ ᠤ ᠰᠣᠶᠣᠯ ᠤᠨ ᠨᠠᠶᠢᠷ᠂ ᠰᠢᠯᠤᠭᠤᠨ ᠬᠥᠬᠡ ᠬᠤᠰᠢᠭᠤᠨ ᠤ ᠮᠠᠷᠠᠽᠤᠨ ᠤ ᠤᠷᠤᠯᠳᠤᠭᠠᠨ᠂ ︽ᠬᠤᠯᠠᠨ | ᠰᠢᠷᠭ᠎ᠠ︾ ᠶᠠᠪᠠᠭᠠᠨ ᠠᠶᠠᠯᠠᠬᠤ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ᠂ ᠰᠣᠶᠣᠯ ᠲᠠᠮᠢᠷ ᠤᠨ ᠨᠠᠷᠠᠲᠤ ᠲᠡᠮᠳᠡᠭ ᠢ | ᠡᠭᠦᠳᠴᠦ ᠳᠣᠪᠤᠶᠢᠮ᠎ᠠ ᠦᠷ᠎ᠡ ᠪᠦᠲᠦᠮᠵᠢ ᠣᠯᠪᠠ᠃ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠴᠣᠷ ᠤᠨ | ᠭᠠᠭᠴᠠ ᠪᠥᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠭᠤᠤᠯ ᠰᠡᠳᠦᠪᠲᠦ ᠵᠢᠭᠤᠯᠴᠢᠯᠠᠯ ᠤᠨ ᠱᠤᠭᠤᠮ | ᠪᠣᠯᠬᠤ ︽ᠮᠢᠩᠭᠠᠨ ᠭᠠᠵᠠᠷ ᠤᠨ ᠦᠵᠡᠰᠬᠦᠯᠡᠩᠳᠦ ᠱᠣᠭᠤᠮ︾ ᠤᠨ ᠪᠣᠳᠠᠰ ᠤᠨ ᠪᠤᠰᠤ ᠰᠣᠶᠣᠯ ᠤᠨ ᠥᠪ ᠤᠨ ᠰᠠᠯᠪᠤᠷᠢ | ᠱᠤᠭᠤᠮ ᠢᠶᠠᠷ ᠰᠣᠩᠭᠤᠭᠳᠠᠪᠠ᠃ 2018 ᠣᠨ ᠠᠴᠠ ᠨᠠᠰᠢ᠂ ᠵᠢᠯ ᠤᠨ ᠳᠤᠮᠳᠠᠴᠢ ᠵᠢᠭᠤᠯᠴᠢᠯᠠᠯ ᠤᠨ ᠬᠥᠮᠦᠨ ᠤ ᠲᠤᠭ᠎ᠠ | 78 ᠲᠦᠮᠡᠨ ᠬᠥᠮᠦᠨ ︵ᠤᠳᠠᠭ᠎ᠠ︶ ᠳᠤ ᠬᠦᠷᠴᠦ᠂ ᠵᠢᠯ ᠳᠤᠮᠳᠠᠴᠢ ᠶᠢᠨ ᠬᠠᠮᠢᠶ᠎ᠠ ᠪᠥᠬᠦᠶ ᠣᠷᠣᠯᠭ᠎ᠠ ᠨᠢ ᠪᠠᠷᠤᠭ 5.5 | ᠳ᠋ᠦᠩᠰᠢᠭᠤᠷ ᠲᠥᠭᠦᠷᠢᠭ ᠲᠤ ᠬᠦᠷᠴᠡᠶ᠃ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠬᠦᠭᠵᠢᠵᠦ᠂ ᠠᠵᠢᠲᠠᠢ | ᠡᠷᠡᠭᠦᠯᠵᠢᠯ ᠰᠣᠪᠢᠯᠠᠯᠲᠠ ᠶᠢᠨ ᠲᠥᠪ᠂ ᠮᠧᠩ ᠯᠦᠩ ᠨᠠᠰᠤᠲᠠᠨ ᠤ ᠠᠰᠠᠷᠠᠮᠵᠢ ᠶᠢᠨ ᠭᠠᠵᠠᠷ᠂ ᠣᠷᠣᠨ ᠨᠤᠲᠤᠭ ᠤᠨ | ᠨᠠᠰᠤᠲᠠᠨ ᠢ ᠠᠰᠠᠷᠠᠬᠤ ᠬᠦᠷᠢᠶᠡᠯᠡᠩ ᠪᠣᠯᠤᠨ ᠠᠮᠤᠭᠤᠯᠠᠩ ᠨᠠᠰᠤᠲᠠᠶᠢᠴᠤᠳ ᠤᠨ ᠦᠢᠯᠡᠴᠢᠯᠡᠭᠡᠨ ᠤ ᠲᠥᠪ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠰᠠᠭᠤᠷᠢᠰᠢᠬᠤ᠂ ᠵᠢᠭᠤᠯᠴᠢᠯᠠᠬᠤ᠂ ᠰᠤᠪᠢᠯᠠᠬᠤ ᠳᠤ ᠲᠣᠬᠢᠷᠠᠮᠵᠢᠲᠠᠢ ᠣᠷᠣᠨ ᠪᠣᠯᠪᠠ᠃ | ᠨᠠᠷᠢᠯᠢᠭ ᠣᠨᠣᠪᠴᠢᠲᠠᠢ ᠪᠠᠷ ᠬᠡᠷᠡᠭᠵᠢᠬᠦᠯᠦᠨ ᠨᠠᠶᠢᠳᠠᠪᠤᠷᠢᠵᠢᠭᠤᠯᠤᠭᠰᠠᠨ ᠠᠴᠠ ᠭᠤᠷᠪᠠᠨ ᠶᠡᠭᠡ ᠰᠢᠪᠲᠤᠯᠤᠯᠲᠠ ᠶᠢᠨ | ᠢᠨᠵᠧᠨᠧᠷᠢᠩ ᠨᠢ ᠰᠢᠢᠳᠪᠦᠷᠢᠲᠦ ᠦᠷ᠎ᠡ ᠪᠦᠳᠦᠮᠵᠢ ᠣᠯᠪᠠ᠃ ᠣᠨᠢᠨ ᠳᠡᠭᠡᠷ᠎ᠡ ᠨᠢ ᠲᠡᠳᠬᠦᠬᠦ᠂ ᠨᠠᠷᠢᠯᠢᠭ ᠣᠨᠣᠪᠴᠢᠲᠠᠢ ᠪᠠᠷ | ᠶᠠᠳᠠᠭᠤ ᠠᠴᠠ ᠠᠩᠭᠢᠵᠢᠷᠠᠭᠤᠯᠬᠤ ᠠᠵᠢᠯ ᠢ ᠭᠦᠨᠵᠡᠭᠡᠢ ᠥᠷᠨᠢᠭᠦᠯᠪᠡ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ | ᠪᠠᠲᠤᠯᠠᠬᠤ︾ ᠬᠠᠷᠠᠯᠲᠠ ᠶᠢᠨ ᠲᠣᠭᠤᠷᠢᠨ ᠳᠤ᠂ 13 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ | ᠣᠷᠣᠭᠤᠯᠵᠤ᠂ ︽ᠲᠠᠪᠤᠨ ᠨᠢᠭᠡ ᠪᠦᠯᠦᠭ︾ ᠪᠠ ︽ᠳᠥᠷᠪᠡ ᠶᠢ ᠪᠠᠷᠢᠮᠲᠠᠯᠠᠬᠤ︾ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ 21 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ | ᠂ 1849 ᠡᠷᠦᠬᠡ ᠶᠢᠨ 4298 ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠨ᠂ | ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠠᠨ ᠪᠡᠶᠡᠯᠡᠭᠦᠯᠵᠦ᠂ | ︽ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠡᠷᠢᠭᠦᠨ ᠤ ᠬᠠᠮᠲᠤ ᠨᠡᠶᠢᠲᠡ︾ | ᠶᠢᠨ ᠢᠷᠠᠭᠤ ᠠᠯᠳᠠᠷ ᠢ ᠭᠥᠷᠳᠡᠪᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠬᠦ ᠠᠵᠢᠯ ᠪᠠ ᠬᠥᠳᠡᠭᠡ ᠣᠷᠣᠨ ᠨᠤᠲᠤᠭ ᠢ ᠬᠦᠴᠦᠷᠬᠡᠭᠵᠢᠬᠦᠯᠬᠦ ᠠᠵᠢᠯ ᠢ ᠪᠦᠲᠦᠮᠵᠢᠲᠡᠶ ᠵᠣᠬᠢᠴᠠᠭᠤᠯᠤᠨ᠂ | ᠣᠷᠣᠨ ᠠᠶᠢᠮᠠᠭ ᠤᠨ ᠪᠠᠶᠢᠴᠠᠭᠠᠯᠲᠠ ᠶᠢᠨ ᠲᠤᠭᠤᠶᠢᠯᠠᠩ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠵᠤ᠂ | ᠠᠮᠢᠳᠤᠯᠢᠭ ᠢᠶᠠᠷ ᠬᠢᠨᠠᠨ ᠲᠣᠭᠲᠠᠭᠠᠬᠤ ᠪᠠ ᠣᠨᠣᠪᠴᠢᠲᠠᠶ ᠪᠠᠷ ᠬᠠᠪᠰᠤᠷᠤᠨ ᠲᠡᠳᠬᠦᠬᠦ ᠶᠢ ᠪᠥᠬᠦ ᠲᠠᠯ᠎ᠠ ᠪᠠᠷ ᠬᠡᠷᠡᠭᠵᠢᠭᠦᠯᠪᠡ᠃ | ᠦᠨᠡᠨ ᠠᠴᠠ ᠵᠥᠪ ᠢ ᠡᠷᠢᠨ᠂ ᠵᠢᠱᠢᠶ᠎ᠡ ᠦᠵᠡᠬᠦᠯᠬᠦ ᠣᠷᠣᠨ ᠳᠤ ᠤᠷᠢᠳ ᠢᠶᠠᠷ ᠬᠡᠷᠡᠭᠵᠢᠬᠦᠯᠬᠦ ᠶᠢ ᠪᠠᠷᠢᠮᠲᠠᠯᠠᠵᠤ᠂ 2 | ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ᠂ 11 ᠭᠤᠤᠯᠳᠠᠯᠭ᠎ᠠ ᠲᠠᠢ ᠭᠠᠴᠠᠭ᠎ᠠ ᠲᠣᠰᠬᠤᠨ ᠢ ᠲᠣᠭᠲᠠᠭᠠᠵᠤ᠂ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ | ᠵᠠᠰᠠᠭᠰᠠᠨ ᠠᠴᠠ ᠣᠷᠣᠰᠢᠨ ᠰᠠᠭᠤᠷᠢᠰᠢᠬᠤ ᠣᠷᠴᠢᠨ ᠨᠥᠭᠦᠴᠡᠯ ᠢᠯᠡᠳᠲᠡ ᠰᠠᠶᠢᠵᠢᠷᠠᠪᠠ᠃ ᠪᠣᠬᠢᠷᠲᠤᠯ ᠢ ᠰᠡᠷᠭᠡᠶᠢᠯᠡᠨ | ᠵᠠᠰᠠᠬᠤ ᠰᠢᠪᠲᠤᠯᠤᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠪᠡ᠃ ︽ᠵᠠᠳᠠᠭᠠᠢ᠂ ᠰᠠᠯᠠᠩ᠂ ᠪᠣᠬᠢᠷᠲᠤᠯ ᠲᠠᠢ︾ | ᠠᠵᠤ ᠦᠢᠯᠡᠳᠪᠦᠷᠢ ᠶᠢ ᠲᠤᠰᠬᠠᠢ ᠴᠡᠭᠴᠡᠯᠡᠨ ᠵᠠᠰᠠᠬᠤ ᠪᠠ ᠲᠠᠷᠢᠶᠠᠯᠠᠩ ᠤᠨ ᠬᠦᠷᠦᠰᠦᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠱᠠᠩᠳᠤ ᠴᠠᠬᠢᠯᠭᠠᠨ ᠦᠶᠯᠡᠳᠪᠦᠷᠢ ᠶᠢᠨ 6 ᠰᠠᠤᠷᠢ ᠮᠠᠰᠢᠨ | ᠴᠣᠭᠴᠠᠯᠠᠪᠤᠷᠢ ᠶᠢ ᠳᠣᠣᠷ᠎ᠠ ᠭᠠᠳᠠᠭᠰᠢᠯᠠᠭᠤᠯᠤᠯᠲᠠ ᠲᠠᠢ ᠪᠣᠯᠭᠠᠨ ᠥᠭᠡᠷᠡᠴᠢᠯᠡᠨ ᠪᠠᠶᠢᠭᠤᠯᠵᠤ᠂ ᠠᠭᠠᠷ ᠤᠨ ᠶᠠᠰᠤ ᠴᠢᠨᠠᠷ ᠤᠨ | ᠪᠠᠷᠢᠮᠵᠢᠶᠠᠨ ᠳᠤ ᠬᠦᠷᠬᠦ ᠨᠣᠷᠮ᠎ᠠ 90 % ᠠᠴᠠ ᠳᠡᠭᠡᠭᠰᠢ ᠳᠤ ᠬᠦᠷᠦᠭᠰᠡᠨ ᠪᠠᠶᠢᠨ᠎ᠠ᠃ ᠬᠤᠳᠠ ᠪᠠᠯᠭᠠᠰᠤᠨ ᠤ ᠠᠮᠢᠳᠤᠷᠠᠯ | ᠤᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠵᠤ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ | ᠰᠢᠢᠳᠪᠦᠷᠢᠯᠡᠭᠰᠡᠨ ᠨᠤᠷᠮ᠎ᠠ ᠪᠠ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠨᠤᠷᠮ᠎ᠠ ᠶᠢ ᠴᠥᠮ 100 % ᠳᠤ ᠬᠦᠷᠴᠦ | ᠂ ᠴᠡᠪᠡᠷᠰᠢᠭᠦᠯᠦᠨ ᠳᠠᠬᠢᠨ ᠠᠰᠢᠭᠯᠠᠬᠤ ᠨᠤᠷᠮ᠎ᠠ ᠶᠢ 52 % ᠲᠤ ᠬᠦᠷᠭᠡᠪᠡ᠃ ᠲᠥᠪ᠂ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠳᠤ ᠲᠤᠷᠠᠳᠤᠭᠰᠠᠨ ᠠᠰᠠᠭᠤᠳᠠᠯ ᠢ ᠬᠤᠭᠤᠴᠠᠭ᠎ᠠ | ᠶᠣᠰᠣᠭᠠᠷ ᠪᠦᠬᠦᠨ ᠢ ᠴᠡᠭᠴᠡᠯᠡᠨ ᠵᠠᠰᠠᠵᠤ᠂ ᠴᠡᠯᠮᠡᠭ ᠲᠡᠭᠷᠢ ᠴᠡᠩᠬᠡᠭ ᠤᠰᠤ ᠴᠡᠪᠡᠷ ᠬᠥᠷᠥᠰᠥ ᠶᠢ ᠬᠠᠮᠠᠭᠠᠯᠠᠬᠤ | ᠰᠢᠪᠲᠤᠯᠤᠯᠲᠠ ᠶᠢᠨ ᠠᠵᠢᠯᠯᠠᠭ᠎ᠠ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ | ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠪᠠ᠃ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠵᠤ᠂ | ᠦᠯᠡᠳᠡᠭᠳᠡᠯ ᠥᠷᠢ ᠥᠭᠴᠡᠭᠡ ᠶᠢ ᠰᠢᠢᠳᠪᠦᠷᠢᠯᠡᠪᠡ᠃ ᠨᠡᠶᠢᠲᠡ 15 . 6 ᠳ᠋ᠦᠩᠰᠢᠭᠤᠷ ᠲᠥᠭᠦᠷᠢᠭ ᠤᠨ ᠥᠷᠢ ᠥᠭᠴᠡᠭᠡ | ᠶᠢ ᠰᠢᠶᠳᠪᠦᠷᠢᠯᠡᠵᠦ᠂ ᠳᠤᠮᠳᠠ ᠵᠢᠵᠢᠭ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ | ᠥᠷᠢᠳᠦᠵᠦ ᠪᠠᠶᠢᠭᠰᠠᠨ 4 . 96 ᠳ᠋ᠦᠩᠰᠢᠭᠤᠷ ᠲᠥᠭᠦᠷᠢᠭ ᠤᠨ ᠥᠷᠢ ᠶᠢ ᠰᠢᠶᠳᠪᠦᠷᠢᠯᠡᠪᠡ᠃ | ᠬᠠᠮᠠᠭᠠᠯᠠᠬᠤ ᠶᠢ ᠲᠡᠷᠢᠭᠦᠨ ᠳᠤ ᠲᠠᠯᠪᠢᠭᠰᠠᠨ ᠠᠴᠠ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠨᠢ ︽ | ᠶᠡᠷᠦᠩᠬᠡᠶᠢᠯᠡᠨ ᠵᠠᠰᠠᠵᠤ︾ ᠪᠠᠶᠢᠭᠰᠠᠨ ᠠᠴᠠ ︽ᠦᠷᠭᠦᠯᠵᠢᠯᠡᠨ ᠪᠠᠬᠢᠵᠢᠬᠦ︾ ᠲᠡᠶᠢᠰᠢ ᠰᠢᠯᠵᠢᠪᠡ᠃ ︽ᠡᠬᠡ ᠤᠯᠤᠰ ᠤᠨ | ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ︾ ᠤᠯᠤᠰ ᠲᠥᠷᠦ ᠶᠢᠨ | ᠬᠠᠷᠢᠭᠤᠴᠠᠯᠭ᠎ᠠ ᠶᠢ ᠡᠭᠦᠷᠭᠡᠯᠡᠨ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠶᠢᠨ | ᠲᠥᠷᠦ ᠶᠢᠨ ᠪᠣᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠪᠠ ︽ᠮᠠᠯ ᠠᠵᠤ | ᠠᠬᠤᠢ᠂ ᠮᠠᠯᠵᠢᠬᠤ ᠣᠷᠣᠨ᠂ ᠮᠠᠯᠴᠢᠨ ᠲᠥᠮᠡᠨ︾ ᠤ ᠠᠵᠢᠯ ᠤᠨ ᠳᠦᠷᠢᠮ ᠢ ᠲᠤᠤᠱᠲᠠᠢ ᠬᠡᠷᠡᠭᠵᠢᠭᠦᠯᠪᠡ᠃ ᠪᠡᠭᠡᠵᠢᠩ | ᠲᠢᠶᠠᠨᠵᠢᠨ ᠤ ᠡᠯᠡᠰᠦᠨ ᠤ ᠡᠬᠢ ᠶᠢ ᠵᠠᠰᠠᠬᠤ᠂ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠤᠨ ᠠᠮᠢ ᠠᠬᠤᠶ ᠶᠢ | ᠰᠡᠷᠭᠦᠭᠡᠬᠦ᠂ ᠲᠠᠷᠢᠶᠠᠯᠠᠬᠤ ᠶᠢ ᠵᠣᠭᠰᠣᠭᠠᠵᠤ ᠪᠡᠯᠴᠢᠭᠡᠷ ᠰᠡᠷᠭᠦᠭᠡᠬᠦ ᠵᠡᠷᠭᠡ ᠠᠮᠢ ᠠᠬᠤᠶ ᠶᠢ ᠴᠡᠭᠴᠡᠯᠡᠨ ᠵᠠᠰᠠᠬᠤ ᠢᠨᠵᠧᠨᠧᠷᠢᠩ | ᠢ 133 ᠲᠦᠮᠡᠨ ᠮᠥ ᠲᠠᠯᠠᠪᠠᠢ ᠭᠠᠵᠠᠷ ᠲᠤ ᠬᠡᠷᠡᠭᠵᠢᠭᠦᠯᠵᠦ᠂ ᠬᠤᠯᠠᠨ ᠰᠢᠷᠭ᠎ᠠ ᠲᠠᠭ᠎ᠠ ᠶᠢᠨ ᠬᠡᠪᠴᠢᠶᠡᠵᠢᠭᠰᠡᠨ ᠣᠶ ᠰᠢᠭᠤᠶ | ᠶᠢᠨ ᠲᠠᠯᠠᠪᠠᠶ ᠶᠢᠨ ᠤᠯᠤᠰ ᠤᠨ ᠲᠠᠰ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠪᠡᠶᠡᠯᠡᠭᠦᠯᠪᠡ᠃ ᠠᠮᠢ ᠠᠬᠤᠶ ᠣᠷᠴᠢᠨ | ᠲᠣᠭᠤᠷᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠂ ︽ᠭᠤᠤᠯ ᠮᠥᠷᠡᠨ ᠨᠠᠭᠤᠷ ᠴᠥᠭᠦᠷᠥᠮ ᠤᠨ ᠬᠠᠷᠢᠭᠤᠴᠠᠯᠭᠠᠲᠠᠨ ᠤ | ᠲᠦᠷᠢᠮ︾᠂ ︽ᠣᠶ ᠰᠢᠭᠤᠶ ᠨᠤᠲᠤᠭ ᠪᠡᠯᠴᠢᠭᠡᠷ ᠤᠨ ᠬᠠᠷᠢᠭᠤᠴᠠᠯᠭᠠᠲᠠᠨ ᠤ ᠲᠦᠷᠢᠮ︾ ᠢ ᠨᠠᠶᠢᠳᠠᠪᠤᠷᠢᠵᠢᠭᠤᠯᠵᠤ᠂ | ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠤ᠂ ᠣᠶ ᠰᠢᠭᠤᠶ | ᠨᠤᠭᠤ ᠭᠠᠵᠠᠷ ᠪᠠ ᠬᠡᠭᠡᠷ᠎ᠡ ᠶᠢᠨ ᠠᠮᠢᠲᠠᠨ ᠤᠷᠭᠤᠮᠠᠯ ᠢ ᠬᠦᠨᠦᠭᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠤᠯᠤᠰ ᠤᠨ ᠭᠤᠤᠯ ᠮᠥᠷᠡᠨ ᠤ ᠬᠠᠷᠢᠭᠤᠴᠠᠯᠭᠠᠲᠠᠨ ᠤ ᠳᠦᠷᠢᠮ᠂ ᠨᠠᠭᠤᠷ ᠴᠥᠭᠦᠷᠥᠮ ᠤᠨ ᠬᠠᠷᠢᠭᠤᠴᠠᠯᠭᠠᠲᠠᠨ ᠤ | ᠳᠦᠷᠢᠮ ᠢ ᠬᠡᠷᠡᠭᠵᠢᠭᠦᠯᠦᠭᠰᠡᠨ ᠲᠡᠷᠢᠭᠦᠨ ᠤ ᠬᠠᠮᠲᠤ ᠨᠡᠶᠢᠲᠡ ᠶᠢᠨ ᠬᠦᠬᠢᠬᠦᠯᠦᠯ ᠢ ᠬᠦᠷᠲᠡᠪᠡ᠃ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠ ᠭᠠᠵᠠᠷ ᠰᠢᠷᠦᠢ ᠶᠢᠨ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ 7 | . 6 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠠᠭᠤᠷᠬᠠᠶ ᠶᠢᠨ ᠣᠷᠣᠨ ᠢ ᠶᠡᠷᠦᠩᠬᠡᠶᠢᠯᠡᠨ ᠵᠠᠰᠠᠵᠤ᠂ 7 ᠰᠠᠭᠤᠷᠢ | ᠠᠭᠤᠷᠬᠠᠶ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠳᠤ ᠬᠦᠷᠪᠡ᠃ | ᠤᠰᠤᠨ ᠤ ᠠᠮᠢ ᠠᠬᠤᠢ ᠶᠢᠨ ᠬᠠᠮᠠᠭᠠᠯᠠᠯᠲᠠ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠦᠷᠭᠦᠯᠵᠢᠯᠡᠨ | ᠴᠢᠩᠭᠠᠳᠬᠠᠵᠤ᠂ ᠱᠠᠩᠳᠤ ᠶᠢᠨ ᠭᠤᠣᠯ ᠤᠯᠤᠰ ᠤᠨ ᠨᠤᠭᠤ ᠭᠠᠵᠠᠷ ᠤᠨ ᠴᠡᠴᠡᠷᠯᠢᠭ ᠨᠢ ᠤᠯᠤᠰ ᠤᠨ ᠰᠢᠯᠭᠠᠨ | ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠨ᠎ᠠ᠃ | ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠭᠰᠠᠨ ᠠᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ | ᠦᠷᠭᠦᠯᠵᠢᠯᠡᠨ ᠳᠡᠰ ᠳᠡᠪᠰᠢᠬᠦ ᠶᠢ ᠪᠡᠶᠡᠯᠡᠬᠦᠯᠪᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠵᠤ᠂ ᠲᠠᠶᠢᠽᠢ ᠴᠧᠩ ᠠᠴᠠ ᠰᠢᠯᠢᠩᠬᠤᠲᠡ ᠬᠦᠷᠬᠦ ᠲᠡᠮᠦᠷ ᠵᠠᠮ ᠤᠨ ᠳᠥᠰᠥᠯ᠂ ᠵᠢᠨᠢᠩ ᠠᠴᠠ | ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨ ᠬᠦᠴᠦᠨ ᠤ ᠥᠭᠡᠷᠡᠴᠢᠯᠡᠯᠳᠡ ᠶᠢᠨ ᠲᠥᠰᠥᠯ ᠤᠷᠤᠭᠰᠢᠲᠠᠢ ᠠᠬᠢᠵᠤ᠂ | ᠰᠢᠨ᠎ᠡ ᠪᠠᠷ ᠪᠠᠶᠢᠭᠤᠯᠤᠭᠰᠠᠨ ᠢᠷᠭᠡᠨ ᠤ ᠨᠢᠰᠬᠡᠯ ᠤᠨ ᠪᠠᠭᠤᠳᠠᠯ ᠤᠨ ᠲᠥᠰᠥᠯ ᠨᠢ ᠤᠯᠤᠰ ᠤᠨ ᠠᠷᠠᠳ ᠤᠨ ᠠᠭᠠᠷ ᠤᠨ | ᠲᠡᠭᠡᠭᠡᠪᠦᠷᠢ ᠶᠢᠨ ᠲᠣᠪᠴᠢᠶᠠᠨ ᠤ ᠠᠵᠢᠯ ᠲᠥᠷᠥᠯ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠪᠡ᠃ ᠬᠤᠲᠠ ᠪᠠᠯᠭᠠᠰᠤᠨ | ᠤ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠲᠠ | ᠪᠠᠯᠭᠠᠰᠤᠨ ᠤ ᠨᠣᠭᠤᠭᠠᠷᠠᠭᠤᠯᠤᠯᠲᠠ ᠶᠢᠨ ᠶᠡᠷᠦᠩᠬᠡᠢ ᠲᠠᠯᠠᠪᠠᠢ 517 . 36 ᠲᠦᠮᠡᠨ ᠲᠡᠭᠰᠢ ᠳᠥᠷᠪᠡᠯᠵᠢᠨ ᠮᠧᠲᠷ ᠲᠤ | ᠬᠦᠷᠴᠦ᠂ ᠨᠣᠭᠤᠭᠠᠷᠠᠭᠤᠯᠤᠯᠲᠠ ᠶᠢᠨ ᠨᠣᠷᠮ᠎ᠠ 37 . 76 % ᠳᠤ ᠬᠦᠷᠴᠦ᠂ ᠬᠥᠮᠦᠨ ᠳᠤᠮᠳᠠᠴᠢ ᠶᠢᠨ ᠣᠯᠠᠨ ᠨᠡᠶᠢᠲᠡ | ᠶᠢᠨ ᠨᠣᠭᠤᠭᠠᠷᠠᠭᠤᠯᠤᠯᠲᠠ ᠶᠢᠨ ᠲᠠᠯᠠᠪᠠᠢ 83 . 86 ᠲᠡᠭᠰᠢ ᠳᠥᠷᠪᠡᠯᠵᠢᠨ ᠮᠧᠲᠷ ᠲᠤ ᠬᠦᠷᠪᠡ᠃ ᠱᠠᠩᠳᠤ ᠪᠠᠯᠭᠠᠰᠤ ᠨᠢ | ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠰᠡᠨ ᠬᠤᠰᠢᠭᠤᠨ ᠲᠥᠪ ᠢᠶᠠᠷ ᠦᠨᠡᠯᠡᠭᠳᠡᠵᠦ᠂ ᠲᠠᠪᠤᠳᠤᠭᠠᠷ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠠᠮᠵᠢᠯᠲᠠ ᠲᠠᠢ ᠪᠠᠶᠢᠭᠤᠯᠪᠠ᠃ ᠬᠥᠳᠡᠭᠡ ᠳᠣᠰᠬᠤᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠡᠷᠴᠢᠮᠳᠠᠢ ᠲᠡᠭᠦᠯᠳᠡᠷᠵᠢᠭᠦᠯᠵᠦ᠂ ᠤᠤᠭᠤᠬᠤ ᠤᠰᠤᠨ ᠤ ᠠᠮᠤᠷ | ᠲᠦᠪᠰᠢᠨ ᠢ ᠪᠠᠲᠤᠯᠠᠨ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠦᠬᠦ ᠬᠤᠰᠢᠭᠤᠨ ᠤ ᠤᠤᠭᠤᠬᠤ | ᠤᠰᠤᠨ ᠤ ᠠᠮᠤᠷ ᠲᠦᠪᠰᠢᠨ ᠪᠠ ᠤᠤᠭᠤᠬᠤ ᠤᠰᠤᠨ ᠤ ᠬᠦᠴᠢᠷᠳᠡᠯ ᠢ ᠪᠦᠬᠦ ᠲᠠᠯ᠎ᠠ ᠪᠠᠷ ᠰᠢᠢᠳᠪᠦᠷᠢᠯᠡᠪᠡ᠃ ᠬᠥᠳᠡᠭᠡ | ᠲᠣᠰᠬᠤᠨ ᠤ 872 ᠺᠢᠯᠤᠮᠧᠲᠷ ᠤᠨ ᠴᠠᠬᠢᠯᠭᠠᠨ ᠲᠣᠣᠷ ᠢ ᠥᠭᠡᠷᠡᠴᠢᠯᠡᠵᠦ᠂ ᠤᠷᠲᠤ ᠶᠢᠨ ᠲᠠᠯ᠎ᠠ ᠳᠠᠬᠢ 35 ᠺᠢᠯᠣᠸᠠᠲ | ᠤᠨ ᠬᠦᠴᠦᠳᠡᠯ ᠬᠤᠪᠢᠰᠬᠠᠬᠤ ᠢᠨᠵᠧᠨᠧᠷᠢᠩ ᠢ ᠪᠠᠶᠢᠭᠤᠯᠤᠨ᠂ 661 ᠡᠷᠦᠬᠡ ᠶᠢᠨ ᠰᠢᠨ᠎ᠡ ᠡᠨᠧᠷᠭᠢ ᠶᠢᠨ ᠴᠠᠬᠢᠯᠭᠠᠨ ᠢ | ᠪᠠᠶᠢᠩᠭᠤ ᠶᠢᠨ ᠴᠠᠬᠢᠯᠭᠠᠨ ᠪᠣᠯᠭᠠᠨ ᠥᠭᠡᠷᠡᠴᠢᠯᠡᠪᠡ᠃ ᠬᠥᠳᠡᠭᠡ ᠳᠣᠰᠬᠤᠨ ᠳᠤ 427 ᠺᠢᠯᠣᠮᠧᠲᠷ ᠤᠨ ᠵᠠᠮ ᠵᠠᠰᠠᠵᠤ᠂ | ᠭᠠᠴᠠᠭ᠎ᠠ ᠲᠣᠰᠬᠤᠨ ᠳᠤ ᠴᠥᠮ ᠵᠠᠰᠠᠮᠠᠯ ᠵᠠᠮ ᠨᠡᠪᠲᠡᠷᠡᠪᠡ᠃ ᠬᠥᠳᠡᠭᠡ ᠳᠣᠰᠬᠤᠨ ᠤ ᠴᠢᠮᠡᠭᠡ ᠬᠤᠯᠪᠣᠭᠠᠨ ᠤ ᠨᠥᠬᠦᠴᠡᠯ ᠢ | ᠦᠷᠭᠦᠯᠵᠢᠯᠡᠨ ᠰᠠᠶᠢᠵᠢᠷᠠᠭᠤᠯᠵᠤ᠂ ᠴᠢᠮᠡᠭᠡ ᠬᠤᠯᠪᠣᠭᠠᠨ ᠤ ᠪᠦᠷᠬᠦᠴᠡ ᠶᠢᠨ ᠨᠣᠷᠮ᠎ᠠ 85 % ᠳᠤ ᠬᠦᠷᠴᠦ᠂ ᠰᠤᠮᠤ | ᠪᠠᠯᠭᠠᠰᠤ ᠪᠠ ᠭᠠᠴᠠᠭ᠎ᠠ ᠲᠣᠰᠬᠤᠨ ᠤ ᠪᠠᠶᠢᠭ᠎ᠠ ᠭᠠᠵᠠᠷ ᠤᠨ ᠰᠦᠯᠵᠢᠶ᠎ᠡ ᠬᠤᠯᠪᠤᠭᠠᠨ ᠤ ᠪᠦᠷᠬᠦᠴᠡ ᠶᠢᠨ ᠨᠣᠷᠮ᠎ᠠ ᠲᠣᠰ | ᠲᠣᠰ 100 % ᠪᠠ 98 % ᠳᠤ ᠬᠥᠷᠪᠡ᠃ 12 . 9 ᠲᠦᠮᠡᠨ ᠲᠡᠭᠰᠢ ᠳᠥᠷᠪᠡᠯᠵᠢᠨ ᠮᠧᠲᠷ ᠤᠨ ᠫᠧᠩ ᠬᠤᠷᠤᠭ᠎ᠠ | ᠪᠠᠶᠢᠭᠤᠯᠵᠤ᠂ 1 . 5 ᠲᠦᠮᠡᠨ ᠲᠡᠭᠰᠢ ᠳᠥᠷᠪᠡᠯᠵᠢᠨ ᠮᠧᠲᠷ ᠤᠨ ᠡᠪᠡᠰᠦᠨ ᠬᠤᠷᠤᠭ᠎ᠠ ᠪᠠᠷᠢᠵᠤ᠂ ᠲᠠᠷᠢᠶᠠᠯᠠᠩ ᠮᠠᠯ ᠠᠵᠤ | ᠠᠬᠤᠢ ᠶᠢᠨ ᠭᠠᠮᠰᠢᠭ ᠢ ᠡᠰᠡᠷᠭᠦᠴᠡᠬᠦ ᠪᠠ ᠠᠶᠤᠯ ᠠᠴᠠ ᠵᠠᠶᠢᠯᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠪᠠ᠃ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠭᠰᠠᠨ ᠠᠴᠠ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠡᠰ ᠳᠡᠪᠰᠢᠪᠡ᠃ | ᠠᠷᠠᠳ ᠲᠦᠮᠡᠨ ᠢᠶᠠᠷ ᠲᠥᠪ ᠪᠣᠯᠭᠠᠬᠤ ᠬᠥᠭᠵᠢᠯᠲᠡ ᠶᠢᠨ ᠦᠵᠡᠯᠲᠡ ᠳᠤ ᠰᠠᠭᠤᠷᠢᠯᠠᠵᠤ᠂ ᠬᠤᠲᠠ ᠬᠥᠳᠡᠭᠡ ᠶᠢᠨ | ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 40930 ᠲᠥᠭᠦᠷᠢᠭ ᠪᠠ | 22680 ᠲᠥᠭᠦᠷᠢᠭ ᠲᠤ ᠬᠦᠷᠴᠦ᠂ ᠵᠢᠯ ᠳᠤ ᠳᠤᠮᠳᠠᠴᠢ ᠪᠠᠷ 4 % ᠪᠠ 9 . 1 % ᠪᠠᠷ ᠨᠡᠮᠡᠭᠳᠡᠪᠡ᠃ ︽ᠭᠤᠷᠪᠠᠨ | ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠶᠢ ᠵᠢᠯ ᠪᠦᠷᠢ ᠳᠤᠮᠳᠠᠴᠢ ᠪᠠᠷ 15.3 % ᠪᠠᠷ ᠪᠠᠭᠠᠰᠬᠠᠵᠤ᠂ | ᠲᠥᠰᠦᠪ ᠤᠨ ᠬᠤᠳᠠᠯᠳᠤᠨ ᠠᠪᠬᠤ ᠮᠥᠩᠭᠦ ᠶᠢ 8260 ᠲᠦᠮᠡᠨ ᠲᠥᠭᠦᠷᠢᠭ ᠠᠷᠪᠢᠯᠠᠪᠠ᠃ ᠠᠷᠠᠳ ᠤᠨ ᠠᠮᠢᠳᠤᠷᠠᠯ ᠤᠨ | ᠬᠦᠷᠢᠶ᠎ᠡ ᠴᠠᠷ᠎ᠠ ᠳᠤ ᠨᠡᠶᠢᠲᠡ 34.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠷᠠᠳ ᠤᠨ ᠠᠮᠢᠳᠤᠷᠠᠯ ᠤᠨ | ᠵᠠᠷᠤᠯᠭ᠎ᠠ ᠨᠢ ᠡᠩ ᠤᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠳᠠᠬᠢ 65 % ᠠᠴᠠ ᠳᠡᠭᠡᠭᠰᠢᠬᠢ ᠶᠢ ᠡᠵᠡᠯᠡᠪᠡ᠃ | ᠬᠢᠵᠢᠭ ᠢ ᠰᠡᠷᠭᠡᠶᠢᠯᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ | ᠲᠥᠯᠥᠪᠵᠢᠭᠦᠯᠵᠦ᠂ ᠰᠡᠷᠭᠡᠶᠢᠯᠡᠨ ᠬᠤᠷᠢᠭᠯᠠᠬᠤ ᠠᠵᠢᠯ ᠢ ᠪᠠᠶᠢᠩᠭᠤᠵᠢᠭᠤᠯᠬᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ | ᠰᠠᠶᠢᠳᠣᠷ ᠠᠳᠬᠤᠵᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠰᠠᠨ ᠨᠣᠷᠮ᠎ᠠ 96 % ᠳᠤ | ᠬᠦᠷᠴᠦ᠂ ᠬᠢᠵᠢᠭ ᠢ ᠰᠡᠷᠭᠡᠶᠢᠯᠡᠨ ᠬᠤᠷᠢᠭᠯᠠᠬᠤ ᠲᠥᠪ ᠪᠠ ᠬᠤᠶᠠᠷ ᠡᠮᠨᠡᠯᠭᠡ ᠶᠢᠨ ᠬᠤᠷᠢᠶ᠎ᠠ ᠴᠥᠮ ᠪᠥᠭᠡᠮ ᠬᠦᠴᠢᠯ ᠤᠨ | ᠪᠠᠶᠢᠴᠠᠭᠠᠯᠳᠠ ᠬᠢᠬᠦ ᠴᠢᠳᠠᠪᠤᠷᠢ ᠲᠠᠢ ᠪᠣᠯᠵᠤ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ | ᠡᠮᠴᠢᠯᠡᠭᠡᠨ ᠤ ᠠᠰᠠᠷ᠂ ᠬᠤᠯᠤᠭᠠᠨ᠎ᠠ ᠶᠢᠨ ᠬᠢᠵᠢᠭ ᠢ ᠬᠡᠭᠡᠷ᠎ᠡ ᠭᠠᠳᠠᠨ᠎ᠠ ᠬᠢᠨᠠᠨ ᠬᠡᠮᠵᠢᠬᠦ ᠭᠠᠵᠠᠷ ᠢ ᠪᠠᠶᠢᠭᠤᠯᠤᠨ ᠠᠰᠢᠭᠯᠠᠯᠲᠠ | ᠳᠤ ᠣᠷᠣᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ︾ ᠬᠠᠯᠬᠠᠪᠴᠢ ᠪᠣᠯᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ︽ᠭᠤᠷᠪᠠᠨ ᠰᠡᠷᠭᠡᠶᠢᠯᠡᠯᠲᠡ | ᠶᠢᠨ ᠱᠤᠭᠤᠮ︾ ᠢ ᠪᠠᠲᠤ ᠴᠣᠭᠴᠠᠯᠠᠵᠤ᠂ ᠬᠦᠨᠳᠦ ᠨᠣᠴᠢᠳᠠᠢ ᠬᠢᠵᠢᠭ ᠤᠨ ᠪᠠᠶᠢᠳᠠᠯ ᠢ ᠠᠷᠭᠠᠴᠠᠭᠠᠬᠤ ᠪᠠ ᠣᠯᠠᠨ ᠨᠡᠶᠢᠲᠡ | ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠡᠳᠦᠷ ᠢᠷᠡᠬᠦᠶ᠎ᠡ ᠪᠦᠷᠢᠨᠰᠢᠪᠡ᠃ ᠬᠤᠲᠠ | ᠬᠥᠳᠡᠭᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠲᠡᠭᠦᠯᠳᠡᠷᠵᠢᠨ᠂ ᠨᠡᠶᠢᠲᠡ ᠶᠢᠨ ᠡᠮᠨᠡᠯᠭᠡ ᠶᠢᠨ ᠬᠤᠷᠢᠶᠠᠨ ᠤ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠮᠣᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ᠂ | ᠡᠬᠡ ᠨᠢᠯᠬᠠᠰ ᠤᠨ ᠡᠷᠡᠭᠦᠯᠵᠢᠯ ᠤᠨ ᠲᠥᠪ᠂ ᠰᠢᠯᠢ ᠶᠢᠨ ᠭᠤᠣᠯ ᠠᠶᠢᠮᠠᠭ ᠤᠨ ᠡᠮᠦᠨ᠎ᠡ ᠪᠡᠶ᠎ᠡ ᠳᠠᠬᠢ ᠵᠢᠷᠦᠬᠡᠨ | ᠬᠠᠳᠬᠤᠯᠭ᠎ᠠ ᠶᠢᠨ ᠡᠮᠴᠢᠯᠡᠭᠡᠨ ᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠦᠨᠳᠦᠰᠦᠨ ᠱᠠᠲᠤᠨ ᠤ 3 | ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠢᠨ᠎ᠡ ᠪᠠᠷ ᠪᠠᠶᠢᠭᠤᠯᠤᠨ᠂ 6 ᠡᠷᠡᠭᠦᠯ ᠬᠠᠮᠠᠭᠠᠯᠠᠯ ᠤᠨ ᠲᠠᠰᠤᠭ ᠢ ᠥᠷᠭᠡᠳᠬᠡᠨ | ᠪᠠᠶᠢᠭᠤᠯᠵᠤ᠂ ᠭᠤᠷᠪᠠᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ | ᠦᠷᠭᠦᠯᠵᠢᠯᠡᠨ ᠲᠡᠭᠦᠯᠳᠡᠷᠵᠢᠭᠦᠯᠪᠡ᠃ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠲᠥᠪᠡᠭᠲᠡᠢ | ᠠᠰᠠᠭᠤᠳᠠᠯ ᠢ ᠰᠢᠢᠳᠪᠦᠷᠢᠯᠡᠵᠦ᠂ ᠱᠠᠩᠳᠤ ᠴᠠᠬᠢᠯᠭᠠᠨ ᠦᠶᠯᠡᠳᠪᠦᠷᠢ ᠠᠴᠠ ᠳᠤᠯᠠᠭᠠᠯᠠᠭ᠎ᠠ ᠬᠠᠩᠭᠠᠬᠤ ᠲᠠᠯᠠᠪᠠᠢ 298 | ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠱᠠᠩᠳᠤ ᠪᠠᠯᠭᠠᠰᠣᠨ ᠲᠥᠪ ᠢ ᠪᠦᠬᠦᠨ ᠢ ᠪᠦᠷᠬᠦᠵᠡᠢ᠃ 16 | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠥᠭᠡᠷᠡᠴᠢᠯᠡᠯᠲᠡ ᠬᠢᠵᠦ᠂ ᠪᠣᠷᠣ ᠭᠡᠷ ᠤᠨ ᠲᠤᠭᠤᠷᠢᠭ ᠤᠨ 1299 | ᠡᠷᠦᠬᠡ ᠶᠢ ᠥᠭᠡᠷᠡᠴᠢᠯᠡᠨ ᠪᠠᠶᠢᠭᠤᠯᠵᠤ᠂ ᠬᠥᠳᠡᠭᠡ ᠳᠣᠰᠬᠤᠨ ᠤ 173 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ | ᠥᠭᠡᠷᠡᠴᠢᠯᠡᠨ ᠵᠠᠰᠠᠪᠠ᠃ ᠠᠳᠠᠯ ᠦᠢᠯᠡᠰ ᠴᠣᠭᠴᠠᠯᠠᠬᠤ ᠠᠵᠢᠯ ᠣᠯᠭᠤᠬᠤ ᠶᠢ ᠠᠬᠢᠭᠤᠯᠵᠤ᠂ ᠨᠡᠶᠢᠲᠡ 7187 ᠬᠥᠮᠦᠨ | ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠣᠷᠮ᠎ᠠ 3 . 2 % ᠪᠣᠯᠪᠠ᠃ | ᠬᠤᠲᠠ ᠬᠥᠳᠡᠭᠡ ᠶᠢᠨ ᠳᠣᠣᠷ᠎ᠠ ᠪᠠᠲᠤᠯᠠᠭ᠎ᠠ᠂ ᠰᠠᠭᠤᠭᠠᠯᠢ ᠠᠷᠠᠳ ᠤᠨ ᠨᠠᠰᠤᠵᠢᠯ᠂ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠵᠡᠷᠭᠡ ᠭᠤᠣᠯ ᠪᠣᠯᠬᠤ ᠠᠷᠠᠳ ᠤᠨ ᠠᠮᠢᠳᠤᠷᠠᠯ ᠤᠨ ᠲᠤᠭ᠎ᠠ ᠨᠤᠷᠮ᠎ᠠ ᠪᠦᠬᠦ ᠠᠶᠢᠮᠠᠭ ᠤᠨ ᠳᠤᠮᠳᠠᠴᠢ ᠲᠦᠪᠰᠢᠨ | ᠠᠴᠠ ᠥᠨᠳᠥᠷ ᠪᠣᠯᠪᠠ᠃ ᠰᠤᠷᠭᠠᠨ ᠬᠥᠮᠦᠵᠢᠯ ᠢ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ | ᠰᠤᠷᠭᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠲᠡ 106 ᠨᠡᠷ᠎ᠡ ᠲᠤᠰᠬᠠᠶ ᠪᠠᠭᠰᠢ ᠡᠯᠰᠡᠨ᠂ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠯᠤᠭ᠎ᠠ ᠬᠠᠮᠲᠤᠷᠠᠯᠴᠠᠭᠠᠨ ᠤ | ᠲᠣᠭᠲᠠᠴᠠ ᠪᠠᠶᠢᠭᠤᠯᠪᠠ᠃ 4070 ᠲᠦᠮᠡᠨ ᠲᠥᠭᠦᠷᠢᠭ ᠤᠨ ᠪᠡᠯᠡ ᠣᠷᠣᠭᠤᠯᠤᠨ᠂ 3 ᠰᠠᠭᠤᠷᠢ ᠦᠨᠳᠦᠰᠦᠨ ᠱᠠᠲᠤᠨ ᠤ | ᠬᠡᠦᠬᠡᠳ ᠤᠨ ᠴᠡᠴᠡᠷᠯᠢᠭ ᠪᠠ 4 ᠰᠠᠭᠤᠷᠢ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠯᠲᠠ ᠶᠢᠨ | ᠠᠰᠠᠷ ᠢ ᠪᠠᠶᠢᠭᠤᠯᠤᠨ᠂ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠨᠢ ᠠᠶᠢᠮᠠᠭ ᠤᠨ ᠲᠡᠰ ᠤᠨ | ᠪᠠᠷᠢᠮᠵᠢᠶᠠᠵᠢᠭᠰᠠᠨ ᠰᠤᠷᠭᠠᠭᠤᠯᠢ ᠶᠢᠨ ᠪᠠᠷᠢᠮᠵᠢᠶᠠᠨ ᠳᠤ ᠬᠦᠷᠪᠡ᠃ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠶᠢ ᠴᠢᠩᠭᠠᠳᠬᠠᠵᠤ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ︽ᠨᠢᠭᠡ ᠰᠤᠷᠭᠠᠭᠤᠯᠢ ᠨᠢᠭᠡ ᠣᠨᠴᠠᠯᠢᠭ ᠲᠠᠢ︾ ᠪᠠᠶᠢᠬᠤ ᠰᠤᠷᠭᠠᠭᠤᠯᠢ ᠶᠢᠨ ᠬᠦᠷᠢᠶᠡᠨ ᠤ | ᠪᠠᠶᠢᠭᠤᠯᠤᠯᠲᠠ ᠶᠢ ᠪᠡᠶᠡᠯᠡᠭᠦᠯᠪᠡ᠃ ᠰᠣᠶᠣᠯ ᠤᠨ ᠦᠶᠯᠡᠰ ᠴᠡᠴᠡᠭᠯᠡᠨ ᠬᠥᠭᠵᠢᠵᠦ᠂ ᠡᠯ᠎ᠡ ᠲᠥᠷᠥᠯ ᠤᠨ ᠰᠣᠶᠣᠯ ᠲᠠᠮᠢᠷ ᠤᠨ | ᠠᠵᠢᠯᠯᠠᠭ᠎ᠠ ᠶᠢ 340 ᠭᠠᠷᠤᠶ ᠤᠳᠠᠭ᠎ᠠ ᠡᠷᠭᠢᠯᠡᠵᠦ᠂ ᠷᠠᠳᠢᠣ᠋ ᠲᠧᠯᠸᠢᠰ ᠤᠨ ᠪᠦᠷᠬᠦᠴᠡ 100 % ᠶᠢ ᠪᠠᠲᠤᠯᠠᠵᠤ᠂ | ᠬᠤᠰᠢᠭᠤ ᠤᠯᠠᠭᠠᠨᠮᠥ᠋ᠴᠢᠷ ᠨᠢ ᠪᠥᠬᠦ ᠣᠷᠣᠨ ᠤ ᠨᠢᠭᠡᠳᠦᠭᠡᠷ ᠲᠥᠷᠥᠯ ᠤᠨ ᠰᠢᠯᠢᠳᠡᠭ ᠤᠯᠠᠭᠠᠨᠮᠥ᠋ᠴᠢᠷ ᠢᠶᠠᠷ ᠦᠨᠡᠯᠡᠭᠳᠡᠵᠦ᠂ | ᠰᠠᠩ ᠤᠨ ᠲᠡᠯᠡᠶ ᠪᠠᠯᠭᠠᠰᠤᠨ ᠤ ᠶᠡᠬᠡᠲᠡᠯᠡ ᠭᠠᠴᠠᠭ᠎ᠠ ᠨᠢ ᠪᠥᠬᠦ ᠤᠯᠤᠰ ᠤᠨ ᠪᠣᠯᠪᠠᠰᠤᠨ ᠭᠠᠴᠠᠭ᠎ᠠ ᠲᠣᠰᠬᠤᠨ ᠢᠶᠠᠷ | ᠦᠨᠡᠯᠡᠭᠳᠡᠵᠦ᠂ ᠱᠠᠩᠳᠤ ᠪᠠᠯᠭᠠᠰᠤᠨ ᠤ ᠪᠠᠶᠠᠨᠭᠤᠣᠯ ᠭᠠᠴᠠᠭ᠎ᠠ ᠨᠢ ᠪᠥᠬᠦ ᠤᠯᠤᠰ ᠤᠨ ︽ᠱᠠᠯᠢᠭ ᠵᠠᠪᠬᠠᠶ ᠵᠦᠶᠯᠡᠰ ᠢ | ᠠᠷᠢᠯᠭᠠᠵᠤ᠂ ᠬᠠᠤᠯᠢ ᠪᠤᠰᠤ ᠬᠡᠪᠯᠡᠯ ᠳᠤ ᠴᠣᠬᠢᠯᠲᠠ ᠥᠭᠬᠦ︾ ᠠᠵᠢᠯᠯᠠᠭ᠎ᠠ ᠶᠢ ᠦᠨᠳᠦᠰᠦᠨ ᠱᠠᠲᠤᠨ ᠳᠤ | ᠭᠦᠨᠵᠡᠭᠡᠶᠢᠷᠡᠭᠦᠯᠦᠭᠰᠡᠨ ᠵᠢᠱᠢᠶ᠎ᠡ ᠦᠵᠡᠭᠦᠯᠬᠦ ᠴᠡᠭ ᠢᠶᠠᠷ ᠦᠨᠡᠯᠡᠭᠳᠡᠪᠡ᠃ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠭᠰᠠᠨ ᠠᠴᠠ ᠵᠠᠰᠠᠭ ᠤᠨ ᠶᠠᠪᠤᠳᠠᠯ ᠤᠯᠠᠮ ᠢᠯᠭᠤᠮ ᠶᠠᠪᠤᠭᠳᠠᠬᠤ | ᠪᠣᠯᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠤᠨ ᠳᠦᠷᠢᠮᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ︽ᠠᠩᠬᠠᠨ ᠤ ᠵᠣᠷᠢᠯᠲᠠ ᠪᠠᠨ ᠦᠯᠦ ᠮᠠᠷᠲᠠᠨ | ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠪᠡ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ | ᠨᠡᠶᠢᠭᠡᠮ ᠤᠨ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠬᠠᠷᠢᠭᠤᠴᠠᠯᠭ᠎ᠠ ᠶᠢ ᠳᠣᠳᠣᠷᠬᠠᠶᠢᠯᠠᠨ᠂ ᠠᠵᠢᠯ ᠢ ᠪᠤᠳᠠᠳᠠᠶᠢᠵᠢᠭᠤᠯᠪᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ | ᠤ ᠠᠷᠠᠳᠴᠢᠯᠠᠭᠰᠠᠨ ᠬᠢᠨᠠᠯᠲᠠ ᠶᠢ ᠢᠳᠡᠪᠬᠢᠲᠡᠢ ᠬᠦᠯᠢᠶᠡᠵᠦ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ | ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ 481 ᠬᠤᠪᠢ ᠰᠠᠨᠠᠯ ᠰᠠᠨᠠᠭᠤᠯᠭ᠎ᠠ᠂ ᠤᠯᠤᠰ | ᠲᠥᠷᠦ ᠶᠢᠨ ᠵᠥᠪᠯᠡᠯᠭᠡᠨ ᠤ ᠬᠡᠰᠢᠭᠦᠨ ᠤ 399 ᠬᠤᠪᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ᠂ ᠬᠠᠷᠢᠭᠤᠯᠲᠠ | ᠥᠭᠭᠦᠭᠰᠡᠨ ᠨᠣᠷᠮ᠎ᠠ 100 % ᠳᠤ ᠬᠦᠷᠴᠦ᠂ ᠬᠠᠨᠤᠮᠵᠢ ᠶᠢᠨ ᠨᠣᠷᠮ᠎ᠠ 95 % ᠠᠴᠠ ᠳᠡᠭᠡᠭᠰᠢ ᠳᠤ ᠬᠦᠷᠪᠡ᠃ ᠨᠠᠮ | ᠤᠨ ᠦᠨᠳᠦᠰᠦᠲᠡᠨ ᠤ ᠤᠨᠤᠯ ᠪᠠ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤᠳᠬᠠᠵᠤ᠂ ᠦᠨᠳᠦᠰᠦᠲᠡᠨ | ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠶᠢ ᠭᠦᠨᠵᠡᠭᠡᠶᠢᠷᠡᠭᠦᠯᠦᠨ᠂ ᠬᠦᠰᠡᠯᠡᠩ ᠬᠡᠦᠬᠡᠳ ᠤᠨ ᠴᠡᠴᠡᠷᠯᠢᠭ ᠨᠢ ︽ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾ ᠶᠢᠨ ᠢᠷᠠᠭᠤ ᠠᠯᠳᠠᠷ ᠢ | ᠬᠦᠷᠲᠡᠵᠦ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠣᠯᠬᠤ ᠪᠠᠷ | ᠢᠳᠡᠪᠬᠢᠲᠡᠶ ᠴᠢᠷᠮᠠᠶᠢᠪᠠ᠃ ︽ᠰᠤᠯᠠᠯᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ᠂ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠢ ᠦᠢᠯᠡᠴᠢᠯᠡᠭᠡᠨ ᠤ | ᠲᠢᠩᠬᠢᠮ ᠳᠤ ᠣᠷᠣᠭᠤᠯᠬᠤ ᠨᠣᠷᠮ᠎ᠠ 100 % ᠳᠤ ᠬᠦᠷᠴᠦ᠂ ᠬᠢᠨᠠᠨ ᠵᠥᠪᠰᠢᠶᠡᠷᠡᠬᠦ ᠵᠦᠶᠯᠡᠰ ᠢ ︽ᠨᠢᠭᠡ ᠴᠣᠩᠬᠤᠪᠴᠢ | ᠪᠠᠷ ᠭᠥᠯᠢᠶᠡᠨ ᠠᠪᠴᠤ ᠰᠢᠢᠳᠪᠦᠷᠢᠯᠡᠵᠦ᠂ ᠰᠦᠯᠵᠢᠶᠡᠨ ᠳᠡᠭᠡᠷ᠎ᠡ ᠭᠦᠶᠴᠡᠳᠬᠡᠬᠦ︾ ᠶᠢ ᠪᠡᠶᠡᠯᠡᠭᠦᠯᠪᠡ᠃ ︽12345︾ | ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠤᠲᠠᠰᠤ ᠪᠠᠷ ᠨᠡᠶᠢᠲᠡ 1301 ᠬᠤᠪᠢ ᠪᠠᠴᠢᠮ ᠰᠢᠢᠳᠪᠦᠷᠢᠯᠡᠬᠦ | ᠴᠢᠬᠤᠯᠠ ᠲᠠᠢ ᠠᠰᠠᠭᠤᠳᠠᠯ ᠢ ᠰᠢᠢᠳᠪᠦᠷᠢᠯᠡᠪᠡ᠃ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠤᠨ᠂ ᠭᠠᠶᠢᠯᠢ ᠬᠥᠩᠭᠡᠯᠡᠵᠦ ᠰᠦᠶᠳᠬᠡᠯ | ᠪᠠᠭᠤᠷᠠᠭᠤᠯᠬᠤ ᠲᠥᠷᠥ ᠶᠢᠨ ᠪᠣᠳᠣᠯᠭ᠎ᠠ ᠪᠠᠷ 2.45 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠡᠯᠲᠦᠷᠢᠭᠦᠯᠵᠦ᠂ 13 | ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠣᠯᠠᠨ ᠡᠰᠢᠴᠢᠯᠡᠭᠰᠡᠨ ᠠᠷᠠᠯᠵᠢᠶᠠᠨ ᠤ ᠵᠠᠬ᠎ᠠ | ᠳᠡᠯᠭᠡᠭᠦᠷ ᠲᠤ ᠣᠷᠣᠭᠤᠯᠬᠤ ᠶᠢ ᠵᠣᠬᠢᠴᠠᠭᠤᠯᠤᠨ ᠠᠬᠢᠭᠤᠯᠪᠠ᠃ ︽ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠪᠠ ︽ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠦᠶᠯᠡᠰ ᠴᠣᠭᠴᠠᠯᠠᠬᠤ | ᠶᠢ ᠵᠣᠷᠢᠭᠵᠢᠭᠤᠯᠵᠤ᠂ ᠲᠥᠷᠥᠯ ᠵᠦᠶᠯ ᠤᠨ ᠪᠠᠯᠠ ᠮᠥᠩᠭᠦ ᠡᠷᠡᠮᠡᠯᠵᠡᠯᠡᠬᠦ ᠶᠢ ᠬᠢᠨᠠᠨ ᠳᠣᠭᠲᠠᠭᠠᠨ ᠱᠠᠩᠨᠠᠨ ᠬᠥᠬᠢᠭᠦᠯᠬᠦ | ᠠᠷᠭ᠎ᠠ︾ ᠶᠢ ᠲᠣᠭᠲᠠᠭᠠᠪᠠ᠃ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠴᠡᠭᠴᠡᠯᠡᠨ | ᠵᠠᠰᠠᠯᠲᠠ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶ᠎ᠡ ᠴᠠᠷ᠎ᠠ᠂ ᠬᠠᠩᠭᠠᠨ ᠪᠣᠷᠣᠯᠠᠭᠤᠯᠬᠤ ᠰᠢᠰᠲ᠋ᠧᠮ᠂ | ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ | ᠴᠡᠭᠴᠡᠯᠡᠨ ᠵᠠᠰᠠᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠤ | ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠨ ᠪᠠᠶᠢᠴᠠᠭᠠᠬᠤ ᠳᠣᠭᠤᠶᠢᠯᠠᠩ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠳᠣᠭᠤᠶᠢᠯᠠᠩ ᠠᠴᠠ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠴᠢᠮᠳᠠᠢ ᠠᠬᠢᠭᠤᠯᠪᠠ᠃ ︽ᠠᠮᠤᠷ ᠠᠮᠤᠭᠤᠯᠠᠩ | ᠰᠢᠯᠤᠭᠤᠨ ᠬᠥᠬᠡ︾ ᠶᠢ ᠪᠠᠶᠢᠭᠤᠯᠬᠤ ᠠᠵᠢᠯ ᠢ ᠯᠠᠪᠳᠠᠭᠤᠨ ᠠᠬᠢᠭᠤᠯᠵᠤ᠂ ᠵᠥᠷᠢᠴᠡᠯ ᠵᠢᠭᠤᠷᠠᠭᠠᠨ ᠢ ᠪᠠᠶᠢᠴᠠᠭᠠᠨ | ᠰᠢᠢᠳᠪᠦᠷᠢᠯᠡᠬᠦ ᠪᠠ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠨ᠂ ᠡᠯ᠎ᠡ ᠲᠥᠷᠥᠯ ᠤᠨ ᠬᠠᠤᠯᠢ | ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠪᠡ᠃ ︽ᠬᠤᠤᠰ ᠵᠠᠭᠤᠨ ᠡᠳᠦᠷ︾ ᠤᠨ ᠠᠵᠢᠯᠯᠠᠭ᠎ᠠ ᠪᠠᠷ | ᠰᠢᠵᠢᠮ ᠪᠣᠯᠭᠠᠵᠤ᠂ ᠠᠶᠤᠯᠭᠦᠶ ᠦᠶᠯᠡᠳᠪᠦᠷᠢᠯᠡᠯ᠂ ᠢᠳᠡᠭᠡᠨ ᠤᠮᠳᠠᠭᠠᠨ ᠪᠠ ᠡᠮ ᠤᠨ ᠵᠦᠶᠯ ᠤᠨ ᠠᠮᠤᠷ ᠲᠦᠪᠰᠢᠨ᠂ | ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠵᠢᠴᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠬᠢᠨᠠᠨ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠭᠰᠠᠨ ᠠᠴᠠ ᠪᠥᠬᠦ ᠬᠤᠰᠢᠭᠤᠨ ᠳᠤ ᠬᠦᠨᠳᠦ ᠨᠣᠴᠢᠲᠠᠢ ᠠᠶᠤᠯᠭᠦᠶ | ᠦᠶᠯᠡᠳᠪᠦᠷᠢᠯᠡᠯ ᠪᠣᠯᠣᠨ ᠢᠳᠡᠭᠡᠨ ᠤᠮᠳᠠᠭᠠᠨ ᠪᠠ ᠡᠮ ᠤᠨ ᠵᠦᠶᠯ ᠤᠨ ᠠᠮᠤᠷ ᠲᠦᠪᠰᠢᠨ ᠤ ᠠᠳᠡᠯ ᠬᠡᠷᠡᠭ ᠭᠠᠷᠤᠭᠰᠠᠨ | ᠦᠭᠡᠢ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠳᠥᠷᠪᠡᠳᠦᠭᠡᠷ ᠤᠳᠠᠭᠠᠨ ᠤ | ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠤᠷᠤᠭᠰᠢᠲᠠᠶ ᠪᠡᠶᠡᠯᠡᠭᠦᠯᠪᠡ᠃ ᠣᠯᠠᠨ ᠲᠥᠮᠡᠨᠴᠢ | ᠴᠢᠨᠠᠷᠲᠠᠢ ᠪᠦᠯᠬᠦᠮ ᠨᠢᠭᠡᠴᠡ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠡᠷᠴᠢᠮᠳᠠᠢ ᠳᠠᠮᠵᠢᠵᠤ᠂ ᠡᠮᠡᠭᠲᠡᠶᠢᠴᠦᠳ᠂ ᠬᠡᠦᠬᠡᠳ | ᠪᠠᠭᠠᠴᠤᠳ᠂ ᠨᠠᠰᠤᠲᠠᠶᠢᠴᠤᠳ᠂ ᠵᠡᠮᠳᠡᠭᠴᠦᠳ ᠪᠠ ᠤᠯᠠᠭᠠᠨ ᠵᠠᠭᠠᠯᠮᠠᠢᠲᠠᠨ ᠤ ᠦᠢᠯᠡᠰ ᠰᠢᠨ᠎ᠡ ᠠᠬᠢᠴᠠ ᠲᠠᠢ ᠪᠣᠯᠵᠤ᠂ | ᠤᠯᠤᠰ ᠤᠨ ᠪᠠᠲᠤᠯᠠᠨ ᠬᠠᠮᠠᠭᠠᠯᠠᠯᠲᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠭᠠᠬᠤ᠂ | ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠱᠠᠰᠢᠨ ᠰᠤᠷᠲᠠᠬᠤᠨ ᠤ ᠲᠠᠯ᠎ᠠ ᠪᠠᠷ ᠬᠢ ᠠᠵᠢᠯ ᠰᠢᠨ᠎ᠡ | ᠦᠷ᠎ᠡ ᠪᠦᠲᠦᠮᠵᠢ ᠣᠯᠵᠤ᠂ ᠶᠡᠭᠡ ᠲᠠᠯ᠎ᠠ ᠳᠤ ᠦᠢᠯᠡᠴᠢᠯᠡᠵᠦ᠂ ᠬᠥᠭᠵᠢᠯᠲᠡ ᠳᠤ ᠦᠢᠯᠡᠴᠢᠯᠡᠵᠦ᠂ ᠣᠯᠠᠨ ᠲᠦᠮᠡᠨ ᠳᠤ | ᠦᠢᠯᠡᠴᠢᠯᠡᠵᠦ ᠴᠢᠳᠠᠪᠠ᠃ | ᠲᠥᠯᠥᠭᠡᠯᠡᠭᠴᠢᠳ ᠡ︕ ᠡᠳᠡᠭᠡᠷ ᠠᠮᠵᠢᠯᠲᠠ ᠪᠦᠲᠦᠮᠵᠢ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ | ᠪᠠ ᠬᠤᠰᠢᠭᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠠᠴᠠ ᠰᠠᠯᠵᠤ ᠴᠢᠳᠠᠬᠤ ᠦᠭᠡᠢ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠬᠢᠨᠠᠯᠲᠠ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠠᠷᠠᠳ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ | ᠤ ᠭᠡᠰᠢᠭᠦᠳ ᠤᠨ ᠣᠶᠢᠯᠠᠭᠠᠯᠲᠠ ᠪᠠ ᠰᠠᠨᠠᠯ ᠵᠥᠪᠯᠡᠯᠭᠡ ᠠᠴᠠ ᠰᠠᠯᠵᠤ ᠴᠢᠳᠠᠬᠤ ᠦᠭᠡᠢ᠂ ᠪᠦᠬᠦ ᠬᠤᠰᠢᠭᠤᠨ ᠤ ᠡᠯ᠎ᠡ | ᠦᠨᠳᠦᠰᠦᠲᠡᠨ ᠤ ᠺᠠᠳ᠋ᠷ ᠣᠯᠠᠨ ᠲᠦᠮᠡᠨ ᠤ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ | ᠰᠢᠷᠭᠠᠭᠤ ᠠᠵᠢᠯᠯᠠᠭᠰᠠᠨ ᠠᠴᠠ ᠰᠠᠯᠵᠤ ᠴᠢᠳᠠᠬᠤ ᠦᠭᠡᠢ ᠶᠤᠮ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ | ᠢ ᠲᠥᠯᠥᠭᠡᠯᠡᠵᠦ᠂ ᠪᠦᠬᠦ ᠠᠷᠠᠳ ᠤᠨ ᠲᠥᠯᠥᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠠᠵᠢᠯ ᠤᠨ | ᠹᠷᠣᠨᠲ ᠳᠡᠭᠡᠷ᠎ᠡ ᠰᠢᠷᠭᠠᠭᠤ ᠲᠡᠮᠡᠴᠡᠵᠦ ᠪᠠᠶᠢᠭ᠎ᠠ ᠥᠷᠭᠡᠨ ᠣᠯᠠᠨ ᠺᠠᠳ᠋ᠷ ᠣᠯᠠᠨ ᠲᠦᠮᠡᠨ᠂ ᠰᠢᠯᠤᠭᠤᠨ ᠬᠥᠬᠡ ᠬᠤᠰᠢᠭᠤᠨ ᠤ | ᠥᠭᠡᠷᠡᠴᠢᠯᠡᠯᠲᠡ ᠬᠥᠭᠵᠢᠯᠲᠡ ᠲᠣᠭᠲᠠᠭᠤᠨ ᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ | ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ | ᠳᠥᠷᠪᠡᠨ ᠵᠢᠯ ᠤᠨ ᠴᠢᠷᠮᠠᠶᠢᠯᠭ᠎ᠠ ᠪᠠᠷ ᠪᠢᠳᠡ᠄ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠠᠷ ᠦᠢᠯᠡᠰ ᠤᠨ ᠰᠠᠭᠤᠷᠢ ᠪᠠᠨ | ᠪᠣᠯᠭᠠᠨ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠭᠠᠭᠴᠠ ᠬᠦ ᠨᠠᠮ ᠤᠨ ᠲᠥᠪ ᠬᠤᠷᠢᠶᠠᠨ ᠤ | ᠡᠷᠬᠡ ᠰᠦᠷ ᠢ ᠬᠠᠮᠠᠭᠠᠯᠠᠵᠤ᠂ ᠤᠯᠤᠰ ᠲᠦᠷᠦ ᠶᠢᠨ ᠬᠠᠨᠳᠣᠰᠢ ᠪᠠᠨ ᠪᠠᠲᠤᠳᠬᠠᠪᠠᠯ ᠰᠠᠶ᠋ᠢ ᠨᠢᠭᠡ ᠰᠡᠳᠬᠢᠯ ᠨᠢᠭᠡ | ᠬᠠᠨᠳᠣᠰᠢ ᠪᠠᠷ ᠠᠯᠣᠰ ᠢᠷᠡᠭᠡᠳᠦᠢ ᠶᠢ ᠵᠣᠷᠢᠵᠤ ᠴᠢᠳᠠᠨ᠎ᠠ᠃ ᠥᠭᠡᠷᠡᠴᠢᠯᠡᠯᠲᠡ ᠰᠢᠨᠡᠴᠢᠯᠡᠯᠲᠡ ᠶᠢ ᠪᠠᠷᠢᠮᠲᠠᠯᠠᠬᠤ ᠪᠠᠷ ᠦᠢᠯᠡᠰ | ᠤᠨ ᠭᠠᠷᠤᠭ᠎ᠠ ᠪᠠᠨ ᠪᠣᠯᠭᠠᠵᠤ᠂ ᠡᠷᠬᠡᠪᠰᠢ ᠴᠤᠴᠠᠯᠲᠠ ᠦᠭᠡᠢ ᠤᠷᠤᠭᠰᠢᠯᠠᠵᠤ ᠰᠢᠨ᠎ᠡ ᠶᠢ ᠡᠭᠦᠳᠴᠦ᠂ ᠥᠭᠡᠷᠡᠴᠢᠯᠡᠯᠲᠡ ᠪᠠᠷ | ᠵᠥᠷᠢᠴᠡᠯ ᠢ ᠰᠢᠢᠳᠪᠦᠷᠢᠯᠡᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠠᠬᠢᠭᠤᠯᠪᠠᠯ ᠰᠠᠶ᠋ᠢ ᠬᠥᠭᠵᠢᠨ ᠮᠠᠨᠳᠤᠵᠤ | ᠴᠢᠳᠠᠨ᠎ᠠ᠃ ᠠᠷᠠᠳ ᠤᠨ ᠲᠥᠯᠥᠭᠡ ᠲᠦᠷᠦ ᠪᠠᠷᠢᠬᠤ ᠶᠢ ᠪᠠᠷᠢᠮᠲᠠᠯᠠᠬᠤ ᠪᠠᠷ ᠦᠢᠯᠡᠰ ᠤᠨ ᠵᠣᠷᠢᠯᠲᠠ ᠪᠠᠨ ᠪᠣᠯᠭᠠᠨ᠂ ᠠᠷᠠᠳ | ᠲᠥᠮᠡᠨ ᠤ ᠠᠮᠢᠳᠤᠷᠠᠯ ᠳᠤ ᠠᠰᠢᠭ ᠬᠦᠷᠲᠡᠭᠡᠬᠦ ᠬᠡᠷᠡᠭᠲᠡᠢ ᠃ ᠴᠢᠬᠤᠯᠠ ᠰᠢᠢᠳᠪᠦᠷᠢᠲᠦ ᠪᠤᠳᠤᠯᠭ᠎ᠠ ᠶᠢ ᠠᠷᠠᠳ ᠲᠦᠮᠡᠨ ᠤ | ᠰᠠᠨᠠᠭ᠎ᠠ ᠪᠠᠷ ᠲᠣᠭᠲᠠᠭᠠᠵᠤ᠂ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠠᠷᠠᠳ ᠲᠦᠮᠡᠨ ᠤ ᠰᠠᠨᠠᠭ᠎ᠠ ᠪᠠᠷ ᠲᠥᠰᠥᠪᠯᠡᠵᠦ᠂ | ᠠᠮᠤᠷ ᠲᠦᠪᠰᠢᠨ᠂ ᠠᠶᠤᠯ ᠲᠦᠭᠰᠢᠭᠦᠷᠢ᠂ ᠬᠦᠴᠢᠷ ᠵᠣᠪᠠᠭᠤᠷᠢ ᠶᠢ ᠠᠷᠠᠳ ᠲᠦᠮᠡᠨ ᠲᠠᠢ ᠬᠤᠯᠪᠣᠵᠤ ᠴᠢᠳᠠᠪᠠᠯ ᠰᠠᠶ᠋ᠢ | ᠠᠷᠠᠳ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠵᠤ ᠴᠢᠳᠠᠨ᠎ᠠ ᠭᠡᠳᠡᠭ ᠢ ᠭᠦᠨᠵᠡᠭᠡᠢ ᠲᠠᠨᠢᠵᠤ | ᠣᠯᠪᠠ᠃ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠬᠤ ᠪᠠᠷ ᠮᠠᠨ ᠤ ᠦᠢᠯᠡᠰ ᠤᠨ | ᠦᠨᠳᠦᠰᠦ ᠪᠠᠨ ᠪᠣᠯᠭᠠᠨ᠎ᠠ᠃ ᠬᠠᠷᠠᠯᠲᠠ ᠵᠣᠷᠢᠯᠲᠠ ᠨᠢᠭᠡᠲᠡᠢ ᠠᠵᠢᠯᠯᠠᠵᠤ᠂ ᠠᠵᠢᠯ ᠤᠨ ᠪᠦᠳᠦᠮᠵᠢ ᠶᠢ ᠴᠢᠬᠤᠯᠠᠴᠢᠯᠠᠨ᠂ | ᠤᠳᠠᠭᠠᠨ ᠳᠠᠭᠠᠭᠠᠮᠠᠭᠠᠢ ᠪᠣᠳᠠᠲᠠᠢ ᠵᠢᠳᠭᠦᠪᠡᠯ ᠰᠠᠶ᠋ᠢ ᠰᠠᠶᠢᠨ ᠪᠦᠳᠦᠮᠵᠢ ᠣᠯᠵᠤ ᠴᠢᠳᠠᠨ᠎ᠠ᠃ | ᠪᠢᠳᠡ ᠠᠮᠵᠢᠯᠲᠠ ᠪᠦᠳᠦᠮᠵᠢ ᠪᠠᠨ ᠣᠯᠵᠤ ᠬᠠᠷᠠᠬᠤ ᠶᠢᠨ ᠵᠡᠷᠭᠡᠪᠡᠷ᠂ ᠮᠠᠨ ᠤ ᠬᠤᠰᠢᠭᠤᠨ ᠤ ᠬᠦᠭᠵᠢᠯᠲᠡ ᠲᠡᠩᠴᠡᠭᠦᠷᠢ | ᠥᠬᠡᠶ᠂ ᠵᠣᠬᠢᠴᠠᠩᠭᠤᠢ ᠪᠤᠰᠤ᠂ ᠳᠠᠭᠠᠭᠠᠮᠠᠭᠠᠢ ᠪᠤᠰᠤ ᠪᠠᠶᠢᠭ᠎ᠠ ᠠᠰᠠᠭᠤᠳᠠᠯ ᠢ ᠰᠡᠷᠭᠡᠭ ᠢᠶᠠᠷ ᠣᠯᠵᠤ ᠲᠠᠨᠢᠬᠤ ᠴᠢᠬᠤᠯᠠᠲᠠᠢ᠃ | ᠠᠮᠢ ᠠᠬᠤᠶ ᠶᠢᠨ ᠬᠥᠭᠵᠢᠯᠳᠡ ᠶᠢᠨ ᠲᠠᠯ᠎ᠠ ᠠᠴᠠ ᠠᠪᠴᠤ ᠦᠵᠡᠪᠡᠯ᠂ ᠨᠤᠲᠤᠭ ᠪᠡᠯᠴᠢᠭᠡᠷ ᠠᠮᠢ ᠠᠬᠤᠶ ᠶᠢᠨ ᠰᠢᠰᠲ᠋ᠧᠮ | ᠮᠥᠨ ᠯᠠ ᠬᠡᠪᠡᠷᠡᠭ ᠪᠠᠶᠢᠵᠤ᠂ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠪᠠᠰᠠ ᠲᠣᠭᠲᠠᠪᠤᠷᠢᠵᠢᠭᠠᠳᠤᠢ᠂ | ᠬᠠᠮᠠᠭᠠᠯᠠᠨ ᠰᠡᠷᠭᠦᠭᠡᠬᠦ ᠡᠷᠴᠢᠮ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ᠂ ᠰᠢᠨᠵᠢᠯᠡᠬᠦ ᠮᠡᠷᠭᠡᠵᠢᠯ ᠤᠨ | ᠲᠣᠯᠭᠠᠭᠤᠷᠢᠯᠠᠯ᠂ ᠰᠠᠭᠤᠷᠢ ᠳᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ | ᠡᠬᠢ ᠪᠠᠶᠠᠯᠢᠭ᠂ ᠪᠠᠶᠢᠭᠠᠯᠢ ᠣᠷᠴᠢᠨ ᠪᠠ ᠡᠨᠧᠷᠭᠢ ᠠᠷᠪᠢᠯᠠᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ | ᠪᠠᠭᠤᠷᠠᠭᠤᠯᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠳᠤ ᠲᠠᠯᠪᠢᠬᠤ ᠱᠠᠭᠠᠷᠳᠠᠯᠭ᠎ᠠ ᠶᠢ ᠤᠯᠠᠮ ᠴᠢᠩᠭᠠᠷᠠᠵᠤ ᠪᠠᠶᠢᠭ᠎ᠠ | ᠪᠠᠶᠢᠳᠠᠯ ᠳᠤ ᠵᠣᠬᠢᠴᠠᠭᠤᠯᠤᠨ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠ ᠠᠵᠤ ᠦᠶᠯᠡᠰ ᠤᠨ ᠬᠥᠭᠵᠢᠯᠲᠡ ᠶᠢᠨ | ᠰᠢᠨ᠎ᠡ ᠠᠷᠭ᠎ᠠ ᠵᠠᠮ ᠢ ᠰᠦᠪᠡᠭᠴᠢᠯᠡᠬᠦ ᠴᠢᠬᠤᠯᠠᠲᠠᠶ ᠪᠠᠶᠢᠨ᠎ᠠ᠃ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠠᠴᠠ ᠠᠪᠴᠤ | ᠦᠵᠡᠪᠡᠯ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠠᠵᠤ ᠦᠢᠯᠡᠰ ᠤᠨ ᠬᠢᠷᠢ ᠳᠥᠪᠰᠢᠨ ᠳᠣᠣᠷ᠎ᠠ᠂ ᠲᠥᠰᠥᠯ | ᠤᠨ ᠨᠥᠭᠡᠴᠡ ᠬᠦᠷᠦᠯᠴᠡᠭᠡ ᠦᠭᠡᠢ᠂ ᠠᠵᠤ ᠠᠬᠤᠶ ᠶᠢᠨ ᠪᠦᠲᠦᠴᠡ ᠪᠠᠭᠤᠷᠠᠢ᠂ ᠭᠤᠣᠯᠯᠠᠬᠤ ᠠᠵᠤ ᠦᠢᠯᠡᠰ ᠤᠨ ᠬᠡᠯᠬᠢᠶ᠎ᠡ | ᠣᠬᠤᠷ᠂ ᠨᠡᠮᠡᠯᠲᠡ ᠥᠷᠲᠡᠭ ᠳᠣᠣᠷ᠎ᠠ᠂ ᠪᠣᠳᠠᠲᠤ ᠴᠣᠭᠴᠠ ᠶᠢᠨ ᠠᠵᠤ ᠠᠬᠤᠶ ᠠᠴᠠ ᠡᠳ᠋ ᠤᠨ ᠵᠠᠰᠠᠭ ᠲᠤ ᠦᠵᠡᠭᠦᠯᠬᠦ | ᠬᠤᠪᠢ ᠨᠡᠮᠡᠷᠢ ᠪᠠᠭ᠎ᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠶᠡᠬᠡᠲᠡᠢ᠂ ᠵᠠᠷᠤᠯᠭ᠎ᠠ ᠨᠢ ᠵᠢᠯ ᠠᠴᠠ ᠵᠢᠯ | ᠨᠡᠮᠡᠭᠳᠡᠵᠦ᠂ ᠥᠷᠢ ᠥᠭᠴᠡᠭᠡ ᠪᠠᠨ ᠰᠢᠢᠳᠪᠦᠷᠢᠯᠡᠬᠦ ᠳᠤ ᠪᠡᠷᠬᠡᠲᠡᠢ ᠪᠠᠶᠢᠵᠤ᠂ ᠡᠳ᠋ ᠤᠨ ᠵᠠᠰᠠᠭ ᠤᠨ ᠴᠢᠳᠠᠪᠤᠷᠢ ᠰᠤᠯᠠ | ᠪᠠᠶᠢᠭᠰᠠᠭᠠᠷ᠃ ᠤᠯᠠᠨ ᠲᠦᠮᠡᠨ ᠤ ᠬᠦᠰᠡᠯ ᠡᠷᠡᠮᠡᠯᠵᠡᠯ ᠤᠨ ᠲᠠᠯ᠎ᠠ ᠠᠴᠠ ᠠᠪᠴᠤ ᠦᠵᠡᠪᠡᠯ᠂ ᠰᠠᠭᠤᠷᠢ ᠲᠥᠬᠦᠭᠡᠷᠦᠮᠵᠢ᠂ | ᠤᠯᠠᠨ ᠨᠡᠶᠢᠲᠡ ᠶᠢᠨ ᠦᠢᠯᠡᠴᠢᠯᠡᠭᠡ᠂ ᠠᠶᠤᠯᠭᠦᠢ ᠪᠠᠶᠢᠳᠠᠯ ᠣᠷᠴᠢᠨ ᠠᠬᠤᠢ ᠶᠢᠨ ᠬᠠᠮᠠᠭᠠᠯᠠᠯᠲᠠ᠂ ᠨᠡᠶᠢᠭᠡᠮ ᠤᠨ ᠵᠠᠰᠠᠯᠲᠠ | ᠵᠡᠷᠭᠡ ᠣᠯᠠᠨ ᠰᠠᠯᠪᠤᠷᠢ ᠳᠤ ᠮᠥᠨ ᠯᠡ ᠴᠥᠭᠡᠨ ᠪᠤᠰᠤ ᠳᠤᠲᠠᠭᠳᠠᠯ ᠣᠷᠤᠰᠢᠨ᠂ ᠴᠢᠨᠠᠷᠲᠠᠢ ᠦᠢᠯᠡᠴᠢᠯᠡᠭᠡ ᠬᠠᠩᠭᠠᠬᠤ ᠳᠤ | ᠪᠠᠰᠠ ᠬᠦᠷᠦᠯᠴᠡᠬᠦ ᠦᠭᠡᠢ ᠪᠠᠶᠢᠵᠤ᠂ ᠦᠯᠡᠳᠡᠭᠳᠡᠯ ᠳᠠᠷᠤᠭᠳᠠᠮᠠᠯ ᠵᠠᠷᠢᠮ ᠠᠰᠠᠭᠤᠳᠠᠯ ᠢ ᠪᠠᠰᠠ ᠪᠦᠷᠢᠨ ᠪᠦᠳᠦᠮᠵᠢᠲᠡᠢ | ᠰᠢᠢᠳᠪᠦᠷᠢᠯᠡᠭᠡᠳᠦᠢ ᠪᠠᠶᠢᠭᠰᠠᠭᠠᠷ᠃ ᠵᠠᠰᠠᠭ ᠤᠨ ᠣᠷᠳᠣᠨ ᠤ ᠥᠪᠡᠷ ᠤᠨ ᠪᠠᠶᠢᠭᠤᠯᠤᠯᠲᠠ ᠶᠢᠨ ᠲᠠᠯ᠎ᠠ ᠠᠴᠠ ᠠᠪᠴᠤ | ᠦᠵᠡᠪᠡᠯ᠂ ᠦᠶᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠳᠤ ᠪᠠᠰᠠ ᠠᠰᠤᠷᠤ ᠶᠡᠭᠡ ᠠᠵᠢᠯ | ᠱᠠᠭᠠᠷᠳᠠᠭᠳᠠᠵᠤ ᠪᠤᠢ᠂ ᠵᠠᠷᠢᠮ ᠺᠠᠳ᠋ᠷ ᠨᠢ ᠴᠢᠳᠠᠪᠤᠷᠢ ᠳᠤᠲᠠᠮᠠᠭ᠂ ᠣᠪᠣᠷ ᠨᠠᠵᠠᠭᠠᠢ᠂ ᠥᠭᠡᠷᠡᠴᠢᠯᠡᠯᠲᠡ ᠰᠢᠨᠡᠴᠢᠯᠡᠯᠲᠡ ᠬᠢᠬᠦ | ᠵᠣᠷᠢᠭ ᠬᠠᠷᠢᠭᠤᠴᠠᠯᠭ᠎ᠠ ᠦᠭᠡᠢ᠂ ᠤᠬᠠᠮᠰᠠᠷ ᠳᠣᠷᠣᠢ ᠪᠠᠶᠢᠵᠤ᠂ ᠬᠠᠤᠯᠢ ᠶᠢᠨ ᠳᠠᠭᠠᠤ ᠤᠳᠤᠷᠢᠳᠤᠯᠭ᠎ᠠ ᠶᠢᠨ ᠳᠥᠪᠰᠢᠨ ᠢᠶᠠᠨ | ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠂ ᠲᠡᠷᠢᠭᠦᠨ ᠤ ᠬᠢ ᠶᠢ ᠡᠭᠦᠳᠴᠦ ᠰᠢᠯᠢᠳᠡᠭ ᠢ ᠪᠠᠶᠢᠭᠤᠯᠬᠤ ᠪᠠ ᠨᠡᠷ᠎ᠡ ᠳᠡᠪᠰᠢᠵᠦ | ᠠᠯᠳᠠᠷ ᠴᠣᠭᠴᠠᠯᠠᠬᠤ ᠦᠵᠡᠯ ᠤᠬᠠᠮᠰᠠᠷ ᠴᠢᠩᠭ᠎ᠠ ᠪᠢᠰᠢ ᠪᠠᠶᠢᠵᠤ᠂ ᠲᠥᠷᠥ ᠶᠢᠨ ᠪᠣᠳᠣᠯᠭ᠎ᠠ ᠶᠢ ᠰᠤᠳᠤᠯᠬᠤ᠂ ᠬᠥᠭᠵᠢᠯᠲᠡ | ᠶᠢ ᠰᠦᠪᠡᠭᠴᠢᠯᠡᠬᠦ᠂ ᠬᠦᠨᠳᠦᠷᠡᠯ ᠲᠠᠢ ᠠᠰᠠᠭᠤᠳᠠᠯ ᠢ ᠰᠢᠶᠳᠪᠦᠷᠢᠯᠡᠬᠦ᠂ ᠨᠠᠶᠢᠳᠠᠪᠤᠷᠢᠵᠢᠭᠤᠯᠤᠯᠲᠠ ᠳᠤ ᠠᠩᠬᠠᠷᠤᠯ ᠲᠠᠢ | ᠬᠠᠨᠳᠤᠬᠤ ᠴᠢᠳᠠᠪᠤᠷᠢ ᠪᠠᠨ ᠤᠯᠠᠮ ᠰᠠᠶᠢᠵᠢᠷᠠᠭᠤᠯᠬᠤ ᠱᠠᠭᠠᠷᠳᠠᠯᠭ᠎ᠠ ᠲᠠᠢ ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠢ | ᠰᠥᠷᠦᠨ᠂ ᠬᠦᠴᠢᠷ ᠠᠴᠠ ᠠᠶᠤᠬᠤ ᠦᠭᠡᠢ᠂ ᠬᠠᠷᠢᠭᠤᠴᠠᠯᠭ᠎ᠠ ᠠᠴᠠ ᠵᠠᠶᠢᠯᠠᠬᠤ ᠦᠭᠡᠢ ᠪᠠᠶᠢᠵᠤ᠂ ᠪᠤᠳᠠᠲᠠᠢ ᠦᠷ᠎ᠡ ᠳ᠋ᠦᠩ ᠢ | ᠴᠢᠬᠤᠯᠠᠴᠢᠯᠠᠨ᠂ ᠰᠢᠯᠤᠭᠤᠨ ᠬᠥᠬᠡ ᠬᠤᠰᠢᠭᠤᠨ ᠤ ᠴᠢᠨᠠᠷᠯᠢᠭ ᠬᠦᠭᠵᠢᠯᠲᠡ ᠳᠤ ᠬᠦᠴᠦᠨ ᠢᠶᠠᠨ ᠡᠷᠭᠦᠶ᠎ᠡ᠃ | ᠬᠤᠶᠠᠷ᠂ ᠢᠷᠡᠬᠦ ᠲᠠᠪᠤᠨ ᠵᠢᠯ ᠤᠨ ᠶᠡᠷᠦᠩᠬᠡᠢ ᠬᠠᠷᠠᠯᠲᠠ ᠪᠠ ᠠᠵᠢᠯ ᠤᠨ ᠭᠤᠣᠯᠳᠠᠯᠭ᠎ᠠ | ᠢᠷᠡᠬᠦ ᠲᠠᠪᠤᠨ ᠵᠢᠯ ᠪᠣᠯ ᠰᠢᠯᠤᠭᠤᠨ ᠬᠥᠬᠡ ᠬᠤᠰᠢᠭᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ | ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠬᠡᠳᠦᠶᠢᠪᠡᠷ ᠬᠥᠭᠵᠢᠯᠲᠡ ᠶᠢᠨ | ᠪᠠᠶᠢᠳᠠᠯ ᠨᠠᠷᠢᠨ ᠪᠤᠳᠤᠯᠢᠶᠠᠨᠲᠠᠶ ᠵᠦᠢᠯ ᠣᠷᠣᠰᠢᠵᠤ ᠪᠠᠶᠢᠭ᠎ᠠ ᠪᠣᠯᠪᠠᠴᠤ ᠶᠡᠭᠡ ᠶᠢ ᠪᠦᠳᠦᠭᠡᠬᠦ ᠠᠵᠠ ᠳᠣᠬᠢᠶᠠᠯ ᠪᠢᠳᠡᠨ ᠢ | ᠬᠦᠯᠢᠶᠡᠵᠦ ᠪᠠᠶᠢᠨ᠎ᠠ᠃ ᠤᠯᠤᠰ ᠠᠴᠠ ᠬᠥᠳᠡᠭᠡ ᠣᠷᠣᠨ ᠨᠤᠳᠤᠭ ᠢ ᠬᠦᠴᠦᠷᠭᠡᠭᠵᠢᠭᠦᠯᠬᠦ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠭᠦᠯᠵᠦ᠂ ᠰᠢᠨ᠎ᠡ ᠴᠠᠭ ᠦᠶ᠎ᠡ ᠳᠠᠬᠢ ᠪᠠᠷᠠᠭᠤᠨ ᠣᠷᠣᠨ ᠢ ᠨᠡᠭᠡᠭᠡᠨ ᠬᠥᠭᠵᠢᠭᠦᠯᠬᠦ ᠰᠢᠨ᠎ᠡ | ᠳᠣᠭᠳᠠᠯᠴᠠᠭ᠎ᠠ ᠶᠢ ᠠᠬᠢᠭᠤᠯᠵᠤ᠂ ᠵᠡᠭᠦᠨ ᠬᠤᠶᠢᠲᠤ ᠶᠢᠨ ᠬᠠᠭᠤᠴᠢᠨ ᠠᠵᠤ ᠦᠶᠯᠡᠳᠪᠦᠷᠢ ᠶᠢᠨ ᠰᠠᠭᠤᠷᠢᠨ ᠢ ᠪᠥᠬᠦ ᠲᠠᠯ᠎ᠠ | ᠪᠠᠷ ᠬᠥᠭᠵᠢᠭᠦᠯᠵᠦ ᠪᠠᠶᠢᠭ᠎ᠠ ᠪᠦᠭᠡᠳ ᠥᠪᠡᠷᠲᠡᠭᠡᠨ ᠵᠠᠰᠠᠬᠤ ᠣᠷᠣᠨ ᠠᠴᠠ ︽ᠬᠤᠶᠠᠷ ᠬᠠᠯᠬᠠᠪᠴᠢ︾᠂ ︽ᠬᠤᠶᠠᠷ | ᠰᠠᠭᠤᠷᠢᠨ︾ ᠪᠣᠯᠤᠨ ︽ᠨᠢᠭᠡ ᠪᠠᠬᠢᠯᠡᠯᠲᠡ︾ ᠶᠢ ᠡᠷᠴᠢᠮᠳᠠᠢ ᠪᠠᠶᠢᠭᠤᠯᠵᠤ ᠪᠠᠶᠢᠭ᠎ᠠ ᠪᠣᠯᠬᠤᠷ ᠪᠢᠳᠡᠨ ᠳᠤ ᠬᠥᠭᠵᠢᠯᠲᠡ ᠶᠢᠨ | ᠮᠠᠰᠢ ᠨᠠᠨᠳᠢᠨ ᠠᠵᠠ ᠵᠠᠪᠰᠢᠶᠠᠨ ᠳᠣᠬᠢᠶᠠᠵᠤ ᠪᠠᠶᠢᠨ᠎ᠠ᠃ ᠪᠢᠳᠡ ᠬᠤᠰᠢᠭᠤ ᠠᠷᠪᠠᠨ ᠲᠠᠪᠤᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠬᠤᠷᠠᠯ ᠠᠴᠠ ᠲᠣᠭᠲᠠᠭᠠᠭᠰᠠᠨ ︽ᠨᠢᠭᠡ ᠬᠠᠷᠠᠯᠲᠠ︾᠂ ︽ᠬᠤᠶᠠᠷ ᠬᠡᠯᠬᠢᠶ᠎ᠡ ᠬᠤᠶᠠᠷ ᠣᠷᠣᠨ︾᠂ | ︽ᠲᠠᠪᠤᠨ ᠲᠥᠷᠥᠯ ᠤᠨ ᠣᠨᠴᠠᠯᠢᠭᠲᠤ ᠠᠵᠤ ᠦᠢᠯᠡᠰ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠠᠮᠢ | ᠠᠬᠤᠢ ᠶᠢᠨ ᠣᠷᠴᠢᠨ ᠲᠣᠭᠤᠷᠢᠨ᠂ ᠠᠵᠤ ᠦᠢᠯᠡᠰ ᠤᠨ ᠰᠠᠭᠤᠷᠢ᠂ ᠣᠷᠣᠨ ᠪᠠᠶᠢᠷᠢ ᠶᠢᠨ ᠨᠥᠬᠦᠴᠡᠯ ᠵᠡᠷᠭᠡ ᠬᠠᠷᠢᠴᠠᠩᠭᠤᠢ | ᠳᠠᠪᠠᠭᠤᠯᠢᠭ ᠲᠠᠯ᠎ᠠ ᠪᠠᠨ ᠨᠠᠩ ᠢᠯᠡᠭᠦᠦ ᠪᠠᠳᠠᠷᠠᠭᠤᠯᠵᠤ᠂ ᠣᠷᠴᠢᠨ ᠪᠠᠶᠢᠳᠠᠯ ᠳᠠᠭᠠᠨ ᠵᠣᠬᠢᠴᠠᠨ᠂ ᠨᠢᠭᠡ ᠰᠡᠳᠬᠢᠯ ᠨᠢᠭᠡ | ᠵᠣᠷᠢᠭ ᠢᠶᠠᠷ ᠰᠢᠷᠭᠠᠭᠤ ᠠᠵᠢᠯᠯᠠᠵᠤ᠂ ᠰᠢᠯᠤᠭᠤᠨ ᠬᠥᠬᠡ ᠬᠤᠰᠢᠭᠤᠨ ᠤ ᠴᠢᠨᠠᠷᠯᠢᠭ ᠬᠥᠭᠵᠢᠯᠲᠡ ᠶᠢᠨ ᠰᠢᠨ᠎ᠡ ᠣᠷᠴᠢᠨ | ᠨᠦᠬᠦᠴᠡᠯ ᠢ ᠪᠣᠢ ᠪᠣᠯᠭᠠᠨ᠎ᠠ᠃ | ᠢᠷᠡᠬᠦ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ᠄ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠣᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠣᠯᠭ᠎ᠠ ᠪᠣᠯᠭᠠᠵᠤ᠂ ᠨᠠᠮ | ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠭᠠᠨ ᠤᠳᠠᠭᠠᠨ ᠤ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ | ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠤᠰᠢᠭᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠠᠴᠠ | ᠲᠣᠭᠲᠠᠭᠠᠭᠰᠠᠨ ᠬᠠᠷᠠᠯᠲᠠ ᠡᠭᠦᠷᠭᠡ ᠶᠣᠰᠣᠭᠠᠷ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢ ᠵᠣᠬᠢᠴᠠᠭᠤᠯᠤᠨ | ᠠᠬᠢᠭᠤᠯᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠳᠣᠯ ᠦᠭᠡᠢ ᠬᠥᠭᠵᠢᠯᠲᠡ︾ ᠪᠠᠷ ᠤᠳᠤᠷᠢᠳᠤᠮᠵᠢ | ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢ ᠭᠤᠶᠢᠪᠢᠰᠢ ᠦᠭᠡᠢ ᠪᠠᠷᠢᠮᠲᠠᠯᠠᠨ᠎ᠠ᠃ ᠴᠢᠨᠠᠷᠯᠢᠭ ᠬᠥᠭᠵᠢᠯᠲᠡ ᠶᠢ | ᠠᠬᠢᠭᠤᠯᠬᠤ ᠪᠠᠷ ᠭᠤᠣᠯᠳᠠᠯᠭ᠎ᠠ ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ | ᠬᠦᠴᠦᠨ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠭᠤᠤᠯ ᠱᠣᠭᠤᠮ ᠪᠣᠯᠭᠠᠵᠤ᠂ ᠴᠡᠭᠴᠡᠯᠡᠨ ᠵᠠᠰᠠᠬᠤ ᠳᠣᠭᠳᠠᠯᠴᠠᠭ᠎ᠠ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ ᠪᠠᠷ ᠪᠠᠲᠤᠯᠠᠭ᠎ᠠ ᠪᠣᠯᠭᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ | ᠠᠵᠢᠯ ᠢ ᠦᠷᠭᠦᠯᠵᠢᠯᠡᠨ ᠰᠠᠶᠢᠲᠤᠷ ᠭᠦᠢᠴᠡᠳᠬᠡᠵᠦ᠂ ᠣᠳᠣᠬᠢᠴᠢᠯᠠᠭᠰᠠᠨ ᠮᠢᠬᠠᠨ ᠤ ᠦᠬᠡᠷ ᠤᠨ ᠪᠥᠬᠦ ᠠᠵᠤ ᠦᠶᠯᠡᠰ ᠤᠨ | ᠬᠡᠯᠬᠢᠶ᠎ᠡ᠂ ᠣᠳᠣᠬᠢᠴᠢᠯᠠᠭᠰᠠᠨ ᠡᠨᠧᠷᠭᠢ ᠶᠢᠨ ᠠᠵᠤ ᠠᠬᠤᠶ ᠶᠢᠨ ᠣᠷᠴᠢᠯ ᠠᠵᠤ ᠦᠢᠯᠡᠰ ᠤᠨ ᠬᠡᠯᠬᠢᠶ᠎ᠡ ᠪᠣᠯᠣᠨ ᠬᠤᠯᠠᠨ | ᠰᠢᠷᠭ᠎ᠠ ᠲᠠᠭ᠎ᠠ ᠶᠢᠨ ᠮᠠᠩᠬᠠᠨ ᠤ ᠠᠮᠢ ᠠᠬᠤᠶ ᠶᠢᠨ ᠵᠠᠰᠠᠯᠲᠠ ᠶᠢᠨ ᠣᠷᠣᠨ᠂ ᠲᠠᠯ᠎ᠠ ᠨᠤᠲᠤᠭ ᠤᠨ ᠰᠣᠶᠣᠯ | ᠵᠢᠭᠤᠯᠴᠢᠯᠠᠯ ᠤᠨ ᠵᠣᠬᠢᠴᠠᠩᠭᠤᠢ ᠬᠥᠭᠵᠢᠯ ᠤᠨ ᠲᠥᠪᠯᠡᠷᠡᠩᠭᠦᠢ ᠣᠷᠣᠨ ᠢ ᠡᠷᠴᠢᠮᠳᠠᠢ ᠪᠠᠶᠢᠭᠤᠯᠤᠨ᠂ ᠳᠠᠪᠠᠭᠤᠯᠢᠭ ᠲᠠᠢ | ᠣᠨᠴᠠᠯᠢᠭᠲᠣ ᠠᠵᠤ ᠦᠢᠯᠡᠰ ᠢ ᠪᠣᠵᠠᠭᠠᠶᠢᠷᠠᠭᠤᠯᠤᠨ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ | ᠰᠢᠨ᠎ᠡ ᠠᠶᠠᠨ ᠳᠤ ᠰᠢᠯᠤᠭᠤᠨ ᠬᠥᠬᠡ ᠬᠤᠰᠢᠭᠤᠨ ᠤ ᠴᠢᠨᠠᠷᠯᠢᠭ ᠬᠥᠭᠵᠢᠯᠲᠡ ᠶᠢᠨ ᠰᠢᠨ᠎ᠡ ᠲᠡᠦᠬᠡ ᠶᠢ ᠪᠢᠴᠢᠭᠯᠡᠶ᠎ᠡ᠃ | ᠠᠵᠤ ᠠᠬᠤᠢ ᠨᠡᠶᠢᠭᠡᠮ ᠤᠨ ᠭᠤᠣᠯ ᠬᠠᠷᠠᠯᠲᠠ᠄ 2025 ᠣᠨ ᠪᠣᠯᠬᠤ ᠳᠤ᠂ ᠣᠷᠣᠨ ᠨᠤᠳᠤᠭ ᠤᠨ ᠦᠢᠯᠡᠳᠪᠦᠷᠢᠯᠡᠯ ᠤᠨ | ᠶᠡᠷᠦᠩᠬᠡᠢ ᠥᠷᠲᠡᠭ ᠢ ᠵᠢᠯ ᠪᠦᠷᠢ ᠳᠤᠮᠳᠠᠴᠢ ᠪᠠᠷ 5 % ᠠᠴᠠ ᠳᠡᠭᠡᠭᠰᠢ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠡᠩ | ᠤᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 3 % ᠠᠴᠠ ᠳᠡᠭᠡᠭᠰᠢ ᠨᠡᠮᠡᠭᠳᠡᠭᠦᠯᠦᠨ᠎ᠡ᠃ ᠪᠦᠬᠦ ᠨᠡᠶᠢᠭᠡᠮ | ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 8 % ᠠᠴᠠ ᠳᠡᠭᠡᠭᠰᠢ | ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ ᠵᠢᠯ ᠪᠦᠷᠢ | ᠳᠤᠮᠳᠠᠴᠢ ᠪᠠᠷ 6 % ᠠᠴᠠ ᠳᠡᠭᠡᠭᠰᠢ ᠨᠡᠮᠡᠭᠳᠡᠭᠦᠯᠦᠨ᠎ᠡ᠃ ᠬᠤᠲᠠ ᠬᠥᠳᠡᠭᠡᠨ ᠤ ᠪᠠᠶᠢᠩᠭᠤ ᠶᠢᠨ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ 49280 ᠲᠥᠭᠦᠷᠢᠭ ᠪᠠ 28360 ᠲᠥᠭᠦᠷᠢᠭ ᠲᠤ | ᠬᠦᠷᠴᠦ᠂ ᠵᠢᠯ ᠪᠦᠷᠢ ᠳᠤᠮᠳᠠᠴᠢ ᠪᠠᠷ ᠲᠣᠰ ᠲᠣᠰ 4 . 