ᠰᠢᠯᠤᠭᠤᠨ ᠬᠥᠬᠡ ᠬᠤᠰᠢᠭᠤᠨ ᠤ ︽ᠲᠣᠰᠬᠤᠨ ᠤ ᠡᠵᠡᠷᠬᠡᠭᠴᠢ︾ ᠪᠠ ᠣᠪᠣᠭ ᠲᠥᠷᠥᠯ ᠤᠨ ᠬᠠᠷᠭᠢᠰ ᠬᠦᠴᠦᠨ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2022/2/16
           ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠷᠥ ᠪᠠᠷᠢᠬᠤ ᠰᠠᠭᠤᠷᠢ ᠶᠢ ᠪᠠᠬᠢᠵᠢᠭᠦᠯᠦᠨ᠂ ᠬᠥᠳᠡᠭᠡ ᠲᠣᠰᠬᠤᠨ ᠤ ᠠᠮᠤᠷ ᠲᠣᠭᠲᠠᠭᠤᠨ ᠢ ᠪᠠᠲᠤᠯᠠᠵᠤ᠂ ᠠᠮᠤᠷ ᠠᠮᠤᠭᠤᠯᠠᠩ ᠰᠢᠯᠤᠭᠤᠨ ᠬᠥᠬᠡ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠶᠢᠨ ᠲᠤᠯᠠᠳᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠪᠠ ︽ᠬᠤᠤᠰ ᠵᠠᠭᠤᠨ︾ ᠡᠳᠦᠷ ᠤᠨ ᠰᠢᠪᠲᠤᠯᠤᠯᠲᠠ ᠶᠢᠨ ᠠᠵᠢᠯᠯᠠᠭ᠎ᠠ ᠶᠢ ᠪᠠᠶᠢᠩᠭᠤᠵᠢᠭᠤᠯᠬᠤ ᠲᠠᠢ ᠤᠶᠠᠯᠳᠤᠭᠤᠯᠤᠨ᠂ ᠪᠥᠬᠦ ᠬᠤᠰᠢᠭᠤᠨ ᠤ ᠬᠡᠪᠴᠢᠶᠡᠨ ᠳᠤ ︽ᠲᠣᠰᠬᠤᠨ ᠤ ᠡᠵᠡᠷᠬᠡᠭᠴᠢ︾ ᠪᠠ ᠣᠪᠣᠭ ᠲᠥᠷᠥᠯ ᠤᠨ ᠬᠠᠷᠭᠢᠰ ᠬᠦᠴᠦᠨ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠬᠦ ᠪᠠᠷ ᠪᠤᠢ᠃ ᠭᠤᠣᠯᠳᠠᠯᠭ᠎ᠠ ᠲᠠᠢ ᠴᠡᠭᠴᠡᠯᠡᠨ ᠵᠠᠰᠠᠬᠤ ᠵᠦᠢᠯ᠄           ᠨᠢᠭᠡ᠂ ᠬᠦᠨᠳᠡᠯᠡᠨ ᠭᠤᠯᠳᠤ ᠠᠭᠠᠰᠢᠯᠠᠨ᠂ ᠭᠡᠷᠴᠡᠭᠡᠶᠢᠯᠡᠨ ᠪᠠᠯᠠᠮᠠᠳᠯᠠᠵᠤ᠂ ᠨᠤᠲᠤᠭ ᠤᠰᠤᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠬᠦᠨᠳᠦ ᠨᠣᠴᠢᠲᠠᠶ ᠬᠠᠷᠰᠢᠯᠠᠵᠤ ᠡᠪᠳᠡᠭᠰᠡᠨ᠃           ᠬᠤᠶᠠᠷ᠂ ᠤᠷᠰᠢᠭ ᠲᠠᠲᠠᠨ᠂ ᠮᠣᠵᠢᠭᠤᠳᠠᠯᠠᠨ ᠠᠭᠠᠰᠢᠯᠠᠵᠤ᠂ ᠬᠡᠷᠡᠭᠦᠯ ᠵᠣᠳᠣᠭᠠᠨ ᠡᠭᠦᠰᠭᠡᠨ᠂ ᠣᠯᠠᠭᠤᠯᠠ ᠨᠡᠶᠢᠯᠡᠵᠦ ᠬᠡᠷᠡᠭ ᠥᠳᠥᠵᠦ᠂ ᠰᠠᠭᠤᠭᠠᠯᠢ ᠠᠷᠠᠳ ︵ᠮᠠᠯᠴᠢᠳ︶ ᠤᠨ ᠠᠰᠢᠭ ᠲᠤᠰᠠ ᠶᠢ ᠬᠤᠬᠢᠷᠠᠭᠤᠯᠤᠭᠰᠠᠨ᠃           ᠭᠤᠷᠪᠠ᠂ ᠨᠣᠮᠣᠢ ᠪᠠᠭᠤᠷᠠᠢ ᠶᠢ ᠲᠣᠷᠣᠮᠵᠢᠯᠠᠨ᠂ ᠬᠠᠷᠭᠢᠰᠯᠠᠨ ᠳᠡᠭᠡᠷᠡᠩᠭᠦᠶᠢᠯᠡᠵᠦ᠂ ᠬᠦᠴᠦᠷᠬᠡᠭᠯᠡᠨ ᠠᠪᠴᠤ ᠬᠦᠴᠦᠷᠬᠡᠭᠯᠡᠨ ᠬᠤᠳᠠᠯᠳᠤᠭᠠᠯᠠᠬᠤ᠂ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠷᠬᠡᠭᠰᠡᠨ᠃           ᠳᠥᠷᠪᠡ᠂ ᠰᠦᠷᠦᠭᠯᠡᠨ ᠨᠡᠶᠢᠯᠡᠵᠦ᠂ ᠬᠠᠮ ᠪᠦᠯᠦᠭ ᠪᠠᠶᠢᠭᠤᠯᠤᠨ ᠬᠠᠤᠯᠢ ᠪᠤᠰᠤ ᠭᠡᠮᠲᠦ ᠬᠡᠷᠡᠭ ᠦᠢᠯᠡᠳᠴᠦ᠂ ᠨᠤᠲᠤᠭ ᠤᠰᠤᠨ ᠤ ᠡᠮᠬᠢ ᠳᠢᠭᠯᠢᠮ ᠢ ᠰᠠᠮᠠᠭᠤᠷᠠᠭᠤᠯᠤᠭᠰᠠᠨ᠃           ᠲᠠᠪᠤ᠂ ᠲᠥᠷᠥᠯ ᠤᠭᠰᠠᠭ᠎ᠠ᠂ ᠰᠠᠳᠤᠨ ᠲᠦᠷᠦᠯ ᠤᠨ ᠢᠶᠠᠨ ᠬᠦᠴᠦᠨ ᠳᠤ ᠲᠦᠰᠢᠭᠯᠡᠬᠦ ᠪᠤᠶᠤ ᠡᠳ᠋ ᠬᠥᠷᠥᠩᠭᠡ ᠪᠠᠨ ᠠᠰᠢᠭᠯᠠᠨ ᠬᠤᠲᠠ ᠪᠠᠯᠭᠠᠰᠤ ᠬᠥᠳᠡᠭᠡ ᠲᠣᠰᠬᠤᠨ ᠤ ᠬᠡᠷᠡᠭ ᠶᠠᠪᠤᠳᠠᠯ ᠢ ᠬᠠᠷᠰᠢᠯᠠᠭᠰᠠᠨ ᠪᠤᠶᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢ ᠡᠵᠡᠮᠳᠡᠭᠰᠡᠨ᠃           ᠵᠢᠷᠭᠤᠭ᠎ᠠ᠂ ᠬᠠᠯᠠᠮᠰᠢᠯ ᠠᠰᠠᠭᠤᠳᠠᠯ᠂ ᠬᠦᠴᠢᠷ ᠲᠥᠪᠡᠭᠳᠡᠢ ᠲᠠᠢ ᠵᠦᠢᠯ᠂ ᠵᠥᠷᠢᠴᠡᠯ ᠵᠢᠭᠤᠷᠠᠭᠠᠨ ᠢ ᠠᠰᠢᠭᠯᠠᠨ ᠣᠯᠠᠨ ᠲᠦᠮᠡᠨ ᠢ ᠥᠳᠥᠭᠡᠨ ᠬᠡᠷᠡᠭ ᠡᠳᠦᠭᠰᠡᠨ᠂ ᠨᠤᠲᠤᠭ ᠤᠰᠤᠨ ᠤ ᠲᠦᠪᠰᠢᠷᠡᠯ ᠪᠦᠯᠬᠦᠮᠳᠡᠯ ᠢ ᠡᠪᠳᠡᠬᠦ ᠪᠠ ᠰᠦᠯᠵᠢᠶᠡᠨ ᠤ ᠸᠢᠴᠠᠲ ᠬᠤᠯᠪᠤᠭ᠎ᠠ᠂ QQ ᠬᠤᠯᠪᠤᠭ᠎ᠠ ᠵᠡᠷᠭᠡ ᠵᠠᠭᠤᠴᠢ ᠶᠢ ᠠᠰᠢᠭᠯᠠᠨ᠂ ᠰᠠᠭᠤᠭᠠᠯᠢ ᠠᠷᠠᠳ ︵ᠮᠠᠯᠴᠢᠳ︶ ᠤᠨ ᠠᠰᠢᠭ ᠲᠤᠰᠠ ᠶᠢ ᠬᠤᠬᠢᠷᠠᠭᠤᠯᠬᠤ ᠵᠢᠴᠢ ᠥᠳᠥᠭᠡᠨ ᠬᠡᠷᠡᠭ ᠡᠳᠦᠭᠰᠡᠨ᠃           ᠳᠣᠯᠤᠭ᠎ᠠ᠂ ᠦᠨᠳᠦᠰᠦᠲᠡᠨ᠂ ᠱᠠᠰᠢᠨ ᠰᠤᠷᠲᠠᠬᠤᠨ ᠢᠶᠠᠷ ︽ᠬᠠᠯᠬᠠᠪᠴᠢ︾ ᠪᠣᠯᠭᠠᠵᠤ᠂ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠷᠬᠡᠬᠦ᠂ ᠬᠤᠲᠠ ᠪᠠᠯᠭᠠᠰᠤ ᠬᠥᠳᠡᠭᠡ ᠲᠣᠰᠬᠤᠨ ᠤ ᠰᠣᠩᠭᠤᠭᠤᠯᠢ ᠶᠢ ᠬᠠᠷᠰᠢᠯᠠᠬᠤ᠂ ᠬᠠᠤᠯᠢ ᠪᠤᠰᠤ ᠪᠠᠷ ᠨᠣᠮᠯᠠᠯ ᠬᠢᠬᠦ᠂ ᠬᠡᠲᠦᠷᠡᠮᠡᠬᠡᠶ ᠦᠵᠡᠯ ᠰᠠᠨᠠᠭ᠎ᠠ ᠶᠢ ᠤᠬᠠᠭᠤᠯᠬᠤ᠂ ᠬᠡᠲᠦᠷᠡᠮᠡᠬᠡᠶ ᠦᠢᠯᠡ ᠠᠵᠢᠯᠯᠠᠭ᠎ᠠ ᠬᠢᠭᠰᠡᠨ ᠬᠠᠤᠯᠢ ᠪᠣᠰᠤ ᠬᠠᠮ ᠪᠦᠯᠦᠭ᠃           ᠨᠠᠢᠮᠠ᠂ ᠮᠠᠭᠤ ᠡᠲᠡᠭᠡᠳ ᠵᠢᠴᠢ ᠶᠠᠯ᠎ᠠ ᠬᠢᠵᠦ ᠥᠩᠭᠡᠷᠡᠭᠰᠡᠨ ᠬᠥᠮᠦᠰ ᠨᠤᠲᠤᠭ ᠤᠰᠤ ᠦᠨᠳᠦᠰᠦᠨ ᠱᠠᠲᠤᠨ ᠤ ᠵᠠᠰᠠᠭ ᠤᠨ ᠡᠷᠬᠡ ᠶᠢ ᠵᠢᠯ ᠲᠤᠷᠰᠢ ᠡᠵᠡᠮᠳᠡᠭᠰᠡᠨ᠃           ᠶᠢᠰᠦ᠂ ︽ᠲᠣᠰᠬᠤᠨ ᠤ ᠡᠵᠡᠷᠬᠡᠭᠴᠢ︾ ᠪᠠ ᠤᠪᠤᠬ ᠲᠦᠷᠦᠯ ᠤᠨ ᠬᠠᠷᠭᠢᠰ ᠬᠦᠴᠦᠨ ᠬᠢᠭᠡᠳ ᠳᠡᠳᠡᠨ ᠳᠤ ︽ᠬᠠᠮᠠᠭᠠᠯᠠᠭᠴᠢ︾ ᠪᠣᠯᠵᠤ ᠳᠤᠷ᠎ᠠ ᠪᠠᠷ ᠨᠢ ᠲᠠᠯᠪᠢᠵᠤ ᠥᠮᠥᠭᠯᠡᠭᠰᠡᠨ᠃           ᠠᠷᠪᠠ᠂ ᠨᠡᠶᠢᠭᠡᠮ ᠤᠨ ᠡᠮᠬᠢ ᠳᠢᠭᠯᠢᠮ᠂ ᠲᠣᠭᠲᠠᠭᠤᠨ ᠪᠠᠶᠢᠳᠠᠯ ᠢ ᠡᠪᠳᠡᠭᠰᠡᠨ ᠪᠤᠰᠤᠳ ᠦᠢᠯᠡ ᠠᠵᠢᠯᠯᠠᠭ᠎ᠠ᠃           ᠲᠠ ᠪᠦᠬᠦᠨ ᠮᠢᠨᠢ ᠬᠠᠷ᠎ᠠ ᠪᠦᠯᠦᠭ ᠬᠠᠷᠭᠢᠰ ᠬᠦᠴᠦᠨ ᠠᠴᠠ ᠰᠦᠷᠲᠡᠯ ᠦᠭᠡᠢ᠂ ᠵᠣᠷᠢᠭᠲᠠᠶ ᠪᠠᠷ ᠢᠯᠡᠴᠢᠯᠡᠨ ᠮᠡᠳᠡᠭᠦᠯᠦᠭᠡᠷᠡᠶ︕           ᠪᠦᠬᠦ ᠬᠤᠰᠢᠭᠤᠨ ᠤ ᠡᠯ᠎ᠡ ᠡᠲᠡᠭᠡᠳ᠂ ᠥᠷᠭᠡᠨ ᠣᠯᠠᠨ ᠮᠠᠯᠴᠢᠨ ᠲᠠᠷᠢᠶᠠᠴᠢᠨ ᠲᠤᠰ ᠤᠳᠠᠭᠠᠨ ᠤ ᠠᠵᠢᠯᠯᠠᠭ᠎ᠠ ᠳᠤ ᠢᠳᠡᠪᠬᠢᠲᠡᠢ ᠬᠠᠮᠵᠢᠯᠴᠠᠨ᠂ ᠰᠦᠪᠡᠭᠴᠢ ᠬᠠᠩᠭᠠᠨ ᠢᠯᠡᠴᠢᠯᠡᠨ ᠮᠡᠳᠡᠭᠦᠯᠵᠦ᠂ ︽ᠲᠣᠰᠬᠤᠨ ᠤ ᠡᠵᠡᠷᠬᠡᠭᠴᠢ︾ ᠪᠠ ᠣᠪᠣᠭ ᠲᠥᠷᠥᠯ ᠤᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠪᠦᠬᠦ ᠬᠤᠰᠢᠭᠤᠨ ᠤ ᠨᠡᠶᠢᠭᠡᠮ ᠤᠨ ᠠᠮᠤᠷ ᠲᠣᠭᠲᠠᠭᠤᠨ ᠢ ᠬᠠᠮᠲᠤ ᠪᠠᠷ ᠬᠠᠮᠠᠭᠠᠯᠠᠴᠠᠭᠠᠶ᠎ᠠ᠃           ᠰᠥᠪᠡᠭᠴᠢ ᠬᠠᠩᠭᠠᠵᠤ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ  ᠄ ᠬᠤᠰᠢᠭᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢᠯᠡᠴᠢᠯᠡᠨ ᠮᠡᠳᠡᠭᠦᠯᠬᠦ ᠤᠲᠠᠰᠤ᠄ 0479—422261 ︵ᠬᠦᠯᠢᠶᠡᠨ ᠠᠪᠴᠤ ᠰᠢᠢᠳᠪᠦᠷᠢᠯᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ ᠶᠢᠨ 8᠄ 30—12᠄ 00᠃ ᠦᠳᠡ ᠶᠢᠨ ᠬᠤᠶᠢᠨ᠎ᠠ 14᠄ 30—17᠄ 30︶ ᠢᠮᠧᠯ ᠬᠠᠶ᠋ᠢᠭ᠄ zlqshceb @ 126 . com ᠬᠠᠶ᠋ᠢᠭ᠄ ᠰᠢᠯᠤᠭᠤᠨ ᠬᠥᠬᠡ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ︵ᠨᠠᠮ ᠵᠠᠰᠠᠭ ᠤᠨ ᠠᠰᠠᠷ 433 ᠲᠠᠰᠤᠭ︶ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠄ 0479—4222262ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠄ 0479—4222165 ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 0479—422559 ᠪᠤᠶᠤ 110 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠢᠮᠧᠯ ᠤᠨ ᠬᠠᠶ᠋ᠢᠭ᠄ zlqshceb @ 126 . com   ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号