ᠬᠥᠭᠵᠢᠯᠲᠦ ᠱᠠᠩᠳᠤ ᠴᠠᠬᠢᠯᠭᠠᠨ ᠦᠢᠯᠡᠳᠪᠦᠷᠢ ᠳᠤ ᠭᠦᠨᠵᠡᠭᠡᠶᠢᠷᠡᠨ ᠠᠶᠢᠮᠠᠭ ᠤᠨ ᠳᠡᠰ ᠤᠨ ᠭᠤᠣᠯᠳᠠᠯᠭ᠎ᠠ ᠲᠠᠢ ᠲᠦᠰᠦᠯ ᠤᠨ ᠠᠬᠢᠴᠠ ᠶᠢᠨ ᠲᠤᠬᠠᠢ ᠪᠠᠶᠢᠴᠠᠭᠠᠨ ᠵᠢᠯᠣᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2022/2/16
          2 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ ᠱᠠᠩᠳᠤ ᠴᠠᠬᠢᠯᠭᠠᠨ ᠦᠢᠯᠡᠳᠪᠦᠷᠢ ᠳᠤ ᠭᠦᠨᠵᠡᠭᠡᠶᠢᠷᠡᠨ ᠠᠶᠢᠮᠠᠭ ᠤᠨ ᠳᠡᠰ ᠤᠨ ᠭᠤᠣᠯᠳᠠᠯᠭ᠎ᠠ ᠲᠠᠢ ᠲᠦᠰᠦᠯ ᠤᠨ ᠠᠬᠢᠴᠠ ᠶᠢ ᠪᠠᠶᠢᠴᠠᠭᠠᠨ ᠵᠢᠯᠣᠭᠤᠳᠪᠠ᠃ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠱᠠᠩᠳᠤ ᠴᠠᠬᠢᠯᠭᠠᠨ ᠦᠢᠯᠡᠳᠪᠦᠷᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃          ᠰᠠᠭᠤᠳᠠᠯ ᠤᠨ ᠬᠤᠷᠠᠯ ᠳᠡᠭᠡᠷ᠎ᠡ᠂ ᠱᠠᠩᠳᠤ ᠴᠠᠬᠢᠯᠭᠠᠨ ᠦᠢᠯᠡᠳᠪᠦᠷᠢ ᠶᠢᠨ ᠨᠡᠭᠦᠷᠡᠰᠦ ᠬᠠᠳᠠᠭᠠᠯᠠᠬᠤ ᠲᠠᠯᠠᠪᠠᠢ ᠶᠢᠨ ᠲᠥᠰᠦᠯ᠂ ᠱᠠᠩᠳᠤ ᠳᠠᠬᠢ ᠵᠠᠭᠤᠨ ᠲᠦᠮᠡᠨ ᠺᠢᠯᠤᠸᠠᠲ ᠤᠨ ᠲᠡᠰ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠲᠦᠰᠦᠯ ᠤᠨ ᠠᠬᠢᠴᠠ ᠶᠢ ᠦᠢᠯᠠᠭᠠᠵᠤ᠂ ᠣᠳᠣᠬᠠᠨ ᠤ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠵᠠᠳᠠᠯᠤᠨ ᠰᠤᠳᠤᠯᠵᠤ᠂ ᠲᠠᠷᠠᠭᠠᠴᠢ ᠶᠢᠨ ᠠᠵᠢᠯ ᠵᠢᠴᠢ ᠱᠠᠩᠳᠤ ᠴᠠᠬᠢᠯᠭᠠᠨ ᠦᠢᠯᠡᠳᠪᠦᠷᠢ ᠶᠢᠨ ᠬᠥᠭᠵᠢᠯᠲᠡ ᠶᠢᠨ ᠲᠤᠬᠠᠢ ᠰᠠᠨᠠᠯ ᠰᠡᠳᠭᠢᠮᠵᠢ ᠪᠠᠨ ᠶᠠᠷᠢᠯᠴᠠᠪᠠ᠃
        ᠬᠥᠭᠵᠢᠯᠲᠦ ᠴᠢᠬᠤᠯᠠᠴᠢᠯᠠᠬᠤ ᠳᠠᠭᠠᠨ᠂ ᠭᠤᠣᠯᠳᠠᠯᠭ᠎ᠠ ᠲᠠᠢ ᠲᠦᠰᠦᠯ ᠤᠨ ᠪᠦᠲᠦᠭᠡᠨ ᠪᠠᠶᠢᠭᠤᠯᠤᠯᠲᠠ ᠪᠣᠯ ᠤᠷᠤᠯᠭ᠎ᠠ ᠶᠢᠨ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠴᠢᠬᠤᠯᠠ ᠭᠠᠷᠤᠭ᠎ᠠ ᠪᠣᠯᠤᠨ᠎ᠠ᠃ ᠠᠵᠤ ᠠᠬᠤᠶᠢᠯᠠᠯ ᠤᠨ ᠬᠢᠨ ᠨᠢ ᠲᠦᠰᠦᠯ ᠤᠨ ᠮᠠᠨ ᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠨᠢ ᠠᠵᠤ ᠠᠬᠤᠶᠢᠯᠠᠯ ᠤᠨ ᠬᠡᠷᠡᠭᠴᠡᠭᠡ ᠶᠢ ᠭᠦᠨᠵᠡᠭᠡᠢ ᠤᠢᠢᠯᠠᠭᠠᠨ᠂ ᠲᠣᠬᠢᠷᠠᠭᠤᠯᠭ᠎ᠠ ᠵᠣᠬᠢᠴᠠᠭᠤᠯᠭ᠎ᠠ ᠪᠠᠨ ᠴᠢᠩᠭᠠᠳᠬᠠᠵᠤ ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠲᠦᠰᠦᠯ ᠤᠨ ᠡᠮᠦᠨᠡᠬᠢ ᠬᠤᠭᠤᠴᠠᠭᠠᠨ ᠤ ᠭᠦᠢᠴᠡᠳᠭᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ 4 ᠰᠠᠷ᠎ᠠ ᠶᠢᠨ 15 ᠤ ᠡᠳᠦᠷ ᠲᠦᠰᠦᠯ ᠤᠨ ᠪᠠᠶᠢᠭᠤᠯᠤᠯᠲᠠ ᠶᠢ ᠡᠬᠢᠯᠠᠭᠦᠯᠬᠦ ᠪᠣᠶᠣ ᠰᠡᠷᠭᠦᠬᠡᠬᠦ ᠶᠢ ᠪᠠᠲᠤᠯᠠᠬᠤ ᠬᠡᠷᠡᠭᠲᠡᠢ᠃ ᠱᠠᠩᠳᠤ ᠴᠠᠬᠢᠯᠭᠠᠨ ᠦᠢᠯᠡᠳᠪᠦᠷᠢ ᠨᠢ ᠴᠠᠬᠢᠯᠭᠠᠨ ᠬᠦᠴᠦᠨ ᠤ ᠳᠠᠮᠵᠢᠭᠤᠯᠭ᠎ᠠ ᠵᠢᠴᠢ ᠡᠨᠧᠷᠭᠢ ᠶᠢᠨ ᠠᠵᠤ ᠦᠢᠯᠡᠰ ᠤᠨ ᠲᠠᠯ᠎ᠠ ᠪᠠᠷ ᠵᠣᠬᠢᠬᠤ ᠰᠠᠭᠤᠷᠢ ᠲᠠᠢ ᠪᠥᠭᠡᠳ ᠳᠠᠪᠠᠭᠤᠯᠢᠭ ᠲᠠᠢ ᠶᠤᠮ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠭᠡᠷᠡᠯ ᠴᠡᠨᠡᠭ᠂ ᠰᠠᠯᠬᠢᠨ ᠬᠦᠴᠦᠨ ᠤ ᠴᠠᠬᠢᠯᠭᠠᠨ ᠢᠶᠠᠷ ᠰᠠᠭᠤᠷᠢ ᠪᠣᠯᠭᠠᠭᠰᠠᠨ ᠰᠢᠨ᠎ᠡ ᠡᠨᠧᠷᠭᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠦᠰᠦᠯ ᠤᠨ ᠡᠮᠦᠨᠡᠬᠢ ᠬᠤᠭᠤᠴᠠᠭᠠᠨ ᠤ ᠭᠦᠢᠴᠡᠳᠭᠡᠯ ᠤᠨ ᠠᠵᠢᠯ ᠢ ᠲᠥᠯᠦᠪᠵᠢᠭᠦᠯᠦᠨ ᠠᠬᠢᠭᠤᠯᠵᠤ᠂ ᠵᠢᠯ ᠤᠨ ᠳᠣᠲᠣᠷ᠎ᠠ ᠪᠤᠳᠠᠲᠠᠢ ᠠᠬᠢᠭᠤᠯᠬᠤ ᠪᠠᠷ ᠴᠢᠷᠮᠠᠶᠢᠬᠤ ᠶᠢᠨ ᠬᠠᠮᠲᠤ ᠰᠢᠨᠵᠢᠯᠡᠬᠦ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠴᠢᠩᠭᠠᠳᠬᠠᠨ᠂ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠮᠡᠷᠢ ᠦᠵᠡᠭᠦᠯᠬᠦ ᠬᠡᠷᠡᠭᠳᠡᠢ ᠭᠡᠰᠡᠨ ᠪᠠᠶᠢᠨ᠎ᠠ᠃ ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号