5 % ᠪᠠ 6 % ᠪᠠᠷ ᠨᠡᠮᠡᠭᠳᠡᠨ᠎ᠡ᠃ 2025 ᠣᠨ ᠪᠣᠯᠬᠤ | ᠳᠤ᠂ ᠪᠢᠳᠡ ᠠᠵᠤ ᠠᠬᠤᠢ ᠶᠢᠨ ᠪᠣᠳᠠᠲᠤ ᠬᠦᠴᠦᠨ ᠳᠠᠪᠰᠢᠭᠰᠠᠨ᠂ ᠬᠥᠭᠵᠢᠯᠲᠡ ᠶᠢᠨ ᠲᠦᠪᠰᠢᠨ ᠪᠦᠬᠦ ᠲᠠᠯ᠎ᠠ ᠪᠠᠷ | ᠳᠡᠭᠡᠭᠰᠢᠯᠡᠭᠰᠡᠨ᠂ ᠬᠤᠲᠠ ᠬᠥᠳᠡᠭᠡ ᠶᠢᠨ ᠣᠷᠴᠢᠨ ᠲᠣᠭᠤᠷᠢᠨ ᠲᠡᠨᠢᠭᠦᠨ ᠲᠠᠭᠠᠯᠠᠮᠵᠢᠲᠠᠢ᠂ ᠨᠡᠶᠢᠭᠡᠮ ᠤᠨ ᠪᠠᠶᠢᠳᠠᠯ ᠡᠶ᠎ᠡ | ᠵᠣᠬᠢᠴᠠᠩᠭᠤᠢ᠂ ᠠᠷᠠᠳ ᠤᠨ ᠠᠮᠢᠳᠤᠷᠠᠯ ᠴᠢᠨᠡᠭᠡᠯᠢᠭᠵᠢᠭᠰᠡᠨ ᠵᠣᠯ ᠵᠢᠷᠭᠠᠯ ᠲᠠᠢ ᠰᠢᠯᠤᠭᠤᠨ ᠬᠥᠬᠡ ᠶᠢᠨ ᠳᠥᠷᠢ ᠪᠠᠶᠢᠳᠠᠯ ᠢ | ᠡᠭᠦᠳᠬᠦ ᠪᠤᠯᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ | ᠠᠳᠬᠤᠬᠤ ᠬᠡᠷᠡᠭᠳᠡᠢ᠄ | ︵ᠨᠢᠭᠡ︶ ᠠᠮᠢ ᠠᠬᠤᠶ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠴᠢᠨᠠᠷᠯᠢᠭ ᠬᠥᠭᠵᠢᠯᠲᠡ ᠪᠠᠷ ᠰᠠᠭᠤᠷᠢ ᠪᠣᠯᠭᠠᠨ᠎ᠠ᠃ | ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ︾ ᠪᠠᠷ ᠤᠳᠤᠷᠢᠳᠤᠮᠵᠢ ᠶᠢ ᠪᠤᠢ ᠪᠣᠯᠭᠠᠵᠤ᠂ | ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠢ ᠪᠠᠷ ᠰᠠᠭᠤᠷᠢᠯᠠᠬᠤ ᠬᠥᠭᠵᠢᠯᠲᠡ ᠶᠢᠨ ᠰᠡᠳᠬᠢᠴᠡ | ᠶᠣᠰᠣᠭᠠᠷ᠂ ᠳᠠᠪᠠᠭᠤᠯᠢᠭ ᠢᠶᠠᠨ ᠪᠠᠳᠠᠷᠠᠭᠤᠯᠤᠨ ︽ᠬᠤᠶᠠᠷ ᠬᠡᠯᠬᠢᠶ᠎ᠡ ᠬᠤᠶᠠᠷ ᠣᠷᠣᠨ︾ ᠤ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠡᠷᠴᠢᠮᠳᠠᠢ ᠳᠡᠭᠡᠭᠰᠢᠯᠡᠭᠦᠯᠦᠨ᠎ᠡ᠃ ᠣᠳᠣ ᠦᠶ᠎ᠡ ᠶᠢᠨ | ᠮᠢᠬᠠᠨ ᠤ ᠦᠬᠡᠷ ᠤᠨ ᠪᠦᠬᠦ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠨ᠎ᠠ᠃ ᠮᠠᠨ ᠤ ᠠᠶᠢᠮᠠᠭ ᠤᠯᠤᠰ ᠤᠨ ᠲᠠᠰ | ᠤᠨ ᠪᠠᠶᠢᠭᠠᠯᠢᠯᠢᠭ ᠮᠠᠯ ᠤᠨ ᠠᠰᠢᠭ ᠰᠢᠮ᠎ᠡ ᠶᠢᠨ ᠲᠡᠷᠢᠭᠦᠨ ᠤ ᠪᠦᠲᠦᠭᠡᠭᠳᠡᠬᠦᠨ ᠤ ᠨᠡᠶᠢᠰᠯᠡᠯ ᠢ ᠪᠥᠲᠥᠭᠡᠨ ᠪᠠᠶᠢᠭᠤᠯᠬᠤ | ᠠᠵᠠ ᠲᠣᠬᠢᠶᠠᠯ ᠢ ᠵᠠᠪᠳᠣᠨ ᠣᠳᠣ ᠦᠶ᠎ᠡ ᠶᠢᠨ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ | ᠬᠥᠭᠵᠢᠯᠲᠡ ᠶᠢᠨ ᠬᠠᠨᠳᠣᠰᠢ ᠶᠢ ᠪᠠᠳᠣᠳᠬᠠᠵᠤ᠂ ᠳᠠᠶᠢᠴᠢᠯᠠᠭᠴᠢ ᠠᠵᠤ ᠠᠬᠤᠶᠢᠯᠠᠯ ᠢ ᠢᠳᠡᠪᠬᠢᠲᠡᠶ ᠪᠠᠷ ᠤᠷᠢᠵᠤ᠂ ︽ᠠᠵᠤ | ᠠᠬᠤᠶᠢᠯᠠᠯ + ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠬᠡᠯᠪᠡᠷᠢ ᠶᠢ ᠪᠠᠬᠢᠵᠢᠭᠦᠯᠵᠦ᠂ | ᠰᠠᠶᠢᠨ ᠡᠭᠦᠯᠳᠡᠷ ᠢ ᠥᠰᠬᠡᠬᠦ᠂ ᠰᠢᠨᠵᠢᠯᠡᠬᠦ ᠤᠬᠠᠭᠠᠨᠴᠢ ᠪᠠᠷ ᠲᠡᠵᠢᠭᠡᠬᠦ᠂ ᠪᠣᠷᠳᠣᠨ ᠲᠡᠵᠢᠭᠡᠬᠦ᠂ ᠬᠢᠵᠢᠭ ᠢ ᠰᠡᠷᠭᠡᠶᠢᠯᠡᠨ | ᠬᠤᠷᠢᠭᠯᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠪᠤᠷᠳᠤᠭ᠎ᠠ ᠶᠢ ᠨᠥᠭᠡᠴᠡᠯᠡᠬᠦ ᠠᠵᠢᠯ ᠢ ᠰᠠᠶᠢᠳᠣᠷ ᠠᠳᠬᠤᠵᠤ᠂ | ᠣᠶᠣᠨᠴᠢ ᠮᠠᠯ ᠠᠵᠤ ᠠᠬᠤᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ᠡᠬᠡ ᠮᠠᠯ ᠤᠨ ᠰᠠᠭᠤᠷᠢᠨ ᠭᠠᠵᠠᠷ ᠪᠠᠶᠢᠭᠤᠯᠬᠤ | ᠪᠣᠯᠣᠨ ᠭᠤᠤᠯᠳᠠᠯᠭᠠᠳᠤ ᠰᠦᠷᠦᠭ᠂ ᠨᠡᠮᠡᠷᠢ ᠶᠢᠨ ᠰᠦᠷᠦᠭ ᠢ ᠥᠰᠬᠡᠬᠦ ᠪᠠ ᠫᠧᠩ ᠬᠤᠷᠤᠭ᠎ᠠ ᠶᠢ ᠰᠠᠶᠢᠵᠢᠷᠠᠭᠤᠯᠤᠨ | ᠰᠢᠨᠡᠳᠬᠡᠬᠦ ᠠᠵᠢᠯ ᠢ ᠴᠢᠩᠭᠠᠳᠬᠠᠨ᠂ ᠴᠥᠭᠡᠨ ᠮᠠᠯᠵᠢᠬᠤ᠂ ᠤᠬᠠᠭᠠᠯᠢᠭ ᠮᠠᠯᠵᠢᠬᠤ᠂ ᠰᠢᠯᠢᠳᠡᠭ ᠢ ᠮᠠᠯᠵᠢᠬᠤ ᠶᠢ ᠠᠬᠢᠭᠤᠯᠤᠨ | ᠂ ᠠᠮᠢ ᠠᠬᠤᠶ᠂ ᠦᠶᠯᠡᠳᠪᠦᠷᠢᠯᠡᠯ᠂ ᠠᠷᠠᠳ ᠤᠨ ᠠᠮᠢᠳᠤᠷᠠᠯ ᠤᠨ ᠨᠢᠭᠡ ᠴᠣᠭᠴᠠᠵᠢᠭᠰᠠᠨ ᠬᠥᠭᠵᠢᠯᠲᠡ ᠶᠢ ᠪᠡᠶᠡᠯᠡᠭᠦᠯᠦᠨ᠂ | ᠣᠷᠣᠨ ᠤ ᠲᠡᠰ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠥᠰᠬᠡᠨ ᠪᠣᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠪᠠ ᠣᠳᠣᠬᠢᠴᠢᠯᠠᠭᠰᠠᠨ ᠮᠢᠬᠠᠨ ᠤ ᠦᠬᠡᠷ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠪᠠᠷ ᠴᠢᠷᠮᠠᠶᠢᠨ᠎ᠠ᠃ | 2025 ᠣᠨ ᠪᠣᠯᠬᠤ ᠳᠤ᠂ ︽ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ 10 ᠲᠦᠮᠡᠨ ᠡᠬᠡ ᠮᠠᠯ ᠢ ᠵᠦᠶ | ᠵᠣᠬᠢᠰᠲᠠᠶ ᠪᠡᠯᠴᠢᠭᠡᠷᠯᠡᠭᠦᠯᠬᠦ᠂ 10 ᠲᠦᠮᠡᠨ ᠡᠬᠡ ᠮᠠᠯ ᠢ ᠬᠠᠰᠢᠶᠠᠯᠠᠨ ᠪᠤᠷᠳᠣᠬᠤ᠂ 10 ᠲᠦᠮᠡᠨ ᠲᠣᠯᠣᠭᠠᠶ ᠡᠬᠡ ᠮᠠᠯ | ᠪᠣᠶᠢᠵᠢᠭᠤᠯᠬᠤ ᠪᠣᠶᠣ ᠪᠣᠷᠳᠣᠵᠤ᠂ 10 ᠲᠦᠮᠡᠨ ᠲᠣᠯᠣᠭᠠᠶ ᠶᠢ ᠡᠳ᠋ᠰᠢᠭᠦᠯᠦᠨ ᠪᠣᠷᠣᠯᠠᠭᠤᠯᠬᠤ︾ ᠡᠭᠦᠷᠭᠡ ᠪᠠᠨ ᠪᠡᠶᠡᠯᠡᠭᠦᠯᠵᠦ | ᠂ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 2 ᠠᠴᠠ ᠳᠡᠭᠡᠭᠰᠢ | ᠪᠠᠶᠢᠭᠤᠯᠤᠨ᠎ᠠ᠃ ︽ᠮᠠᠯᠵᠢᠬᠤ ᠶᠢᠨ ᠲᠥᠯᠥᠭᠡ ᠳᠠᠷᠢᠬᠤ︾᠂ ︽ᠲᠠᠷᠢᠮᠠᠯ ᠢᠶᠠᠷ ᠮᠠᠯ ᠠᠵᠤ ᠠᠬᠤᠢ ᠶᠢ ᠠᠬᠢᠭᠤᠯᠬᠤ︾ | ᠵᠠᠷᠴᠢᠮ ᠢ ᠪᠠᠷᠢᠮᠲᠠᠯᠠᠵᠤ᠂ ᠨᠣᠭᠤᠭᠠᠨ ᠢᠶᠠᠷ ᠳᠠᠷᠤᠰᠢᠭᠤᠯᠬᠤ ᠡᠷᠳᠡᠨᠢ ᠰᠢᠰᠢ᠂ ᠨᠣᠭᠤᠭᠠᠨ ᠪᠣᠭᠤᠳᠠᠶ᠂ ᠨᠣᠬᠠᠢ ᠶᠢᠨ | ᠬᠤᠰᠢᠭᠤ ᠵᠡᠷᠭᠡ ᠥᠨᠳᠥᠷ ᠤᠨᠠᠯᠲᠠ ᠲᠠᠢ ᠡᠪᠡᠰᠦ ᠪᠣᠷᠳᠤᠭ᠎ᠠ ᠶᠢ ᠳᠠᠷᠢᠬᠤ ᠬᠠᠷᠢᠴᠠᠯ ᠢ ᠨᠡᠮᠡᠭᠳᠡᠭᠦᠯᠵᠦ᠂ ᠪᠥᠬᠦ ᠬᠤᠰᠢᠭᠤᠨ | ᠤ 12 ᠲᠦᠮᠡᠨ ᠮᠥ ᠥᠨᠳᠥᠷ ᠤᠨᠠᠯᠲᠠ ᠲᠠᠢ ᠪᠣᠷᠳᠣᠭᠠᠨ ᠤ ᠰᠠᠭᠤᠷᠢᠨ ᠭᠠᠵᠠᠷ ᠤᠨ ᠲᠠᠷᠢᠮᠠᠯ ᠤᠨ ᠦᠷ᠎ᠡ ᠠᠰᠢᠭ ᠢ | ᠳᠡᠭᠡᠭᠰᠢᠯᠡᠭᠦᠯᠵᠦ᠂ ᠬᠤᠰᠢᠭᠤ᠂ ᠰᠤᠮᠤ ᠪᠠᠯᠭᠠᠰᠤ ᠲᠠᠯᠠᠪᠠᠶ ᠪᠣᠯᠤᠨ ᠭᠠᠴᠠᠭ᠎ᠠ ᠲᠣᠰᠬᠤᠨ ᠤ ᠭᠤᠷᠪᠠᠨ ᠱᠠᠲᠤᠨ ᠤ ᠡᠪᠡᠰᠦ | ᠪᠣᠷᠳᠤᠭ᠎ᠠ ᠳᠠᠷᠢᠬᠤ᠂ ᠡᠳ᠋ᠰᠢᠭᠦᠯᠬᠦ᠂ ᠨᠥᠭᠡᠴᠡᠯᠡᠬᠦ᠂ ᠬᠠᠩᠭᠠᠬᠤ ᠳᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ 2025 ᠣᠨ | ᠪᠣᠯᠬᠤ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 6 ᠲᠦᠮᠡᠨ ᠮᠥ ᠪᠠᠶᠢᠭᠤᠯᠵᠤ᠂ ᠠᠮᠤ ᠪᠤᠳᠠᠭᠠᠨ ᠤ | ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠴᠢᠳᠠᠪᠤᠷᠢ ᠶᠢ 2.6 ᠲᠦᠮᠡᠨ ᠲᠣᠨ ᠣᠷᠴᠢᠮ ᠳᠤ ᠳᠣᠭᠲᠠᠪᠤᠷᠢᠵᠢᠭᠤᠯᠬᠤ ᠶᠢᠨ | ᠬᠠᠮᠳᠣ ᠡᠪᠡᠰᠦ ᠪᠣᠷᠳᠤᠭ᠎ᠠ ᠲᠠᠷᠢᠬᠤ ᠲᠠᠯᠠᠪᠠᠢ ᠶᠢ 8.3 ᠲᠦᠮᠡᠨ ᠮᠦ ᠪᠠᠶᠢᠯᠭᠠᠵᠤ᠂ ᠬᠤᠷᠢᠶᠠᠯᠲᠠ ᠶᠢ 10 ᠲᠦᠮᠡᠨ ᠲᠣᠨ | ᠳᠤ ᠬᠦᠷᠭᠡᠨ᠎ᠡ᠃ ᠣᠳᠣᠬᠢᠴᠢᠯᠠᠭᠰᠠᠨ ᠡᠨᠧᠷᠭᠢ ᠶᠢᠨ ᠠᠵᠤ ᠠᠬᠤᠢ ᠶᠢᠨ ᠣᠷᠴᠢᠯ ᠠᠵᠤ ᠦᠢᠯᠡᠰ ᠤᠨ ᠬᠡᠯᠬᠢᠶ᠎ᠡ ᠶᠢ | ᠬᠦᠴᠦᠷᠬᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠦᠢᠯᠡᠰ ᠢ ᠳᠠᠬᠢᠨ ᠢᠶᠠᠷ ᠨᠡᠮᠡᠭᠳᠡᠭᠦᠯᠬᠦ | ᠲᠥᠯᠥᠪᠯᠡᠭᠡ ᠪᠠ ᠪᠥᠬᠦ ᠤᠯᠤᠰ ᠤᠨ ᠰᠢᠨ᠎ᠡ ᠡᠨᠧᠷᠭᠢ ᠶᠢᠨ ᠠᠵᠤ ᠦᠶᠯᠡᠰ ᠤᠨ ᠳᠠᠪᠰᠢᠭᠰᠠᠨ ᠣᠷᠣᠨ ᠢ ᠴᠣᠭᠴᠠᠯᠠᠬᠤ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠰᠠᠶᠢᠲᠤᠷ ᠠᠰᠢᠭᠯᠠᠨ᠂ ᠣᠲᠣ ᠶᠢᠨ ᠪᠠᠶᠢᠭ᠎ᠠ ᠰᠢᠨ᠎ᠡ ᠡᠨᠧᠷᠭᠢ ᠶᠢᠨ ᠠᠵᠤ | ᠠᠬᠤᠶᠢᠯᠠᠯ ᠤᠨ ᠡᠵᠡᠩᠨᠡᠯᠳᠡ ᠶᠢ ᠰᠠᠶᠢᠳᠤᠷ ᠵᠤᠬᠢᠴᠠᠭᠤᠯᠤᠭᠰᠠᠨ ᠰᠠᠭᠤᠷᠢᠨ ᠳᠡᠭᠡᠷ᠎ᠡ᠂ ᠰᠠᠯᠬᠢ ᠬᠡᠷᠡᠯ ᠤᠨ ᠴᠡᠪᠡᠷ ᠡᠨᠧᠷᠭᠢ | ᠶᠢᠨ ᠲᠥᠷᠥᠯ ᠵᠦᠶᠯ ᠢ ᠡᠷᠡᠮᠡᠯᠵᠡᠯᠡᠨ ᠤᠯᠬᠤ᠂ ᠪᠤᠵᠠᠭᠠᠶᠢᠷᠠᠭᠤᠯᠬᠤ ᠪᠠ ᠤᠷᠢᠨ ᠠᠪᠴᠢᠷᠠᠬᠤ ᠡᠷᠴᠢᠮ ᠢᠶᠠᠨ ᠴᠢᠩᠭᠠᠳᠬᠠᠨ᠎ᠠ | ᠃ ᠱᠠᠩᠳᠤ ᠴᠠᠬᠢᠯᠭᠠᠨ ᠦᠶᠯᠡᠳᠪᠦᠷᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ | ᠵᠣᠬᠢᠴᠠᠭᠤᠯᠤᠨ ᠠᠬᠢᠭᠤᠯᠵᠤ᠂ ᠱᠠᠩᠳᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ | ᠰᠠᠭᠤᠷᠢᠨ ᠭᠠᠵᠠᠷ ᠤᠨ ᠲᠥᠰᠥᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ︽ᠰᠠᠯᠬᠢ | ᠭᠡᠷᠡᠯ ᠢᠯᠴᠢ ᠶᠢᠨ ᠡᠨᠧᠷᠭᠢ ᠶᠢ ᠬᠤᠷᠠᠮᠳᠤᠭᠤᠯᠤᠨ ᠬᠡᠷᠡᠭᠯᠡᠬᠦ︾ ᠣᠯᠠᠨ ᠡᠨᠧᠷᠭᠢ ᠬᠠᠷᠢᠯᠴᠠᠨ ᠨᠥᠬᠦᠪᠥᠷᠢᠯᠡᠭᠰᠡᠨ ᠠᠵᠤ | ᠦᠢᠯᠡᠰ ᠤᠨ ᠪᠦᠳᠦᠴᠡ ᠶᠢ ᠪᠦᠷᠢᠯᠳᠦᠭᠦᠯᠦᠨ᠎ᠡ᠃ 2025 ᠣᠨ ᠪᠣᠯᠬᠤ ᠳᠤ᠂ ᠴᠠᠬᠢᠯᠭᠠᠨ ᠬᠠᠩᠭᠠᠬᠤ ᠮᠠᠰᠢᠨ | ᠴᠣᠭᠴᠠᠯᠠᠪᠤᠷᠢ ᠶᠢᠨ ᠦᠢᠯᠡᠳᠪᠦᠷᠢᠯᠡᠯ ᠤᠨ ᠶᠡᠷᠦᠩᠬᠡᠶ ᠬᠡᠮᠵᠢᠶ᠎ᠡ ᠶᠢ 600 ᠲᠦᠮᠡᠨ ᠺᠢᠯᠣᠸᠠᠲ ᠠᠴᠠ ᠳᠡᠭᠡᠭᠰᠢ ᠳᠤ ᠬᠦᠷᠴᠦ᠂ | ᠡᠭᠦᠨ ᠳᠤ ᠰᠢᠨ᠎ᠡ ᠡᠨᠧᠷᠭᠢ ᠶᠢᠨ ᠡᠵᠡᠯᠡᠬᠦ ᠬᠠᠷᠢᠴᠠᠯ ᠢ 38 % ᠣᠷᠴᠢᠮ ᠳᠤ ᠬᠦᠷᠭᠡᠨ᠎ᠡ᠃ ᠬᠤᠯᠠᠨ ᠰᠢᠷᠭ᠎ᠠ ᠲᠠᠭ᠎ᠠ | ᠶᠢᠨ ᠮᠠᠩᠬᠠᠨ ᠭᠠᠵᠠᠷ ᠤᠨ ᠠᠮᠢ ᠠᠬᠤᠶ ᠶᠢᠨ ᠵᠠᠰᠠᠯᠲᠠ ᠶᠢᠨ ᠣᠷᠣᠨ ᠢ ᠰᠢᠯᠢᠳᠡᠭᠵᠢᠭᠦᠯᠦᠨ᠎ᠡ᠃ ︽ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠦᠵᠡᠯᠲᠡ ᠶᠢ ᠪᠣᠶ ᠪᠣᠯᠭᠠᠵᠤ᠂ ᠡᠪᠡᠰᠦ | ᠪᠡᠯᠴᠢᠭᠡᠷ ᠤᠨ ᠪᠠᠶᠢᠳᠠᠯ ᠢᠶᠠᠷ ᠮᠠᠯ ᠰᠦᠷᠦᠭ ᠤᠨ ᠬᠡᠮᠵᠢᠶ᠎ᠡ ᠶᠢ ᠲᠣᠭᠲᠠᠭᠠᠬᠤ᠂ ᠠᠮᠢᠳᠣᠯᠢᠭ ᠢᠶᠠᠷ ᠲᠡᠩᠴᠡᠭᠦᠷᠢᠰᠢᠭᠦᠯᠬᠦ ᠶᠢ | ᠪᠠᠷᠢᠮᠲᠠᠯᠠᠵᠤ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠱᠠᠩᠨᠠᠯ ᠨᠦᠬᠦᠪᠦᠷᠢ ᠶᠢᠨ ᠲᠥᠷᠥ | ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠵᠢᠯᠯᠠᠭ᠎ᠠ ᠶᠢ ᠴᠢᠩᠭ᠎ᠠ | ᠴᠡᠭᠴᠡᠯᠡᠨ᠎ᠡ᠃ ᠥᠪᠡᠷᠳᠡᠭᠡᠨ ᠵᠠᠰᠠᠬᠤ ᠤᠷᠤᠨ ᠤ ᠬᠤᠯᠠᠨ ᠰᠢᠷᠭ᠎ᠠ ᠲᠠᠭ᠎ᠠ ᠶᠢ ᠶᠡᠷᠦᠩᠬᠡᠶᠢᠯᠡᠨ ᠵᠠᠰᠠᠵᠤ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠲᠤᠷᠰᠢᠯᠲᠠ ᠶᠢᠨ ᠴᠢᠭ ᠤᠨ ᠠᠵᠠ ᠲᠣᠬᠢᠶᠠᠯ ᠢ ᠠᠰᠢᠭᠯᠠᠨ᠂ ᠨᠤᠲᠤᠭ ᠪᠡᠯᠴᠢᠭᠡᠷ ᠤᠨ ᠠᠮᠢ ᠠᠬᠤᠶ ᠶᠢ | ᠬᠢᠨᠠᠨ ᠬᠠᠮᠢᠶᠠᠷᠬᠤ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠮᠢᠬᠠᠨ ᠤ ᠦᠬᠡᠷ ᠤᠨ ᠪᠥᠬᠦ ᠠᠵᠤ ᠦᠶᠯᠡᠰ ᠤᠨ | ᠬᠡᠯᠬᠢᠶᠡᠨ ᠤ ᠳᠣᠲᠠᠭᠳᠠᠯ ᠢ ᠨᠥᠬᠦᠪᠥᠷᠢᠯᠡᠨ᠎ᠡ᠃ ᠭᠤᠤᠯᠳᠠᠯᠭ᠎ᠠ ᠲᠠᠢ ᠠᠮᠢ ᠠᠬᠤᠢ ᠶᠢᠨ ᠣᠷᠣᠨ ᠤ ᠵᠠᠰᠠᠯᠲᠠ ᠶᠢᠨ ᠠᠷᠭ᠎ᠠ | ᠬᠡᠮᠵᠢᠶ᠎ᠡ ᠶᠢ ᠭᠦᠨᠵᠡᠭᠡᠶ ᠠᠬᠢᠭᠤᠯᠵᠤ᠂ ︽ᠭᠤᠷᠪᠠᠨ ᠱᠤᠭᠤᠮ ᠨᠢᠭᠡ ᠳᠠᠩᠰᠠ︾ ᠪᠠᠷ ᠣᠷᠣᠨ ᠬᠤᠪᠢᠶᠠᠨ ᠬᠢᠨᠠᠨ ᠬᠠᠮᠢᠶᠠᠷᠬᠤ | ᠱᠠᠭᠠᠷᠳᠠᠯᠭ᠎ᠠ ᠶᠢ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠡᠵᠡᠩᠨᠡᠬᠦ ᠡᠷᠬᠡ ᠶᠢ ᠨᠢᠭᠡᠳᠦᠯᠲᠡᠶ ᠨᠤᠲᠠᠯᠠᠨ | ᠳᠠᠩᠰᠠᠯᠠᠬᠤ ᠠᠵᠢᠯ ᠢ ᠪᠡᠶᠡᠯᠡᠭᠦᠯᠵᠦ᠂ ᠠᠮᠢ ᠠᠬᠤᠢ ᠶᠢᠨ ᠡᠬᠢ ᠪᠠᠶᠠᠯᠢᠭ ᠢ ᠠᠰᠢᠭᠯᠠᠬᠤ ᠠᠴᠠ ᠡᠮᠦᠨᠡᠬᠢ ᠬᠢᠨᠠᠨ | ᠪᠠᠶᠢᠴᠠᠭᠠᠯᠲᠠ ᠪᠠ ᠲᠠᠲᠠᠪᠤᠷᠢᠯᠠᠨ ᠬᠡᠷᠡᠭᠯᠡᠬᠦ ᠦᠶᠡᠰ ᠤᠨ ᠬᠢᠨᠠᠨ ᠵᠥᠪᠰᠢᠶᠡᠷᠡᠯ ᠤᠨ ᠠᠵᠢᠯ ᠢ ᠬᠢᠨᠠᠮᠠᠭᠠᠢ ᠥᠷᠨᠢᠭᠦᠯᠵᠦ᠂ | ᠡᠨᠧᠷᠭᠢ ᠶᠢᠨ ᠬᠤᠷᠣᠭᠳᠠᠯ ᠶᠡᠬᠡᠲᠡᠶ᠂ ᠪᠣᠬᠢᠷᠳᠣᠯ ᠶᠡᠬᠡᠲᠡᠶ᠂ ᠦᠷ᠎ᠡ ᠠᠰᠢᠭ ᠳᠣᠤᠷ᠎ᠠ ᠲᠥᠰᠥᠯ ᠢ ᠬᠡᠷᠡᠭᠵᠢᠭᠦᠯᠬᠦ ᠶᠢ ᠴᠢᠩᠭ᠎ᠠ | ᠬᠤᠷᠢᠭᠯᠠᠨ᠎ᠠ᠃ ︽ᠠᠭᠤᠯᠠ ᠤᠰᠤ᠂ ᠣᠶ ᠮᠣᠳᠣ᠂ ᠭᠠᠵᠠᠷ ᠲᠠᠷᠢᠶ᠎ᠠ᠂ ᠨᠠᠭᠤᠷ ᠴᠥᠬᠦᠷᠦᠮ᠂ ᠨᠤᠲᠤᠭ ᠪᠡᠯᠴᠢᠭᠡᠷ᠂ ᠡᠯᠡᠰᠦ | ᠮᠠᠩᠬᠠᠨ︾ ᠤ ᠰᠢᠰᠲ᠋ᠧᠮ ᠢ ᠵᠠᠰᠠᠬᠤ ᠠᠵᠢᠯ ᠢ ᠨᠢᠭᠡᠳᠦᠯᠲᠡᠶ ᠲᠥᠯᠥᠪᠵᠢᠭᠦᠯᠵᠦ᠂ ︽ᠣᠶ ᠰᠢᠭᠤᠶ ᠨᠤᠲᠤᠭ ᠪᠡᠯᠴᠢᠭᠡᠷ ᠤᠨ | ᠬᠠᠷᠢᠭᠤᠴᠠᠯᠭᠠᠲᠠᠨ ᠤ ᠲᠦᠷᠢᠮ︾᠂ ︽ᠭᠤᠤᠯ ᠮᠥᠷᠡᠨ ᠨᠠᠭᠤᠷ ᠴᠥᠭᠦᠷᠥᠮ ᠤᠨ ᠬᠠᠷᠢᠭᠤᠴᠠᠯᠭᠠᠲᠠᠨ ᠤ ᠲᠦᠷᠢᠮ︾ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠶ ᠶᠢ ᠬᠠᠮᠠᠭᠠᠯᠠᠬᠤ ᠪᠠ | ᠰᠡᠷᠭᠦᠭᠡᠨ ᠵᠠᠰᠠᠬᠤ ᠢᠨᠵᠧᠨᠧᠷᠢᠩ ᠢᠶᠠᠷ ᠭᠤᠤᠯᠳᠠᠯᠭ᠎ᠠ ᠪᠣᠯᠭᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ | ᠵᠠᠰᠠᠬᠤ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠠ ᠴᠡᠴᠡᠷᠯᠢᠭ ᠤᠨ ᠰᠢᠰᠲ᠋ᠧᠮ ᠤᠨ ᠪᠠᠶᠢᠭᠤᠯᠤᠯᠲᠠ ᠪᠣᠯᠣᠨ ᠣᠶ | ᠰᠢᠭᠤᠶ ᠶᠢᠨ ᠴᠢᠨᠠᠷ ᠢ ᠳᠡᠭᠡᠭᠰᠢᠯᠡᠭᠦᠯᠬᠦ ᠪᠠ ᠤᠯᠠᠮ ᠰᠡᠷᠭᠦᠭᠡᠬᠦ᠂ ᠭᠠᠴᠠᠭ᠎ᠠ ᠲᠣᠰᠬᠤᠨ ᠤ ᠨᠣᠭᠤᠭᠠᠷᠠᠭᠤᠯᠤᠯᠳᠠ ᠶᠢ | ᠨᠡᠮᠡᠭᠳᠡᠭᠦᠯᠬᠦ᠂ ᠨᠤᠭᠤ ᠭᠠᠵᠠᠷ ᠢ ᠬᠢᠨᠠᠨ ᠡᠵᠡᠮᠳᠡᠬᠦ ᠵᠢᠴᠢ ᠬᠠᠮᠠᠭᠠᠯᠠᠨ ᠰᠡᠷᠭᠦᠭᠡᠬᠦ ᠵᠡᠷᠭᠡ ᠲᠥᠰᠥᠯ ᠤᠳ ᠢ ᠡᠷᠴᠢᠮᠳᠠᠢ | ᠬᠡᠷᠡᠭᠵᠢᠭᠦᠯᠬᠦ ᠶᠢᠨ ᠬᠠᠮᠳᠣ ᠲᠠᠯ᠎ᠠ ᠨᠤᠳᠤᠭ ᠤᠨ ᠬᠤᠯᠤᠭᠠᠨ᠎ᠠ ᠰᠢᠪᠠᠵᠢ ᠶᠢᠨ ᠬᠥᠨᠥᠭᠡᠯ ᠢ ᠤᠷᠢᠳᠴᠢᠯᠠᠨ ᠮᠡᠳᠡᠭᠡᠯᠡᠬᠦ | ᠳᠣᠭᠳᠠᠯᠴᠠᠭ᠎ᠠ ᠵᠢᠴᠢ ᠬᠥᠷᠥᠰᠦᠨ ᠤ ᠪᠠᠶᠢᠳᠠᠯ ᠢ ᠰᠡᠷᠭᠡᠶᠢᠯᠡᠨ ᠵᠠᠰᠠᠬᠤ ᠳᠣᠭᠳᠠᠯᠴᠠᠭ᠎ᠠ ᠶᠢ ᠪᠦᠷᠢᠨᠰᠢᠬᠦᠯᠵᠦ᠂ 8.14 | ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠤᠨ 138 ᠲᠥᠮᠡᠨ ᠮᠦ ᠣᠢ ᠰᠢᠭᠤᠢ ᠲᠠᠯ᠎ᠠ ᠨᠤᠳᠤᠭ ᠢ ᠣᠶᠢᠵᠢᠭᠤᠯᠬᠤ | ᠡᠭᠦᠷᠭᠡ ᠶᠢ ᠪᠡᠶᠡᠯᠡᠭᠦᠯᠦᠨ᠎ᠡ᠃ 2025 ᠣᠨ ᠪᠣᠯᠬᠤ ᠳᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 23% ᠠᠴᠠ | ᠳᠡᠭᠡᠭᠰᠢ ᠳᠤ ᠬᠦᠷᠭᠡᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢ 55% ᠳᠤ ᠬᠦᠷᠭᠡᠨ᠎ᠡ᠃ | ᠬᠥᠬᠡ ᠣᠭᠲᠠᠷᠭᠤᠶ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠠᠵᠢᠯᠯᠠᠭ᠎ᠠ ᠶᠢ ᠰᠠᠶᠢᠲᠤᠷ ᠬᠢᠵᠦ᠂ ᠡᠨᠧᠷᠭᠢ | ᠤᠰᠤᠨ ᠤ ᠡᠬᠢ ᠪᠠᠶᠠᠯᠢᠭ ᠤᠨ ᠶᠡᠷᠦᠩᠬᠡᠢ ᠬᠤᠷᠣᠭᠳᠠᠯ ᠪᠣᠯᠣᠨ ᠬᠦᠴᠦᠯᠡᠴᠡ ᠶᠢ ᠬᠢᠵᠠᠭᠠᠷᠯᠠᠬᠤ ᠠᠵᠢᠯᠯᠠᠭ᠎ᠠ ᠶᠢ | ᠨᠠᠶᠢᠳᠠᠪᠤᠷᠢᠵᠢᠭᠤᠯᠤᠨ᠂ ᠠᠭᠤᠷᠬᠠᠶ ᠶᠢᠨ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠮᠠᠯᠲᠠᠭᠰᠠᠨ ᠭᠠᠵᠠᠷ ᠢ | ᠳᠠᠬᠢᠨ ᠣᠶᠢᠵᠢᠭᠤᠯᠬᠤ ᠠᠵᠢᠯ ᠢ ᠰᠠᠶᠢᠲᠤᠷ ᠠᠳᠬᠤᠵᠤ᠂ ᠬᠠᠶᠠᠭᠳᠠᠮᠠᠯ ᠠᠭᠤᠷᠬᠠᠢ ᠶᠢᠨ ᠬᠦᠨᠳᠡᠢ ᠶᠢ ᠵᠠᠰᠠᠬᠤ ᠠᠵᠢᠯ ᠢ | ᠪᠥᠬᠦ ᠲᠠᠯ᠎ᠠ ᠪᠠᠷ ᠪᠡᠶᠡᠯᠡᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠠᠮᠲᠤᠷᠠᠨ ᠰᠡᠷᠭᠡᠶᠢᠯᠡᠵᠦ | ᠬᠠᠮᠲᠤᠷᠠᠨ ᠡᠵᠡᠮᠳᠡᠬᠦ ᠬᠦᠴᠦᠯᠡᠴᠡ ᠪᠠᠨ ᠴᠢᠩᠭᠠᠷᠠᠭᠤᠯᠵᠤ᠂ ︽ᠵᠠᠳᠠᠭᠠᠢ ᠰᠠᠯᠠᠩ ᠪᠣᠬᠢᠷᠲᠤᠯ ᠲᠠᠢ︾ ᠠᠵᠤ ᠦᠶᠯᠡᠳᠪᠦᠷᠢ᠂ | ᠠᠵᠤ ᠠᠬᠤᠶᠢᠯᠠᠯ ᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠩᠭᠤ ᠥᠷᠨᠢᠭᠦᠯᠵᠦ᠂ ᠰᠢᠯᠢᠳᠡᠭ ᠠᠭᠠᠷ ᠤᠨ ᠴᠢᠨᠠᠷ ᠲᠠᠢ ᠡᠳᠦᠷ | ᠤᠨ ᠲᠤᠭ᠎ᠠ ᠶᠢ 90% ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠤᠤᠭᠤᠬᠤ ᠤᠰᠤᠨ ᠤ ᠬᠠᠩᠭᠠᠯᠭ᠎ᠠ ᠶᠢᠨ ᠰᠤᠷᠪᠤᠯᠵᠢ ᠶᠢ | ᠳᠥᠷᠢᠮᠵᠢᠭᠦᠯᠦᠨ ᠬᠠᠮᠢᠶᠠᠷᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ | ᠠᠬᠤᠢ ᠶᠢᠨ ᠣᠷᠴᠢᠨ ᠨᠥᠬᠦᠴᠡᠯ ᠤᠨ ᠵᠠᠰᠠᠯᠲᠠ ᠶᠢ ᠲᠦᠯᠬᠢᠨ ᠠᠬᠢᠭᠤᠯᠤᠨ᠎ᠠ᠃ ᠬᠥᠷᠥᠰᠥ ᠰᠢᠷᠣᠢ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠪᠠᠷᠢᠯᠭ᠎ᠠ ᠶᠢᠨ ᠬᠤᠭ ᠨᠣᠪᠰᠢ᠂ ᠡᠮ ᠡᠮᠴᠢᠯᠡᠭᠡᠨ ᠤ ᠬᠠᠶᠠᠭᠳᠠᠮᠠᠯ | ᠪᠣᠳᠠᠰ ᠤᠨ ᠬᠠᠮᠢᠶᠠᠷᠣᠯᠳᠠ ᠶᠢ ᠴᠢᠩᠭᠠᠳᠬᠠᠬᠤ ᠶᠢᠨ ᠬᠠᠮᠳᠣ ᠲᠠᠷᠢᠶᠠᠯᠠᠩ ᠤᠨ ᠬᠥᠷᠥᠰᠦᠨ ᠤ ᠪᠣᠬᠢᠷᠲᠤᠯ ᠢ ᠴᠢᠩᠭ᠎ᠠ | ᠬᠢᠵᠠᠭᠠᠷᠯᠠᠵᠤ᠂ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ᠂ | ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ᠂ ᠪᠦᠷᠬᠦᠭᠦᠯ ᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠬᠦ ︽ | ᠳᠥᠷᠪᠡ ᠶᠢ ᠡᠵᠡᠮᠳᠡᠬᠦ ᠠᠵᠢᠯᠯᠠᠭ᠎ᠠ︾ ᠶᠢ ᠪᠦᠬᠦ ᠲᠠᠯ᠎ᠠ ᠪᠠᠷ ᠥᠷᠨᠢᠭᠦᠯᠵᠦ᠂ ᠤᠯᠤᠰ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠢ ᠪᠠᠶᠢᠭᠤᠯᠵᠤ᠂ ᠪᠢᠳᠡᠨ ᠤ ᠡᠨᠡᠬᠦ ᠠᠭᠤᠯᠠ ᠨᠢ ᠬᠥᠬᠡ᠂ | ᠤᠰᠤ ᠨᠢ ᠲᠤᠩᠭᠠᠯᠠᠭ᠂ ᠲᠩᠷᠢ ᠨᠢ ᠴᠡᠯᠮᠡᠭ᠂ ᠬᠦᠷᠦᠰᠦ ᠨᠢ ᠠᠷᠢᠭᠤᠨ᠂ ᠠᠭᠠᠷ ᠨᠢ ᠴᠡᠪᠡᠷᠭᠡᠨ ᠳᠠᠩᠰᠤᠭ ᠨᠤᠳᠤᠭ ᠢᠶᠠᠨ | ᠰᠠᠶᠢᠲᠤᠷ ᠰᠠᠬᠢᠨ ᠬᠠᠮᠠᠭᠠᠯᠠᠨ᠎ᠠ᠃ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠵᠣᠬᠢᠴᠠᠩᠭᠤᠢ ᠬᠥᠭᠵᠢᠯ ᠤᠨ ᠲᠥᠪᠯᠡᠷᠡᠩᠭᠦᠢ | ᠣᠷᠣᠨ ᠢ ᠪᠠᠶᠢᠭᠤᠯᠤᠨ᠎ᠠ᠃ ︽ᠶᠤᠸᠠᠨ ᠤ ᠳᠡᠭᠡᠳᠦ ᠨᠡᠶᠢᠰᠯᠡᠯ︾᠂ ︽ᠬᠤᠯᠠᠨ ᠰᠢᠷᠭ᠎ᠠ ᠲᠠᠭ᠎ᠠ︾ ᠬᠤᠶᠠᠷ ᠶᠡᠭᠡ | ᠵᠢᠭᠤᠯᠴᠢᠯᠠᠯ ᠤᠨ ᠡᠬᠢ ᠪᠠᠶᠠᠯᠢᠭ ᠤᠨ ᠲᠣᠭᠤᠷᠢᠨ ᠳᠤ ᠲᠥᠯᠥᠪᠵᠢᠭᠦᠯᠦᠨ ᠵᠢᠯᠤᠭᠤᠳᠴᠤ᠂ ᠲᠠᠯ᠎ᠠ ᠨᠤᠲᠤᠭ ᠤᠨ | ᠵᠢᠭᠤᠯᠴᠢᠯᠠᠯ᠂ ᠣᠷᠣᠨ ᠨᠤᠳᠤᠭ ᠤᠨ ᠵᠢᠭᠤᠯᠴᠢᠯᠠᠯ᠂ ᠰᠣᠶᠣᠯ ᠤᠨ ᠵᠢᠭᠤᠯᠴᠢᠯᠠᠯ᠂ ᠬᠤᠪᠢᠰᠬᠠᠯᠲᠤ ᠵᠢᠭᠤᠯᠴᠢᠯᠠᠯ ᠪᠠ ᠮᠥᠰᠥ | ᠴᠠᠰᠤᠨ ᠤ ᠵᠢᠭᠤᠯᠴᠢᠯᠠᠯ ᠤᠨ ᠲᠠᠪᠤᠨ ᠶᠡᠭᠡ ᠡᠯᠧᠮᠧᠨ᠋ᠲ ᠢ ᠬᠠᠮᠳᠣᠳᠬᠠᠨ᠂ ᠭᠤᠤᠯ ᠰᠡᠳᠦᠪ ᠨᠢ ᠳᠣᠪᠣᠶᠢᠮ᠎ᠠ᠂ ᠤᠬᠠᠭᠤᠯᠭ᠎ᠠ | ᠶᠢᠨ ᠬᠡᠪᠴᠢᠶ᠎ᠡ ᠪᠠᠷ ᠥᠷᠭᠡᠨ᠂ ᠨᠡᠶᠢᠭᠡᠮ ᠤᠨ ᠬᠦᠯᠢᠶᠠᠨ ᠵᠥᠪᠰᠢᠶᠡᠷᠡᠯ ᠢᠶᠠᠷ ᠥᠨᠳᠥᠷ ᠵᠢᠭᠤᠯᠴᠢᠯᠠᠯ ᠤᠨ ᠣᠷᠣᠨ ᠤ ᠨᠡᠷᠡᠲᠦ | ᠲᠡᠮᠳᠡᠭᠲᠦ ᠶᠢ ᠪᠤᠢ ᠪᠣᠯᠭᠠᠵᠤ᠂ ᠪᠡᠯᠡ ᠣᠷᠣᠭᠤᠯᠤᠯᠲᠠ ᠶᠢ ᠪᠠᠭᠠᠰᠬᠠᠵᠤ᠂ ᠡᠵᠡᠩᠨᠡᠯᠲᠡ ᠶᠢ ᠴᠢᠬᠤᠯᠠᠴᠢᠯᠠᠭᠰᠠᠨ ᠠᠵᠤ | ᠦᠢᠯᠡᠰ ᠤᠨ ᠬᠥᠭᠵᠢᠯᠲᠡ ᠶᠢᠨ ᠪᠦᠳᠦᠴᠡ ᠶᠢ ᠪᠠᠶᠢᠭᠤᠯᠤᠨ᠎ᠠ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ | ᠤᠯᠤᠰ ᠤᠨ 5A ᠲᠡᠰ ᠤᠨ ᠦᠵᠡᠮᠵᠢ ᠶᠢᠨ ᠣᠷᠣᠨ ᠢ ᠪᠠᠶᠢᠭᠤᠯᠬᠤ ᠠᠵᠢᠯ ᠢ ᠠᠬᠢᠭᠤᠯᠵᠤ᠂ ᠦᠬᠡᠷᠴᠢᠨ ᠣᠪᠣᠭᠠᠨ ᠤ ᠣᠢ | ᠰᠢᠭᠤᠢ ᠶᠢᠨ ᠲᠠᠯᠠᠪᠠᠢ᠂ ᠭᠤᠭᠤᠰᠣᠳᠠᠢ ᠶᠢᠨ ᠭᠤᠣᠯ᠂ ︽ᠲᠠᠪᠦ ᠨᠢᠭᠡ︾ ᠮᠠᠯᠵᠢᠯ ᠤᠨ ᠲᠠᠯᠠᠪᠠᠢ ᠶᠢᠨ ᠮᠢᠩᠳᠠᠯᠠ ᠲᠣᠭᠤᠷᠢᠭ | ᠪᠠ ᠪᠣᠱᠣᠣᠳᠠᠢ ᠰᠤᠮᠤᠨ ᠤ ᠪᠠᠶᠠᠨᠪᠤᠯᠠᠭ ᠵᠡᠷᠭᠡ ᠵᠤᠭᠠᠴᠠᠯ ᠤᠨ ᠣᠷᠣᠨ ᠢ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ | ᠠᠵᠢᠯᠯᠠᠭᠠᠨ ᠤ ᠠᠴᠢᠶᠠᠯᠠᠪᠤᠷᠢ ᠶᠢ ᠪᠠᠶᠠᠯᠢᠭᠵᠢᠭᠤᠯᠤᠨ᠂ ᠵᠢᠭᠤᠯᠴᠢᠯᠠᠯ ᠤᠨ ᠰᠣᠳᠣᠨ ᠵᠠᠮ ᠱᠤᠭᠤᠮ ᠢ ᠲᠥᠯᠥᠪᠵᠢᠭᠦᠯᠵᠦ᠂ | ︽ᠪᠠᠭᠠᠴᠤᠳ ᠤᠨ ᠨᠠᠶᠢᠷ ᠨᠠᠭᠠᠳᠤᠮ︾ ᠵᠡᠷᠭᠡ ᠠᠵᠢᠯᠯᠠᠭ᠎ᠠ ᠶᠢ ᠡᠷᠬᠢᠯᠡᠨ᠂ ︽ᠢᠳᠡᠵᠦ ᠤᠤᠭᠤᠬᠤ᠂ ᠬᠤᠨᠤᠬᠤ᠂ | ᠵᠤᠭᠠᠴᠠᠬᠤ᠂ ᠠᠷᠠᠯᠵᠢᠶᠠᠯᠠᠬᠤ᠂ ᠨᠠᠭᠠᠳᠴᠤ ᠲᠣᠭᠯᠠᠬᠤ︾ ᠬᠤᠣᠰᠯᠠᠭᠰᠠᠨ ᠠᠵᠤ ᠦᠢᠯᠡᠰ ᠤᠨ ᠥᠷᠭᠡᠨ ᠬᠡᠯᠬᠢᠶ᠎ᠡ ᠶᠢ | ᠠᠬᠢᠭᠤᠯᠤᠨ᠎ᠠ᠃ 2025 ᠣᠨ ᠪᠣᠯᠬᠤ ᠳᠤ᠂ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠢ 10 ᠵᠤᠷᠪᠤᠰ | ᠪᠠᠶᠢᠭᠤᠯᠵᠤ᠂ ᠵᠢᠯ ᠤᠨ ᠵᠢᠭᠤᠯᠴᠢᠳ ᠤᠨ ᠲᠤᠭ᠎ᠠ ᠶᠢ ᠳᠤᠮᠳᠠᠴᠢ ᠪᠠᠷ 300 ᠲᠦᠮᠡᠨ ᠬᠥᠮᠦᠨ ᠤᠳᠠᠭ᠎ᠠ ᠳᠤ ᠬᠦᠷᠭᠡᠵᠦ᠂ | ᠵᠢᠯ ᠤᠨ ᠳᠡᠭᠰᠢᠳᠬᠡᠭᠰᠡᠨ ᠣᠷᠣᠯᠭ᠎ᠠ ᠶᠢ 21 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠣᠷᠣᠨ ᠤ ᠲᠡᠰ ᠤᠨ ᠣᠷᠣᠨ | ᠪᠦᠰᠡ ᠶᠢᠨ ᠵᠢᠭᠤᠯᠴᠢᠯᠠᠯ ᠤᠨ ᠵᠢᠱᠢᠶᠡᠴᠢ ᠣᠷᠣᠨ ᠢ ᠪᠠᠶᠢᠭᠤᠯᠵᠤ᠂ ᠰᠢᠯᠤᠭᠤᠨ ᠬᠥᠬᠡ ᠬᠤᠰᠢᠭᠤ ᠶᠢ ᠤᠯᠤᠰ ᠤᠨ | ᠳᠣᠲᠣᠭᠠᠳᠤ ᠭᠠᠳᠠᠭᠠᠳᠤ ᠳᠤ ᠠᠯᠳᠠᠷᠲᠠᠢ ᠵᠤᠭᠠᠴᠠᠯ ᠤᠨ ᠣᠷᠣᠨ ᠪᠣᠯᠭᠠᠨ᠎ᠠ᠃ | ︵ᠬᠤᠶᠠᠷ︶ ᠳᠠᠪᠠᠭᠤᠯᠢᠭ ᠢᠶᠠᠨ ᠤᠯᠠᠷᠢᠭᠤᠯᠵᠤ᠂ ᠴᠢᠨᠠᠷᠯᠢᠭ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ︽ᠲᠠᠪᠤᠨ | ᠵᠦᠶᠯ ᠤᠨ ᠣᠨᠴᠠᠯᠢᠭᠲᠤ ᠠᠵᠤ ᠦᠶᠯᠡᠰ︾ ᠢ ᠪᠣᠵᠠᠭᠠᠶᠢᠷᠠᠭᠤᠯᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ | ᠳᠠᠪᠠᠭᠤᠯᠢᠭ ᠲᠠᠢ ᠣᠨᠴᠠᠯᠢᠭᠲᠤ ᠠᠵᠤ ᠦᠶᠯᠡᠰ ᠢ ᠡᠷᠴᠢᠮᠳᠠᠢ ᠪᠤᠵᠠᠭᠠᠶᠢᠷᠠᠭᠤᠯᠵᠤ᠂ ᠠᠵᠤ ᠦᠶᠯᠡᠰ ᠤᠨ ᠲᠥᠯᠥᠪᠵᠢᠭᠦᠯᠭᠡ | ᠶᠢᠨ ᠪᠠᠶᠢᠷᠢᠯᠠᠭᠤᠯᠤᠯᠳᠠ ᠶᠢ ᠲᠡᠭᠦᠯᠳᠡᠷᠵᠢᠭᠦᠯᠦᠨ᠂ ᠰᠢᠨᠡᠴᠢᠯᠡᠭᠰᠡᠨ᠂ ᠬᠡᠪᠴᠢᠶᠡᠵᠢᠭᠰᠡᠨ᠂ ᠣᠯᠠᠨ ᠡᠰᠢᠵᠢᠭᠰᠡᠨ ᠠᠵᠤ ᠦᠶᠯᠡᠰ | ᠤᠨ ᠳᠣᠭᠳᠠᠯᠴᠠᠭ᠎ᠠ ᠶᠢ ᠪᠠᠶᠢᠭᠤᠯᠤᠨ᠎ᠠ᠃ ᠪᠣᠬᠢᠷᠲᠤᠯ ᠥᠬᠡᠶ ᠮᠠᠯ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ | ᠪᠣᠯᠪᠠᠰᠤᠷᠠᠭᠤᠯᠬᠤ ᠪᠠ ᠭᠠᠳᠠᠭᠰᠢ ᠪᠣᠷᠤᠯᠠᠭᠤᠯᠬᠤ ᠴᠢᠳᠠᠪᠤᠷᠢ ᠶᠢ ᠨᠡᠮᠡᠭᠳᠡᠭᠦᠯᠦᠨ᠎ᠡ᠃ ᠱᠦᠨ ᠰᠢᠨ ᠰᠢᠨ ᠶᠤᠸᠠᠨ ᠵᠡᠷᠭᠡ | ᠭᠤᠤᠯᠳᠠᠯᠭ᠎ᠠ ᠲᠠᠢ ᠠᠵᠤ ᠠᠬᠤᠶᠢᠯᠠᠯ ᠢᠶᠠᠷ ᠳᠠᠶᠢᠴᠢᠯᠠᠭᠴᠢ ᠪᠣᠯᠭᠠᠵᠤ᠂ ︽ᠥᠰᠬᠡᠬᠦ᠂ ᠪᠣᠶᠢᠵᠢᠭᠤᠯᠬᠤ᠂ ᠪᠣᠷᠳᠣᠬᠤ᠂ | ᠡᠳ᠋ᠰᠢᠭᠦᠯᠬᠦ᠂ ᠪᠣᠷᠣᠯᠠᠭᠤᠯᠬᠤ᠂︾ ᠦᠢᠯᠡᠳᠪᠦᠷᠢᠯᠡᠯ ᠤᠨ ᠬᠡᠯᠬᠢᠶ᠎ᠡ ᠶᠢ ᠤᠷᠳᠤᠳᠬᠠᠬᠤ᠂ ᠨᠦᠬᠦᠪᠦᠷᠢᠯᠡᠬᠦ᠂ | ᠬᠦᠴᠦᠷᠬᠡᠭᠵᠢᠬᠦᠯᠬᠦ ᠡᠷᠴᠢᠮ ᠢᠶᠠᠨ ᠴᠢᠩᠭᠠᠷᠠᠭᠤᠯᠵᠤ᠂ ᠣᠷᠣᠰᠢᠵᠤ ᠪᠠᠶᠢᠭ᠎ᠠ ᠬᠦᠴᠢᠷᠳᠡᠯ ᠢ ᠰᠢᠢᠳᠪᠦᠷᠢᠯᠡᠨ᠎ᠡ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠦᠬᠡᠷ ᠬᠤᠨᠢ ᠨᠢᠲᠤᠯᠠᠨ ᠪᠣᠯᠪᠠᠰᠤᠷᠠᠭᠤᠯᠬᠤ ᠴᠢᠳᠠᠪᠤᠷᠢ ᠶᠢ 2 | ᠲᠦᠮᠡᠨ ᠲᠣᠨ ᠳᠤ ᠬᠦᠷᠭᠡᠵᠦ᠂ ᠨᠥᠭᠡᠴᠡᠯᠡᠬᠦ ᠴᠢᠳᠠᠪᠤᠷᠢ ᠶᠢ 1 ᠲᠦᠮᠡᠨ ᠲᠣᠨ ᠳᠤ ᠬᠦᠷᠭᠡᠵᠦ᠂ ᠮᠢᠬᠠᠨ ᠤ | ᠪᠦᠲᠦᠭᠡᠭᠳᠡᠭᠦᠨ ᠢ ᠨᠠᠷᠢᠯᠢᠭ ᠡᠳ᠋ᠰᠢᠭᠦᠯᠬᠦ ᠨᠣᠷᠮ᠎ᠠ ᠶᠢ 80 % ᠳᠤ ᠬᠦᠷᠭᠡᠨ᠎ᠡ᠃ ︽ᠰᠦᠨ ᠤ ᠦᠶᠯᠡᠰ ᠢ ᠬᠥᠭᠵᠢᠭᠦᠯᠬᠦ︾ | ᠪᠠᠶᠢᠯᠳᠣᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ︽ᠰᠢᠯᠢ ᠶᠢᠨ ᠭᠤᠤᠯ ᠤᠨ ᠴᠠᠭᠠᠨ ᠢᠳᠡᠭᠡᠨ︾ ᠤ ᠨᠡᠷᠡᠲᠦ | ᠲᠡᠮᠳᠡᠭ ᠤᠨ ᠡᠭᠦᠳᠦᠯᠲᠡ ᠲᠠᠢ ᠢᠳᠡᠪᠬᠢᠲᠡᠶ ᠵᠣᠬᠢᠴᠠᠭᠤᠯᠵᠤ᠂ ᠬᠤᠷᠤᠳ᠂ ᠦᠷᠦᠮ᠎ᠡ ᠶᠢᠨ ᠤᠯᠤᠰ ᠤᠨ ᠣᠷᠣᠨ | ᠨᠤᠳᠤᠭ ᠤᠨ ᠣᠨᠴᠠ ᠭᠠᠷᠣᠯᠳᠠ ᠪᠣᠯᠬᠤ ᠵᠠᠬ᠎ᠠ ᠳᠡᠯᠭᠡᠭᠦᠷ ᠤᠨ ᠦᠨ᠎ᠡ ᠥᠷᠲᠡᠭ ᠢ ᠠᠰᠢᠭᠯᠠᠵᠤ᠂ ᠪᠡᠶᠡᠴᠢᠯᠡᠨ ᠣᠶᠢᠯᠠᠭᠠᠬᠤ | ᠰᠠᠭᠤᠷᠢᠨ ᠭᠠᠵᠠᠷ ᠪᠠ ︽ᠴᠠᠭᠠᠨ ᠢᠳᠡᠭᠡᠨ ᠤ ᠦᠶᠯᠡᠳᠪᠦᠷᠢ︾ ᠶᠢ ᠪᠠᠶᠢᠭᠤᠯᠵᠤ᠂ ᠤᠯᠠᠮᠵᠢᠯᠠᠯᠲᠤ ᠴᠠᠭᠠᠨ ᠢᠳᠡᠭᠡᠨ ᠤ | ᠰᠣᠶᠣᠯ ᠤᠨ ᠵᠢᠱᠢᠶ᠎ᠡ ᠦᠵᠡᠭᠦᠯᠬᠦ ᠬᠦᠷᠢᠶᠡᠯᠡᠩ ᠪᠠ ᠴᠠᠭᠠᠨ ᠢᠳᠡᠭᠡᠨ ᠤ ᠰᠣᠶᠣᠯ ᠴᠡᠴᠡᠭᠯᠡᠯᠲᠡ ᠶᠢᠨ ᠬᠠᠮᠠᠭᠠᠯᠠᠯᠲᠠ ᠶᠢᠨ | ᠣᠷᠣᠨ ᠢ ᠪᠠᠶᠢᠭᠤᠯᠤᠨ᠎ᠠ᠃ 2025 ᠣᠨ ᠪᠣᠯᠬᠤ ᠳᠤ᠂ ᠵᠢᠯ ᠤᠨ ᠰᠦᠨ ᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠣᠯᠣᠭᠠᠶᠢᠯᠠᠭᠴᠢ ᠠᠵᠤ ᠠᠬᠤᠶᠢᠯᠠᠯ ᠢ ᠤᠷᠢᠵᠤ᠂ ᠲᠥᠮᠥᠰᠦᠨ ᠤ ᠬᠡᠷᠴᠢᠮᠡᠯ | ᠪᠠ ᠴᠢᠨᠠᠷᠵᠢᠭᠤᠯᠤᠭᠰᠠᠨ ᠴᠠᠷᠳᠠᠭᠤᠯ ᠢ ᠡᠳ᠋ᠰᠢᠭᠦᠯᠦᠨ ᠦᠢᠯᠡᠳᠪᠦᠷᠢᠯᠡᠵᠦ᠂ ᠦᠢᠯᠡᠳᠬᠦᠨ ᠤ ᠨᠡᠮᠡᠯᠲᠡ ᠥᠷᠲᠡᠭ ᠪᠠ | ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠮᠣᠩᠭᠤᠯ ᠬᠢᠲᠠᠳ ᠡᠮ ᠤᠨ ᠮᠠᠲ᠋ᠧᠷᠢᠶᠠᠯ᠂ ᠠᠯᠳᠠᠩᠬᠸ᠎ᠠ ᠪᠠ | ᠤᠯᠠᠭᠠᠨ᠎ᠠ ᠵᠡᠷᠭᠡ ᠣᠨᠴᠠᠯᠢᠭᠲᠤ ᠲᠠᠷᠢᠮᠠᠯ ᠤᠨ ᠦᠢᠯᠡᠰ ᠤᠨ ᠬᠦᠭᠵᠢᠯᠳᠡ ᠶᠢ ᠲᠡᠳᠬᠦᠨ ᠵᠣᠷᠢᠭᠵᠢᠭᠤᠯᠵᠤ᠂ ᠣᠨᠴᠠᠯᠢᠭᠲᠤ | ᠲᠠᠷᠢᠶᠠᠯᠠᠩ ᠤᠨ ᠪᠦᠲᠦᠭᠡᠭᠳᠡᠬᠦᠨ ᠤ ᠣᠷᠣᠯᠭ᠎ᠠ ᠶᠢ ᠨᠡᠮᠡᠭᠳᠡᠭᠦᠯᠵᠦ ᠠᠮᠢᠳᠣᠷᠠᠯ ᠢᠶᠠᠨ ᠴᠢᠨᠡᠭᠡᠯᠢᠭᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠨᠡᠷᠡᠲᠦ ᠲᠡᠮᠳᠡᠭ ᠢ ᠬᠠᠮᠠᠭᠠᠯᠠᠬᠤ ᠪᠠ ᠡᠭᠦᠳᠬᠦ ᠬᠦᠴᠦᠯᠡᠴᠡ ᠪᠠᠨ ᠨᠡᠮᠡᠭᠳᠡᠭᠦᠯᠵᠦ᠂ ᠰᠢᠯᠤᠭᠤᠨ ᠬᠥᠬᠡ | ᠬᠤᠰᠢᠭᠤᠨ ᠤ ᠴᠠᠭᠠᠨ ᠢᠳᠡᠭᠡ᠂ ᠬᠤᠯᠠᠨ ᠰᠢᠷᠭ᠎ᠠ ᠲᠠᠭ᠎ᠠ ᠶᠢᠨ ᠮᠠᠩᠬᠠᠨ ᠤ ᠦᠬᠡᠷ ᠤᠨ ᠮᠢᠬ᠎ᠠ᠂ ᠠᠯᠳᠠᠩᠬᠸ᠎ᠠ ᠴᠠᠢ ᠵᠡᠷᠭᠡ | ︽ᠰᠢᠯᠤᠭᠤᠨ ᠬᠥᠬᠡ ᠶᠢᠨ ᠣᠨᠴᠠᠯᠢᠭᠲᠤ ᠦᠨᠦᠷ ᠠᠮᠲᠠ︾ ᠪᠦᠬᠦᠢ ᠣᠨᠴᠠᠯᠢᠭᠲᠤ ᠨᠡᠷᠡᠲᠦ ᠲᠡᠮᠳᠡᠭ ᠢ ᠡᠭᠦᠳᠴᠦ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠰᠢᠯᠢᠳᠡᠭᠵᠢᠭᠦᠯᠬᠦ ᠶᠢ ᠠᠬᠢᠭᠤᠯᠤᠨ᠎ᠠ᠃ ᠮᠣᠩᠭᠤᠯ ᠭᠡᠷ ᠤᠨ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠬᠦ ᠶᠢᠨ ᠲᠤᠯᠠᠳᠠ ᠮᠣᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠭᠤᠷᠢᠯᠠᠵᠤ᠂ ᠠᠵᠤ | ᠠᠬᠤᠶᠢᠯᠠᠯ ᠤᠳ ᠢ ᠲᠥᠪᠯᠡᠷᠡᠭᠦᠯᠦᠨ ᠳᠥᠷᠢᠮᠵᠢᠬᠦᠯᠦᠨ ᠬᠦᠭᠵᠢᠬᠦᠯᠦᠨ᠎ᠡ᠃ ᠳᠡᠯᠭᠡᠨ ᠦᠵᠡᠭᠦᠯᠬᠦ ᠪᠡᠶᠡᠴᠢᠯᠡᠨ ᠣᠶᠢᠯᠠᠭᠠᠬᠤ | ᠲᠥᠪ ᠢ ᠪᠥᠷᠢᠳᠦᠭᠦᠯᠦᠨ ᠪᠠᠶᠢᠭᠤᠯᠵᠤ᠂ ᠲᠦᠭᠦᠬᠡᠢ ᠮᠠᠲ᠋ᠧᠷᠢᠶᠠᠯ ᠬᠠᠩᠭᠠᠬᠤ ᠪᠠ ᠤᠯᠠᠮᠵᠢᠯᠠᠯᠲᠤ ᠭᠡᠷ ᠤᠨ ᠬᠡᠷᠡᠭᠰᠡᠯ | ᠦᠢᠯᠡᠳᠪᠦᠷᠢᠯᠡᠬᠦ ᠠᠵᠤ ᠦᠢᠯᠡᠰ ᠤᠨ ᠬᠡᠯᠬᠢᠶ᠎ᠡ ᠶᠢ ᠤᠯᠠᠮ ᠤᠷᠲᠤᠳᠬᠠᠨ᠂ ᠮᠣᠩᠭᠤᠯ ᠭᠡᠷ ᠤᠨ ᠠᠵᠤ ᠦᠢᠯᠡᠰ ᠤᠨ | ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠪᠣᠯᠭᠠᠨ | ᠪᠠᠶᠢᠭᠤᠯᠬᠤ ᠪᠠᠷ ᠴᠢᠷᠮᠠᠶᠢᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠨᠡᠴᠢᠯᠡᠨ ᠠᠰᠢᠭᠯᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠱᠠᠩᠳᠤ ᠴᠠᠬᠢᠯᠭᠠᠨ ᠦᠶᠯᠡᠳᠪᠦᠷᠢ ᠶᠢᠨ ᠨᠠᠷᠢᠨ ᠦᠨᠡᠰᠦ᠂ ᠬᠦᠬᠦᠷ ᠥᠬᠡᠶᠢᠳᠡᠭᠦᠯᠦᠭᠰᠡᠨ ᠵᠤᠭᠠᠩ | ᠵᠡᠷᠭᠡ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠠᠰᠢᠭᠯᠠᠨ᠂ ᠨᠡᠭᠦᠷᠡᠰᠦ ᠪᠠᠷ | ᠰᠠᠭᠤᠷᠢᠯᠠᠭᠰᠠᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ︽ᠨᠡᠭᠦᠷᠡᠰᠦᠨ ᠡᠨᠧᠷᠬᠢ ᠶᠢᠨ ᠴᠠᠬᠢᠯᠭᠠᠨ - | ᠪᠠᠷᠢᠯᠭ᠎ᠠ ᠶᠢᠨ ᠮᠠᠲ᠋ᠧᠷᠢᠶᠠᠯ - ᠰᠢᠨ᠎ᠡ ᠮᠠᠲ᠋ᠧᠷᠢᠶᠠᠯ︾ ᠤᠨ ᠣᠷᠴᠢᠯ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠨ᠎ᠠ᠃ | 2025 ᠣᠨ ᠪᠣᠯᠬᠤ ᠳᠤ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠨᠣᠷᠮ᠎ᠠ ᠶᠢ 80 % ᠳᠤ ᠬᠦᠷᠭᠡᠵᠦ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠭᠰᠠᠨ ᠪᠦᠬᠦ ᠠᠶᠢᠮᠠᠭ ᠤᠨ ᠵᠢᠱᠢᠶ᠎ᠡ ᠦᠵᠡᠭᠦᠯᠬᠦ ᠬᠤᠰᠢᠭᠤ ᠪᠣᠯᠭᠠᠨ᠎ᠠ᠃ ᠣᠳᠣᠬᠢᠴᠢᠯᠠᠭᠰᠠᠨ ᠪᠠᠷᠠᠭᠠᠨ | ᠤ ᠭᠦᠶᠯᠭᠡᠭᠡᠨ ᠤ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠯᠡᠭᠡ ᠶᠢᠨ ᠣᠳᠤᠬᠢᠴᠢᠯᠠᠭᠰᠠᠨ ᠪᠠᠷᠠᠭᠠᠨ ᠤ ᠭᠦᠶᠯᠭᠡᠭᠡᠨ ᠤ ᠬᠥᠭᠵᠢᠯᠲᠡ ᠶᠢᠨ ᠲᠥᠯᠦᠪᠯᠡᠭᠡ | ᠳᠠᠬᠢ ︽ᠰᠠᠩ ᠤᠨ ᠲᠡᠯᠡᠶ ᠪᠠᠯᠭᠠᠰᠤ ᠶᠢ ᠤᠯᠤᠰ ᠤᠨ ᠲᠠᠰ ᠤᠨ ᠲᠠᠷᠢᠶᠠᠯᠠᠩ ᠠᠵᠤ ᠦᠶᠯᠡᠰ ᠤᠨ ᠬᠦᠴᠦᠷᠬᠡᠭ ᠪᠠᠯᠭᠠᠰᠤ | ᠪᠣᠯᠭᠠᠨ ᠪᠥᠲᠥᠭᠡᠨ ᠪᠠᠶᠢᠭᠤᠯᠵᠤ᠂ ᠱᠠᠩᠳᠤ ᠪᠠᠯᠭᠠᠰᠤᠨ ᠤ ᠪᠠᠷᠠᠭᠠᠨ ᠤ ᠭᠦᠶᠯᠭᠡᠭᠡᠨ ᠤ ᠲᠣᠭᠤᠷᠢᠭ᠂ ᠰᠠᠩ ᠤᠨ ᠲᠡᠯᠡᠶ | ᠪᠠᠯᠭᠠᠰᠤᠨ ᠤ ᠪᠠᠷᠠᠭᠠᠨ ᠤ ᠭᠦᠶᠯᠭᠡᠭᠡᠨ ᠤ ᠲᠣᠭᠤᠷᠢᠭ᠂ ᠬᠠᠪᠢᠷᠭ᠎ᠠ ᠪᠠᠯᠭᠠᠰᠤᠨ ᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠭᠦᠶᠯᠭᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ︾ ᠬᠥᠭᠵᠢᠯᠲᠡ ᠶᠢᠨ ᠪᠠᠶᠢᠷᠢ | ᠲᠣᠭᠲᠠᠭᠠᠯᠲᠠ ᠶᠣᠰᠣᠭᠠᠷ᠂ ᠪᠣᠬᠢᠷᠲᠤᠯ ᠥᠬᠡᠶ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ | ᠡᠳ᠋ᠰᠢᠭᠦᠯᠬᠦ ᠪᠠ ᠭᠠᠳᠠᠭᠰᠢ ᠪᠤᠷᠤᠯᠠᠭᠤᠯᠬᠤ ᠴᠢᠳᠠᠮᠵᠢ ᠪᠠᠨ ᠴᠢᠩᠭᠠᠳᠬᠠᠵᠤ᠂ ᠰᠢᠯᠢ ᠶᠢᠨ ᠭᠤᠤᠯ ᠠᠶᠢᠮᠠᠭ ᠤᠨ ᠡᠮᠦᠨᠡᠲᠦ | ᠪᠡᠶ᠎ᠡ ᠳᠠᠬᠢ ᠠᠮᠢᠳᠦ ᠮᠠᠯ ᠶᠢᠨ ᠰᠣᠯᠢᠯᠴᠠᠭ᠎ᠠ ᠵᠢᠴᠢ ᠪᠠᠶᠢᠭᠠᠯᠢᠯᠢᠭ ᠮᠠᠯ ᠤᠨ ᠪᠦᠲᠦᠭᠡᠭᠳᠡᠬᠦᠨ ᠤ ᠭᠦᠢᠯᠭᠡᠭᠡᠨ ᠤ ᠰᠠᠭᠤᠷᠢᠨ ᠢ | ᠪᠥᠲᠦᠭᠡᠨ ᠪᠠᠶᠢᠭᠤᠯᠤᠨ᠎ᠠ᠃ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠎ᠡ᠃ 2024 ᠣᠨ ᠳᠤ | ᠲᠠᠶᠢᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠪᠦᠬᠦ ᠱᠤᠭᠤᠮ ᠢ ᠨᠡᠪᠲᠡᠷᠡᠭᠦᠯᠬᠦ ᠠᠵᠠ ᠲᠣᠬᠢᠶᠠᠯ ᠢ | ᠠᠰᠢᠭᠯᠠᠵᠤ᠂ ᠲᠡᠮᠦᠷ ᠵᠠᠮ ᠤᠨ ᠥᠷᠲᠡᠭᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢᠨ ᠬᠠᠮᠲᠦ ᠦᠢᠯᠡᠴᠢᠯᠡᠭᠡᠨ ᠤ ᠦᠢᠯᠡᠰ | ᠢ ᠲᠥᠪᠯᠡᠷᠡᠭᠦᠯᠦᠨ ᠬᠥᠭᠵᠢᠭᠦᠯᠬᠦ ᠶᠢ ᠠᠬᠢᠭᠤᠯᠵᠤ᠂ ᠨᠢᠭᠡ ᠪᠦᠯᠦᠭ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ᠂ | ᠰᠣᠶᠣᠯ ᠰᠡᠯᠡᠭᠦᠴᠡᠯ ᠤᠨ ᠬᠡᠷᠡᠭᠯᠡᠭᠡᠨ ᠤ ᠲᠣᠭᠤᠷᠢᠭ ᠢ ᠪᠠᠶᠢᠭᠤᠯᠵᠤ᠂ ᠬᠡᠷᠡᠭᠯᠡᠭᠡᠨ ᠤ ᠳᠡᠰ ᠳᠡᠪᠰᠢᠯᠲᠡ ᠶᠢ ᠠᠬᠢᠭᠤᠯᠤᠨ᠎ᠠ᠃ | ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠳᠣᠨ ᠲᠡᠰ ᠤᠨ | ᠪᠠᠭᠤᠳᠠᠯ᠂ ᠮᠠᠯᠴᠢᠨ ᠠᠶᠢᠯ ᠤᠨ ᠵᠤᠭᠠᠴᠠᠯ᠂ ᠲᠠᠯ᠎ᠠ ᠨᠤᠲᠤᠭ ᠤᠨ ᠵᠠᠩ ᠦᠢᠯᠡ ᠶᠢᠨ ᠤᠨᠴᠠᠯᠢᠭᠲᠦ ᠣᠷᠣᠨ ᠰᠠᠭᠤᠴᠠ ᠳᠤ | ᠰᠠᠭᠤᠷᠢᠯᠠᠭᠰᠠᠨ ᠵᠢᠭᠤᠯᠴᠢᠯᠠᠯ ᠢ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢ | ᠲᠦᠷᠭᠡᠳᠬᠡᠵᠦ᠂ ︽ᠠᠵᠢᠲᠠᠢ︾ ᠡᠷᠡᠭᠦᠯᠵᠢᠯ ᠰᠣᠪᠢᠯᠠᠯᠲᠠ ᠶᠢᠨ ᠲᠥᠪ ᠤᠨ ᠬᠤᠶᠠᠳᠤᠭᠠᠷ ᠬᠤᠭᠤᠴᠠᠭᠠᠨ ᠤ ᠳᠥᠰᠦᠯ ᠢ | ᠠᠬᠢᠭᠤᠯᠵᠤ᠂ ᠰᠠᠶᠢᠨᠬᠤᠳᠳᠤᠭ ᠰᠤᠮᠤᠨ ᠤ ᠨᠠᠷᠠᠰᠤᠲᠤ ᠭᠠᠴᠠᠭᠠᠨ ᠤ ᠭᠠᠵᠠᠷ ᠤᠨ ᠢᠯᠴᠢ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠵᠤ ᠠᠮᠠᠷᠠᠯᠲᠠ ᠶᠢᠨ ᠬᠤᠭᠤᠴᠠᠭᠠᠨ ᠳᠠᠬᠢ ᠵᠤᠭᠠᠴᠠᠯ᠂ ᠡᠷᠡᠭᠦᠯᠵᠢᠯ ᠰᠤᠪᠢᠯᠠᠯᠲᠠ ᠶᠢᠨ ᠦᠢᠯᠡᠰ ᠢᠶᠠᠷ ᠪᠡᠭᠡᠵᠢᠩ | ᠲᠢᠶᠠᠨᠵᠢᠨ ᠾᠧᠪᠸᠢ ᠶᠢᠨ ᠬᠡᠷᠡᠭᠯᠡᠭᠴᠢᠳ ᠢ ᠲᠠᠲᠠᠨ᠎ᠠ᠃ | ︵ᠭᠤᠷᠪᠠ︶ ᠬᠥᠳᠡᠭᠡ ᠣᠷᠤᠨ ᠨᠤᠲᠤᠭ ᠢ ᠬᠦᠴᠦᠷᠬᠡᠭᠵᠢᠭᠦᠯᠬᠦ ᠶᠢ ᠠᠬᠢᠭᠤᠯᠵᠤ᠂ ᠴᠢᠨᠠᠷᠯᠢᠭ ᠬᠥᠭᠵᠢᠯᠲᠡ ᠶᠢᠨ ᠳᠠᠯᠳᠠ | ᠬᠦᠴᠦᠨ ᠢ ᠭᠦᠨ ᠠᠭᠤᠳᠠᠯᠯᠠᠨ᠎ᠠ᠃ ᠮᠠᠯᠵᠢᠬᠤ ᠲᠠᠷᠢᠶᠠᠯᠠᠬᠤ ᠣᠷᠣᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ | ᠬᠥᠳᠡᠭᠡ ᠣᠷᠤᠨ ᠨᠣᠲᠤᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ | ᠠᠵᠤ ᠦᠶᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠲᠠᠪᠤ ᠶᠢ | ᠬᠦᠴᠦᠷᠬᠡᠭᠵᠢᠭᠦᠯᠬᠦ︾ ᠪᠠ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ | ᠪᠥᠲᠦᠭᠡᠨ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠲᠤᠳᠬᠠᠨ | ᠬᠥᠳᠡᠭᠡ ᠣᠷᠤᠨ ᠨᠤᠲᠤᠭ ᠢ ᠬᠦᠴᠦᠷᠬᠡᠭᠵᠢᠭᠦᠯᠬᠦ ᠯᠦᠭᠡ ᠪᠦᠲᠦᠮᠵᠢᠲᠡᠢ ᠵᠣᠯᠭᠠᠭᠤᠯᠤᠨ᠎ᠠ᠃ ᠲᠠᠪᠤᠨ ᠵᠢᠯ ᠤᠨ ᠰᠢᠯᠵᠢᠯᠲᠡ | ᠶᠢᠨ ᠬᠤᠭᠤᠴᠠᠭᠠᠨ ᠳᠠᠬᠢ ᠬᠠᠷᠠᠯᠲᠠ ᠡᠭᠦᠷᠭᠡ ᠳᠤ ᠰᠠᠭᠤᠷᠢᠯᠠᠨ᠂ ︽ᠳᠥᠷᠪᠡ ᠶᠢ ᠪᠠᠷᠢᠮᠲᠠᠯᠠᠬᠤ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠶᠡᠷᠦᠩᠬᠡᠶ ᠳᠡᠭᠡᠨ ᠲᠣᠭᠲᠠᠭᠤᠨ | ᠪᠠᠶᠢᠯᠭᠠᠵᠤ᠂ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠠᠮᠢᠳᠣᠯᠢᠭ ᠬᠢᠨᠠᠯᠲᠠ ᠪᠠ ᠣᠨᠢᠨ ᠳᠡᠭᠡᠷ᠎ᠡ ᠨᠢ ᠬᠠᠪᠰᠤᠷᠤᠨ | ᠲᠡᠳᠬᠦᠬᠦ ᠶᠢ ᠦᠷᠭᠦᠯᠵᠢᠯᠡᠨ ᠴᠢᠩᠭᠠᠳᠬᠠᠵᠤ᠂ ᠶᠡᠭᠡ ᠬᠡᠮᠵᠢᠶ᠎ᠡ ᠪᠠᠷ ᠳᠠᠬᠢᠨ ᠶᠠᠳᠠᠭᠤᠷᠠᠬᠤ ᠶᠢ ᠡᠷᠡᠰ ᠬᠤᠷᠢᠭᠯᠠᠨ᠎ᠠ᠃ ᠪᠦᠬᠦ | ᠲᠠᠯ᠎ᠠ ᠪᠠᠷ ᠬᠦᠴᠦᠷᠬᠡᠭᠵᠢᠭᠦᠯᠬᠦ ᠶᠢ ᠯᠠᠪᠳᠠᠭᠤᠨ ᠠᠬᠢᠭᠤᠯᠣᠨ᠎ᠠ᠃ ︽ᠤᠷᠢᠳᠠᠪᠠᠷ ᠲᠤᠷᠰᠢᠯᠲᠠ ᠶᠢᠨ ᠴᠡᠭ ᠲᠤᠭᠲᠠᠵᠣ᠂ | ᠠᠯᠬᠤᠮ ᠠᠯᠬᠤᠮ ᠢᠶᠠᠷ ᠥᠷᠨᠢᠭᠦᠯᠬᠦ︾ ᠶᠢ ᠪᠠᠷᠢᠮᠲᠠᠯᠠᠨ᠂ 2 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠪᠣᠯᠤᠨ 11 | ᠭᠤᠤᠯᠳᠠᠯᠭ᠎ᠠ ᠲᠠᠢ ᠭᠠᠴᠠᠭ᠎ᠠ ᠲᠣᠰᠬᠤᠨ ᠢᠶᠠᠷ ᠲᠤᠷᠰᠢᠯᠲᠠ ᠶᠢᠨ ᠴᠡᠭ ᠪᠣᠯᠭᠠᠵᠤ᠂ ᠵᠢᠱᠢᠶ᠎ᠡ ᠦᠵᠡᠭᠦᠯᠬᠦ ᠭᠠᠴᠠᠭ᠎ᠠ | ᠲᠣᠰᠬᠤᠨ ᠤ ᠳᠠᠶᠢᠴᠢᠯᠠᠨ ᠳᠠᠭᠠᠭᠤᠯᠬᠤ ᠦᠶᠯᠡᠳᠦᠯ ᠢ ᠦᠨᠡᠨᠬᠦ ᠪᠠᠳᠠᠷᠠᠭᠤᠯᠵᠤ᠂ ︽ᠨᠢᠭᠡ ᠭᠠᠴᠠᠭ᠎ᠠ ᠨᠢᠭᠡ ᠠᠵᠤ ᠦᠢᠯᠡᠰ᠂ | ᠨᠢᠭᠡ ᠭᠠᠴᠠᠭ᠎ᠠ ᠨᠢᠭᠡ ᠣᠨᠴᠠᠯᠢᠭ︾ ᠢᠶᠠᠷ ᠰᠡᠳᠭᠢᠴᠢᠯᠡᠨ᠂ ᠭᠠᠴᠠᠭ᠎ᠠ ᠲᠣᠰᠬᠤᠨ ᠬᠢᠭᠡᠳ ᠭᠤᠣᠯᠳᠠᠯᠭ᠎ᠠ ᠲᠠᠢ ᠠᠵᠤ ᠦᠢᠯᠡᠰ | ᠤᠨ ᠬᠥᠭᠵᠢᠯᠲᠡ ᠶᠢ ᠣᠨᠣᠪᠴᠢᠲᠠᠢ ᠤᠶᠠᠯᠳᠤᠭᠤᠯᠵᠤ᠂ ᠮᠠᠯᠵᠢᠬᠤ ᠳᠤ ᠲᠣᠬᠢᠷᠠᠮᠵᠢᠲᠠᠶ ᠪᠣᠯ ᠮᠠᠯ ᠠᠵᠤ ᠠᠬᠤᠶ ᠶᠢ | ᠬᠥᠭᠵᠢᠭᠦᠯᠵᠦ᠂ ᠲᠠᠷᠢᠶᠠᠯᠠᠬᠤ ᠳᠤ ᠲᠣᠬᠢᠷᠠᠮᠵᠢᠲᠠᠶ ᠪᠣᠯ ᠲᠠᠷᠢᠶᠠᠯᠠᠩ ᠢ ᠬᠥᠭᠵᠢᠭᠦᠯᠵᠦ᠂ ᠵᠢᠭᠤᠯᠴᠢᠯᠠᠬᠤ ᠳᠤ ᠲᠣᠬᠢᠷᠠᠮᠵᠢᠲᠠᠶ | ᠪᠣᠯ ᠵᠢᠭᠤᠯᠴᠢᠯᠠᠯ ᠢ ᠡᠷᠬᠢᠯᠡᠵᠦ᠂ ᠲᠥᠷᠥ ᠶᠢᠨ ᠪᠣᠳᠣᠯᠭ᠎ᠠ ᠪᠠᠷ ᠲᠡᠳᠬᠦᠬᠦ ᠪᠠ ᠮᠥᠩᠭᠦᠨ ᠭᠦᠢᠯᠭᠡᠭᠡᠨ ᠢᠶᠠᠷ ᠳᠡᠮᠵᠢᠬᠦ ᠶᠢ | ᠤᠯᠠᠮ ᠨᠢᠭᠡ ᠠᠯᠬᠤᠮ ᠴᠢᠩᠭᠠᠳᠬᠠᠵᠤ᠂ ᠭᠠᠴᠠᠭ᠎ᠠ ᠲᠣᠰᠬᠤᠨ ᠤ ᠡᠯ᠎ᠡ ᠲᠥᠷᠥᠯ ᠤᠨ ᠡᠬᠢ ᠪᠠᠶᠠᠯᠢᠭ᠂ ᠪᠡᠯᠡ ᠮᠥᠩᠭᠦ᠂ | ᠬᠥᠷᠥᠩᠭᠡ ᠶᠢ ᠠᠮᠢᠳᠤᠯᠢᠭᠵᠢᠭᠤᠯᠤᠨ ᠬᠡᠷᠡᠭᠯᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ | ᠪᠤᠵᠠᠭᠠᠶᠢᠷᠠᠭᠤᠯᠣᠨ᠎ᠠ᠃ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠴᠢᠬᠤᠯᠠ ᠦᠶᠯᠡᠳᠦᠯ ᠢ ᠰᠠᠶᠢᠲᠤᠷ | ᠪᠠᠳᠠᠷᠠᠭᠤᠯᠵᠤ᠂ ᠲᠤᠰᠬᠠᠶᠢᠵᠢᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠪᠠ ᠭᠠᠴᠠᠭ᠎ᠠ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠠᠬᠢᠭᠤᠯᠤᠨ᠎ᠠ᠃ ᠮᠠᠯᠴᠢᠨ ᠲᠠᠷᠢᠶᠠᠴᠢᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠣᠷᠠᠯ ᠢ | ᠴᠢᠩᠭᠠᠳᠬᠠᠵᠤ᠂ ᠰᠣᠶᠣᠯ ᠲᠠᠢ᠂ ᠮᠡᠷᠭᠡᠵᠢᠯ ᠲᠠᠢ᠂ ᠴᠢᠳᠠᠪᠤᠷᠢ ᠲᠠᠢ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠳᠠᠭᠠᠭᠤᠯᠤᠭᠴᠢ ᠶᠢ ᠬᠥᠮᠦᠵᠢᠭᠦᠯᠦᠨ᠎ᠡ᠃ ᠠᠷᠠᠳ ᠲᠤ ᠠᠰᠢᠭ ᠬᠦᠷᠲᠡᠭᠡᠬᠦ ᠡᠯ᠎ᠡ ᠲᠦᠷᠦᠯ ᠤᠨ ᠰᠣᠶᠣᠯ ᠤᠨ ᠠᠵᠢᠯᠯᠠᠭ᠎ᠠ ᠶᠢ | ᠰᠠᠶᠢᠲᠤᠷ ᠥᠷᠨᠢᠭᠦᠯᠵᠦ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢ ᠲᠡᠭᠦᠯᠳᠡᠷᠵᠢᠭᠦᠯᠦᠨ᠂ ᠪᠣᠯᠪᠠᠰᠤᠨ ᠭᠠᠴᠠᠭ᠎ᠠ | ᠲᠤᠰᠬᠤᠨ᠂ ᠪᠣᠯᠪᠠᠰᠤᠨ ᠬᠡᠷ ᠪᠦᠯᠢ ᠵᠡᠷᠭᠡ ᠨᠡᠶᠢᠲᠡᠯᠢᠭ ᠵᠢᠱᠢᠶ᠎ᠡ ᠶᠢ ᠰᠣᠩᠭᠤᠬᠤ ᠡᠷᠴᠢᠮ ᠢᠶᠠᠨ ᠴᠢᠩᠭᠠᠷᠠᠭᠤᠯᠵᠤ᠂ | ᠪᠣᠯᠪᠠᠰᠤᠨ ᠰᠤᠷᠲᠠᠯ᠂ ᠰᠠᠶᠢᠨ ᠰᠠᠶᠢᠬᠠᠨ ᠬᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠶᠡᠭᠡ ᠪᠠᠷ | ᠬᠥᠮᠦᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠎ᠠ᠃ ᠠᠮᠢᠳᠤᠷᠠᠯ ᠤᠨ | ᠣᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠪᠣᠬᠢᠷ ᠤᠰᠤ᠂ ᠬᠤᠭ | ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠶᠳᠪᠦᠷᠢᠯᠡᠬᠦ ᠰᠢᠰᠲ᠋ᠧᠮ ᠪᠠ ᠣᠷᠣᠰᠢᠨ ᠠᠮᠢᠳᠤᠷᠠᠬᠤ ᠣᠷᠴᠢᠨ ᠲᠣᠭᠤᠷᠢᠨ ᠤ | ᠣᠷᠳᠣ ᠬᠤᠭᠤᠴᠠᠭᠠᠨ ᠳᠠᠬᠢ ᠪᠦᠲᠦᠮᠵᠢᠲᠡᠶ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠦᠷᠢᠨᠰᠢᠬᠦᠯᠵᠦ᠂ ︽ᠣᠷᠣᠰᠢᠨ | ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠭᠠᠴᠠᠭ᠎ᠠ ᠲᠣᠰᠬᠤᠨ︾ ᠪᠠ ︽ᠴᠡᠪᠡᠷ ᠲᠣᠬᠢᠯᠢᠭ ᠬᠦᠷᠢᠶ᠎ᠡ | ᠬᠠᠰᠢᠶ᠎ᠠ︾ ᠶᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠦᠨ᠂ ᠭᠠᠴᠠᠭ᠎ᠠ ᠲᠣᠰᠬᠤᠨ ᠤ ᠠᠷᠢᠭᠤᠨ ᠴᠡᠪᠡᠷ | ᠪᠠᠶᠢᠬᠤ ᠶᠢ ᠳᠥᠷᠢᠮᠵᠢᠭᠦᠯᠦᠨ ᠪᠠᠶᠢᠩᠭᠤᠵᠢᠭᠤᠯᠵᠤ᠂ ᠪᠥᠲᠦᠮᠵᠢᠲᠦ ᠴᠢᠨᠠᠷ ᠢ ᠪᠠᠲᠤᠯᠠᠨ᠎ᠠ᠃ ︽ᠵᠣᠷᠯᠣᠩ ᠤᠨ ᠬᠤᠪᠢᠰᠬᠠᠯ︾ | ᠢ ᠨᠠᠶᠢᠳᠠᠪᠤᠷᠢᠵᠢᠭᠤᠯᠵᠤ᠂ ᠰᠠᠭᠤᠷᠢ ᠨᠥᠬᠦᠴᠡᠯ ᠪᠠ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠦᠨᠳᠦᠰᠦᠯᠡᠨ᠂ ᠣᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠲᠤᠬᠢᠲᠠᠢ ᠰᠢᠶᠳᠪᠦᠷᠢᠯᠡᠨ᠎ᠡ᠃ ᠮᠠᠯ ᠵᠢᠭᠦᠷᠲᠡᠨ ᠤ ᠢᠯᠭᠠᠳᠠᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠬᠤ ᠲᠤᠷᠰᠢᠯᠲᠠ ᠶᠢᠨ ᠴᠡᠭ ᠤᠨ ᠳᠥᠰᠦᠯ ᠢ ᠭᠦᠨᠵᠡᠭᠡᠶ | ᠬᠡᠷᠡᠭᠵᠢᠭᠦᠯᠵᠦ᠂ 2025 ᠣᠨ ᠪᠣᠯᠬᠤ ᠳᠤ᠂ ᠮᠠᠯ ᠲᠡᠵᠢᠭᠡᠪᠦᠷᠢ ᠶᠢᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠨᠣᠷᠮ᠎ᠠ ᠶᠢ 90 % ᠠᠴᠠ ᠳᠡᠭᠡᠭᠰᠢ ᠳᠤ ᠬᠦᠷᠭᠡᠵᠦ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠢᠯᠭᠠᠳᠠᠰᠤ | ᠶᠢ ᠰᠢᠶᠳᠪᠦᠷᠢᠯᠡᠬᠦ ᠲᠤᠨᠤᠭ ᠲᠥᠬᠦᠭᠡᠷᠦᠮᠵᠢ ᠶᠢᠨ ᠢᠵᠢ ᠪᠦᠷᠢᠳᠦᠭᠰᠡᠨ ᠨᠣᠷᠮ᠎ᠠ ᠶᠢ 95 % ᠠᠴᠠ ᠳᠡᠭᠡᠭᠰᠢ ᠳᠤ | ᠬᠦᠷᠭᠡᠨ᠎ᠡ᠃ ᠲᠤᠷᠰᠢᠯᠲᠠ ᠶᠢᠨ ᠴᠡᠭ ᠠᠴᠠ ᠭᠠᠷᠳᠠᠵᠤ᠂ ᠲᠥᠪᠯᠡᠷᠡᠭᠦᠯᠦᠨ ᠲᠡᠵᠢᠭᠡᠬᠦ᠂ ᠬᠠᠰᠢᠶᠠᠯᠠᠨ ᠮᠠᠯᠵᠢᠬᠤ ᠬᠠᠰᠢᠶᠠᠯᠠᠨ | ᠲᠡᠵᠢᠭᠡᠬᠦ᠂ ᠦᠢᠯᠡᠳᠪᠦᠷᠢᠯᠡᠯ ᠠᠮᠢᠳᠤᠷᠠᠯ ᠢ ᠲᠤᠰᠠᠭᠠᠷᠯᠠᠬᠤ ᠵᠡᠷᠭᠡ ᠵᠠᠭᠪᠤᠷ ᠢ ᠬᠡᠷᠡᠭᠯᠡᠨ᠂ ᠰᠠᠭᠠᠯᠢ ᠶᠢᠨ ᠦᠨᠢᠶᠡᠨ ᠤ ᠮᠠᠯᠵᠢᠯ | ᠤᠨ ᠲᠣᠰᠬᠤᠨ ᠢ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠦᠢᠯᠡᠳᠪᠦᠷᠢᠯᠡᠯ ᠠᠮᠢᠳᠤᠷᠠᠯ ᠪᠠ ᠬᠤᠶᠢᠰᠢᠲᠠ ᠶᠢᠨ | ᠬᠥᠭᠵᠢᠯᠲᠡ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ | ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠬᠥᠳᠡᠭᠡ ᠣᠷᠤᠨ ᠨᠤᠲᠤᠭ ᠤᠨ ᠪᠥᠲᠥᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ᠤᠰᠤ᠂ ᠴᠠᠬᠢᠯᠭᠠᠨ᠂ ᠵᠠᠮ᠂ ᠲᠣᠤᠷ ᠰᠦᠯᠵᠢᠶ᠎ᠡ᠂ ᠴᠢᠮᠡᠭᠡ ᠬᠤᠯᠪᠤᠭ᠎ᠠ︾ | ᠵᠡᠷᠭᠡ ᠰᠠᠭᠤᠷᠢ ᠲᠥᠬᠦᠭᠡᠷᠦᠮᠵᠢ ᠶᠢᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ᠂ ᠮᠠᠯᠵᠢᠬᠤ ᠲᠠᠷᠢᠶᠠᠯᠠᠬᠤ | ᠣᠷᠣᠨ ᠤ ᠤᠤᠭᠤᠬᠤ ᠤᠰᠤᠨ ᠤ ᠠᠶᠤᠯᠭᠦᠢ ᠶᠢ ᠪᠠᠲᠤᠯᠠᠬᠤ ᠳᠥᠰᠦᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ 700 ᠭᠠᠷᠤᠶ ᠬᠤᠳᠳᠤᠭ ᠮᠠᠯᠲᠠᠵᠤ᠂ 600 ᠭᠠᠷᠤᠶ ᠢᠵᠢ ᠣᠣᠭᠤᠬᠤ ᠣᠰᠣᠨ ᠤ ᠴᠡᠪᠡᠷᠰᠢᠭᠦᠯᠦᠭᠴᠢ | ᠣᠭᠰᠠᠷᠬᠠᠤ ᠪᠠᠷ ᠲᠥᠯᠦᠪᠯᠡᠵᠦ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠦᠨᠡᠨᠬᠦ | ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠬᠠᠩᠭᠠᠯᠭ᠎ᠠ ᠶᠢ ᠪᠠᠲᠤᠯᠠᠨ ᠰᠠᠶᠢᠵᠢᠷᠠᠭᠤᠯᠵᠤ᠂ ᠰᠠᠩ ᠤᠨ | ᠳᠠᠯᠠᠢ ᠳᠠᠬᠢ 110 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠪᠠ ᠬᠠᠪᠢᠷᠭ᠎ᠠ ᠪᠠᠯᠭᠠᠰᠤ᠂ ᠨᠠᠷᠠᠲᠤ ᠰᠤᠮᠤ᠂ | ᠰᠠᠶᠢᠨᠬᠤᠳᠳᠤᠭ ᠰᠤᠮᠤ᠂ ︽ᠲᠠᠪᠦ ᠨᠢᠭᠡ︾ ᠮᠠᠯᠵᠢᠯ ᠤᠨ ᠲᠠᠯᠠᠪᠠᠢ᠂ ᠪᠣᠷᠣ ᠬᠤᠲᠠ ᠵᠢᠱᠢᠶ᠎ᠡ ᠦᠵᠡᠭᠦᠯᠬᠦ ᠲᠣᠭᠤᠷᠢᠭ ᠲᠤ 5 | ᠰᠠᠭᠤᠷᠢ 35 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢ ᠥᠷᠭᠡᠳᠬᠡᠨ ᠪᠠᠶᠢᠭᠤᠯᠵᠤ᠂ 1585 ᠺᠢᠯᠤᠮᠧᠲᠷ | ᠤᠨ ᠴᠠᠬᠢᠯᠭᠠᠨ ᠱᠤᠭᠤᠮ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠵᠠᠰᠠᠨ᠎ᠠ᠃ ︽ᠵᠠᠮ ᠤᠨ ᠬᠠᠷᠢᠭᠤᠴᠠᠯᠭᠠᠲᠠᠨ ᠤ | ᠲᠦᠷᠢᠮ︾ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠬᠥᠳᠡᠭᠡ ᠲᠣᠰᠬᠤᠨ ᠤ ᠳᠥᠷᠪᠡᠨ ᠰᠠᠶᠢᠨᠲᠠᠶ | ᠵᠠᠮ︾ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ 2025 | ᠣᠨ ᠪᠣᠯᠬᠤ ᠳᠤ᠂ 215 ᠺᠢᠯᠣᠮᠧᠲᠷ ᠰᠢᠶᠠᠨ ᠰᠢᠶᠠᠩ ᠤᠨ ᠵᠠᠮ ᠢ ᠥᠭᠡᠷᠡᠴᠢᠯᠡᠨ ᠵᠠᠰᠠᠵᠤ᠂ 218 . 8 ᠺᠢᠯᠣᠮᠧᠲᠷ ᠤᠨ | ᠭᠠᠴᠠᠭ᠎ᠠ ᠲᠣᠰᠬᠤᠨ ᠤ ᠵᠠᠰᠠᠮᠠᠯ ᠵᠠᠮ᠂ 150 ᠺᠢᠯᠣᠮᠧᠲᠷ ᠤᠨ ᠬᠠᠶᠢᠷ ᠴᠢᠯᠠᠭᠤᠨ ᠵᠠᠮ ᠢ ᠵᠠᠰᠠᠵᠤ᠂ ᠮᠠᠯᠴᠢᠨ ᠲᠠᠷᠢᠶᠠᠴᠢᠨ | ᠤ ᠶᠠᠪᠤᠵᠤ ᠰᠠᠭᠤᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠪᠣᠶᠢᠳᠠ ᠪᠥᠭᠯᠡᠭᠦᠦ ᠮᠠᠯᠵᠢᠬᠤ ᠣᠷᠣᠨ ᠤ | ᠴᠢᠮᠡᠭᠡ ᠬᠤᠯᠪᠤᠭᠠᠨ ᠤ ᠪᠦᠷᠬᠦᠴᠡ ᠶᠢ ᠨᠡᠮᠡᠭᠳᠡᠭᠦᠯᠵᠦ᠂ 5 G ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠶᠢ | ᠲᠦᠭᠡᠮᠡᠯᠵᠢᠭᠦᠯᠦᠨ ᠬᠡᠷᠡᠭᠯᠡᠬᠦ ᠶᠢ ᠨᠢᠭᠡᠳᠦᠯᠲᠡᠶ ᠲᠥᠯᠥᠪᠵᠢᠭᠦᠯᠦᠨ ᠲᠦᠷᠭᠡᠳᠬᠡᠨ᠎ᠡ᠃ ︽ᠠᠷᠪᠠᠨ ᠲᠥᠷᠪᠡᠳᠦᠭᠡᠷ ᠲᠠᠪᠤᠨ ᠵᠢᠯ︾ | ᠤᠨ ᠰᠡᠭᠦᠯᠴᠢ ᠶᠢᠨ ᠦᠶ᠎ᠡ ᠪᠣᠯᠬᠤ ᠳᠤ᠂ 4 G ᠨᠡᠭᠦᠳᠡᠯ ᠴᠢᠮᠡᠭᠡ ᠬᠤᠯᠪᠣᠭᠠᠨ ᠤ ᠰᠦᠯᠵᠢᠶ᠎ᠡ ᠶᠢ ᠪᠦᠬᠦᠨ ᠢ ᠪᠦᠷᠬᠦᠭᠦᠯᠬᠦ | ᠶᠢ ᠦᠨᠳᠦᠰᠦᠨ ᠳᠡᠭᠡᠨ ᠪᠡᠶᠡᠯᠡᠭᠦᠯᠵᠦ᠂ ᠰᠤᠮᠤ ᠪᠠᠯᠭᠠᠰᠣᠨ ︵ᠲᠠᠯᠠᠪᠠᠶ︶ ᠤ ᠲᠥᠪ ᠲᠤ 5 G ᠴᠢᠮᠡᠭᠡ ᠬᠤᠯᠪᠣᠭᠠᠨ ᠤ | ᠰᠦᠯᠵᠢᠶ᠎ᠡ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ | ︵ᠳᠥᠷᠪᠡ︶ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠴᠢᠨᠠᠷᠯᠢᠭ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠬᠥᠭᠵᠢᠭᠡᠨ᠎ᠡ᠃ ︽ᠳᠥᠰᠦᠯ ᠢ ᠠᠳᠬᠤᠬᠤ ᠨᠢ ᠳᠠᠷᠤᠶ ᠬᠥᠭᠵᠢᠯᠲᠡ ᠶᠢ ᠠᠳᠬᠤᠵᠤ ᠪᠠᠶᠢᠬᠤ︾ ᠭᠡᠬᠦ | ᠤᠶᠢᠯᠠᠭᠠᠭᠳᠠᠬᠤᠨ ᠢ ᠪᠠᠲᠤᠳᠬᠠᠨ᠂ ᠳᠡᠭᠡᠳᠦ ᠱᠠᠲᠤᠨ ᠤ ᠠᠵᠤ ᠦᠶᠯᠡᠰ ᠤᠨ ᠲᠥᠷᠥ ᠶᠢᠨ ᠪᠣᠳᠣᠯᠭ᠎ᠠ᠂ ᠪᠠᠯᠠ | ᠣᠷᠣᠭᠤᠯᠤᠯᠲᠠ ᠶᠢᠨ ᠭᠤᠤᠯᠳᠠᠯᠭ᠎ᠠ᠂ ᠪᠠᠯᠠ ᠣᠷᠣᠭᠤᠯᠤᠯᠲᠠ ᠶᠢᠨ ᠴᠢᠭᠯᠡᠯ ᠪᠣᠯᠤᠨ ᠳᠥᠰᠦᠯ ᠤᠨ ᠱᠠᠭᠠᠷᠳᠠᠯᠭ᠎ᠠ ᠶᠢ | ᠣᠨᠣᠪᠴᠢᠲᠠᠶ ᠡᠵᠡᠮᠳᠡᠵᠦ᠂ ᠨᠢᠭᠡ ᠪᠦᠯᠦᠭ ᠰᠠᠭᠤᠷᠢ ᠪᠡᠯᠡᠳᠬᠡᠮᠵᠢ ᠶᠢᠨ ᠳᠥᠰᠦᠯ᠂ ᠨᠡᠶᠢᠭᠡᠮ ᠤᠨ ᠠᠷᠠᠳ ᠤᠨ ᠠᠮᠢᠵᠢᠷᠠᠭᠠᠨ | ᠤ ᠳᠥᠰᠦᠯ᠂ ᠭᠠᠶᠢᠯᠢ ᠶᠢᠨ ᠢᠷᠡᠯᠲᠡ ᠶᠢ ᠨᠡᠮᠡᠭᠳᠡᠭᠦᠯᠬᠦ ᠳᠥᠰᠦᠯ᠂ ᠬᠡᠯᠬᠢᠶ᠎ᠡ ᠶᠢ ᠤᠷᠲᠤᠳᠬᠠᠵᠤ ᠴᠢᠳᠠᠪᠬᠢ ᠶᠢ ᠥᠷᠭᠡᠳᠬᠡᠬᠦ | ᠳᠥᠰᠦᠯ ᠢ ᠨᠠᠷᠢᠨ ᠬᠢᠨᠠᠮᠠᠭᠠᠶ ᠲᠥᠯᠥᠪᠵᠢᠭᠦᠯᠦᠨ ᠠᠬᠢᠭᠤᠯᠵᠤ᠂ ᠴᠢᠨᠠᠷᠯᠢᠭ ᠬᠥᠭᠵᠢᠯᠲᠡ ᠶᠢᠨ ᠲᠤᠲᠠᠭᠳᠠᠯ ᠢ ᠨᠥᠬᠦᠪᠥᠷᠢᠯᠡᠨ᠎ᠡ | ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠤᠨ ᠰᠢᠨ᠎ᠡ ᠠᠬᠢᠴᠠ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ | ᠾᠧᠪᠧᠢ ᠶᠢᠨ ᠠᠵᠤ ᠦᠢᠯᠡᠰ ᠤᠨ ᠰᠢᠯᠵᠢᠯᠲᠡ᠂ ᠭᠤᠣᠯᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ | ᠨᠥᠬᠦᠪᠥᠷᠢᠯᠡᠬᠦ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠤᠨ ᠲᠣᠭᠤᠷᠢᠨ ᠳᠤ᠂ | ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ᠂ | ᠨᠢᠭᠡᠳᠦᠯᠲᠡᠢ ᠠᠷᠠᠯᠵᠢᠶᠠᠴᠢᠨ ᠤᠷᠢᠬᠤ᠂ ᠲᠠᠪᠴᠠᠩ ᠢᠶᠠᠷ ᠠᠷᠠᠯᠵᠢᠶᠠᠴᠢᠨ ᠤᠷᠢᠬᠤ ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ᠂ | ᠵᠠᠰᠠᠭ ᠵᠠᠬᠢᠷᠭᠠᠨ᠂ ᠵᠠᠬ᠎ᠠ ᠳᠡᠯᠭᠡᠭᠦᠷ᠂ ᠨᠡᠶᠢᠭᠡᠮ ᠨᠡᠶᠢᠲᠡ ᠪᠠᠷ ᠢᠶᠠᠨ ᠠᠷᠠᠯᠵᠢᠶᠠᠴᠢᠨ ᠤᠷᠢᠬᠤ ᠶᠢ ᠵᠣᠷᠢᠭᠵᠢᠭᠤᠯᠵᠤ᠂ ᠨᠢᠭᠡ | ᠪᠦᠯᠦᠭ ᠭᠤᠣᠯᠯᠠᠭᠴᠢ ᠥᠷᠢᠰᠥᠯᠳᠦᠭᠡᠨ ᠤ ᠳᠠᠪᠠᠭᠤᠯᠢᠭ ᠲᠠᠢ᠂ ᠠᠰᠢᠭ ᠬᠦᠷᠲᠡᠬᠦ ᠬᠡᠪᠴᠢᠶ᠎ᠡ ᠪᠠᠷ ᠥᠷᠭᠡᠨ᠂ ᠰᠢᠯᠢᠳᠡᠭ | ᠳᠥᠰᠦᠯ᠂ ᠤᠷᠲᠤ ᠬᠤᠭᠤᠴᠠᠭᠠᠨ ᠤ ᠳᠥᠰᠦᠯ ᠢ ᠲᠡᠳᠡᠨ ᠣᠷᠣᠭᠤᠯᠬᠤ ᠪᠠᠷ ᠴᠢᠷᠮᠠᠶᠢᠵᠤ᠂ ᠠᠶᠢᠮᠠᠭ ᠤᠨ ᠭᠠᠳᠠᠨ᠎ᠠ ᠠᠴᠠ | 65 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠡᠳᠡᠨ ᠣᠷᠣᠭᠤᠯᠬᠤ ᠪᠠᠷ ᠬᠦᠴᠦᠯᠡᠨ᠎ᠡ᠃ ᠳᠥᠰᠦᠯ ᠤᠨ ᠬᠥᠮᠥᠷᠭᠡ ᠶᠢᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠳᠠᠷᠤᠭᠳᠠᠮᠠᠯ ᠳᠥᠰᠦᠯ ᠢ ᠲᠤᠬᠢᠲᠠᠢ ᠰᠢᠢᠳᠪᠦᠷᠢᠯᠡᠵᠦ᠂ ᠳᠥᠰᠦᠯ ᠤᠨ | ᠨᠥᠭᠡᠴᠡ ᠶᠢ ᠲᠡᠭᠦᠯᠳᠡᠷᠵᠢᠭᠦᠯᠦᠨ᠂ ᠳᠥᠰᠦᠯ ᠤᠨ ᠪᠥᠲᠥᠭᠡᠨ ᠪᠠᠶᠢᠭᠤᠯᠤᠯᠲᠠ ᠶᠢᠨ ᠱᠠᠲᠤᠴᠢ ᠴᠢᠨᠠᠷᠲᠠᠢ ᠬᠥᠭᠵᠢᠯᠲᠡ ᠶᠢᠨ | ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ ᠪᠠᠯᠠ ᠣᠷᠣᠭᠤᠯᠤᠯᠲᠠ ᠶᠢᠨ ᠳᠥᠰᠦᠯ ᠳᠤ ᠮᠥᠷᠳᠡᠨ ᠦᠢᠯᠡᠴᠢᠯᠡᠬᠦ | ᠪᠠᠶᠢᠩᠭᠤ ᠶᠢᠨ ᠲᠣᠭᠲᠠᠴᠠ ᠶᠢ ᠪᠦᠷᠢᠨᠰᠢᠭᠦᠯᠵᠦ᠂ ᠳᠥᠰᠦᠯ ᠢ ᠨᠠᠶᠢᠳᠠᠪᠤᠷᠢᠵᠢᠭᠤᠯᠬᠤ ᠬᠤᠭᠤᠴᠠᠭᠠᠨ ᠤ ᠬᠦᠢᠴᠡᠳᠬᠡᠯ ᠢ | ᠱᠠᠯᠠᠪᠳᠠᠬᠤ᠂ ᠪᠠᠶᠢᠭᠤᠯᠵᠤ ᠪᠠᠶᠢᠭ᠎ᠠ ᠳᠥᠰᠦᠯ ᠤᠨ ᠠᠬᠢᠴᠠ ᠶᠢ ᠲᠦᠷᠭᠡᠳᠬᠡᠬᠦ᠂ ᠪᠠᠶᠢᠭᠤᠯᠵᠤ ᠳᠠᠭᠤᠰᠬᠠᠭᠰᠠᠨ ᠳᠥᠰᠦᠯ | ᠤᠨ ᠠᠰᠢᠭᠯᠠᠯᠲᠠ ᠳᠤ ᠤᠷᠤᠬᠤ ᠶᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠳᠥᠰᠦᠯ ᠢ ᠠᠬᠢᠭᠤᠯᠬᠤ ᠵᠠᠩᠭᠢᠯᠠᠭ᠎ᠠ ᠶᠢ | ᠠᠳᠬᠤᠵᠦ᠂ ᠭᠤᠤᠯᠳᠠᠯᠭ᠎ᠠ ᠲᠠᠢ ᠳᠥᠰᠦᠯ ᠢ ᠡᠬᠢᠯᠡᠭᠦᠯᠬᠦ ᠶᠣᠰᠣᠲᠠᠶ ᠶᠢ ᠨᠢ ᠪᠦᠬᠦᠨ ᠢ ᠡᠬᠢᠯᠡᠭᠦᠯᠵᠦ᠂ ᠪᠡᠯᠡ ᠣᠷᠣᠭᠤᠯᠬᠤ | ᠶᠣᠰᠣᠲᠠᠶ ᠳᠤ ᠨᠢ ᠪᠡᠯᠡ ᠣᠷᠣᠭᠤᠯᠬᠤ ᠶᠢ ᠦᠨᠡᠨ ᠬᠦ ᠪᠠᠲᠤᠯᠠᠨ᠎ᠠ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ | ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ︽ᠰᠣᠯᠠᠯᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢ | ᠬᠡᠷᠡᠭᠵᠢᠭᠦᠯᠦᠨ᠂ ᠬᠢᠨᠠᠨ ᠵᠥᠪᠰᠢᠶᠡᠷᠡᠬᠦ ᠪᠠ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ︽ᠨᠢᠭᠡ ᠯᠡ ᠤᠳᠠᠭ᠎ᠠ | ᠳᠤ ᠬᠦᠢᠴᠡᠳᠬᠡᠵᠦ ᠳᠡᠶᠢᠯᠬᠦ︾ ᠪᠣᠯᠭᠠᠨ᠎ᠠ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ | ᠶᠢ ᠴᠢᠩᠭᠠᠳᠬᠠᠵᠤ᠂ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠬᠦᠴᠦᠨ | ᠨᠡᠮᠡᠷᠢᠯᠡᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠢᠯ ᠲᠦᠷᠦᠯ | ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠤᠨ | ᠬᠥᠭᠵᠢᠯᠲᠡ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠯᠲᠠ ᠶᠢ ᠲᠦᠯᠬᠢᠨ | ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠪᠠᠶᠢᠴᠠᠭᠠᠯᠲᠠ᠂ ᠲᠣᠭᠤᠷᠢᠨ ᠦᠵᠡᠵᠦ ᠬᠢᠨᠠᠨ ᠪᠠᠶᠢᠴᠠᠭᠠᠬᠤ | ᠠᠵᠢᠯᠯᠠᠭ᠎ᠠ ᠶᠢ ᠵᠢᠷᠤᠮᠵᠢᠭᠤᠯᠤᠨ᠂ ᠠᠶᠤᠯ ᠲᠦᠭᠰᠢᠭᠦᠷᠢ ᠶᠢᠨ ᠰᠠᠨᠠᠭᠤᠯᠤᠮᠵᠢ᠂ ᠵᠠᠰᠠᠭ ᠵᠠᠬᠢᠷᠭᠠᠨ ᠤ ᠰᠠᠨᠠᠭᠤᠯᠭ᠎ᠠ ᠵᠡᠷᠭᠡ | ᠪᠠᠭᠲᠠᠭᠠᠮᠵᠢᠲᠠᠢ ᠪᠣᠯᠭᠤᠮᠵᠢᠲᠠᠢ ᠬᠢᠨᠠᠨ ᠬᠠᠮᠢᠶᠠᠷᠤᠯᠲᠠ ᠶᠢᠨ ᠠᠷᠭ᠎ᠠ ᠪᠣᠳᠤᠯᠭ᠎ᠠ ᠶᠢ ᠬᠡᠷᠡᠭᠵᠢᠭᠦᠯᠵᠦ ᠭᠤᠣᠯᠳᠠᠯᠭ᠎ᠠ ᠲᠠᠢ | ᠳᠥᠰᠦᠯ᠂ ᠭᠤᠣᠯᠳᠠᠯᠭ᠎ᠠ ᠲᠠᠢ ᠠᠵᠤ ᠠᠬᠤᠶᠢᠯᠠᠯ ᠢ ᠳᠠᠭᠠᠭᠠᠴᠢᠯᠠᠨ ᠬᠠᠷᠢᠭᠤᠴᠠᠬᠤ ᠦᠢᠯᠡᠴᠢᠯᠡᠭᠡᠨ ᠤ ᠲᠣᠭᠲᠠᠴᠠ ᠶᠢ | ᠲᠡᠭᠦᠯᠳᠡᠷᠵᠢᠭᠦᠯᠦᠨ᠂ ︽ᠬᠤᠳᠠᠯᠳᠤᠭᠠᠴᠢᠨ ᠢ ᠳᠣᠲᠣᠨᠣᠴᠢᠯᠠᠬᠤ᠂ ᠴᠢᠬᠤᠯᠠᠴᠢᠯᠠᠬᠤ᠂ ᠲᠣᠭᠲᠠᠪᠤᠷᠢᠵᠢᠭᠤᠯᠬᠤ᠂ | ᠪᠠᠶᠠᠵᠢᠭᠤᠯᠬᠤ᠂ ᠬᠠᠮᠠᠭᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠨ᠎ᠠ᠃ ︽ᠲᠠᠪᠦ ᠨᠢᠭᠡ︾ | ᠮᠠᠯᠵᠢᠯ ᠤᠨ ᠲᠠᠯᠠᠪᠠᠶ᠂ ᠪᠣᠷᠤ ᠬᠤᠲᠠ ᠵᠢᠱᠢᠶ᠎ᠡ ᠦᠵᠡᠭᠦᠯᠬᠦ ᠲᠣᠭᠤᠷᠢᠭ ᠪᠠ ᠷᠠᠰᠢᠶᠠᠨᠲᠤ ᠮᠠᠯᠵᠢᠯ ᠤᠨ ᠲᠠᠯᠠᠪᠠᠶ ᠶᠢᠨ | ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠬᠠᠮᠢᠶᠠᠷᠤᠯᠲᠠ ᠶᠢᠨ ᠲᠤᠭᠲᠠᠯᠴᠠᠭ᠎ᠠ ᠶᠢ ᠤᠯᠠᠮ ᠨᠢᠭᠡ ᠠᠯᠬᠤᠮ | ᠰᠢᠯᠤᠭᠤᠳᠬᠠᠵᠤ᠂ ᠤᠯᠤᠰ ᠤᠨ ᠥᠮᠴᠢᠯᠡᠯᠲᠦ ᠡᠬᠢ ᠪᠠᠶᠠᠯᠢᠭ ᠢ ᠰᠠᠶᠢᠲᠤᠷ ᠠᠰᠢᠭᠯᠠᠨ ᠤᠯᠤᠰ ᠤᠨ ᠥᠮᠴᠢᠯᠡᠯᠲᠦ | ᠲᠠᠷᠢᠶᠠᠯᠠᠩ ᠮᠠᠯᠵᠢᠯ ᠤᠨ ᠲᠠᠯᠠᠪᠠᠶ ᠶᠢᠨ ᠲᠣᠰ ᠪᠡᠶ᠎ᠡ ᠶᠢᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠡᠦᠬᠡ ᠶᠢᠨ | ᠦᠯᠡᠳᠡᠭᠳᠡᠯ ᠠᠰᠠᠭᠤᠳᠠᠯ ᠢ ᠰᠢᠶᠳᠪᠦᠷᠢᠯᠡᠨ᠎ᠡ᠃ ᠰᠠᠭᠤᠷᠢ ᠪᠠᠲᠤᠯᠭᠠᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠲᠠᠶᠢᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ᠂ ᠰᠢᠨ᠎ᠡ ᠪᠠᠷ ᠪᠠᠶᠢᠭᠤᠯᠬᠤ ᠭᠡᠵᠦ ᠪᠠᠶᠢᠭ᠎ᠠ ᠢᠷᠭᠡᠨ ᠤ ᠨᠢᠰᠬᠡᠯ ᠤᠨ | ᠪᠠᠭᠤᠳᠠᠯ ᠵᠡᠷᠭᠡ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠥᠰᠦᠯ ᠢ | ᠵᠣᠬᠢᠴᠠᠭᠤᠯᠤᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠷᠢᠶᠡᠨ ᠠᠴᠠ ᠭᠤᠸᠠᠩᠵᠸᠤ ᠬᠦᠷᠬᠦ ᠥᠨᠳᠦᠷ | ᠬᠤᠷᠳᠣᠴᠠᠲᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠳᠥᠰᠦᠯ ᠢ ᠪᠠᠶᠢᠭᠤᠯᠵᠤ᠂ ᠵᠠᠮ ᠬᠠᠷᠢᠯᠴᠠᠭᠠᠨ ᠤ | ᠰᠢᠰᠲ᠋ᠧᠮ ᠢ ᠣᠯᠠᠮ ᠪᠥᠷᠢᠨᠰᠢᠭᠦᠯᠦᠨ᠎ᠡ᠃ ᠬᠦᠷᠢᠶᠡᠯᠡᠩ ᠲᠣᠭᠤᠷᠢᠭ ᠤᠨ ᠪᠠᠭᠲᠠᠭᠠᠮᠵᠢ ᠶᠢ ᠤᠯᠠᠮ ᠨᠢᠭᠡ ᠠᠯᠬᠤᠮ | ᠥᠷᠭᠡᠳᠬᠡᠵᠦ᠂ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ ᠣᠷᠣᠵᠤ ᠢᠯᠴᠢ᠂ ᠬᠡᠢ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠠᠯᠬᠤᠮ ᠠᠯᠬᠤᠮ ᠢᠶᠠᠷ ᠰᠢᠶᠳᠪᠦᠷᠢᠯᠡᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠥᠪᠯᠡᠷᠡᠨ | ᠬᠥᠭᠵᠢᠬᠦ ᠶᠢ ᠲᠦᠯᠬᠢᠨ ᠠᠬᠢᠭᠤᠯᠤᠨ᠎ᠠ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠱᠠᠩᠳᠤ ᠪᠠᠯᠭᠠᠰᠤᠨ ᠤ | ︽ᠬᠥᠨᠳᠡᠯᠡᠨ ᠲᠣᠯᠤᠭ᠎ᠠ ᠭᠤᠯᠳᠤ ᠲᠠᠪᠤᠨ︾ ᠵᠠᠮ ᠱᠤᠭᠤᠮ ᠤᠨ ᠰᠦᠯᠵᠢᠶᠡᠵᠢᠭᠰᠡᠨ ᠪᠠᠶᠢᠷᠢᠰᠢᠯ ᠢ ᠲᠡᠭᠦᠯᠳᠡᠷᠵᠢᠭᠦᠯᠵᠦ᠂ | ᠤᠰᠤ᠂ ᠬᠡᠢ᠂ ᠢᠯᠴᠢ᠂ ᠴᠠᠬᠢᠯᠭᠠᠨ ᠪᠠᠲᠤᠯᠠᠭ᠎ᠠ ᠶᠢ ᠴᠢᠩᠭᠠᠳᠬᠠᠵᠤ᠂ ᠱᠠᠩᠳᠤ ᠪᠠᠯᠭᠠᠰᠤᠨ ᠤ ᠵᠡᠭᠦᠨ ᠪᠠᠷᠠᠭᠤᠨ ᠡᠭᠦᠳᠡᠨ ᠤ | ᠳᠠᠭᠠᠤ ᠥᠩᠭᠡ ᠳᠥᠷᠬᠦ ᠶᠢ ᠥᠭᠡᠷᠡᠴᠢᠯᠡᠨ ᠰᠢᠨᠡᠳᠬᠡᠵᠦ᠂ ︽ᠨᠢᠭᠡ ᠲᠠᠯᠠᠪᠠᠢ ᠭᠤᠷᠪᠠᠨ ᠬᠦᠷᠢᠶᠡᠯᠡᠩ︾ ᠤᠨ ᠬᠠᠮᠢᠶᠠᠷᠤᠯᠲᠠ | ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠯᠭᠠᠰᠣᠨ ᠲᠥᠪ ᠤᠨ ᠲᠡᠷᠭᠡᠨ ᠵᠣᠭᠰᠣᠭᠠᠯ᠂ ᠤᠯᠠᠨ ᠨᠡᠶᠢᠲᠡ | ᠶᠢᠨ ᠡᠷᠡᠭᠦᠯ ᠬᠠᠮᠠᠭᠠᠯᠠᠯ ᠤᠨ ᠲᠠᠰᠤᠭ᠂ ᠬᠤᠭ ᠨᠣᠪᠰᠢ ᠶᠢ ᠳᠠᠮᠵᠢᠭᠤᠯᠬᠤ ᠦᠷᠲᠡᠭᠡ ᠵᠡᠷᠭᠡ ᠰᠠᠭᠤᠷᠢ ᠲᠥᠬᠦᠭᠡᠷᠦᠮᠵᠢ ᠶᠢ | ᠪᠦᠷᠢᠨᠰᠢᠭᠦᠯᠦᠨ᠎ᠡ᠃ ᠨᠢᠭᠡ ᠪᠦᠯᠦᠭ ᠨᠡᠷ᠎ᠡ ᠬᠦᠨᠳᠦᠲᠡᠶ᠂ ᠪᠣᠳᠠᠲᠤ ᠬᠦᠴᠦᠨ ᠲᠠᠢ ᠭᠡᠷ ᠪᠠᠶᠢᠰᠢᠩ ᠭᠠᠵᠠᠷ ᠬᠥᠷᠥᠩᠭᠡ ᠶᠢᠨ | ᠠᠵᠤ ᠠᠬᠤᠶᠢᠯᠠᠯ ᠢ ᠲᠡᠳᠡᠨ ᠣᠷᠣᠭᠤᠯᠵᠤ᠂ ᠮᠢᠩᠭᠠᠨ ᠡᠷᠦᠬᠡ ᠠᠴᠠ ᠳᠡᠭᠡᠭᠰᠢᠬᠢ ᠰᠣᠳᠣᠨ ᠰᠠᠭᠤᠭᠠᠯᠢ ᠠᠷᠠᠳ ᠤᠨ | ᠲᠣᠭᠤᠷᠢᠭ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠪᠣᠷᠤ ᠭᠡᠷ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠶᠢᠨ ᠡᠷᠴᠢᠮ | ᠢ ᠨᠡᠮᠡᠭᠳᠡᠭᠦᠯᠦᠨ᠂ ᠣᠷᠣᠨ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠠᠭᠤᠴᠢᠨ ᠰᠠᠭᠤᠭᠠᠯᠢ ᠲᠣᠭᠤᠷᠢᠭ ᠤᠨ | ᠥᠭᠡᠷᠡᠴᠢᠯᠡᠯᠲᠡ ᠶᠢ ᠠᠬᠢᠭᠤᠯᠵᠤ᠂ 11 ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠳᠥᠰᠦᠯ ᠢ ᠬᠡᠷᠡᠭᠵᠢᠬᠦᠯᠦᠨ᠎ᠡ᠃ ᠬᠤᠲᠠ ᠪᠠᠯᠭᠠᠰᠣᠨ ᠤ ᠨᠠᠷᠢᠯᠢᠭᠵᠢᠭᠰᠠᠨ ᠬᠠᠮᠢᠶᠠᠷᠤᠯᠲᠠ ᠶᠢ | ᠴᠢᠩᠭᠠᠳᠬᠠᠵᠤ᠂ ᠬᠤᠲᠠ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠡᠳᠦᠷ ᠲᠤᠲᠤᠮ ᠤᠨ | ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠲᠡᠭᠦᠷᠭᠡ ᠶᠢᠨ ᠣᠷᠴᠢᠨ ᠲᠣᠭᠤᠷᠢᠨ ᠤ ᠠᠷᠢᠭᠤᠨ | ᠴᠡᠪᠡᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠨᠡᠶᠢᠭᠡᠮ ᠲᠣᠭᠤᠷᠢᠭ ᠤᠨ ᠨᠢᠭᠡᠴᠢᠯᠡᠭᠰᠡᠨ ᠬᠠᠮᠢᠶᠠᠷᠤᠯᠲᠠ ᠶᠢ ᠠᠬᠢᠭᠤᠯᠤᠨ᠎ᠠ᠃ ᠰᠠᠭᠤᠭᠠᠯᠢ ᠠᠷᠠᠳ ᠤᠨ | ᠲᠣᠭᠤᠷᠢᠭ ᠤᠨ ᠰᠠᠭᠤᠷᠢ ᠪᠡᠯᠡᠳᠬᠡᠮᠵᠢ ᠨᠢ ᠪᠠᠭᠤᠷᠠᠶ᠂ ᠠᠳᠠᠯ ᠠᠬᠤᠢ ᠶᠢᠨ ᠰᠦᠶᠳᠬᠡᠯ ᠲᠤᠰᠢᠶᠠᠬᠤ ᠨᠣᠷᠮ᠎ᠠ ᠨᠢ ᠳᠣᠤᠷ᠎ᠠ᠂ | ᠠᠳᠠᠯ ᠠᠬᠤᠢ ᠶᠢᠨ ᠦᠢᠯᠡᠴᠢᠯᠡᠭᠡ ᠪᠠᠭᠤᠷᠠᠢ ᠵᠡᠷᠭᠡ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ | ᠪᠠᠷ ᠬᠥᠲᠥᠯᠥᠨ ᠵᠢᠯᠣᠭᠤᠳᠬᠤ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ | ᠥᠮᠴᠢᠲᠡᠨ ᠤ ᠵᠥᠪᠯᠡᠯ᠂ ᠠᠳᠠᠯ ᠠᠬᠤᠢ ᠶᠢᠨ ᠬᠠᠮᠢᠶᠠᠷᠤᠯᠲᠠ ᠶᠢ ᠪᠥᠷᠢᠨᠰᠢᠭᠦᠯᠬᠦ ᠶᠢ ᠠᠬᠢᠭᠤᠯᠤᠨ᠎ᠠ᠃ ᠰᠤᠮᠤ ᠪᠠᠯᠭᠠᠰᠣᠨ ︵ | ᠲᠠᠯᠠᠪᠠᠢ︶ ᠤ ᠡᠵᠡᠮᠰᠢᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠵᠢᠴᠢ ᠬᠤᠲᠠ ᠶᠢᠨ ᠵᠢᠷᠤᠭ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠣᠨᠴᠠᠯᠢᠭᠲᠤ ᠵᠢᠵᠢᠭ ᠪᠠᠯᠭᠠᠰᠤ ᠪᠠ ᠵᠤᠭᠠᠴᠠᠯ ᠤᠨ ᠬᠤᠲᠠ ᠪᠠᠯᠭᠠᠰᠤᠨ | ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠰᠠᠩ ᠤᠨ ᠳᠠᠯᠠᠢ ᠪᠠᠯᠭᠠᠰᠤᠨ ᠤ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ ᠲᠠᠪᠤᠨ ᠵᠢᠯ ᠤᠨ ᠳᠣᠲᠣᠷ᠎ᠠ ᠪᠠᠯᠭᠠᠰᠤᠨ ᠲᠥᠪ ᠤᠨ ᠪᠦᠲᠦᠭᠡᠨ ᠪᠠᠶᠢᠭᠤᠯᠤᠯᠲᠠ ᠶᠢ ᠢᠯᠡᠳᠲᠡ | ᠰᠠᠶᠢᠵᠢᠷᠠᠭᠤᠯᠤᠨ᠎ᠠ᠃ | ︵ᠲᠠᠪᠤ︶ ᠠᠷᠠᠳ ᠲᠦᠮᠡᠨ ᠢ ᠲᠡᠷᠢᠭᠦᠨ ᠳᠤ ᠪᠣᠳᠤᠯᠬᠢᠯᠠᠬᠤ ᠵᠠᠷᠴᠢᠮ ᠢ ᠪᠠᠷᠢᠮᠲᠠᠯᠠᠵᠤ᠂ ᠴᠢᠨᠠᠷᠯᠢᠭ ᠬᠥᠭᠵᠢᠯᠲᠡ ᠶᠢᠨ | ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠎ᠡ᠃ ᠠᠷᠠᠳ ᠲᠦᠮᠡᠨ ᠢᠶᠠᠷ ᠲᠥᠪ ᠪᠣᠯᠭᠠᠬᠤ ᠬᠥᠭᠵᠢᠯᠲᠡ ᠶᠢᠨ ᠦᠵᠡᠯᠲᠡ ᠶᠢ | ᠪᠠᠲᠤ ᠪᠤᠢ ᠪᠣᠯᠭᠠᠵᠤ᠂ ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠬᠡᠷᠡᠭ ᠶᠠᠪᠤᠳᠠᠯ ᠢ ᠠᠷᠠᠳ ᠤᠨ ᠰᠡᠳᠬᠢᠯ ᠢ | ᠵᠠᠰᠠᠬᠤ ᠶᠡᠭᠡ ᠠᠵᠢᠯ ᠪᠣᠯᠭᠠᠨ ᠪᠣᠳᠠᠲᠠᠢ ᠠᠳᠬᠤᠵᠤ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ᠂ ᠲᠦᠪᠡᠭᠳᠡᠵᠦ ᠪᠠᠶᠢᠭ᠎ᠠ | ᠂ ᠵᠣᠪᠠᠵᠤ ᠪᠠᠶᠢᠭ᠎ᠠ ᠶᠠᠪᠤᠳᠠᠯ ᠢ ᠬᠦᠴᠦ ᠲᠠᠯᠪᠢᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠷᠠᠳ ᠲᠦᠮᠡᠨ ᠳᠤ | ᠲᠠᠭᠠᠰᠢᠶᠠᠭᠳᠠᠭᠰᠠᠨ ᠰᠣᠶᠣᠯ ᠰᠤᠷᠭᠠᠨ ᠬᠥᠮᠦᠵᠢᠯ ᠤᠨ ᠦᠢᠯᠡᠰ ᠡᠷᠬᠢᠯᠡᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠪᠠ ᠬᠤᠯᠪᠣᠭᠳᠠᠯ ᠪᠦᠬᠦᠢ ᠥᠭᠡᠷᠡᠴᠢᠯᠡᠯᠲᠡ ᠶᠢ ᠰᠠᠶᠢᠲᠤᠷ ᠨᠠᠶᠢᠳᠠᠪᠤᠷᠢᠵᠢᠭᠤᠯᠵᠤ᠂ | ᠰᠤᠷᠭᠠᠭᠤᠯᠢ ᠶᠢᠨ ᠦᠭᠡ ᠬᠡᠯᠡ ᠦᠰᠦᠭ ᠪᠢᠴᠢᠭ ᠢ ᠵᠢᠷᠤᠮᠵᠢᠭᠤᠯᠤᠨ ᠪᠠᠷᠢᠮᠵᠢᠶ᠎ᠠ ᠳᠤ ᠬᠦᠷᠭᠡᠬᠦ ᠱᠠᠭᠠᠷᠳᠠᠯᠭ᠎ᠠ ᠶᠢ ᠪᠦᠬᠦ | ᠲᠠᠯ᠎ᠠ ᠪᠠᠷ ᠪᠡᠶᠡᠯᠡᠭᠦᠯᠦᠨ᠎ᠡ᠃ ᠦᠨᠳᠦᠰᠦᠨ ᠳᠤ ᠪᠠᠨ ᠲᠡᠩᠴᠡᠭᠦᠷᠢᠲᠡᠶ ᠪᠠᠶᠢᠭ᠎ᠠ ᠦᠷ᠎ᠡ ᠪᠦᠲᠦᠭᠡᠯ ᠢᠶᠠᠨ ᠪᠠᠲᠤᠳᠬᠠᠨ᠂ | ᠰᠤᠷᠭᠠᠭᠤᠯᠢ ᠶᠢᠨ ᠬᠦᠷᠢᠶᠡᠨ ᠤ ᠰᠠᠭᠤᠷᠢ ᠪᠡᠯᠡᠳᠬᠡᠮᠵᠢ ᠪᠠ ᠰᠤᠷᠭᠠᠭᠤᠯᠢ ᠶᠢᠨ ᠬᠦᠷᠢᠶᠡᠨ ᠤ ᠣᠶᠤᠨᠴᠢᠯᠠᠭᠰᠠᠨ | ᠪᠠᠶᠢᠭᠤᠯᠤᠯᠲᠠ ᠶᠢ ᠴᠢᠩᠭᠠᠳᠬᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠣᠷᠤᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ | ᠲᠤᠬᠢᠷᠠᠭᠤᠯᠵᠤ᠂ ᠬᠤᠶᠠᠳᠤᠭᠠᠷ ᠪᠠᠭ᠎ᠠ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠳᠥᠰᠦᠯ ᠢ ᠬᠡᠷᠡᠭᠵᠢᠭᠦᠯᠬᠦ ᠶᠢᠨ ᠬᠠᠮᠲᠦ᠂ | ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠬᠤᠭᠤᠯᠠᠨ ᠲᠢᠩᠭᠢᠮ ᠢ | ᠥᠭᠡᠷᠡᠴᠢᠯᠡᠨ ᠪᠠᠶᠢᠭᠤᠯᠬᠤ ᠢᠨᠵᠧᠨᠧᠷᠢᠩ ᠪᠠ ᠬᠤᠶᠠᠳᠤᠭᠠᠷ ᠳᠤᠮᠳᠠᠳᠤ ᠰᠤᠷᠭᠠᠭᠤᠯᠢ ᠶᠢ ᠵᠠᠰᠠᠨ ᠰᠢᠨᠡᠳᠬᠡᠬᠦ ᠳᠥᠰᠦᠯ ᠢ | ᠠᠬᠢᠭᠤᠯᠤᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ︽ᠨᠢᠭᠡ | ᠵᠢᠯ ᠳᠤ ᠰᠠᠭᠤᠷᠢ ᠶᠢ ᠲᠠᠯᠪᠢᠵᠤ᠂ ᠬᠤᠶᠠᠷ ᠵᠢᠯ ᠳᠤ ᠪᠠᠲᠤᠳᠬᠠᠨ᠂ ᠭᠤᠷᠪᠠᠨ ᠵᠢᠯ ᠳᠤ ᠠᠩᠬ᠎ᠠ ᠠᠯᠬᠤᠮ ᠤᠨ ᠦᠷ᠎ᠡ | ᠪᠦᠲᠦᠮᠵᠢ ᠤᠯᠬᠤ︾ ᠰᠡᠳᠬᠢᠮᠵᠢ ᠶᠣᠰᠣᠭᠠᠷ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠲᠤᠨ ᠳᠤ | ᠰᠢᠯᠢᠳᠡᠭ ᠵᠢᠭᠠᠨ ᠰᠣᠷᠭᠠᠯᠲᠠ ᠶᠢ ᠲᠥᠭᠡᠮᠡᠯᠵᠢᠭᠦᠯᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠥᠪ ᠭᠤᠤᠯᠴᠢ | ᠲᠡᠩᠴᠡᠭᠦᠷᠢᠲᠡᠶ ᠪᠠᠶᠢᠯᠭᠠᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ | ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠴᠢᠬᠤᠯᠠᠴᠢᠯᠠᠨ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠣᠨᠴᠠᠯᠢᠭ ᠢ ᠲᠣᠪᠤᠶᠢᠯᠭᠠᠨ᠎ᠠ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ | ᠰᠤᠷᠭᠠᠭᠤᠯᠢ᠂ ᠰᠢᠯᠢ ᠶᠢᠨ ᠭᠤᠤᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠬᠠᠮᠲᠤᠷᠠᠯᠴᠠᠭ᠎ᠠ | ᠪᠠᠶᠢᠭᠤᠯᠤᠨ ᠰᠣᠷᠭᠠᠨ ᠬᠦᠮᠦᠵᠢᠬᠦᠯᠬᠦ ᠪᠠ ᠰᠤᠷᠭᠠᠨ ᠬᠥᠮᠦᠵᠢᠯ ᠢ ᠳᠡᠮᠵᠢᠬᠦ ᠬᠠᠷᠢᠴᠠᠭ᠎ᠠ ᠶᠢ ᠭᠦᠨᠵᠡᠭᠡᠶᠢᠷᠡᠭᠦᠯᠵᠦ᠂ ᠪᠠᠭᠰᠢ | ᠶᠢᠨ ᠮᠣᠷᠠᠯ ᠰᠤᠷᠲᠠᠯ ᠵᠢᠴᠢ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠪᠠᠶᠢᠭᠤᠯᠣᠯᠲᠠ ᠶᠢ ᠦᠷᠭᠦᠯᠵᠢᠯᠡᠨ | ᠰᠠᠶᠢᠲᠤᠷ ᠠᠳᠬᠤᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠳᠠᠭᠠᠤ ᠪᠠᠭᠰᠢ | ᠶᠢᠨ ᠬᠢᠷᠢ ᠭᠡᠮ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠤᠨ᠂ ᠰᠣᠷᠣᠭᠴᠢ ᠶᠢᠨ ᠭᠠᠳᠠᠭᠰᠢ ᠶᠠᠪᠤᠵᠤ ᠰᠣᠷᠤᠯᠴᠠᠬᠤ ᠶᠢ | ᠪᠠᠭᠠᠰᠬᠠᠵᠤ᠂ ᠭᠡᠷ ᠤᠨ ᠠᠬᠠᠮᠠᠳ ᠬᠡᠦᠬᠡᠳ ᠢᠶᠠᠨ ᠳᠠᠭᠠᠵᠤ ᠰᠤᠷᠤᠯᠴᠠᠬᠤ᠂ ᠠᠶᠢᠯ ᠳᠤ ᠰᠠᠭᠤᠯᠭᠠᠬᠤ ᠵᠡᠷᠭᠡ ᠰᠤᠷᠭᠠᠨ | ᠬᠥᠮᠦᠵᠢᠯ ᠤᠨ ᠲᠠᠯ᠎ᠠ ᠪᠠᠷ ᠬᠢ ᠳᠠᠷᠤᠭᠠᠰᠣ ᠶᠢ ᠬᠥᠩᠭᠡᠷᠡᠭᠦᠯᠦᠨ᠎ᠡ᠃ 2025 ᠣᠨ ᠪᠣᠯᠬᠤ ᠳᠤ᠂ ᠰᠤᠷᠬᠤ ᠨᠠᠰᠤᠨ ᠠᠴᠠ | ᠡᠮᠦᠨᠡᠬᠢ ᠬᠡᠤᠬᠡᠳ ᠤᠨ ᠴᠡᠴᠡᠷᠯᠢᠭ ᠲᠤ ᠣᠷᠣᠬᠤ ᠨᠣᠷᠮ᠎ᠠ ᠶᠢ 98 % ᠠᠴᠠ ᠳᠡᠭᠡᠭᠰᠢ ᠳᠤ ᠪᠠᠶᠢᠯᠭᠠᠨ᠂ ᠠᠯᠪᠠᠨ ᠵᠢᠷᠤᠮ | ᠤᠨ ᠰᠤᠷᠭᠠᠨ ᠬᠥᠮᠦᠵᠢᠯ ᠬᠦᠷᠲᠡᠬᠦ ᠨᠣᠷᠮ᠎ᠠ ᠶᠢ 100 % ᠪᠠᠷ ᠪᠠᠲᠤᠯᠠᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ᠳᠤ ᠳᠠᠪᠰᠢᠬᠤ ᠨᠣᠷᠮ᠎ᠠ ᠶᠢ 97 % ᠠᠴᠠ ᠳᠡᠭᠡᠭᠰᠢ ᠳᠤ ᠬᠦᠷᠭᠡᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠡᠷᠡᠭᠦᠯ ᠡᠩᠬᠡ ᠰᠢᠯᠤᠭᠤᠨ ᠬᠥᠬᠡ︾ | ᠬᠦᠳᠡᠯᠪᠦᠷᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠢ ᠬᠢᠨᠠᠨ ᠰᠢᠯᠭᠠᠵᠤ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠠ ᠬᠤᠯᠤᠭᠠᠨ᠎ᠠ ᠶᠢᠨ ᠬᠢᠵᠢᠭ ᠢ | ᠪᠠᠶᠢᠩᠭᠤ ᠶᠢᠨ ᠴᠢᠨᠠᠷᠲᠠᠢ ᠰᠡᠷᠭᠡᠶᠢᠯᠡᠨ ᠬᠤᠷᠢᠭᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ ᠤᠨ | ᠪᠦᠳᠦᠮᠵᠢ ᠪᠠᠨ ᠨᠠᠨᠳᠢᠩᠨᠠᠨ ᠪᠠᠲᠤᠳᠬᠠᠨ᠎ᠠ᠃ ᠡᠯ᠎ᠡ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠬᠢᠵᠢᠭ ᠢ ᠰᠡᠷᠭᠡᠶᠢᠯᠡᠨ ᠵᠠᠰᠠᠬᠤ ᠴᠢᠳᠠᠪᠤᠷᠢ ᠪᠠ ᠦᠶᠯᠡᠴᠢᠯᠡᠭᠡᠨ ᠤ ᠬᠢᠷᠢ ᠲᠥᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠪᠷᠦ᠋ᠼᠧᠯ ᠡᠪᠡᠳᠴᠢᠨ᠂ ᠪᠡᠳᠡᠬᠢ ᠡᠪᠡᠳᠴᠢᠨ ᠢᠶᠠᠷ ᠭᠤᠣᠯᠯᠠᠭᠰᠠᠨ ᠣᠷᠣᠨ ᠨᠤᠲᠤᠭ ᠤᠨ ᠡᠪᠡᠳᠴᠢᠨ᠂ ᠬᠠᠯᠳᠠᠪᠤᠷᠢᠲᠤ | ᠡᠪᠡᠳᠴᠢᠨ ᠢ ᠪᠠᠶᠢᠴᠠᠭᠠᠬᠤ ᠪᠠ ᠡᠮᠴᠢᠯᠡᠨ ᠵᠠᠰᠠᠬᠤ ᠠᠵᠢᠯ ᠢ ᠠᠬᠢᠭᠤᠯᠤᠨ᠂ ᠣᠯᠠᠨ ᠲᠦᠮᠡᠨ ᠤ ᠳᠠᠷᠤᠭᠠᠰᠤ ᠶᠢ ᠬᠠᠮᠤᠭ ᠤᠨ | ᠶᠡᠭᠡ ᠬᠡᠮᠵᠢᠶ᠎ᠡ ᠪᠠᠷ ᠬᠥᠩᠭᠡᠷᠡᠭᠦᠯᠦᠨ᠎ᠡ᠃ ᠨᠡᠶᠢᠲᠡ ᠶᠢᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠯᠠᠪᠳᠠᠭᠤᠨ ᠢᠶᠠᠷ | ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠰᠠᠨ | ᠪᠠᠶᠢᠭᠤᠯᠤᠯᠲᠠ ᠶᠢ ᠲᠦᠷᠭᠡᠳᠬᠡᠨ᠂ ᠦᠨᠳᠦᠰᠦᠨ ᠱᠠᠲᠤᠨ ᠤ ᠶᠡᠷᠦᠩᠬᠡᠶ ᠰᠠᠯᠠᠭᠠᠨ ᠤ ᠡᠮᠴᠢ ᠶᠢ ᠬᠥᠮᠦᠵᠢᠭᠦᠯᠬᠦ ᠡᠷᠴᠢᠮ ᠢ | ᠴᠢᠩᠭᠠᠷᠠᠭᠤᠯᠵᠤ᠂ ᠪᠣᠳᠠᠲᠠᠶ ᠳᠤ ᠨᠡᠶᠢᠴᠡᠭᠰᠡᠨ᠂ ᠡᠵᠡᠩᠨᠡᠯᠲᠡ ᠶᠢᠨ ᠦᠷ᠎ᠡ ᠪᠦᠳᠦᠮᠵᠢ ᠪᠠᠷ ᠦᠨᠳᠦᠷ ᠡᠮᠨᠡᠯᠭᠡ ᠶᠢᠨ | ᠬᠤᠯᠪᠣᠭᠠᠯᠠᠯ ᠪᠠ ᠡᠮᠨᠡᠯᠭᠡ ᠶᠢᠨ ᠬᠠᠮᠲᠤᠷᠠᠭᠰᠠᠨ ᠴᠤᠭᠴᠠ ᠶᠢᠨ ᠪᠠᠶᠢᠭᠤᠯᠤᠯᠳᠠ ᠶᠢ ᠠᠬᠢᠭᠤᠯᠤᠨ᠂ ᠣᠯᠠᠨ ᠲᠦᠮᠡᠨ ᠤ ︽ | ᠣᠶᠢᠷ᠎ᠠ ᠬᠠᠪᠢ ᠳᠠᠭᠠᠨ ᠡᠮᠨᠡᠭᠦᠯᠬᠦ︾ ᠶᠢ ᠪᠠᠳᠤᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠨᠳᠦᠰᠦᠨ ᠡᠮᠨᠡᠯᠭᠡ ᠶᠢᠨ | ᠪᠠᠲᠤᠯᠠᠭ᠎ᠠ ᠶᠢᠨ ᠳᠦᠷᠢᠮ ᠢ ᠦᠷᠭᠦᠯᠵᠢᠯᠡᠨ ᠪᠠᠬᠢᠵᠢᠭᠦᠯᠵᠦ᠂ ᠪᠦᠬᠦ ᠠᠷᠠᠳ ᠤᠨ ᠡᠮᠨᠡᠯᠭᠡ ᠶᠢᠨ ᠳᠠᠭᠠᠳᠬᠠᠯ ᠤᠨ | ᠳᠤᠭᠲᠠᠯᠴᠠᠭ᠎ᠠ ᠶᠢ ᠲᠡᠭᠦᠯᠳᠡᠷᠵᠢᠭᠦᠯᠦᠨ᠂ ᠣᠨᠳᠣᠣ ᠭᠠᠵᠠᠷ ᠡᠮᠴᠢᠯᠡᠭᠦᠯᠦᠭᠰᠡᠨ ᠵᠠᠷᠣᠳᠠᠯ ᠢ ᠰᠢᠭᠤᠳ ᠳᠠᠩᠰᠠᠨ ᠠᠴᠠ | ᠴᠠᠶᠢᠷᠠᠭᠤᠯᠵᠤ ᠳᠡᠶᠢᠯᠬᠦ ᠡᠮᠴᠢᠯᠡᠭᠡᠨ ᠤ ᠪᠠᠶᠢᠭᠤᠯᠤᠮᠵᠢ ᠶᠢᠨ ᠬᠡᠪᠴᠢᠶ᠎ᠡ ᠶᠢ ᠥᠷᠭᠡᠳᠬᠡᠨ᠎ᠡ᠃ 2025 ᠣᠨ ᠪᠣᠯᠬᠤ ᠳᠤ᠂ | ᠬᠥᠳᠡᠭᠡ ᠳᠣᠰᠬᠤᠨ ᠤ ᠡᠮᠴᠢᠯᠡᠭᠡᠨ ᠤ ᠦᠶᠯᠡᠴᠢᠯᠡᠭᠡᠨ ᠤ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ 15 ᠮᠢᠨᠦ᠋ᠲ ᠤᠨ | ᠦᠨᠳᠦᠰᠦᠨ ᠡᠮᠴᠢᠯᠡᠭᠡᠨ ᠤ ᠦᠶᠯᠡᠴᠢᠯᠡᠭᠡᠨ ᠤ ᠲᠤᠭᠤᠷᠢᠭ ᠢ ᠦᠨᠳᠦᠰᠦᠨ ᠳᠡᠭᠡᠨ ᠪᠦᠷᠢᠯᠳᠦᠭᠦᠯᠵᠦ᠂ ᠮᠢᠩᠭᠠᠨ ᠬᠥᠮᠦᠨ | ᠪᠥᠷᠢ ᠳᠤ 3.6 ᠲᠤᠰᠬᠠᠢ ᠮᠡᠷᠭᠡᠵᠢᠯ ᠤᠨ ︵ᠲᠤᠰᠠᠯᠠᠭᠴᠢ︶ ᠡᠮᠴᠢ 4.75 ᠰᠣᠪᠢᠯᠠᠭᠴᠢ ᠨᠣᠭᠲᠠᠬᠤ ᠶᠢ ᠪᠠᠲᠤᠯᠠᠨ᠎ᠠ᠃ | ᠪᠠᠴᠢᠮ ᠪᠠᠶᠢᠳᠠᠯ ᠢ ᠠᠷᠭᠠᠴᠠᠬᠤ ᠲᠥᠬᠦᠭᠡᠷᠦᠮᠵᠢ ᠶᠢᠨ ᠪᠠᠷᠢᠮᠵᠢᠶᠠᠵᠢᠭᠰᠠᠨ ᠨᠣᠷᠮ᠎ᠠ ᠶᠢ 100 % ᠳᠤ ᠬᠦᠷᠭᠡᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ | ᠳᠤ ᠣᠷᠣᠯᠴᠠᠬᠤ ᠶᠢ ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ᠂ ᠬᠤᠲᠠ ᠬᠥᠳᠡᠭᠡ ᠶᠢᠨ | ᠰᠠᠭᠤᠭᠠᠯᠢ ᠠᠷᠠᠳ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ | ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠨᠣᠷᠮ᠎ᠠ ᠪᠣᠯᠣᠨ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠶᠢ ᠥᠷᠭᠡᠳᠬᠡᠬᠦ | ᠠᠵᠢᠯ ᠢ ᠴᠢᠩᠭᠠᠳᠬᠠᠵᠤ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ ᠢ | ᠪᠦᠷᠢᠨᠰᠢᠭᠦᠯᠵᠦ᠂ ᠡᠯ᠎ᠡ ᠲᠥᠷᠥᠯ ᠤᠨ ᠬᠥᠮᠦᠰ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 96 % ᠠᠴᠠ ᠳᠡᠭᠡᠭᠰᠢ | ᠳᠤ ᠬᠦᠷᠭᠡᠨ᠎ᠡ᠃ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠰ ᠪᠠ ᠨᠠᠰᠤᠲᠠᠶᠢᠴᠤᠳ ᠲᠤ ᠵᠣᠷᠢᠭᠤᠯᠤᠭᠰᠠᠨ ᠠᠵᠤ | ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠡᠮᠴᠢᠯᠡᠬᠦ ᠪᠠ ᠡᠷᠡᠭᠦᠯᠵᠢᠭᠦᠯᠬᠦ ᠶᠢ ᠬᠠᠷᠢᠯᠴᠠᠨ ᠤᠶᠠᠯᠳᠤᠭᠤᠯᠤᠭᠰᠠᠨ | ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ᠂ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ 2025 ᠣᠨ ᠪᠣᠯᠬᠤ ᠳᠤ᠂ ᠮᠢᠩᠭᠠᠨ ᠨᠠᠰᠤᠲᠠᠨ ᠪᠦᠷᠢ ᠳᠤ 60 ᠠᠰᠠᠷᠠᠮᠵᠢ ᠶᠢᠨ ᠣᠷᠣ ᠶᠢᠨ | ᠲᠤᠭ᠎ᠠ ᠶᠢ 60 ᠠᠰᠠᠷᠠᠮᠵᠢ ᠶᠢᠨ ᠣᠷᠣ ᠨᠣᠭᠳᠠᠬᠤ ᠶᠢ ᠪᠠᠲᠤᠯᠠᠵᠤ᠂ ᠰᠤᠪᠢᠯᠠᠯᠲᠠ ᠶᠢᠨ ᠣᠷᠣ ᠶᠢᠨ ᠬᠠᠷᠢᠴᠠᠯ ᠢ 55 % | ᠠᠴᠠ ᠳᠡᠭᠡᠭᠰᠢ ᠪᠠᠶᠢᠯᠭᠠᠨ᠎ᠠ᠃ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠪᠠ ᠬᠦᠴᠢᠷᠳᠡᠯ ᠳᠤ | ᠲᠤᠯᠭᠠᠷᠠᠭᠰᠠᠨ ᠬᠡᠦᠬᠡᠳ ᠪᠠᠭᠠᠴᠤᠤᠯ᠂ ᠭᠤᠣᠨᠢ ᠨᠠᠰᠤᠲᠠᠨ᠂ ᠵᠡᠮᠳᠡᠭᠴᠦᠳ ᠵᠡᠷᠭᠡ ᠭᠤᠤᠯᠳᠠᠯᠭ᠎ᠠ ᠲᠠᠢ ᠬᠥᠮᠦᠰ ᠢ ᠠᠪᠤᠷᠠᠨ | ᠲᠤᠰᠠᠯᠠᠵᠤ ᠬᠠᠮᠠᠭᠠᠯᠠᠬᠤ ᠡᠷᠴᠢᠮ ᠢᠶᠠᠨ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠪᠦᠷᠬᠦᠭᠦᠯᠦᠨ᠎ᠡ᠃ ᠠᠵᠢᠯ | ᠣᠯᠭᠤᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ | ᠲᠡᠭᠦᠰᠦᠭᠰᠡᠨ ᠣᠶᠤᠲᠠᠳ᠂ ᠴᠡᠷᠢᠭ ᠠᠴᠠ ᠬᠠᠯᠠᠭᠳᠠᠭᠰᠠᠳ᠂ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ᠂ | ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦᠨ ᠪᠠ ᠠᠵᠢᠯ ᠣᠯᠬᠤ ᠳᠤ ᠬᠦᠴᠢᠷᠲᠡᠢ ᠬᠥᠮᠦᠰ ᠲᠤ | ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ︽ᠵᠢᠤᠢ ᠯᠢ︾ ᠰᠢᠨ᠎ᠡ ᠶᠢ ᠡᠭᠦᠳᠴᠦ ᠠᠳᠠᠯ ᠦᠢᠯᠡᠰ | ᠴᠣᠭᠴᠠᠯᠠᠬᠤ ᠵᠡᠭᠡᠯᠢ᠂ ︽ᠰᠡᠬᠡᠭᠡᠲᠡᠨ︾ ᠠᠳᠠᠯ ᠦᠢᠯᠡᠰ ᠴᠣᠭᠴᠠᠯᠠᠬᠤ ᠲᠠᠪᠲᠠᠨ ᠪᠣᠯᠪᠠᠰᠤᠷᠠᠭᠤᠯᠬᠤ ᠬᠦᠷᠢᠶᠡᠯᠡᠩ ᠵᠡᠷᠭᠡ | ᠲᠠᠪᠴᠠᠩ ᠢ ᠠᠰᠢᠭᠯᠠᠨ᠂ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠠᠳᠠᠯ | ᠦᠢᠯᠡᠰ ᠴᠣᠭᠴᠠᠯᠠᠵᠤ ᠠᠵᠢᠯ ᠣᠯᠭᠤᠬᠤ ᠨᠡᠶᠢᠭᠡᠮ ᠤᠨ ᠴᠢᠳᠠᠮᠵᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ | 2025 ᠣᠨ ᠪᠣᠯᠬᠤ ᠳᠤ᠂ ᠬᠤᠲᠠ ᠪᠠᠯᠭᠠᠰᠤᠨ ᠤ ᠠᠵᠢᠯ ᠠᠯᠲᠠᠯᠲᠠ ᠶᠢᠨ ᠨᠣᠷᠮ᠎ᠠ ᠶᠢ 4 % ᠶᠢᠨ ᠳᠣᠲᠣᠷ᠎ᠠ | ᠬᠢᠵᠠᠭᠠᠷᠯᠠᠵᠤ᠂ ᠵᠢᠯ ᠳᠤ 1000 ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠦᠨ᠎ᠡ᠃ ᠤᠯᠠᠨ ᠨᠡᠶᠢᠲᠡ ᠶᠢᠨ | ᠴᠢᠨᠠᠷᠯᠢᠭ ᠦᠢᠯᠡᠴᠢᠯᠡᠭᠡ ᠶᠢ ᠰᠣᠶᠣᠯ ᠤᠨ ᠦᠢᠯᠡᠴᠢᠯᠡᠭᠡᠨ ᠤ ᠴᠢᠨᠠᠷᠯᠢᠭ ᠬᠠᠩᠭᠠᠯᠭ᠎ᠠ ᠶᠢ ᠠᠬᠢᠭᠤᠯᠤᠨ᠎ᠠ᠃ ᠰᠣᠶᠣᠯ ᠤᠨ | ᠣᠷᠳᠣᠨ᠂ ᠨᠣᠮ ᠤᠨ ᠰᠠᠩ ᠤᠨ ᠶᠡᠷᠦᠩᠬᠡᠶ ᠬᠤᠪᠢᠶᠠᠷᠢ ᠪᠠ ᠣᠷᠳᠣᠨ ᠤ ᠲᠥᠰᠥᠯ ᠤᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠲᠠᠯ᠎ᠠ ᠨᠤᠲᠤᠭ ᠤᠨ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠬᠡᠮᠡᠭᠳᠡᠭᠰᠡᠨ ᠤᠯᠠᠭᠠᠨᠮᠥ᠋ᠴᠢᠷ ᠤᠨ | ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠳᠤ ᠦᠶᠯᠡᠴᠢᠯᠡᠬᠦ ᠦᠶᠯᠡᠳᠦᠯ ᠢ ᠰᠠᠶᠢᠲᠤᠷ ᠪᠠᠳᠠᠷᠠᠭᠤᠯᠵᠤ᠂ | ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠣᠶᠣᠯ | ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ᠎ᠠ᠃ ᠱᠠᠩᠳᠤ ᠪᠠᠯᠭᠠᠰᠤᠨ ᠤ ᠪᠦᠬᠦ ᠠᠷᠠᠳ | ᠤᠨ ᠪᠡᠶ᠎ᠡ ᠴᠢᠭᠢᠷᠠᠭᠵᠢᠭᠤᠯᠬᠤ ᠲᠥᠪ᠂ ᠰᠠᠩ ᠤᠨ ᠳᠠᠯᠠᠢ ᠪᠠᠯᠭᠠᠰᠤᠨ ᠤ ᠣᠯᠠᠨ ᠴᠢᠳᠠᠪᠬᠢᠲᠤ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠷᠳᠣᠨ ᠢ ᠲᠥᠯᠥᠪᠵᠢᠭᠦᠯᠦᠨ ᠪᠠᠶᠢᠭᠤᠯᠵᠤ᠂ ᠣᠯᠠᠨ ᠨᠡᠶᠢᠲᠡ ᠶᠢᠨ ᠰᠣᠶᠣᠯ ᠲᠠᠮᠢᠷ ᠤᠨ ᠦᠢᠯᠡᠴᠢᠯᠡᠭᠡᠨ | ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ | ᠵᠠᠯᠭᠠᠮᠵᠢᠯᠠᠬᠤ ᠪᠠ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠢ ᠴᠢᠩᠭᠠᠳᠬᠠᠵᠤ᠂ | ᠪᠤᠱᠤᠤᠳᠠᠶ ᠰᠤᠮᠤᠨ ᠤ ᠡᠩᠭᠡᠷ ᠭᠠᠴᠠᠭᠠᠨ ᠤ ᠬᠤᠪᠢᠰᠬᠠᠯᠲᠤ ᠲᠡᠦᠬᠡ ᠶᠢᠨ ᠪᠠᠭ᠋ᠠᠷᠬᠠᠯᠲᠤ ᠬᠤᠲᠠ ᠤᠰᠤ ᠶᠢ ᠪᠠᠶᠢᠭᠤᠯᠬᠤ | ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠴᠠᠬᠠᠷ ᠠᠶᠢᠮᠠᠭ ᠤᠨ ᠠᠩᠬᠠᠳᠤᠭᠠᠷ ᠨᠠᠮ ᠤᠨ ᠡᠭᠦᠷ ᠢ ᠣᠷᠣᠨ ᠤ ᠲᠠᠰ | ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠡ ᠳᠤ ᠮᠡᠳᠡᠭᠦᠯᠵᠦ᠂ ᠠᠯᠲᠠᠨ ᠤᠯᠤᠰ ᠤᠨ ᠬᠢᠯᠢ | ᠶᠢᠨ ᠱᠤᠭᠤᠮ᠂ ᠰᠧ ᠯᠠᠩ ᠴᠧᠩ ᠬᠠᠭᠤᠴᠢᠨ ᠬᠤᠲᠠ ᠶᠢᠨ ᠪᠠᠭᠤᠷᠢ᠂ ᠤᠮᠠᠷᠠᠲᠤ ᠸᠧᠶ ᠤᠯᠤᠰ ᠤᠨ ᠤᠷᠲᠤ ᠴᠠᠭᠠᠨ ᠬᠡᠷᠡᠮ | ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠰᠧ ᠯᠠᠩ ᠴᠧᠩ ᠬᠠᠭᠤᠴᠢᠨ ᠬᠤᠲᠠ ᠶᠢᠨ ᠪᠠᠭᠤᠷᠢ ᠶᠢ ᠥᠪᠡᠷᠲᠡᠭᠡᠨ ᠵᠠᠰᠠᠬᠤ | ᠣᠷᠣᠨ ᠤ ᠲᠠᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠪᠣᠯᠭᠠᠬᠤ ᠪᠠᠷ ᠡᠷᠡᠮᠡᠯᠵᠡᠨ᠎ᠡ᠃ | ︵ᠵᠢᠷᠭᠤᠭ᠎ᠠ︶ ᠨᠡᠶᠢᠭᠡᠮ ᠤᠨ ᠴᠡᠭᠴᠡᠯᠡᠯᠲᠡ ᠶᠢ ᠴᠢᠩᠭᠠᠳᠬᠠᠵᠤ᠂ ᠴᠢᠨᠠᠷᠯᠢᠭ ᠬᠥᠭᠵᠢᠯᠲᠡ ᠶᠢᠨ ᠦᠷ᠎ᠡ ᠪᠦᠲᠦᠮᠵᠢ ᠶᠢ | ᠪᠠᠬᠢᠵᠢᠭᠦᠯᠦᠨ᠎ᠡ᠃ ︽ᠬᠠᠮᠲᠤ ᠪᠠᠷ ᠪᠠᠶᠢᠭᠤᠯᠵᠤ᠂ ᠬᠠᠮᠲᠤ ᠪᠠᠷ ᠵᠠᠰᠠᠨ᠂ ᠬᠠᠮᠲᠤ ᠪᠠᠷ ᠡᠳ᠋ᠯᠡᠬᠦ︾ ᠪᠠᠷ ᠬᠠᠷᠠᠯᠲᠠ ᠪᠣᠯᠭᠠᠵᠤ | ᠂ ᠬᠠᠤᠯᠢ ᠶᠣᠰᠣᠭᠠᠷ ᠵᠠᠰᠠᠬᠤ᠂ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ | ᠴᠢᠩᠭᠠᠳᠬᠠᠵᠤ᠂ ︽ᠬᠠᠤᠯᠢᠵᠢᠭᠰᠠᠨ ᠰᠢᠯᠤᠭᠤᠨ ᠬᠥᠬᠡ︾ ︽ᠠᠮᠤᠷ ᠠᠮᠤᠭᠤᠯᠠᠩ ᠰᠢᠯᠤᠭᠤᠨ ᠬᠥᠬᠡ︾ ᠶᠢᠨ ᠪᠥᠲᠥᠭᠡᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠤ ᠠᠬᠤᠶ ᠨᠡᠶᠢᠭᠡᠮ ᠤᠨ ᠡᠶ᠎ᠡ ᠲᠣᠭᠲᠠᠭᠤᠨ᠂ ᠠᠷᠠᠳ | ᠣᠯᠠᠨ ᠤ ᠠᠮᠤᠷ ᠲᠠᠶᠢᠪᠤᠩ ᠠᠵᠤ ᠲᠦᠷᠦᠭᠦ ᠶᠢ ᠦᠨᠡᠨ ᠬᠦ ᠪᠠᠲᠤᠯᠠᠨ᠎ᠠ᠃ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ | ᠭᠤᠤᠯ ᠰᠢᠵᠢᠮ ᠪᠣᠯᠭᠠᠵᠤ᠂ ᠪᠣᠳᠠᠰ ᠤᠨ ᠬᠦᠴᠦᠨ ᠪᠠ ᠤᠶᠤᠨ ᠤ ᠬᠦᠴᠦᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ | ᠶᠢ ᠠᠬᠢᠭᠤᠯᠬᠤ ᠲᠠᠯ᠎ᠠ ᠪᠠᠷ ᠬᠢ ᠴᠢᠬᠤᠯᠠ ᠦᠶᠯᠡᠳᠦᠯ ᠢ ᠨᠢᠭᠡᠳᠦᠯᠲᠡᠶ ᠲᠥᠯᠥᠪᠵᠢᠭᠦᠯᠵᠦ᠂ ᠨᠠᠮ ᠤᠨ ᠦᠨᠳᠦᠰᠦᠲᠡᠨ ᠤ | ᠣᠨᠣᠯ ᠪᠣᠯᠣᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠭᠡᠳ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠥᠷᠥ | ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠪᠠ ︽ᠨᠠᠶᠮᠠ ᠳᠤ ᠭᠦᠨᠵᠡᠭᠡᠶᠢᠷᠡᠬᠦᠯᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠲᠡᠨ | ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ᠂ ᠵᠢᠱᠢᠶ᠎ᠡ ᠦᠵᠡᠭᠦᠯᠬᠦ ᠨᠢᠭᠡᠴᠡ ᠶᠢ ᠪᠦᠲᠦᠭᠡᠨ | ᠪᠠᠶᠢᠭᠤᠯᠬᠤ ᠠᠮᠢᠳᠤᠯᠢᠭ ᠬᠠᠮᠢᠶᠠᠷᠤᠯᠲᠠ ᠪᠠ ᠪᠠᠶᠢᠩᠭᠤ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ︽ᠭᠤᠷᠪᠠᠨ ᠰᠠᠯᠵᠤ | ᠴᠢᠳᠠᠬᠤ ᠥᠬᠡᠶ︾ ︽ᠲᠠᠪᠤ ᠶᠢ ᠮᠡᠳᠡᠷᠡᠬᠦ︾ ᠦᠵᠡᠯ ᠰᠠᠨᠠᠭ᠎ᠠ ᠶᠢ ᠪᠦᠬᠦ ᠠᠷᠠᠳ ᠤᠨ ᠤᠬᠠᠮᠰᠠᠷ ᠲᠤ ᠬᠦᠷᠭᠡᠬᠦ ᠶᠢ | ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ | ᠠᠯᠳᠠᠷ ᠢ ᠰᠠᠶᠢᠲᠤᠷ ᠬᠠᠮᠠᠭᠠᠯᠠᠨ᠎ᠠ᠃ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠨ ᠪᠠᠲᠤᠯᠠᠨ᠎ᠠ᠃ ᠤᠯᠤᠰ ᠤᠨ | ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ | ᠱᠠᠰᠢᠨ ᠰᠤᠷᠲᠠᠬᠤᠨ ᠤ ᠬᠦᠷᠢᠶᠡᠨ ᠳᠠᠬᠢ ᠡᠶ᠎ᠡ ᠲᠣᠭᠲᠠᠭᠤᠨ ᠪᠠᠶᠢᠳᠠᠯ ᠢ ᠬᠠᠮᠠᠭᠠᠯᠠᠨ᠂ ᠱᠠᠰᠢᠨ ᠰᠤᠷᠲᠠᠬᠤᠨ ᠤ ᠬᠡᠷᠡᠭ | ᠤᠴᠢᠷ ᠢ ᠴᠡᠭᠴᠡᠯᠡᠨ ᠵᠠᠰᠠᠬᠤ ᠬᠠᠤᠯᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠠᠢᠮᠠᠳᠤᠭᠠᠷ ᠲᠠᠪᠤᠨ ᠵᠢᠯ ᠤᠨ | ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠭᠦᠨᠵᠡᠭᠡᠢ ᠬᠡᠷᠡᠭᠵᠢᠭᠦᠯᠵᠦ᠂ ᠬᠠᠤᠯᠢ ᠶᠢᠨ ᠵᠠᠰᠠᠯᠲᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠨᠡᠶᠢᠭᠡᠮ ᠤᠨ ᠵᠠᠰᠠᠯᠲᠠ ᠶᠢᠨ | ᠠᠵᠢᠯ ᠤᠨ ᠣᠳᠣᠬᠢᠴᠢᠯᠠᠯᠲᠠ ᠶᠢ ᠭᠦᠨᠵᠡᠭᠡᠢ ᠲᠦᠯᠬᠢᠨ ᠠᠬᠢᠭᠤᠯᠤᠨ᠎ᠠ᠃ ᠵᠥᠷᠢᠴᠡᠯ ᠵᠢᠭᠤᠷᠠᠭᠠᠨ ᠪᠠ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠬᠦᠴᠦᠯᠡᠴᠡ ᠪᠠᠨ ᠨᠡᠮᠡᠭᠳᠡᠭᠦᠯᠵᠦ᠂ ᠭᠠᠴᠠᠭ᠎ᠠ ᠲᠣᠰᠬᠤᠨ ᠤ | ᠠᠷᠠᠳ ᠤᠨ ᠥᠪᠡᠷᠲᠡᠭᠡᠨ ᠵᠠᠰᠠᠬᠤ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ᠂ ᠨᠡᠶᠢᠭᠡᠮ ᠤᠨ ᠵᠥᠷᠢᠴᠡᠯ | ᠵᠢᠭᠤᠷᠠᠭᠠᠨ ᠢ ᠤᠯᠠᠨ ᠠᠷᠭ᠎ᠠ ᠵᠠᠮ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠵᠦᠢ | ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠢᠨ ᠳᠠᠭᠠᠤ ᠰᠢᠢᠳᠪᠦᠷᠢᠯᠡᠨ᠎ᠡ᠃ ᠠᠶᠤᠯᠭᠦᠢ ᠦᠶᠯᠡᠳᠪᠦᠷᠢᠯᠡᠯ ᠪᠣᠯᠣᠨ | ᠢᠳᠡᠭᠡᠨ ᠤᠮᠳᠠᠭᠠᠨ ᠪᠠ ᠡᠮ ᠤᠨ ᠵᠦᠶᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠶᠢᠨ | ᠳᠠᠭᠠᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠩ | ᠬᠠᠭᠰᠠᠷᠠᠭᠠᠨ ᠲᠠᠢ ᠲᠡᠮᠡᠴᠡᠬᠦ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠬᠠᠤ ᠵᠡᠷᠭᠡ ᠪᠠᠴᠢᠮ ᠪᠠᠶᠢᠳᠠᠯ ᠢ ᠠᠷᠭᠠᠴᠠᠬᠤ | ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ | ᠥᠷᠨᠢᠭᠦᠯᠵᠦ᠂ ︽ᠱᠠᠯᠢᠭᠯᠠᠵᠤ ᠵᠠᠪᠬᠠᠶᠢᠷᠠᠬᠤ ᠵᠣᠭᠤᠰ ᠮᠥᠷᠥᠶᠢᠴᠡᠬᠦ ᠬᠤᠤᠷ ᠲᠠᠲᠠᠬᠤ︾᠂ ︽ᠬᠤᠯᠠᠭᠠᠶᠢᠯᠠᠬᠤ ᠪᠤᠯᠢᠶᠠᠬᠤ | ᠮᠡᠬᠡᠯᠡᠬᠦ︾᠂ ᠮᠡᠳᠡᠭᠡ ᠬᠤᠯᠪᠣᠭ᠎ᠠ ᠢᠨᠲ᠋ᠧᠷᠨᠠᠲ ᠰᠦᠯᠵᠢᠶ᠎ᠡ ᠪᠠᠷ ᠮᠡᠬᠡᠯᠡᠬᠦ ᠵᠢᠴᠢ ᠬᠠᠤᠯᠢ ᠪᠤᠰᠤ ᠪᠠᠷ ᠪᠠᠯᠠ ᠴᠤᠭᠯᠠᠭᠤᠯᠬᠤ | ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠠᠮᠤᠷ | ᠠᠮᠤᠭᠤᠯᠠᠩ ᠰᠡᠳᠬᠢᠯᠭᠡ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ | ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ | ᠪᠠᠷᠢᠮᠲᠠᠯᠠᠵᠤ᠂ ᠡᠳ᠋ ᠤᠨ ᠵᠠᠰᠠᠭ ᠤᠨ ᠲᠣᠭᠲᠠᠭᠤᠨ ᠡᠷᠭᠢᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠴᠢᠬᠤᠯᠠ ᠪᠤᠰᠤ | ᠵᠠᠷᠤᠯᠭ᠎ᠠ ᠶᠢ ᠬᠦᠴᠦᠯᠡᠨ ᠪᠠᠭᠠᠰᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠡᠮᠬᠢ ᠵᠢᠷᠤᠮ | ᠲᠠᠢ ᠠᠬᠢᠭᠤᠯᠬᠤ ᠶᠢᠨ ᠬᠠᠮᠲᠤ᠂ ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠬᠤ ᠶᠢ ᠴᠢᠩᠭ᠎ᠠ ᠬᠤᠷᠢᠭᠯᠠᠵᠤ᠂ ᠥᠷᠢ | ᠥᠭᠴᠡᠭᠡᠨ ᠤ ᠲᠦᠭᠰᠢᠭᠦᠷᠢ ᠠᠴᠠ ᠴᠢᠩᠭ᠎ᠠ ᠰᠡᠷᠭᠡᠶᠢᠯᠡᠵᠦ᠂ ᠵᠠᠰᠠᠭ ᠤᠨ ᠣᠷᠳᠣᠨ ᠠᠴᠠ ᠪᠡᠯᠡ ᠣᠷᠣᠭᠤᠯᠬᠤ | ᠲᠥᠰᠥᠯ ᠤᠳ ᠢ ᠵᠦᠶ ᠵᠣᠬᠢᠰᠲᠠᠶ ᠲᠥᠯᠥᠪᠵᠢᠭᠦᠯᠵᠦ᠂ ᠪᠠᠯᠠ ᠮᠥᠩᠭᠦ ᠶᠢ ᠵᠢᠷᠤᠮᠵᠢᠭᠤᠯᠤᠨ ᠬᠡᠷᠡᠭᠯᠡᠨ᠎ᠡ᠃ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠪᠠ ᠬᠤᠰᠢᠭᠤᠨ ᠤ ᠬᠠᠷᠢᠶᠠᠨ ᠳᠤ ᠪᠠᠶᠢᠭ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ | ᠤᠨ ᠬᠠᠮᠢᠶᠠᠷᠤᠯᠲᠠ ᠶᠢ ᠳᠦᠷᠢᠮᠵᠢᠭᠦᠯᠦᠨ᠂ ᠬᠢᠨᠠᠨ ᠪᠣᠳᠣᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨᠬᠦ | ᠭᠦᠢᠴᠡᠳᠬᠡᠵᠦ᠂ ᠬᠢᠨᠠᠨ ᠪᠣᠳᠣᠯᠲᠠ ᠶᠢᠨ ᠬᠢᠨᠠᠯᠲᠠ ᠶᠢᠨ ᠦᠢᠯᠡᠳᠦᠯ ᠢ ᠪᠠᠳᠠᠷᠠᠭᠤᠯᠤᠨ᠂ ᠰᠢᠰᠲ᠋ᠧᠮ ᠤᠨ ᠴᠢᠨᠠᠷᠲᠠᠢ | ᠮᠥᠩᠭᠦᠨ ᠭᠦᠢᠯᠭᠡᠭᠡᠨ ᠤ ᠲᠦᠭᠰᠢᠭᠦᠷᠢ ᠡᠭᠦᠰᠬᠦ ᠥᠬᠡᠶ ᠪᠠᠶᠢᠬᠤ ᠶᠢ ᠪᠠᠲᠤᠯᠠᠨ᠎ᠠ᠃ ᠵᠠᠰᠠᠭ ᠤᠨ ᠣᠷᠳᠣᠨ ᠤ ᠥᠪᠡᠷ ᠤᠨ | ᠪᠠᠶᠢᠭᠤᠯᠤᠯᠲᠠ ᠪᠠᠨ ᠪᠠᠬᠢᠵᠢᠭᠦᠯᠦᠨ ᠳᠡᠭᠡᠭᠰᠢᠯᠡᠭᠦᠯᠦᠨ᠎ᠡ᠃ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠪᠠᠷ | ᠢᠲᠡᠭᠡᠯ ᠵᠣᠷᠢᠭ ᠢᠶᠠᠨ ᠬᠥᠪᠴᠢᠯᠡᠵᠦ᠂ ᠦᠢᠯᠡᠳᠦᠯᠭᠡ ᠪᠠᠨ ᠵᠢᠯᠤᠭᠤᠳᠴᠤ᠂ ᠬᠥᠭᠵᠢᠯᠲᠡ ᠶᠢ ᠠᠬᠢᠭᠤᠯᠬᠤ ᠶᠢᠨ ᠵᠡᠷᠭᠡᠴᠡᠭᠡ᠂ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠤᠱᠯᠠᠭᠤᠯᠵᠤ᠂ ᠲᠦᠷᠦ ᠶᠢᠨ | ᠶᠠᠪᠤᠳᠠᠯ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠯᠲᠠ᠂ ᠡᠯ᠎ᠡ ᠱᠠᠲᠤᠨ ᠤ ᠡᠯ᠎ᠡ ᠲᠦᠷᠦᠯ ᠤᠨ ᠲᠤᠰᠬᠠᠢ | ᠱᠠᠯᠠᠪᠳᠠᠭᠤᠯᠤᠨ ᠪᠠᠶᠢᠴᠠᠭᠠᠯᠲᠠ ᠲᠠᠢ ᠤᠶᠠᠯᠳᠤᠭᠤᠯᠵᠤ᠂ ᠤᠯᠤᠰ ᠤᠨ ᠴᠢᠬᠤᠯᠠ ᠶᠡᠭᠡ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠲᠤᠤᠱᠲᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠦᠢᠯᠡᠰ ᠢᠮᠠᠭᠲᠠ ᠵᠥᠪ ᠴᠢᠭᠯᠡᠯ ᠢᠶᠠᠷ | ᠤᠷᠤᠭᠰᠢᠯᠠᠬᠤ ᠶᠢ ᠪᠠᠲᠤᠯᠠᠨ᠎ᠠ᠃ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠲᠦ ᠵᠠᠰᠠᠭ ᠢ ᠪᠠᠶᠢᠭᠤᠯᠬᠤ ᠪᠠᠷ | ᠬᠠᠷᠠᠯᠲᠠ ᠪᠣᠯᠭᠠᠵᠤ᠂ ᠠᠵᠢᠯ ᠦᠢᠯᠡᠰ ᠢᠶᠠᠷ ᠬᠥᠭᠵᠢᠯᠲᠡ ᠶᠢ ᠳᠠᠶᠢᠴᠢᠯᠠᠬᠤ ᠲᠡᠷᠢᠭᠦᠨ ᠴᠢᠬᠤᠯᠠ ᠡᠭᠦᠷᠭᠡ ᠪᠣᠯᠭᠠᠬᠤ ᠶᠢ | ᠪᠠᠷᠢᠮᠲᠠᠯᠠᠵᠤ᠂ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠨᠡᠶᠢᠭᠡᠮ ᠤᠨ ᠤᠬᠠᠮᠰᠠᠷ ᠤᠨ ᠠᠵᠢᠯ | ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠥᠪ ᠬᠤᠷᠢᠶᠠᠨ ᠤ | ᠨᠠᠢᠮᠠᠨ ᠵᠣᠷᠪᠤᠰ ᠳᠥᠷᠢᠮ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠬᠡᠪ ᠰᠤᠷᠲᠠᠯ ᠢ ᠦᠷᠭᠦᠯᠵᠢᠯᠡᠨ | ᠰᠠᠶᠢᠵᠢᠷᠠᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠴᠢᠩᠳᠠᠯᠠᠬᠤ ᠠᠵᠢᠯ ᠢ ᠴᠢᠩᠭᠠᠳᠬᠠᠨ᠎ᠠ᠃ ᠠᠷᠠᠳ ᠣᠯᠠᠨ ᠤ ᠬᠦᠰᠡᠯ | ᠱᠠᠭᠠᠷᠳᠠᠯᠭ᠎ᠠ᠂ ᠰᠠᠨᠠᠯ ᠰᠠᠨᠠᠭᠤᠯᠭ᠎ᠠ ᠶᠢ ᠨᠠᠶᠢᠳᠠᠪᠤᠷᠢᠲᠠᠢ ᠬᠦᠯᠢᠶᠡᠨ ᠰᠣᠨᠣᠰᠬᠤ ᠵᠠᠷᠴᠢᠮ ᠢ ᠪᠠᠷᠢᠮᠲᠠᠯᠠᠵᠤ᠂ ᠣᠨᠴᠠ ᠵᠠᠷᠢᠮ | ᠺᠠᠳ᠋ᠷ ᠤᠨ ︽ᠬᠠᠷᠢᠭᠤᠴᠠᠯᠭ᠎ᠠ ᠬᠦᠷᠦᠯᠴᠡᠬᠦ ᠦᠭᠡᠢ ᠠᠴᠠ ᠬᠢᠬᠦ ᠵᠣᠷᠢᠭ ᠦᠭᠡᠢ᠂ ᠵᠣᠷᠢᠭ ᠬᠦᠷᠦᠯᠴᠡᠬᠦ ᠦᠭᠡᠢ ᠠᠴᠠ ᠬᠢᠬᠦ | ᠳᠤᠷ᠎ᠠ ᠦᠭᠡᠢ᠂ ᠴᠢᠳᠠᠪᠤᠷᠢ ᠬᠦᠷᠦᠯᠴᠡᠬᠦ ᠦᠭᠡᠢ ᠠᠴᠠ ᠬᠢᠵᠦ ᠴᠢᠳᠠᠬᠤ ᠦᠭᠡᠢ︾ ᠪᠠᠶᠢᠬᠤ ᠠᠰᠠᠭᠤᠳᠠᠯ ᠢ ᠬᠦᠴᠦᠯᠡᠨ | ᠴᠡᠭᠴᠡᠯᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ | ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠠᠶᠢᠲᠤᠷ ᠰᠢᠢᠳᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠬᠢᠨᠠᠨ ᠵᠥᠪᠯᠡᠭᠰᠡᠨ ᠰᠠᠨᠠᠯ ᠪᠠ ᠤᠯᠤᠰ ᠲᠥᠷᠦ ᠶᠢᠨ ᠵᠥᠪᠯᠡᠯᠭᠡᠨ ᠤ ᠪᠠᠶᠢᠴᠠᠭᠠᠨ ᠰᠤᠳᠤᠯᠤᠯᠲᠠ ᠶᠢᠨ ᠰᠠᠨᠠᠭᠤᠯᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠴᠢᠨᠠᠷ ᠪᠠ ᠣᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠯ᠎ᠠ ᠪᠠᠷ | ᠢᠷᠭᠡᠳ ᠤᠨ ᠬᠥᠮᠦᠵᠢᠯ᠂ ᠨᠡᠶᠢᠭᠡᠮ ᠤᠨ ᠳᠠᠶᠢᠴᠢᠯᠠᠯᠲᠠ ᠶᠢᠨ ᠠᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ | ᠪᠣᠯᠤᠨ ᠴᠡᠷᠢᠭ ᠠᠴᠠ ᠬᠠᠯᠠᠭᠳᠠᠭᠰᠠᠳ ᠢ ᠬᠠᠷᠠᠭᠠᠯᠵᠠᠨ ᠲᠥᠪᠬᠢᠨᠡᠭᠦᠯᠬᠦ ᠠᠵᠢᠯ ᠢ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠶᠢ ᠡᠭᠦᠳᠦᠨ ᠪᠠᠶᠢᠭᠤᠯᠤᠨ᠎ᠠ᠃ ᠡᠮᠡᠭᠲᠡᠶᠢᠴᠦᠳ᠂ ᠬᠡᠦᠬᠡᠳ | ᠪᠠᠭᠠᠴᠤᠳ᠂ ᠨᠠᠰᠤᠲᠠᠶᠢᠴᠤᠳ᠂ ᠵᠡᠮᠳᠡᠭᠴᠦᠳ ᠤᠨ ᠦᠢᠯᠡᠰ ᠪᠣᠯᠤᠨ ᠤᠯᠠᠭᠠᠨ ᠵᠠᠭᠠᠯᠮᠠᠶᠢᠳᠠᠨ ᠤ ᠦᠢᠯᠡᠰ ᠤᠨ ᠬᠥᠭᠵᠢᠯᠲᠡ | ᠶᠢ ᠲᠦᠷᠭᠡᠳᠬᠡᠵᠦ᠂ ᠤᠯᠠᠨ ᠲᠥᠮᠡᠨᠴᠢ ᠴᠢᠨᠠᠷᠲᠠᠢ ᠪᠦᠯᠬᠦᠮ ᠪᠠ ᠵᠣᠬᠢᠶᠠᠨ ᠪᠠᠶᠢᠭᠤᠯᠤᠯᠲᠠ ᠶᠢᠨ ᠬᠠᠤᠯᠢ ᠲᠦᠷᠢᠮ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠦᠬᠦ ᠬᠦᠴᠦ ᠪᠠᠷ ᠢᠶᠠᠨ ᠳᠡᠮᠵᠢᠵᠦ᠂ ᠶᠡᠭᠡ ᠲᠠᠯ᠎ᠠ ᠳᠤ ᠦᠢᠯᠡᠴᠢᠯᠡᠬᠦ᠂ | ᠬᠥᠭᠵᠢᠯᠲᠡ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ ᠬᠠᠮᠲᠤᠷᠠᠯ ᠬᠦᠴᠦᠨ ᠢ ᠨᠢᠭᠲᠠᠷᠠᠭᠤᠯᠤᠨ᠎ᠠ᠃ | ᠭᠤᠷᠪᠠ᠂ 2022 ᠣᠨ ᠤ ᠠᠵᠢᠯ ᠤᠨ ᠪᠠᠶᠢᠷᠢᠯᠠᠭᠤᠯᠤᠯᠲᠠ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ ᠪᠠᠶᠢᠭ᠎ᠠ | ᠵᠢᠯ ᠮᠥᠷᠲᠡᠭᠡᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠠᠵᠢᠯ ᠢᠶᠠᠨ ᠡᠬᠢᠯᠡᠭᠦᠯᠵᠦ ᠪᠠᠶᠢᠭ᠎ᠠ᠂ ᠲᠡᠷᠡᠴᠢᠯᠡᠨ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠯᠡᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠪᠣᠯᠬᠤ ᠶᠣᠮ᠂ ᠪᠢᠳᠡ | ᠡᠨᠡ ᠵᠢᠯ ᠤᠨ ᠠᠵᠢᠯ ᠢᠶᠠᠨ ᠡᠷᠬᠡᠪᠰᠢ ᠰᠠᠶᠢᠲᠤᠷ ᠬᠢᠬᠦ ᠬᠡᠷᠡᠭᠲᠡᠢ᠃ ᠡᠨᠡ ᠵᠢᠯ ᠤᠨ ᠭᠤᠣᠯ ᠵᠢᠱᠢᠭᠰᠡᠨ ᠬᠠᠷᠠᠯᠲᠠ᠄ ᠣᠷᠣᠨ | ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 62 . 3 ᠳ᠋ᠦᠩᠰᠢᠭᠤᠷ ᠲᠥᠭᠦᠷᠢᠭ ᠲᠤ ᠬᠦᠷᠭᠡᠨ᠎ᠡ︔ 2 . | 47 ᠳ᠋ᠦᠩᠰᠢᠭᠤᠷ ᠲᠥᠭᠦᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠪᠡᠶᠡᠯᠡᠭᠦᠯᠦᠨ᠎ᠡ︔ 36 | ᠳ᠋ᠦᠩᠰᠢᠭᠤᠷ ᠲᠥᠭᠦᠷᠢᠭ ᠤᠨ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ︔ | 13 . 8 ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠬᠤᠳᠠᠯᠳᠤᠭᠰᠠᠨ ᠶᠡᠷᠦᠩᠬᠡᠢ | ᠥᠷᠲᠡᠭ ᠢ ᠪᠡᠶᠡᠯᠡᠭᠦᠯᠦᠨ᠎ᠡ︔ ᠬᠤᠲᠠ ᠬᠥᠳᠡᠭᠡᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ 42970 ᠲᠥᠭᠦᠷᠢᠭ ᠪᠠ 24260 ᠲᠥᠭᠦᠷᠢᠭ ᠲᠤ ᠬᠦᠷᠭᠡᠨ᠎ᠡ᠃ ᠡᠳᠡᠭᠡᠷ | ᠬᠠᠷᠠᠯᠲᠠ ᠶᠢ ᠪᠡᠶᠡᠯᠡᠭᠦᠯᠬᠦ ᠳᠤ ᠳᠠᠷᠠᠭᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠢᠭᠡ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ ᠰᠢᠨ᠎ᠡ | ᠬᠥᠳᠡᠯᠭᠡᠬᠦ ᠬᠦᠴᠦᠨ ᠶᠢ ᠬᠤᠷᠠᠮᠳᠤᠭᠤᠯᠤᠨ᠎ᠠ᠃ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ | ᠬᠥᠭᠵᠢᠯᠲᠡ ᠶᠢ ᠲᠦᠷᠭᠡᠳᠬᠡᠨ᠎ᠡ᠃ ᠦᠬᠡᠷ ᠤᠨ ᠦᠢᠯᠡᠰ ᠤᠨ ᠲᠠᠯ᠎ᠠ ᠪᠠᠷ 3000 ᠲᠣᠯᠣᠭᠠᠢ ᠡᠬᠡ ᠮᠠᠯ ᠪᠣᠶᠢᠵᠢᠭᠤᠯᠵᠤ᠂ | 2 ᠲᠦᠮᠡᠨ ᠦᠬᠡᠷ ᠢ ᠪᠣᠷᠳᠣᠨ ᠲᠠᠷᠭᠤᠯᠠᠭᠤᠯᠬᠤ ᠶᠢᠨ ᠳᠠᠭᠠᠤ᠂ ᠵᠢᠯ ᠳᠤ 1 ᠲᠦᠮᠡᠨ ᠦᠬᠡᠷ᠂ 5 ᠲᠦᠮᠡᠨ ᠬᠤᠨᠢ | ᠨᠢᠲᠤᠯᠵᠤ ᠪᠣᠯᠪᠠᠰᠤᠷᠠᠭᠤᠯᠤᠨ᠎ᠠ᠃ ᠱᠦᠨ ᠴᠧᠩ ᠦᠬᠡᠷ ᠤᠨ ᠦᠢᠯᠡᠰ ᠤᠨ ᠠᠷᠠᠯᠵᠢᠶᠠᠨ ᠤ ᠵᠠᠬ᠎ᠠ ᠳᠡᠯᠭᠡᠭᠦᠷ ᠢ | ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠡᠪᠡᠰᠦ ᠪᠣᠷᠳᠤᠭ᠎ᠠ ᠲᠠᠷᠢᠬᠤ᠂ ᠨᠥᠭᠡᠴᠡᠯᠡᠬᠦ᠂ ᠡᠳ᠋ᠰᠢᠭᠦᠯᠦᠨ | ᠬᠠᠩᠭᠠᠬᠤ ᠰᠠᠭᠤᠷᠢᠨ ᠭᠠᠵᠠᠷ 1 ᠶᠢ ᠪᠠᠶᠢᠭᠤᠯᠵᠤ᠂ ᠡᠪᠡᠰᠦ ᠪᠣᠷᠳᠤᠭ᠎ᠠ ᠳᠤᠲᠠᠭᠳᠠᠬᠤ ᠵᠢᠴᠢ ᠥᠪᠡᠷ ᠤᠨ ᠥᠷᠲᠡᠭ ᠥᠨᠳᠥᠷ | ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ︽ᠰᠦᠨ ᠤ ᠦᠢᠯᠡᠰ ᠢ ᠬᠦᠭᠵᠢᠬᠦᠯᠬᠦ︾ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠠᠬᠢᠭᠤᠯᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠠᠰ ᠳᠡᠪᠰᠢᠬᠦ ᠶᠢ ᠲᠡᠳᠬᠦᠨ | ᠳᠡᠮᠵᠢᠵᠦ᠂ ᠬᠤᠯᠠᠨᠳ᠋ ᠤᠳᠤᠮ ᠤᠨ ᠰᠠᠭᠠᠯᠢ ᠶᠢᠨ ᠦᠨᠢᠶ᠎ᠡ ᠶᠢ 4000 ᠳᠤ ᠬᠦᠷᠭᠡᠵᠦ᠂ ᠰᠦ ᠶᠢᠨ ᠭᠠᠷᠤᠯᠲᠠ ᠶᠢ ᠠᠳᠠᠯᠢ | ᠬᠤᠭᠤᠴᠠᠭᠠᠨ ᠤ ᠬᠢ ᠠᠴᠠ 1500 ᠲᠣᠨ ᠨᠡᠮᠡᠭᠳᠡᠭᠦᠯᠦᠨ᠎ᠡ᠃ ᠲᠥᠬᠦᠭᠡᠷᠦᠮᠵᠢᠲᠦ ᠲᠠᠷᠢᠶᠠᠯᠠᠩ ᠤᠨ ᠲᠠᠷᠢᠬᠤ ᠬᠡᠪᠴᠢᠶ᠎ᠡ ᠶᠢ | ᠦᠷᠭᠦᠯᠵᠢᠯᠡᠨ ᠥᠷᠭᠡᠳᠬᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠢ 1 ᠲᠦᠮᠡᠨ ᠮᠦ ᠪᠡᠶᠡᠯᠡᠭᠦᠯᠦᠨ᠎ᠡ᠃ ᠣᠷᠣᠨ ᠪᠦᠰᠡ ᠶᠢᠨ ᠴᠢᠨᠠᠷᠲᠠᠢ ᠰᠢᠯᠢᠳᠡᠭ ᠡᠭᠦᠯᠳᠡᠷ ᠤᠨ ᠲᠥᠮᠥᠰᠦ | ᠲᠠᠷᠢᠬᠤ ᠤᠯᠤᠰ ᠤᠨ ᠲᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ᠂ | ᠠᠯᠲᠠᠩᠬᠸ᠎ᠠ ᠴᠡᠴᠡᠭ ᠲᠠᠷᠢᠵᠤ ᠪᠣᠯᠪᠠᠰᠤᠷᠠᠭᠤᠯᠬᠤ ᠪᠠ ᠲᠡᠭᠦᠨ ᠢ ᠵᠢᠭᠤᠯᠴᠢᠯᠠᠯ ᠤᠨ ᠡᠷᠡᠭᠦᠯᠵᠢᠯ ᠰᠤᠪᠢᠯᠠᠯᠲᠠ ᠶᠢᠨ | ᠠᠭᠤᠯᠭ᠎ᠠ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠲᠥᠰᠥᠯ ᠢ ᠳᠠᠮᠵᠢᠨ᠎ᠠ᠃ ᠠᠵᠤ ᠦᠶᠯᠡᠳᠪᠦᠷᠢ ᠶᠢᠨ ᠠᠵᠤ ᠠᠬᠤᠢ | ᠶᠢᠨ ᠨᠡᠮᠡᠭᠳᠡᠯ ᠤᠨ ᠬᠤᠷᠳᠤᠴᠠ ᠶᠢ ᠲᠦᠷᠭᠡᠳᠬᠡᠨ᠎ᠡ᠃ ᠴᠡᠪᠡᠷ ᠡᠨᠧᠷᠭᠢ ᠶᠢ ᠶᠡᠬᠡᠪᠡᠷ ᠬᠥᠭᠵᠢᠭᠦᠯᠵᠦ᠂ ᠱᠠᠩᠳᠤ ᠶᠢᠨ ᠵᠠᠭᠤᠨ | ᠲᠦᠮᠡᠨ ᠺᠢᠯᠣᠸᠠᠲ ᠤᠨ ᠰᠠᠯᠬᠢᠨ ᠡᠨᠧᠷᠭᠢ ᠶᠢᠨ ᠴᠠᠬᠢᠯᠭᠠᠨ ᠭᠠᠷᠭᠠᠬᠤ ᠰᠠᠭᠤᠷᠢᠨ ᠭᠠᠵᠠᠷ᠂ ᠳᠠᠩ ᠾᠧ ᠬᠤᠷᠢᠨ ᠲᠦᠮᠡᠨ | ᠺᠢᠯᠣᠸᠠᠲ ᠤᠨ ᠰᠠᠯᠬᠢᠨ ᠡᠨᠧᠷᠭᠢ ᠶᠢᠨ ᠴᠠᠬᠢᠯᠭᠠᠨ ᠭᠠᠷᠭᠠᠬᠤ ᠥᠷᠲᠡᠭᠡ ᠵᠢᠴᠢ ᠵᠦᠩ ᠭᠤᠸᠠᠩ ᠾᠧ᠂ ᠮᠢᠩ ᠶᠠᠩ᠂ ᠺᠦᠨ | ᠢᠦ᠋ᠢ ᠵᠡᠷᠭᠡ ᠰᠠᠯᠬᠢᠨ ᠡᠨᠧᠷᠭᠢ ᠶᠢᠨ ᠴᠠᠬᠢᠯᠭᠠᠨ ᠤ ᠲᠦᠰᠦᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠵᠤ᠂ | ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠬᠡᠮᠵᠢᠶ᠎ᠡ ᠶᠢ 189 ᠲᠦᠮᠡᠨ ᠺᠢᠯᠣᠸᠠᠲ ᠲᠤ ᠬᠦᠷᠭᠡᠵᠦ᠂ ᠡᠵᠡᠯᠡᠬᠦ ᠬᠠᠷᠢᠴᠠᠯ ᠢ | 33.7% ᠳᠤ ᠬᠦᠷᠭᠡᠬᠦ ᠪᠠᠷ ᠴᠢᠷᠮᠠᠶᠢᠨ᠎ᠠ᠃ ᠵᠢᠯ ᠤᠨ ᠳᠣᠲᠣᠷ᠎ᠠ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ | ᠶᠢᠨ ᠠᠵᠤ ᠠᠬᠤᠶᠢᠯᠠᠯ ᠢ ᠠᠳᠠᠭ ᠲᠤ ᠨᠢᠭᠡ ᠶᠢ ᠨᠡᠮᠡᠭᠳᠡᠭᠦᠯᠵᠦ᠂ ᠲᠡᠳᠡᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ | 47 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠭᠡᠨ᠎ᠡ᠃ ᠰᠣᠶᠣᠯ ᠵᠢᠭᠤᠯᠴᠢᠯᠠᠯ ᠤᠨ ᠬᠢᠷᠢ ᠲᠥᠪᠰᠢᠨ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ᠎ᠡ᠃ ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ | ᠨᠤᠲᠤᠭ ᠤᠨ ᠦᠵᠡᠮᠵᠢ ᠶᠢᠨ ᠱᠤᠭᠤᠮ ᠤᠨ ᠵᠠᠩᠭᠢᠯᠠᠭ᠎ᠠ ᠶᠢᠨ ᠴᠡᠭ ᠢ ᠣᠨᠣᠪᠴᠢᠲᠠᠢ ᠡᠵᠡᠮᠳᠡᠵᠦ᠂ ︽ᠣᠷᠣᠨ ᠪᠦᠰᠡ ᠶᠢᠨ | ᠵᠢᠭᠤᠯᠴᠢᠯᠠᠯ ᠤᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠶᠤᠸᠠᠨ ᠤ ᠳᠡᠭᠡᠳᠦ | ᠨᠡᠶᠢᠰᠯᠡᠯ ᠤᠨ ᠪᠠᠭᠤᠷᠢ᠂ ︽ᠤᠷᠲᠤ ᠶᠢᠨ ᠲᠠᠯ᠎ᠠ︾ ᠵᠢᠭᠤᠯᠴᠢᠳ ᠲᠤ ᠦᠢᠯᠡᠴᠢᠯᠡᠬᠦ ᠲᠥᠪ᠂ ᠴᠠᠬᠠᠷ ᠠᠶᠢᠮᠠᠭ ᠤᠨ | ᠠᠩᠬᠠᠳᠤᠭᠠᠷ ᠨᠠᠮ ᠤᠨ ᠡᠭᠦᠷ ᠵᠡᠷᠭᠡ ᠵᠢᠭᠤᠯᠴᠢᠯᠠᠯ ᠤᠨ ᠡᠬᠢ ᠪᠠᠶᠠᠯᠢᠭ ᠤᠨ ᠲᠣᠭᠤᠷᠢᠨ ᠳᠤ᠂ ᠵᠤᠨ ᠤ ᠤᠯᠠᠷᠢᠯ ᠤᠨ | ᠦᠵᠡᠮᠵᠢ ᠶᠢᠨ ᠱᠤᠭᠤᠮ᠂ ᠡᠪᠦᠯ ᠤᠨ ᠤᠯᠠᠷᠢᠯ ᠤᠨ ᠮᠥᠰᠥ ᠴᠠᠰᠤ ᠶᠢ ᠲᠤᠭᠤᠯᠬᠤ᠂ ᠲᠡᠦᠬᠡ ᠬᠤᠪᠢᠰᠬᠠᠯ ᠤᠨ | ᠵᠢᠭᠤᠯᠴᠢᠯᠠᠯ ᠤᠨ ᠱᠤᠭᠤᠮ᠂ ᠰᠣᠶᠣᠯ ᠢᠷᠭᠡᠨᠰᠢᠯ ᠤᠨ ᠵᠠᠩ ᠦᠢᠯᠡ ᠶᠢᠨ ᠱᠤᠭᠤᠮ ᠢ ᠰᠦᠪᠡᠭᠴᠢᠯᠡᠵᠦ᠂ ᠣᠨᠴᠠᠯᠢᠭᠲᠤ | ᠰᠣᠳᠣᠨ ᠵᠢᠭᠤᠯᠴᠢᠯᠠᠯ ᠤᠨ ᠱᠤᠭᠤᠮ ᠢ ᠪᠠᠶᠢᠭᠤᠯᠤᠨ᠎ᠠ᠃ ︽ᠱᠠᠩᠳᠤ ᠨᠠᠭᠤᠷ︾ ᠪᠠᠶᠢᠭᠠᠯᠢᠯᠢᠭ ᠮᠠᠯᠵᠢᠯ ᠤᠨ ᠲᠠᠯᠠᠪᠠᠢ ᠶᠢᠨ | 4 A ᠲᠡᠰ ᠤᠨ ᠦᠵᠡᠮᠵᠢ ᠶᠢᠨ ᠣᠷᠣᠨ ᠪᠣᠯᠭᠠᠬᠤ ᠶᠢ ᠠᠬᠢᠭᠤᠯᠵᠤ᠂ ᠬᠤᠯᠠᠨ ᠰᠢᠷᠭ᠎ᠠ ᠲᠠᠭ᠎ᠠ ᠶᠢᠨ ᠡᠪᠦᠯ ᠤᠨ ᠨᠠᠭᠠᠳᠤᠮ᠂ | ᠠᠯᠲᠠᠩᠬᠸ᠎ᠠ ᠴᠡᠴᠡᠭ ᠰᠣᠨᠢᠷᠬᠠᠬᠤ ᠨᠠᠶᠢᠷ᠂ ᠴᠠᠭᠠᠨ ᠢᠳᠡᠭᠡᠨ ᠤ ᠰᠣᠶᠣᠯ ᠤᠨ ᠨᠠᠶᠢᠷ᠂ ᠰᠢᠯᠤᠭᠤᠨ ᠬᠥᠬᠡ ᠬᠤᠰᠢᠭᠤᠨ ᠤ | ᠮᠠᠷᠠᠽᠤᠨ ᠵᠡᠷᠭᠡ ᠨᠡᠷᠡᠲᠦ ᠲᠡᠮᠳᠡᠭ ᠤᠨ ᠠᠵᠢᠯᠯᠠᠭ᠎ᠠ ᠶᠢ ᠤᠬᠠᠭᠤᠯᠤᠨ ᠲᠥᠰᠦᠪᠯᠡᠬᠦ ᠠᠵᠢᠯ ᠢ ᠨᠢᠮᠪᠠᠢ ᠬᠢᠵᠦ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠢ ᠡᠭᠦᠳᠬᠦ ᠪᠠᠷ ᠬᠦᠴᠦᠯᠡᠨ᠎ᠡ᠃ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠡᠰ ᠳᠡᠪᠰᠢᠭᠦᠯᠬᠦ ᠴᠢᠳᠠᠪᠤᠷᠢ ᠶᠢ ᠲᠦᠷᠭᠡᠳᠬᠡᠨ᠎ᠡ᠃ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠢᠳᠡᠪᠬᠢᠲᠡᠶ ᠬᠥᠭᠵᠢᠭᠦᠯᠵᠦ᠂ ︽ᠰᠦᠯᠵᠢᠶᠡᠨ ᠣᠳᠣ︾ ᠪᠠᠷ ᠳᠠᠶᠢᠴᠢᠯᠠᠭᠤᠯᠤᠭᠰᠠᠨ ᠠᠵᠤ | ᠠᠬᠤᠶ ᠶᠢᠨ ᠬᠥᠭᠵᠢᠯᠲᠡ ᠶᠢ ᠳᠡᠮᠵᠢᠵᠦ᠂ ᠲᠣᠰ ᠭᠠᠵᠠᠷ ᠤᠨ ᠠᠵᠤ ᠠᠬᠤᠶᠢᠯᠠᠯ ᠬᠢᠭᠡᠳ ᠤᠯᠤᠰ ᠤᠨ ᠳᠣᠲᠣᠭᠠᠳᠤ ᠶᠢᠨ | ᠡᠯᠧᠺᠲᠷᠣᠨ ᠬᠤᠳᠠᠯᠳᠤᠭᠠᠨ ᠤ ᠨᠡᠷᠡᠲᠦ ᠲᠠᠪᠴᠠᠩ ᠯᠤᠭ᠎ᠠ ᠬᠠᠮᠲᠤᠷᠠᠯᠴᠠᠬᠤ ᠶᠢ ᠵᠣᠷᠢᠭᠵᠢᠭᠤᠯᠤᠨ᠂ ᠡᠯᠧᠺᠲᠷᠣᠨ | ᠬᠤᠳᠠᠯᠳᠤᠭᠠᠨ ᠤ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠲᠦᠷᠭᠡᠨ ᠢᠯᠡᠭᠡᠯᠲᠡ ᠶᠢᠨ ᠪᠠᠷᠠᠭᠠᠨ ᠤ ᠳᠣᠭᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠦᠨ᠎ᠡ | ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠣᠳᠣᠨ | ᠲᠠᠰ ᠤᠨ ᠪᠠᠭᠤᠳᠠᠯ ᠢ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠂ ᠨᠢᠭᠡ ᠪᠦᠯᠦᠭ ᠮᠠᠯᠴᠢᠨ ᠲᠠᠷᠢᠶᠠᠴᠢᠨ ᠠᠶᠢᠯ ᠤᠨ | ᠵᠢᠭᠤᠯᠴᠢᠯᠠᠯ ᠪᠠ ᠲᠠᠯ᠎ᠠ ᠨᠤᠲᠤᠭ ᠤᠨ ᠵᠠᠩ ᠦᠢᠯᠡ ᠶᠢᠨ ᠣᠷᠣᠨ ᠰᠠᠭᠤᠴᠠ ᠳᠤ ᠰᠠᠭᠤᠷᠢᠯᠠᠭᠰᠠᠨ ᠵᠢᠭᠤᠯᠴᠢᠯᠠᠯ ᠢ | ᠵᠢᠷᠤᠮᠵᠢᠭᠤᠯᠤᠨ ᠲᠠᠰ ᠲᠡᠪᠰᠢᠭᠦᠯᠦᠨ᠎ᠡ᠃ ᠨᠠᠰᠤᠲᠠᠨ ᠢ ᠠᠰᠠᠷᠠᠵᠤ ᠨᠢᠯᠬᠠᠰ ᠢ ᠬᠠᠷᠠᠭᠠᠯᠵᠠᠬᠤ᠂ ᠰᠥᠨᠢ ᠶᠢᠨ ᠬᠤᠳᠠᠯᠳᠤᠭ᠎ᠠ᠂ | ᠬᠡᠲᠦ ᠳᠡᠯᠭᠡᠭᠦᠷ ᠪᠠ ᠣᠨᠴᠠᠯᠢᠭᠲᠤ ᠵᠢᠵᠢᠭ ᠳᠡᠯᠭᠡᠭᠦᠷ ᠵᠢᠴᠢ ᠬᠡᠷ ᠠᠬᠤᠢ ᠶᠢᠨ ᠦᠶᠯᠡᠴᠢᠯᠡᠭᠡ ᠵᠡᠷᠭᠡ ᠶᠢ ᠬᠥᠭᠵᠢᠭᠦᠯᠬᠦ ᠪᠠᠷ | ᠳᠡᠮᠵᠢᠵᠦ᠂ ᠵᠢᠭᠤᠯᠴᠢᠯᠠᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠪᠠᠷᠢᠮᠵᠢᠶ᠎ᠠ ᠶᠢ ᠳᠡᠭᠡᠭᠰᠢᠭᠦᠯᠦᠨ ᠲᠡᠰ ᠲᠡᠪᠰᠢᠭᠦᠯᠬᠦ ᠶᠢ ᠲᠦᠷᠭᠡᠳᠬᠡᠨ᠎ᠡ᠃ ︽ᠲᠥᠰᠥᠯ ᠤᠨ ᠬᠠᠮᠢᠶᠠᠷᠤᠭᠴᠢ︾ | ᠶᠢᠨ ᠳᠦᠷᠢᠮ ᠢ ᠬᠡᠷᠡᠭᠵᠢᠭᠦᠯᠵᠦ᠂ ᠲᠤᠰᠬᠠᠢ ᠳᠤᠭᠤᠶᠢᠯᠠᠩ ᠤᠨ ᠬᠡᠯᠪᠡᠷᠢ ᠪᠠᠷ ᠲᠥᠰᠥᠯ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ 32 ᠭᠤᠣᠯᠳᠠᠯᠭ᠎ᠠ ᠲᠠᠢ ᠲᠥᠰᠥᠯ ᠢ ᠲᠥᠯᠥᠪᠯᠡᠵᠦ᠂ 32 .2 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ᠂ ᠡᠭᠦᠨ ᠳᠤ ᠠᠶᠢᠮᠠᠭ ᠤᠨ ᠲᠡᠰ ᠤᠨ 12 ᠭᠤᠣᠯᠳᠠᠯᠭ᠎ᠠ ᠲᠠᠢ ᠲᠥᠰᠥᠯ ᠤᠨ 26 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠪᠠᠶᠢᠵᠤ ᠪᠣᠢ᠃ ᠠᠵᠤ ᠦᠢᠯᠡᠰ ᠤᠨ ᠳᠠᠶᠢᠴᠢᠯᠠᠨ ᠳᠠᠭᠠᠭᠤᠯᠬᠤ ᠬᠢᠷᠢ | ᠲᠥᠪᠰᠢᠨ᠂ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ᠂ ᠡᠳ᠋ ᠤᠨ ᠵᠠᠰᠠᠭ ᠭᠠᠶᠢᠯᠢ ᠶᠢᠨ ᠬᠤᠪᠢ ᠨᠡᠮᠡᠷᠢ ᠶᠢᠨ ᠨᠣᠷᠮ᠎ᠠ | ᠂ ᠠᠵᠢᠯ ᠣᠯᠭᠤᠯᠲᠠ ᠶᠢᠨ ᠳᠠᠶᠢᠴᠢᠯᠠᠨ ᠳᠠᠭᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠲᠤᠰᠬᠠᠢ | ᠮᠡᠷᠭᠡᠵᠢᠯ ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠵᠢᠴᠢ ᠠᠵᠤ ᠦᠢᠯᠡᠰ ᠤᠨ ᠬᠡᠯᠬᠢᠶᠡᠵᠢᠯ ᠢᠶᠠᠷ ᠳᠠᠮᠵᠢᠭᠤᠯᠤᠨ | ᠠᠷᠠᠯᠵᠢᠶᠠᠴᠢᠨ ᠤᠷᠢᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ᠂ ᠠᠷᠠᠯᠵᠢᠶᠠᠴᠢᠨ ᠤᠷᠢᠵᠤ ᠪᠡᠯᠡ ᠲᠠᠲᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠠᠶᠢᠮᠠᠭ ᠤᠨ ᠭᠠᠳᠠᠨ᠎ᠠ ᠠᠴᠠ 13 . 7 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ | ᠲᠠᠲᠠᠬᠤ ᠪᠠᠷ ᠴᠢᠷᠮᠠᠶᠢᠨ᠎ᠠ᠃ | ︵ᠬᠤᠶᠠᠷ︶ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠰᠢᠨ᠎ᠡ ᠦᠷ᠎ᠡ ᠪᠦᠲᠦᠮᠵᠢ ᠤᠯᠬᠤ ᠶᠢ ᠲᠦᠯᠬᠢᠨ | ᠠᠬᠢᠭᠤᠯᠤᠨ᠎ᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠴᠢᠩᠭᠠᠳᠬᠠᠨ᠎ᠠ᠃ ᠭᠤᠷᠪᠠᠳᠤᠭᠠᠷ ᠡᠭᠡᠯᠵᠢ ᠶᠢᠨ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠦᠷᠢ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ | ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ︽ | ᠣᠶ ᠰᠢᠭᠤᠶ ᠡᠪᠡᠰᠦ ᠪᠡᠯᠴᠢᠭᠡᠷ ᠤᠨ ᠬᠠᠷᠢᠭᠤᠴᠠᠯᠭᠠᠲᠠᠨ ᠤ ᠲᠦᠷᠢᠮ︾ ᠢ ᠪᠦᠷᠢᠨᠰᠢᠭᠦᠯᠦᠨ᠎ᠡ᠃ ᠨᠤᠲᠤᠭ ᠪᠡᠯᠴᠢᠭᠡᠷ ᠣᠶᠢᠲᠤ | ᠭᠠᠵᠠᠷ ᠢ ᠡᠪᠳᠡᠵᠦ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ | ᠢ ᠪᠠᠬᠢᠵᠢᠭᠦᠯᠵᠦ᠂ ᠣᠶᠢᠲᠤ ᠭᠠᠵᠠᠷ ᠪᠠ ᠨᠤᠲᠤᠭ ᠪᠡᠯᠴᠢᠭᠡᠷ ᠢ ᠠᠰᠢᠭᠯᠠᠬᠤ ᠵᠥᠪᠰᠢᠶᠡᠷᠡᠯ ᠢ ᠴᠢᠩᠭ᠎ᠠ ᠬᠢᠨᠠᠵᠤ᠂ | ᠵᠥᠪᠰᠢᠶᠡᠷᠡᠯ ᠥᠬᠡᠶ ᠪᠠᠷ ᠤᠷᠢᠳᠠᠪᠠᠷ ᠡᠵᠡᠯᠡᠬᠦ᠂ ᠵᠥᠪᠰᠢᠶᠡᠷᠡᠭᠰᠡᠨ ᠲᠠᠯᠠᠪᠠᠢ ᠠᠴᠠ ᠢᠯᠡᠭᠦᠦ ᠡᠵᠡᠯᠡᠬᠦ ᠦᠶᠯᠡ ᠠᠵᠢᠯᠯᠠᠭ᠎ᠠ | ᠶᠢ ᠡᠷᠡᠰ ᠬᠤᠷᠢᠭᠯᠠᠨ᠎ᠠ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ | ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠢᠷᠢ ᠲᠥᠪᠰᠢᠨ ᠪᠠ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢᠨ ᠵᠠᠰᠠᠯᠲᠠ ᠶᠢ ᠤᠯᠠᠮ ᠠᠬᠢᠭᠤᠯᠵᠤ᠂ ᠥᠪᠥᠷ ᠮᠣᠩᠭᠤᠯ ᠤᠨ | ᠥᠨᠳᠦᠷᠯᠢᠭ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢᠶᠠᠷ ᠴᠥᠯᠡᠷᠬᠡᠭᠵᠢᠯ ᠢ ᠵᠠᠰᠠᠬᠤ ᠲᠥᠰᠥᠯ 4 . | 5 ᠲᠦᠮᠡᠨ ᠮᠥ᠂ ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠰᠥᠯ 3.24 ᠲᠦᠮᠡᠨ ᠮᠥ᠂ ᠨᠤᠲᠤᠭ | ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠡᠭᠦᠷᠭᠡ 2 ᠲᠦᠮᠡᠨ ᠮᠥ ᠶᠢ ᠪᠡᠶᠡᠯᠡᠭᠦᠯᠵᠦ᠂ 5 ᠲᠡᠭᠰᠢ ᠳᠥᠷᠪᠡᠯᠵᠢᠨ | ᠺᠢᠯᠣᠮᠧᠲᠷ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠨ᠎ᠠ᠃ ᠪᠤᠬᠢᠷᠳᠦᠯ ᠢ ᠰᠡᠷᠬᠡᠶᠢᠯᠡᠨ ᠴᠡᠭᠴᠡᠯᠡᠬᠦ ᠠᠵᠢᠯ ᠢ | ᠦᠷᠬᠦᠯᠵᠢᠯᠡᠨ ᠴᠢᠩᠭ᠎ᠠ ᠠᠳᠬᠤᠨ᠎ᠠ᠃ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢᠨ | ᠵᠢᠱᠢᠶ᠎ᠡ ᠦᠵᠡᠬᠦᠯᠬᠦ ᠬᠤᠰᠢᠭᠤ ᠶᠢ ᠴᠤᠭᠴᠠᠯᠠᠨ ᠪᠠᠶᠢᠭᠤᠯᠬᠤ ᠠᠵᠢᠯ ᠢ ᠡᠬᠢᠯᠡᠬᠦᠯᠦᠨ᠎ᠡ᠃ ︽ᠪᠠᠶᠢᠭᠠᠯᠢ ᠤᠷᠴᠢᠨ ᠤ | ᠬᠡᠨᠡᠳᠳᠡ ᠶᠢᠨ ᠬᠡᠷᠡᠭ ᠤᠴᠢᠷ ᠢ ᠠᠷᠭᠠᠴᠠᠭᠠᠬᠤ ᠲᠦᠰᠦᠪ︾ ᠢ ᠲᠤᠭᠳᠠᠭᠠᠨ᠂ ᠬᠡᠨᠡᠳᠳᠡ ᠶᠢᠨ ᠬᠡᠷᠡᠭ ᠤᠴᠢᠷ ᠢ | ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠪᠠᠨ ᠲᠡᠭᠡᠭᠰᠢᠯᠡᠬᠦᠯᠦᠨ᠎ᠡ᠃ ᠲᠠᠷᠢᠶᠠᠯᠠᠩ ᠤᠨ ᠬᠦᠷᠦᠰᠦᠨ ᠤ ᠪᠤᠬᠢᠷᠳᠦᠯ ᠢ | ᠰᠡᠷᠬᠡᠶᠢᠯᠡᠬᠦ ᠪᠠ ᠮᠠᠯ ᠵᠢᠬᠦᠷᠳᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠰᠠᠶᠢᠳᠦᠷ ᠠᠳᠬᠤᠨ᠎ᠠ᠃ | ᠱᠠᠩᠳᠤ ᠪᠠᠯᠭᠠᠰᠤᠨ ᠤ ᠪᠠᠴᠢᠮ ᠪᠠᠶᠢᠳᠠᠯ ᠳᠤ ᠬᠡᠷᠡᠭᠯᠡᠬᠦ ᠤᠰᠤᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠬᠤ ᠠᠵᠢᠯ ᠢ | ᠲᠦᠷᠬᠡᠳᠬᠡᠨ᠂ ᠬᠤᠳᠠ ᠪᠠᠯᠭᠠᠰᠤᠨ ᠤ ᠤᠬᠢᠶᠠᠳᠠᠰᠤ ᠬᠠᠶᠠᠭᠳᠠᠮᠠᠯ᠂ ᠠᠮᠢᠳᠤᠷᠠᠯ ᠤᠨ ᠬᠤᠭ ᠨᠤᠪᠰᠢ᠂ ᠪᠤᠬᠢᠷ ᠤᠰᠤᠨ ᠤ | ᠯᠠᠭ ᠰᠢᠪᠡᠷ ᠢ ᠰᠢᠢᠳᠪᠤᠷᠢᠯᠡᠬᠦ ᠨᠢᠬᠡ ᠴᠤᠭᠴᠠᠴᠢᠯᠠᠭᠰᠠᠨ ᠰᠢᠰᠲ᠋ᠧᠮ ᠪᠠ ᠴᠡᠪᠡᠷᠰᠢᠬᠦᠯᠦᠭᠰᠡᠨ ᠤᠰᠤ ᠶᠢ ᠲᠡᠬᠢᠨ ᠠᠰᠢᠭᠯᠠᠬᠤ | ᠲᠦᠷᠦᠯ ᠵᠦᠢᠯ ᠢ ᠠᠬᠢᠭᠤᠯᠵᠦ᠂ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠪᠤᠬᠢᠷ ᠤᠰᠤᠨ ᠤ ᠯᠠᠭ ᠰᠢᠪᠡᠷ ᠤᠨ | ᠤᠰᠤ ᠬᠠᠨᠤᠮᠠᠯ ᠤᠨ ᠬᠡᠮᠵᠢᠶ᠎ᠠ ᠶᠢ 60% ᠠᠴᠠ ᠲᠤᠷᠤᠭᠰᠢ ᠪᠤᠯᠭᠠᠨ ᠰᠢᠬᠠᠵᠦ᠂ ᠴᠡᠪᠡᠷᠰᠢᠬᠦᠯᠦᠭᠰᠡᠨ ᠤᠰᠤᠨ ᠤ ᠴᠢᠨᠡᠷ ᠢ | ᠱᠠᠩᠳᠤ ᠴᠠᠬᠢᠯᠭᠠᠨ ᠭᠠᠷᠭᠠᠬᠤ ᠦᠢᠯᠡᠳᠪᠤᠷᠢ ᠶᠢᠨ ᠵᠠᠷᠤᠬᠤ ᠤᠰᠤᠨ ᠤ ᠪᠠᠷᠢᠮᠵᠢᠶᠠᠨ ᠳᠤ ᠬᠦᠷᠬᠡᠨ᠎ᠡ᠃ ︽ᠭᠤᠤᠯ ᠨᠠᠭᠤᠷ | ᠤᠨ ᠬᠠᠷᠢᠭᠤᠴᠠᠯᠭᠠᠲᠠᠨ︾ ᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ 1300 ᠲᠦᠮᠡᠨ ᠲᠦᠬᠦᠷᠢᠭ ᠤᠨ ᠪᠡᠯᠡ | ᠤᠷᠤᠭᠤᠯᠵᠦ᠂ ᠱᠠᠩᠳᠤ ᠶᠢᠨ ᠭᠤᠤᠯ ᠤᠨ ᠤᠷᠤᠰᠬᠠᠯ ᠲᠠᠭᠠᠤ ᠭᠤᠤᠯ ᠤᠨ ᠬᠦᠨᠳᠡᠢ ᠶᠢ ᠴᠡᠪᠡᠷᠯᠡᠵᠦ᠂ ᠾᠧᠪᠸᠢ ᠮᠤᠵᠢ ᠶᠢᠨ | ᠵᠠᠭᠠᠭ ᠲᠡᠭᠡᠷ᠎ᠡ ᠤᠰᠤᠨ ᠤ ᠴᠢᠨᠡᠷ ᠢ ᠬᠢᠨᠠᠨ ᠪᠠᠶᠢᠴᠠᠭᠠᠬᠤ ᠠᠦ᠋ᠲᠮᠠᠲ ᠪᠠᠶᠢᠴᠠᠭᠠᠯᠳᠠ ᠶᠢᠨ ᠦᠷᠳᠡᠭᠡ ᠶᠢ ᠪᠠᠶᠢᠭᠤᠯᠵᠦ᠂ | ᠱᠠᠩᠳᠤ ᠶᠢᠨ ᠭᠤᠤᠯ ᠤᠨ ᠤᠷᠤᠰᠬᠠᠯ ᠲᠠᠭᠠᠤ ᠤᠷᠤᠨ ᠤ ᠤᠰᠤᠨ ᠤ ᠴᠢᠨᠡᠷ ᠢ ᠬᠢᠨᠠᠨ ᠪᠠᠶᠢᠴᠠᠭᠠᠬᠤ ᠪᠠ ᠭᠤᠤᠯᠳᠠᠯᠭ᠎ᠠ ᠲᠠᠢ | ᠤᠷᠤᠰᠬᠠᠯ ᠤᠨ ᠤᠷᠤᠨ ᠤ ᠠᠮᠢ ᠠᠬᠤᠢ ᠤᠷᠴᠢᠨ ᠲᠤᠭᠤᠷᠢᠨ ᠢ ᠴᠡᠭᠴᠡᠯᠡᠬᠦ ᠠᠵᠢᠯ ᠢ ᠰᠠᠶᠢᠳᠦᠷ ᠬᠢᠨ᠎ᠠ᠃ ᠴᠡᠭᠴᠡᠯᠡᠨ | ᠵᠠᠰᠠᠬᠤ ᠦᠷ᠎ᠡ ᠪᠦᠳᠦᠮᠵᠢ ᠶᠢ ᠤᠯᠠᠮ ᠲᠡᠭᠡᠭᠰᠢᠯᠡᠬᠦᠯᠦᠨ᠎ᠡ᠃ ᠡᠨᠧᠷᠬᠢ ᠠᠷᠪᠢᠯᠠᠨ ᠪᠤᠬᠢᠷᠳᠦᠯ ᠪᠠᠭᠠᠰᠬᠠᠬᠤ ᠡᠯ᠎ᠠ ᠵᠦᠢᠯ ᠤᠨ | ᠪᠠᠷᠢᠮᠵᠢᠶ᠎ᠠ ᠱᠠᠭᠠᠷᠳᠠᠯᠭ᠎ᠠ ᠶᠢ ᠰᠠᠶᠢᠳᠦᠷ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ | ᠠᠵᠦ ᠠᠬᠤᠶᠢᠯᠠᠯ ᠤᠨ ᠪᠤᠬᠢᠷᠳᠦᠯ ᠲᠠᠢ ᠦᠢᠯᠡᠳᠪᠤᠷᠢᠯᠡᠯ ᠪᠠ ᠡᠨᠧᠷᠬᠢ ᠠᠷᠪᠢᠯᠠᠬᠤ ᠦᠬᠡᠷᠡᠴᠢᠯᠡᠯᠳᠡ ᠶᠢ ᠲᠦᠯᠬᠢᠨ | ᠠᠬᠢᠭᠤᠯᠵᠦ᠂ ︽ᠡᠨᠧᠷᠬᠢ ᠪᠤᠯᠤᠨ ᠬᠤᠷᠤᠭᠳᠠᠯ ᠢ ᠵᠡᠷᠬᠡ ᠬᠢᠵᠠᠭᠠᠷᠯᠠᠬᠤ︾ ᠬᠠᠷᠠᠯᠳᠠ ᠶᠢ ᠪᠡᠶᠡᠯᠡᠬᠦᠯᠦᠨ᠎ᠡ᠃ ᠤᠯᠤᠰ ᠤᠨ | ᠭᠠᠵᠠᠷ ᠰᠢᠷᠦᠢ ᠶᠢᠨ ᠤᠷᠤᠨ ᠲᠤᠭᠤᠷᠢᠭ ᠤᠨ ᠲᠦᠯᠦᠪᠵᠢᠬᠦᠯᠬᠡ ᠪᠠ ᠲᠤᠰᠬᠠᠢ ᠲᠦᠷᠦᠯ ᠤᠨ ᠲᠦᠯᠦᠪᠵᠢᠬᠦᠯᠬᠡ ᠶᠢ | ᠨᠠᠶᠢᠷᠠᠭᠤᠯᠬᠤ ᠠᠵᠢᠯ ᠢ ᠬᠦᠢᠴᠡᠳᠬᠡᠨ᠂ ᠡᠬᠢ ᠡᠬᠦᠰᠦᠯ ᠠᠴᠠ ᠨᠢ ᠴᠢᠩᠭ᠎ᠠ ᠰᠡᠷᠬᠡᠶᠢᠯᠡᠬᠦ᠂ ᠶᠠᠪᠤᠴᠠ ᠲᠤᠮᠳᠠ ᠨᠢ ᠴᠢᠩᠭ᠎ᠠ | ᠬᠠᠮᠢᠶᠠᠷᠬᠤ᠂ ᠮᠠᠭᠤ ᠦᠷ᠎ᠡ ᠨᠦᠯᠦᠭᠡ ᠶᠢ ᠬᠦᠨᠳᠦ ᠪᠠᠷ ᠰᠢᠢᠳᠬᠡᠬᠦ ᠲᠦᠷᠢᠮ ᠢ ᠲᠡᠬᠦᠯᠳᠡᠷᠵᠢᠬᠦᠯᠵᠦ᠂ ᠪᠠᠶᠢᠭᠠᠯᠢ ᠶᠢᠨ ᠡᠬᠢ | ᠪᠠᠶᠠᠯᠢᠭ ᠡᠳ᠋ ᠬᠦᠷᠦᠩᠬᠡ ᠶᠢᠨ ᠪᠠᠶᠢᠴᠠᠭᠠᠯᠳᠠ ᠶᠢ ᠬᠦᠢᠴᠡᠳᠬᠡᠨ᠂ ᠡᠯ᠎ᠠ ᠲᠦᠷᠦᠯ ᠤᠨ ᠬᠠᠤᠯᠢ ᠲᠦᠷᠢᠮ ᠢ ᠵᠦᠷᠢᠴᠡᠨ ᠤᠢ | ᠰᠢᠭᠤᠢ᠂ ᠨᠤᠳᠤᠭ ᠪᠡᠯᠴᠢᠬᠡᠷ ᠡᠵᠡᠯᠡᠭᠰᠡᠨ ᠪᠠ ᠲᠤᠷ᠎ᠠ ᠪᠠᠷ ᠤᠭᠳᠤᠯᠤᠭᠰᠠᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠂ | ᠠᠭᠤᠷᠬᠠᠢ ᠶᠢᠨ ᠤᠷᠴᠢᠨ ᠤ ᠠᠮᠢ ᠠᠬᠤᠢ ᠶᠢᠨ ᠰᠡᠷᠬᠦᠬᠡᠯᠳᠡ ᠶᠢᠨ ᠠᠵᠢᠯ ᠢ ᠴᠢᠩᠭᠠᠳᠬᠠᠵᠦ᠂ ᠨᠤᠭᠤᠭᠠᠷᠠᠭᠤᠯᠵᠦ | ᠰᠡᠷᠬᠦᠬᠡᠬᠦ ᠠᠵᠢᠯ ᠢ ᠦᠨᠡᠨᠬᠦ ᠨᠠᠶᠢᠳᠠᠪᠤᠷᠢᠵᠢᠭᠤᠯᠤᠨ᠂ 5.6 ᠲᠡᠭᠰᠢ ᠲᠦᠷᠪᠡᠯᠵᠢᠨ ᠺᠢᠯᠤᠮᠧᠲᠷ ᠤᠨ ᠬᠠᠶᠠᠭᠳᠠᠮᠠᠯ ᠠᠭᠤᠷᠬᠠᠢ | ᠶᠢᠨ ᠬᠦᠨᠳᠡᠢ ᠶᠢ ᠵᠠᠰᠠᠨ ᠴᠡᠭᠴᠡᠯᠡᠬᠦ ᠠᠵᠢᠯ ᠢ ᠬᠦᠢᠴᠡᠳᠬᠡᠨ᠎ᠡ᠃ | ︵ᠭᠤᠷᠪᠠ︶ ᠬᠦᠳᠡᠭᠡ ᠤᠷᠤᠨ ᠨᠤᠳᠤᠭ ᠢ ᠬᠦᠴᠦᠷᠬᠡᠭᠵᠢᠬᠦᠯᠬᠦ ᠲᠠᠯ᠎ᠠ ᠪᠠᠷ ᠰᠢᠨ᠎ᠠ ᠠᠬᠢᠯᠳᠠ ᠲᠠᠪᠰᠢᠯᠳᠠ ᠲᠠᠢ ᠪᠤᠯᠤᠨ᠎ᠠ᠃ | ᠶᠠᠳᠠᠭᠤ ᠠᠴᠠ ᠠᠩᠬᠢᠵᠢᠷᠠᠭᠤᠯᠤᠭᠰᠠᠨ ᠠᠵᠢᠯ ᠤᠨ ᠦᠷ᠎ᠡ ᠪᠦᠳᠦᠮᠵᠢ ᠶᠢ ᠪᠠᠬᠢᠵᠢᠬᠦᠯᠵᠦ᠂ ᠨᠠᠶᠢᠳᠠᠪᠤᠷᠢᠵᠢᠭᠤᠯᠤᠯᠳᠠ ᠶᠢ | ᠠᠳᠬᠤᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠤᠨ ᠦᠷ᠎ᠡ ᠪᠦᠳᠦᠮᠵᠢ ᠶᠢ ᠬᠦᠳᠡᠭᠡ ᠤᠷᠤᠨ | ᠨᠤᠳᠤᠭ ᠢ ᠬᠦᠴᠦᠷᠬᠡᠭᠵᠢᠬᠦᠯᠬᠦ ᠠᠵᠢᠯ ᠯᠤᠭ᠎ᠠ ᠤᠷᠭᠠᠨᠢᠭ ᠢᠶᠠᠷ ᠤᠶᠠᠯᠳᠤᠭᠤᠯᠤᠨ᠂ ᠰᠤᠮᠤ ᠪᠠᠯᠭᠠᠰᠤᠨ ᠤ ᠭᠤᠤᠯ ᠴᠤᠭᠴᠠ | ᠶᠢᠨ ᠬᠠᠷᠢᠭᠤᠴᠠᠯᠭ᠎ᠠ᠂ ᠠᠯᠪᠠᠨ ᠪᠠᠶᠢᠭᠤᠯᠭ᠎ᠠ ᠶᠢᠨ ᠠᠵᠢᠯ ᠤᠨ ᠬᠠᠷᠢᠭᠤᠴᠠᠯᠭ᠎ᠠ᠂ ᠲᠠᠭᠠᠭᠠᠴᠢᠯᠠᠭᠰᠠᠨ ᠨᠢᠬᠡᠴᠡ ᠶᠢᠨ | ᠲᠡᠳᠬᠦᠨ ᠲᠡᠮᠵᠢᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠪᠠ | ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠨ᠂ ᠲᠡᠬᠢᠨ ᠶᠠᠳᠠᠭᠤᠷᠠᠬᠤ ᠶᠢ ᠰᠡᠷᠬᠡᠶᠢᠯᠡᠬᠦ ᠪᠠ ᠬᠠᠨᠳᠤᠯᠭᠠᠳᠤ | ᠲᠡᠳᠬᠦᠮᠵᠢ ᠶᠢᠨ ᠠᠵᠢᠯ ᠢ ᠦᠷᠬᠦᠯᠵᠢᠯᠡᠨ ᠰᠠᠶᠢᠨ ᠬᠢᠬᠦ ᠪᠤᠯᠤᠨ᠎ᠠ᠃ ᠶᠠᠳᠠᠭᠤ ᠶᠢ ᠳᠡᠳᠭᠦᠭᠰᠡᠨ ᠡᠳ᠋ ᠬᠦᠷᠦᠩᠭᠡ ᠶᠢᠨ ᠬᠢᠨᠠᠨ | ᠬᠠᠮᠢᠶᠠᠷᠤᠯᠳᠠ ᠶᠢ ᠴᠢᠩᠭᠠᠳᠬᠠᠨ᠂ 2012 ᠤᠨ ᠠᠴᠠ ᠨᠠᠰᠢᠬᠢ 3.6 ᠳ᠋ᠦᠩᠰᠢᠭᠤᠷ ᠲᠦᠬᠦᠷᠢᠭ ᠤᠨ ᠶᠠᠳᠠᠭᠤ ᠶᠢ | ᠳᠡᠳᠭᠦᠭᠰᠡᠨ ᠡᠳ᠋ ᠬᠦᠷᠦᠩᠭᠡ ᠶᠢ ᠱᠠᠲᠤ ᠦᠶ᠎ᠡ ᠬᠤᠪᠢᠶᠠᠷᠢᠯᠠᠨ ᠲᠠᠩᠰᠠᠯᠠᠵᠦ᠂ ᠶᠠᠳᠠᠭᠤ ᠶᠢ ᠲᠡᠳᠬᠦᠬᠦ ᠪᠡᠯᠡ ᠮᠦᠩᠬᠦ ᠪᠠ | ᠡᠯ᠎ᠠ ᠲᠦᠰᠦᠯ ᠤᠨ ᠦᠢᠯᠡᠳᠦᠯ ᠴᠢᠳᠠᠪᠬᠢ ᠶᠢ ᠦᠷᠬᠦᠯᠵᠢᠯᠡᠨ ᠪᠠᠳᠠᠷᠠᠭᠤᠯᠤᠨ᠎ᠠ ᠃ ᠲᠦᠷᠦᠯ ᠵᠦᠢᠯ ᠢ ᠦᠷᠬᠦᠯᠵᠢᠯᠡᠨ | ᠠᠳᠬᠤᠵᠦ ᠪᠤᠳᠠᠳᠤ ᠦᠷ᠎ᠠ ᠪᠦᠳᠦᠮᠵᠢ ᠭᠠᠷᠭᠠᠨ᠎ᠠ᠃ 9562 ᠲᠦᠮᠡᠨ ᠲᠦᠬᠦᠷᠢᠭ ᠤᠨ ᠪᠡᠯᠡ ᠤᠷᠤᠭᠤᠯᠵᠦ ᠬᠦᠳᠡᠭᠡ | ᠤᠷᠤᠨ ᠨᠤᠳᠤᠭ ᠢ ᠬᠦᠴᠦᠷᠬᠡᠭᠵᠢᠭᠦᠯᠬᠦ ᠳᠤ ᠬᠤᠯᠪᠤᠭᠳᠠᠬᠤ 3 ᠲᠦᠷᠦᠯ ᠤᠨ19 ᠵᠦᠢᠯ ᠤᠨ ᠠᠵᠢᠯ ᠢ ᠬᠡᠷᠡᠭᠵᠢᠬᠦᠯᠵᠦ᠂ 2. | 42 ᠲᠦᠮᠡᠨ ᠮᠠᠯᠴᠢᠨ ᠲᠠᠷᠢᠶᠠᠴᠢᠨ ᠳᠤ ᠠᠰᠢᠭ ᠬᠦᠷᠳᠡᠬᠡᠨ᠎ᠡ᠃ ᠮᠢᠬᠠᠨ ᠤ ᠦᠬᠡᠷ ᠮᠠᠯᠵᠢᠬᠤ᠂ ᠰᠢᠬᠠᠮᠠᠯ ᠪᠤᠷᠳᠤᠭ᠎ᠠ | ᠦᠢᠯᠡᠳᠪᠤᠷᠢᠯᠡᠬᠦ᠂ ᠠᠮᠢᠳᠤ ᠮᠠᠯ ᠢ ᠪᠤᠷᠤᠯᠠᠭᠤᠯᠬᠤ᠂ ᠬᠦᠳᠡᠭᠡ ᠨᠤᠳᠤᠭ ᠤᠨ ᠵᠢᠭᠤᠯᠴᠢᠯᠠᠯ ᠪᠠ ᠨᠡᠶᠢᠬᠡᠮᠴᠢᠯᠡᠭᠰᠡᠨ | ᠦᠢᠯᠡᠴᠢᠯᠡᠬᠡᠨ ᠤ ᠰᠢᠰᠲ᠋ᠧᠮ ᠢ ᠪᠠᠶᠢᠭᠤᠯᠬᠤ ᠠᠵᠢᠯ ᠢ ᠠᠬᠢᠭᠤᠯᠬᠤ ᠠᠵᠦ ᠦᠢᠯᠡᠰ ᠤᠨ ᠲᠠᠶᠢᠴᠢᠯᠠᠭᠴᠢ ᠬᠦᠴᠦᠨ ᠢ | ᠪᠠᠳᠠᠷᠠᠭᠤᠯᠬᠤ ᠶᠢᠨ ᠬᠠᠮᠳᠤ ᠰᠤᠮᠤ ᠪᠠᠯᠭᠠᠰᠤᠨ ᠤ ᠲᠦᠪ ᠢᠶᠠᠷ ᠨᠢᠬᠡᠴᠢ ᠪᠤᠯᠭᠠᠨ᠂ ᠬᠤᠭ ᠨᠤᠪᠰᠢ ᠬᠤᠷᠢᠶᠠᠨ ᠰᠢᠯᠵᠢᠬᠦᠯᠬᠦ | ᠪᠠᠭ᠎ᠠ ᠬᠡᠯᠪᠡᠷᠢ ᠶᠢᠨ ᠥᠷᠲᠡᠭᠡ ᠶᠢ ᠪᠠᠶᠢᠭᠤᠯᠬᠤ᠂ ᠪᠤᠬᠢᠷ ᠤᠰᠤ ᠲᠡᠭᠡᠭᠡᠪᠤᠷᠢᠯᠡᠬᠦ ᠲᠡᠷᠭᠡ ᠤᠨᠤᠭ᠎ᠠ ᠬᠤᠳᠠᠯᠳᠤᠨ ᠠᠪᠬᠤ | ᠵᠡᠷᠬᠡ ᠠᠷᠭ᠎ᠠ ᠬᠡᠯᠪᠡᠷᠢ ᠪᠠᠷ ᠮᠠᠯᠴᠢᠨ ᠲᠦᠮᠡᠨ ᠤ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ ᠰᠠᠶᠢᠵᠢᠷᠠᠭᠤᠯᠤᠨ᠎ᠠ᠃ | 152 ᠮᠠᠯᠴᠢᠨ ᠲᠡᠷᠢᠶᠠᠴᠢᠨ ᠡᠷᠦᠬᠡ ᠳᠤ ᠵᠤᠷᠯᠤᠩ ᠤᠭᠰᠠᠷᠠᠵᠦ᠂ 1167 ᠡᠷᠦᠬᠡ ᠶᠢᠨ ᠠᠰᠠᠭᠤᠳᠠᠯ ᠲᠠᠢ ᠵᠤᠷᠯᠤᠩ ᠢ | ᠦᠬᠡᠷᠡᠴᠢᠯᠡᠨ ᠵᠠᠰᠠᠨ᠎ᠠ᠃ ᠰᠠᠭᠠᠯᠢ ᠶᠢᠨ ᠦᠨᠢᠶᠠᠨ ᠤ ᠮᠠᠯᠵᠢᠯ ᠤᠨ ᠲᠤᠰᠬᠤᠨ ᠳᠤ ᠲᠦᠪᠯᠡᠷᠡᠬᠦᠯᠦᠨ ᠮᠠᠯᠵᠢᠬᠤ ᠲᠠᠯᠠᠪᠠᠢ | ᠪᠠᠶᠢᠭᠤᠯᠬᠤ ᠲᠤᠷᠰᠢᠯᠳᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠵᠦ᠂ ᠲᠦᠬᠡᠮᠡᠯᠵᠢᠯᠡᠬᠦᠯᠵᠦ ᠪᠤᠯᠬᠤᠶᠢᠴᠠ ᠠᠷᠭ᠎ᠠ | ᠲᠤᠷᠰᠢᠯᠳᠠ ᠶᠢ ᠡᠷᠢᠯᠬᠢᠯᠡᠨ᠎ᠡ᠃ ᠰᠠᠭᠤᠷᠢ ᠪᠦᠳᠦᠬᠡᠨ ᠪᠠᠶᠢᠭᠤᠯᠤᠯᠳᠠ ᠶᠢ ᠠᠳᠬᠤᠵᠦ ᠲᠡᠰ ᠲᠡᠪᠰᠢᠯᠳᠡ ᠶᠢ ᠠᠬᠢᠭᠤᠯᠤᠨ᠎ᠠ᠃ | ᠠᠵᠦ ᠦᠢᠯᠡᠰ ᠤᠨ ᠲᠠᠷᠬᠠᠯᠳᠠ ᠶᠢᠨ ᠪᠠᠶᠢᠳᠠᠯ ᠢ ᠦᠨᠳᠦᠰᠦᠯᠡᠨ᠂ 4.9 ᠲᠦᠮᠡᠨ ᠲᠡᠭᠰᠢ ᠲᠦᠷᠪᠡᠯᠵᠢᠨ ᠮᠧᠲᠷ ᠤᠨ ᠫᠧᠩ | ᠰᠠᠷᠠᠪᠴᠢ᠂ 4.2 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠨᠤᠭᠤᠭᠠᠨ ᠲᠠᠷᠤᠰᠢ ᠶᠢᠨ ᠵᠤᠭᠤᠷᠢ ᠶᠢ ᠪᠠᠶᠢᠭᠤᠯᠤᠨ᠎ᠠ᠃ | ᠠᠮᠢᠳᠠᠨ ᠤ ᠬᠢᠵᠢᠭ ᠡᠪᠡᠳᠴᠢᠨ ᠢ ᠰᠡᠷᠬᠡᠶᠢᠯᠡᠬᠦ ᠡᠷᠴᠢᠮ ᠢᠶᠠᠨ ᠴᠢᠩᠭᠠᠳᠬᠠᠨ᠂ ᠮᠠᠯ ᠤᠨᠤᠭᠠᠨ ᠤ ᠲᠤᠰᠠᠭᠠᠷᠯᠠᠯᠳᠠ ᠶᠢᠨ | ᠲᠠᠯᠠᠪᠠᠢ 1᠂ ᠡᠪᠡᠳᠴᠢᠨ ᠬᠢᠵᠢᠭ ᠢᠶᠠᠷ ᠦᠬᠦᠭᠰᠡᠨ ᠮᠠᠯ ᠢ ᠪᠤᠬᠢᠷᠳᠦᠯ ᠦᠬᠡᠢ ᠰᠢᠢᠳᠪᠤᠷᠢᠯᠡᠬᠦ ᠭᠠᠵᠠᠷ 1 ᠶᠢ ᠪᠠᠶᠢᠭᠤᠯᠬᠤ | ᠶᠢᠨ ᠬᠠᠮᠳᠤ ᠰᠠᠩ ᠤᠨ ᠲᠠᠯᠠᠢ ᠪᠠᠯᠭᠠᠰᠤᠨ ᠳᠤ ᠠᠮᠢᠳᠠᠨ ᠤ ᠡᠮᠨᠡᠯᠬᠡ ᠶᠢᠨ ᠬᠤᠷᠢᠶ᠎ᠠ ᠪᠠᠶᠢᠭᠤᠯᠤᠨ᠎ᠠ᠃ ᠤᠰᠤᠨ ᠠᠰᠢᠭᠯᠠᠯᠳᠠ | ᠶᠢᠨ ᠢᠨᠵᠧᠨᠧᠷᠢᠩ ᠪᠠ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠬᠤ ᠢᠨᠵᠧᠨᠧᠷᠢᠩ ᠢ ᠬᠡᠷᠡᠭᠵᠢᠬᠦᠯᠦᠨ᠂ ᠤᠰᠤᠨ | ᠬᠠᠩᠭᠠᠯᠭ᠎ᠠ ᠶᠢᠨ ᠪᠠᠷᠢᠯᠭ᠎ᠠ 150᠂ ᠤᠰᠤᠨ ᠳᠤ ᠭᠠᠮᠳᠠᠢ ᠤᠰᠤᠯᠠᠯᠳᠠ ᠶᠢᠨ ᠢᠨᠵᠧᠨᠧᠷᠢᠩ ᠢ 70 ᠪᠠᠶᠢᠭᠤᠯᠵᠦ᠂ 2 | ᠭᠠᠵᠠᠷ ᠤᠨ ᠲᠦᠬᠡᠮᠡᠯ ᠤᠰᠤᠨ ᠤ ᠰᠢᠰᠲ᠋ᠧᠮ ᠢ ᠵᠠᠰᠠᠨ ᠰᠡᠯᠪᠢᠵᠦ᠂ 124 ᠬᠤᠳᠳᠤᠭ ᠰᠢᠨ᠎ᠠ ᠪᠠᠷ ᠮᠠᠯᠳᠠᠨ᠎ᠠ᠃ | ᠲᠦᠷᠪᠡᠳᠦᠬᠡᠷ ᠲᠡᠰ ᠤᠨ ᠱᠦᠢᠨᠢ ᠵᠠᠮ ᠢ 76.8 ᠺᠢᠯᠤᠮᠧᠲᠷ ᠵᠠᠰᠠᠵᠦ᠂ 376 ᠡᠷᠦᠬᠡ ᠶᠢᠨ 1126 ᠮᠠᠯᠴᠢᠨ | ᠲᠠᠷᠢᠶᠠᠴᠢᠨ ᠳᠤ ᠠᠰᠢᠭ ᠬᠦᠷᠳᠡᠬᠡᠬᠦ ᠶᠢᠨ ᠬᠠᠮᠳᠤ 56.7 ᠺᠢᠯᠤᠮᠧᠲᠷ ᠬᠠᠭᠤᠴᠢᠨ ᠵᠠᠮ ᠢ ᠵᠠᠰᠠᠨ ᠰᠡᠯᠪᠢᠨ᠎ᠠ᠃ 42.2 | ᠺᠢᠯᠤᠮᠧᠲᠷ ᠤᠨ ᠬᠦᠳᠡᠭᠡ ᠤᠷᠤᠨ ᠨᠤᠳᠤᠭ ᠤᠨ ᠴᠠᠬᠢᠯᠭᠠᠨ ᠱᠤᠭᠤᠮ ᠢ ᠰᠢᠨ᠎ᠠ ᠪᠠᠷ ᠪᠠᠶᠢᠭᠤᠯᠵᠦ᠂ 239 ᠳ᠋ᠤᠭᠠᠷ ᠤᠯᠤᠰ | ᠤᠨ ᠵᠠᠮ ᠤᠨ ᠲᠠᠭᠠᠤ 5 ᠰᠠᠭᠤᠷᠢ ᠮᠡᠳᠡᠭᠡ ᠬᠤᠯᠪᠤᠭᠠᠨ ᠤ ᠰᠤᠪᠤᠷᠭ᠎ᠠ ᠶᠢ ᠠᠰᠢᠭᠯᠠᠯᠳᠠ ᠳᠤ ᠤᠷᠤᠭᠤᠯᠤᠨ᠎ᠠ᠃ | ︵ᠲᠦᠷᠪᠡ︶ ᠠᠵᠢᠯᠯᠠᠵᠦ ᠠᠮᠢᠳᠤᠷᠠᠬᠤ ᠳᠤ ᠲᠠᠪᠠ ᠲᠤᠬᠠᠳᠠᠢ ᠤᠷᠴᠢᠨ ᠨᠦᠬᠦᠴᠡᠯ ᠢ ᠤᠯᠠᠮ ᠰᠠᠶᠢᠵᠢᠷᠠᠭᠤᠯᠤᠨ᠎ᠠ᠃ ᠠᠵᠦ | ᠦᠢᠯᠡᠰ ᠤᠨ ᠬᠦᠭᠵᠢᠯᠳᠡ ᠶᠢᠨ ᠲᠤᠯᠭᠠᠭᠤᠷᠢ ᠬᠦᠴᠦᠨ ᠢ ᠴᠢᠩᠭᠠᠳᠬᠠᠨ᠎ᠠ᠃ ᠢᠷᠬᠡᠨ ᠤ ᠨᠢᠰᠬᠡᠯ ᠤᠨ ᠪᠠᠭᠤᠳᠠᠯ ᠤᠨ | ᠪᠠᠶᠢᠭᠤᠯᠤᠯᠳᠠ ᠶᠢᠨ ᠡᠮᠤᠨᠡᠬᠢ ᠬᠤᠭᠤᠴᠠᠭᠠᠨ ᠤ ᠭᠠᠷᠳᠠᠮ ᠬᠦᠢᠴᠡᠳᠬᠡᠯ ᠢ ᠲᠦᠷᠬᠡᠳᠬᠡᠵᠦ᠂ ᠲᠠᠶᠢᠽᠢ ᠴᠧᠩ ᠠᠴᠠ | ᠰᠢᠯᠢᠩᠬᠤᠲᠠ ᠬᠦᠷᠬᠦ ᠲᠠᠮᠤᠷ ᠵᠠᠮ ᠳᠠᠬᠢ ᠰᠢᠯᠤᠭᠤᠨ ᠬᠦᠬᠡ ᠬᠤᠰᠢᠭᠤ ᠦᠷᠳᠡᠭᠡ ᠪᠤᠯᠤᠨ ᠰᠠᠩ ᠤᠨ ᠲᠠᠯᠠᠢ ᠶᠢᠨ ᠬᠤᠶᠢᠳᠦ | ᠦᠷᠳᠡᠭᠡ ᠶᠢ ᠵᠠᠰᠠᠨ ᠦᠬᠡᠷᠡᠴᠢᠯᠡᠬᠦ ᠠᠵᠢᠯ ᠢ ᠵᠤᠬᠢᠴᠠᠭᠤᠯᠬᠤ ᠶᠢᠨ ᠬᠠᠮᠳᠤ ᠡᠷᠢᠶᠠᠨ ᠠᠴᠠ ᠭᠤᠸᠠᠩᠵᠸᠦ ᠬᠦᠷᠬᠦ ᠦᠨᠳᠦᠷ | ᠬᠤᠷᠳᠤᠴᠠᠲᠤ ᠵᠠᠰᠠᠮᠠᠯ ᠵᠠᠮ ᠤᠨ ᠮᠠᠨ ᠤ ᠬᠤᠰᠢᠭᠤᠨ ᠳᠠᠬᠢ ᠪᠠᠶᠢᠭᠤᠯᠤᠯᠳᠠ ᠶᠢᠨ ᠠᠵᠢᠯ ᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠵᠦ᠂ ᠵᠢᠨᠢᠩ ᠠᠴᠠ ᠲᠦᠩᠯᠢᠶᠤᠤ ᠬᠦᠷᠬᠦ ᠲᠡᠮᠤᠷ ᠵᠠᠮ ᠤᠨ ᠴᠠᠬᠢᠯᠭᠠᠨ ᠬᠦᠴᠦᠨ ᠤ ᠦᠬᠡᠷᠡᠴᠢᠯᠡᠯᠳᠡ ᠶᠢᠨ | ᠠᠵᠢᠯ ᠢ ᠬᠦᠢᠴᠡᠳᠬᠡᠨ᠎ᠡ᠃ ᠱᠠᠩᠳᠤ ᠠᠵᠦ ᠦᠢᠯᠡᠳᠪᠤᠷᠢ ᠶᠢᠨ ᠬᠦᠷᠢᠶᠡᠯᠡᠩ ᠳᠠᠬᠢ ᠪᠠᠷᠤᠭᠰᠢᠨ ᠵᠠᠮ ᠵᠢᠴᠢ ᠤᠰᠤ᠂ ᠬᠡᠢ᠂ | ᠲᠤᠯᠠᠭᠠᠯᠭ᠎ᠠ ᠶᠢᠨ ᠬᠤᠭᠤᠯᠠᠢ ᠶᠢᠨ ᠤᠭᠰᠠᠷᠠᠯᠳᠠ᠂ ᠲᠡᠷᠭᠡᠨ ᠵᠤᠭᠰᠤᠭᠠᠯ ᠤᠨ ᠪᠠᠶᠢᠭᠤᠯᠤᠯᠳᠠ ᠶᠢ ᠠᠬᠢᠭᠤᠯᠤᠨ᠂ ᠭᠤᠤᠯ ᠵᠠᠮ | ᠱᠤᠭᠤᠮ ᠢ ᠲᠤᠰ ᠵᠢᠯ ᠳᠤ ᠠᠰᠢᠭᠯᠠᠯᠳᠠ ᠳᠤ ᠤᠷᠤᠭᠤᠯᠤᠨ᠎ᠡ᠃ ᠬᠤᠳᠠ ᠲᠤᠬᠢᠵᠢᠭᠤᠯᠤᠯᠳᠠ ᠶᠢᠨ ᠬᠢᠷᠢ ᠲᠦᠪᠰᠢᠨ ᠢ | ᠲᠡᠭᠡᠭᠰᠢᠯᠡᠬᠦᠯᠦᠨ᠎ᠡ᠃ ᠬᠤᠳᠠ ᠪᠠᠯᠭᠠᠰᠤ ᠶᠢ ᠰᠢᠨᠡᠴᠢᠯᠡᠬᠦ ᠠᠵᠢᠯ ᠢ ᠬᠡᠷᠡᠭᠵᠢᠬᠦᠯᠵᠦ᠂ ᠱᠠᠩᠳᠤ ᠪᠠᠯᠭᠠᠰᠤᠨ ᠤ ᠬᠤᠪᠢᠯᠠᠢ | ᠠᠭᠤᠳᠠᠮ ᠲᠠᠯᠠᠪᠠᠢ ᠶᠢ ᠵᠠᠰᠠᠨ ᠰᠡᠯᠪᠢᠬᠦ᠂ 4348 ᠮᠧᠲᠷ ᠤᠷᠳᠤ ᠪᠤᠬᠢᠷ ᠤᠰᠤᠨ ᠤ ᠬᠤᠭᠤᠯᠠᠢ ᠪᠠ ᠪᠤᠷᠤᠭᠠᠨ ᠤ ᠤᠰᠤ | ᠭᠠᠳᠠᠭᠰᠢᠯᠠᠭᠤᠯᠬᠤ ᠬᠤᠭᠤᠯᠠᠢ ᠶᠢ ᠵᠠᠰᠠᠵᠦ ᠰᠢᠨᠡᠳᠬᠡᠬᠦ ᠠᠵᠢᠯ ᠢ ᠶᠠᠪᠤᠭᠳᠠᠭᠤᠯᠵᠦ᠂ ᠬᠤᠳᠠ ᠪᠠᠯᠭᠠᠰᠤᠨ ᠤ ᠪᠤᠬᠢᠷ ᠤᠰᠤ | ᠬᠤᠷᠢᠶᠠᠨ ᠰᠢᠢᠳᠪᠤᠷᠢᠯᠡᠬᠦ ᠨᠤᠷᠮ᠎ᠠ ᠶᠢ 95% ᠳᠤ ᠬᠦᠷᠬᠡᠬᠦ ᠶᠢ ᠪᠠᠳᠤᠯᠠᠨ᠎ᠠ᠃ 8000 ᠲᠡᠭᠰᠢ ᠲᠦᠷᠪᠡᠯᠵᠢᠨ ᠮᠧᠲᠷ ᠤᠨ | ᠶᠠᠪᠠᠭᠠᠨ ᠬᠦᠮᠦᠨ ᠤ ᠵᠠᠮ ᠵᠢᠴᠢ ᠡᠪᠳᠡᠷᠡᠵᠦ ᠮᠠᠭᠤᠳᠠᠭᠰᠠᠨ ᠵᠠᠮ ᠤᠨ ᠭᠠᠳᠠᠷᠭᠤ ᠶᠢ ᠵᠠᠰᠠᠨ ᠰᠡᠯᠪᠢᠨ᠎ᠠ᠃ ᠰᠠᠩ ᠤᠨ ᠲᠠᠯᠠᠢ | ᠪᠠᠯᠭᠠᠰᠤᠨ ᠤ 8.64 ᠲᠦᠮᠡᠨ ᠲᠡᠭᠰᠢ ᠲᠦᠷᠪᠡᠯᠵᠢᠨ ᠮᠧᠲᠷ ᠤᠨ ᠪᠠᠷᠤᠭᠰᠢᠨ ᠵᠠᠮ ᠤᠨ ᠭᠠᠳᠠᠷᠭᠤ ᠶᠢ ᠰᠢᠨᠡᠳᠬᠡᠬᠦ | ᠢᠨᠵᠧᠨᠧᠷᠢᠩ ᠢ ᠬᠡᠷᠡᠭᠵᠢᠬᠦᠯᠵᠦ᠂ 239 ᠳ᠋ᠤᠭᠠᠷ ᠤᠯᠤᠰ ᠤᠨ ᠵᠠᠮ ᠠᠴᠠ ᠲᠡᠷᠢᠶ᠎ᠠ ᠬᠤᠳᠠ ᠬᠦᠷᠳᠡᠯᠡᠬᠢ 2.6 ᠺᠢᠯᠤᠮᠧᠲᠷ | ᠤᠨ ᠵᠠᠰᠠᠮᠠᠯ ᠵᠠᠮ ᠢ ᠵᠠᠰᠠᠵᠦ᠂ ᠭᠤᠯᠳᠤᠩ ᠬᠦᠬᠦᠷᠬᠡ ᠪᠠ ᠤᠰᠤ ᠵᠠᠯᠠᠬᠤ ᠰᠤᠪᠠᠭ ᠪᠠᠶᠢᠭᠤᠯᠵᠦ᠂ ᠲᠤᠬᠠᠢ ᠶᠢᠨ ᠭᠠᠵᠠᠷ ᠤᠨ | ᠬᠦᠮᠦᠰ ᠤᠨ ᠶᠠᠪᠤᠵᠦ ᠰᠠᠭᠤᠬᠤ ᠵᠢᠴᠢ ᠤᠰᠤᠳᠤᠯ ᠤᠨ ᠠᠰᠠᠭᠤᠳᠠᠯ ᠢ ᠰᠢᠢᠳᠪᠤᠷᠢᠯᠡᠬᠦ ᠪᠤᠯᠤᠨ᠎ᠠ᠃ ᠠᠷᠠᠯᠵᠢᠶ᠎ᠠ ᠡᠷᠬᠢᠯᠡᠬᠦ | ᠤᠷᠴᠢᠨ ᠨᠦᠬᠦᠴᠡᠯ ᠢ ᠰᠠᠶᠢᠵᠢᠷᠠᠭᠤᠯᠤᠨ᠎ᠠ᠃ ᠠᠷᠠᠯᠵᠢᠶ᠎ᠠ ᠡᠷᠬᠢᠯᠡᠬᠦ ᠤᠷᠴᠢᠨ ᠨᠦᠬᠦᠴᠡᠯ ᠢ ᠰᠠᠶᠢᠵᠢᠷᠠᠭᠤᠯᠬᠤ ᠤᠨ ᠤ | ᠠᠵᠢᠯᠯᠠᠭ᠎ᠠ ᠶᠢ ᠦᠷᠨᠢᠬᠦᠯᠵᠦ᠂ ᠠᠷᠠᠯᠵᠢᠶ᠎ᠠ ᠡᠷᠬᠢᠯᠡᠬᠦ ᠤᠷᠴᠢᠨ ᠨᠦᠬᠦᠴᠡᠯ ᠢ ᠰᠠᠶᠢᠵᠢᠷᠠᠭᠤᠯᠬᠤ ᠲᠤᠬᠠᠢ ᠲᠤᠭᠤᠷᠢᠨ | ᠪᠠᠶᠢᠴᠠᠭᠠᠯᠳᠠ ᠶᠢᠨ ᠲᠤᠭᠤᠶᠢᠯᠠᠩ ᠠᠴᠠ ᠲᠤᠰᠬᠠᠭᠰᠠᠨ ᠠᠰᠠᠭᠤᠳᠠᠯ ᠢ ᠰᠠᠶᠢᠳᠦᠷ ᠴᠡᠭᠴᠡᠯᠡᠨ ᠵᠠᠰᠠᠨ᠎ᠠ᠃ ᠱᠠᠩᠳᠦ ᠠᠵᠤ | ᠦᠢᠯᠡᠳᠪᠦᠷᠢ ᠶᠢᠨ ᠬᠦᠷᠢᠶᠡᠯᠡᠩ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠪᠦᠳᠦᠮᠵᠢᠲᠡᠢ ᠠᠬᠢᠭᠤᠯᠤᠨ᠎ᠠ᠃ | ︽ᠰᠤᠯᠠᠯᠠᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠦ᠂ ︽ᠨᠢᠬᠡ ᠰᠦᠯᠵᠢᠶ᠎ᠡ᠂ ᠨᠢᠬᠡ | ᠪᠠᠶᠢᠭᠤᠯᠭ᠎ᠠ᠂ ᠨᠢᠬᠡ ᠤᠳᠠᠭ᠎ᠠ︾ ᠳᠤ ᠬᠦᠢᠴᠡᠳᠬᠡᠬᠦ ᠦᠬᠡᠷᠡᠴᠢᠯᠡᠯᠳᠡ ᠶᠢ ᠲᠦᠬᠡᠮᠡᠯᠵᠢᠬᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠴᠢᠳᠠᠪᠬᠢ ᠶᠢ ᠲᠡᠭᠡᠭᠰᠢᠯᠡᠬᠦᠯᠦᠨ᠎ᠡ᠃ ᠠᠷᠠᠳ ᠲᠤ ᠲᠦᠬᠦᠮ ᠦᠵᠡᠬᠦᠯᠬᠦ ᠶᠡᠷᠤᠩᠬᠡᠶᠢᠯᠡᠭᠰᠡᠨ ᠦᠢᠯᠡᠴᠢᠯᠡᠬᠡᠨ | ᠤ ᠲᠢᠩᠬᠢᠮ ᠤᠨ ᠴᠢᠳᠠᠪᠬᠢ ᠶᠢ ᠲᠡᠬᠦᠯᠳᠡᠷᠵᠢᠬᠦᠯᠵᠦ᠂ ︽12345︾ ᠠᠷᠠᠳ ᠲᠤ ᠵᠤᠷᠢᠭᠤᠯᠤᠭᠰᠠᠨ ᠦᠢᠯᠡᠴᠢᠯᠡᠬᠡᠨ ᠤ | ᠤᠳᠠᠰᠤᠨ ᠤ ᠶᠡᠷᠤᠩᠬᠡᠢ ᠠᠵᠢᠯ ᠬᠦᠢᠴᠡᠳᠬᠡᠯᠳᠡ ᠶᠢᠨ ᠨᠤᠷᠮ᠎ᠠ ᠪᠠ ᠤᠯᠠᠨ ᠲᠦᠮᠡᠨ ᠤ ᠬᠠᠨᠤᠮᠵᠢ ᠶᠢᠨ ᠨᠤᠷᠮ᠎ᠠ ᠶᠢ | ᠨᠡᠮᠡᠭᠳᠡᠬᠦᠯᠵᠦ᠂ ᠠᠵᠢᠯ ᠤᠨ ᠦᠷ᠎ᠡ ᠪᠦᠳᠦᠮᠵᠢ ᠪᠠ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠤᠷᠤᠨ | ᠰᠠᠭᠤᠴᠠ ᠶᠢᠨ ᠬᠡᠷᠡᠴᠢ ᠦᠨᠡᠮᠯᠠᠯ ᠲᠠᠢ ᠬᠤᠯᠪᠤᠭᠳᠠᠭᠰᠠᠨ ᠦᠯᠡᠳᠡᠭᠳᠡᠯ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ᠃ | ᠮᠤᠩᠭᠤᠯ ᠬᠡᠷ ᠤᠨ ᠠᠵᠦ ᠦᠢᠯᠡᠰ ᠤᠨ ᠬᠦᠷᠢᠶᠡᠯᠡᠩ ᠤᠨ 4 ᠰᠠᠤᠷᠢ ᠦᠢᠯᠡᠳᠪᠤᠷᠢ ᠶᠢᠨ ᠲᠠᠰᠤᠭ ᠤᠨ ᠲᠤᠨᠤᠭ | ᠲᠦᠬᠦᠬᠡᠷᠦᠮᠵᠢ ᠶᠢ ᠲᠡᠬᠦᠯᠳᠡᠷᠵᠢᠬᠦᠯᠵᠦ ᠠᠵᠦ ᠠᠬᠤᠶᠢᠯᠠᠯ ᠡᠷᠬᠢᠯᠡᠭᠴᠢᠳ ᠲᠤᠰ ᠬᠦᠷᠢᠶᠡᠯᠡᠩ ᠳᠤ ᠢᠷᠡᠵᠦ ᠡᠵᠡᠩᠨᠡᠯᠳᠡ ᠬᠢᠬᠦ | ᠶᠢ ᠲᠠᠶᠢᠴᠢᠯᠠᠨ ᠵᠢᠯᠤᠭᠤᠳᠤᠨ᠎ᠠ᠃ ᠶᠤᠸᠠᠨ ᠤ ᠲᠡᠭᠡᠳᠦ ᠨᠠᠶᠢᠰᠯᠠᠯ ᠦᠨᠳᠦᠰᠦᠳᠡᠨ ᠤ ᠰᠤᠶᠤᠯ ᠤᠨ ᠤᠨᠴᠠᠯᠢᠭᠳᠤ ᠠᠵᠦ | ᠦᠢᠯᠡᠰ ᠤᠨ ᠬᠦᠷᠢᠶᠡᠯᠡᠩ ᠳᠠᠬᠢ ᠦᠢᠯᠡᠳᠪᠤᠷᠢ ᠶᠢᠨ ᠲᠠᠰᠤᠭ ᠲᠤ ᠲᠤᠯᠠᠭᠠᠯᠭ᠎ᠠ ᠶᠢᠨ ᠬᠤᠭᠤᠯᠠᠢ ᠤᠭᠰᠠᠷᠠᠵᠦ᠂ ᠪᠤᠬᠢᠷᠳᠦᠯ | ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ ᠲᠦᠬᠦᠬᠡᠷᠦᠮᠵᠢ ᠶᠢ ᠲᠡᠬᠦᠯᠳᠡᠷᠵᠢᠬᠦᠯᠵᠦ᠂ ᠦᠢᠯᠡᠳᠪᠤᠷᠢ ᠶᠢᠨ ᠬᠤᠭᠤᠰᠤᠨ | ᠲᠠᠰᠤᠭ ᠢ ᠵᠤᠬᠢᠰᠳᠠᠢ ᠠᠰᠢᠭᠯᠠᠵᠦ᠂ ᠱᠠᠩᠳᠤ ᠪᠠᠯᠭᠠᠰᠤᠨ ᠳᠠᠬᠢ ᠴᠠᠭᠠᠨ ᠢᠳᠡᠬᠡᠨ ᠤ ᠭᠠᠷ ᠦᠢᠯᠡᠳᠪᠤᠷᠢ ᠤᠳ ᠬᠦᠷᠢᠶᠡᠯᠠᠩ | ᠳᠤ ᠤᠷᠤᠬᠤ ᠶᠢ ᠲᠦᠯᠬᠢᠨ ᠠᠬᠢᠭᠤᠯᠤᠨ᠎ᠠ᠃ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠶᠢᠨ | ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠥᠭᠡᠷᠡᠴᠢᠯᠡᠬᠦ ᠭᠤᠷᠪᠠᠨ | ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠨᠢᠭᠡᠳᠬᠡᠨ | ᠰᠢᠯᠢᠳᠡᠭᠵᠢᠬᠦᠯᠬᠦ ᠳᠥᠰᠦᠪ ᠢ ᠲᠣᠭᠲᠠᠭᠠᠨ ᠪᠣᠳᠠᠲᠤ ᠡᠵᠡᠩᠨᠡᠯᠲᠡ ᠶᠢᠨ ᠴᠣᠭᠴᠠ ᠪᠣᠯᠭᠠᠨ ᠬᠤᠪᠢᠷᠭᠠᠬᠤ ᠥᠭᠡᠷᠡᠴᠢᠯᠡᠯᠲᠡ ᠶᠢ | ᠲᠦᠷᠭᠡᠳᠬᠡᠨ᠎ᠡ᠃ | ︵ᠲᠠᠪᠤ︶ ᠨᠡᠶᠢᠬᠡᠮ ᠤᠨ ᠠᠮᠢᠵᠢᠷᠠᠭᠠᠨ ᠤ ᠦᠢᠯᠡᠰ ᠢ ᠰᠢᠨ᠎ᠡ ᠲᠦᠪᠰᠢᠨ ᠳᠤ ᠬᠦᠷᠬᠡᠨ᠎ᠡ᠃ ᠰᠤᠷᠭᠠᠨ ᠬᠦᠮᠦᠵᠢᠯ ᠢ | ᠲᠡᠷᠢᠬᠦᠨ ᠳᠤ ᠬᠦᠭᠵᠢᠬᠦᠯᠬᠦ ᠶᠢ ᠪᠠᠷᠢᠮᠳᠠᠯᠠᠨ᠎ᠠ᠃ ︽ᠬᠤᠶᠠᠷ ᠢ ᠪᠠᠭᠠᠰᠬᠠᠬᠤ︾ ᠲᠦᠷᠦ ᠶᠢᠨ ᠪᠤᠳᠤᠯᠭ᠎ᠠ ᠶᠢ ᠤᠨᠤᠪᠴᠢᠳᠠᠢ | ᠨᠠᠶᠢᠳᠠᠪᠤᠷᠢᠵᠢᠭᠤᠯᠵᠦ᠂ ᠬᠡᠷ ᠪᠦᠯᠢ ᠰᠤᠷᠭᠠᠭᠤᠯᠢ ᠶᠢᠨ ︽7311︾ ᠬᠡᠯᠪᠡᠷᠢ ᠶᠢᠨ ᠬᠠᠮᠳᠤᠷᠠᠯᠴᠠᠭ᠎ᠠ ᠶᠢ | ᠬᠦᠨᠵᠡᠬᠡᠶᠢᠷᠡᠬᠦᠯᠵᠦ᠂ ᠰᠤᠷᠭᠠᠭᠤᠯᠢ᠂ ᠬᠡᠷ ᠪᠦᠯᠢ᠂ ᠨᠡᠶᠢᠬᠡᠮ ᠤᠨ ᠨᠢᠬᠡ ᠴᠤᠭᠴᠠᠵᠢᠭᠰᠠᠨ ᠬᠦᠮᠦᠵᠢᠬᠦᠯᠦᠭᠴᠢ ᠶᠢᠨ | ᠲᠤᠭᠳᠠᠯᠴᠠᠭ᠎ᠠ ᠶᠢ ᠪᠦᠷᠢᠯᠳᠦᠬᠦᠯᠦᠨ᠎ᠡ᠃ ᠰᠤᠷᠭᠠᠭᠤᠯᠢ ᠴᠡᠴᠡᠷᠯᠢᠭ ᠤᠨ ᠵᠠᠬᠢᠷᠤᠯ᠂ ᠪᠠᠭᠰᠢ᠂ ᠵᠢᠭᠠᠬᠤ ᠶᠢ ᠰᠤᠳᠤᠯᠤᠭᠴᠢ᠂ | ᠵᠢᠭᠠᠨ ᠵᠢᠯᠤᠭᠤᠳᠤᠭᠴᠢ ᠵᠡᠷᠬᠡ 4 ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠦ᠂ ᠬᠢᠴᠢᠶᠡᠯ ᠰᠤᠨᠤᠰᠴᠤ ᠬᠢᠴᠢᠶᠡᠯ | ᠳ᠋ᠦᠩᠨᠡᠬᠦ ᠪᠠ ᠬᠡᠷ ᠤᠨ ᠠᠬᠠᠮᠠᠳ ᠠᠴᠠ ᠦᠨᠡᠯᠡᠯᠳᠡ ᠬᠢᠬᠦ ᠠᠵᠢᠯ ᠤᠨ ᠲᠤᠭᠳᠠᠯᠴᠠᠭ᠎ᠠ ᠶᠢ ᠲᠡᠬᠦᠯᠳᠡᠷᠵᠢᠬᠦᠯᠦᠨ᠂ | ᠰᠤᠷᠭᠠᠭᠤᠯᠢ ᠡᠷᠬᠢᠯᠡᠬᠦ ᠶᠠᠰᠤ ᠴᠢᠨᠡᠷ ᠪᠠ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ︽ᠨᠤᠮ ᠤᠨ | ᠪᠠᠭ᠋ᠠᠷᠤᠯᠳᠤ ᠰᠤᠷᠭᠠᠭᠤᠯᠢ ᠶᠢᠨ ᠬᠦᠷᠢᠶᠡᠨ︾ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠦ᠂ ︽ᠦᠨᠳᠦᠰᠦᠳᠡᠨ ᠤ | ᠴᠡᠴᠡᠷᠯᠢᠭ ᠪᠠ ᠬᠢᠳᠠᠳ ᠴᠡᠴᠡᠷᠯᠢᠭ ᠢ ᠨᠢᠬᠡᠳᠬᠡᠬᠦ︾ ᠠᠵᠢᠯ ᠢ ᠲᠤᠭᠳᠠᠭᠤᠨ ᠢᠶᠠᠷ ᠠᠬᠢᠭᠤᠯᠤᠨ᠎ᠠ︔ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠢ ᠴᠢᠩᠭᠠᠳᠬᠠᠨ᠂ ᠭᠠᠯ ᠲᠦᠢᠮᠡᠷ ᠢ ᠰᠡᠷᠬᠡᠶᠢᠯᠡᠬᠦ ᠠᠵᠢᠯ ᠲᠤᠮᠳᠠ ᠨᠢᠭᠤᠭᠳᠠᠵᠤ ᠪᠠᠶᠢᠭ᠎ᠠ | ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠨ᠎ᠠ︔ ᠨᠠᠮᠤᠷ ᠤᠨ ᠤᠯᠠᠷᠢᠯ ᠠᠴᠠ ᠡᠬᠢᠯᠡᠵᠦ ᠦᠨᠳᠦᠷ | ᠲᠤᠮᠳᠠᠳᠤ ᠶᠢᠨ ᠡᠬᠢᠨ ᠤ ᠱᠠᠳᠤᠨ ᠠᠴᠠ ᠭᠤᠷᠪᠠᠨ ᠲᠦᠷᠦᠯ ᠤᠨ ᠬᠢᠴᠢᠶᠡᠯ ᠤᠨ ᠤᠯᠤᠰ ᠤᠨ ᠨᠢᠬᠡᠳᠦᠯᠳᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠨ᠎ᠡ᠃ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪᠰᠢᠨ ᠢ | ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠬᠢᠵᠢᠭ ᠢ ᠰᠡᠷᠬᠡᠶᠢᠯᠡᠬᠦ ᠠᠵᠢᠯ ᠢ ᠪᠠᠶᠢᠩᠭᠤᠵᠢᠭᠤᠯᠵᠦ᠂ ᠭᠠᠳᠠᠭᠠᠳᠤ ᠠᠴᠠ | ᠤᠷᠤᠭᠤᠯᠤᠭᠰᠠᠨ ᠬᠦᠯᠳᠡᠬᠦᠦ ᠢᠳᠡᠬᠡᠨ ᠤ ᠬᠠᠮᠢᠶᠠᠷᠤᠯᠳᠠ ᠶᠢ ᠴᠢᠩᠭᠠᠳᠬᠠᠬᠤ ᠶᠢᠨ ᠬᠠᠮᠳᠤ᠂ ᠸᠡᠺᠼᠢᠨ ᠲᠠᠷᠢᠬᠤ ᠠᠵᠢᠯ ᠢ | ᠴᠡᠭᠴᠡ ᠲᠠᠢ ᠠᠬᠢᠭᠤᠯᠤᠨ᠎ᠠ᠃ ᠬᠤᠯᠤᠭᠠᠨ᠎ᠠ ᠶᠢᠨ ᠬᠢᠵᠢᠭ᠂ ᠪᠷᠦ᠋ᠽᠧᠯ ᠡᠪᠡᠳᠴᠢᠨ ᠵᠡᠷᠬᠡ ᠬᠠᠯᠳᠠᠪᠤᠷᠢᠳᠦ ᠡᠪᠡᠳᠴᠢᠨ ᠢ | ᠰᠡᠷᠬᠡᠶᠢᠯᠡᠬᠦ ᠠᠵᠢᠯ ᠢ ᠴᠢᠩᠭᠠᠳᠬᠠᠨ᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠬᠡᠨᠡᠳᠳᠡ ᠶᠢᠨ ᠬᠡᠷᠡᠭ ᠡᠬᠦᠰᠬᠦ ᠶᠢ | ᠪᠠᠳᠤᠳᠠᠢ ᠬᠤᠷᠢᠭᠯᠠᠨ᠎ᠠ᠃ ᠨᠠᠶᠢᠳᠠ ᠶᠢᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ | ᠦᠨᠳᠦᠰᠦᠨ ᠱᠠᠳᠤᠨ ᠤ ᠮᠤᠩᠭᠤᠯ ᠡᠮ ᠤᠨ ᠰᠠᠩ ᠪᠤᠯᠤᠨ ᠬᠢᠳᠠᠳ ᠡᠮ ᠤᠨ ᠰᠠᠩ ᠤᠨ ᠪᠠᠶᠢᠭᠤᠯᠤᠯᠳᠠ ᠶᠢ | ᠲᠡᠬᠦᠯᠳᠡᠷᠵᠢᠬᠦᠯᠦᠨ᠎ᠠ︔ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠢ ᠬᠦᠨᠵᠡᠬᠡᠶᠢᠷᠡᠬᠦᠯᠵᠦ᠂ ᠰᠤᠮᠤ | ᠪᠠᠯᠭᠠᠰᠤᠨ ︵ᠲᠠᠯᠠᠪᠠᠢ︶ ᠤ ᠲᠦᠪ ᠰᠠᠭᠤᠷᠢᠨ᠂ ᠵᠠᠰᠠᠮᠠᠯ ᠵᠠᠮ ᠤᠨ ᠲᠠᠭᠠᠤ ᠤᠶᠢᠷ᠎ᠠ ᠤᠷᠴᠢᠮ ᠤᠨ ᠤᠷᠴᠢᠨ ᠲᠤᠭᠤᠷᠢᠨ ᠤ | ᠠᠷᠢᠭᠤᠨ ᠴᠡᠪᠡᠷ ᠢ ᠴᠡᠭᠴᠡᠯᠡᠬᠦ ᠠᠵᠢᠯ ᠤᠨ ᠬᠦᠴᠦᠯᠡᠴᠡ ᠶᠢ ᠨᠡᠮᠡᠭᠳᠡᠬᠦᠯᠦᠨ᠎ᠡ᠃ ᠨᠡᠶᠢᠬᠡᠮ ᠤᠨ ᠪᠠᠳᠤᠠᠯᠭᠠ ᠶᠢᠨ ᠰᠢᠰᠲ᠋ᠧᠮ | ᠢ ᠲᠡᠬᠦᠯᠳᠡᠷᠵᠢᠬᠦᠯᠦᠨ᠎ᠠ᠃ ᠡᠮᠨᠡᠯᠬᠡ ᠰᠢᠯᠵᠢᠬᠦᠯᠦᠭᠰᠡᠨ ᠡᠪᠡᠳᠴᠢᠳᠠᠨ ᠵᠢᠴᠢ ᠤᠨᠳᠤᠤ ᠭᠠᠵᠠᠷ ᠡᠮᠴᠢᠯᠡᠭᠦᠯᠦᠭᠰᠡᠨ ᠵᠠᠷᠤᠳᠠᠯ ᠢ | ᠰᠢᠭᠤᠳ ᠲᠠᠩᠰᠠ ᠴᠠᠶᠢᠷᠠᠭᠤᠯᠬᠤ᠂ ᠠᠷᠬᠠᠭ ᠡᠪᠡᠳᠴᠢᠨ ᠢᠶᠠᠨ ᠡᠮᠨᠡᠬᠦᠯᠦᠭᠰᠡᠨ ᠵᠠᠷᠤᠳᠠᠯ ᠢ ᠲᠠᠩᠰᠠ ᠲᠠᠶᠢᠯᠬᠤ᠂ ᠤᠨᠴᠠ | ᠬᠦᠨᠳᠦ ᠡᠪᠡᠳᠴᠢᠨ ᠤ ᠡᠮᠨᠡᠯᠬᠡ ᠶᠢᠨ ᠰᠦᠢᠳᠬᠡᠯ ᠢ ᠲᠠᠩᠰᠠ ᠲᠠᠶᠢᠯᠬᠤ ᠪᠠ ᠡᠮᠴᠢᠯᠡᠬᠡᠨ ᠤ ᠠᠪᠤᠷᠠᠨ ᠲᠤᠰᠠᠯᠠᠯᠳᠠ | ᠦᠵᠡᠬᠦᠯᠬᠦ ᠵᠡᠷᠬᠡ ᠡᠮᠴᠢᠯᠡᠬᠡᠨ ᠤ ᠪᠠᠳᠤᠯᠠᠭ᠎ᠠ ᠶᠢᠨ ᠲᠤᠭᠠᠴᠢᠭᠠᠨ ᠤ ᠬᠡᠯᠪᠡᠷᠢ ᠳᠤ ᠦᠬᠡᠷᠡᠴᠢᠯᠡᠯᠳᠡ ᠬᠢᠬᠦ ᠶᠢ ᠠᠬᠢᠭᠤᠯᠤᠨ᠎ᠠ᠃ | ᠬᠤᠳᠠ ᠪᠠᠯᠭᠠᠰᠤᠨ ᠤ ᠦᠨᠳᠦᠰᠦᠨ ᠪᠠᠳᠤᠯᠠᠭ᠎ᠠ ᠪᠠ ᠤᠨᠴᠠ ᠬᠦᠴᠢᠷᠳᠡᠯᠳᠡᠢ ᠡᠷᠦᠬᠡ ᠳᠤ ᠠᠰᠠᠷᠠᠮᠵᠢ ᠪᠠᠷ ᠰᠠᠭᠤᠷᠢ | ᠪᠤᠯᠭᠠᠵᠦ᠂ ᠲᠦᠷ ᠴᠠᠭ ᠤᠨ ᠠᠪᠤᠷᠠᠨ ᠲᠤᠰᠠᠯᠠᠯᠳᠠ ᠪᠠᠷ ᠨᠦᠬᠦᠪᠦᠷᠢ ᠪᠤᠯᠭᠠᠭᠰᠠᠨ ᠨᠡᠶᠢᠬᠡᠮ ᠤᠨ ᠲᠤᠰᠠᠯᠠᠮᠵᠢ ᠶᠢᠨ | ᠰᠢᠰᠲ᠋ᠧᠮ ᠢ ᠪᠦᠷᠢᠨᠰᠢᠬᠦᠯᠦᠨ᠎ᠡ᠃ ᠠᠵᠢᠯ ᠤᠯᠭᠤᠵᠦ ᠦᠢᠯᠡᠰ ᠪᠤᠰᠬᠠᠬᠤ ᠠᠷᠭ᠎ᠠ ᠵᠠᠮ ᠢ ᠦᠷᠬᠡᠳᠬᠡᠬᠦ ᠶᠢᠨ ᠬᠠᠮᠳᠤ | ᠲᠤᠭᠳᠠᠭᠤᠨ ᠠᠵᠢᠯ ᠤᠯᠭᠤᠵᠦ ᠬᠠᠨᠳᠤᠯᠭ᠎ᠠ ᠲᠠᠢ ᠲᠡᠳᠬᠦᠬᠦ ᠪᠠ ᠠᠵᠢᠯ ᠮᠡᠷᠬᠡᠵᠢᠯ ᠤᠨ ᠬᠢᠷᠢ ᠲᠦᠪᠰᠢᠨ ᠢ ᠲᠡᠭᠡᠭᠰᠢᠯᠡᠬᠦᠯᠬᠦ | ᠠᠵᠢᠯᠯᠠᠭ᠎ᠠ ᠶᠢ ᠦᠷᠨᠢᠬᠦᠯᠵᠦ᠂ ᠵᠢᠯ ᠤᠨ ᠲᠤᠳᠤᠷ᠎ᠠ ᠬᠤᠳᠠ ᠪᠠᠯᠭᠠᠰᠤᠨ ᠤ 1000 ᠬᠦᠮᠦᠨ ᠳᠤ ᠰᠢᠨ᠎ᠠ ᠪᠠᠷ ᠠᠵᠢᠯ | ᠤᠯᠭᠤᠵᠦ᠂ 5000 ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠤᠯᠭᠤᠬᠤ ᠶᠢ ᠪᠠᠳᠤᠯᠠᠵᠦ᠂ ᠬᠤᠳᠠ ᠪᠠᠯᠭᠠᠰᠤᠨ ᠤ | ᠠᠵᠢᠯ ᠠᠯᠳᠠᠯᠳᠠ ᠶᠢᠨ ᠨᠤᠷᠮ᠎ᠠ ᠶᠢ 3.5% ᠶᠢᠨ ᠲᠤᠳᠤᠷ᠎ᠠ ᠲᠤᠭᠳᠠᠪᠤᠷᠢᠵᠢᠭᠤᠯᠤᠨ᠎ᠠ᠃ ᠰᠤᠶᠤᠯ ᠤᠨ ᠠᠵᠦ ᠦᠢᠯᠡᠰ ᠤᠨ | ᠬᠦᠭᠵᠢᠯᠳᠡ ᠶᠢ ᠲᠦᠷᠬᠡᠳᠬᠡᠨ᠎ᠡ᠃ ᠦᠪᠡᠷᠳᠡᠬᠡᠨ ᠵᠠᠰᠠᠬᠤ ᠤᠷᠤᠨ ᠤ ᠪᠤᠯᠪᠠᠰᠤᠨ ᠬᠤᠳᠠ ᠪᠠᠷ ᠦᠨᠡᠯᠡᠭᠳᠡᠭᠰᠡᠨ ᠦᠷ᠎ᠡ | ᠪᠦᠳᠦᠬᠡᠯ ᠢᠶᠠᠨ ᠪᠠᠳᠤᠳᠬᠠᠨ᠂ ᠦᠪᠡᠷᠳᠡᠬᠡᠨ ᠵᠠᠰᠬᠠᠤ ᠤᠷᠤᠨ ᠤ ᠪᠤᠯᠪᠠᠰᠤᠨ ᠵᠢᠱᠢᠶᠡᠴᠢ ᠬᠤᠳᠠ ᠶᠢ ᠡᠬᠦᠳᠦᠨ | ᠪᠠᠶᠢᠭᠤᠯᠤᠨ᠎ᠠ᠃ ᠤᠯᠠᠭᠠᠨᠮᠦ᠋ᠴᠢᠷ ᠪᠠᠶᠢᠭᠤᠯᠤᠭᠳᠠᠭᠰᠠᠨ 65 ᠵᠢᠯ ᠤᠨ ᠤᠢ ᠶᠢ ᠲᠤᠬᠢᠶᠠᠯᠳᠤᠭᠤᠯᠤᠨ᠂ ᠰᠤᠶᠤᠯ ᠤᠨ | ᠰᠤᠳᠤᠨ ᠪᠦᠳᠦᠬᠡᠯ ᠵᠤᠬᠢᠶᠠᠨ ᠨᠠᠶᠢᠷᠠᠭᠤᠯᠵᠦ᠂ ᠤᠯᠠᠨ ᠲᠦᠮᠡᠨ ᠤ ᠤᠶᠤᠨ ᠤ ᠠᠮᠢᠳᠤᠷᠠᠯ ᠢ ᠪᠠᠶᠠᠯᠢᠭᠵᠢᠭᠤᠯᠤᠨ᠎ᠠ᠃ ᠪᠤᠳᠠᠰ | ᠤᠨ ᠪᠤᠰᠤ ᠰᠤᠶᠤᠯ ᠤᠨ ᠦᠪ ᠢ ᠵᠠᠯᠭᠠᠮᠵᠢᠯᠠᠬᠤ ᠪᠠ ᠬᠠᠮᠠᠭᠠᠯᠠᠬᠤ ᠠᠵᠢᠯ ᠢ ᠲᠦᠯᠬᠢᠨ ᠠᠬᠢᠭᠤᠯᠵᠦ᠂ ᠰᠢᠯᠢᠳᠡᠭ | ᠤᠯᠠᠮᠵᠢᠯᠠᠭᠴᠢ ᠶᠢ ᠬᠦᠮᠦᠵᠢᠬᠦᠯᠦᠨ᠂ ᠲᠡᠤᠬᠡ ᠶᠢᠨ ᠬᠠᠭᠤᠴᠢ ᠲᠤᠷᠠᠰᠬᠠᠯ ᠢ ᠬᠠᠮᠠᠭᠠᠯᠠᠬᠤ ᠠᠵᠢᠯ ᠢ ᠴᠢᠩᠭᠠᠳᠬᠠᠨ᠂ ︽ᠲᠠᠪᠤ | ᠨᠢᠬᠡ︾ ᠮᠠᠯᠵᠢᠯ ᠤᠨ ᠲᠠᠯᠠᠪᠠᠢ ᠶᠢᠨ ᠮᠢᠩᠳᠡᠯᠡ ᠬᠡᠬᠡᠨ ᠤ ᠰᠦᠮ᠎ᠡ ᠶᠢ ᠵᠡᠰᠡᠨ ᠰᠡᠯᠪᠢᠬᠦ ᠠᠵᠢᠯ ᠢ ᠡᠬᠢᠯᠡᠬᠦᠯᠦᠨ᠎ᠡ᠃ | ᠡᠨᠡ ᠵᠢᠯ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠳᠠᠷᠠᠭᠠᠬᠢ ᠪᠤᠳᠠᠳᠤ ᠠᠵᠢᠯ ᠤᠳ ᠢ ᠦᠷᠬᠦᠯᠵᠢᠯᠡᠨ ᠠᠳᠬᠤᠨ᠎ᠠ᠃ | ᠨᠢᠬᠡ᠂ ᠬᠤᠰᠢᠭᠤ ᠡᠮᠨᠡᠯᠬᠡ ᠶᠢᠨ ᠬᠤᠷᠢᠶᠠᠨ ᠤ ᠲᠦᠷᠬᠡᠨ ᠡᠮᠴᠢᠯᠡᠬᠡᠨ ᠤ ᠶᠡᠷᠤᠩᠬᠡᠶᠢᠯᠡᠭᠰᠡᠨ ᠠᠰᠠᠷ ᠢ ᠪᠠᠶᠢᠭᠤᠯᠵᠦ | ᠬᠡᠷᠡᠭᠯᠡᠯᠳᠡ ᠳᠤ ᠤᠷᠤᠭᠤᠯᠤᠨ᠎ᠠ᠃ ᠬᠤᠶᠠᠷ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠢ ᠠᠰᠢᠭᠯᠠᠯᠳᠠ ᠳᠤ | ᠤᠷᠤᠭᠤᠯᠤᠨ᠎ᠠ᠃ ᠭᠤᠷᠪᠠ᠂ ᠰᠠᠩ ᠤᠨ ᠲᠠᠯᠠᠢ ᠶᠢᠨ ᠬᠡᠤᠬᠡᠳ ᠤᠨ ᠴᠡᠴᠡᠷᠯᠢᠭ ᠢ ᠪᠠᠶᠢᠭᠤᠯᠵᠦ᠂ ︽ᠦᠬᠡᠯᠦᠨ︾ ᠬᠡᠤᠬᠡᠳ | ᠤᠨ ᠴᠡᠴᠡᠷᠯᠢᠭ ᠢ ᠦᠷᠬᠡᠳᠬᠡᠨ ᠪᠠᠶᠢᠭᠤᠯᠤᠨ᠂ ᠬᠤᠶᠠᠳᠤᠭᠠᠷ ᠪᠠᠭ᠎ᠠ ᠰᠤᠷᠭᠠᠭᠤᠯᠢ ᠶᠢ ᠨᠡᠬᠦᠯᠬᠡᠬᠦ ᠪᠠ ᠮᠤᠩᠭᠤᠯ | ᠦᠨᠳᠦᠰᠦᠳᠡᠨ ᠤ ᠪᠠᠭ᠎ᠠ ᠰᠤᠷᠭᠠᠭᠤᠯᠢ᠂ ᠨᠢᠬᠡᠳᠦᠬᠡᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ ᠢ ᠰᠢᠨᠡᠳᠬᠡᠬᠦ ᠠᠵᠢᠯ ᠢ | ᠬᠦᠢᠴᠡᠳᠬᠡᠨ᠎ᠡ᠃ ᠲᠦᠷᠪᠡ᠂ ᠱᠠᠩᠳᠤ ᠪᠠᠯᠭᠠᠰᠤᠨ ᠤ ᠲᠡᠬᠦᠯᠢᠯᠳᠡ ᠵᠠᠮ ᠪᠠ ᠱᠠᠩᠳᠤ ᠵᠡᠬᠡᠯᠢ ᠶᠢᠨ ᠪᠤᠷᠤᠭᠠᠨ ᠤ ᠤᠰᠤ ᠶᠢ | ᠵᠠᠯᠠᠬᠤ ᠠᠰᠠᠭᠤᠳᠠᠯ ᠢ ᠰᠢᠢᠳᠪᠤᠷᠢᠯᠡᠵᠦ᠂ ᠱᠠᠩᠳᠤ ᠪᠠᠯᠭᠠᠰᠤᠨ ᠤ ᠦᠷᠳᠡᠭᠡ ᠵᠠᠮ ᠤᠨ ᠪᠤᠬᠢᠷ ᠤᠰᠤᠨ ᠬᠤᠭᠤᠯᠠᠢ ᠶᠢ | ᠦᠬᠡᠷᠡᠴᠢᠯᠡᠨ ᠵᠠᠰᠠᠨ᠎ᠠ᠃ ᠲᠠᠪᠤ᠂ ᠱᠠᠩᠳᠤ ᠪᠠᠯᠭᠠᠰᠤᠨ ᠤ 3800 ᠮᠧᠲᠷ ᠤᠨ ᠲᠤᠯᠠᠭᠠᠯᠭ᠎ᠠ ᠶᠢᠨ ᠬᠤᠭᠤᠯᠠᠢ ᠶᠢ | ᠦᠬᠡᠷᠡᠴᠢᠯᠡᠨ ᠵᠠᠰᠠᠨ᠎ᠠ᠃ ᠵᠢᠷᠭᠤᠭ᠎ᠠ᠂ ᠬᠠᠪᠢᠷᠭ᠎ᠠ ᠪᠠᠯᠭᠠᠰᠤᠨ ᠳᠤ ᠠᠮᠢᠳᠤᠷᠠᠯ ᠤᠨ ᠬᠤᠭ ᠨᠤᠪᠰᠢ ᠶᠢ ᠰᠢᠢᠳᠪᠤᠷᠢᠯᠡᠬᠦ | ᠲᠠᠯᠠᠪᠠᠢ ᠶᠢ ᠪᠠᠶᠢᠭᠤᠯᠤᠨ᠎ᠠ᠃ ᠲᠤᠯᠤᠭ᠎ᠠ᠂ ᠰᠢᠯᠤᠭᠤᠨ ᠬᠦᠬᠡ ᠬᠤᠰᠢᠭᠤᠨ ᠤ ᠤᠷᠤᠰᠢᠭᠤᠯᠭ᠎ᠠ ᠶᠢᠨ ᠤᠷᠳᠤᠨ ᠢ | ᠪᠠᠶᠢᠭᠤᠯᠤᠨ᠎ᠠ᠃ ᠨᠠᠢᠮᠠ᠂ ᠮᠠᠯᠵᠢᠬᠤ ᠲᠠᠷᠢᠶᠠᠯᠠᠬᠤ ᠤᠷᠤᠨ ᠤ ᠡᠷᠦᠬᠡ ᠠᠮᠠ ᠶᠢᠨ ᠲᠠᠩᠰᠠ ᠲᠠᠢ ᠪᠦᠰᠡᠬᠦᠶᠢᠴᠤᠳ ᠲᠤ ︽ | ᠬᠤᠶᠠᠷ ᠵᠦᠢᠯ ᠤᠨ ᠦᠮᠡᠨ︾ ᠢ ᠰᠡᠷᠬᠡᠶᠢᠯᠡᠬᠦ ᠪᠠᠶᠢᠴᠠᠭᠠᠯᠳᠠ ᠬᠢᠵᠦ ᠦᠭᠬᠦᠨ᠎ᠠ᠃ ᠶᠢᠰᠦ᠂ ᠪᠦᠬᠦ ᠬᠤᠰᠢᠭᠤᠨ ᠤ ᠡᠷᠡᠬᠦᠯ | ᠮᠠᠨᠳᠤ ᠶᠢᠨ ᠬᠦᠰᠡᠯᠳᠡ ᠲᠠᠢ 200 ᠵᠡᠮᠳᠡᠭ ᠬᠦᠮᠦᠨ ᠳᠤ ᠡᠷᠡᠬᠦᠯᠵᠢᠯ ᠤᠨ ᠪᠠᠭᠠᠵᠢ ᠶᠢ ᠦᠨ᠎ᠡ ᠲᠦᠯᠦᠪᠦᠷᠢ ᠦᠬᠡᠢ ᠪᠠᠷ | ᠬᠠᠩᠭᠠᠨ᠎ᠠ᠃ | ︵ᠵᠢᠷᠭᠤᠭ᠎ᠠ︶ ᠨᠡᠶᠢᠬᠡᠮ ᠤᠨ ᠲᠤᠭᠳᠠᠭᠤᠨ ᠢ ᠪᠠᠳᠤᠯᠠᠵᠦ ᠰᠠᠶᠢᠨ ᠰᠠᠶᠢᠬᠠᠨ ᠨᠡᠶᠢᠬᠡᠮ ᠤᠨ ᠪᠠᠶᠢᠳᠠᠯ ᠢ ᠪᠤᠢ ᠪᠤᠯᠭᠠᠨ᠎ᠠ᠃ | ᠬᠦᠨᠳᠦ ᠶᠡᠭᠡ ᠠᠶᠤᠯ ᠲᠦᠭᠰᠢᠬᠦᠷᠢ ᠶᠢ ᠰᠡᠷᠬᠡᠶᠢᠯᠡᠨ ᠰᠢᠢᠳᠪᠤᠷᠢᠯᠡᠨ᠎ᠡ᠃ ᠮᠦᠩᠬᠦᠨ ᠬᠦᠢᠯᠬᠡᠬᠡᠨ ᠤ ᠵᠠᠬ᠎ᠠ ᠲᠡᠯᠬᠡᠬᠦᠷ ᠤᠨ | ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠮᠦᠩᠬᠦᠨ ᠬᠦᠢᠯᠬᠡᠬᠡᠨ ᠤ ᠮᠡᠬᠡᠯᠡᠯ᠂ ᠬᠠᠤᠯᠢ ᠪᠤᠰᠤ ᠪᠠᠷ ᠪᠡᠯᠡ ᠮᠦᠩᠬᠦ | ᠬᠤᠷᠠᠮᠳᠤᠭᠤᠯᠬᠤ ᠵᠡᠷᠬᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ ᠮᠦᠩᠬᠦᠨ ᠬᠦᠢᠯᠬᠡᠬᠡᠨ ᠤ ᠬᠦᠷᠢᠶᠡᠨ ᠳᠠᠬᠢ | ᠲᠤᠰᠬᠠᠢ ᠴᠡᠭᠴᠡᠯᠡᠯᠳᠡ ᠶᠢᠨ ᠠᠵᠢᠯ ᠢ ᠬᠦᠨᠵᠡᠬᠡᠢ ᠦᠷᠨᠢᠬᠦᠯᠵᠦ᠂ ᠤᠷᠤᠨ ᠨᠤᠳᠤᠭ ᠤᠨ ᠮᠦᠩᠬᠦᠨ ᠬᠦᠢᠯᠬᠡᠬᠡᠨ ᠤ | ᠴᠡᠭᠴᠡᠯᠡᠯᠳᠡ ᠶᠢᠨ ᠰᠢᠰᠲ᠋ᠧᠮ ᠪᠠ ᠴᠡᠭᠴᠡᠯᠡᠯᠳᠡ ᠶᠢᠨ ᠴᠢᠳᠠᠪᠤᠷᠢ ᠶᠢ ᠠᠬᠢᠭᠤᠯᠤᠨ᠎ᠠ᠃ ᠵᠠᠰᠠᠭ ᠤᠨ ᠤᠷᠳᠤᠨ ᠤ ᠦᠷᠢ | ᠦᠭᠴᠡᠬᠡᠨ ᠤ ᠬᠠᠮᠢᠶᠠᠷᠤᠯᠳᠠ ᠶᠢᠨ ᠲᠤᠭᠳᠠᠯᠴᠠᠭ᠎ᠠ ᠶᠢ ᠲᠡᠬᠦᠯᠳᠡᠷᠵᠢᠬᠦᠯᠵᠦ᠂ ᠲᠦᠷᠢᠮ ᠢ ᠵᠦᠷᠢᠴᠡᠵᠦ ᠰᠢᠨ᠎ᠠ ᠪᠠᠷ ᠦᠷᠢ | ᠭᠠᠷᠭᠠᠬᠤ ᠶᠢ ᠬᠤᠷᠢᠭᠯᠠᠨ᠎ᠠ᠃ ︽ᠭᠤᠷᠪᠠᠨ ᠲᠦᠷᠦᠯ ᠤᠨ ᠠᠯᠪᠠᠨ ᠵᠠᠷᠤᠳᠠᠯ︾ ᠤᠨ ᠵᠠᠷᠤᠯᠭ᠎ᠠ ᠶᠢ ᠪᠠᠭᠠᠰᠬᠠᠨ᠂ ᠡᠩ ᠤᠨ | ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠲᠤᠮᠳᠠᠳᠤ ᠶᠢᠨ | ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠶᠢ ᠪᠠᠷᠢᠮᠳᠠᠯᠠᠨ᠂ ᠦᠨᠳᠦᠰᠦᠳᠡᠨ ᠤ ᠪᠦᠯᠬᠦᠮᠳᠡᠯ | ᠲᠠᠪᠰᠢᠯᠳᠠ ᠶᠢᠨ ᠠᠵᠢᠯᠯᠠᠭ᠎ᠠ ᠶᠢ ︽ᠨᠡᠢᠮᠠ ᠳᠤ ᠬᠦᠨᠵᠡᠬᠡᠶᠢᠷᠡᠬᠦᠯᠵᠦ︾᠂ ᠭᠤᠤᠯᠳᠠᠯᠭ᠎ᠠ ᠲᠠᠢ ᠪᠠᠶᠢᠭᠤᠯᠭ᠎ᠠ ᠨᠢᠬᠡᠴᠡ | ᠲᠠᠯᠠᠪᠤᠷ ᠢ ᠪᠦᠬᠦᠨ ᠢ ᠬᠠᠮᠤᠷᠤᠨ᠎ᠠ᠃ ︽ᠬᠠᠮᠳᠤᠷᠠᠯᠴᠠᠭ᠎ᠠ ᠪᠠᠶᠢᠭᠤᠯᠬᠤ︾᠂ ︽ᠰᠡᠳᠬᠢᠯ ᠵᠢᠷᠤᠬᠡ ᠪᠠᠨ ᠬᠤᠯᠪᠤᠬᠤ︾᠂ ︽ | ᠨᠢᠬᠡᠨ ᠬᠡᠷ ᠮᠡᠳᠦ ᠲᠤᠳᠤᠨᠤ︾ ᠵᠡᠷᠬᠡ ᠤᠯᠠᠨ ᠲᠡᠰ ᠲᠠᠪᠬᠤᠷᠭ᠎ᠠ ᠶᠢᠨ ᠤᠯᠠᠨ ᠠᠭᠤᠯᠭ᠎ᠠ ᠬᠡᠯᠪᠡᠷᠢ ᠪᠦᠬᠦᠢ ᠦᠨᠳᠦᠰᠦᠳᠡᠨ ᠤ | ᠬᠠᠮᠳᠤᠷᠠᠯᠴᠠᠭᠠᠨ ᠤ ᠠᠵᠢᠯᠯᠠᠭ᠎ᠠ ᠪᠠ ︽ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠭᠰᠨ ᠰᠢᠯᠢᠳᠡᠭ | ᠪᠠᠭᠠᠴᠤᠳ᠂ ᠰᠢᠯᠢᠳᠡᠭ ᠵᠠᠯᠠᠭᠤᠴᠤᠳ︾᠂ ︽ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠭᠰᠠᠨ | ᠨᠠᠶᠢᠷᠠᠮᠳᠠᠭᠤ ᠬᠦᠷᠰᠢ᠂ ᠰᠢᠯᠢᠳᠡᠭ ᠬᠡᠷ ᠪᠦᠯᠢ︾ ᠶᠢ ᠰᠢᠯᠭᠠᠷᠠᠭᠤᠯᠬᠤ ᠠᠵᠢᠯᠯᠠᠭ᠎ᠠ ᠶᠢ ᠦᠷᠨᠢᠬᠦᠯᠵᠦ᠂ ᠪᠦᠬᠦ ᠤᠷᠤᠨ ᠤ | ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠰᠢᠭᠤ ᠶᠢ ᠡᠬᠦᠳᠦᠨ ᠪᠠᠶᠢᠭᠤᠯᠤᠨ᠎ᠠ᠃ ᠨᠡᠶᠢᠬᠡᠮ ᠤᠨ | ᠲᠤᠭᠳᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠠᠮᠤᠷ ᠲᠤᠭᠳᠠᠭᠤᠨ ᠤ ᠪᠠᠶᠢᠭᠤᠯᠤᠯᠳᠠ ᠶᠢᠨ ᠠᠵᠢᠯ ᠤᠨ | ᠤᠳᠤᠷᠢᠳᠬᠤ ᠠᠯᠪᠠᠨ ᠬᠡᠷ᠂ ᠶᠡᠷᠤᠩᠬᠡᠶᠢᠯᠡᠨ ᠵᠠᠰᠠᠬᠤ ᠲᠦᠪ ᠤᠨ ᠨᠢᠬᠡ ᠴᠤᠭᠴᠠᠴᠢᠯᠠᠭᠰᠠᠨ ᠪᠦᠳᠦᠬᠡᠨ ᠪᠠᠶᠢᠭᠤᠯᠤᠯᠳᠠ ᠪᠠ | ᠨᠢᠬᠡᠴᠡᠯᠡᠭᠰᠡᠨ ᠦᠢᠯᠡᠴᠢᠯᠡᠬᠡᠨ ᠤ ᠬᠠᠮᠢᠶᠠᠷᠤᠯᠳᠠ ᠶᠢᠨ ᠰᠢᠰᠲ᠋ᠧᠮ ᠢ ᠠᠯᠭᠤᠷ ᠢᠶᠠᠷ ᠪᠦᠷᠢᠯᠳᠦᠬᠦᠯᠵᠦ᠂ ᠨᠢᠬᠡᠳᠦᠯᠳᠡᠢ | ᠵᠤᠬᠢᠴᠠᠭᠤᠯᠬᠤ ᠴᠢᠳᠠᠪᠤᠷᠢ ᠪᠠᠨ ᠲᠡᠭᠡᠭᠰᠢᠯᠡᠬᠦᠯᠦᠨ᠂ ᠲᠦᠭᠰᠢᠬᠦᠷᠢ ᠶᠢ ᠰᠡᠷᠬᠡᠶᠢᠯᠡᠨ ᠡᠶᠡᠳᠡᠬᠦᠯᠬᠦ ᠴᠢᠳᠠᠪᠬᠢ ᠪᠠᠨ | ᠲᠡᠭᠡᠰᠢᠯᠡᠬᠦᠯᠦᠨ᠎ᠡ᠃ ᠬᠤᠰᠢᠭᠤ᠂ ᠰᠤᠮᠤ ᠪᠠᠯᠭᠠᠰᠤ ᠬᠤᠶᠠᠷ ᠱᠠᠳᠤᠨ ᠤ ᠨᠡᠶᠢᠬᠡᠮ ᠤᠨ ᠵᠦᠷᠢᠴᠡᠯ ᠵᠢᠭᠤᠷᠭᠠᠨ ᠢ | ᠵᠤᠬᠢᠴᠠᠭᠤᠯᠤᠨ ᠰᠢᠢᠳᠪᠤᠷᠢᠯᠡᠬᠦ ᠲᠦᠪ ᠢ ᠪᠠᠶᠢᠭᠤᠯᠤᠨ᠂ ᠵᠦᠷᠢᠴᠡᠯ ᠵᠢᠭᠤᠷᠠᠭᠠᠨ ᠢ ᠤᠯᠠᠨ ᠠᠷᠭ᠎ᠠ ᠪᠠᠷ ᠡᠶᠡᠳᠡᠬᠦᠯᠬᠦ᠂ | ᠨᠡᠶᠢᠬᠡᠮ ᠤᠨ ᠠᠮᠤᠷ ᠲᠦᠪᠰᠢᠨ ᠢ ᠰᠡᠷᠬᠡᠶᠢᠯᠡᠬᠦ ᠪᠠ ᠦᠨᠳᠦᠰᠦᠨ ᠱᠠᠳᠤᠨ ᠤ ᠨᠡᠶᠢᠬᠡᠮ ᠤᠨ ᠴᠡᠭᠴᠡᠯᠡᠯᠳᠡ ᠶᠢ ᠰᠢᠨᠡᠴᠢᠯᠡᠬᠦ | ᠵᠡᠷᠬᠡ ᠠᠮᠤᠷ ᠲᠤᠭᠳᠠᠭᠤᠨ ᠤ ᠪᠦᠳᠦᠬᠡᠨ ᠪᠠᠶᠢᠭᠤᠯᠤᠯᠳᠠ ᠶᠢ ᠨᠢᠬᠡᠳᠦᠯᠳᠡᠢ ᠲᠦᠯᠬᠢᠨ ᠠᠬᠢᠭᠤᠯᠤᠨ᠎ᠠ᠃ ᠬᠠᠤᠯᠢ ᠶᠢᠨ | ᠵᠠᠰᠠᠯᠲᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠠᠬᠢᠭᠤᠯᠵᠦ᠂ ︽ᠨᠡᠢᠮᠠᠳᠤᠭᠠᠷ ᠲᠠᠪᠤᠨ ᠵᠢᠯ ᠤᠨ︾ ᠬᠠᠤᠯᠢ ᠪᠠᠷ | ᠵᠠᠰᠠᠬᠤ ᠤᠬᠠᠭᠤᠯᠭ᠎ᠠ ᠬᠦᠮᠦᠵᠢᠯ ᠤᠨ ᠠᠵᠢᠯ ᠢ ᠬᠢᠨᠠᠮᠠᠭᠠᠢ ᠦᠷᠨᠢᠬᠦᠯᠬᠦ ᠶᠢᠨ ᠬᠠᠮᠳᠤ ᠦᠨᠳᠦᠰᠦᠨ ᠱᠠᠳᠤᠨ ᠤ ᠬᠠᠤᠯᠢ | ᠴᠠᠭᠠᠵᠠ ᠶᠢᠨ ᠠᠵᠢᠯᠳᠠᠨ ᠤ ᠡᠩᠨᠡᠬᠡᠨ ᠤ ᠪᠠᠶᠢᠭᠤᠯᠤᠯᠳᠠ ᠶᠢ ᠲᠡᠬᠦᠯᠳᠡᠷᠵᠢᠬᠦᠯᠵᠦ᠂ ᠪᠦᠬᠦ ᠢᠷᠬᠡᠳ ᠤᠨ ᠬᠠᠤᠯᠢ ᠴᠠᠭᠠᠵᠠ | ᠶᠢᠨ ᠬᠡᠪ ᠪᠤᠯᠪᠠᠰᠤᠷᠠᠯ ᠪᠠ ᠨᠡᠶᠢᠬᠡᠮ ᠤᠨ ᠪᠤᠯᠪᠠᠰᠤᠨ ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠲᠦᠷᠦ ᠶᠢᠨ ᠶᠠᠪᠤᠳᠠᠯ | ᠤᠨ ᠬᠤᠷᠢᠶᠠᠨ ᠤ ᠨᠡᠢᠮᠠᠳᠤᠭᠠᠷ ᠤᠳᠠᠭᠠᠨ ᠤ ᠶᠡᠭᠡ ᠪᠠᠶᠢᠴᠠᠭᠠᠯᠳᠠ ᠠᠴᠠ ᠬᠠᠷᠢᠭᠤ ᠲᠤᠰᠬᠠᠭᠰᠠᠨ ᠠᠰᠠᠭᠤᠳᠠᠯ ᠢᠶᠠᠷ ᠲᠤᠯᠢ | ᠪᠤᠯᠭᠠᠵᠦ᠂ ᠡᠯ᠎ᠠ ᠵᠦᠢᠯ ᠤᠨ ᠠᠰᠠᠭᠤᠳᠠᠯ ᠢ ᠪᠠᠶᠢᠴᠠᠭᠠᠨ ᠴᠡᠭᠴᠡᠯᠡᠬᠦ ᠡᠷᠴᠢᠮ ᠢᠶᠠᠨ ᠴᠢᠩᠭᠠᠳᠬᠠᠨ᠎ᠠ᠃ ᠨᠢᠬᠡᠳᠦᠬᠡᠷ | ᠤᠳᠠᠭᠠᠨ ᠤ ᠪᠦᠬᠦ ᠤᠯᠤᠰ ᠤᠨ ᠴᠢᠨᠡᠷᠳᠡᠢ ᠪᠠᠶᠢᠭᠠᠯᠢ ᠶᠢᠨ ᠭᠠᠮᠰᠢᠭ ᠤᠨ ᠶᠡᠷᠤᠩᠬᠡᠢ ᠲᠦᠭᠰᠢᠬᠦᠷᠢ ᠶᠢᠨ ᠪᠠᠶᠢᠴᠠᠭᠠᠯᠳᠠ᠂ | ᠠᠶᠤᠯᠬᠦᠢ ᠦᠢᠯᠡᠳᠪᠤᠷᠢᠯᠡᠯ ᠤᠨ ᠭᠤᠷᠪᠠᠨ ᠵᠢᠯ ᠤᠨ ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠶᠢ ᠢᠳᠡᠪᠬᠢᠳᠡᠢ | ᠦᠷᠨᠢᠬᠦᠯᠵᠦ᠂ ᠤᠨᠴᠠ ᠶᠡᠭᠡ ᠠᠳᠡᠯ ᠬᠡᠷᠡᠭ ᠭᠠᠷᠬᠤ ᠶᠢ ᠡᠷᠡᠰ ᠬᠤᠷᠢᠭᠯᠠᠨ᠎ᠠ᠃ ᠢᠳᠡᠬᠡᠨ ᠤᠮᠳᠠᠭᠠᠨ ᠡᠮ ᠤᠨ ᠵᠦᠢᠯᠡᠰ | ᠤᠨ ᠠᠮᠤᠷ ᠲᠦᠪᠰᠢᠨ ᠳᠤ ᠦᠷᠬᠦᠯᠵᠢᠯᠡᠨ ᠠᠩᠬᠠᠷᠤᠯ ᠢᠶᠠᠨ ᠬᠠᠨᠳᠤᠭᠤᠯᠵᠦ᠂ ᠠᠷᠠᠳ ᠤᠨ ᠠᠭᠠᠷ ᠤᠨ ᠰᠡᠷᠬᠡᠶᠢᠯᠡᠯᠳᠡ ᠶᠢᠨ | ᠰᠠᠭᠤᠷᠢᠨ ᠤ ᠴᠢᠳᠠᠪᠬᠢ ᠶᠢ ᠪᠠᠶᠢᠭᠤᠯᠤᠨ ᠲᠡᠬᠦᠯᠳᠡᠷᠵᠢᠬᠦᠯᠵᠦ᠂ ᠪᠠᠴᠢᠮ ᠢ ᠠᠪᠤᠷᠠᠬᠤ ᠵᠢᠯᠤᠭᠤᠳᠬᠤ ᠲᠦᠪ ᠤᠨ ᠲᠠᠪᠴᠠᠩ | ᠪᠠ ᠠᠪᠤᠷᠠᠨ ᠲᠤᠰᠠᠯᠠᠬᠤ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠦ᠂ ᠬᠡᠨᠡᠳᠳᠡ ᠶᠢᠨ ᠬᠡᠷᠡᠭ ᠢ ᠠᠷᠭᠠᠴᠠᠭᠠᠨ | ᠰᠢᠢᠳᠪᠤᠷᠢᠯᠡᠬᠦ ᠴᠢᠳᠠᠪᠤᠷᠢ ᠪᠠᠨ ᠲᠠᠰᠤᠷᠠᠯᠳᠠ ᠦᠬᠡᠢ ᠲᠡᠭᠡᠭᠰᠢᠯᠡᠬᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ | ᠶᠢᠨ ᠠᠮᠤᠷ ᠲᠦᠪᠰᠢᠨ ᠢ ᠪᠠᠳᠤᠯᠠᠨ᠎ᠠ᠃ | ᠡᠷᠬᠢᠮ ᠲᠦᠯᠦᠬᠡᠯᠡᠭᠴᠢᠳ ᠡ᠂ ᠨᠦᠬᠦᠳ ᠨᠡᠷ ᠡ᠂ ᠰᠢᠨ᠎ᠠ ᠲᠦᠷᠰᠦ ᠪᠠᠶᠢᠳᠠᠯ ᠢ ᠪᠤᠢ ᠪᠤᠯᠭᠠᠬᠤ ᠳᠤ ᠰᠢᠨᠳᠠᠷᠠᠰᠢ ᠦᠬᠡᠢ | ᠴᠢᠷᠮᠠᠶᠢᠯᠭ᠎ᠠ ᠤᠶᠢᠭ᠎ᠠ ᠦᠬᠡᠢ ᠵᠢᠳᠬᠦᠯ ᠬᠡᠷᠡᠭᠳᠡᠢ᠃ ᠪᠢᠳᠠᠨ ᠤ ᠡᠬᠦᠷᠬᠡ ᠬᠦᠨᠳᠦ ᠵᠠᠮ ᠬᠤᠯᠠ ᠪᠠᠶᠢᠭᠰᠠᠭᠠᠷ᠃ ᠪᠢᠳᠠ ᠰᠢ | ᠶᠢᠨ ᠫᠢᠩ ᠨᠦᠬᠦᠷ ᠢᠶᠠᠷ ᠲᠦᠪ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠪᠦᠯᠬᠦᠮᠳᠡᠨ ᠨᠢᠭᠳᠠᠷᠠᠵᠦ᠂ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ | ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠳᠤ ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠡᠯ ᠵᠢᠴᠢ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠲᠤᠤᠷ᠎ᠠ ᠠᠵᠠ ᠲᠤᠬᠢᠶᠠᠯ ᠢ | ᠠᠳᠬᠤᠨ᠂ ᠦᠵᠡᠯ ᠪᠤᠳᠤᠯ ᠢᠶᠠᠨ ᠨᠢᠬᠡᠳᠬᠡᠵᠦ᠂ ᠬᠦᠴᠦᠨ ᠵᠤᠷᠢᠭ ᠢᠶᠠᠨ ᠬᠠᠮᠳᠤᠳᠬᠠᠨ᠂ ᠬᠦᠴᠢᠷ ᠠᠴᠠ ᠰᠦᠷᠳᠡᠯ ᠦᠬᠡᠢ | ᠡᠷᠡᠮᠡᠬᠡᠶᠢᠯᠡᠨ ᠤᠷᠤᠭᠰᠢᠯᠠᠵᠦ᠂ ᠰᠢᠯᠤᠭᠤᠨ ᠬᠦᠬᠡ ᠬᠤᠰᠢᠭᠤᠨ ᠤ ᠢᠶᠠᠨ ᠴᠢᠨᠠᠷᠯᠢᠭ ᠬᠦᠭᠵᠢᠯᠳᠡ ᠶᠢᠨ ᠰᠢᠨ᠎ᠠ ᠬᠠᠭᠤᠳᠠᠰᠤ | ᠶᠢ ᠪᠢᠴᠢᠭᠯᠡᠬᠦ ᠪᠠᠷ ᠬᠠᠮᠳᠤ ᠪᠠᠷ ᠴᠢᠷᠮᠠᠶᠢᠵᠤ᠂ ᠰᠢᠯᠢᠳᠡᠭ ᠬᠢᠷᠢ ᠪᠦᠳᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠣᠭᠲᠤᠶ᠎ᠠ︕ | | | ᠨᠡᠷ᠎ᠡ ᠦᠭᠡ ᠶᠢᠨ ᠲᠠᠶᠢᠯᠪᠤᠷᠢ | ᠬᠤᠶᠠᠷ ᠲᠤ ᠵᠣᠪᠠᠭ᠋ᠤ ᠦᠭᠡᠶ᠂ ᠭᠤᠷᠪᠠ ᠶᠢ ᠪᠠᠲᠤᠯᠠᠬᠤ᠄ ︽ᠬᠤᠶᠠᠷ ᠲᠤ ᠵᠣᠪᠠᠭ᠋ᠤ ᠦᠭᠡᠶ︾ ᠭᠡᠳᠡᠭ ᠨᠢ ᠳᠠᠷᠤᠶ ᠬᠥᠳᠡᠭᠡ | ᠣᠷᠣᠨ ᠨᠤᠲᠤᠭ ᠤᠨ ᠶᠠᠳᠠᠭᠤ ᠬᠦᠴᠢᠷᠳᠡᠯ ᠲᠠᠢ ᠬᠦᠮᠦᠰ ᠢᠳᠡᠵᠦ ᠡᠮᠦᠰᠬᠦ ᠳᠡᠭᠡᠨ ᠵᠣᠪᠠᠭ᠋ᠤ ᠦᠭᠡᠶ ᠪᠠᠶᠢᠬᠤ ᠶᠢ ᠵᠢᠭᠠᠵᠤ | ᠪᠤᠢ᠃ ︽ᠭᠤᠷᠪᠠ ᠶᠢ ᠪᠠᠲᠤᠯᠠᠬᠤ︾ ᠭᠡᠳᠡᠭ ᠨᠢ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ | ᠪᠠ ᠣᠷᠣᠨ ᠰᠠᠭᠤᠴᠠ ᠶᠢᠨ ᠠᠶᠤᠯᠭᠦᠢ ᠶᠢ ᠪᠠᠲᠤᠯᠠᠬᠤ ᠶᠠᠪᠤᠳᠠᠯ ᠮᠥᠨ᠂ ᠡᠨᠡ ᠨᠢ ᠳᠠᠷᠤᠢ ᠬᠥᠳᠡᠭᠡ ᠣᠷᠣᠨ ᠨᠤᠲᠤᠭ ᠤᠨ | ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠱᠠᠭᠠᠷᠳᠠᠯᠭ᠎ᠠ ᠪᠠ | ᠵᠠᠩᠭᠢᠯᠭ᠎ᠠ ᠶᠢᠨ ᠪᠠᠷᠢᠮᠵᠢᠶ᠎ᠠ ᠮᠥᠨ᠃ | ᠲᠠᠪᠤᠨ ᠨᠢᠭᠡ ᠪᠦᠯᠦᠭ᠄ ᠦᠢᠯᠡᠳᠪᠦᠷᠢᠯᠡᠯ ᠢ ᠬᠥᠭᠵᠢᠭᠦᠯᠵᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠨᠡᠭᠦᠯᠭᠡᠨ | ᠳᠥᠪᠬᠢᠨᠡᠭᠦᠯᠵᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠠᠮᠢ ᠠᠬᠤᠢ ᠶᠢᠨ ᠨᠥᠬᠦᠪᠥᠷᠢ ᠥᠭᠴᠦ ᠨᠢᠭᠡ | ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠰᠤᠷᠭᠠᠨ ᠬᠥᠮᠦᠵᠢᠯ ᠢ ᠬᠥᠭᠵᠢᠭᠦᠯᠵᠦ ᠨᠢᠭᠡ ᠪᠦᠯᠦᠭ ᠢ ᠶᠠᠳᠠᠭᠤ ᠠᠴᠠ | ᠠᠩᠭᠢᠵᠢᠷᠠᠭᠤᠯᠬᠤ᠂ ᠨᠡᠶᠢᠭᠡᠮ ᠤᠨ ᠪᠠᠳᠤᠯᠠᠭ᠎ᠠ ᠪᠠᠷ ᠨᠢᠭᠡ ᠪᠦᠯᠦᠭ ᠢ ᠪᠠᠲᠤᠯᠠᠬᠤ᠃ | ᠳᠥᠷᠪᠡ ᠶᠢ ᠪᠠᠷᠢᠮᠲᠠᠯᠠᠬᠤ᠄ ᠶᠠᠳᠠᠭᠤ ᠠᠴᠠ ᠠᠩᠭᠢᠵᠢᠷᠠᠭᠤᠯᠤᠭᠰᠠᠨ ᠴᠤ ᠬᠠᠷᠢᠭᠤᠴᠠᠯᠭ᠎ᠠ ᠪᠠᠨ ᠪᠠᠷᠢᠮᠲᠠᠯᠠᠬᠤ᠂ ᠶᠠᠳᠠᠭᠤ | ᠠᠴᠠ ᠠᠩᠭᠢᠵᠢᠷᠠᠭᠤᠯᠤᠭᠰᠠᠨ ᠴᠤ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠲᠡᠭᠡᠬᠦ ᠶᠢ ᠪᠠᠷᠢᠮᠲᠠᠯᠠᠬᠤ᠂ ᠶᠠᠳᠠᠭᠤ ᠠᠴᠠ | ᠠᠩᠭᠢᠵᠢᠷᠠᠭᠤᠯᠤᠭᠰᠠᠨ ᠴᠤ ᠬᠠᠪᠰᠤᠷᠤᠨ ᠲᠡᠳᠬᠦᠬᠦ ᠪᠠᠨ ᠪᠠᠷᠢᠮᠲᠠᠯᠠᠬᠤ᠂ ᠶᠠᠳᠠᠭᠤ ᠠᠴᠠ ᠠᠩᠭᠢᠵᠢᠷᠠᠭᠤᠯᠤᠭᠰᠠᠨ ᠴᠤ ᠬᠢᠨᠠᠨ | ᠬᠠᠮᠢᠶᠠᠷᠤᠯᠲᠠ ᠪᠠᠨ ᠪᠠᠷᠢᠮᠲᠠᠯᠠᠬᠤ᠃ | ᠬᠤᠶᠠᠷ ᠢ ᠬᠥᠩᠭᠡᠷᠡᠭᠦᠯᠬᠦ᠄ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ | ᠳᠠᠭᠠᠭᠠᠯᠭᠠᠪᠤᠷᠢ ᠶᠢᠨ ᠳᠠᠷᠤᠭᠠᠰᠤ ᠶᠢ ᠬᠥᠩᠭᠡᠷᠡᠭᠦᠯᠬᠦ ᠪᠠ ᠬᠢᠴᠢᠶᠠᠯ ᠲᠥᠷᠥᠯ ᠤᠨ ᠰᠤᠷᠭᠠᠭᠤᠯᠢ ᠶᠢᠨ ᠭᠠᠳᠠᠨᠠᠬᠢ | ᠳᠠᠪᠲᠠᠯᠭ᠎ᠠ ᠶᠢᠨ ᠪᠠᠶᠢᠭᠤᠯᠤᠮᠵᠢ ᠶᠢ ᠴᠥᠭᠡᠳᠬᠡᠬᠦ᠃ | ᠨᠢᠭᠡ ᠰᠤᠷᠭᠠᠭᠤᠯᠢ ᠨᠢᠭᠡ ᠣᠨᠴᠠᠯᠢᠭ ᠲᠠᠢ᠄ ᠡᠯ᠎ᠡ ᠳᠤᠮᠳᠠᠳᠤ ᠪᠠᠭ᠎ᠠ ᠰᠤᠷᠭᠠᠭᠤᠯᠢ ᠪᠠ ᠴᠡᠴᠡᠷᠯᠢᠭ ᠨᠢ ᠰᠤᠷᠭᠠᠭᠤᠯᠢ | ᠡᠷᠬᠢᠯᠡᠭᠰᠡᠨ ᠲᠡᠦᠬᠡ ᠪᠣᠯᠤᠨ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠭᠰᠠᠨ ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ | ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠥᠪᠡᠷᠮᠢᠴᠠ ᠣᠨᠴᠠᠯᠢᠭ ᠢ ᠪᠥᠷᠢᠯᠳᠦᠭᠦᠯᠬᠦ ᠶᠢ ᠵᠢᠭᠠᠵᠤ | ᠪᠤᠶ᠃ | ︽ᠬᠤᠤᠰ ᠵᠠᠭᠤᠨ︾ ᠡᠳᠦᠷ ᠤᠨ ᠠᠵᠢᠯᠯᠠᠭ᠎ᠠ᠄ ︽ᠪᠠᠶᠢᠭᠤᠯᠭ᠎ᠠ ᠨᠢᠭᠡᠴᠡ ᠨᠢ ᠡᠭᠦᠷᠭᠡ ᠬᠠᠷᠢᠭᠤᠴᠠᠯᠭ᠎ᠠ ᠪᠠᠨ | ᠭᠦᠶᠴᠡᠳᠬᠡᠬᠦ︾ ᠪᠠ ︽ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠶᠢᠴᠠᠭᠠᠨ ᠴᠡᠭᠴᠡᠯᠡᠬᠦ︾᠂ ᠬᠤᠶᠠᠷ ︽ | ᠵᠠᠭᠤᠨ ᠡᠳᠦᠷ︾ ᠤᠨ ᠠᠵᠢᠯᠯᠠᠭ᠎ᠠ᠃ | ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾᠄ ᠮᠠᠨ ᠤ ᠤᠯᠤᠰ ᠤᠨ ᠤᠮᠠᠷᠠᠲᠤ ᠬᠢᠯᠢ ᠶᠢᠨ | ᠴᠢᠬᠤᠯᠠ ᠠᠮᠢ ᠠᠬᠤᠶ ᠶᠢᠨ ᠠᠮᠤᠷ ᠳᠥᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ | ᠲᠣᠭᠲᠠᠭᠤᠨ ᠤ ᠬᠠᠯᠬᠠᠪᠴᠢ᠃ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ | ᠤᠨ ᠰᠠᠭᠤᠷᠢᠨ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ᠃ | ᠨᠢᠭᠡ ᠬᠠᠷᠠᠯᠲᠠ᠄ ᠴᠢᠨᠠᠷᠯᠢᠭ ᠬᠥᠭᠵᠢᠯᠲᠡ᠂ ᠰᠢᠯᠢᠳᠡᠭ ᠠᠮᠢ ᠠᠬᠤᠶ᠂ ᠦᠨᠳᠦᠷ ᠠᠰᠢᠭᠯᠠᠮᠵᠢᠲᠤ ᠦᠶᠯᠡᠴᠢᠯᠡᠭᠡ᠂ | ᠪᠦᠳᠦᠮᠵᠢᠲᠡᠢ ᠵᠠᠰᠠᠯᠲᠠ ᠪᠠᠷ ᠬᠠᠷᠠᠯᠲᠠ ᠪᠣᠯᠭᠠᠵᠤ᠂ ᠬᠥᠭᠵᠢᠯᠲᠡ ᠶᠢᠨ ᠠᠷᠭ᠎ᠠ ᠬᠡᠯᠪᠡᠷᠢ ᠪᠠ ᠠᠷᠭ᠎ᠠ ᠵᠠᠮ ᠢᠶᠠᠨ | ᠥᠭᠡᠷᠡᠴᠢᠯᠡᠨ᠂ ᠠᠵᠤ ᠠᠬᠤᠶ ᠶᠢᠨ ᠶᠡᠷᠦᠩᠬᠡᠶ ᠳᠥᠪᠰᠢᠨ ᠢᠶᠠᠨ ᠳᠡᠭᠡᠭᠰᠢᠯᠡᠬᠦᠯᠬᠦ᠃ | ᠬᠤᠶᠠᠷ ᠬᠡᠯᠬᠢᠶ᠎ᠡ ᠬᠤᠶᠠᠷ ᠣᠷᠣᠨ᠄ ᠣᠳᠣᠬᠢᠴᠢᠯᠠᠭᠰᠠᠨ ᠮᠢᠬᠠᠨ ᠤ ᠦᠬᠡᠷ ᠤᠨ ᠪᠥᠬᠦ ᠠᠵᠤ ᠦᠶᠯᠡᠰ ᠤᠨ ᠬᠡᠯᠬᠢᠶ᠎ᠡ᠂ | ᠣᠳᠣᠬᠢᠴᠢᠯᠠᠭᠰᠠᠨ ᠡᠨᠧᠷᠭᠢ ᠶᠢᠨ ᠠᠵᠤ ᠠᠬᠤᠶ ᠶᠢᠨ ᠣᠷᠴᠢᠯ ᠠᠵᠤ ᠦᠶᠯᠡᠰ ᠤᠨ ᠬᠡᠯᠬᠢᠶ᠎ᠡ᠂ ᠬᠤᠯᠠᠨ ᠰᠢᠷᠭ᠎ᠠ ᠳᠠᠭ᠎ᠠ ᠶᠢᠨ | ᠮᠠᠩᠬᠠᠨ ᠭᠠᠵᠠᠷ ᠤᠨ ᠠᠮᠢ ᠠᠬᠤᠶ ᠶᠢᠨ ᠵᠠᠰᠠᠯᠲᠠ ᠶᠢᠨ ᠣᠷᠣᠨ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠠᠭᠤᠰᠤᠯᠴᠠᠨ | ᠬᠥᠭᠵᠢᠬᠦ ᠣᠷᠣᠨ ᠢ ᠲᠦᠷᠭᠡᠳᠬᠡᠨ ᠪᠠᠶᠢᠭᠤᠯᠵᠤ᠂ ᠴᠢᠨᠠᠷᠯᠢᠭ ᠬᠥᠭᠵᠢᠯᠲᠡ ᠳᠤ ᠬᠦᠴᠦᠲᠡᠶ ᠳᠡᠮᠵᠢᠯᠭᠡ ᠪᠠ ᠪᠣᠳᠠᠲᠠᠶ | ᠲᠤᠯᠭᠠᠭᠤᠷᠢᠯᠠᠯ ᠬᠠᠩᠭᠠᠨ᠎ᠠ᠃ | ᠲᠠᠪᠤᠨ ᠵᠦᠶᠯ ᠤᠨ ᠣᠨᠴᠠᠯᠢᠭᠲᠤ ᠠᠵᠤ ᠦᠶᠯᠡᠰ᠄ ᠨᠢᠭᠡ ᠳᠤ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠪᠠ ᠲᠠᠷᠢᠶᠠᠯᠠᠩ | ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠭᠠᠳᠠᠭᠰᠢ ᠪᠣᠷᠤᠯᠠᠭᠤᠯᠵᠤ᠂ ᠰᠦ ᠮᠢᠬ᠎ᠠ ᠶᠢ ᠡᠳ᠋ᠰᠢᠭᠦᠯᠦᠨ | ᠪᠣᠯᠪᠠᠰᠤᠷᠠᠭᠤᠯᠬᠤ ᠲᠦᠪᠰᠢᠨ ᠢ ᠳᠡᠭᠡᠭᠰᠢᠯᠡᠬᠦᠯᠦᠨ᠂ ᠣᠳᠣᠬᠢᠴᠢᠯᠠᠭᠰᠠᠨ ᠮᠠᠯ ᠠᠵᠤ ᠠᠬᠤᠶ ᠶᠢᠨ ᠠᠵᠤ ᠦᠶᠯᠡᠰ ᠤᠨ | ᠬᠡᠯᠬᠢᠶ᠎ᠡ ᠶᠢ ᠥᠷᠭᠡᠳᠭᠡᠨ᠎ᠡ᠃ ᠬᠤᠶᠠᠷ ᠲᠤ᠂ ᠮᠣᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠮᠣᠩᠭᠤᠯ ᠭᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ | ᠣᠨᠣᠪᠴᠢᠲᠠᠢ ᠡᠵᠡᠮᠳᠡᠨ᠂ ᠮᠣᠩᠭᠤᠯ ᠭᠡᠷ ᠤᠨ ᠦᠢᠯᠡᠳᠪᠦᠷᠢᠯᠡᠯ ᠤᠨ ᠠᠵᠤ ᠦᠢᠯᠡᠰ ᠢ ᠨᠢᠭᠡᠳᠦᠯᠲᠡᠢ᠂ ᠵᠢᠷᠤᠮᠵᠢᠭᠤᠯᠤᠨ | ᠬᠦᠭᠵᠢᠬᠦᠯᠵᠦ᠂ ᠪᠦᠬᠦ ᠤᠯᠤᠰ ᠲᠤ ᠠᠯᠳᠠᠷᠲᠠᠢ ᠮᠣᠩᠭᠤᠯ ᠭᠡᠷ ᠤᠨ ᠰᠠᠭᠤᠷᠢᠨ ᠢ ᠪᠠᠶᠢᠭᠤᠯᠬᠤ ᠪᠠᠷ ᠴᠢᠷᠮᠠᠶᠢᠨ᠎ᠠ᠃ ᠭᠤᠷᠪᠠ | ᠳᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠵᠤ᠂ ᠪᠦᠬᠦ ᠠᠶᠢᠮᠠᠭ ᠤᠨ ᠠᠵᠤ | ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠬᠤᠰᠢᠭᠤ ᠶᠢ | ᠪᠠᠶᠢᠭᠤᠯᠤᠨ᠎ᠠ᠃ ᠳᠥᠷᠪᠡ ᠳᠤ᠂ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠪᠥᠬᠦ | ᠠᠶᠢᠮᠠᠭ ᠤᠨ ᠠᠮᠢᠳᠤ ᠮᠠᠯ ᠵᠢᠴᠢ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠶᠯᠭᠡᠭᠡᠨ ᠤ | ᠲᠥᠪ ᠢ ᠪᠠᠶᠢᠭᠤᠯᠤᠨ᠎ᠠ᠃ ᠲᠠᠪᠤ ᠳᠤ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠬᠥᠭᠵᠢᠬᠦᠯᠦᠨ᠂ ᠣᠷᠤᠰᠢᠨ | ᠰᠠᠭᠤᠷᠢᠰᠢᠬᠤ᠂ ᠠᠵᠢᠯᠯᠠᠵᠤ ᠠᠮᠢᠳᠤᠷᠠᠬᠤ᠂ ᠵᠢᠭᠤᠯᠴᠢᠯᠠᠬᠤ ᠳᠤ ᠲᠣᠬᠢᠷᠠᠮᠵᠢᠲᠠᠢ ᠣᠨᠴᠠᠯᠢᠭᠲᠤ ᠬᠤᠲᠠ ᠪᠠᠯᠭᠠᠰᠤ ᠶᠢ | ᠪᠠᠶᠢᠭᠤᠯᠵᠤ᠂ ᠬᠤᠲᠠ ᠪᠠᠯᠭᠠᠰᠤᠨ ᠤ ᠲᠠᠭᠠᠯᠠᠮᠵᠢᠲᠤ ᠴᠢᠨᠠᠷ ᠪᠣᠯᠤᠨ ᠴᠢᠳᠠᠪᠬᠢ ᠶᠢ ᠨᠡᠮᠡᠭᠳᠡᠭᠦᠯᠦᠨ᠎ᠡ᠃ | ᠲᠠᠪᠤ ᠶᠢ ᠨᠢᠭᠡ ᠴᠣᠭᠴᠠᠵᠢᠭᠤᠯᠬᠤ᠄ ᠠᠵᠤ ᠠᠬᠤᠶ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ | ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠃ | ᠳᠥᠷᠪᠡᠨ ᠪᠥᠬᠦ ᠲᠠᠯ᠎ᠠ᠄ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠠᠶᠢᠭᠤᠯᠬᠤ᠂ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠤᠯᠤᠰ ᠢᠶᠠᠨ ᠬᠠᠤᠯᠢ ᠶᠣᠰᠣᠭᠠᠷ ᠪᠦᠬᠦ ᠲᠠᠯ᠎ᠠ ᠪᠠᠷ ᠵᠠᠰᠠᠬᠤ᠂ | ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ᠃ | ᠵᠢᠷᠭᠤᠭ᠎ᠠ ᠶᠢ ᠲᠣᠭᠲᠠᠪᠤᠷᠢᠵᠢᠭᠤᠯᠬᠤ᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠶᠯᠭᠡᠭᠡ ᠶᠢ | ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠠᠯᠠ ᠶᠢ ᠲᠣᠭᠲᠠᠪᠤᠷᠢᠵᠢᠭᠤᠯᠬᠤ᠂ | ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠳᠥᠰᠦᠪ ᠢ ᠲᠣᠭᠲᠠᠪᠤᠷᠢᠵᠢᠭᠤᠯᠬᠤ᠃ | ᠵᠢᠷᠭᠤᠭ᠎ᠠ ᠶᠢ ᠪᠠᠲᠤᠯᠠᠬᠤ᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ | ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠬᠤᠭᠤᠯᠠ ᠬᠦᠨᠡᠰᠦ᠂ ᠡᠷᠴᠢᠮ | ᠬᠦᠴᠦᠨ ᠤ ᠠᠶᠤᠯᠭᠦᠢ ᠪᠠᠶᠢᠳᠠᠯ ᠢ ᠪᠠᠲᠤᠯᠠᠬᠤ᠂ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠲᠣᠭᠲᠠᠭᠤᠨ ᠢ ᠪᠠᠲᠤᠯᠠᠬᠤ | ᠂ ᠦᠨᠳᠦᠰᠦᠨ ᠱᠠᠲᠤᠨ ᠤ ᠦᠢᠯᠡ ᠠᠵᠢᠯᠯᠠᠭ᠎ᠠ ᠶᠢ ᠪᠠᠲᠤᠯᠠᠬᠤ᠃ | ᠭᠤᠷᠪᠠᠨ ᠱᠤᠭᠤᠮ ᠨᠢᠭᠡ ᠳᠠᠩᠰᠠ᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠠᠬᠤᠶ ᠶᠢᠨ | ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠬᠢᠵᠠᠭᠠᠷ ᠱᠤᠭᠤᠮ ᠪᠠ ᠠᠮᠢ ᠠᠬᠤᠢ | ᠣᠷᠴᠢᠨ ᠲᠤᠭᠤᠷᠢᠨ ᠳᠤ ᠰᠥᠷᠭᠡᠦ ᠨᠥᠯᠦᠭᠡᠯᠡᠯᠲᠦ ᠵᠦᠢᠯ ᠤᠨ ᠨᠡᠷᠡᠰ ᠤᠨ ᠵᠢᠭᠰᠠᠭᠠᠯᠲᠠ᠃ | ᠱᠠᠩᠳᠤ ᠪᠠᠯᠭᠠᠰᠤᠨ ᠤ ︽ᠬᠥᠨᠳᠡᠯᠡᠨ ᠳᠣᠯᠤᠭ᠎ᠠ ᠭᠤᠯᠳᠤ ᠲᠠᠪᠤ︾ ᠵᠠᠮ ᠤᠨ ᠪᠠᠶᠢᠷᠢᠰᠢᠯ᠄ ᠬᠤᠶᠢᠨ᠎ᠠ ᠠᠴᠠ ᠡᠮᠦᠨᠡᠰᠢ᠂ ᠪᠢᠨ | ᠾᠧ ᠡᠮᠦᠨ᠎ᠡ ᠵᠠᠮ᠂ ᠥᠨᠳᠥᠷ ᠡᠷᠭᠢ ᠵᠡᠭᠡᠯᠢ᠂ ᠱᠠᠩᠳᠤ ᠵᠡᠭᠡᠯᠢ᠂ ᠨᠠᠶᠢᠷ ᠤᠨ ᠰᠢᠷᠡᠭᠡ ᠵᠡᠭᠡᠯᠢ᠂ ᠰᠢᠷ᠎ᠠ ᠲᠠᠯ᠎ᠠ ᠵᠡᠭᠡᠯᠢ᠂ | ᠭᠦᠶᠦᠭᠴᠢ ᠵᠡᠭᠡᠯᠢ᠂ ᠴᠠᠬᠠᠷ ᠵᠡᠭᠡᠯᠢ ᠨᠢ ᠳᠣᠯᠣᠭᠠᠨ ᠬᠥᠨᠳᠡᠯᠡᠨ ᠵᠠᠮ᠃ ᠪᠠᠷᠠᠭᠤᠨ ᠠᠴᠠ ᠵᠡᠭᠦᠨᠰᠢ᠂ ᠲᠡᠭᠦᠯᠢᠯᠲᠡ ᠵᠠᠮ᠂ | ᠥᠷᠲᠡᠭᠡ ᠵᠠᠮ᠂ ᠪᠠᠶᠠᠨ ᠣᠪᠣᠭ᠎ᠠ ᠵᠠᠮ᠂ ᠰᠧᠯᠠᠩᠴᠧᠩ ᠵᠠᠮ ᠪᠠ ᠰᠢᠨ᠎ᠡ ᠪᠠᠷ ᠪᠠᠶᠢᠭᠤᠯᠬᠤ ᠵᠠᠮ ᠨᠢ ᠲᠠᠪᠤᠨ ᠭᠤᠯᠳᠤ ᠵᠠᠮ᠃ | | ᠰᠤᠯᠠᠯᠠᠬᠤ ᠬᠠᠮᠢᠶᠠᠷᠬᠤ ᠦᠶᠯᠡᠴᠢᠯᠡᠬᠦ᠄ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ | ᠬᠠᠮᠢᠶᠠᠷᠬᠤ ᠶᠢ ᠤᠶᠠᠯᠳᠤᠭᠤᠯᠬᠤ᠂ ᠦᠶᠯᠡᠴᠢᠯᠡᠭᠡ ᠶᠢ ᠰᠢᠯᠢᠳᠡᠭᠵᠢᠭᠦᠯᠬᠦ᠃ | ︽ᠭᠤᠷᠪᠠᠨ ᠰᠠᠯᠵᠤ ᠴᠢᠳᠠᠬᠤ ᠦᠭᠡᠢ︾᠄ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ | ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠡᠯ᠎ᠡ | ᠴᠥᠭᠡᠨ ᠲᠣᠭᠠᠲᠤ ᠦᠨᠳᠦᠰᠦᠲᠡᠨ ᠴᠦ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ᠃ | ︽ᠲᠠᠪᠤ ᠶᠢ ᠮᠡᠳᠡᠷᠡᠬᠦ︾᠄ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ | ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠮᠡᠳᠡᠷᠡᠬᠦ᠃ | ᠡᠨᠧᠷᠭᠢ ᠪᠣᠯᠣᠨ ᠬᠤᠷᠣᠭᠳᠠᠯ ᠢ ᠵᠡᠷᠭᠡᠪᠡᠷ ᠬᠢᠵᠠᠭᠠᠷᠯᠠᠬᠤ᠄ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠪᠠ | ᠬᠤᠷᠣᠭᠳᠠᠯ ᠤᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠃ | ᠨᠢᠭᠡ ᠰᠦᠯᠵᠢᠶ᠎ᠡ ᠨᠢᠭᠡ ᠪᠠᠶᠢᠭᠤᠯᠭ᠎ᠠ ᠨᠢᠭᠡ ᠤᠳᠠᠭ᠎ᠠ᠄ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠨᠢᠭᠡ ᠰᠦᠯᠵᠢᠶ᠎ᠡ ᠪᠠᠷ | ᠨᠡᠶᠢᠳᠡᠮ ᠭᠦᠶᠴᠡᠳᠬᠡᠬᠦ ᠪᠠ ᠠᠵᠤ ᠠᠬᠤᠶᠢᠯᠠᠯ ᠣᠯᠠᠨ ᠲᠦᠮᠡᠨ ᠠᠵᠢᠯ ᠶᠠᠪᠤᠳᠠᠯ ᠭᠦᠶᠴᠡᠳᠬᠡᠬᠦ ᠳᠤ ︽ᠨᠢᠭᠡ ᠯᠡ | ᠪᠠᠶᠢᠭᠤᠯᠭ᠎ᠠ ᠳᠤ ᠬᠦᠷᠴᠦ︾ ︽ᠨᠢᠭᠡ ᠯᠡ ᠤᠳᠠᠭ᠎ᠠ ᠣᠴᠢᠵᠤ ᠭᠦᠶᠴᠡᠳᠬᠡᠬᠦ︾᠃ | ︽7311︾ ᠬᠠᠮᠲᠤᠷᠠᠯᠴᠠᠭ᠎ᠠ᠄ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠢ ᠬᠡᠷ ᠪᠦᠯᠢ | ᠰᠤᠷᠭᠠᠭᠤᠯᠢ ᠶᠢᠨ ᠬᠠᠮᠲᠤᠷᠠᠯᠴᠠᠭ᠎ᠠ ᠳᠤ ᠴᠢᠭᠯᠡᠭᠦᠯᠦᠨ ︽ᠲᠤᠯᠤᠭᠠᠨ ᠬᠠᠮᠲᠤᠷᠠᠯᠴᠠᠭ᠎ᠠ᠂ ᠭᠤᠷᠪᠠᠨ ᠬᠤᠷᠠᠯ᠂ ᠨᠢᠭᠡ | ᠪᠣᠯᠪᠠᠰᠤᠷᠠᠯ᠂ ᠨᠢᠭᠡ ᠣᠷᠤᠯᠴᠠᠯᠭ᠎ᠠ︾ ᠶᠢᠨ ᠠᠵᠢᠯ ᠤᠨ ᠵᠠᠭᠪᠤᠷ ᠢ ᠳᠤᠷᠠᠳᠪᠠ᠃ ︽ᠳᠣᠯᠣᠭᠠᠨ ᠬᠠᠮᠲᠤᠷᠠᠯᠴᠠᠭ᠎ᠠ︾᠄ | ᠰᠤᠷᠭᠠᠭᠤᠯᠢ ᠪᠣᠯᠤᠨ ᠭᠡᠷ ᠤᠨ ᠠᠬᠠᠮᠠᠳ ᠬᠠᠮᠲᠤᠷᠠᠨ ᠠᠵᠢᠯᠯᠠᠬᠤ᠂ ᠰᠤᠷᠭᠠᠭᠤᠯᠢ ᠪᠠ ᠭᠡᠷ ᠤᠨ ᠠᠬᠠᠮᠠᠳ ᠤᠨ ᠵᠥᠪᠯᠡᠯ | ᠬᠠᠮᠲᠤᠷᠠᠨ ᠠᠵᠢᠯᠯᠠᠬᠤ᠂ ᠠᠩᠭᠢ ᠶᠢᠨ ᠡᠷᠬᠢᠯᠡᠭᠴᠢ ᠪᠠ ᠭᠡᠷ ᠤᠨ ᠠᠬᠠᠮᠠᠳ ᠬᠠᠮᠲᠤᠷᠠᠨ ᠠᠵᠢᠯᠯᠠᠬᠤ᠂ ᠠᠩᠭᠢ ᠶᠢᠨ | ᠡᠷᠬᠢᠯᠡᠭᠴᠢ ᠪᠠ ᠭᠡᠷ ᠤᠨ ᠠᠬᠠᠮᠠᠳ ᠤᠨ ᠵᠥᠪᠯᠡᠯ ᠬᠠᠮᠲᠤᠷᠠᠨ ᠠᠵᠢᠯᠯᠠᠬᠤ᠂ ᠬᠢᠴᠢᠶᠡᠯ ᠬᠠᠷᠢᠭᠤᠴᠠᠬᠤ ᠪᠠᠭᠰᠢ ᠪᠠ ᠭᠡᠷ ᠤᠨ | ᠠᠬᠠᠮᠠᠳ ᠬᠠᠮᠲᠤᠷᠠᠨ ᠠᠵᠢᠯᠯᠠᠬᠤ᠂ ᠬᠢᠴᠢᠶᠡᠯ ᠬᠠᠷᠢᠭᠤᠴᠠᠬᠤ ᠪᠠᠭᠰᠢ ᠪᠠ ᠭᠡᠷ ᠤᠨ ᠠᠬᠠᠮᠠᠳ ᠤᠨ ᠵᠥᠪᠯᠡᠯ ᠬᠠᠮᠲᠤᠷᠠᠨ | ᠠᠵᠢᠯᠯᠠᠬᠤ᠂ ᠭᠡᠷ ᠤᠨ ᠠᠬᠠᠮᠠᠳ ᠤᠨ ᠵᠥᠪᠯᠡᠯ ᠪᠠ ᠭᠡᠷ ᠤᠨ ᠠᠬᠠᠮᠠᠳ ᠬᠠᠮᠲᠤᠷᠠᠨ ᠠᠵᠢᠯᠯᠠᠬᠤ᠃ ︽ᠭᠤᠷᠪᠠᠨ ᠬᠤᠷᠠᠯ︾᠄ | ᠠᠩᠭᠢ ᠶᠢᠨ ᠲᠠᠯ᠎ᠠ ᠠᠴᠠ ᠬᠤᠷᠠᠯᠳᠤᠭᠤᠯᠤᠭᠰᠠᠨ ᠬᠡᠷ ᠤᠨ ᠠᠬᠠᠮᠠᠳ ᠤᠨ ᠬᠤᠷᠠᠯ᠂ ᠰᠤᠷᠭᠠᠭᠤᠯᠢ ᠶᠢᠨ ᠲᠠᠯ᠎ᠠ ᠠᠴᠠ | ᠬᠤᠷᠠᠯᠳᠤᠭᠤᠯᠤᠭᠰᠠᠨ ᠬᠡᠷ ᠤᠨ ᠠᠬᠠᠮᠠᠳ ᠤᠨ ᠵᠥᠪᠯᠡᠯ ᠤᠨ ᠬᠤᠷᠠᠯ᠂ ᠬᠡᠷ ᠤᠨ ᠠᠬᠠᠮᠠᠳ ᠤᠨ ᠲᠥᠯᠥᠭᠡᠯᠡᠭᠴᠢ ᠪᠠ ᠬᠡᠷ | ᠤᠨ ᠠᠬᠠᠮᠠᠳ ᠤᠨ ᠵᠥᠪᠯᠡᠯ ᠤᠨ ᠶᠠᠷᠢᠯᠴᠠᠬᠤ ᠬᠤᠷᠠᠯ᠃ ︽ᠨᠢᠭᠡ ᠪᠣᠯᠪᠠᠰᠤᠷᠠᠯ︾᠄ ᠲᠠᠶᠢᠯᠤᠮᠵᠢ ᠥᠷᠨᠢᠭᠦᠯᠬᠦ ᠬᠡᠯᠪᠡᠷᠢ ᠪᠠᠷ | ᠬᠡᠷ ᠤᠨ ᠠᠬᠠᠮᠠᠳ ᠤᠨ ᠪᠣᠯᠪᠠᠰᠤᠷᠠᠯ ᠢ ᠴᠢᠩᠭᠠᠳᠬᠠᠨ᠎ᠠ᠃ ︽ᠨᠢᠭᠡ ᠣᠷᠤᠯᠴᠠᠯᠭ᠎ᠠ︾᠄ ᠭᠡᠷ ᠤᠨ ᠠᠬᠠᠮᠠᠳ ᠤᠨ ᠵᠥᠪᠯᠡᠯ | ᠨᠢ ᠰᠤᠷᠭᠠᠭᠤᠯᠢ ᠶᠢᠨ ᠡᠳᠦᠷ ᠲᠤᠲᠤᠮ ᠤᠨ ᠬᠠᠮᠢᠶᠠᠷᠤᠯᠲᠠ᠂ ᠡᠳᠦᠷ ᠲᠤᠲᠤᠮ ᠤᠨ ᠠᠵᠢᠯᠯᠠᠭ᠎ᠠ ᠳᠤ ᠣᠷᠣᠯᠴᠠᠵᠤ᠂ ᠰᠠᠨᠠᠯ | ᠰᠠᠨᠠᠭᠤᠯᠭ᠎ᠠ ᠳᠤᠷᠠᠳᠤᠨ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠪᠡᠶᠡᠯᠡᠭᠦᠯᠵᠦ᠂ ᠴᠢᠬᠤᠯᠠ ᠶᠡᠭᠡ ᠲᠥᠷᠥᠯ ᠵᠦᠢᠯ ᠤᠨ | ᠰᠢᠶᠳᠪᠦᠷᠢ ᠳᠤ ᠰᠤᠯᠠ ᠣᠷᠣᠯᠴᠠᠵᠤ ᠪᠣᠯᠤᠨ᠎ᠠ᠃ | | | | | | | | | |