ᠰᠢᠯᠤᠭᠤᠨ ᠬᠥᠬᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/2/16
                             ︵2 ᠳ᠋ᠤᠭᠠᠷ ᠲᠣᠭᠠᠲᠤ︶               ᠣᠳᠣᠬᠠᠨ ᠳᠤ᠂ ᠤᠯᠤᠰ ᠤᠨ ᠳᠣᠲᠣᠭᠠᠳᠤ ᠳᠤ ᠬᠡᠰᠡᠭ ᠪᠤᠰᠠᠭ ᠢᠶᠠᠷ ᠬᠢᠵᠢᠭ ᠲᠠᠷᠬᠠᠨ ᠳᠡᠯᠭᠡᠷᠡᠬᠦ ᠪᠠᠶᠢᠳᠠᠯ ᠢᠯᠡᠷᠡᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠨ᠂ ᠳᠣᠲᠣᠭᠠᠳᠤ ᠳᠠᠭᠠᠨ ᠳᠡᠯᠭᠡᠷᠡᠨ ᠲᠠᠷᠬᠠᠬᠤ ᠶᠢ ᠬᠤᠷᠢᠭᠯᠠᠬᠤ︾ ᠠᠵᠢᠯ ᠤᠨ ᠳᠠᠷᠤᠯᠲᠠ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠵᠤ᠂ ᠬᠠᠷᠠᠮᠥ᠋ᠷᠡᠨ᠂ ᠭᠤᠸᠠᠩᠰᠢ ᠶᠢᠨ ᠪᠠᠢ ᠰᠧ᠂ ᠯᠢᠶᠣᠤᠨᠢᠩ ᠤᠨ ᠬᠤ᠋ ᠯᠦ ᠳ᠋ᠤᠤ᠂ ᠵᠢᠶᠠᠩᠰᠦ ᠶᠢᠨ ᠰᠦᠵᠸᠦ ᠵᠡᠷᠭᠡ ᠭᠠᠵᠠᠷ ᠤᠨ ᠬᠢᠵᠢᠭ ᠤᠨ ᠪᠠᠶᠢᠳᠠᠯ ᠮᠥᠨ ᠯᠡ ᠨᠠᠮᠳᠠᠭᠠᠳᠤᠢ ᠪᠠᠶᠢᠨ᠎ᠠ᠂ 2 ᠰᠠᠷ᠎ᠠ ᠶᠢᠨ 15 ᠤ ᠡᠳᠦᠷ ᠮᠠᠨᠵᠤᠤᠷ ᠬᠤᠲᠠ ᠳᠤ ᠪᠠᠰᠠ 5 ᠬᠦᠮᠦᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠠᠷᠭ᠎ᠠ ᠴᠢᠨᠠᠷ ᠢᠯᠡᠷᠡᠵᠡᠢ᠃ ᠣᠳᠣᠬᠠᠨ ᠳᠤ ᠶᠠᠭ ᠰᠠᠶᠢᠬᠠᠨ ᠡᠪᠦᠯ ︵ᠵᠡᠮᠳᠡᠭᠴᠦᠳ︶ ᠤᠨ ᠣᠯᠢᠮᠫᠢᠺ ᠶᠠᠪᠤᠭᠳᠠᠵᠤ᠂ ᠴᠠᠭᠠᠨ ᠰᠠᠷ᠎ᠠ ᠶᠢᠨ ᠳᠠᠷᠠᠭᠠᠬᠢ ᠬᠠᠷᠢᠵᠤ ᠪᠤᠴᠠᠬᠤ ᠣᠷᠭᠢᠯ ᠤᠨ ᠬᠤᠭᠤᠴᠠᠭ᠎ᠠ ᠪᠣᠯᠤᠨ᠎ᠠ᠂ ᠮᠠᠨ ᠤ ᠬᠤᠰᠢᠭᠤᠨ ᠤ ᠬᠢᠵᠢᠭ ᠢ ᠰᠡᠷᠭᠡᠶᠢᠯᠡᠬᠦ ᠠᠵᠢᠯ ᠢ ᠪᠦᠲᠦᠮᠵᠢᠲᠡᠶ ᠬᠢᠵᠦ᠂ ᠬᠢᠵᠢᠭ ᠢ ᠴᠢᠩᠭ᠎ᠠ ᠰᠡᠷᠭᠡᠶᠢᠯᠡᠬᠦ ᠶᠢᠨ ᠲᠤᠯᠠᠳᠠ᠂ ᠤᠳᠤ ᠬᠠᠮᠢᠶ᠎ᠠ ᠪᠦᠬᠦᠢ ᠵᠦᠢᠯ ᠢ ᠵᠠᠷᠯᠠᠶ᠎ᠠ᠄ᠨᠢᠭᠡ᠂ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ               ︵ᠨᠢᠭᠡ︶ 14 ᠡᠳᠦᠷ ᠤᠨ ᠳᠣᠲᠣᠷ᠎ᠠ ᠬᠢᠵᠢᠭ ᠤᠨ ᠦᠨᠳᠦᠷ ᠳᠡᠰ ᠤᠨ ᠳᠦᠭᠰᠢᠭᠦᠷᠢᠲᠡᠢ ᠭᠠᠵᠠᠷ ᠣᠷᠣᠨ ᠠᠴᠠ ᠰᠢᠯᠤᠭᠤᠨ ᠬᠥᠬᠡ ᠬᠤᠰᠢᠭᠤᠨ ᠳᠤ ᠢᠷᠡᠭᠰᠡᠨ ︵ᠪᠤᠴᠠᠭᠰᠠᠨ︶ ᠬᠦᠮᠦᠰ ᠪᠦᠷ 14 ᠡᠳᠦᠷ ᠤᠨ ᠨᠢᠭᠡᠳᠦᠯᠲᠡᠢ ᠲᠤᠰᠠᠭᠠᠷᠯᠠᠯᠲᠠ ᠬᠢᠵᠦ᠂ 1᠂ 4᠂ 7᠂ 10᠂ 14 ᠳ᠋ᠦ᠋ᠭᠡᠷ ᠡᠳᠦᠷ ᠲᠤ ᠲᠤᠰ ᠲᠤᠰ 1 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃               ︵ᠬᠤᠶᠠᠷ︶ 14 ᠡᠳᠦᠷ ᠤᠨ ᠳᠣᠲᠣᠷ᠎ᠠ ᠳᠤᠮᠳᠠ ᠳᠡᠰ ᠤᠨ ᠬᠢᠵᠢᠭ ᠤᠨ ᠳᠦᠭᠰᠢᠭᠦᠷᠢᠲᠡᠢ ᠭᠠᠵᠠᠷ ᠣᠷᠣᠨ ᠠᠴᠠ ᠰᠢᠯᠤᠭᠤᠨ ᠬᠥᠬᠡ ᠬᠤᠰᠢᠭᠤᠨ ᠳᠤ ᠢᠷᠡᠭᠰᠡᠨ ︵ᠪᠤᠴᠠᠭᠰᠠᠨ︶ ᠬᠦᠮᠦᠰ ᠴᠥᠮ 14 ᠡᠳᠦᠷ ᠬᠡᠷ ᠲᠡᠭᠡᠨ ᠲᠤᠰᠠᠭᠠᠷᠯᠠᠵᠤ᠂ 1᠂ 4᠂ 7᠂ 10᠂ 14 ᠳ᠋ᠦ᠋ᠭᠡᠷ ᠡᠳᠦᠷ ᠲᠤ ᠲᠤᠰ ᠲᠤᠰ 1 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃ ᠭᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠢ ᠶᠢ ᠨᠢ ᠨᠢᠭᠡᠳᠦᠯᠲᠡᠢ ᠲᠤᠰᠠᠭᠠᠷᠯᠠᠨ᠎ᠠ᠃               ︵ᠭᠤᠷᠪᠠ︶ ᠳᠤᠮᠳᠠ᠂ ᠥᠨᠳᠥᠷ ᠳᠡᠰ ᠤᠨ ᠬᠢᠵᠢᠭ ᠤᠨ ᠳᠦᠭᠰᠢᠭᠦᠷᠢᠲᠡᠢ ᠭᠠᠵᠠᠷ ᠣᠷᠣᠨ ︵ᠬᠤᠲᠠ᠂ ᠲᠣᠭᠤᠷᠢᠭ᠂ ᠬᠤᠰᠢᠭᠤ︶ ᠠᠴᠠ ᠢᠷᠡᠬᠦ ︵ᠪᠤᠴᠠᠬᠤ︶ ᠬᠦᠮᠦᠰ ᠢᠷᠡᠵᠦ ᠶᠠᠪᠤᠬᠤ ᠪᠠᠨ ᠲᠦᠷ ᠬᠤᠶᠢᠰᠢᠯᠠᠭᠤᠯᠤᠭᠠᠷᠠᠢ᠃ ᠦᠨᠡᠨᠬᠦ ᠢᠷᠡᠬᠦ ᠱᠠᠭᠠᠷᠳᠠᠯᠭ᠎ᠠ ᠲᠠᠢ ᠪᠣᠯ᠂ ᠲᠤᠬᠠᠶ ᠶᠢᠨ ᠭᠠᠵᠠᠷ ᠤᠨ ᠬᠢᠵᠢᠭ ᠢ ᠰᠡᠷᠭᠡᠶᠢᠯᠡᠬᠦ ᠵᠢᠯᠣᠭᠤᠳᠬᠤ ᠬᠡᠯᠲᠡᠰ ᠤᠨ ᠵᠥᠪᠰᠢᠶᠡᠷᠡᠯ ᠤᠨ ᠳᠠᠭᠠᠤ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠵᠤ᠂ ᠠᠶᠠᠨ ᠵᠠᠮ ᠳᠠᠭᠠᠨ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠳᠠᠯ ᠳᠤᠤᠷ᠎ᠠ ᠰᠠᠶ᠋ᠢ ᠰᠢᠯᠤᠭᠤᠨ ᠬᠥᠬᠡ ᠬᠤᠰᠢᠭᠤᠨ ᠳᠤ ᠢᠷᠡᠵᠦ ᠪᠣᠯᠤᠨ᠎ᠠ᠃ ᠰᠢᠯᠤᠭᠤᠨ ᠬᠥᠬᠡ ᠬᠤᠰᠢᠭᠤᠨ ᠳᠤ ᠬᠦᠷᠬᠦ ᠠᠴᠠ ᠡᠮᠦᠨ᠎ᠡ ᠵᠣᠷᠢᠭᠰᠠᠨ ᠭᠠᠵᠠᠷ ᠤᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ᠂ ᠲᠣᠰᠬᠤᠨ︶ ᠪᠠ ᠪᠠᠶᠢᠭᠤᠯᠭ᠎ᠠ ᠨᠢᠭᠡᠴᠡ ᠳᠤ ᠮᠡᠳᠡᠭᠦᠯᠵᠦ᠂ ᠬᠤᠰᠢᠭᠤᠨ ᠳᠤ ᠬᠦᠷᠦᠭᠰᠡᠨ ᠤ ᠳᠠᠷᠠᠭᠠᠬᠢ ᠨᠢᠭᠡᠳᠦᠭᠡᠷ ᠡᠳᠦᠷ ᠪᠠ ᠭᠤᠷᠪᠠᠳᠤᠭᠠᠷ ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ 14 ᠬᠤᠨᠤᠭ ᠥᠪᠡᠷ ᠤᠨ ᠡᠷᠡᠭᠦᠯ ᠮᠡᠨᠳᠦ ᠳᠤ ᠪᠠᠨ ᠬᠢᠨᠠᠯᠲᠠ ᠲᠠᠯᠪᠢᠬᠤ ᠬᠡᠷᠡᠭᠳᠡᠢ᠃ ᠬᠤᠶᠠᠳᠤᠭᠠᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠭᠠᠷᠬᠤ ᠠᠴᠠ ᠡᠮᠦᠨ᠎ᠡ᠂ ᠲᠦᠷ ᠴᠠᠭ ᠬᠡᠷ ᠲᠡᠭᠡᠨ ᠲᠤᠰᠠᠭᠠᠷᠯᠠᠬᠤ ᠴᠢᠬᠤᠯᠠᠲᠠᠶ᠂ ᠬᠥᠮᠦᠨ ᠬᠠᠷ᠎ᠠ ᠴᠤᠭᠯᠠᠷᠠᠭᠰᠠᠨ ᠲᠠᠯᠠᠪᠤᠷ ᠲᠤ ᠣᠴᠢᠵᠤ ᠪᠣᠯᠬᠤ ᠥᠬᠡᠶ᠃ᠬᠤᠶᠠᠷ᠂ ᠴᠠᠭ ᠳᠣᠬᠠᠢ ᠲᠤᠨᠢ ᠮᠡᠳᠡᠬᠦᠯᠬᠦ ᠬᠡᠷᠡᠭᠳᠡᠢ               ︵ᠨᠢᠭᠡ︶ ᠳᠤᠮᠳᠠ᠂ ᠦᠨᠳᠦᠷ ᠲᠡᠰ ᠤᠨ ᠳᠦᠭᠰᠢᠭᠦᠷᠢᠳᠡᠢ ᠭᠠᠵᠠᠷ ᠤᠷᠤᠨ ᠳᠠᠬᠢ ᠳᠣᠣᠷ᠎ᠠ ᠲᠡᠰ ᠤᠨ ᠳᠦᠭᠰᠢᠭᠦᠷᠢᠳᠡᠢ ᠬᠤᠰᠢᠭᠤ ᠰᠢᠶᠠᠨ ︵ᠬᠤᠳᠠ᠂ ᠲᠤᠭᠤᠷᠢᠭ᠂ ᠬᠤᠰᠢᠭᠤ︶ ᠠᠴᠠ ᠣᠶᠢᠷ᠎ᠠ ᠶᠢᠨ 14 ᠡᠳᠦᠷ ᠤᠨ ᠳᠣᠳᠣᠷ᠎ᠠ ᠮᠠᠨ ᠤ ᠬᠤᠰᠢᠭᠤᠨ ᠳᠤ ᠢᠷᠡᠭᠰᠡᠨ ᠬᠦᠮᠦᠰ ᠳᠠᠷᠣᠶᠢᠬᠠᠨ ᠪᠠᠶᠢᠭ᠎ᠠ ᠨᠡᠶᠢᠭᠡᠮ ᠳᠣᠭᠤᠷᠢᠭ ︵ᠭᠠᠴᠠᠭ᠎ᠠ ᠲᠤᠰᠬᠤᠨ︶ ᠪᠠ ᠪᠠᠶᠢᠭᠤᠯᠭ᠎ᠠ ᠨᠢᠭᠡᠴᠡ ᠳᠡᠭᠡᠨ ᠮᠡᠳᠡᠭᠦᠯᠵᠦ᠂ 3 ᠡᠳᠦᠷ ᠲᠤ 2 ᠤᠳᠠᠭᠠᠨ ᠤ ᠪᠥᠭᠡᠮ ᠬᠦᠴᠢᠯ ︵24 ᠴᠠᠭ ᠠᠯᠠᠤᠰᠯᠠᠬᠤ ᠬᠡᠷᠡᠭᠳᠡᠢ︶ ᠤᠨ ᠪᠠᠶᠢᠴᠠᠭᠠᠯᠳᠠ ᠬᠢᠯᠭᠡᠬᠦ ᠶᠢᠨ ᠬᠠᠮᠳᠣ ᠢᠷᠡᠭᠰᠡᠨ 14 ᠡᠳᠦᠷ ᠤᠨ ᠳᠣᠳᠣᠷ᠎ᠠ ᠥᠪᠡᠷ ᠤᠨ ᠡᠷᠡᠭᠦᠯ ᠮᠡᠨᠳᠦ ᠶᠢᠨ ᠪᠠᠶᠢᠴᠠᠭᠠᠯᠳᠠ ᠬᠢᠵᠦ᠂ ᠲᠤᠰ ᠬᠤᠭᠤᠴᠠᠭᠠᠨ ᠳᠠᠭᠠᠨ ᠬᠦᠮᠦᠨ ᠬᠠᠷ᠎ᠠ ᠬᠤᠷᠠᠨ ᠴᠤᠭᠯᠠᠷᠠᠭᠰᠠᠨ ᠭᠠᠵᠠᠷ ᠲᠤ ᠣᠴᠢᠵᠤ ᠪᠣᠯᠬᠤ ᠦᠭᠡᠢ᠃               ︵ᠬᠤᠶᠠᠷ︶ ᠠᠶᠠᠯᠠᠯ ᠤᠨ ᠺᠣᠳ᠋ ᠳᠡᠭᠡᠷ᠎ᠡ ᠨᠢ ᠣᠳᠣᠨ ᠲᠡᠮᠳᠡᠭ ᠲᠠᠢ ᠬᠥᠮᠦᠰ ᠪᠠ ᠳᠤᠮᠳᠠ᠂ ᠥᠨᠳᠥᠷ ᠲᠡᠰ ᠤᠨ ᠲᠦᠭᠰᠢᠭᠦᠷᠢᠲᠡᠶ ᠭᠠᠵᠠᠷ ᠣᠷᠣᠨ ᠳᠠᠬᠢ ᠬᠤᠰᠢᠭᠤ ᠰᠢᠶᠠᠨ ︵ᠬᠤᠲᠠ᠂ ᠲᠣᠭᠤᠷᠢᠭ᠂ ᠬᠤᠰᠢᠭᠤ ︶ ᠠᠴᠠ ᠢᠷᠡᠬᠦ ︵ᠪᠣᠴᠠᠬᠤ︶ ᠬᠦᠮᠦᠰ ᠢᠷᠡᠬᠦ ᠠᠴᠠ ᠪᠠᠨ ᠡᠮᠦᠨ᠎ᠡ ᠵᠣᠷᠢᠭᠰᠠᠨ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠠ ᠪᠠᠶᠢᠭᠤᠯᠭ᠎ᠠ ᠨᠢᠭᠡᠴᠡ ᠳᠡᠭᠡᠨ ᠮᠡᠳᠡᠭᠦᠯᠵᠦ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠶᠢᠨ ᠬᠠᠮᠳᠣ ᠳᠤᠮᠳᠠ ᠥᠨᠳᠥᠷ ᠲᠡᠰ ᠤᠨ ᠲᠦᠭᠰᠢᠭᠦᠷᠢᠲᠡᠶ ᠭᠠᠵᠠᠷ ᠣᠷᠣᠨ ᠳᠤ ᠬᠦᠷᠴᠦ ᠥᠩᠭᠡᠷᠡᠭᠰᠡᠨ ᠡᠰᠡᠬᠦ ᠪᠠᠨ ᠮᠡᠳᠡᠭᠦᠯᠬᠦ ᠬᠡᠷᠡᠭᠳᠡᠢ᠃ ᠬᠡᠷᠪᠡ 14 ᠡᠳᠦᠷ ᠤᠨ ᠳᠣᠲᠣᠷ᠎ᠠ ᠳᠤᠮᠳᠠ ᠥᠨᠳᠥᠷ ᠲᠠᠰ ᠤᠨ ᠲᠦᠭᠰᠢᠭᠦᠷᠢ ᠲᠠᠢ ᠭᠠᠵᠠᠷ ᠣᠷᠣᠨ ᠳᠤ ᠬᠦᠷᠴᠦ ᠥᠩᠭᠡᠷᠡᠭᠰᠡᠨ ᠪᠣᠯ᠂ ᠠᠯᠪᠠᠨ ᠵᠠᠷᠯᠠᠯ ᠤᠨ ᠨᠢᠭᠡᠳᠦᠭᠡᠷ ᠵᠣᠷᠪᠣᠰ ᠲᠣᠭᠲᠠᠭᠠᠯ ᠢ ᠬᠡᠷᠡᠭᠵᠢᠭᠦᠯᠬᠦ ᠬᠡᠷᠡᠭᠳᠡᠢ᠃ ᠬᠡᠷᠪᠡ ᠳᠤᠮᠳᠠ ᠥᠨᠳᠥᠷ ᠲᠠᠰ ᠤᠨ ᠲᠦᠭᠰᠢᠭᠦᠷᠢ ᠲᠠᠢ ᠭᠠᠵᠠᠷ ᠣᠷᠣᠨ ᠳᠤ ᠬᠦᠷᠴᠦ ᠥᠩᠭᠡᠷᠡᠭᠰᠡᠨ ᠥᠬᠡᠶ ᠪᠣᠯ᠂ ᠬᠤᠰᠢᠭᠤᠨ ᠳᠤ ᠢᠷᠡᠭᠰᠡᠨ ᠤ ᠳᠠᠷᠠᠭ᠎ᠠ 24 ᠴᠠᠭ ᠤᠨ ᠳᠣᠲᠣᠷ᠎ᠠ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ᠂ ᠥᠪᠡᠷᠳᠡᠭᠡᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠨ᠎ᠠ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠭᠠᠷᠬᠤ ᠠᠴᠠ ᠡᠮᠦᠨ᠎ᠡ᠂ ᠬᠡᠷ ᠲᠡᠭᠡᠨ ᠲᠦᠷ ᠴᠠᠭ ᠲᠤᠰᠠᠭᠠᠷᠯᠠᠵᠤ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠭᠠᠵᠠᠷ ᠲᠤ ᠣᠴᠢᠵᠤ ᠪᠣᠯᠬᠤ ᠥᠬᠡᠶ᠃               ︵ᠭᠤᠷᠪᠠ︶ ᠡᠷᠭᠦᠨ᠎ᠡ ᠬᠤᠲᠠ᠂ ᠮᠠᠨᠵᠤᠤᠷ ᠬᠤᠲᠠ ︵ᠵᠠᠯᠠᠶᠢᠨᠠᠭᠤᠷ ᠲᠣᠭᠤᠷᠢᠭ ᠪᠠᠭᠲᠠᠨ᠎ᠠ︶᠂ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠷᠠᠰᠢᠶᠠᠨ ᠬᠤᠲᠠ᠂ ᠵᠡᠭᠦᠨ ᠦᠵᠦᠮᠦᠴᠢᠨ ᠬᠤᠰᠢᠭᠤ᠂ ᠡᠷᠢᠶᠡᠨ ᠬᠤᠲᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠤᠷᠠᠳ ᠤᠨ ᠳᠤᠮᠳᠠᠳᠤ ᠬᠤᠰᠢᠭᠤ ᠂ ᠡᠵᠡᠨ᠎ᠡ ᠬᠤᠰᠢᠭᠤ ᠵᠡᠷᠭᠡ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠣᠷᠣᠨ ᠠᠴᠠ ᠢᠷᠡᠬᠦ ︵ᠪᠤᠴᠠᠬᠤ︶ ᠬᠥᠮᠦᠰ 48 ᠴᠠᠭ ᠤᠨ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠵᠤ᠂ 14 ᠬᠤᠨᠤᠭ ᠥᠪᠡᠷ ᠤᠨ ᠡᠷᠡᠭᠦᠯ ᠮᠡᠨᠳᠦ ᠳᠤ ᠪᠠᠨ ᠬᠢᠨᠠᠯᠲᠠ ᠲᠠᠯᠪᠢᠬᠤ ᠬᠡᠷᠡᠭᠳᠡᠢ  ᠃ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠬᠠᠩᠭᠠᠭᠰᠠᠨ ᠥᠬᠡᠶ ᠬᠥᠮᠦᠰ 24 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠳᠠ ᠬᠢᠯᠭᠡᠬᠦ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠲᠠᠢ ᠪᠣᠯ ᠳᠠᠷᠤᠶᠢᠬᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠠᠭᠠᠨ ᠮᠡᠳᠡᠭᠦᠯᠬᠦ ᠬᠡᠷᠡᠭᠲᠡᠶ               ︵ᠳᠥᠷᠪᠡ︶ 2 ᠰᠠᠷ᠎ᠠ ᠶᠢᠨ 1 ᠤ ᠡᠳᠦᠷ ᠠᠴᠠ ᠨᠠᠰᠢ ᠮᠠᠨᠵᠤᠤᠷ ᠬᠤᠲᠠ ᠳᠤ ᠣᠴᠢᠵᠣ ᠥᠩᠭᠡᠷᠡᠭᠰᠡᠨ ᠪᠤᠶᠤ ᠮᠠᠨᠵᠤᠤᠷ ᠬᠤᠲᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠠᠴᠠ ᠨᠡᠶᠢᠲᠡᠯᠡᠭᠰᠡᠨ ᠡᠪᠡᠳᠴᠢᠨ ᠤ ᠵᠢᠱᠢᠶ᠎ᠡ ᠶᠢᠨ ᠠᠶᠠᠯᠠᠭᠰᠠᠨ ᠵᠠᠮ ᠱᠣᠭᠤᠮ ᠢᠶᠠᠷ ᠶᠠᠪᠤᠭᠰᠠᠨ ᠬᠥᠮᠦᠰ ᠳᠠᠷᠤᠶᠢᠬᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ ᠨᠢᠭᠡᠴᠡ ᠪᠤᠶᠤ ᠵᠣᠴᠢᠳ ᠤᠨ ᠪᠠᠭᠤᠳᠠᠯ  ᠳᠠᠭᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠠᠮᠢᠶ᠎ᠠ ᠪᠦᠬᠦᠢ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠵᠢᠭᠤᠯᠬᠤ ᠬᠡᠷᠡᠭᠳᠡᠢ᠃ ᠣᠳᠣᠬᠠᠨ ᠳᠤ ᠮᠠᠨᠵᠣᠣᠷ ᠬᠤᠳᠠ ᠶᠢᠨ ᠡᠯ᠎ᠡ ᠵᠠᠮ ᠱᠣᠭᠤᠮ ᠪᠠ ᠬᠤᠳᠠ ᠳᠤ ᠣᠷᠣᠵᠤ ᠭᠠᠷᠬᠤ ᠭᠠᠵᠠᠷ ᠲᠤ ᠴᠢᠩᠭ᠎ᠠ ᠬᠠᠮᠢᠶᠠᠷᠤᠯᠳᠠ ᠶᠠᠪᠤᠭᠤᠯᠵᠤ ᠪᠠᠶᠢᠭ᠎ᠠ ᠲᠤᠯᠠᠳᠠ ᠣᠶᠢᠷ᠎ᠠ ᠶᠢᠨ ᠬᠤᠭᠤᠴᠠᠭᠠᠨ ᠳᠤ ᠮᠠᠨᠵᠤᠤᠷ ᠬᠤᠳᠠ ᠳᠤ ᠣᠴᠢᠬᠤ ᠲᠥᠯᠥᠪᠯᠡᠭᠡ ᠲᠠᠢ ᠬᠦᠮᠦᠰ ᠣᠴᠢᠬᠤ ᠪᠠᠨ ᠪᠣᠯᠢᠭᠠᠷᠠᠢ᠃               ᠭᠤᠷᠪᠠ᠂ ᠲᠤᠰ ᠪᠡᠶ᠎ᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠪᠠᠨ ᠰᠠᠶᠢᠲᠤᠷ ᠬᠢᠬᠦ ᠬᠡᠷᠡᠭᠳᠡᠢ᠃ ᠰᠢᠯᠢ ᠶᠢᠨ ᠭᠤᠤᠯ ᠠᠶᠢᠮᠠᠭ ᠠᠴᠠ ᠭᠠᠳᠠᠨᠠᠬᠢ ᠳᠤᠤᠷ᠎ᠠ ᠲᠡᠰ ᠤᠨ ᠲᠦᠭᠰᠢᠭᠦᠷᠢ ᠲᠠᠢ ᠭᠠᠵᠠᠷ ᠣᠷᠣᠨ ᠠᠴᠠ ᠢᠷᠡᠭᠰᠡᠨ ︵ᠪᠤᠴᠠᠵᠤ ᠢᠷᠡᠭᠰᠡᠨ︶ ᠬᠥᠮᠦᠰ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠬᠤ ᠪᠤᠶᠤ ᠢᠷᠡᠭᠰᠡᠨ ᠤ ᠳᠠᠷᠠᠭ᠎ᠠ 24 ᠴᠠᠭ ᠤᠨ ᠳᠣᠲᠣᠷ᠎ᠠ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠵᠦ᠂ 14 ᠡᠳᠦᠷ ᠤᠨ ᠥᠪᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠳᠡ ᠶᠢ ᠰᠠᠶᠢᠳᠣᠷ ᠬᠢᠵᠦ  ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠤᠭᠤᠴᠠᠭᠠᠨ ᠳᠤ ᠭᠠᠳᠠᠭᠰᠢ ᠭᠠᠷᠬᠤ ᠶᠢ ᠠᠯᠢ ᠴᠢᠳᠠᠬᠤ ᠪᠠᠷ ᠪᠠᠭᠠᠰᠬᠠᠵᠤ᠂ ᠬᠦᠮᠦᠨ ᠬᠠᠷ᠎ᠠ ᠬᠤᠷᠠᠨ ᠴᠤᠭᠯᠠᠷᠠᠭᠰᠠᠨ ᠭᠠᠵᠠᠷ ᠣᠴᠢᠵᠤ ᠪᠣᠯᠬᠤ ᠦᠭᠡᠢ᠃ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ᠂ ᠦᠨᠦᠷᠯᠡᠬᠦ ︵ᠠᠮᠲᠠᠯᠠᠬᠤ︶ ᠰᠡᠷᠡᠯ ᠪᠠᠭᠤᠷᠠᠬᠤ᠂ ᠭᠡᠳᠡᠰᠦ ᠭᠦᠶᠦᠯᠭᠡᠬᠦ᠂ ᠬᠤᠭᠤᠯᠠᠢ ᠡᠪᠡᠳᠬᠦ ᠵᠡᠷᠭᠡ ᠪᠠᠶᠢᠳᠠᠯ ᠢᠯᠡᠷᠡᠪᠡᠯ ᠳᠠᠷᠣᠶᠢᠬᠠᠨ ᠪᠠᠶᠢᠭ᠎ᠠ ᠨᠡᠶᠢᠭᠡᠮ ᠲᠤᠭᠤᠷᠢᠭ ︵ᠭᠠᠴᠠᠭ᠎ᠠ ᠲᠤᠰᠬᠤᠨ︶ ᠪᠠ ᠪᠠᠶᠢᠭᠤᠯᠭ᠎ᠠ ᠨᠢᠭᠡᠴᠡ ᠳᠡᠭᠡᠨ ᠮᠡᠳᠡᠭᠦᠯᠵᠦ᠂ ᠡᠪᠡᠳᠴᠢᠨ ᠤ ᠢᠯᠡᠷᠡᠯ ᠲᠠᠢ ᠪᠣᠯ ᠠᠵᠢᠯᠯᠠᠵᠤ᠂ ᠰᠤᠷᠤᠯᠴᠠᠵᠤ ᠪᠣᠯᠬᠤ ᠦᠭᠡᠢ᠃ ᠡᠷᠬᠡᠪᠰᠢ ᠳᠠᠷᠣᠶᠢᠬᠠᠨ ᠣᠶᠢᠷ᠎ᠠ ᠬᠠᠪᠢ ᠶᠢᠨ ᠳᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠴᠢᠯᠡᠭᠦᠯᠬᠦ ᠶᠢᠨ ᠬᠠᠮᠳᠣ ᠥᠪᠡᠷ ᠤᠨ ᠠᠶᠠᠯᠠᠭᠰᠠᠨ ᠵᠠᠮ ᠱᠣᠭᠤᠮ ᠢᠶᠠᠨ ᠡᠮᠴᠢ ᠳᠤ ᠮᠡᠳᠡᠭᠦᠯᠵᠦ᠂ ᠡᠮᠴᠢᠯᠡᠬᠦᠯᠭᠦ ᠶᠠᠪᠤᠴᠠ ᠳᠤ ᠥᠪᠡᠷ ᠤᠨ ᠬᠠᠮᠠᠭᠠᠯᠠᠯᠳᠠ ᠪᠠᠨ ᠰᠠᠶᠢᠲᠤᠷ ᠬᠢᠵᠦ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠲᠦᠭᠦᠭᠡᠷᠦᠮᠵᠢ ᠳᠤ ᠰᠠᠭᠤᠵᠤ ᠪᠣᠯᠬᠤ ᠦᠭᠡᠢ᠃ ᠬᠡᠷᠪᠡ ᠡᠷᠡᠭᠦᠯ ᠮᠡᠨᠳᠦ ᠶᠢᠨ ᠺᠣᠳ᠋ ᠨᠢ ᠤᠯᠠᠭᠠᠨ᠂ ᠰᠢᠷ᠎ᠠ ᠪᠠᠶᠢᠬᠤ ᠪᠤᠶᠤ ᠶᠠᠪᠤᠵᠤ ᠰᠠᠭᠤᠭᠰᠠᠨ ᠭᠠᠵᠠᠷ ᠲᠠᠨᠢ ᠣᠶᠢᠷ᠎ᠠ ᠶᠢᠨ ᠬᠤᠭᠤᠴᠠᠭᠠᠨ ᠳᠤ ᠬᠢᠵᠢᠭ ᠢᠯᠡᠷᠡᠭᠰᠡᠨ ᠪᠣᠯ ᠳᠠᠷᠤᠶᠢᠬᠠᠨ ᠨᠡᠶᠢᠭᠡᠮ ᠲᠤᠭᠤᠷᠢᠭ ︵ᠭᠠᠴᠠᠭ᠎ᠠ ᠳᠣᠰᠬᠤᠨ︶᠂ ᠪᠠᠶᠢᠭᠤᠯᠭ᠎ᠠ ᠨᠢᠭᠡᠴᠡ ᠪᠤᠶᠤ ᠰᠠᠭᠤᠭ᠎ᠠ ᠪᠠᠭᠤᠳᠠᠯ ᠳᠠᠭᠠᠨ ᠮᠡᠳᠡᠭᠦᠯᠬᠦ ᠶᠢᠨ ᠬᠠᠮᠳᠣ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠢᠳᠡᠪᠬᠢᠳᠠᠢ ᠨᠠᠶᠢᠳᠠᠪᠤᠷᠢᠵᠢᠭᠤᠯᠬᠤ ᠬᠡᠷᠡᠭᠳᠡᠢ᠃               ᠳᠥᠷᠪᠡ᠂ ᠥᠪᠡᠷ ᠤᠨ ᠬᠠᠮᠠᠭᠠᠯᠠᠯᠳᠠ ᠪᠠᠨ ᠰᠠᠶᠢᠳᠣᠷ ᠬᠢᠬᠦ ᠬᠡᠷᠡᠭᠳᠡᠢ᠃ ᠥᠷᠭᠡᠨ ᠣᠯᠠᠨ ᠰᠠᠭᠤᠭᠠᠯᠢ ᠠᠷᠠᠳ ᠥᠪᠡᠷ ᠤᠨ ᠬᠠᠮᠠᠭᠠᠯᠠᠯᠳᠠ ᠪᠠᠨ ᠰᠠᠶᠢᠲᠤᠷ ᠬᠢᠵᠦ᠂ ᠥᠪᠡᠷ ᠢ ᠪᠠᠨ ᠬᠠᠮᠠᠭᠠᠯᠠᠬᠤ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠦᠭᠦᠭᠡᠷᠦᠮᠵᠢ ᠳᠤ ᠰᠠᠭᠤᠬᠤ᠂ ᠬᠦᠮᠦᠨ ᠣᠯᠠᠨ ᠴᠤᠭᠯᠠᠷᠠᠭᠰᠠᠨ ᠭᠠᠵᠠᠷ ᠣᠴᠢᠬᠤ᠂ ᠡᠮᠴᠢᠯᠡᠭᠡᠨ ᠤ ᠪᠠᠶᠢᠭᠤᠯᠤᠮᠵᠢ ᠳᠤ ᠣᠴᠢᠬᠤ ᠦᠶᠡᠰ ᠠᠮᠠᠪᠴᠢ ᠪᠠᠨ ᠵᠡᠭᠦᠭᠦ᠂ ᠭᠠᠷ ᠢᠶᠠᠨ ᠤᠭᠢᠶᠠᠬᠤ᠂ ᠰᠠᠯᠬᠢ ᠨᠡᠪᠳᠡᠷᠡᠭᠦᠯᠬᠦ᠂ ᠨᠡᠶᠢᠲᠡ ᠶᠢᠨ ᠰᠠᠪᠬ᠎ᠠ ᠵᠠᠷᠤᠬᠤ᠂ ᠨᠢᠭᠡ ᠮᠧᠲᠷ ᠤᠨ ᠵᠠᠢ ᠶᠢ ᠪᠠᠳᠤᠯᠠᠬᠤ ᠵᠡᠷᠭᠡ ᠬᠢᠵᠢᠭ ᠢ ᠰᠡᠷᠭᠡᠶᠢᠯᠡᠬᠦ ᠳᠣᠭᠳᠠᠭᠠᠯ ᠢ ᠪᠠᠷᠢᠮᠳᠠᠯᠠᠵᠤ᠂ ᠰᠠᠶᠢᠨ ᠰᠠᠶᠢᠬᠠᠨ ᠠᠮᠢᠳᠣᠷᠠᠯ ᠤᠨ ᠳᠠᠳᠬᠠᠯ ᠢ ᠡᠷᠬᠢᠮᠯᠡᠬᠦ ᠬᠡᠷᠡᠭᠳᠡᠢ᠃ ᠤᠯᠤᠰ ᠤᠨ ᠳᠣᠳᠣᠭᠠᠳᠣ ᠶᠢᠨ ᠳᠤᠮᠳᠠ᠂ ᠥᠨᠳᠦᠷ ᠲᠡᠰ ᠤᠨ ᠭᠠᠵᠠᠷ ᠣᠷᠣᠨ ᠢᠶᠠᠷ ᠥᠩᠭᠡᠷᠡᠭᠰᠡᠨ ᠰᠢᠤᠳᠠᠨ᠂ ᠲᠦᠷᠭᠡᠨ ᠪᠣᠣᠬᠢᠶ᠎ᠠ ᠪᠠ ᠤᠯᠤᠰ ᠤᠨ ᠭᠠᠳᠠᠭᠠᠳᠣ ᠠᠴᠠ ᠣᠷᠣᠭᠤᠯᠤᠭᠰᠠᠨ ᠬᠦᠯᠳᠡᠬᠦᠦ ᠢᠳᠡᠭᠡᠨ ᠤ ᠰᠢᠨ᠎ᠡ ᠲᠢᠳᠢᠮᠯᠢᠭ ᠸᠢᠷᠦ᠋ᠰ ᠢ ᠬᠠᠯᠳᠠᠪᠤᠷᠢᠯᠠᠬᠤ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠳᠡᠢ᠃ ᠢᠷᠡᠯᠲᠡ ᠨᠢ ᠳᠣᠳᠣᠷᠬᠠᠢ ᠪᠤᠰᠤ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠦᠭᠡᠢ ᠭᠠᠳᠠᠭᠠᠳᠣ ᠠᠴᠠ ᠣᠷᠣᠭᠤᠯᠭᠰᠠᠨ ᠢᠳᠡᠭᠡᠨ ᠢ ᠬᠤᠳᠠᠯᠳᠣᠨ ᠠᠪᠬᠤ ᠶᠢ ᠴᠢᠩᠭ᠎ᠠ ᠴᠠᠭᠠᠵᠠᠯᠠᠨ᠎ᠠ᠃ ᠴᠠᠬᠢᠮ ᠬᠤᠳᠠᠯᠳᠤᠭ᠎ᠠ᠂ ᠸᠢᠴᠠᠲ ᠬᠤᠳᠠᠯᠳᠤᠭ᠎ᠠ ᠵᠡᠷᠭᠡ ᠪᠠᠷ ᠪᠠᠷᠠᠭ᠎ᠠ ᠲᠠᠸᠠᠷ ᠬᠤᠳᠠᠯᠳᠤᠨ ᠠᠪᠬᠤ ᠳᠤ᠂ ᠭᠠᠷ ᠢᠶᠠᠷ ᠢᠶᠠᠨ ᠰᠢᠭᠤᠳ ᠬᠦᠷᠦᠯᠴᠡᠬᠦ ᠠᠴᠠ ᠵᠠᠶᠢᠯᠠᠰᠬᠢᠵᠦ᠂ ᠠᠮᠠᠪᠴᠢ ᠪᠠ ᠪᠡᠭᠡᠯᠡᠶ ᠵᠡᠭᠦᠵᠦ᠂ ᠲᠦᠷᠭᠡᠨ ᠬᠦᠷᠭᠡᠯᠲᠡ ᠶᠢᠨ ᠡᠳ᠋ ᠪᠣᠳᠠᠰ ᠤᠨ ᠳᠣᠲᠣᠷ᠎ᠠ ᠭᠠᠳᠠᠨᠠᠬᠢ ᠪᠣᠭᠤᠳᠠᠯ ᠢ ᠠᠷᠢᠭᠤᠳᠬᠠᠭᠰᠠᠨ ᠤ ᠳᠠᠷᠠᠭ᠎ᠠ ᠲᠤᠬᠠᠶ ᠶᠢᠨ ᠭᠠᠵᠠᠷ ᠲᠤᠨᠢ ᠬᠤᠭ ᠨᠣᠪᠰᠢ ᠶᠢᠨ ᠰᠠᠪᠠᠨ ᠳᠤ ᠬᠠᠶᠠᠵᠤ᠂ ᠳᠠᠬᠢᠨ ᠭᠠᠷ ᠢᠶᠠᠨ ᠰᠠᠶᠢᠳᠤᠷ ᠠᠷᠢᠭᠤᠳᠬᠠᠭᠰᠠᠨ ᠤ ᠳᠠᠷᠠᠭ᠎ᠠ ᠲᠠᠸᠠᠷ ᠢ ᠭᠠᠷᠭᠠᠨ ᠠᠪᠴᠤ᠂ ᠲᠦᠷᠭᠡᠨ ᠬᠦᠷᠭᠡᠯᠲᠡ ᠶᠢᠨ ᠪᠣᠭᠤᠳᠠᠯ ᠢ ᠠᠯᠢ ᠴᠢᠳᠠᠬᠤ ᠪᠠᠷ ᠬᠡᠷ ᠲᠡᠭᠡᠨ ᠪᠢᠳᠡᠬᠡᠢ ᠠᠪᠴᠤ ᠬᠠᠷᠢᠭᠠᠷᠠᠢ᠃               ᠲᠠᠪᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠤᠯᠬᠤ ᠬᠡᠷᠡᠭᠳᠡᠢ᠃ ᠸᠠᠺᠼᠢᠨ ᠤ ᠲᠠᠷᠢᠯᠭ᠎ᠠ ᠪᠣᠯ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠬᠠᠮᠤᠭ ᠤᠨ ᠪᠦᠲᠦᠮᠵᠢᠲᠡᠶ᠂ ᠬᠠᠮᠤᠭ ᠤᠨ ᠬᠢᠮᠳᠠ ᠠᠷᠭ᠎ᠠ ᠮᠥᠨ᠂ ᠣᠯᠠᠨ ᠡᠪᠡᠳᠴᠢᠨ ᠢ ᠬᠠᠮᠲᠤ ᠳᠤᠨᠢ ᠰᠡᠷᠭᠡᠶᠢᠯᠡᠬᠦ ᠴᠢᠬᠤᠯᠠ ᠠᠷᠭ᠎ᠠ ᠬᠡᠮᠵᠢᠶ᠎ᠡ ᠶᠢᠨ ᠨᠢᠭᠡ ᠮᠥᠨ᠃ ᠥᠷᠭᠡᠨ ᠣᠯᠠᠨ ᠰᠠᠭᠤᠭᠠᠯᠢ ᠠᠷᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠪᠦᠬᠦᠶᠢᠯᠡ ᠲᠠᠷᠢᠯᠭ᠎ᠠ ᠶᠢ ᠲᠦᠷᠭᠡᠨ ᠲᠠᠷᠢᠭᠤᠯᠵᠤ᠂ ᠳᠠᠷᠬᠠᠯᠠᠭ᠎ᠠ ᠶᠢ ᠰᠠᠶᠢᠵᠢᠷᠠᠭᠤᠯᠬᠤ ᠲᠠᠷᠢᠯᠭ᠎ᠠ ᠪᠠᠨ ᠲᠠᠷᠢᠭᠤᠯᠬᠤ ᠨᠦᠬᠦᠴᠡᠯ ᠳᠤ ᠨᠡᠶᠢᠴᠡᠭᠰᠡᠨ ᠬᠦᠮᠦᠰ ᠣᠶᠢᠷ᠎ᠠ ᠬᠠᠪᠢ ᠶᠢᠨ ᠢᠶᠠᠨ ᠲᠠᠷᠢᠯᠭ᠎ᠠ ᠲᠠᠯᠪᠢᠬᠤ ᠭᠠᠵᠠᠷ ᠲᠤ ᠬᠦᠷᠴᠦ ᠲᠠᠷᠢᠯᠭ᠎ᠠ ᠪᠠᠨ ᠲᠠᠷᠢᠭᠤᠯᠤᠭᠠᠷᠠᠢ᠃               ᠵᠢᠷᠭᠤᠭ᠎ᠠ᠂ ᠠᠵᠢᠯ ᠤᠨ ᠪᠠᠶᠢᠷᠢ ︵ᠰᠤᠷᠭᠠᠭᠤᠯᠢ︶ ᠳᠠᠭᠠᠨ ᠪᠤᠴᠠᠬᠤ ᠦᠶᠡᠰ ᠤᠨ ᠡᠷᠡᠭᠦᠯ ᠮᠡᠨᠳᠦ ᠶᠢᠨ ᠪᠠᠶᠢᠴᠠᠭᠠᠯᠳᠠ ᠶᠢ ᠰᠠᠶᠢᠳᠤᠷ ᠬᠢᠬᠦ ᠬᠡᠷᠡᠭᠳᠡᠢ᠃ ᠪᠥᠬᠦ ᠬᠤᠰᠢᠭᠤᠨ ᠤ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ᠂ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯᠲᠠᠨ᠂ ᠪᠠᠭᠰᠢ ᠰᠤᠷᠤᠭᠴᠢᠳ ᠤᠨ ᠠᠵᠢᠯ ᠤᠨ ᠪᠠᠶᠢᠷᠢ ︵ᠰᠤᠷᠭᠠᠭᠤᠯᠢ︶ ᠳᠠᠭᠠᠨ ᠪᠤᠴᠠᠬᠤ ᠬᠤᠭᠤᠴᠠᠭ᠎ᠠ ᠶᠢ ᠵᠥᠷᠢᠭᠦᠯᠵᠦ᠂ ᠪᠠᠶᠠᠷ ᠤᠨ ᠡᠳᠦᠷ ᠤᠨ ᠳᠠᠷᠠᠭᠠᠬᠢ ᠠᠵᠢᠯᠲᠠᠨ᠂ ᠪᠠᠭᠰᠢ ᠰᠤᠷᠤᠭᠴᠢᠳ ᠤᠨ ᠠᠵᠢᠯ ᠤᠨ ᠪᠠᠶᠢᠷᠢ ᠳᠠᠭᠠᠨ ᠪᠤᠴᠠᠬᠤ ᠡᠷᠡᠭᠦᠯ ᠮᠡᠨᠳᠦ ᠶᠢᠨ ᠪᠠᠶᠢᠴᠠᠭᠠᠯᠳᠠ᠂ ᠠᠶᠠᠯᠠᠭᠰᠠᠨ ᠵᠠᠮ ᠱᠣᠭᠤᠮ ᠢ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃               ᠨᠢᠭᠤᠬᠤ᠂ ᠬᠠᠭᠤᠷᠮᠠᠭ ᠢᠶᠠᠷ ᠮᠡᠳᠡᠭᠦᠯᠬᠦ ᠪᠤᠶᠤ ᠳᠣᠭᠳᠠᠭᠠᠯ ᠶᠤᠰᠣᠭᠠᠷ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠠᠴᠠ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠢ ᠬᠠᠯᠳᠠᠪᠤᠷᠢᠯᠠᠭᠰᠠᠨ ᠪᠣᠶᠣ ᠪᠤᠰᠣᠳ ᠬᠦᠨᠳᠦ ᠨᠤᠴᠢᠳᠠᠢ ᠦᠷ᠎ᠡ ᠳ᠋ᠦᠩ ᠭᠠᠷᠭᠠᠭᠰᠠᠨ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠶᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠳᠬᠡᠵᠦ᠂ ᠬᠦᠨᠳᠦ ᠨᠣᠴᠢᠲᠠᠶ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                   2022 ᠣᠨ ᠤ 2 ᠰᠠᠷ᠎ᠠ ᠶᠢᠨ 15 ᠤ ᠡᠳᠦᠷ              ᠣᠶᠣᠨᠰᠡᠷᠭᠦᠯᠡᠩ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号